ᠤᠯᠠᠭᠠᠨᠴᠠᠪ ᠬᠤᠳᠠ 600 ᠲᠦᠮᠡᠨ ᠺᠢᠯᠣᠸᠠᠲ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ‌ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2020/4/15
       ᠡᠨᠧᠷᠭᠢ ᠶᠢᠨ ᠠᠵᠤ ᠦᠢᠯᠡᠰ ᠤᠨ ᠨᠡᠮᠡᠭᠳᠡᠯ ᠤᠨ ᠬᠡᠮᠵᠢᠶ᠎ᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠶᠡᠬᠡᠪᠡᠷ ᠠᠬᠢᠭᠤᠯᠵᠤ᠂ ᠰᠠᠭᠤᠷᠢᠨ ᠭᠠᠵᠠᠷ ᠢᠶᠠᠷ ᠠᠵᠤ  ᠦᠢᠯᠡᠰ ᠢ ᠳᠠᠶᠢᠴᠢᠯᠠᠵᠤ᠂ ᠠᠵᠤ  ᠦᠢᠯᠡᠰ ᠢᠶᠠᠷ ᠲᠥᠷᠥᠯ ᠵᠦᠢᠯ ᠢ ᠬᠥᠲᠥᠯᠥᠨ ᠳᠠᠭᠠᠭᠤᠯᠵᠤ᠂ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠤᠯᠠᠭᠠᠨᠴᠠᠪ ᠤᠨ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ ᠁︾ ᠭᠡᠵᠦ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ   ᠨᠠᠢᠮᠠᠲᠤᠭᠠᠷ ᠪᠥᠬᠦᠳᠡ ᠬᠤᠷᠠᠯ ᠳᠡᠭᠡᠷ᠎ᠡ ᠲᠣᠳᠣᠷᠬᠠᠶ ᠱᠠᠭᠠᠷᠳᠠᠯᠭ᠎ᠠ ᠳᠤᠷᠠᠳᠪᠠ᠃        ᠤᠯᠠᠭᠠᠨᠴᠠᠪ ᠬᠤᠲᠠ ᠡᠬᠡ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠰᠠᠨ ᠢᠶᠠᠷ ᠪᠠᠷᠠᠬᠤ ᠥᠬᠡᠶ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠢ ᠲᠠᠲᠠᠭᠰᠠᠭᠠᠷ ᠢᠷᠡᠵᠡᠶ᠃ ᠡᠶᠢᠮᠦ ᠠᠴᠠ᠂ ᠬᠤᠲᠠ ᠬᠤᠰᠢᠭᠤ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠲᠥᠷᠥᠯ ᠵᠦᠢᠯ ᠤᠨ ᠡᠯ᠎ᠡ ᠲᠠᠯ᠎ᠠ ᠶᠢᠨ ᠬᠢᠨ ᠲᠠᠢ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠲᠥᠷᠥᠯ ᠵᠦᠢᠯ ᠣᠲᠣ ᠨᠢᠭᠡᠨᠲᠡ ᠪᠤᠳᠠᠳᠠᠢ ᠬᠡᠷᠡᠭᠵᠢᠭᠦᠯᠬᠦ ᠱᠠᠲᠤᠨ ᠳᠤ ᠣᠷᠣᠪᠠ᠃       ᠤᠯᠠᠭᠠᠨᠴᠠᠪ ᠤᠨ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠪᠣᠯ ᠤᠯᠤᠰ ᠠᠴᠠ ᠴᠤᠬᠤᠯᠠᠪᠤᠷᠢᠯᠠᠭᠰᠠᠨ ᠠᠩᠬᠠᠳᠠᠭᠴᠢ ᠰᠠᠯᠬᠢᠨ ᠬᠦᠴᠦᠨ ᠤ ᠴᠠᠬᠢᠯᠭᠠᠨ ᠢ ᠬᠡᠪᠴᠢᠶᠡᠵᠢᠭᠰᠡᠨ ᠡᠩ ᠤᠨ ᠦᠨ᠎ᠡ ᠪᠠᠷ ᠲᠤᠤᠷᠵᠢᠯᠳᠠ ᠳᠤ ᠤᠷᠤᠭᠤᠯᠬᠤ ᠲᠥᠷᠥᠯ ᠵᠦᠢᠯ ᠪᠤᠯᠬᠤ ᠪᠦᠭᠡᠳ ᠥᠪᠥᠷ ᠮᠣᠩᠭᠤᠯ ᠤᠨ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠥᠷᠥᠯ ᠵᠦᠢᠯ ᠤᠨ ᠡᠵᠡᠯᠡᠬᠦ ᠶᠡᠷᠦᠩᠬᠡᠶ ᠲᠠᠯᠠᠪᠠᠶ ᠨᠢ ᠪᠠᠷᠤᠭ 2072 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ 600 ᠲᠦᠮᠡᠨ ᠺᠢᠯᠣᠸᠠᠲ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 400 ᠳ᠋ᠦᠩᠰᠢᠭᠤᠷ ᠲᠥᠭᠦᠷᠢᠭ ᠬᠦᠷᠴᠦ᠂ ᠡᠨᠡ ᠵᠢᠯ ᠪᠠᠶᠢᠭᠤᠯᠵᠤ ᠳᠠᠭᠤᠰᠬᠠᠭᠠᠳ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ᠃ ᠨᠢᠭᠡ ᠬᠤᠪᠢ ᠶᠢᠨ ᠪᠠᠶᠢᠷᠢᠯᠠᠭᠤᠯᠤᠯᠲᠠ ᠨᠢ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠳᠤ ᠪᠠᠶᠢᠳᠠᠬ᠃        ᠲᠣᠰ ᠲᠥᠷᠥᠯ ᠵᠦᠢᠯ ᠢ ᠲᠣᠭᠲᠠᠭᠠᠭᠰᠠᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ᠤᠯᠠᠭᠠᠨᠴᠠᠪ ᠤᠨ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠢᠯ ᠤᠨ ᠴᠢᠬᠤᠯᠠ ᠵᠥᠪᠯᠡᠬᠦ ᠵᠦᠢᠯ ᠳᠤ ᠣᠷᠣᠭᠤᠯᠤᠨ ᠠᠳᠬᠤᠵᠤ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠤᠷᠪᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠥᠷᠥᠯ  ᠵᠦᠢᠯ ᠤᠨ ᠡᠯ᠎ᠡ  ᠵᠦᠢᠯ ᠤᠨ ᠠᠵᠢᠯ ᠢ ᠲᠦᠷᠭᠡᠳᠬᠡᠨ ᠠᠬᠢᠭᠤᠯᠵᠤ᠂ ᠢᠳᠡᠪᠬᠢᠲᠡᠶ ᠠᠬᠢᠴᠠ ᠲᠠᠢ ᠪᠣᠯᠪᠠ᠃ ᠢᠯᠠᠩᠭᠤᠶ᠎ᠠ 4 ᠰᠠᠷ᠎ᠠ ᠶᠢᠨ 2᠎ ᠤᠨ ᠡᠳᠦᠷ᠂ ᠤᠯᠠᠭᠠᠨᠴᠠᠪ ᠤᠨ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠴᠠᠬᠢᠯᠭᠠᠨ ᠢ ᠭᠠᠳᠠᠭᠰᠢ ᠬᠦᠷᠭᠡᠬᠦ ᠢᠨᠵᠧᠨᠧᠷᠢᠩ ᠢ ᠮᠤᠵᠢ ᠣᠷᠣᠨ ᠠᠯᠤᠰᠯᠠᠭᠰᠠᠨ ᠭᠤᠤᠯᠳᠠᠯᠭ᠎ᠠ ᠲᠠᠢ ᠲᠥᠷᠥᠯ  ᠵᠦᠢᠯ ᠪᠣᠯᠭᠠᠨ ᠤᠯᠤᠰ ᠤᠨ ᠡᠨᠧᠷᠭᠢ ᠶᠢᠨ ᠲᠣᠪᠴᠢᠶ᠎ᠠ ᠶᠢᠨ 2020 ᠣᠨ ᠤ ᠭᠤᠤᠯ ᠲᠣᠤᠷᠵᠢᠯᠳᠠ ᠶᠢᠨ ᠲᠥᠯᠥᠪᠵᠢᠭᠦᠯᠭᠡ ᠳᠤ ᠵᠢᠩᠬᠢᠨᠢ ᠪᠠᠷ ᠣᠷᠣᠭᠤᠯᠪᠠ᠃ ᠡᠨᠡ ᠨᠢ ᠮᠠᠨ ᠤ ᠬᠤᠲᠠ ᠶᠢᠨ ᠴᠡᠪᠡᠷ ᠡᠨᠧᠷᠭᠢ ᠶᠢ ᠭᠠᠳᠠᠭᠰᠢ ᠬᠦᠷᠭᠡᠬᠦ ᠶᠢ ᠬᠢᠵᠠᠭᠠᠷᠯᠠᠵᠤ  ᠪᠠᠶᠢᠬᠰᠠᠨ ᠨᠡᠪᠳᠡᠷᠡᠯᠭᠡ ᠶᠢᠨ ᠠᠰᠠᠭᠤᠳᠠᠯ ᠰᠢᠢᠳᠪᠦᠷᠢᠯᠡᠭᠳᠡᠭᠰᠡᠨ ᠢ ᠬᠠᠷᠠᠭᠤᠯᠵᠤ ᠪᠠᠶᠢᠨ᠎ᠠ         ᠬᠡᠳᠦ᠋ᠢᠪᠡᠷ ᠬᠢᠵᠢᠭ ᠤᠨ ᠨᠥᠯᠥᠭᠡᠯᠡᠯ ᠳᠤ ᠨᠦᠯᠦᠭᠡᠯᠡᠭᠳᠡᠭᠰᠡᠨ ᠪᠤᠯᠪᠠᠴᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠨᠢ ᠤᠳᠠᠭᠠᠰᠢᠷᠠᠭᠰᠠᠨ ᠥᠬᠡᠶ ᠮᠥᠷᠲᠡᠭᠡᠨ ᠬᠠᠷᠢᠨ ᠢᠯᠠᠯᠲᠠ ᠶᠢᠨ ᠮᠡᠳᠡᠭᠡ ᠪᠠᠶᠢᠨ ᠳᠠᠬᠢᠨ ᠳᠠᠮᠵᠢᠭᠳᠠᠵᠤ ᠪᠠᠶᠢᠯ᠎ᠠ᠃ ᠲᠥᠷᠥᠯ  ᠵᠦᠢᠯ ᠢ ᠤᠯᠤᠰ ᠤᠨ ᠡᠨᠧᠷᠭᠢ ᠶᠢᠨ ᠲᠣᠪᠴᠢᠶ᠎ᠠ ᠶᠢᠨ 2020 ᠣᠨ ᠤ ᠭᠤᠤᠯ ᠲᠤᠤᠷᠵᠢᠯᠳᠠ ᠶᠢᠨ ᠲᠥᠯᠥᠪᠵᠢᠭᠦᠯᠭᠡ ᠳᠤ ᠵᠢᠩᠬᠢᠨᠢ ᠪᠠᠷ ᠣᠷᠣᠭᠤᠯᠤᠭᠰᠠᠨ ᠤ ᠳᠠᠷᠠᠭ᠎ᠠ ᠬᠡᠳᠦᠨ ᠡᠳᠦᠷ ᠪᠣᠯᠤᠭᠰᠠᠨ ᠥᠬᠡᠶ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠪᠠᠰᠠ ᠢᠯᠠᠯᠲᠠ ᠶᠢᠨ ᠮᠡᠳᠡᠭᠡ ᠳᠠᠮᠵᠢᠬᠳᠠᠯ᠎ᠠ᠃ 4 ᠰᠠᠷ᠎ᠠ ᠶᠢᠨ 10᠎ ᠤ ᠡᠳᠦᠷ᠂ ᠮᠠᠨ ᠤ ᠬᠤᠲᠠ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠭᠤᠷᠪᠠᠨ ᠲᠠᠯ᠎ᠠ ᠪᠠᠷ ᠢᠶᠠᠨ ᠤᠯᠠᠭᠠᠨᠴᠠᠪ ᠤᠨ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠷᠥᠯ  ᠵᠦᠢᠯ ᠵᠢᠴᠢ ᠢᠵᠢ ᠪᠥᠷᠢᠳᠦᠭᠦᠯᠦᠨ ᠲᠦᠪᠯᠡᠷᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠯᠪᠠ᠂ ᠡᠨᠡ ᠨᠢ ᠲᠣᠰ ᠲᠥᠷᠥᠯ ᠵᠦᠢᠯ ᠪᠤᠳᠠᠳᠠᠢ ᠬᠡᠷᠡᠭᠵᠢᠭᠦᠯᠬᠦ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃         ︽ᠤᠯᠠᠭᠠᠨᠴᠠᠪ ᠤᠨ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠢ ᠭᠠᠳᠠᠭᠰᠢ ᠬᠦᠷᠭᠡᠬᠦ ᠢᠨᠵᠧᠨᠧᠷᠢᠩ ᠪᠣᠯ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ ᠠᠩᠬᠠᠳᠠᠭᠴᠢ ᠮᠤᠵᠢ ᠠᠯᠤᠰᠯᠠᠭᠰᠠᠨ ᠴᠠᠬᠢᠯᠭᠠᠨ ᠬᠦᠷᠭᠡᠬᠦ ᠪᠠ ᠬᠤᠪᠢᠰᠬᠠᠬᠤ ᠢᠨᠵᠧᠨᠧᠷᠢᠩ ᠪᠣᠯᠤᠨ᠎ᠠ᠂ ᠡᠨᠡ ᠨᠢ ᠥᠪᠥᠷ ᠮᠣᠩᠭᠤᠯ ᠤᠨ ᠴᠠᠬᠢᠯᠭᠠᠨ ᠲᠣᠤᠷ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠬᠠᠭᠤᠯᠬᠤ ᠬᠡᠯᠲᠡᠰ ᠤᠨ ᠳᠠᠷᠤᠭ᠎ᠠ ᠶᠠᠨ ᠯᠢᠨ ᠱᠧᠩ ᠲᠠᠨᠢᠯᠴᠠᠭᠤᠯᠬᠤ ᠳᠠᠭᠠᠨ᠂ ᠲᠥᠷᠥᠯ ᠵᠦᠢᠯ ᠨᠢ ᠨᠢᠭᠡᠨᠲᠡ ᠤᠯᠤᠰ ᠤᠨ ᠴᠣᠬᠤᠯᠠᠪᠤᠷᠢᠯᠠᠯ ᠢ ᠣᠯᠵᠤ᠂ ᠪᠦᠯᠦᠭᠯᠡᠯ ᠺᠣᠮᠫᠠᠨᠢ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ ᠡᠬᠢᠯᠡᠭᠦᠯᠬᠦ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠢᠵᠢᠭ ᠤᠨ ᠨᠥᠯᠥᠭᠡ ᠶᠢ ᠢᠯᠠᠨ ᠳᠠᠪᠠᠵᠤ᠂ ᠠᠵᠢᠯ ᠤᠨ ᠠᠷᠭ᠎ᠠ ᠮᠠᠶ᠋ᠢᠭ ᠲᠤ ᠰᠢᠨ᠎ᠠ ᠶᠢ ᠡᠭᠦᠳᠴᠦ᠂ ᠤᠯᠠᠭᠠᠨᠴᠠᠪ ᠤᠨ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠢ ᠭᠠᠳᠠᠭᠰᠢ ᠵᠠᠩ ᠪᠸᠢ ᠳᠤ ᠬᠦᠷᠭᠡᠵᠦ ᠲᠦᠪᠯᠡᠷᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ 3 ᠤᠳᠠᠭ᠎ᠠ ᠶᠢᠨ 500 ᠺᠢᠯᠣᠸᠠᠲ ︵ᠣᠨᠴᠠ ᠥᠨᠳᠥᠷ ᠳᠠᠷᠤᠯᠲᠠᠲᠤ︶᠎ ᠢᠶᠠᠷ ᠳᠠᠮᠵᠢᠭᠤᠯᠤᠨ ᠵᠠᠩ ᠪᠸᠢ ᠶᠢᠨ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠤᠷ ᠲᠤ ᠬᠦᠷᠭᠡᠵᠦ᠂ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠣᠷᠣᠨ ᠳᠤ ᠪᠣᠬᠢᠷᠲᠤᠯ ᠥᠬᠡᠶ᠂ ᠴᠢᠨᠠᠷ ᠰᠠᠶᠢᠲᠠᠶ ᠴᠠᠬᠢᠯᠭᠠᠨ ᠬᠦᠴᠦᠨ ᠤ ᠲᠤᠯᠭᠠᠭᠤᠷᠢᠯᠠᠯ ᠬᠠᠩᠭᠠᠨ᠎ᠠ ᠭᠡᠵᠡᠶ᠃ ᠵᠢᠱᠢᠯᠲᠡ ᠪᠠᠷ ᠡᠨᠡ ᠵᠢᠯ ᠤᠨ ᠵᠢᠯ ᠤᠨ ᠡᠴᠦᠰ ᠲᠤ ᠠᠩᠬ᠎ᠠ ᠠᠯᠬᠤᠮ ᠪᠠᠶᠢᠭᠤᠯᠤᠨ ᠳᠠᠭᠤᠰᠬᠠᠵᠤ᠂ ᠢᠷᠡᠬᠦ ᠵᠢᠯ ᠳᠤ ᠶᠡᠭᠡ ᠬᠡᠪᠴᠢᠶ᠎ᠡ ᠪᠠᠷ ᠭᠠᠳᠠᠬᠰᠢ ᠴᠠᠬᠢᠯᠭᠠᠨ ᠬᠦᠷᠭᠡᠬᠦ ᠪᠣᠯᠤᠨ᠎ᠠ᠃         2019 ᠣᠨ ᠤ 9 ᠰᠠᠷ᠎ᠠ ᠶᠢᠨ 26᠎ ᠤ ᠡᠳᠦᠷ ᠠᠴᠠ ᠣᠲᠣ ᠪᠣᠯᠲᠠᠯ᠎ᠠ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠢᠳᠡᠪᠬᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠣᠰᠣᠭᠠᠷ ᠡᠮᠬᠢ ᠵᠢᠷᠤᠮ ᠲᠠᠢ ᠠᠬᠢᠭᠤᠯᠵᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠭᠠᠷ ᠢᠷᠡᠵᠡᠶ᠃ ᠢᠯᠠᠩᠭᠤᠶ᠎ᠠ ᠡᠨᠡ ᠵᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠣᠨᠴᠠᠭᠠᠶ ᠪᠠᠶᠢᠳᠠᠯ ᠳᠣᠤᠷ᠎ᠠ᠂ ᠬᠤᠲᠠ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠵᠠᠮ ᠱᠤᠭᠤᠮ ᠤᠨ ᠲᠥᠯᠥᠪᠵᠢᠭᠦᠯᠭᠡ᠂ ᠲᠥᠷᠥᠯ  ᠵᠦᠢᠯ ᠤᠨ ᠭᠠᠵᠠᠷ ᠲᠠᠲᠠᠪᠤᠷᠢᠯᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠥᠷᠨᠢᠭᠦᠯᠪᠡ᠃ ᠣᠳᠣᠬᠠᠨ ᠪᠣᠯᠲᠠᠯ᠎ᠠ᠂ ᠤᠯᠠᠭᠠᠨᠴᠠᠪ ᠤᠨ 600 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠨᠢᠭᠡᠨᠲᠡ ᠬᠡᠰᠡᠭ ᠣᠷᠣᠨ ᠪᠦᠰᠡ ᠶᠢᠨ ᠭᠠᠵᠠᠷ ᠰᠢᠷᠣᠶ ᠲᠠᠲᠠᠪᠤᠷᠢᠯᠠᠬᠤ ᠠᠵᠢᠯ ᠢ ᠪᠡᠶᠡᠯᠡᠭᠦᠯᠦᠭᠰᠡᠨ ᠪᠥᠭᠡᠳ ᠶᠠᠭ ᠲᠦᠷᠭᠡᠨ ᠠᠬᠢᠭᠤᠯᠵᠤ ᠪᠠᠶᠢᠨ᠎ᠠ᠃        ᠲᠥᠷᠥᠯ  ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ ᠪᠡᠭᠡᠵᠢᠩ ᠲᠢᠶᠠᠨᠵᠢᠨ ᠾᠧᠪᠧᠶ ᠵᠡᠷᠭᠡ ᠭᠠᠵᠠᠷ ᠣᠷᠣᠨ ᠳᠤ 200 ᠳ᠋ᠦᠩᠰᠢᠭᠤᠷ ᠺᠢᠯᠣᠸᠠᠲ ᠴᠡᠪᠡᠷ ᠴᠠᠬᠢᠯᠭᠠᠨ ᠬᠦᠷᠭᠡᠵᠦ᠂ 600 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠣᠷᠣᠯᠠᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠷᠤᠭ 1600 ᠲᠦᠮᠡᠨ ᠲᠣᠨ ᠪᠠᠭᠠᠰᠬᠠᠵᠤ᠂ ᠪᠡᠭᠡᠵᠢᠩ ᠬᠤᠲᠠ ᠶᠢᠨ ᠴᠡᠪᠡᠷ ᠡᠨᠧᠷᠭᠢ ᠴᠠᠬᠢᠯᠭᠠᠨ ᠤ ᠬᠠᠷᠢᠴᠠᠯ ᠢ ᠶᠡᠬᠡᠪᠡᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠡᠪᠡᠷ ᠡᠨᠧᠷᠭᠢ ᠶᠢ ᠭᠠᠳᠠᠬᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠨᠢᠭᠡ ᠲᠤᠮᠤ ᠠᠯᠬᠤᠮ ᠪᠣᠯᠤᠨ᠎ᠠ᠃ ᠲᠡᠭᠡᠪᠡᠯ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠤᠯᠠᠭᠠᠨᠴᠠᠪ ᠬᠤᠲᠠ ᠶᠢᠨ ᠠᠵᠤ ᠠᠬᠤᠶ ᠨᠡᠶᠢᠭᠡᠮ ᠳᠤ ᠶᠠᠮᠠᠷ ᠨᠥᠯᠥᠭᠡ ᠠᠪᠴᠢᠷᠠᠬᠤ ᠪᠣᠶ︖        ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠦᠩ ᠵᠢᠶᠠᠨ ᠠᠴᠠ᠂ ᠲᠥᠷᠥᠯ ᠵᠦᠢᠯ ᠨᠢ ᠡᠩ ᠤᠨ ᠦᠨ᠎ᠡ ᠪᠠᠷ ᠲᠤᠤᠷᠵᠢᠯᠳᠠ ᠳᠤ ᠤᠷᠤᠭᠤᠯᠤᠬᠰᠠᠨ ᠤ ᠲᠠᠷᠠᠭ᠎ᠠ᠂ ᠲᠡᠷᠢᠭᠦᠨ ᠤ ᠮᠡᠷᠭᠡᠵᠢᠯ᠂ ᠣᠶᠤᠨᠴᠢ ᠴᠢᠳᠠᠪᠬᠢ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠰᠠᠶᠢᠵᠢᠷᠠᠭᠤᠯᠤᠯᠲᠠ᠂ ᠨᠡᠶᠢᠭᠡᠮ ᠤᠨ ᠦᠷ᠎ᠡ ᠠᠰᠢᠭ ᠢ ︽ᠵᠢᠷᠭᠤᠭᠠᠨ ᠵᠢᠱᠢᠶ᠎ᠡ ᠦᠵᠡᠭᠦᠯᠬᠦ︾᠎ ᠪᠠᠷ ᠳᠠᠮᠵᠢᠭᠤᠯᠤᠨ᠂ ᠲᠡᠷᠢᠭᠦᠨ ᠤ ᠲᠥᠯᠥᠪᠵᠢᠭᠦᠯᠭᠡ᠂ ᠲᠡᠷᠢᠭᠦᠨ ᠤ ᠵᠢᠷᠤᠭ ᠲᠥᠯᠥᠪᠯᠡᠭᠡ᠂ ᠲᠡᠷᠢᠭᠦᠨ ᠤ ᠲᠥᠬᠦᠭᠡᠷᠦᠮᠵᠢ᠂ ᠲᠡᠷᠢᠭᠦᠨ ᠤ ᠪᠠᠷᠢᠯᠭ᠎ᠠ᠂ ᠲᠡᠷᠢᠭᠦᠨ ᠤ ᠲᠡᠭᠡᠭᠡᠪᠦᠷᠢ᠂ ᠲᠡᠷᠢᠭᠦᠨ ᠤ ᠦᠷ᠎ᠡ ᠪᠦᠲᠦᠮᠵᠢ ᠶᠢᠨ ︽ᠵᠢᠷᠭᠤᠭᠠᠨ ᠲᠡᠷᠢᠭᠦᠨ︾᠎ ᠤ ᠬᠠᠷᠠᠯᠲᠠ ᠶᠢ ᠪᠡᠶᠡᠯᠡᠭᠦᠯᠵᠦ᠂ ᠳᠡᠯᠡᠬᠡᠶ ᠶᠢᠨ ᠲᠡᠷᠢᠭᠦᠨ ᠤ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠢ ᠪᠠᠶᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠠᠵᠢᠯ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠬᠠᠨᠳᠤᠰᠢ ᠶᠢ ᠬᠥᠲᠥᠯᠦᠨ ᠳᠠᠭᠠᠭᠤᠯᠬᠤ ᠪᠤᠯᠤᠨ᠎ᠠ᠃ ᠡᠭᠦᠨ ᠤ ᠬᠠᠮᠲᠤ᠂ ᠲᠥᠷᠥᠯ ᠵᠦᠢᠯ ᠢ ᠬᠡᠷᠡᠭᠵᠢᠭᠦᠯᠬᠦ ᠪᠠ ᠪᠥᠲᠥᠭᠡᠨ ᠪᠠᠶᠢᠭᠤᠯᠬᠤ ᠨᠢ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠢ ᠲᠠᠲᠠᠨ ᠤᠷᠤᠭᠤᠯᠵᠤ ᠮᠠᠨ ᠤ ᠬᠤᠲᠠ ᠳᠤ  ᠦᠢᠯᠡᠳᠪᠤᠷᠢ ︵ᠬᠤᠪᠢᠶᠠᠷᠢ ᠬᠡᠯᠲᠡᠰ︶ ᠪᠠᠶᠢᠭᠤᠯᠬᠤ ᠶᠢ ᠲᠦᠷᠭᠡᠳᠭᠡᠬᠦ ᠪᠤᠯᠤᠨ᠎ᠠ᠂ ᠵᠢᠱᠢᠯᠲᠡ ᠪᠠᠷ ᠨᠠᠭᠠᠳᠤ ᠵᠠᠬ᠎ᠠ ᠳᠠᠭᠠᠨ 1000 ᠭᠠᠷᠤᠢ ᠠᠵᠢᠯ ᠤᠨ ᠪᠠᠶᠢᠷᠢ ᠬᠠᠩᠭᠠᠵᠤ᠂ ᠲᠤᠬᠠᠶ ᠶᠢᠨ ᠭᠠᠵᠠᠷ ᠤᠨ ᠬᠡᠰᠡᠭ ᠬᠥᠮᠦᠰ ᠤᠨ ᠠᠵᠢᠯ ᠤᠯᠬᠤ ᠠᠰᠠᠭᠤᠳᠠᠯ ᠢ  ᠰᠢᠢᠳᠪᠤᠷᠢᠯᠡᠵᠦ ᠴᠢᠳᠠᠬᠤ ᠪᠣᠯᠤᠨ᠎ᠠ᠃ ᠲᠡᠷᠡᠴᠢᠯᠡᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠨᠢ ᠬᠡᠷᠡᠯᠯᠢᠭ ᠴᠠᠬᠢᠯᠭᠠᠨ ᠢᠶᠠᠷ ᠡᠯᠡᠰᠦ ᠶᠢ ᠵᠠᠰᠠᠬᠤ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠵᠤᠭᠠᠴᠠᠯ ᠢ ᠬᠠᠷᠢᠯᠴᠠᠨ ᠨᠥᠬᠦᠪᠥᠷᠢᠯᠡᠬᠦ ᠵᠡᠷᠭᠡ ᠠᠷᠭ᠎ᠠ ᠬᠡᠯᠪᠡᠷᠢ ᠪᠠᠷ ︽ᠰᠠᠯᠬᠢ᠂ ᠬᠡᠷᠡᠯ᠂ ᠡᠪᠡᠰᠦ᠂ ᠮᠠᠯ ᠠᠵᠤ ᠠᠬᠤᠶ᠂ ᠲᠠᠷᠢᠶᠠᠯᠠᠩ︾᠎ ᠤᠨ ᠵᠠᠭᠪᠤᠷ ᠢ ᠢᠳᠡᠪᠬᠢᠲᠡᠶ ᠪᠠᠷ ᠬᠡᠷᠡᠭᠵᠢᠭᠦᠯᠵᠦ ᠵᠤᠭᠠᠴᠠᠯ ᠤᠨ ᠦᠢᠯᠡᠰ ᠪᠠ ᠲᠠᠷᠢᠶᠠᠯᠠᠩ ᠮᠠᠯ ᠠᠵᠤ ᠠᠬᠤᠶ ᠶᠢ ᠳᠠᠶᠢᠴᠢᠯᠠᠵᠤ᠂ ᠣᠷᠣᠨ ᠨᠤᠲᠤᠭ ᠤᠨ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠤᠷᠢ᠂ ᠵᠤᠭᠠᠴᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠦᠷᠭᠦᠯᠵᠢᠯᠡᠬᠦ᠋ᠢᠴᠡ ᠬᠥᠭᠵᠢᠯᠲᠡ ᠶᠢ ᠳᠠᠶᠢᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠢᠯᠡᠷᠬᠡᠶᠢᠯᠡᠪᠡ᠃                                          ᠢᠷᠡᠯᠲᠡ᠄ ᠤᠯᠠᠭᠠᠨᠴᠠᠪ ᠤᠨ ᠰᠤᠨᠢᠨ
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2