ᠵᠢᠨᠢᠩ ᠲᠣᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/4/14
       ᠵᠢᠨᠢᠩ ᠲᠣᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃ ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ 8 ᠪᠠᠶᠢᠵᠤ᠂ ᠲᠣᠰ ᠲᠣᠰ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠂ ᠠᠵᠤ ᠠᠬᠤᠶ ᠶᠢᠨ ᠠᠵᠢᠯᠯᠠᠭᠠᠨ ᠤ ᠲᠠᠰᠤᠭ᠂ ᠪᠠᠯᠠ ᠣᠷᠣᠭᠤᠯᠤᠯᠲᠠ ᠶᠢᠨ ᠲᠥᠯᠥᠪᠵᠢᠭᠦᠯᠭᠡ ᠪᠠ ᠭᠠᠳᠠᠭᠠᠳᠦ ᠲᠠᠢ ᠬᠠᠮᠲᠤᠷᠠᠯᠴᠠᠬᠤ ᠲᠠᠰᠤᠭ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠡᠨᠧᠷᠭᠢ ᠠᠷᠪᠢᠯᠠᠬᠤ  ᠲᠠᠰᠤᠭ᠂ ᠳᠤᠮᠳᠠ ᠵᠢᠵᠢᠭ ᠠᠵᠤ ᠠᠬᠤᠶᠢᠯᠠᠯ ᠤᠨ ᠲᠠᠰᠤᠭ᠂ ᠲᠦᠭᠦᠬᠡᠶ ᠮᠠᠲ᠋ᠧᠷᠢᠶᠠᠯ ᠪᠠ ᠠᠮᠤᠷ ᠲᠦᠪᠰᠢᠨ ᠤ  ᠲᠠᠰᠤᠭ᠂ ᠬᠡᠷᠡᠭᠯᠡᠭᠡᠨ ᠤ ᠵᠦᠶᠯ ᠪᠠ ᠳᠠᠪᠤᠰᠤᠨ ᠤ ᠦᠶᠯᠡᠰ ᠤᠨ ᠬᠠᠮᠢᠶᠠᠷᠤᠯᠲᠠ ᠶᠢᠨ ᠲᠠᠰᠤᠭ᠂ ᠮᠡᠳᠡᠭᠡ ᠵᠠᠩᠭᠢ ᠶᠢᠨ ᠮᠡᠷᠭᠡᠵᠢᠯ ᠤᠨ  ᠲᠠᠰᠤᠭ  ᠪᠣᠯᠤᠨ᠎ᠠ᠃ ᠳᠣᠤᠷ᠎ᠠ ᠨᠢ ᠨᠢᠭᠡ ᠬᠤᠶᠠᠳᠤᠭᠠᠷ ᠳᠡᠰ ᠤᠨ ᠰᠠᠯᠠᠭ᠎ᠠ ᠮᠥᠴᠢᠷ ᠤᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠲᠥᠪ ᠪᠠᠶᠢᠭᠤᠯᠤᠨ᠎ᠠ᠃ ᠵᠠᠰᠠᠭ ᠵᠠᠬᠢᠷᠭᠠᠨ ᠤ ᠣᠷᠣᠨ ᠲᠤᠭ᠎ᠠ 14 ᠬᠥᠮᠦᠨ᠂ ᠡᠭᠦᠨ ᠳᠤ ᠲᠣᠪᠴᠢᠶᠠᠨ ᠳᠠᠷᠤᠭ᠎ᠠ 1 ᠬᠥᠮᠦᠨ᠂ ᠳᠡᠳ᠋ ᠲᠣᠪᠴᠢᠶᠠᠨ ᠳᠠᠷᠤᠭ᠎ᠠ 3 ᠬᠥᠮᠦᠨ᠂  ᠲᠠᠰᠤᠭ ᠤᠨ ᠳᠡᠰ ᠤᠨ ᠺᠠᠳ᠋ᠷ ᠤᠨ ᠲᠤᠰᠢᠶᠠᠯ ᠤᠨ ᠲᠤᠭ᠎ᠠ 8 ᠬᠥᠮᠦᠨ ᠪᠠᠶᠢᠨ᠎ᠠ᠃        ᠭᠤᠤᠯ ᠡᠭᠦᠷᠭᠡ ᠬᠠᠷᠢᠭᠤᠴᠠᠯᠭ᠎ᠠ ᠪᠣᠯ᠄ ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠰᠢᠨ᠎ᠡ ᠮᠠᠶ᠋ᠢᠭ ᠤᠨ ᠠᠵᠤ ᠦᠶᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠶᠯᠡᠳᠪᠦᠷᠢᠵᠢᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠠᠵᠤ ᠦᠶᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ︵ᠬᠤᠶᠠᠷ︶ ᠵᠢᠨᠢᠩ ᠲᠣᠭᠤᠷᠢᠭ ᠤᠨ ᠠᠵᠤ ᠦᠶᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠤᠷᠢᠳᠴᠢᠯᠠᠨ ᠵᠢᠱᠢᠵᠦ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠪᠠ ᠬᠥᠲᠥᠯᠥᠨ ᠵᠢᠯᠣᠭᠤᠳᠤᠨ᠎ᠠ᠃ ᠠᠵᠤ ᠦᠶᠯᠡᠳᠪᠦᠷᠢ ᠶᠢᠨ ᠠᠵᠢᠯᠯᠠᠭᠠᠨ ᠤ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠶᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢᠨ ᠶᠡᠷᠦᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ ᠳᠠᠷᠤᠭᠠᠰᠤ ᠶᠢ ᠬᠥᠩᠭᠡᠷᠡᠭᠦᠯᠬᠦ ᠠᠵᠢᠯ ᠢ ᠵᠣᠬᠢᠴᠠᠭᠤᠯᠬᠤ ᠬᠡᠷᠡᠭᠲᠡᠶ᠃ ᠪᠦᠬᠦ  ᠲᠤᠭᠤᠷᠢᠭ ᠤᠨ ᠴᠠᠬᠢᠯᠭᠠᠨ ᠭᠠᠷᠭᠠᠬᠤ ᠠᠵᠤ ᠠᠬᠤᠶᠢᠯᠠᠯ ᠎ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠤᠬᠢᠷᠠᠭᠤᠯᠤᠨ ᠡᠵᠡᠮᠳᠡᠬᠦ ᠬᠠᠷᠠᠯᠲᠠ ᠶᠢ ᠬᠡᠷᠡᠭᠵᠢᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢᠨ ᠲᠥᠰᠦᠯ ᠵᠢᠴᠢ  ᠬᠡᠷᠡᠭᠵᠢᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃ ︵ᠭᠤᠷᠪᠠ︶ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ ᠵᠢᠴᠢ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠬᠡᠷᠡᠭᠯᠡᠬᠦ ᠲᠥᠰᠦᠯ ᠢ ᠬᠠᠷᠢᠭᠤᠴᠠᠨ ᠳᠤᠷᠠᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠬᠢᠨᠠᠨ ᠬᠠᠷᠭᠤᠭᠤᠯᠵᠤ ᠲᠥᠷᠥ ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠪᠡᠯᠡ ᠣᠷᠣᠭᠤᠯᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠲᠥᠷᠥᠯ  ᠵᠦᠢᠯ ᠳᠤ ᠬᠠᠷᠢᠶᠠᠯᠠᠭᠳᠠᠬᠤ᠂ ᠲᠤᠭᠤᠷᠢᠭ ᠤᠨ ᠱᠠᠲᠤᠨ ᠤ ᠡᠷᠬᠡ ᠮᠡᠳᠡᠯ ᠢᠶᠠᠨ ᠬᠡᠪ ᠢᠶᠠᠷ ᠪᠠᠶᠢᠯᠭᠠᠬᠤ ᠠᠵᠤ ᠦᠶᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ  ᠤᠷᠤᠭᠤᠯᠤᠯᠲᠠ ᠶᠢᠨ ᠲᠥᠷᠥᠯ ᠵᠦᠶᠯ ᠢ ᠳᠠᠩᠰᠠᠯᠠᠭᠤᠯᠬᠤ ᠬᠡᠷᠡᠭᠲᠡᠶ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠶᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠤᠨ  ᠠᠵᠢᠯᠯᠠᠭ᠎ᠠ  ᠪᠠ ᠵᠣᠬᠢᠴᠠᠭᠤᠯᠭ᠎ᠠ ᠶᠢ ᠵᠢᠯᠣᠭᠤᠳᠴᠤ᠂ ᠴᠠᠬᠠᠷ  ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ  ᠲᠤᠭᠤᠷᠢᠭ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ︵ᠳᠥᠷᠪᠡ︶ ᠬᠤᠲᠠ᠂ ᠲᠣᠭᠤᠷᠢᠭ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ  ᠲᠦᠯᠦᠪᠵᠢᠬᠦᠯᠭᠡ  ᠪᠣᠯᠤᠨ ᠠᠵᠤ ᠦᠶᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ  ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠤᠭᠲᠠᠭᠠᠬᠤ  ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠶᠯᠡᠳᠪᠦᠷᠢ ᠶᠢᠨ ᠪᠠᠶᠢᠷᠢᠰᠢᠭᠤᠯᠤᠯ ᠢ ᠲᠤᠬᠢᠷᠠᠭᠤᠯᠬᠤ  ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠲᠥᠷᠥᠯ ᠳᠤ ᠵᠥᠪᠰᠢᠶᠡᠷᠡᠨ  ᠤᠷᠤᠭᠤᠯᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠦᠶᠯᠡᠳᠪᠦᠷᠢ ᠶᠢᠨ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠵᠢᠨᠢᠩ ᠲᠣᠭᠤᠷᠢᠭ ᠤᠨ ᠳᠠᠪᠤᠰᠤᠨ ᠤ ᠦᠢᠯᠡᠰ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠎ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠵᠢᠨᠢᠩ ᠲᠣᠭᠤᠷᠢᠭ ᠤᠨ ᠠᠷᠠᠳ ᠤᠨ ᠬᠡᠷᠡᠭᠯᠡᠭᠡᠨ ᠤ ᠡᠳ᠋ ᠪᠣᠳᠠᠰ ᠤᠨ ᠠᠶᠤᠯ ᠦᠭᠡᠢ ᠦᠶᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ︵ᠲᠠᠪᠤ︶ ᠵᠢᠨᠢᠩ ᠲᠣᠭᠤᠷᠢᠭ ᠤᠨ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠠᠵᠤ ᠦᠶᠯᠡᠳᠪᠦᠷᠢ ᠶᠢᠨ ᠡᠨᠧᠷᠭᠢ ᠶᠢ ᠠᠷᠪᠢᠯᠠᠬᠤ᠂  ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠴᠢᠨᠠᠷᠲᠠᠶ ᠠᠷᠢᠭᠤᠨ ᠴᠡᠪᠡᠷ ᠦᠶᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ  ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠶᠯ ᠎ ᠤᠨ ᠰᠢᠨ᠎ᠡ ᠦᠶᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ︵ᠵᠢᠷᠭᠤᠭ᠎ᠠ︶ ᠠᠵᠤ ᠦᠶᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠢᠯᠡᠰ ᠤᠨ ᠰᠢᠨ᠎ᠡ  ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠲᠠ ᠶᠢᠨ ᠠᠵᠤ ᠦᠢᠯᠡᠳᠪᠦᠷᠢ ᠪᠣᠯᠤᠨ  ᠮᠡᠳᠡᠭᠡ  ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ  ᠳᠤ ᠣᠷᠣᠯᠴᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃ ︵ᠳᠣᠯᠤᠭ᠎ᠠ︶ ᠠᠵᠤ ᠦᠶᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠶᠯᠡᠳᠪᠦᠷᠢᠵᠢᠯᠲᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠶᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠶᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠤᠷ ᠰᠦᠯᠵᠢᠶ᠎ᠡ ᠬᠢᠭᠡᠳ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠵᠤ᠂ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ  ᠪᠦᠳᠦᠭᠡᠨ ᠪᠠᠶᠢᠭᠤᠯᠤᠯᠲᠠ ᠶᠢ ᠵᠢᠯᠣᠭᠤᠳᠴᠤ᠂ ᠲᠣᠤᠷ ᠰᠦᠯᠵᠢᠶ᠎ᠡ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ︵ᠨᠠᠢᠮᠠ︶ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠶᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠤᠷᠸ᠎ᠠ ᠵᠢᠯᠣᠭᠤᠳᠤᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠶᠯᠡᠳᠪᠦᠷᠢ ᠶᠢᠨ ᠠᠵᠤ  ᠠᠬᠤᠢ ᠶᠢᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠲᠥᠷᠥᠯ ᠤᠨ ᠪᠣᠯᠪᠠᠰᠤᠷᠠᠭᠤᠯᠤᠯ ᠵᠡᠷᠭᠡ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ᠎ᠠ᠃ ︵ᠶᠢᠰᠦ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ  ᠨᠠᠮ  ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠶ ᠦᠶᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠵᠥᠷᠢᠴᠡᠯ ᠢ ᠠᠷᠢᠯᠭᠠᠬᠤ᠂ ᠵᠠᠬᠢᠳᠠᠯ  ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠢᠴᠢ ᠢᠳᠡᠭᠡᠨ ᠤ ᠠᠶᠤᠯ ᠦᠭᠡᠶ᠂ ᠶᠠᠳᠠᠭᠤ ᠶᠢ ᠲᠡᠳᠬᠦᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ︵ᠠᠷᠪᠠ︶  ᠲᠤᠭᠤᠷᠢᠭ ᠤᠨ  ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ  ᠪᠡᠶᠡᠯᠡᠬᠦᠯᠦᠨ᠎ᠡ  ᠃              ᠬᠠᠶ᠋ᠢᠭ᠄ ᠵᠢᠨᠢᠩ ᠲᠣᠭᠤᠷᠢᠭ ᠤᠨ ᠰᠢᠨ᠎ᠡ ᠲᠣᠭᠤᠷᠢᠭ ᠤᠨ ᠴᠠᠬᠠᠷ ᠵᠡᠭᠦᠨ ᠵᠡᠭᠡᠯᠢ ᠶᠢᠨ ᠬᠤᠳᠠᠯᠳᠤᠭᠠᠨ ᠤ  ᠶᠠᠪᠤᠳᠠᠯ  ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ   B ᠲᠣᠭᠤᠷᠢᠭ ᠤᠨ 5 ᠳ᠋ᠤᠭᠠᠷ ᠨᠣᠮᠧᠷᠲᠤ ᠠᠰᠠᠷ              ᠯᠠᠪᠯᠠᠬᠤ ᠤᠲᠠᠰᠤ᠄ 0474 — 8243352                                      ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2