ᠵᠢᠨᠢᠩ ᠤᠨ ᠳᠠᠶᠢᠯᠠᠯᠳᠤᠭᠠᠨ ᠬᠢᠬᠡᠳ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠤᠷᠳᠤᠨ ︵ᠨᠢᠭᠡ︶
ᠨᠡᠶᠢᠲᠡᠯᠡᠭᠰᠡᠨ ᠴᠠᠭ᠄
2020/4/8
      ᠨᠢᠭᠡ᠂ ᠵᠢᠨᠢᠩ ᠤᠨ ᠳᠠᠶᠢᠯᠠᠯᠳᠤᠭᠠᠨ       ᠵᠢᠨᠢᠩ ᠨᠢ ᠡᠷᠲᠡᠨ ᠠᠴᠠ ᠪᠠᠨ ᠠᠪᠤᠭᠠᠳ ᠴᠡᠷᠢᠭ ᠳᠠᠶᠢᠨ ᠤ ᠴᠢᠬᠤᠯᠠ ᠭᠠᠵᠠᠷ ᠶᠤᠮ᠃ ᠵᠢᠨᠢᠩ ᠨᠢ ᠵᠡᠭᠦᠨ‌ᠬᠤᠶᠢᠲᠦ ᠤᠷᠤᠨ᠂ ᠤᠮᠠᠷᠠᠲᠤ ᠤᠷᠤᠨ᠂ ᠪᠠᠷᠠᠭᠤᠨ ᠬᠤᠶᠢᠲᠦ ᠤᠷᠤᠨ ᠢ ᠬᠤᠯᠪᠤᠭᠰᠠᠨ ᠴᠢᠬᠤᠯᠠ ᠵᠠᠮ ᠬᠠᠷᠢᠯᠴᠠᠭᠠᠨ ᠤ ᠪᠠᠭᠠᠯᠵᠤᠤᠷ ᠭᠠᠵᠠᠷ ᠪᠠᠶᠢᠵᠦ᠂ ᠶᠠᠫᠤᠨ ᠢ ᠡᠰᠡᠷᠭᠦᠴᠡᠬᠦ ᠳᠠᠶᠢᠨ ᠤ ᠳᠠᠷᠠᠭ᠎ᠠ ᠵᠢᠨᠢᠩ ᠨᠢ ᠰᠦᠶᠶᠤᠸᠠᠨ ᠮᠤᠵᠢ ᠶᠢᠨ ᠵᠡᠭᠦᠨ ᠬᠡᠰᠡᠭ ᠤᠨ ᠴᠢᠬᠤᠯᠠ ᠭᠠᠵᠠᠷ ᠪᠤᠯᠤᠭᠰᠠᠨ ᠪᠠᠶᠢᠨ᠎ᠠ᠃ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠵᠢᠨᠢᠩ ᠤᠨ ᠵᠡᠭᠦᠨ ᠪᠠᠷᠠᠭᠤᠨ ᠬᠤᠶᠠᠷ ᠲᠠᠯ᠎ᠠ ᠨᠢ ᠡᠪ ᠬᠠᠮᠲᠦ ᠨᠠᠮ ᠤᠨ ᠱᠠᠨ ᠰᠢ ᠴᠠᠬᠠᠷ ᠾᠧᠪᠸᠢ ᠶᠢᠨ ᠰᠠᠭᠤᠷᠢᠨ ᠭᠠᠵᠠᠷ ᠪᠤᠯᠤᠨ ᠱᠠᠨ ᠰᠢ ᠰᠦᠶᠶᠤᠸᠠᠨ ᠤ ᠰᠠᠭᠤᠷᠢᠨ ᠭᠠᠵᠠᠷ ᠤᠨ ᠰᠦᠶᠶᠤᠸᠠᠨ ᠮᠤᠩᠭᠤᠯ ᠤᠨ ᠴᠡᠷᠢᠭ ᠤᠨ ᠲᠤᠭᠤᠷᠢᠭ ᠤᠨ ᠦᠷᠦᠴᠡ ᠤᠷᠤᠨ ᠪᠤᠯᠤᠨ᠎ᠠ᠃ ᠵᠢᠨᠢᠩ ᠤᠨ ᠤᠨᠴᠠᠭᠠᠢ ᠭᠠᠵᠠᠷ ᠵᠦᠢ ᠶᠢᠨ ᠪᠠᠶᠢᠷᠢᠰᠢᠯᠠᠯ ᠠᠴᠠ ᠪᠠᠨ ᠪᠤᠯᠤᠭᠠᠳ ᠭᠤᠮᠢᠨᠳᠠᠩ ᠡᠪ ᠬᠠᠮᠲᠦ ᠨᠠᠮ ᠬᠤᠶᠠᠷ ᠲᠠᠯ᠎ᠠ ᠪᠠᠷ ᠢᠶᠠᠨ ᠪᠦᠷ ᠬᠦᠨᠳᠦᠳᠭᠡᠨ ᠦᠵᠡᠵᠦ᠂ ᠴᠢᠯᠦᠭᠡᠯᠡᠬᠦ ᠳᠠᠶᠢᠨ ᠤ ᠦᠶ᠎ᠡ ᠳᠤ ᠠᠯᠳᠠᠷᠲᠠᠢ ᠵᠢᠨᠢᠩ ᠤᠨ ᠳᠠᠶᠢᠯᠠᠯᠳᠤᠭᠠᠨ ᠡᠭᠦᠰᠴᠠᠢ᠃       ᠰᠦᠶᠶᠤᠸᠠᠨ ᠤ ᠳᠠᠶᠢᠯᠠᠯᠳᠤᠭᠠᠨ ᠬᠢᠭᠡᠳ ᠵᠢᠨᠢᠩ ᠤᠷᠤᠨ       ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠵᠢᠨᠢᠩ ᠨᠢ ᠬᠤᠩᠭᠢᠯᠲᠦ ᠶᠢᠨ ᠶᠠᠫᠤᠨ ᠢ ᠡᠰᠡᠷᠭᠦᠴᠡᠬᠦ ᠳᠠᠶᠢᠨ ᠤ ᠡᠮᠦᠨ᠎ᠡ ᠹᠠᠷᠤᠨᠲ ᠤᠨ ᠵᠢᠯᠤᠭᠤᠳᠬᠤ ᠭᠠᠵᠠᠷ ᠪᠤᠯᠤᠭᠰᠠᠨ ᠪᠠᠶᠢᠨ᠎ᠠ᠃ 1937 ᠤᠨ ᠤ 9 ᠰᠠᠷ᠎ᠠ ᠳᠤ ᠵᠢᠨᠢᠩ ᠨᠢ ᠶᠠᠫᠤᠨ ᠳᠤ ᠡᠵᠡᠯᠡᠭᠳᠡᠵᠦ᠂ 1945 ᠤᠨ ᠤ 8 ᠰᠠᠷ᠎ᠠ ᠶᠢᠨ 22᠎ ᠤ ᠡᠳᠦᠷ ᠡᠪ ᠬᠠᠮᠲᠦ ᠨᠠᠮ ᠤᠨ ᠯᠢᠦ ᠰᠦ᠋ ᠶᠢᠨ ᠴᠤᠪᠤᠭ᠎ᠠ ᠠᠩᠭᠢ ᠵᠢᠨᠢᠩ ᠢ ᠪᠤᠴᠠᠭᠠᠨ ᠠᠪᠴᠤ᠂ 23᠎ ᠤ ᠡᠳᠦᠷ ᠴᠢᠭᠤᠯᠤᠯᠲᠦ ᠬᠠᠭᠠᠯᠭ᠎ᠠ ᠶᠢ ᠪᠤᠴᠠᠭᠠᠨ ᠠᠪᠤᠨ᠂ ᠴᠢᠭᠤᠯᠤᠯᠲᠦ ᠬᠠᠭᠠᠯᠭ᠎ᠠ ᠨᠢ ᠡᠪ ᠬᠠᠮᠲᠦ ᠨᠠᠮ ᠤᠨ ᠡᠵᠡᠯᠡᠭᠰᠡᠨ ᠠᠩᠬᠠᠳᠠᠭᠴᠢ ᠲᠤᠮᠤ ᠬᠤᠲᠠ ᠪᠤᠯᠵᠤ᠂ ᠱᠠᠨ ᠰᠢ ᠴᠠᠬᠠᠷ ᠾᠧᠪᠸᠢ ᠶᠢᠨ ᠰᠠᠭᠤᠷᠢᠨ ᠭᠠᠵᠠᠷ ᠤᠨ ᠲᠦᠪ ᠪᠤᠯᠤᠭᠰᠠᠨ ᠪᠠᠶᠢᠨ᠎ᠠ᠃       ᠶᠠᠫᠣᠨ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ ᠤ ᠲᠠᠷᠠᠭ᠎ᠠ᠂ ᠭᠤᠮᠢᠨᠳᠠᠩ ᠡᠪ ᠬᠠᠮᠲᠤ ᠨᠠᠮ ᠲᠠᠢ‌ᠨᠠᠶᠢᠷᠠᠮᠳᠠᠯ ᠤᠨ ᠬᠡᠯᠡᠯᠴᠡᠭᠡ ᠬᠢᠬᠦ ᠶᠢᠨ ᠬᠠᠮᠲᠤ᠂ ᠶᠡᠭᠡ ᠬᠡᠮᠵᠢᠶᠡᠨ ᠤ ᠴᠡᠷᠢᠭ ᠤᠨ ᠬᠦᠴᠦᠨ ᠢ ᠰᠢᠯᠵᠢᠭᠦᠯᠦᠨ ᠴᠢᠯᠥᠭᠡᠯᠡᠭᠳᠡᠭᠰᠡᠨ ᠣᠷᠣᠨ ᠵᠦᠭ ᠳᠣᠪᠲᠣᠯᠪᠠ᠂ 1945 ᠤᠨ ᠤ 8 ᠰᠠᠷ᠎ᠠ ᠶᠢᠨ ᠳᠤᠮᠳᠠᠴᠢ ᠠᠴᠠ 9 ᠰᠠᠷ᠎ᠠ ᠶᠢᠨ ᠡᠬᠢᠨ ᠳᠤ ᠭᠤᠮᠢᠨᠳᠠᠩ ᠤᠨ ᠴᠡᠷᠢᠭ ᠤᠨ 12 ᠳ᠋ᠤᠭᠠᠷ ᠪᠠᠶᠢᠯᠳᠤᠭᠠᠨ ᠤ ᠲᠣᠭᠤᠷᠢᠭ ᠤᠨ ᠰᠧᠯᠢᠩ ᠹᠦ᠋ ᠽᠦᠸᠧ ᠢ ᠲᠡᠭᠦᠨ ᠤ ᠭᠤᠤᠯ ᠬᠦᠴᠦᠨ ᠤ ᠴᠡᠷᠢᠭ ᠠᠩᠭᠢ ᠪᠠ ᠪᠠᠭᠤᠯᠭᠠᠨ ᠠᠪᠴᠤ ᠦᠭᠡᠷᠡᠴᠢᠯᠡᠨ ᠪᠠᠶᠢᠭᠤᠯᠤᠭᠰᠠᠨ 6 ᠲᠦᠮᠡ ᠭᠠᠷᠤᠶ ᠬᠠᠭᠤᠷᠮᠠᠭ ᠴᠡᠷᠢᠭ ᠢ ᠰᠢᠯᠵᠢᠭᠦᠯᠦᠨ᠂ ᠬᠦᠢᠰᠦ᠋ᠢ ︵ᠣᠳᠣ ᠶᠢᠨ ᠬᠥᠬᠡᠬᠤᠲᠠ︶᠎ ᠶᠢ ᠡᠵᠡᠯᠡᠭᠰᠠᠨ ᠤ ᠳᠠᠷᠠᠭ᠎ᠠ ᠵᠠᠯᠭᠠᠪᠠᠷ ᠦᠴᠤᠸᠠᠨ᠂ ᠵᠦᠸᠧ ᠽᠢ ᠱᠠᠨ ︵ᠵᠦᠸᠧᠽᠢ ᠰᠢᠶᠠᠨ︶᠂ ᠴᠢᠩ ᠱᠦᠶ ᠾᠧ᠂ ᠯᠢᠶᠠᠩᠴᠧᠩ᠂ ᠵᠢᠨᠢᠩ᠂ ᠹᠧᠩᠵᠧᠨ᠂ ᠰᠢᠩ ᠾᠧ᠂ ᠱᠠᠩ ᠢ ᠵᠢᠴᠢ ᠰᠦᠶᠶᠤᠸᠠᠨ ᠤ ᠵᠡᠭᠦᠨ ᠬᠡᠰᠡᠭ ᠪᠤᠯᠤᠨ ᠡᠮᠦᠨᠡᠲᠦ ᠬᠡᠰᠡᠭ ᠤᠨ ᠥᠷᠭᠡᠨ ᠠᠭᠤᠳᠠᠮ ᠭᠠᠵᠠᠷ ᠣᠷᠣᠨ ᠢ ᠡᠵᠡᠯᠡᠭᠰᠡᠨ ᠪᠠᠶᠢᠨ᠎ᠠ᠃ ᠮᠦᠨ ᠴᠢᠭᠤᠯᠤᠯᠲᠤ ᠬᠠᠭᠠᠯᠭ᠎ᠠ ᠶᠢ ᠡᠵᠡᠯᠡᠨ᠂ ᠫᠢᠩ — ᠰᠦᠶ ᠲᠡᠮᠦᠷ ᠵᠠᠮ ︵ᠪᠧᠶᠢᠫᠢᠩ — ᠭᠦᠢᠰᠦ᠋ᠢ︶᠎ ᠤᠨ ᠪᠦᠬᠦ ᠱᠤᠭᠤᠮ ᠢ ᠡᠷᠬᠡᠰᠢᠶᠡᠯ ᠳᠡᠭᠡᠨ ᠣᠷᠣᠭᠤᠯᠵᠤ᠂ ᠭᠤᠮᠢᠨᠳᠠᠩ ᠡᠪ ᠬᠠᠮᠲᠤ ᠨᠠᠮ ᠤᠨ ᠬᠡᠯᠡᠯᠴᠡᠭᠡᠷ ᠲᠤ ᠡᠪ ᠬᠠᠮᠲᠤ ᠨᠠᠮ ᠢ ᠠᠰᠢᠭ ᠦᠭᠡᠢ ᠪᠠᠶᠢᠷᠢᠨ ᠳᠤ ᠠᠯᠪᠠᠲᠠᠨ ᠤᠷᠤᠭᠤᠯᠬᠤ ᠪᠠᠷ ᠭᠤᠷᠢᠳᠠᠵᠠᠶ᠃       ᠭᠤᠮᠢᠨᠳᠠᠩ ᠤᠨ ᠴᠡᠷᠢᠭ ᠤᠨ ᠳᠣᠪᠲᠣᠯᠤᠯᠲᠠ ᠶᠢ ᠬᠡᠳᠡᠷᠬᠦ ᠴᠣᠬᠢᠵᠤ᠂ ᠹᠦ᠋ ᠽᠦᠸᠧ ᠢ ᠶᠢᠨ ᠭᠤᠤᠯ ᠬᠦᠴᠦᠨ ᠢ ᠤᠰᠠᠳᠬᠠᠵᠤ᠂ ᠭᠦᠢᠰᠦᠢ ᠶᠢ ᠡᠭᠡᠭᠦᠯᠦᠨ ᠠᠪᠴᠤ᠂ ᠰᠦᠶᠶᠤᠸᠠᠨ ᠢ ᠴᠢᠯᠥᠭᠡᠯᠡᠵᠦ᠂ ᠴᠢᠭᠤᠯᠤᠯᠲᠤ ᠬᠠᠭᠠᠯᠭ᠎ᠠ ᠪᠠᠷ ᠲᠦᠪ ᠪᠣᠯᠭᠠᠭᠰᠠᠨ ᠪᠠᠶᠢᠯᠳᠤᠬᠤ ᠪᠣᠳᠣᠯᠭ᠎ᠠ ᠶᠢᠨ ᠰᠠᠭᠤᠷᠢᠨ ᠭᠠᠵᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠱᠠᠨ ᠰᠢ ᠴᠠᠬᠠᠷ ᠾᠧᠪᠸᠢ ᠶᠢᠨ ᠴᠡᠷᠢᠭ ᠤᠨ ᠲᠣᠭᠤᠷᠢᠭ ᠪᠤᠯᠤᠨ ᠱᠠᠨ ᠰᠢ ᠰᠦᠶᠶᠤᠸᠠᠨ ᠤ ᠴᠡᠷᠢᠭ ᠤᠨ ᠲᠣᠭᠤᠷᠢᠭ ᠤᠨ ᠭᠤᠤᠯ ᠴᠡᠷᠢᠭ ᠤᠨ ᠬᠦᠴᠦᠨ ᠢ ᠵᠣᠬᠢᠶᠠᠨ ᠪᠠᠶᠢᠭᠤᠯᠵᠤ᠂ ᠰᠦᠶᠶᠤᠸᠠᠨ ᠤ ᠳᠠᠶᠢᠯᠠᠯᠳᠤᠭᠠᠨ ᠢ ᠵᠣᠬᠢᠶᠠᠨ ᠪᠠᠶᠢᠭᠤᠯᠬᠤ ᠬᠡᠷᠡᠭᠲᠡᠶ ᠭᠡᠵᠦ ᠵᠢᠭᠠᠪᠤᠷᠢᠯᠠᠭᠰᠠᠨ ᠪᠥᠭᠡᠳ ᠡᠨᠡ ᠬᠦ ᠳᠠᠶᠢᠯᠠᠯᠳᠤᠭᠠᠨ ᠨᠢ ᠮᠠᠨ ᠤ ᠨᠠᠮ ᠤᠨ ᠤᠮᠠᠷᠠᠲᠤ ᠣᠷᠣᠨ ᠳᠠᠬᠢ ᠪᠠᠶᠢᠷᠢ ᠰᠠᠭᠤᠷᠢ ᠪᠣᠯᠤᠨ ᠪᠦᠬᠦ ᠤᠯᠤᠰ ᠤᠨ ᠡᠩᠬᠡ ᠲᠠᠶᠢᠪᠤᠩ ᠪᠠᠶᠢᠳᠠᠯ ᠢ ᠲᠡᠮᠡᠴᠡᠨ ᠣᠯᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ᠂ ᠡᠷᠬᠡᠪᠰᠢ ᠹᠦ᠋ ᠽᠦᠸᠧ ᠢ ᠶᠢᠨ ᠭᠤᠤᠯ ᠬᠦᠴᠦᠨ ᠢ ᠤᠰᠠᠳᠬᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠢᠭᠠᠪᠤᠷᠢ ᠶᠢ ᠦᠨᠳᠦᠰᠦᠯᠡᠨ᠂ ᠱᠠᠨ ᠰᠢ ᠴᠠᠬᠠᠷ ᠾᠧᠪᠸᠢ  ᠶᠢᠨ ᠴᠡᠷᠢᠭ ᠤᠨ ᠲᠣᠭᠤᠷᠢᠭ ᠤᠨ ᠰᠧᠯᠢᠩᠶᠤᠸᠠᠨ ᠪᠥᠭᠡᠳ ᠤᠯᠤᠰ ᠲᠥᠷᠥ ᠶᠢᠨ ᠭᠡᠰᠢᠭᠦᠨ ᠨᠢᠶᠧ ᠷᠦᠩ ᠵᠧᠨ ᠱᠠᠨ ᠰᠢ ᠰᠦᠶᠶᠤᠸᠠᠨ ᠤ ᠴᠡᠷᠢᠭ ᠤᠨ ᠲᠣᠭᠤᠷᠢᠭ ᠤᠨ ᠰᠧᠯᠢᠩᠶᠤᠸᠠᠨ ᠾᠧ ᠯᠦᠩ 14 ᠪᠠᠷᠢᠭᠠᠳᠠ ᠶᠢᠨ 53000 ᠭᠠᠷᠤᠶ ᠬᠥᠮᠦᠨ ᠤ ᠴᠡᠷᠢᠭ ᠤᠨ ᠬᠦᠴᠦᠨ ᠢ ᠲᠥᠪᠯᠡᠷᠡᠭᠦᠯᠦᠨ 10 ᠰᠠᠷ᠎ᠠ ᠶᠢᠨ 