ᠯᠢ ᡁᠢ ᠭᠠᠩ
ᠨᠡᠶᠢᠲᠡᠯᠡᠭᠰᠡᠨ ᠴᠠᠭ᠄
2020/4/27
        ᠯᠢ ᡁᠢ ᠭᠠᠩ     ᠡᠷᠡᠭᠲᠡᠶ᠂ ᠬᠢᠲᠠᠳ ᠦᠨᠳᠦᠰᠦᠲᠡᠨ᠂ 1981 ᠣᠨ ᠤ 9 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠴᠢᠩ ᠱᠦᠶ ᠾᠧ ᠶᠢᠨ ᠬᠥᠮᠦᠨ᠃ 2010 ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2004 ᠣᠨ ᠤ 7 ᠰᠠᠷ᠎ᠠ ᠳᠤ ᠠᠵᠢᠯ ᠳᠤ ᠣᠷᠣᠵᠠᠶ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠢᠶᠠᠷ ᠰᠤᠷᠤᠯᠴᠠᠵᠦ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ  ᠶᠢᠨ  ᠵᠢᠱᠢᠭᠳᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃        ᠬᠤᠪᠢᠳᠠᠨ ᠬᠠᠮᠢᠶᠠᠷᠬᠤ ᠠᠵᠢᠯ᠄ ᠯᠢᠦ ᠴᠧᠩ ᠮᠢᠨ ᠨᠥᠬᠦᠷ ᠢ ᠬᠠᠪᠰᠤᠷᠤᠨ ᠰᠠᠬᠢᠯᠭ᠎ᠠ ᠪᠠᠲᠤ ᠬᠢᠨᠠᠨ ᠪᠠᠶᠢᠴᠠᠭᠠᠬᠤ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ  ᠪᠣᠯᠤᠨ ᠢᠯᠵᠡᠷᠡᠯ ᠢ ᠡᠰᠡᠷᠭᠦᠴᠡᠬᠦ ᠠᠵᠢᠯ ᠢ ᠬᠠᠷᠢᠭᠤᠴᠠᠵᠤ᠂  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂  ᠲᠤᠭᠤᠷᠢᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃   ᠠᠵᠢᠯ ᠶᠢᠨ ᠲᠣᠪᠴᠢ ᠲᠠᠨᠢᠯᠴᠠᠭᠤᠯᠭ᠎ᠠ         2000.09 — 2004.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ         2004.07 — 2004.08 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠪᠣᠯᠪᠠᠰᠤᠷᠠᠯ ᠎ ᠤᠨ ᠠᠩᠭᠢ ᠳᠤ ᠰᠤᠷᠤᠯᠴᠠᠪᠠ         2004.08 — 2004.10  ᠠᠵᠢᠯ ᠬᠤᠪᠢᠶᠠᠷᠢᠯᠠᠬᠤ ᠶᠢ ᠬᠦᠯᠢᠶᠡᠪᠡ         2004.10 — 2005.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠯᠪᠠᠨ ᠬᠡᠷ ᠤᠨ  ᠠᠵᠢᠯᠲᠠᠨ ᠢᠶᠠᠷ ᠠᠵᠢᠯᠯᠠᠵᠦ ᠪᠠᠶᠢᠪᠠ         2005.01 — 2005.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠲᠡᠷᠢᠭᠦᠨ ᠤ ᠴᠢᠨᠠᠷ ᠤᠨ ᠬᠥᠮᠦᠵᠢᠯ ᠤᠨ ᠠᠯᠪᠠᠨ ᠬᠡᠷ ᠤᠨ ᠠᠵᠢᠯᠲᠠᠨ ᠢᠶᠠᠷ ᠠᠵᠢᠯᠯᠠᠵᠦ ᠪᠠᠶᠢᠪᠠ         2005.06 — 2008.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠠᠰᠠᠭ ᠤᠨ  ᠤᠷᠳᠤᠨ ᠤ ᠠᠯᠪᠠᠨ ᠬᠡᠷ ᠤᠨ ᠨᠠᠷᠢᠨ ᠪᠢᠴᠢᠭ ᠤᠨ ᠰᠠᠯᠠᠭᠠᠨ ᠤ ᠠᠵᠢᠯᠲᠠᠨ ᠢᠶᠠᠷ ᠠᠵᠢᠯᠯᠠᠵᠦ ᠪᠠᠶᠢᠪᠠ          ︵ᠡᠨᠡ ᠬᠤᠭᠤᠴᠠᠭᠠᠨ ᠳᠤ᠄ 2008.06 ᠬᠤᠲᠠ ᠶᠢᠨ ᠬᠠᠤᠯᠢ ᠳᠦᠷᠢᠮ ᠤᠨ ᠠᠯᠪᠠᠨ ᠭᠡᠷ ᠤᠨ ᠳᠡᠳ᠋ ᠰᠠᠯᠠᠭᠠᠨ ᠳᠠᠷᠤᠭ᠎ᠠ ᠶᠢᠨ ᠲᠤᠰᠢᠶᠠᠯ ᠢ  ᠬᠠᠷᠢᠭᠤᠴᠠᠵᠠᠢ︶         2008.06 — 2012.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠳᠠ ᠶᠢᠨ ᠵᠣᠬᠢᠶᠠᠨ  ᠪᠠᠶᠢᠭᠤᠯᠬᠤ ᠬᠡᠯᠲᠡᠰ ᠤᠨ ᠠᠵᠢᠯᠲᠠᠨ ᠢᠶᠠᠷ ᠠᠵᠢᠯᠯᠠᠵᠦ ᠪᠠᠶᠢᠪᠠ         ︵ᠡᠨᠡ ᠬᠤᠭᠤᠴᠠᠭᠠᠨ ᠳᠤ᠄ 2009 ᠣᠨ ᠤ 12 ᠰᠠᠷ᠎ᠠ ᠳᠤ ᠺᠠᠳ᠋ᠷ ᠤᠨ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︶        2012.03 — 2013.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ  ᠤ  ᠲᠤᠭ ᠤᠨ ᠠᠭᠤᠯᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ  ᠎ ᠪᠠᠷ ᠠᠵᠢᠯᠯᠠᠪᠠ        2013.02 — 2016.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠠᠬᠢᠳᠠᠯ  ᠰᠤᠷᠪᠤᠯᠵᠢᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ  ᠎ ᠪᠠᠷ ᠠᠵᠢᠯᠯᠠᠪᠠ        2016.06 — 2018.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ  ᠢᠶᠠᠷ ᠠᠵᠢᠯᠯᠠᠪᠠ         ︵2018.02 ᠣᠨ ᠳᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ  ᠢᠶᠠᠷ ᠠᠵᠢᠯᠯᠠᠪᠠ︶         2018.10 — 2020.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠠᠷ ᠠᠵᠢᠯᠯᠠᠪᠠ        ︵2019.03 ᠰᠠᠷ᠎ᠠ ᠳᠤ ᠯᠢᠶᠠᠩᠴᠧᠩ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ︶        2020.04 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂  ᠬᠢᠨᠠᠨ ᠪᠠᠶᠢᠴᠠᠭᠠᠬᠤ ᠵᠥᠪᠯᠡᠯ ᠤᠨ ᠵᠢᠱᠢᠭᠳᠡᠭᠴᠢ ᠪᠠᠷ ᠠᠵᠢᠯᠯᠠᠵᠦ  ᠪᠤᠢ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2