ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 4 ᠳ᠋ᠦ᠋ᠭᠡᠷ  ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/4/21
        2020 ᠣᠨ ᠤ 3 ᠰᠠᠷ᠎ᠠ ᠶᠢᠨ 21᠎ ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ 2020 ᠣᠨ ᠤ 4  ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠠᠴᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ︾ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠯᠠᠯᠲᠠ ᠤᠯᠬᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠨᠭ᠍ᠭᠠᠬᠤ ᠲᠤᠬᠠᠢ︾ ᠵᠡᠷᠭᠡ ᠶᠢ ᠤᠯᠠᠮᠵᠢᠯᠠᠨ ᠰᠤᠷᠤᠯᠴᠠᠪᠠ᠃ ᠤᠳᠤ ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄         ᠬᠤᠷᠠᠯ ᠠᠴᠠ ᠵᠢᠭᠠᠭᠰᠠᠨ ᠨᠢ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠠᠴᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭᠠᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠰᠢᠨ᠎ᠡ ᠪᠠᠶᠢᠳᠠᠯ ᠤᠨ ᠳᠣᠤᠷ᠎ᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠳᠤ ᠴᠢᠬᠤᠯᠠ ᠲᠦᠷᠢᠮ ᠤᠨ ︽ᠬᠥᠳᠡᠯᠭᠡᠭᠦᠷ︾ ᠬᠠᠩᠭᠠᠵᠠᠶ᠃ ᠡᠯ᠎ᠡ ᠱᠠᠲᠤᠨ ᠤ ᠨᠠᠮ ᠤᠨ  ᠬᠤᠷᠢᠶ᠎ᠠ  ︵ᠨᠠᠮ ᠤᠨ ᠤᠳᠤᠷᠢᠳᠬᠤ ᠳᠤᠭᠤᠶᠢᠯᠠᠩ︶ ︽ᠨᠠᠮ ᠤᠨ  ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾᠎ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠨ ᠣᠶᠢᠯᠠᠭᠠᠵᠤ᠂ ︽ᠳᠦᠷᠪᠡᠨ ᠤᠬᠠᠮᠰᠠᠷ︾᠎ ᠢ ᠦᠨᠡᠨᠬᠦ ᠴᠢᠩᠭᠠᠳᠬᠠᠵᠤ ᠂ ︽ᠳᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ  ᠪᠡᠶᠡᠯᠡᠭᠦᠯᠵᠦ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠤᠯᠤᠰ ᠲᠦᠷᠦ ᠶᠢᠨ ᠡᠭᠦᠷᠭᠡᠯᠡᠯ ᠢ ᠴᠢᠩᠭᠠᠳᠬᠠᠬᠤ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠪᠠᠨ ᠴᠢᠩᠭᠠᠳᠬᠠᠵᠤ᠂ ᠳᠡᠭᠡᠳᠦ  ᠱᠠᠲᠤᠨ  ᠤ ᠴᠢᠬᠤᠯᠠ ᠬᠤᠷᠠᠯ ᠤᠨ ᠵᠣᠷᠢᠭ ᠰᠠᠨᠠᠭ᠎ᠠ ᠪᠣᠯᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ  ᠰᠠᠨᠠᠭ᠎ᠠ  ᠶᠢ ᠨᠠᠷᠢᠨ ᠬᠢᠨᠠᠮᠠᠭᠠᠢ ᠰᠤᠳᠤᠯᠤᠨ ᠣᠶᠢᠯᠠᠭᠠᠵᠤ᠂ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠨᠤᠯ ᠢᠶᠠᠷ ᠵᠡᠪᠰᠡᠭᠯᠡᠬᠦ ᠶᠢ ᠤᠬᠠᠮᠰᠠᠷ ᠠᠴᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠤᠨᠤᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠭᠵᠢᠯᠲᠡ ᠶᠢᠨ ᠰᠡᠳᠬᠢᠮᠵᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠠᠯᠲᠠ ᠡᠭᠦᠷᠭᠡ ᠪᠠᠨ  ᠨᠠᠷᠢᠯᠢᠭᠵᠢᠭᠤᠯᠵᠤ᠂ ᠮᠠᠨ ᠤ  ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠡᠭᠡᠳᠦ ᠱᠠᠲᠤᠨ ᠤ ᠴᠢᠬᠤᠯᠠ ᠬᠤᠷᠠᠯ ᠤᠨ  ᠵᠤᠷᠢᠭ ᠰᠠᠨᠠᠭ᠎ᠠ ᠪᠣᠯᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠵᠢᠨᠢᠩ ᠲᠣᠭᠤᠷᠢᠭ ᠤᠨ ᠡᠯ᠎ᠡ ᠵᠦᠶᠯ ᠤᠨ ᠠᠵᠢᠯ ᠤᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃                                                             ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2