ᠪᠡᠭᠡᠵᠢᠩ — ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠤᠯᠠᠭᠠᠨᠴᠠᠪ ᠬᠤᠲᠠ ᠶᠢᠨ ᠮᠥᠰᠥ ᠴᠠᠰᠤᠨ ᠤ ᠵᠢᠭᠤᠯᠴᠢᠯᠠᠯ ᠢ ᠬᠦᠭᠵᠢᠶᠠᠨᠲᠠᠢ ᠪᠤᠯᠭᠠᠪᠠ
ᠨᠡᠶᠢᠲᠡᠯᠡᠭᠰᠡᠨ ᠴᠠᠭ᠄
2020/4/8
        12 ᠰᠠᠷ᠎ᠠ ᠶᠢᠨ 30᠎ ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠲᠦᠷᠭᠡᠨ ᠤ ᠲᠡᠮᠤᠷ ᠵᠠᠮ ᠤᠨ ᠭᠠᠯᠳᠤ ᠲᠡᠷᠭᠡᠨ ᠦᠷᠳᠡᠭᠡᠨ ᠳᠤ ᠤᠯᠠᠨ ᠬᠦᠮᠦᠨ ᠤ ᠴᠤᠭᠯᠠᠭᠠᠨ ᠪᠤᠯᠵᠤ ᠬᠦᠭᠵᠢᠶᠠᠨ ᠨᠠᠷᠬᠢᠶᠠᠨ ᠢᠶᠠᠷ ᠪᠢᠯᠬᠠᠨ᠎ᠠ᠃ ᠦᠳᠡ ᠶᠢᠨ ᠡᠮᠥᠨᠡᠬᠢ 11 ᠴᠠᠭ 16 ᠮᠢᠨᠦ᠋ᠲ ᠲᠤ᠂ ᠪᠡᠭᠡᠵᠢᠩ ᠬᠤᠲᠠ ᠶᠢᠨ 150 ᠵᠢᠭᠤᠯᠴᠢᠯᠠᠭᠰᠡᠳ ᠢ ᠠᠴᠢᠭᠰᠠᠨ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠵᠢᠴᠢ ᠤᠯᠠᠭᠠᠨᠴᠠᠪ ᠤᠨ ᠲᠦᠷᠭᠡᠨ ᠤ ᠲᠡᠮᠦᠷ ᠵᠠᠮ ᠤᠨ ᠮᠥᠰᠥ ᠴᠠᠰᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠩᠬᠠᠳᠠᠭᠴᠢ ᠲᠤᠰᠬᠠᠶ ᠭᠠᠯᠲᠤ ᠲᠡᠷᠭᠡ ᠤᠯᠠᠭᠠᠨᠴᠠᠪ ᠥᠷᠲᠡᠭᠡ ᠳᠤ ᠠᠯᠭᠤᠷᠬᠠᠨ ᠤᠷᠤᠵᠤ ᠢᠷᠡᠬᠦ ᠶᠢ ᠲᠠᠭᠠᠯᠳᠤᠨ ᠤᠯᠠᠭᠠᠨᠴᠠᠪ ᠬᠤᠳᠡ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠨᠡᠶᠢᠷ ᠬᠦᠰᠢᠭᠡ ᠪᠠᠨ ᠢᠷᠠᠯ᠎ᠠ᠃          ᠨᠡᠶᠢᠰᠯᠡᠯ ᠪᠡᠭᠡᠵᠢᠩ ᠵᠡᠷᠭᠡ ᠭᠠᠵᠠᠷ ᠠᠴᠠ ᠢᠷᠡᠭᠰᠡᠨ᠂ ᠪᠡᠭᠡᠵᠢᠩ — ᠤᠯᠠᠭᠠᠨᠴᠠᠪ ᠬᠦᠷᠬᠦ ᠲᠦᠷᠭᠡᠨ ᠤ ᠲᠡᠮᠦᠷ ᠵᠠᠮ ᠤᠨ ᠮᠥᠰᠥ ᠴᠠᠰᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠲᠤᠰᠬᠠᠶ ᠭᠠᠯᠲᠤ ᠲᠡᠷᠭᠡᠨ ᠳᠤ ᠰᠠᠭᠤᠭᠰᠠᠨ 150 ᠭᠠᠷᠤᠶ ᠵᠢᠭᠤᠯᠴᠢᠯᠠᠭᠰᠡᠳ ᠪᠠ ︽ᠬᠠᠮᠤᠭ ᠤᠨ ᠭᠤᠶᠤ ᠲᠡᠮᠦᠷ ᠵᠠᠮ ᠢ ᠡᠷᠢᠯᠬᠢᠯᠠᠨ · ᠵᠠᠭᠤᠨ ᠵᠢᠯ ᠤᠨ ᠪᠡᠭᠡᠵᠢᠩ ᠰᠦᠢᠶᠤᠸᠠᠨ ᠢ ᠰᠤᠷᠪᠤᠯᠵᠢᠯᠠᠬᠤ︾ ᠠᠵᠢᠯᠯᠠᠭ᠎ᠠ ᠵᠢᠴᠢ ᠤᠯᠠᠭᠠᠨᠴᠠᠪ ᠤᠨ ᠵᠠᠯᠠᠭᠤᠴᠤᠳ ᠤᠨ ︽ᠲᠦᠷᠭᠡᠨ ᠤ ᠲᠡᠮᠦᠷ ᠵᠠᠮ ᠤᠨ ᠴᠠᠭ ᠦᠶ᠎ᠡ ᠲᠠᠢ ᠲᠤᠬᠢᠶᠠᠯᠳᠤᠭᠰᠠᠨ︾ ᠰᠡᠳᠬᠢᠯ ᠲᠤᠭᠳᠤᠯᠤᠭᠰᠠᠨ ᠵᠢᠭᠤᠯᠴᠢᠯᠠᠯ ᠤᠨ ᠠᠵᠢᠯᠯᠠᠭ᠎ᠠ ᠶᠢᠨ ᠪᠦᠯᠬᠦᠮ ᠢ ᠤᠯᠠᠭᠠᠨᠴᠠᠪ ᠤᠨ ᠬᠢᠨ ᠲᠤᠰᠬᠠᠢ ᠤᠭᠳᠤᠬᠤ ᠶᠤᠰᠤᠯᠠᠯ ᠬᠢᠵᠥ ᠬᠠᠯᠠᠭᠤᠨ ᠢᠶᠠᠷ ᠤᠭᠲᠤᠪᠠ᠃ ︽ᠤᠯᠠᠭᠠᠨᠴᠠᠪ ᠤᠨ ᠲᠠᠯ᠎ᠠ ᠨᠤᠲᠤᠭ ᠦᠨᠡᠭᠡᠷ ᠭᠤᠶᠤ᠂ ᠦᠡᠭᠭᠡᠷᠡᠭᠰᠡᠨ ᠳᠤ ᠭᠠᠯᠲᠤ ᠲᠡᠷᠭᠡᠨ ᠳᠤ ᠰᠠᠭᠤᠵᠤ ᠤᠯᠠᠭᠠᠨᠴᠠᠪ ᠲᠤ ᠢᠷᠡᠪᠡᠯ 7 ᠴᠠᠭ ᠭᠠᠷᠤᠶ ᠴᠠᠭ ᠬᠡᠷᠡᠭᠰᠡᠵᠥ ᠪᠠᠶᠢᠪᠠ᠃   ᠣᠳᠣ ᠰᠠᠶᠢᠨ ᠪᠣᠯᠤᠯ᠎ᠠ᠂ ᠬᠤᠶᠠᠷ ᠴᠠᠭ ᠪᠣᠯᠤᠯ ᠦᠭᠡᠢ ᠬᠦᠷᠦᠭᠡᠳ ᠢᠷᠡᠴᠢᠬᠡᠯ᠎ᠠ᠂ ᠭᠠᠷᠠᠭ ᠤᠨ ᠰᠡᠭᠦᠯᠴᠢ ᠶᠢᠨ ᠬᠤᠶᠠᠷ ᠡᠳᠦᠷ ᠤᠨ ᠳᠣᠲᠣᠷ᠎ᠠ ᠠᠳᠡᠬᠢ ᠮᠥᠰᠥ ᠴᠠᠰᠤᠨ ᠤ ᠨᠠᠭᠠᠳᠤᠮ᠂ ᠰᠣᠶᠣᠯ ᠵᠠᠩ ᠦᠢᠯᠡ ᠶᠢ ᠪᠡᠶᠡᠴᠢᠯᠡᠨ ᠤᠶᠢᠢᠯᠠᠭᠠᠵᠤ ᠪᠤᠯᠤᠨ᠎ᠠ︾ ᠬᠡᠵᠤ ᠪᠡᠭᠡᠵᠢᠩ ᠤᠨ ᠵᠢᠭᠤᠯᠴᠢᠯᠠᠭᠴᠢ ᠯᠢᠦ ᠾᠧ ᠵᠢᠦᠸᠠᠨ ᠶᠠᠷᠢᠨ᠎ᠠ᠃ ᠠᠩᠬᠠᠳᠤᠭᠠᠷ ᠡᠭᠡᠯᠵᠢ ᠶᠢᠨ ᠵᠢᠭᠤᠯᠴᠢᠯᠠᠯ ᠤᠨ ᠲᠤᠰᠬᠠᠶ ᠭᠠᠯᠲᠤ ᠲᠡᠷᠭᠡᠨ ᠳᠤ ᠰᠠᠭᠤᠭᠰᠠᠨ ᠵᠢᠭᠤᠯᠴᠢᠯᠠᠭᠰᠡᠳ᠂ ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠴᠠᠨᠠᠯᠠᠬᠤ ᠲᠠᠯᠠᠪᠠᠢ᠂ ᠳ᠋ᠠ ᠾᠧ ᠸᠠᠨ ᠤ ᠴᠠᠰᠤᠨ ᠳᠤ ᠴᠠᠨᠠᠯᠠᠬᠤ ᠲᠠᠯᠠᠪᠠᠢ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ᠂ ᠵᠢᠨᠢᠩ ᠤᠨ ᠣᠯᠠᠨ ᠤᠯᠤᠰ ᠤᠨ ᠠᠷᠠᠰᠤᠨ ᠡᠳ᠋ᠯᠠᠯ ᠤᠨ ᠬᠤᠲᠠ᠂ ᠰᠢᠦᠸᠠᠢ ᠶᠤᠸᠠᠨ ᠰᠦᠨ ᠤ ᠦᠢᠯᠡᠰ ᠵᠡᠷᠭᠡ ᠭᠤᠤᠯᠳᠠᠯᠭ᠎ᠠ ᠲᠠᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠪᠣᠯᠤᠨ ᠪᠦᠲᠦᠭᠡᠭᠳᠡᠬᠦᠨ ᠢ ᠲᠣᠭᠤᠷᠢᠨ ᠦᠵᠡᠵᠦ᠂ ᠠᠶᠠᠯᠠᠯ ᠨᠢ ᠮᠥᠰᠥ ᠴᠠᠰᠤ᠂ ᠬᠠᠯᠠᠭᠤᠨ ᠷᠠᠰᠢᠶᠠᠨ᠂ ᠠᠷᠠᠳ ᠤᠨ ᠵᠠᠩ ᠵᠠᠩᠰᠢᠯ᠂ ᠬᠤᠪᠢᠰᠬᠠᠯᠳᠤ ᠰᠣᠶᠣᠯ᠂ ᠠᠮᠲᠠᠲᠤ ᠢᠳᠡᠭᠡᠨ᠂ ᠠᠷᠠᠰᠤᠨ ᠡᠳ᠋ᠯᠠᠯ ᠪᠠ ᠴᠠᠭᠠᠨ ᠰᠠᠷ᠎ᠠ ᠶᠢᠨ ᠪᠠᠷᠠᠭ᠎ᠠ ᠶᠢ ᠬᠠᠮᠤᠷᠴᠠᠢ᠃         ᠤᠯᠠᠭᠠᠨᠴᠠᠪ ᠤᠨ ᠶᠠᠳᠠᠭᠤ ᠶᠢ ᠲᠡᠳᠬᠦᠬᠦ ᠵᠢᠭᠤᠯᠴᠢᠯᠠᠯ ᠤᠨ ᠲᠤᠰᠬᠠᠶ ᠭᠠᠯᠳᠤ ᠲᠡᠷᠭᠡᠨ ᠤ ᠵᠤᠬᠢᠶᠠᠨ ᠪᠠᠶᠢᠭᠤᠯᠤᠭᠴᠢ ᠰᠦᠨ ᠢᠦᠶ᠄ ︽ᠪᠡᠭᠡᠵᠢᠩ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠵᠢᠭᠤᠯᠴᠢᠯᠠᠯ ᠳᠤ ᠤᠶᠢᠢᠯᠡᠴᠢᠯᠡᠬᠦ ᠭᠠᠵᠠᠷ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠵᠢᠴᠢ ᠬᠥᠬᠡᠬᠤᠲᠡ ᠶᠢᠨ ᠲᠡᠮᠦᠷ ᠵᠠᠮ ᠤᠨ ᠲᠣᠪᠴᠢᠶ᠎ᠠ ᠶᠢᠨ ᠵᠢᠭᠤᠯᠴᠢᠯᠠᠯ ᠵᠡᠷ ᠮᠡᠳᠡᠭᠡᠨ ᠤ ᠺᠣᠮᠫᠠᠨᠢ ᠶᠢᠨ ᠬᠦᠴᠦᠲᠡᠶ ᠳᠡᠮᠵᠢᠯᠭᠡ ᠳᠣᠤᠷ᠎ᠠ᠂ ︿ᠪᠡᠭᠡᠵᠢᠩ — ᠤᠯᠠᠭᠠᠨᠴᠠᠪ ᠤᠨ ᠵᠢᠭᠤᠯᠴᠢᠯᠠᠯ ᠤᠨ ᠲᠤᠰᠬᠠᠶ ᠭᠠᠯᠲᠤ ᠲᠡᠷᠭᠡ﹀ ᠪᠡᠭᠡᠵᠢᠩ ᠪᠤᠯᠤᠨ ᠥᠪᠥᠷ ᠮᠣᠩᠭᠤᠯ ᠤᠨ ᠵᠢᠭᠤᠯᠴᠢᠯᠠᠯ ᠤᠨ ᠣᠷᠣᠨ ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠪᠠ ᠨᠥᠬᠦᠷᠯᠡᠯ ᠪᠠᠶᠢᠭᠤᠯᠬᠤ ︿ᠰᠡᠳᠬᠢᠯ ᠢ ᠬᠤᠯᠪᠤᠭᠰᠠᠨ ᠲᠡᠷᠭᠡ﹀ ᠪᠣᠯᠤᠭᠰᠠᠨ ᠪᠠᠶᠢᠨ᠎ᠠ︾ ᠬᠡᠵᠤ ᠶᠠᠷᠢᠵᠠᠢ᠃         ᠣᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠮ ᠬᠠᠷᠢᠯᠴᠠᠭ᠎ᠠ ᠠᠭᠤᠷ ᠠᠮᠢᠰᠬᠤᠯ ᠵᠢᠴᠢ ᠵᠢᠭᠤᠯᠴᠢᠯᠠᠯ ᠤᠨ ᠡᠬᠢ ᠪᠠᠶᠠᠯᠢᠭ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠪᠡᠭᠡᠵᠢᠩ ᠬᠤᠲᠠ ᠴᠢᠭᠤᠯᠤᠯᠲᠤ ᠬᠠᠭᠠᠯᠭ᠎ᠠ ᠬᠤᠳᠡ ᠶᠢᠨ ᠬᠠᠮᠲᠤᠷᠠᠨ ᠡᠷᠬᠢᠯᠡᠬᠦ 2022 ᠤᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠯᠤᠲᠤ ᠶᠡᠭᠡ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠮᠵᠢᠵᠤ᠂ ᠮᠥᠰᠥ ᠴᠠᠰᠤᠨ ᠤ ᠵᠢᠭᠤᠯᠴᠢᠯᠠᠯ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠵᠦ᠂ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠴᠠᠨᠠᠯᠠᠬᠤ ᠲᠠᠯᠠᠪᠠᠢ ᠵᠡᠷᠭᠡ ᠭᠤᠣᠯᠳᠠᠯᠭ᠎ᠠ ᠲᠠᠢ ᠲᠥᠷᠦᠯ ᠵᠦᠢᠯ ᠢ ᠪᠦᠲᠦᠭᠡᠨ ᠪᠠᠶᠢᠭᠤᠯᠪᠠ᠃        ᠤᠯᠠᠭᠠᠨᠴᠠᠪ ᠤᠨ ᠮᠥᠰᠥ ᠴᠠᠰᠤᠨ ᠤ ᠤᠷᠠᠯᠢᠭ ᠤᠨ ᠨᠠᠶᠢᠷ᠂ ᠴᠠᠬᠠᠷ ᠤᠨ ᠡᠪᠦᠯ ᠤᠨ ᠤᠯᠠᠷᠢᠯ ᠤᠨ ᠮᠠᠰᠢᠨ ᠲᠡᠷᠭᠡᠨ ᠤ ᠬᠡᠭᠡᠷᠡᠯᠡᠬᠦ ᠤᠷᠤᠯᠳᠤᠭᠠᠨ᠂ ᠠᠷᠠᠳ ᠤᠨ ᠵᠠᠩ ᠤᠶᠢᠢᠯᠠ ᠶᠢᠨ ᠤᠨ ᠤ ᠬᠤᠷᠠᠯ ᠵᠡᠷᠭᠡ ᠪᠠᠶᠠᠷ ᠳᠤᠷᠠᠰᠬᠠᠯ ᠪᠠ ᠨᠠᠶᠢᠷ ᠨᠠᠭᠠᠳᠤᠮ᠂ ᠠᠷᠠᠰᠤᠨ ᠡᠳ᠋ᠯᠠᠯ ᠬᠤᠳᠠᠯᠳᠤᠨ ᠠᠪᠬᠤ + ᠴᠠᠰᠤᠨ ᠳᠤ ᠴᠠᠨᠠᠯᠠᠬᠤ + ᠬᠠᠯᠠᠭᠤᠨ ᠷᠠᠰᠢᠶᠠᠨ + ᠠᠷᠠᠳ ᠤᠨ ᠵᠠᠩ ᠤᠶᠢᠢᠯᠠ + ᠠᠮᠲᠠᠲᠤ ᠢᠳᠡᠭᠡᠨ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ︽ᠪᠡᠭᠡᠵᠢᠩ — ᠤᠯᠠᠭᠠᠨᠴᠠᠪ ᠲᠦᠷᠭᠡᠨ ᠤ ᠲᠡᠮᠦᠷ ᠵᠠᠮ ᠤᠨ ᠮᠥᠰᠥ ᠴᠠᠰᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠲᠤᠰᠬᠠᠶ ᠭᠠᠯᠲᠤ ᠲᠡᠷᠭᠡ︾᠎ ᠶᠢ ᠨᠡᠪᠲᠡᠷᠡᠭᠦᠯᠵᠡᠢ᠃      
         ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ          ᠪᠡᠯᠡᠳᠬᠡᠭᠰᠡᠨ ᠨᠢ᠄ ᠲᠤᠶᠠᠭ᠎ᠠ
 
ᠢᠷᠡᠯᠲᠡ᠄ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2