ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ  5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/5/14
      2020 ᠣᠨ ᠤ 4 ᠰᠠᠷ᠎ᠠ ᠶᠢᠨ 1᠎ ᠤ ᠡᠳᠦᠷ᠂  ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ  ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶ ᠬᠤᠩ  ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠶᠢᠲᠡ ᠶᠢᠨ ᠵᠣᠷᠯᠣᠩ ᠢ ᠰᠡᠯᠪᠢᠨ ᠵᠠᠰᠠᠵᠤ ᠥᠭᠡᠷᠡᠴᠢᠯᠡᠬᠦ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠪᠠᠶᠢᠭᠤᠯᠬᠤ ᠵᠡᠷᠭᠡ ᠲᠥᠷᠥᠯ ᠵᠦᠶᠯ ᠢ ᠰᠤᠳᠤᠯᠪᠠ᠃  ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄      ᠬᠤᠷᠠᠯ ᠠᠴᠠ ︽ᠶᠡᠷᠦᠩᠬᠡᠶ ᠱᠦᠵᠢ ᠰᠢ ᠶᠢᠨ ᠫᠢᠩ ᠤᠨ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ  ᠠᠷᠭᠠᠴᠠᠭᠠᠬᠤ ᠣᠨᠴᠠᠭᠠᠶ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ︾᠂ 3 ᠰᠠᠷ᠎ᠠ ᠶᠢᠨ 27᠎ ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ 3 ᠰᠠᠷ᠎ᠠ ᠶᠢᠨ 30᠎ ᠤ ᠡᠳᠦᠷ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ 3 ᠰᠠᠷ᠎ᠠ ᠶᠢᠨ 31᠎ ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠤᠪᠧᠶ ᠮᠤᠵᠢ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶ᠎ᠠ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠠᠶᠢᠷᠢᠯᠠᠭᠤᠯᠬᠤ ᠶᠢᠨ ᠬᠠᠮᠲᠤ ᠵᠢᠨᠢᠩ ᠲᠣᠭᠤᠷᠢᠭ ᠤᠨ ᠲᠥᠰᠦᠪ ᠤᠨ ᠳᠣᠲᠣᠷᠠᠬᠢ ᠪᠡᠯᠡ ᠤᠷᠤᠭᠤᠯᠤᠯᠳᠠ ᠶᠢᠨ ᠲᠥᠷᠥᠯ ᠵᠦᠶᠯ᠂ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠶᠯ᠂ ᠴᠢᠬᠤᠯᠠ ᠶᠡᠭᠡ ᠲᠥᠷᠥᠯ ᠵᠦᠶᠯ ᠤᠨ ᠠᠬᠢᠴᠠ ᠵᠢᠴᠢ ᠭᠤᠤᠯᠳᠠᠯᠭ᠎ᠠ ᠲᠠᠢ ᠲᠥᠷᠥᠯ ᠵᠦᠶᠯ ᠤᠨ ᠭᠠᠷᠳᠠᠮ ᠭᠦᠶᠴᠡᠳᠬᠡᠬᠦ ᠬᠠᠮᠢᠶ᠎ᠠ ᠪᠦᠬᠦᠢ ᠤᠴᠢᠷ ᠶᠠᠪᠤᠳᠠᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠭᠰᠠᠨ ᠰᠠᠭᠤᠷᠢᠨ ᠳᠡᠭᠡᠷ᠎ᠡ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ  ᠠᠯᠬᠤᠮ ᠳᠡᠭᠡᠭᠰᠢᠯᠡᠭᠦᠯᠵᠦ᠂ ︽ᠭᠠᠳᠠᠨ᠎ᠠ ᠠᠴᠠ ᠤᠷᠤᠬᠤ ᠢ ᠰᠡᠷᠭᠡᠶᠢᠯᠡᠨ  ᠂ ᠳᠣᠲᠣᠭᠠᠳᠤ ᠳᠠᠭᠠᠨ ᠠᠬᠢᠨ ᠨᠡᠮᠡᠭᠳᠡᠬᠦ ᠶᠢ ᠰᠡᠷᠭᠡᠶᠢᠯᠡᠬᠦ︾ ᠶᠡᠷᠦᠩᠬᠡᠶ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠵᠢᠷᠤᠮᠯᠠᠨ᠂ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ  ᠠᠬᠢᠭᠤᠯᠵᠤ᠂ ᠰᠢᠨ᠎ᠡ ᠬᠥᠭᠵᠢᠯᠲᠡ ᠶᠢᠨ  ᠤᠨᠤᠯ ᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠨᠣᠪᠴᠢᠲᠠᠢ ᠡᠵᠡᠮᠰᠢᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠤᠨᠤᠯ ᠢᠶᠠᠷ ᠵᠡᠪᠰᠡᠭᠯᠡᠬᠦ ᠶᠢ ᠤᠬᠠᠮᠰᠠᠷ ᠠᠴᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠤᠨᠤᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠮᠠᠨ ᠤ ᠣᠷᠣᠨ ᠤ ᠠᠵᠤ ᠠᠬᠤᠢ ᠶᠢᠨ ᠠᠵᠢᠯ ᠢ ᠵᠠᠳᠠᠯᠤᠨ ᠲᠣᠬᠢᠷᠠᠭᠤᠯᠬᠤ ᠶᠢ ᠴᠢᠩᠭᠠᠳᠬᠠᠵᠤ᠂  ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠵᠢᠯ ᠲᠥᠷᠥᠯ ᠤᠨ ᠲᠣᠬᠢᠷᠠᠭᠤᠯᠤᠯᠲᠠ᠂ ᠠᠵᠤ ᠠᠬᠤᠶᠢᠯᠠᠯ ᠤᠨ ᠲᠣᠬᠢᠷᠠᠭᠤᠯᠤᠯᠲᠠ᠂ ᠲᠥᠷᠥᠯ ᠵᠦᠶᠯ ᠤᠨ ᠲᠣᠬᠢᠷᠠᠭᠤᠯᠤᠯᠲᠠ ᠶᠢ ᠣᠨᠣᠪᠴᠢᠲᠠᠶ ᠰᠠᠶᠢᠲᠤᠷ ᠬᠢᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠢᠨᠢᠩ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃                                                                                   ᠤᠷᠴᠢᠭᠤᠯᠤᠭᠴᠢ᠄  ᠲᠠᠷᠭᠢᠯ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠢᠲᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2