ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 3 ᠳ᠋ᠤᠭᠠᠷ ᠤᠳᠠᠭᠠᠨ ᠤ  ᠪᠠᠶᠢᠩᠭᠤ ᠶᠢᠨ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/3/30
         2020 ᠣᠨ ᠤ 3 ᠰᠠᠷ᠎ᠠ ᠶᠢᠨ 11᠎ ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ  ᠳᠠᠷᠤᠭ᠎ᠠ  ᠂ ᠴᠠᠬᠠᠷ  ᠠᠵᠦ  ᠠᠬᠤᠢ ᠨᠡᠭᠡᠭᠡᠯᠲᠡ ᠶᠢᠨ ᠲᠣᠭᠤᠷᠢᠭ ᠤᠨ ᠨᠠᠮ ᠤᠨ  ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠶᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠵᠡᠷᠭᠡ ᠶᠢ ᠤᠯᠠᠮᠵᠢᠯᠠᠨ ᠰᠤᠷᠤᠯᠴᠠᠪᠠ᠃  ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄        ᠬᠤᠷᠠᠯ ᠠᠴᠠ ︽ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ  ᠰᠢᠢᠳᠪᠦᠷᠢᠲᠦ ᠳᠠᠶᠢᠯᠠᠯᠳᠤᠭᠠᠨ ᠤ  ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾᠂ ︽ᠶᠡᠷᠦᠩᠬᠡᠶ ᠱᠦᠵᠢ ᠰᠢ ᠶᠢᠨ ᠫᠢᠩ ᠤᠨ 3 ᠰᠠᠷ᠎ᠠ ᠶᠢᠨ 4᠎ ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ  ᠤ ᠪᠠᠶᠢᠩᠭᠤ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ︾᠂ ︽ᠰᠢ ᠶᠢᠨ ᠫᠢᠩ  ᠬᠤᠪᠧᠶ ᠳᠤ ᠰᠢᠯᠭᠠᠨ ᠪᠠᠶᠢᠴᠠᠭᠠᠬᠤ ᠳᠠᠭᠠᠨ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠭᠠᠪᠤᠷᠢ  ᠶᠢᠨ ᠵᠣᠷᠢᠭ ᠰᠠᠨᠠᠭ᠎ᠠ︾᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ ᠬᠠᠤᠯᠢ ᠶᠣᠰᠣᠭᠠᠷ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠬᠦ︾ ᠵᠢᠴᠢ ᠱᠢ ᠲᠠᠢ ᠹᠸᠡᠭ  ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ  ᠠᠩᠭᠢᠵᠢᠷᠠᠭᠤᠯᠬᠤ ᠰᠢᠪᠲᠤᠯᠤᠯᠲᠠ ᠶᠢᠨ ᠰᠢᠶᠳᠪᠦᠷᠢᠲᠦ ᠢᠯᠠᠯᠲᠠ ᠶᠢ ᠤᠯᠬᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃        ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ  ᠵᠤᠭᠰᠤᠴᠠ ᠠᠴᠠ ᠨᠠᠮ ᠪᠣᠯᠤᠨ ᠤᠯᠤᠰ ᠤᠨ ᠠᠵᠢᠯ ᠤᠨ ᠪᠦᠬᠦ ᠲᠠᠯ᠎ᠠ ᠶᠢ ᠪᠣᠳᠣᠯᠬᠢᠯᠠᠵᠤ᠂ ᠡᠴᠦᠰ ᠤᠨ ᠪᠠᠬᠢᠯᠡᠯᠲᠡ ᠶᠢ ᠰᠢᠪᠲᠤᠯᠬᠤ᠂  ᠬᠤᠭᠤᠴᠠᠭ᠎ᠠ ᠶᠣᠰᠣᠭᠠᠷ ᠪᠦᠬᠦ ᠲᠠᠯ᠎ᠠ ᠪᠠᠷ  ᠪᠡᠶᠡᠯᠡᠭᠦᠯᠬᠦ ᠶᠢ ᠪᠠᠲᠤᠯᠠᠬᠤ ᠲᠠᠭᠠᠷᠢᠯᠳᠠ ᠶᠢᠨ ᠵᠠᠷᠯᠢᠭ ᠢ  