18᠎ ᠤ ᠡᠳᠦᠷ ᠰᠦᠶᠶᠤᠸᠠᠨ ᠤ ᠳᠠᠶᠢᠯᠠᠯᠳᠤᠭᠠᠨ ᠢ ᠵᠤᠬᠢᠶᠠᠨ ᠪᠠᠶᠢᠭᠤᠯᠤᠭᠰᠠᠨ ᠪᠠᠶᠢᠨ᠎ᠠ᠃       ᠱᠠᠨ ᠰᠢ ᠴᠠᠬᠠᠷ ᠾᠧᠪᠸᠢ ᠶᠢᠨ ᠴᠡᠷᠢᠭ ᠤᠨ ᠲᠣᠭᠤᠷᠢᠭ ᠤᠨ ᠴᠡᠷᠢᠭ ᠠᠩᠭᠢ ᠲᠣᠬᠢᠶᠠᠯ ᠢ ᠳᠠᠯᠢᠮᠳᠠᠭᠤᠯᠤᠨ ᠪᠠᠷᠠᠭᠤᠨᠰᠢ ᠬᠥᠭᠵᠢᠵᠦ᠂ 1945 ᠤᠨ ᠤ 10 ᠰᠠᠷ᠎ᠠ ᠶᠢᠨ 21᠎ ᠤ ᠡᠳᠦᠷ ᠹᠧᠩᠵᠧᠨ ᠢ ᠡᠵᠡᠯᠡᠨ᠂ 24᠎ ᠤ ᠡᠳᠦᠷ ᠵᠢᠨᠢᠩ ᠢ ᠡᠵᠡᠯᠡᠨ᠂ ᠰᠠᠬᠢᠭᠤᠯ ᠳᠠᠶᠢᠰᠤᠨ ᠵᠠᠪᠰᠢᠶᠠᠨ ᠢ ᠳᠠᠯᠢᠮᠳᠠᠭᠤᠯᠤᠨ ᠪᠠᠷᠠᠭᠤᠨᠰᠢ ᠤᠬᠤᠷᠢᠪᠠ᠃ ᠱᠠᠨ ᠰᠢ ᠰᠦᠶᠶᠤᠸᠠᠨ ᠤ ᠴᠡᠷᠢᠭ ᠤᠨ ᠲᠣᠭᠤᠷᠢᠭ ᠤᠨ ᠴᠡᠷᠢᠭ ᠠᠩᠭᠢ ᠵᠦᠸᠧ ᠽᠢ ᠱᠠᠨ ᠳᠤ ᠳᠠᠭᠠᠷᠢᠯᠲᠠ ᠶᠠᠪᠤᠭᠤᠯᠵᠤ᠂ 25᠎ ᠤ ᠡᠳᠦᠷ ᠭᠤᠮᠢᠨᠳᠠᠩ ᠢ 5000 ᠭᠠᠷᠤᠶ ᠰᠥᠨᠥᠭᠡᠪᠡ᠃ ᠵᠦᠸᠧ ᠽᠢ ᠱᠠᠨ ᠤ ᠪᠠᠶᠢᠯᠳᠤᠭᠠᠨ ᠤ ᠳᠠᠷᠠᠭ᠎ᠠ᠂ ᠹᠦ᠋‌‍ᠽᠦ᠋ᠸᠧ ᠢ ᠶᠢᠨ ᠴᠡᠷᠢᠭ ᠤᠨ ᠭᠤᠤᠯ ᠬᠦᠴᠦᠨ 26᠎ ᠤ ᠡᠳᠦᠷ ᠪᠦᠬᠦ ᠱᠤᠭᠤᠮ ᠢᠶᠠᠷ ᠢᠶᠠᠨ ᠪᠠᠷᠠᠭᠤᠨᠰᠢ ᠬᠦᠢᠰᠦ᠋ᠢ ᠳᠤ ᠤᠬᠤᠷᠢᠨ ᠰᠠᠬᠢᠪᠠ᠃         ᠰᠦᠶᠶᠤᠸᠠᠨ ᠤ ᠳᠠᠶᠢᠯᠠᠯᠳᠤᠭᠠᠨ ᠨᠢ 52 ᠡᠳᠦᠷ ᠦᠷᠭᠦᠯᠵᠢᠯᠡᠵᠦ᠂ ᠳᠠᠶᠢᠰᠦᠨ ᠤ ᠴᠡᠷᠢᠭ ᠢ 1.2 ᠲᠦᠮᠡ ᠭᠠᠷᠤᠶ ᠤᠰᠠᠳᠬᠠᠵᠠᠢ᠃    
    ᠰᠦᠶᠶᠤᠸᠠᠨ ᠤ ᠳᠠᠶᠢᠯᠠᠯᠳᠤᠭᠠᠨ ᠤ ᠦᠩᠭᠡᠷᠡᠯᠲᠡ ᠶᠢᠨ ᠵᠢᠷᠤᠭ  
    ᠰᠦᠶᠶᠤᠸᠠᠨ ᠤ ᠳᠠᠶᠢᠯᠠᠯᠳᠤᠭᠠᠨ ᠤ ᠶᠡᠷᠦᠩᠬᠡᠢ ᠵᠢᠯᠤᠭᠤᠳᠤᠭᠴᠢ ᠨᠢᠶᠧ ᠷᠦᠩ ᠵᠧᠨ  
      1945 ᠤᠨ ᠤ 10 ᠰᠠᠷ᠎ᠠ ᠳᠤ᠂ ᠱᠠᠨ ᠰᠢ ᠰᠦᠶᠶᠤᠸᠠᠨ ᠤ ᠮᠠᠨ ᠤ  ᠴᠡᠷᠢᠭ ᠰᠦᠶᠶᠤᠸᠠᠨ ᠤ ᠡᠮᠦᠨ᠎ᠡ ᠹᠷᠣᠨᠲ ᠲᠤ ᠬᠦᠷᠴᠦ᠂ ᠴᠢᠯᠥᠭᠡᠯᠡᠭᠳᠡᠭᠰᠡᠨ ᠣᠷᠣᠨ ᠢ  ᠳᠣᠪᠲᠣᠯᠤᠭᠰᠠᠨ ᠭᠤᠮᠢᠨᠳᠠᠩ ᠤᠨ ᠴᠡᠷᠢᠭ ᠢ ᠤᠭᠲᠤᠨ ᠴᠣᠬᠢᠪᠠ    
     ᠰᠦᠶᠶᠤᠸᠠᠨ ᠤ ᠳᠠᠶᠢᠯᠠᠯᠳᠤᠭᠠᠨ ᠤ ᠡᠮᠦᠨ᠎ᠡ ᠹᠷᠣᠨᠲ    
    1945 ᠤᠨ ᠾᠧ ᠯᠦᠩ ︵ᠪᠠᠷᠠᠭᠤᠨ ᠠᠴᠠ ᠳᠥᠷᠪᠡᠳᠦᠭᠡᠷ︶᠎ ᠤᠨ ᠤᠳᠤᠷᠢᠳᠤᠭᠰᠡᠨ ᠴᠡᠷᠢᠭ ᠠᠩᠭᠢ ᠯᠢᠶᠠᠩᠴᠧᠩ ᠳᠤ                     ᠢᠷᠡᠯᠲᠡ᠄ ᠤᠯᠠᠭᠠᠨᠴᠠᠪ ᠬᠤᠲᠡ ᠶᠢᠨ ᠵᠠᠰᠠᠭ ᠤᠨ ᠤᠷᠳᠤᠨ ᠤ  ᠮᠤᠩᠭᠤᠯ ᠰᠦᠯᠵᠢᠶ᠎ᠡ                     ᠨᠠᠶᠢᠷᠠᠭᠤᠯᠤᠭᠴᠢ᠄ ᠡᠷᠳᠡᠨᠢᠴᠤᠭᠲᠦ                     ᠬᠢᠨᠠᠭᠴᠢ᠄ ᠭᠡᠷᠡᠯᠲᠦ  
 
ᠢᠷᠡᠯᠲᠡ᠄ ᠤᠯᠠᠭᠠᠨᠴᠠᠪ ᠬᠤᠲᠡ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2