ᠵᠢᠱᠢᠯᠲᠡ ᠪᠠᠷ ᠪᠥᠬᠦ ᠤᠯᠤᠰ ᠤᠨ 5G ᠰᠠᠭᠤᠷᠢ ᠥᠷᠲᠡᠭᠡ 60 ᠲᠦᠮᠡ ᠶᠢ ᠳᠠᠪᠠᠭ᠋ᠤ ᠪᠣᠯᠤᠨ᠎ᠠ
ᠨᠡᠶᠢᠲᠡᠯᠡᠭᠰᠡᠨ ᠴᠠᠭ᠄
2020/4/8
              ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 31᠎ ᠤ ᠡᠳᠦᠷ ᠤᠨ ᠮᠡᠳᠡᠭᠡ ︵ᠰᠤᠷᠪᠤᠯᠵᠢᠯᠠᠭᠴᠢ  ᠵᠠᠩ  ᠰᠢᠨ‌‍ᠰᠢᠨ︶  ᠰᠤᠷᠪᠤᠯᠵᠢᠯᠠᠭᠴᠢ  31᠎ ᠤ  ᠡᠳᠦᠷ  ᠠᠵᠤ   ᠦᠢᠯᠡᠳᠪᠦᠷᠢ  ᠪᠠ  ᠮᠡᠳᠡᠭᠡ ᠵᠠᠩᠬᠢᠴᠢᠯᠠᠯᠳᠠ ᠶᠢᠨ ᠶᠠᠮᠤᠨ ᠡᠴᠠ‌ᠤᠶᠢᠯᠠᠭᠠᠬᠰᠠᠨ ᠢᠶᠠᠷ᠄ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠶᠠᠮᠤᠨ  5G  ᠰᠦᠯᠵᠢᠶᠡᠨ ᠤ  ᠪᠥᠲᠥᠭᠡᠨ‌‍ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠪᠠᠷ ᠪᠤᠢ᠂ ᠵᠢᠱᠢᠯᠲᠡ ᠪᠠᠷ ᠵᠢᠯ ᠤᠨ ᠡᠴᠦᠰ ᠲᠤ ᠪᠥᠬᠦ ᠤᠯᠤᠰ ᠤᠨ5G ᠰᠠᠭᠤᠷᠢ ᠥᠷᠲᠡᠭᠡ ᠶᠢᠨ ᠲᠤᠭ᠎ᠠ 60 ᠲᠦᠮᠡ ᠶᠢ ᠳᠠᠪᠠᠵᠤ᠂ ᠲᠤᠰᠬᠠᠶ ᠣᠷᠣᠨ ᠤ ᠲᠠᠰ ᠤᠨ ᠬᠤᠲᠠ ᠶᠢᠨ ᠬᠡᠷ ‍ᠤᠨ‌ᠭᠠᠳᠠᠨᠠᠬᠢ ᠶᠢ ᠦᠷᠬᠦᠯᠵᠢᠯᠡᠨ ᠪᠦᠷᠬᠦᠬᠦᠯᠬᠦ᠂  ᠰᠢᠶᠠᠨ  ᠵᠢᠴᠢ  ᠰᠢᠶᠠᠩ  ᠪᠠᠯᠭᠠᠰᠤ ᠶᠢ  ᠭᠤᠤᠯᠳᠠᠯᠭ᠎ᠠ ᠲᠠᠢ ᠪᠠᠷ  ᠪᠦᠷᠬᠦᠬᠦᠯᠬᠦ᠂ᠭᠤᠤᠯᠳᠠᠯᠭ᠎ᠠ ᠪᠤᠯᠬᠤ ᠲᠠᠯᠠᠪᠠᠶ ᠭᠠᠵᠠᠷ ᠤᠨ ᠬᠡᠷ ᠤᠨ ᠳᠣᠲᠣᠷ᠎ᠠ ᠪᠦᠷᠬᠦᠬᠦᠯᠬᠦ ᠶᠢ ᠪᠡᠶᠡᠯᠡᠭᠦᠯᠬᠦ ᠪᠤᠯᠦᠨ᠎ᠡ᠃             ᠣᠶᠢᠷ᠎ᠠ ᠶᠢᠨ ᠵᠢᠯ ᠤᠳ ᠲᠤ᠂  ᠮᠠᠨ ᠤ  ᠤᠯᠤᠰ ᠤᠨ  5G᠎ ᠶᠢᠨ  ᠬᠥᠭᠵᠢᠯᠲᠡ  ᠢᠯᠡᠳᠲᠡ  ᠦᠷ᠎ᠡ  ᠪᠦᠲᠦᠮᠵᠢ ᠤᠯᠪᠠ᠃ 2 ᠰᠠᠷ᠎ᠠ ᠶᠢᠨ ᠡᠴᠦᠰ ᠪᠣᠯᠲᠠᠯ᠎ᠠ᠂ ᠪᠥᠬᠦ  ᠤᠯᠤᠰ ᠤᠨ  ᠪᠥᠲᠥᠭᠡᠨ ᠪᠠᠶᠢᠭᠤᠯᠤᠬᠰᠠᠨ 5G  ᠰᠠᠭᠤᠷᠢ ᠥᠷᠲᠡᠭᠡ16.4 ᠲᠦᠮᠡ ᠳᠤ ᠬᠥᠷᠪᠡ᠃ 5G ᠠᠵᠤ ᠦᠢᠯᠡᠰ ᠤᠨ ᠠᠮᠢ ᠠᠬᠤᠶ ᠠᠯᠬᠤᠮ ᠠᠯᠬᠤᠮ ᠢᠶᠠᠷ ᠪᠣᠯᠪᠠᠰᠤᠷᠠᠩᠭᠤᠶ ᠪᠣᠯᠵᠣ᠂ 3ᠰᠠᠷ᠎ᠠ ᠶᠢᠨ 26᠎ ᠤ ᠡᠳᠦᠷ ᠪᠣᠯᠲᠠᠯ᠎ᠠ᠂ ᠮᠠᠨ ᠤ ᠤᠯᠤᠰ ᠤᠨ 5G ᠭᠠᠷ ᠤᠲᠠᠰᠤᠨ ᠤ ᠦᠢᠯᠡᠳᠬᠦᠨ ᠤ  ᠬᠡᠯᠪᠡᠷᠢ  ᠮᠠᠶ᠋ᠢᠭ  ᠎ ᠨᠢ 76 ᠵᠦᠢᠯ ᠪᠤᠯᠵᠤ᠂ ᠪᠠᠷᠠᠭ᠎ᠠ ᠭᠠᠷᠭᠠᠭᠰᠠᠨ ᠬᠡᠮᠵᠢᠶ᠎ᠡ ᠨᠢ ᠨᠡᠶᠢᠲᠡ 2600 ᠲᠦᠮᠡ ᠶᠢ ᠳᠠᠪᠠᠵᠡᠢ᠃                                           ᠢᠷᠡᠯᠲᠡ᠄ ᠠᠷᠠᠳ ᠤᠨ ᠰᠦᠯᠵᠢᠶ᠎ᠡ                                   ᠪᠡᠯᠡᠳᠬᠡᠭᠰᠡᠨ ᠨᠢ᠄ ᠲᠤᠶᠠᠭ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2