ᠵᠢᠨᠢᠩ ᠤᠨ ᠳᠠᠶᠢᠯᠠᠯᠳᠤᠭᠠᠨ ᠬᠢᠬᠡᠳ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠤᠷᠳᠤᠨ ︵ᠬᠤᠶᠠᠷ︶
ᠨᠡᠶᠢᠲᠡᠯᠡᠭᠰᠡᠨ ᠴᠠᠭ᠄
2020/4/21
ᠵᠢᠨᠢᠩ ᠢ ᠪᠤᠯᠢᠶᠠᠯᠳᠤᠬᠤ ᠳᠠᠶᠢᠨ ︵1946.1︶         ᠴᠢᠯᠥᠭᠡᠯᠡᠬᠦ ᠳᠠᠶᠢᠨ ᠤ ᠦᠶ᠎ᠡ ᠳᠤ ︵1946 ᠤᠨ ᠤ 1 ᠰᠠᠷ᠎ᠠ ᠠᠴᠠ 1948 ᠤᠨ ᠤ 9 ᠰᠠᠷ᠎ᠠ ᠪᠣᠯᠲᠠᠯ᠎ᠠ︶ ᠤᠯᠠᠭᠠᠨᠴᠠᠪ ᠤᠨ ᠵᠢᠨᠢᠩ ᠣᠷᠣᠨ ᠳᠤ ᠡᠭᠦᠰᠦᠭᠰᠡᠨ 3 ᠤᠳᠠᠭᠠᠨ ᠤ ᠶᠡᠭᠡ ᠬᠡᠪᠴᠢᠶᠡᠨ ᠤ ᠳᠠᠶᠢᠯᠠᠯᠳᠤᠭᠠᠨ ︵1946 ᠤᠨ ᠤ 1 ᠰᠠᠷ᠎ᠠ ᠳᠤ ᠡᠭᠦᠰᠦᠭᠰᠡᠨ ᠵᠢᠨᠢᠩ ᠶᠢ ᠪᠤᠯᠢᠶᠠᠯᠳᠤᠬᠤ ᠳᠠᠶᠢᠨ᠂ 1946 ᠤᠨ ᠤ 9 ᠰᠠᠷ᠎ᠠ ᠳᠤ ᠡᠭᠦᠰᠦᠭᠰᠠᠨ ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ᠂ 1948 ᠤᠨ ᠤ 9 ᠰᠠᠷ᠎ᠠ ᠳᠤ ᠡᠭᠦᠰᠦᠭᠰᠠᠨ ᠵᠢᠨᠢᠩ ᠢ ᠴᠢᠯᠦᠭᠡᠯᠡᠬᠦ ᠳᠠᠶᠢᠯᠠᠯᠳᠤᠭᠠᠨ︶᠎ ᠢ ᠲᠡᠤᠬᠡᠨ ᠳᠡᠭᠡᠷ᠎ᠡ ᠶᠡᠷᠦᠩᠬᠡᠶᠢᠯᠡᠭᠡᠳ ᠵᠢᠨᠢᠩ ᠤᠨ ᠳᠠᠶᠢᠯᠠᠯᠳᠤᠭᠠᠨ ᠭᠡᠳᠡᠭ᠃         1946 ᠤᠨ ᠤ 1 ᠰᠠᠷ᠎ᠠ ᠳᠤ ᠭᠤᠮᠢᠨᠳᠠᠩ ᠡᠪ ᠬᠠᠮᠲᠦ ᠨᠠᠮ ᠴᠦᠩᠴᠢᠩ ᠤᠨ ᠬᠡᠯᠡᠯᠴᠡᠭᠡᠷ ᠤᠨ ︽ᠠᠷᠪᠠᠨ ᠰᠠᠷ᠎ᠠ ᠶᠢᠨ ᠠᠷᠪᠠᠨ ᠤ ᠬᠡᠯᠡᠯᠴᠡᠭᠡᠷ︾᠎ ᠢ ᠦᠨᠳᠦᠰᠦᠯᠡᠵᠦ᠂ ︽ᠴᠡᠷᠢᠭ ᠳᠠᠶᠢᠨ ᠤ ᠮᠦᠷᠭᠦᠯᠳᠦᠭᠡᠨ ᠢ ᠵᠤᠭᠰᠤᠭᠠᠬᠤ ᠬᠡᠯᠡᠯᠴᠡᠭᠡᠷ︾᠎ ᠲᠤ ᠭᠠᠷ ᠤᠨ ᠦᠰᠦᠭ ᠵᠢᠷᠤᠵᠦ᠂ 1 ᠰᠠᠷ᠎ᠠ ᠶᠢᠨ 10᠎ ᠤ ᠡᠳᠦᠷ ᠨᠡᠶᠢᠲᠡᠯᠡᠨ᠂ 1 ᠰᠠᠷ᠎ᠠ ᠶᠢᠨ 13 ᠎ ᠤ ᠡᠳᠦᠷ ᠤᠨ 24 ᠴᠠᠭ ᠲᠤ ᠬᠦᠴᠦᠨ ᠲᠠᠢ ᠪᠤᠯᠤᠨ᠎ᠠ ᠭᠡᠵᠦ ᠲᠤᠭᠲᠠᠭᠰᠠᠨ ᠪᠠᠶᠢᠨ᠎ᠠ᠃ ᠡᠨᠡᠬᠦ ᠬᠡᠯᠡᠯᠴᠡᠭᠡᠷ ᠶᠤᠰᠤᠭᠠᠷ᠂ ᠬᠡᠯᠡᠯᠴᠡᠭᠡᠷ ᠤᠨ ᠬᠦᠴᠦᠨ ᠲᠠᠢ ᠪᠤᠯᠤᠭᠰᠠᠨ ᠴᠠᠭ ᠠᠴᠠ ᠡᠮᠦᠨᠡᠬᠢ ᠪᠠᠶᠢᠳᠠᠯ ᠢᠶᠠᠷ ᠭᠤᠮᠢᠨᠳᠠᠩ ᠡᠪ ᠬᠠᠮᠲᠦ ᠨᠠᠮ ᠬᠤᠶᠠᠷ ᠲᠠᠯ᠎ᠠ ᠶᠢᠨ ᠴᠡᠷᠢᠭ ᠳᠠᠶᠢᠨ ᠤ ᠵᠠᠭᠠᠭ ᠱᠣᠭᠤᠮ ᠪᠤᠯᠭᠠᠨ᠎ᠠ ᠭᠡᠵᠦ ᠲᠤᠭᠲᠠᠭᠰᠠᠨ ᠪᠠᠶᠢᠨ᠎ᠠ᠃  ︽ᠴᠡᠷᠢᠭ ᠳᠠᠶᠢᠨ ᠤ ᠮᠦᠷᠭᠦᠯᠳᠦᠭᠡᠨ ᠢ ᠵᠤᠭᠰᠤᠭᠠᠬᠤ ᠬᠡᠯᠡᠯᠴᠡᠭᠡᠷ︾᠎ ᠤᠨ ᠬᠦᠴᠦᠨ ᠲᠠᠢ ᠪᠤᠯᠬᠤ ᠠᠴᠠ ᠡᠮᠦᠨ᠎ᠡ ᠵᠢᠶᠠᠩ ᠵᠢᠶᠧ ᠱᠢ ᠡᠪ ᠬᠠᠮᠲᠤ ᠨᠠᠮ ᠤᠨ ᠡᠯ᠎ᠡ ᠭᠤᠤᠯ ᠪᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠭᠠᠵᠠᠷ ᠢ ᠡᠵᠡᠯᠡᠨ ᠠᠪᠬᠤ ᠨᠢᠭᠤᠴᠠ ᠵᠠᠷᠯᠢᠭ ᠪᠠᠭᠤᠯᠭᠠᠵᠤ᠂ ᠤᠨᠴᠠᠭᠠᠶᠢᠯᠠᠨ 12 ᠳ᠋ᠤᠭᠠᠷ ᠪᠠᠶᠢᠯᠳᠤᠭᠠᠨ ᠤ ᠲᠣᠭᠤᠷᠢᠭ ᠤᠨ ᠰᠧᠯᠢᠩ ᠹᠦ᠋ ᠽᠦᠸᠧ ᠢ ᠳᠤ ︽ᠴᠡᠷᠢᠭ ᠳᠠᠶᠢᠨ ᠤ ᠮᠦᠷᠭᠦᠯᠳᠦᠭᠡᠨ ᠢ ᠵᠤᠭᠰᠤᠭᠠᠬᠤ ᠬᠡᠯᠡᠯᠴᠡᠭᠡᠷ︾᠎ ᠤᠨ ᠬᠦᠴᠦᠨ ᠲᠠᠢ ᠪᠤᠯᠬᠤ ᠠᠴᠠ ᠡᠮᠦᠨ᠎ᠡ ᠵᠢᠨᠢᠩ ᠢ ᠪᠤᠯᠢᠶᠠᠨ ᠠᠪᠬᠤ ᠵᠠᠷᠯᠢᠭ ᠪᠠᠭᠤᠯᠭᠠᠪᠠ᠃   ᠵᠢᠨᠢᠩ ᠪᠣᠯ ᠫᠢᠩ — ᠰᠦᠶ ᠲᠡᠮᠦᠷ ᠵᠠᠮ ᠳᠡᠭᠡᠷᠡᠬᠢ ᠴᠢᠬᠤᠯᠠ ᠭᠠᠵᠠᠷ ᠪᠠᠶᠢᠵᠦ᠂ ᠮᠦᠨᠴᠦ ᠰᠦᠶᠶᠤᠸᠠᠨ ᠤ ᠵᠡᠭᠦᠨ ᠬᠡᠰᠡᠭ ᠤᠨ ᠦᠷᠦᠴᠡ ᠤᠷᠤᠨ ᠪᠤᠯᠤᠨ᠎ᠠ᠃ ᠲᠡᠷᠡ ᠨᠢ ᠳ᠋ᠠᠲ᠋ᠦ᠋ᠩ᠂ ᠴᠢᠭᠤᠯᠤᠯᠲᠤ ᠬᠠᠭᠠᠯᠭ᠎ᠠ᠂ ᠬᠦᠢᠰᠦ᠋ᠢ ︵ᠬᠦᠬᠡᠬᠤᠲᠠ︶᠎ ᠶᠢ ᠬᠤᠯᠪᠣᠵᠤ᠂ ᠮᠦᠨᠴᠦ ᠡᠪ ᠬᠠᠮᠲᠦ ᠨᠠᠮ ᠤᠨ ᠱᠠᠨ ᠰᠢ ᠴᠠᠬᠠᠷ ᠾᠧᠪᠸᠢ ᠶᠢᠨ ᠴᠡᠷᠢᠭ ᠤᠨ ᠲᠣᠭᠤᠷᠢᠭ ᠪᠤᠯᠤᠨ ᠱᠠᠨ ᠰᠢ ᠰᠦᠶᠶᠤᠸᠠᠨ ᠤ ᠴᠡᠷᠢᠭ ᠤᠨ ᠲᠣᠭᠤᠷᠢᠭ ᠢ ᠬᠤᠯᠪᠣᠵᠤ ᠪᠠᠶᠢᠨ᠎ᠠ᠃ ᠳᠠᠶᠢᠰᠤᠨ ᠫᠢᠩ — ᠰᠦᠶ ᠲᠡᠮᠦᠷ ᠵᠠᠮ ᠢ ᠨᠡᠪᠲᠡᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠬᠤᠯᠠ ᠭᠠᠵᠠᠷ ᠢ ᠪᠤᠯᠢᠶᠠᠨ ᠠᠪᠬᠤ ᠭᠡᠪᠡᠯ ᠶᠠᠭᠤᠨ ᠤ ᠡᠮᠦᠨ᠎ᠡ ᠵᠢᠨᠢᠩ ᠢ ᠪᠤᠯᠢᠶᠠᠨ ᠠᠪᠬᠤ ᠪᠣᠯᠤᠨ᠎ᠠ᠃ ᠵᠢᠶᠠᠩ ᠵᠢᠶᠧ ᠱᠢ ᠶᠢᠨ ᠨᠢᠭᠤᠴᠠ ᠵᠠᠷᠯᠢᠭ ᠢ ᠣᠯᠤᠭᠰᠠᠨ ᠤ ᠳᠠᠷᠠᠭ᠎ᠠ ᠹᠦ᠋ ᠽᠦᠸᠧ ᠢ ᠰᠦᠨ ᠯᠠᠨ ᠹᠧᠩ ᠢ ᠲᠣᠮᠢᠯᠠᠨ ᠭᠤᠮᠢᠨᠳᠠᠩ ᠤᠨ ᠴᠡᠷᠢᠭ ᠪᠤᠯᠤᠨ ᠬᠠᠭᠤᠷᠮᠠᠭ ᠮᠣᠩᠭᠤᠯ ᠤᠨ ᠮᠣᠷᠢᠲᠤ ᠴᠡᠷᠢᠭ 4000 ᠭᠠᠷᠤᠶ ᠶᠢ ᠳᠠᠶᠢᠴᠢᠯᠠᠵᠤ᠂ 1946 ᠤᠨ ᠤ 1 ᠰᠠᠷ᠎ᠠ  ᠶᠢᠨ 13᠎ ᠤ ᠡᠳᠦᠷ ᠵᠢᠨᠢᠩ ᠢ ᠭᠡᠨᠡᠳᠡᠭᠦᠯᠦᠨ ᠳᠠᠭᠠᠷᠢᠵᠦ 14᠎ ᠤ ᠡᠳᠦᠷ ᠤᠨ 8 ᠴᠠᠭ ᠲᠤ ᠵᠢᠨᠢᠩ ᠢ ᠡᠵᠡᠯᠡᠨ ᠠᠪᠤᠪᠠ᠃   ᠵᠢᠨᠢᠩ ᠠᠯᠳᠠᠭᠳᠠᠭᠰᠠᠨ ᠢ ᠮᠠᠤ ᠽᠧ ᠳ᠋ᠦᠩ ᠮᠡᠳᠡᠭᠡᠳ᠂ ᠵᠢᠨᠢᠩ ᠪᠤᠯ ᠪᠠᠶᠢᠯᠳᠤᠬᠤ ᠪᠤᠳᠤᠯᠭ᠎ᠠ ᠶᠢᠨ ᠴᠢᠬᠤᠯᠠ ᠭᠠᠵᠠᠷ᠂ ᠴᠡᠷᠢᠭ ᠤᠨ ᠶᠠᠪᠤᠳᠠᠯ ᠤᠨ ᠲᠣᠬᠢᠷᠠᠭᠤᠯᠭ᠎ᠠ ᠶᠢᠨ ᠬᠡᠯᠲᠡᠰ ᠤᠨ ᠲᠦᠯᠦᠭᠡᠯᠡᠭᠴᠢ 18᠎ ᠤ ᠡᠳᠦᠷ ᠤᠨ 12 ᠴᠠᠭ ᠲᠤ ᠵᠢᠨᠢᠩ ᠳᠤ ᠬᠦᠷᠦᠨ᠎ᠠ᠂ 18᠎ ᠤ ᠡᠳᠦᠷ ᠤᠨ 12 ᠴᠠᠭ ᠠᠴᠠ ᠡᠮᠦᠨ᠎ᠡ ᠡᠷᠬᠡᠪᠰᠢ ᠠᠯᠢᠪᠠ ᠦᠷᠡᠭᠳᠡᠯ ᠰᠦᠶᠳᠦᠯ ᠢ ᠬᠠᠶᠢᠬᠤᠷᠤᠯ ᠦᠭᠡᠢ ᠪᠠᠷ ᠵᠢᠨᠢᠩ ᠢ ᠪᠤᠯᠢᠶᠠᠨ ᠠᠪᠬᠤ ᠬᠡᠷᠡᠭᠲᠡᠶ ᠭᠡᠵᠦ ᠾᠧ ᠯᠦᠩ ᠳᠤ ᠵᠠᠷᠯᠢᠭ ᠪᠠᠭᠤᠯᠭᠠᠵᠠᠶ᠃          ᠾᠧ ᠯᠦᠩ ᠰᠧᠯᠢᠩᠶᠤᠸᠠᠨ ᠤ ᠵᠢᠭᠠᠪᠤᠷᠢ ᠶᠢ ᠦᠨᠳᠦᠰᠦᠯᠡᠨ᠂ ᠮᠠᠨ ᠤ ᠴᠡᠷᠢᠭ ᠤᠨ ᠡᠯ᠎ᠡ ᠴᠡᠷᠢᠭ ᠠᠩᠭᠢ 17᠎ ᠤ ᠡᠳᠦᠷ ᠤᠨ 18 ᠴᠠᠭ 30 ᠮᠢᠨᠦ᠋ᠲ ᠲᠤ ᠨᠢᠭᠡᠳᠦᠯᠲᠡᠶ ᠬᠤᠲᠠ ᠶᠢᠨ ᠬᠡᠷᠡᠮ ᠵᠦᠭ ᠶᠡᠷᠦᠩᠬᠡᠶ ᠳᠠᠭᠠᠷᠢᠯᠲᠠ ᠶᠠᠪᠤᠭᠤᠯᠪᠠ᠃ 18᠎ ᠤ ᠡᠳᠦᠷ ᠤᠨ ᠥᠷᠯᠥᠭᠡ᠂ ᠮᠠᠨ ᠤ ᠴᠡᠷᠢᠭ ᠦᠨᠳᠦᠰᠦᠨ ᠳᠡᠭᠡᠨ ᠵᠢᠨᠢᠩ ᠢ ᠪᠤᠴᠠᠭᠠᠨ ᠠᠪᠴᠤ᠂ ᠪᠦᠬᠦ᠋ᠢᠯᠡ ᠪᠠᠶᠢᠯᠳᠤᠭᠠᠨ ᠦᠳᠡ ᠶᠢᠨ ᠡᠮᠦᠨᠡᠬᠢ 11 ᠴᠠᠭ ᠲᠤ ᠰᠠᠶ᠋ᠢ ᠪᠦᠷᠢᠮᠦᠰᠦᠨ ᠳᠠᠭᠤᠰᠪᠠ ᠃ 18᠎ ᠤ ᠡᠳᠦᠷ ᠤᠨ ᠦᠳᠡ ᠶᠢᠨ ᠬᠤᠶᠢᠨᠠᠬᠢ 2 ᠴᠠᠭ ᠲᠤ᠂ ᠴᠡᠷᠢᠭ ᠤᠨ ᠶᠠᠪᠤᠳᠠᠯ ᠤᠨ ᠲᠣᠬᠢᠷᠠᠭᠤᠯᠭ᠎ᠠ ᠶᠢᠨ ᠬᠡᠯᠲᠡᠰ ᠤᠨ ᠲᠦᠯᠦᠭᠡᠯᠡᠭᠴᠢ ᠵᠢᠨᠢᠩ ᠤᠨ ᠨᠢᠰᠬᠡᠯ ᠤᠨ ᠪᠠᠭᠤᠳᠠᠯ ︵ᠣᠳᠣ ᠶᠢᠨ ᠤᠯᠠᠭᠠᠨᠴᠠᠪ ᠤᠨ ᠲᠡᠭᠡᠭᠡᠪᠦᠷᠢ ᠶᠢᠨ ᠺᠣᠮᠫᠠᠨᠢ ᠪᠣᠯᠤᠨ ᠤᠤᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠣᠷᠴᠢᠮ︶᠎ ᠳᠤ ᠬᠦᠷᠴᠦ᠂ ᠵᠢᠨᠢᠩ ᠮᠠᠨ ᠤ ᠴᠡᠷᠢᠭ ᠤᠨ ᠭᠠᠷ ᠲᠤ ᠪᠠᠶᠢᠬᠤ ᠶᠢ ᠦᠵᠡᠭᠡᠳ᠂ ᠠᠮᠧᠷᠢᠺᠠ ᠪᠣᠯᠤᠨ ᠭᠤᠮᠢᠨᠳᠠᠩ ᠤᠨ ᠲᠥᠯᠥᠭᠡᠯᠡᠭᠴᠢ ᠨᠢᠭᠡ ᠴᠦ ᠦᠭᠡ ᠬᠡᠯᠡᠵᠦ ᠴᠢᠳᠠᠬᠤ ᠦᠭᠡᠢ ᠪᠣᠯᠪᠠ᠃          3 ᠰᠠᠷ᠎ᠠ ᠶᠢᠨ 1᠎ ᠤ ᠡᠳᠦᠷ᠂ ︽ᠭᠤᠮᠢᠨᠳᠠᠩ ᠡᠪ ᠬᠠᠮᠲᠤ ᠨᠠᠮ ᠤᠨ ᠴᠡᠷᠢᠭ ᠤᠨ ᠶᠠᠪᠤᠳᠠᠯ ᠤᠨ ᠮᠥᠷᠭᠦᠯᠳᠦᠭᠡᠨ ᠢ ᠲᠤᠬᠢᠷᠠᠭᠤᠯᠬᠤ ᠬᠡᠯᠲᠡᠰ︾᠎ ᠤᠨ ᠬᠠᠮᠤᠭ ᠤᠨ ᠳᠡᠭᠡᠲᠦ ᠭᠤᠷᠪᠠᠨ ᠬᠥᠮᠦᠨ ᠤ ᠳᠤᠭᠤᠶᠢᠯᠠᠩ ᠤᠨ ᠵᠧᠤ ᠡᠸ᠋ᠨ ᠯᠠᠶ᠂ ᠵᠠᠩ ᡁᠢ ᠵᠦᠩ᠂ ᠮᠠᠷᠱᠧᠯ ᠵᠢᠴᠢ ᠶᠧ ᠵᠢᠶᠠᠨ ᠶᠢᠩ ᠵᠢᠨᠢᠩ ᠳᠤ ᠬᠦᠷᠴᠦ ᠨᠢᠭᠡᠳᠦᠭᠡᠷ ᠭᠦᠶᠴᠡᠳᠬᠡᠬᠦ ᠳᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠰᠤᠨᠤᠰᠴᠦ ᠵᠢᠨᠢᠩ ᠨᠢ ᠮᠠᠨ ᠤ ᠴᠡᠷᠢᠭ ᠤᠨ ᠰᠠᠭᠤᠭ᠎ᠠ ᠭᠠᠵᠠᠷ ᠪᠤᠯᠬᠤ  ᠶᠢ ᠨᠤᠲᠠᠯᠠᠪᠠ᠃          1946 ᠤᠨ ᠤ 6 ᠰᠠᠷ᠎ᠠ ᠶᠢᠨ 26᠎ ᠤ ᠡᠳᠦᠷ ᠵᠢᠶᠠᠩ ᠵᠢᠶᠧ ᠱᠢ ᠳᠠᠶᠢᠨ ᠵᠤᠭᠰᠤᠬᠤ ᠬᠡᠯᠡᠯᠴᠡᠭᠡᠷ ᠢ ᠤᠷᠠᠵᠤ᠂ ᠪᠦᠬᠦ ᠲᠠᠯ᠎ᠠ ᠶᠢᠨ ᠳᠤᠲᠤᠭᠠᠳᠤ ᠶᠢᠨ ᠳᠠᠶᠢᠨ ᠡᠭᠦᠰᠭᠡᠪᠡ᠃
     ︽ᠭᠤᠮᠢᠨᠳᠠᠩ ᠡᠪ ᠬᠠᠮᠲᠤ ᠨᠠᠮ ᠤᠨ ᠴᠡᠷᠢᠭ ᠤᠨ ᠶᠠᠪᠤᠳᠠᠯ ᠤᠨ ᠮᠥᠷᠭᠦᠯᠳᠦᠭᠡᠨ ᠢ ᠲᠤᠬᠢᠷᠠᠭᠤᠯᠬᠤ ᠬᠡᠯᠲᠡᠰ︾ ᠎ ᠤᠨ ᠬᠠᠮᠤᠭ ᠤᠨ ᠳᠡᠭᠡᠲᠦ ᠭᠤᠷᠪᠠᠨ ᠬᠥᠮᠦᠨ ᠤ ᠳᠤᠭᠤᠶᠢᠯᠠᠩ ᠤᠨ ᠵᠧᠤ ᠡᠸ᠋ᠨ ᠯᠠᠶ᠂ ᠵᠠᠩ ᡁᠢ ᠵᠦᠩ᠂ ᠮᠠᠷᠱᠧᠯ ᠵᠢᠨᠢᠩ ᠳᠤ ᠪᠠᠶᠢᠴᠠᠭᠠᠯᠲᠠ ᠬᠢᠪᠠ
    ᠵᠢᠨᠢᠩ ᠢ ᠪᠤᠯᠢᠶᠠᠯᠳᠤᠬᠤ ᠳᠠᠶᠢᠨ ᠤ ᠵᠢᠷᠤᠭ                              ᠨᠠᠶᠢᠷᠠᠭᠤᠯᠤᠭᠴᠢ᠄ ᠡᠷᠳᠡᠨᠢᠴᠤᠭᠲᠦ                              ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠤᠨ ᠵᠠᠰᠠᠭ ᠤᠨ ᠤᠷᠳᠤᠨ ᠤ ᠮᠤᠡᠭᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2