ᠡᠬᠢᠯᠡᠭᠦᠯᠪᠡ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠵᠦ᠂ ᠣᠨᠣᠪᠴᠢᠲᠠᠢ ᠡᠵᠡᠮᠳᠡᠵᠦ ᠂ ᠨᠠᠮ ᠤᠨ ᠲᠥᠪ  ᠬᠤᠷᠢᠶ᠎ᠠ  ᠂ ᠲᠦᠷᠦ ᠶᠢᠨ ᠶᠠᠪᠤᠳᠠᠯ ᠤᠨ  ᠬᠤᠷᠢᠶ᠎ᠠ  ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠂ ᠵᠠᠰᠠᠭ ᠤᠨ ᠣᠷᠳᠣᠨ ᠤ  ᠰᠢᠢᠳᠪᠦᠷᠢᠲᠦ  ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂   ᠡᠷᠴᠢ ᠵᠣᠷᠢᠭ  ᠢᠶᠠᠨ ᠬᠦᠪᠴᠢᠯᠡᠵᠦ᠂ ᠡᠷᠴᠢᠮ ᠎ ᠢᠶᠠᠨ ᠴᠢᠩᠭᠠᠷᠠᠭᠤᠯᠵᠦ᠂ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠵᠦ  ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠲᠡᠦᠬᠡ᠂ ᠦᠢᠯᠡᠳᠦᠯᠭᠡ ᠪᠣᠯᠤᠨ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠬᠤ ᠬᠡᠷᠡᠭᠲᠡᠢ᠃       ᠬᠤᠷᠠᠯ ᠠᠴᠠ ᠴᠢᠬᠤᠯᠠᠴᠢᠯᠠᠭᠰᠠᠨ ᠨᠢ  ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠮᠠᠨ ᠤ  ᠲᠤᠭᠤᠷᠢᠭ ᠤᠨ ᠬᠠᠤᠯᠢ ᠶᠣᠰᠣᠭᠠᠷ ᠵᠠᠰᠠᠬᠤ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ᠂  ᠰᠢᠨᠵᠢᠯᠡᠬᠦ  ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ  ᠦᠨᠡᠨᠬᠦ ᠠᠬᠢᠭᠤᠯᠬᠤ ᠬᠡᠷᠡᠭᠲᠡᠢ  ᠃ ᠡᠨᠡ ᠤᠳᠠᠭᠠᠨ ᠤ ᠬᠢᠵᠢᠭ ᠤᠨ ᠪᠠᠶᠢᠳᠠᠯ ᠳᠤ ᠢᠯᠡᠷᠡᠭᠰᠡᠨ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ  ᠪᠠᠶᠢᠴᠠᠭᠠᠨ ᠳᠡᠯᠭᠡᠵᠦ᠂ ᠳᠤᠲᠠᠭᠤᠳᠠᠯ ᠢᠶᠠᠨ ᠨᠥᠬᠦᠪᠥᠷᠢᠯᠡᠬᠦ᠂ ᠠᠯᠳᠠᠰᠢ ᠭᠠᠷᠬᠤ ᠶᠢ ᠬᠤᠷᠢᠭᠯᠠᠬᠤ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠶᠢ ᠴᠢᠩᠭ᠎ᠠ ᠠᠳᠬᠤᠵᠤ᠂ ᠬᠦᠨᠳᠦ ᠶᠡᠭᠡ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ  ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠨᠡᠶᠢᠲᠡ  ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ  ᠪᠦᠷᠢᠨᠰᠢᠭᠦᠯᠬᠦ ᠬᠡᠷᠡᠭᠲᠡᠶ  ᠃ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠭᠦᠶᠴᠡᠳᠬᠡᠵᠦ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠬᠦᠯᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃                                                      ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2