ᠵᠢᠨᠢᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2020/4/14
      ᠨᠢᠭᠡ᠂ ᠦᠨᠳᠦᠰᠦᠨ ᠪᠠᠶᠢᠳᠠᠯ       ᠵᠢᠨᠢᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯ ᠤᠤᠯ ᠨᠢ ᠵᠢᠨᠢᠩ ᠬᠤᠳᠠ ᠶᠢᠨ ᠲᠦᠯᠦᠪᠯᠡᠭᠡᠨ ᠤ ᠵᠥᠪᠯᠡᠯ ᠪᠠᠶᠢᠵᠤ᠂ 1957 ᠣᠨ ᠳᠤ ᠪᠠᠶᠢᠭᠤᠯᠤᠭᠳᠠᠵᠤ᠂ 1998 ᠣᠨ ᠳᠤ ᠵᠢᠨᠢᠩ ᠬᠤᠳᠠ ᠶᠢᠨ ᠬᠥᠭᠵᠢᠯᠲᠡ ᠶᠢᠨ ᠲᠥᠯᠥᠪᠯᠡᠭᠡ ᠶᠢᠨ ᠵᠥᠪᠯᠡᠯ ᠭᠡᠵᠦ ᠨᠡᠷ᠎ᠡ ᠪᠠᠨ ᠬᠠᠯᠠᠵᠤ᠂ 2003 ᠣᠨ ᠳᠤ ᠵᠢᠨᠢᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠡᠵᠦ ᠬᠠᠯᠠᠪᠠ᠃ 2010 ᠤᠨ  ᠳᠤ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ᠂ ᠵᠢᠨᠢᠩ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠭᠡᠵᠦ ᠬᠠᠯᠠᠵᠤ᠂ ᠤᠤᠯ ᠤᠨ ᠵᠢᠨᠢᠩ ᠲᠣᠭᠤᠷᠢᠭ ᠤᠨ ᠠᠵᠤ ᠦᠶᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠪᠠᠷᠠᠭᠠᠨ ᠤ ᠦᠨ᠎ᠡ ᠶᠢᠨ ᠬᠠᠮᠢᠶᠠᠷᠤᠯᠲᠠ ᠶᠢᠨ ᠡᠭᠦᠷᠭᠡ  ᠴᠢᠳᠠᠪᠤᠷᠢ ᠶᠢ ᠣᠷᠣᠨ ᠲᠤᠭ᠎ᠠ ᠵᠢᠴᠢ ᠠᠵᠢᠯᠲᠠᠨ ︵ᠵᠠᠰᠠᠭ ᠵᠠᠬᠢᠷᠭᠠᠨ ᠤ ᠣᠷᠣᠨ ᠲᠤᠭ᠎ᠠ 15᠂ ᠠᠵᠢᠯᠲᠠᠨ 15 ᠬᠥᠮᠦᠨ︶᠎ ᠲᠠᠢ ᠬᠠᠮᠲᠤ ᠵᠢᠨᠢᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠳᠤ ᠰᠢᠯᠵᠢᠭᠦᠯᠪᠡ᠃ 2015 ᠣᠨ ᠳᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂  ᠲᠤᠭᠤᠷᠢᠭ ᠤᠨ ᠬᠤᠳᠠᠯᠳᠤᠭᠠᠨ ᠤ  ᠶᠠᠪᠤᠳᠠᠯ ᠤᠨ ᠠᠮᠤ ᠬᠦᠨᠡᠰᠦᠨ ᠤ ᠵᠢᠭᠤᠯᠴᠢᠯᠠᠯ ᠤᠨ ᠲᠣᠪᠴᠢᠶ᠎ᠠ ᠳᠠᠬᠢ ᠠᠮᠤ ᠬᠦᠨᠠᠰᠦᠨ ᠤ ᠡᠭᠦᠷᠭᠡ ᠴᠢᠳᠠᠪᠤᠷᠢ ᠶᠢ ᠵᠢᠨᠢᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃ ᠵᠢᠨᠢᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠠᠮᠤ  ᠬᠦᠨᠡᠰᠦᠨ  ᠤ ᠲᠣᠪᠴᠢᠶ᠎ᠠ ᠶᠢᠨ ᠫᠠᠶᠢᠰᠠ ᠡᠯᠭᠦᠵᠦ᠂ ᠤᠤᠯ ᠤᠨ ᠠᠮᠤ  ᠬᠦᠨᠡᠰᠦᠨ ᠤ ᠠᠵᠢᠯ ᠬᠢᠵᠦ ᠪᠠᠶᠢᠭᠰᠠᠨ 12 ᠠᠵᠢᠯᠲᠠᠨ᠂ ᠴᠡᠷᠢᠭ ᠤᠨ ᠠᠮᠤ  ᠬᠦᠨᠡᠰᠦᠨ ᠤ ᠬᠠᠩᠭᠠᠯᠭ᠎ᠠ ᠶᠢᠨ ᠥᠷᠲᠡᠭᠡᠨ ᠤ 29 ᠠᠵᠢᠯᠲᠠᠨ᠂ ᠠᠮᠤ ᠲᠣᠰᠣᠨ ᠤ ᠶᠠᠰᠤ ᠴᠢᠨᠠᠷ ᠤᠨ ᠪᠠᠶᠢᠴᠠᠭᠠᠯᠲᠠ ᠶᠢᠨ 4 ᠠᠵᠢᠯᠲᠠᠨ ᠪᠠ ᠣᠷᠣᠨ ᠲᠤᠭ᠎ᠠ ︵ᠵᠠᠰᠠᠭ ᠵᠠᠬᠢᠷᠭᠠᠨ ᠤ ᠣᠷᠣᠨ ᠲᠤᠭ᠎ᠠ 2᠂ ᠦᠶᠯᠡᠴᠢᠯᠡᠭᠡᠨ ᠤ ᠣᠷᠣᠨ ᠲᠤᠭ᠎ᠠ 2᠂ ᠠᠵᠢᠯ ᠦᠶᠯᠡᠰ ᠤᠨ ᠣᠷᠣᠨ ᠲᠤᠭ᠎ᠠ 5︶᠂ ᠡᠭᠦᠷᠭᠡ ᠴᠢᠳᠠᠪᠤᠷᠢ ᠲᠠᠢ ᠪᠠᠨ ᠬᠠᠮᠲᠤ ᠲᠤᠭᠤᠷᠢᠭ ᠤᠨ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ ᠳᠤ ᠬᠤᠪᠢᠶᠠᠷᠢᠯᠠᠨ ᠬᠠᠷᠢᠶᠠᠯᠠᠭᠤᠯᠪᠠ᠃ 2019 ᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ  ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠲᠤᠪᠴᠢᠶᠠᠨ ᠤ ᠡᠭᠦᠷᠭᠡ ᠬᠠᠷᠢᠭᠤᠴᠠᠯᠭ᠎ᠠ ᠵᠢᠴᠢ  ᠲᠤᠭᠤᠷᠢᠭ ᠤᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂  ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ  ᠴᠢᠬᠤᠯᠠ ᠡᠳ᠋ ᠪᠠᠷᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠡᠭᠦᠷᠭᠡ  ᠬᠠᠷᠢᠭᠤᠴᠠᠯᠭ᠎ᠠ ᠵᠡᠷᠭᠡ ᠶᠢ ᠡᠮᠬᠢᠯᠡᠨ ᠨᠡᠶᠢᠯᠡᠭᠦᠯᠵᠦ᠂  ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠᠶᠢᠭᠤᠯᠵᠤ᠂  ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠵᠤ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂  ᠲᠤᠭᠤᠷᠢᠭ ᠤᠨ ᠠᠮᠤ  ᠬᠦᠨᠡᠰᠦ  ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠎ ᠶᠢᠨ ᠫᠠᠶᠢᠰᠠ ᠨᠡᠮᠡᠵᠦ ᠡᠯᠭᠦᠭᠡᠳ᠂  ᠲᠤᠭᠤᠷᠢᠭ ᠤᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠬᠡᠷ ᠢ  ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠤᠨ᠎ᠠ᠃  ᠤᠤᠯ ᠤᠨ ᠲᠤᠭᠤᠷᠢᠭ ᠤᠨ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠶᠢ ᠬᠠᠰᠤᠨ᠎ᠠ᠃        ᠬᠤᠶᠠᠷ᠂ ᠭᠤᠤᠯ ᠡᠭᠦᠷᠭᠡ ᠬᠠᠷᠢᠭᠤᠴᠠᠯᠭ᠎ᠠ        ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠤᠬᠠᠶ ᠪᠠᠶᠢᠯᠳᠤᠬᠤ ᠪᠣᠳᠣᠯᠭ᠎ᠠ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠵᠢᠨᠢᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠷᠲᠤ ᠬᠤᠭᠤᠴᠠᠭᠠᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠵᠢᠨᠢᠩ ᠲᠣᠭᠤᠷᠢᠭ ᠤᠨ ᠠᠵᠤ ᠠᠬᠤᠶ ᠶᠢᠨ ᠪᠠᠶᠢᠳᠠᠯ ᠢ  ᠵᠠᠳᠠᠯᠵᠤ᠂ ᠵᠢᠨᠢᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠶᠢᠨ  ᠬᠦᠭᠵᠢᠯᠲᠡ ᠪᠠ ᠨᠡᠶᠢᠭᠡᠮ ᠤᠨ ᠬᠥᠭᠵᠢᠯᠲᠡ ᠶᠢᠨ ᠬᠠᠷᠠᠯᠲᠠ ᠪᠠ ᠡᠭᠦᠷᠭᠡ ᠶᠢ ᠳᠤᠷᠠᠳᠤᠨ ᠭᠠᠷᠭᠠᠨ᠎ᠠ᠃ ᠡᠯ᠎ᠡ ᠵᠦᠶᠯ ᠤᠨ ᠠᠵᠤ ᠠᠬᠤᠶ ᠶᠢᠨ ᠠᠷᠭ᠎ᠠ ᠪᠠᠷᠢᠯ ᠪᠠ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠬᠦ  ᠰᠠᠨᠠᠭᠤᠯᠭ᠎ᠠ ᠳᠤᠷᠠᠳᠪᠠ᠃ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ  ᠲᠤᠭᠤᠷᠢᠭ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ᠶᠢ ᠳᠡᠪᠰᠢᠭᠦᠯᠦᠨ᠎ᠡ᠃        ︵ᠬᠤᠶᠠᠷ︶ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠵᠤ᠂ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠵᠤ ᠠᠬᠤᠶ ᠶᠢᠨ ᠠᠵᠢᠯᠯᠠᠭᠠᠨ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ᠂ ᠠᠵᠤ ᠠᠬᠤᠶ ᠶᠢᠨ ᠠᠮᠤᠷ ᠲᠦᠪᠰᠢᠨ ᠪᠠ ᠶᠡᠷᠦᠩᠬᠡᠶ ᠠᠵᠤ ᠦᠶᠯᠡᠰ ᠤᠨ ᠠᠮᠤᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠲᠤ ᠲᠣᠬᠢᠷᠠᠭᠤᠯᠤᠨ ᠡᠵᠡᠮᠳᠡᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠪᠠ᠃ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠢ ᠶᠢᠨ ᠠᠵᠢᠯᠯᠠᠭᠠᠨ ᠢ ᠵᠣᠬᠢᠴᠠᠭᠤᠯᠬᠤ ᠶᠢ ᠬᠠᠷᠢᠭᠤᠴᠠᠨ᠎ᠠ᠃ ᠴᠢᠬᠤᠯᠠ ᠡᠳ᠋ ᠪᠣᠳᠠᠰ ᠢ ᠪᠠᠴᠢᠮ ᠲᠣᠬᠢᠷᠠᠭᠤᠯᠬᠤ ᠪᠠ ᠵᠠᠮ ᠲᠡᠭᠡᠭᠡᠪᠦᠷᠢ ᠶᠢᠨ ᠵᠣᠬᠢᠴᠠᠭᠤᠯᠭ᠎ᠠ ᠶᠢ ᠵᠣᠬᠢᠶᠠᠨᠪᠠᠶᠢᠭᠤᠯᠤᠨ᠎ᠠ᠃         ︵ᠭᠤᠷᠪᠠ︶ ᠡᠳ᠋ ᠤᠨ ᠵᠠᠰᠠᠭ᠂ ᠮᠥᠩᠭᠦᠨ ᠭᠦᠶᠯᠭᠡᠭᠡᠨ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ  ᠵᠠᠳᠠᠯᠠᠬᠤ  ᠶᠢ ᠬᠠᠷᠢᠭᠤᠴᠠᠨ᠎ᠠ᠃ ᠡᠳ᠋ ᠤᠨ ᠵᠠᠰᠠᠭ᠂ ᠮᠥᠩᠭᠦᠨ ᠭᠦᠶᠯᠭᠡᠭᠡ᠂ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ  ᠤᠷᠤᠯᠴᠠᠵᠦ᠂ ᠡᠳ᠋ ᠤᠨ ᠵᠠᠰᠠᠭ᠂ ᠮᠥᠩᠭᠦᠨ ᠭᠦᠶᠯᠭᠡᠭᠡ ᠂ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ ᠶᠢ  ᠬᠡᠷᠡᠭᠵᠢᠬᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠵᠠᠳᠠᠯᠤᠨ᠎ᠠ᠃ ᠪᠦᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ  ᠰᠢᠯᠢᠳᠡᠭᠵᠢᠬᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠪᠠᠶᠢᠭᠤᠯᠤᠮᠵᠢ ᠲᠠᠢ ᠬᠠᠮᠲᠤᠷᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ  ᠪᠠᠶᠢᠭᠤᠯᠤᠯᠲᠠ  ᠶᠢᠨ ᠠᠵᠢᠯ ᠢ ᠬᠠᠷᠢᠭᠤᠴᠠᠨ ᠠᠬᠢᠭᠤᠯᠬᠤ ᠬᠡᠷᠡᠭᠲᠡᠶ᠃        ︵ᠳᠦᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠰᠦᠶᠳᠬᠡᠯ ᠬᠤᠷᠢᠶᠠᠬᠤ ᠲᠥᠷᠥ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ ᠪᠦᠬᠦ ᠬᠤᠲᠠ ᠶᠢᠨ ᠦᠨ᠎ᠡ ᠬᠠᠩᠰᠢ  ᠶᠢᠨ ᠡᠵᠡᠮᠳᠡᠯ ᠢ ᠰᠠᠶᠢᠲᠤᠷ ᠬᠢᠵᠦ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ ᠨᠠᠶᠢᠳᠠᠭᠰᠠᠨ ᠲᠠᠸᠠᠷ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢᠨ  ᠬᠠᠮᠢᠶᠠᠷᠤᠯᠲᠠ ᠶᠢ ᠰᠠᠶᠢᠲᠤᠷ ᠬᠢᠨ᠎ᠡ᠃         ︵ᠲᠠᠪᠤ︶ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠠᠵᠤ ᠠᠬᠤᠶ ᠶᠢᠨ ᠪᠠᠶᠢᠭᠤᠯᠤᠯ ᠢ ᠶᠡᠷᠦᠩᠬᠡᠶᠢᠯᠡᠨ ᠵᠣᠬᠢᠴᠠᠭᠤᠯᠬᠤ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠠᠵᠤ ᠠᠬᠤᠶ ᠶᠢᠨ  ᠪᠠᠶᠢᠭᠤᠯᠤᠯ ᠤᠨ ᠥᠭᠡᠷᠡᠴᠢᠯᠡᠯᠲᠡ ᠶᠢ ᠰᠠᠶᠢᠲᠤᠷ ᠠᠪᠴᠠᠯᠳᠤᠭᠤᠯᠬᠤ ᠬᠡᠷᠡᠭᠲᠡᠶ᠃          ︵ᠵᠢᠷᠭᠤᠭ᠎ᠠ︶ ᠲᠥᠯᠥᠪᠵᠢᠭᠦᠯᠭᠡ ᠶᠢᠨ ᠴᠢᠬᠤᠯᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ  ᠬᠠᠷᠢᠭᠤᠴᠠᠯᠭ᠎ᠠ  ᠶᠢ ᠡᠭᠦᠷᠭᠡᠯᠡᠨ᠎ᠡ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶᠡᠨ ᠤ ᠲᠥᠷᠥ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠤ ᠪᠡᠯᠡ ᠤᠷᠤᠭᠤᠯᠤᠯᠲᠠ  ᠶᠢ ᠬᠡᠷᠡᠭᠰᠡᠬᠦ ᠪᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠬᠤ ᠲᠤᠰᠬᠠᠶ ᠲᠦᠯᠦᠪᠵᠢᠭᠦᠯᠭᠡ ᠶᠢ  ᠤᠶᠠᠯᠳᠠᠭᠤᠯᠤᠨ ᠲᠡᠩᠴᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠠᠴᠠ ᠬᠢᠨᠠᠨ ᠵᠥᠪᠰᠢᠶᠡᠷᠡᠬᠦ  ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠬᠠᠷᠭᠤᠭᠤᠯᠬᠤ ᠶᠢ  ᠬᠠᠷᠢᠭᠤᠴᠠᠬᠤ  ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠶ᠃ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠢᠨᠠᠨ ᠬᠠᠷᠭᠤᠭᠤᠯᠵᠤ ᠮᠡᠳᠡᠭᠦᠯᠦᠨ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠲᠣᠭᠲᠠᠭᠰᠠᠨ ᠡᠷᠬᠡ ᠮᠡᠳᠡᠯ ᠢᠶᠠᠷ ᠳᠡᠭᠡᠭᠰᠢ ᠮᠡᠳᠡᠭᠦᠯᠬᠦ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠠᠷᠠᠳ ᠤᠨ ᠪᠡᠯᠡ ᠣᠷᠣᠭᠤᠯᠤᠯᠲᠠ ᠶᠢᠨ ᠴᠢᠭᠯᠡᠯ ᠢ ᠬᠥᠲᠥᠯᠥᠨ ᠵᠢᠯᠣᠭᠤᠳᠴᠤ᠂ ᠢᠨᠵᠧᠨᠧᠷᠢᠩ ᠤᠨ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃         ︵ᠳᠣᠯᠤᠭ᠎ᠠ︶ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃ ᠶᠡᠷᠦᠩᠬᠡᠶᠢᠯᠡᠭᠰᠡᠨ ᠴᠢᠨᠠᠷᠲᠠᠶ ᠠᠵᠤ ᠦᠶᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ‌‍ᠲ᠋ᠣᠭᠲᠠᠭᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠶᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠬᠠᠷᠢᠭᠤᠴᠠᠨ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠬᠥᠭᠵᠢᠯᠲᠡ ᠶᠢᠨ ᠲᠥᠯᠥᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ  ᠤᠶᠠᠯᠳᠤᠭᠤᠯᠵᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠲᠡᠩᠴᠡᠭᠦᠯᠬᠦ ᠶᠢ ᠰᠠᠶᠢᠲᠤᠷ ᠬᠢᠬᠦ ᠬᠡᠷᠡᠭᠲᠡᠶ  ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠣᠬᠢᠴᠠᠭᠤᠯᠬᠤ ᠴᠢᠬᠤᠯᠠ ᠶᠡᠭᠡ ᠠᠰᠠᠭᠤᠳᠠᠯ᠂ ᠦᠶᠯᠡᠴᠢᠯᠡᠭᠡᠨ ᠤ ᠦᠶᠯᠡᠰ᠂ ᠣᠳᠣ ᠦᠶ᠎ᠡ ᠶᠢᠨ ᠪᠠᠷᠠᠭ᠎ᠠ ᠶᠢᠨ ᠭᠦᠶᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ  ᠲᠤᠭᠲᠠᠭᠠᠵᠤ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ᠎ᠠ᠃ ᠳᠡᠭᠡᠳᠦ ᠮᠡᠷᠭᠡᠵᠢᠯ ᠤᠨ ᠠᠵᠤ ᠦᠶᠯᠡᠰ ᠤᠨ ᠬᠥᠭᠵᠢᠯᠲᠡ᠂ ᠠᠵᠤ ᠦᠶᠯᠡᠰ ᠤᠨ ᠮᠡᠷᠭᠡᠵᠢᠯ ᠤᠨ ᠳᠠᠪᠰᠢᠯᠲᠠ ᠶᠢᠨ  ᠲᠦᠯᠦᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ  ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ  ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃        ︵ ᠨᠠᠢᠮᠠ︶ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ  ᠰᠠᠨᠠᠭᠤᠯᠭ᠎ᠠ ᠳᠤᠷᠠᠳᠤᠨ᠎ᠠ᠃ ᠤᠯᠤᠰ ᠤᠨ ᠨᠤᠲᠤᠭ ᠳᠡᠪᠢᠰᠬᠡᠷ ᠢ ᠴᠡᠭᠴᠡᠯᠡᠨ ᠵᠠᠰᠠᠬᠤ᠂ ᠨᠡᠭᠡᠭᠡᠨ ᠠᠰᠢᠭᠯᠠᠬᠤ  ᠪᠠ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠵᠣᠬᠢᠴᠠᠭᠤᠯᠵᠤ᠂ ᠭᠠᠵᠠᠷ ᠰᠢᠷᠣᠶ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ  ᠤᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠣᠯᠴᠠᠵᠤ᠂ ᠤᠰᠤᠨ ᠤ ᠡᠬᠢ ᠪᠠᠶᠠᠯᠢᠭ ᠢ ᠲᠡᠩᠴᠡᠭᠦᠷᠢᠲᠡᠶ ᠪᠠᠶᠢᠯᠭᠠᠬᠤ ᠪᠠ ᠠᠷᠪᠢᠯᠠᠬᠤ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠪᠠ ᠣᠷᠴᠢᠨ ᠠᠬᠤᠶ ᠶᠢ ᠴᠡᠭᠴᠡᠯᠡᠨ ᠵᠠᠰᠠᠬᠤ᠂ ᠭᠠᠵᠠᠷ ᠰᠢᠷᠣᠶ ᠬᠢᠭᠡᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠪᠠ ᠲᠥᠯᠥᠪᠯᠡᠭᠡ ᠶᠢ  ᠲᠤᠭᠳᠠᠭᠠᠨ᠎ᠠ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ  ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠵᠣᠬᠢᠴᠠᠩᠭᠤᠶ ᠪᠠᠷ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠦᠶᠯᠡᠰ ᠤᠨ ᠪᠠᠶᠢᠷᠢᠰᠢᠯ ᠤᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠩᠭᠤᠶ ᠪᠠᠷ ᠬᠡᠷᠡᠭᠵᠢᠭᠦᠯᠦᠨ᠎ᠡ᠃        ︵ᠶᠢᠰᠦ︶ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ᠂ ᠠᠵᠤ ᠦᠶᠯᠡᠳᠪᠦᠷᠢ ᠶᠢᠨ ᠦᠶᠯᠡᠳᠬᠦᠨ ᠪᠠ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ  ᠬᠡᠮᠵᠢᠶᠡᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ  ᠶᠡᠷᠦᠩᠬᠡᠢ ᠬᠡᠮᠵᠢᠶ᠎ᠡ ᠶᠢᠨ ᠲᠥᠯᠥᠪᠯᠡᠭᠡ ᠳᠤ ᠲᠣᠬᠢᠷᠠᠭᠤᠯᠤᠯᠲᠠ ᠬᠢᠵᠦ᠂ ᠪᠠᠶᠢᠯᠳᠤᠬᠤ ᠪᠣᠳᠣᠯᠭ᠎ᠠ ᠶᠢᠨ ᠡᠳ᠋ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ ᠶᠢ ᠲᠣᠭᠲᠠᠭᠠᠨ᠎ᠠ᠃ ᠪᠠᠶᠢᠯᠳᠤᠬᠤ ᠪᠣᠳᠣᠯᠭ᠎ᠠ ᠶᠢᠨ ᠡᠳ᠋ ᠪᠠᠷᠠᠭ᠎ᠠ ᠶᠢ ᠬᠤᠳᠠᠯᠳᠤᠨ ᠠᠪᠴᠤ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠬᠠᠮᠢᠶᠠᠷᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ  ᠬᠠᠮᠳᠤᠷᠠᠨ  ᠪᠦᠬᠦ  ᠲᠤᠭᠤᠷᠢᠭ ᠤᠨ  ᠠᠮᠤ ᠬᠦᠨᠡᠰᠦ  ᠪᠠ ᠰᠢᠬᠢᠷ ᠵᠡᠷᠭᠡ ᠶᠢᠨ ᠨᠥᠭᠡᠴᠡ ᠶᠢ ᠬᠠᠮᠢᠶᠠᠷᠤᠨ᠎ᠠ᠃        ︵ᠠᠷᠪᠠ︶ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠥ ᠶᠢᠨ ᠪᠤᠳᠤᠯᠭ᠎ᠠ ᠶᠢ ᠤᠶᠠᠯᠳᠠᠭᠤᠯᠬᠤ ᠶᠢ ᠬᠠᠷᠢᠭᠤᠴᠠᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ ᠪᠣᠯᠤᠨ‌‍ᠲ᠋ᠥ᠋ᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠷᠪᠢᠨ ᠲᠣᠭᠲᠠᠭᠠᠬᠤ ᠳᠤ ᠤᠷᠤᠯᠴᠠᠵᠦ᠂ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ  ᠤᠨ ᠪᠠᠲᠤᠯᠠᠭ᠎ᠠ ᠬᠢᠭᠡᠳ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠬᠡᠷᠡᠭᠲᠡᠶ᠃       ︵ᠠᠷᠪᠠᠨ ᠨᠢᠭᠡ︶ ᠡᠨᠧᠷᠭᠢ ᠠᠷᠪᠢᠯᠠᠬᠤ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂  ᠠᠵᠤ ᠠᠬᠤᠶ ᠶᠢ ᠬᠥᠭᠵᠢᠭᠦᠯᠬᠦ᠂ ᠪᠦᠬᠦ ᠨᠡᠶᠢᠭᠡᠮ ᠤᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ  ᠠᠰᠢᠭᠯᠠᠬᠤ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠲᠠᠭᠠᠬᠤ ᠎ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ  ᠠᠰᠢᠭᠯᠠᠬᠤ  ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠂ ᠣᠷᠴᠢᠨ ᠲᠣᠭᠤᠷᠢᠨ ᠢ ᠬᠠᠮᠠᠭᠠᠯᠠᠬᠤ ᠠᠵᠤ ᠦᠶᠯᠡᠰ ᠪᠣᠯᠤᠨ ᠠᠷᠢᠭᠤᠨ ᠴᠡᠪᠡᠷ ᠦᠶᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠴᠢᠬᠤᠯᠠ ᠶᠡᠭᠡ ᠡᠨᠧᠷᠭᠢ ᠠᠷᠪᠢᠯᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠶᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃         ︵ᠠᠷᠪᠠᠨ ᠬᠤᠶᠠᠷ︶ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ᠂ ᠠᠵᠤ ᠠᠬᠤᠶ ᠶᠢᠨ ᠪᠠᠶᠢᠭᠤᠯᠤᠯ  ᠤᠨ ᠥᠭᠡᠷᠡᠴᠢᠯᠡᠯᠲᠡ ᠪᠣᠯᠤᠨ ᠭᠠᠳᠠᠭᠠᠳᠤ ᠨᠡᠭᠡᠭᠡᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠢᠴᠢ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠪᠥᠬᠦ ᠳᠠᠭᠠᠭᠠᠴᠢᠯᠠᠯᠲᠠ ᠬᠦᠯᠢᠶᠡᠬᠦ ᠠᠵᠢᠯ ᠢ ᠲᠣᠭᠲᠠᠭᠠᠯ ᠶᠣᠰᠣᠭᠠᠷ ᠵᠢᠯᠣᠭᠤᠳᠬᠤ ᠪᠠ ᠵᠣᠬᠢᠴᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ  ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠪᠡ᠂ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠠᠷᠪᠠᠨ ᠭᠤᠷᠪᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ  ᠬᠡᠯᠪᠡᠷᠢ᠂ ᠠᠶᠤᠯ ᠦᠭᠡᠶ ᠦᠶᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ᠂ ᠵᠥᠷᠢᠴᠡᠯ ᠢ ᠠᠷᠢᠯᠭᠠᠬᠤ᠂ ᠵᠠᠬᠢᠳᠠᠯ  ᠰᠤᠷᠪᠤᠯᠵᠢᠯᠠᠯᠭ᠎ᠠ ᠪᠣᠯᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠢᠴᠢ ᠢᠳᠡᠭᠡᠨ ᠤ ᠠᠮᠤᠷ ᠲᠦᠪᠰᠢᠨ᠂ ᠶᠠᠳᠠᠭᠤ ᠶᠢ ᠲᠡᠳᠬᠦᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠨ᠎ᠡ᠃        ︵ᠠᠷᠪᠠᠨ ᠳᠥᠷᠪᠡ︶ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃                   ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2