ᠵᠢᠨᠢᠩ ᠤᠨ ᠳᠠᠶᠢᠯᠠᠯᠳᠤᠭᠠᠨ ᠬᠢᠬᠡᠳ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠤᠷᠳᠤᠨ    ︵ᠭᠤᠷᠪᠠ︶
ᠨᠡᠶᠢᠲᠡᠯᠡᠭᠰᠡᠨ ᠴᠠᠭ᠄
2020/5/26
        ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ︵1946.9︶         ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ᠨᠢ 1946 ᠤᠨ ᠤ 9 ᠰᠠᠷ᠎ᠠ ᠳᠤ ᠹᠦ᠋ ᠽᠦᠸᠧ ᠢ ᠶᠢᠨ ︽ᠸᠧᠶ ᠤᠯᠤᠰ ᠢ ᠪᠦᠰᠡᠯᠡᠵᠦ ᠵᠤᠤ ᠤᠯᠤᠰ ᠢ ᠠᠪᠤᠷᠠᠭᠰᠠᠨ︾ ᠠᠷᠭ᠎ᠠ ᠪᠠᠷ ᠳ᠋ᠠᠲ᠋ᠦ᠋ᠩ ᠤᠨ ᠪᠦᠰᠡᠯᠡᠯᠲᠡ ᠶᠢ ᠲᠠᠶᠢᠯᠬᠤ ᠎ ᠶᠢᠨ ᠲᠦᠯᠦᠭᠡ ᠵᠢᠨᠢᠩ ᠢ ᠴᠤᠬᠢᠭᠰᠠᠨ ᠳᠠᠶᠢᠯᠠᠯᠳᠤᠭᠠᠨ ᠪᠣᠯᠤᠨ᠎ᠠ᠃1946 ᠣᠨ ᠳᠤ ᠭᠤᠮᠢᠨᠳᠠᠩ ᠳᠣᠲᠣᠭᠠᠳᠤ ᠶᠢᠨ ᠳᠠᠶᠢᠨ ᠤ ᠪᠡᠯᠡᠳᠬᠡᠯ ᠢᠶᠠᠨ ᠳᠠᠭᠤᠰᠬᠠᠵᠤ᠂ 6 ᠰᠠᠷ᠎ᠠ ᠶᠢᠨ 26᠎ ᠤ ᠡᠳᠦᠷ ᠵᠦᠩᠶᠤᠸᠠᠨ ᠤ ᠴᠢᠯᠥᠭᠡᠯᠡᠭᠳᠡᠭᠰᠡᠨ ᠣᠷᠣᠨ ᠢ ᠶᠡᠭᠡ ᠪᠠᠷ ᠳᠤᠪᠲᠤᠯᠵᠤ᠂ ᠳᠠᠶᠢᠨ ᠵᠣᠭᠰᠣᠬᠤ ᠬᠡᠯᠡᠯᠴᠡᠭᠡᠷ ᠢ ᠤᠷᠠᠵᠤ ᠬᠠᠶᠠᠨ᠂ ᠪᠦᠬᠦ ᠲᠠᠯ᠎ᠠ ᠶᠢᠨ ᠳᠣᠲᠣᠭᠠᠳᠤ ᠶᠢᠨ ᠳᠠᠶᠢᠨ ᠢ ᠳᠡᠭᠳᠡᠭᠡᠪᠡ᠃ ᠭᠤᠮᠢᠨᠳᠠᠩ ᠤᠨ ᠴᠡᠷᠢᠭ ᠤᠨ ᠶᠠᠪᠤᠳᠠᠯ ᠤᠨ ᠣᠪ ᠮᠡᠭᠡ ᠳᠤ ᠴᠢᠭᠯᠡᠭᠦᠯᠦᠨ᠂ ᠳᠤᠮᠳᠠᠳᠤ ᠤᠯᠤᠰ ᠤᠨ ᠡᠪ ᠬᠠᠮᠲᠤ ᠨᠠᠮ ᠨᠠᠶᠢᠷᠠᠮᠳᠠᠯ ᠤᠨ ᠴᠢᠷᠮᠠᠶᠢᠯᠭ᠎ᠠ ᠪᠠᠨ ᠲᠠᠶᠠᠭᠳᠠᠭᠰᠠᠨ ᠦᠭᠡᠢ᠂ ᠤᠯᠤᠰ ᠲᠥᠷᠦ ᠶᠢᠨ ᠲᠠᠯ᠎ᠠ ᠪᠠᠷ ︽ᠴᠣᠬᠢᠬᠤ ᠪᠠᠷ ᠨᠠᠶᠢᠷᠠᠮᠳᠠᠬᠤ ᠶᠢ ᠠᠬᠢᠭᠤᠯᠬᠤ︾ ᠴᠢᠭᠯᠡᠯᠲᠡ ᠶᠢ ᠲᠣᠭᠲᠠᠭᠠᠵᠠᠶ᠃ ᠡᠪ ᠬᠠᠮᠲᠦ ᠨᠠᠮ ᠤᠬᠤᠷ ᠬᠤᠭᠤᠴᠠᠭᠠᠨ ᠳᠤ ᠡᠮᠦᠨᠡᠲᠦ ᠤᠮᠠᠷᠠᠲᠤ ᠱᠤᠭᠤᠮ ᠤᠨ ᠬᠡᠳᠦ ᠤᠳᠠᠭᠠᠨ ᠤ ᠴᠢᠬᠤᠯᠠ ᠶᠡᠭᠡ ᠳᠠᠶᠢᠨ ᠤ ᠢᠯᠠᠯᠲᠠ ᠪᠠᠷ ᠳᠠᠮᠵᠢᠵᠤ᠂ ᠭᠤᠮᠢᠨᠳᠠᠩ ᠢ ᠬᠡᠯᠡᠯᠴᠡᠭᠡᠷ  ᠤᠨ ᠰᠢᠷᠡᠭᠡᠨ ᠳᠤ ᠪᠤᠴᠠᠭᠠᠨ᠂ ᠨᠠᠶᠢᠷᠠᠮᠳᠠᠯ ᠤᠨ ᠠᠷᠭ᠎ᠠ ᠪᠠᠷ ᠤᠯᠤᠰ ᠤᠨ ᠳᠣᠲᠣᠭᠠᠳᠤ ᠶᠢᠨ ᠠᠰᠠᠭᠤᠳᠠᠯ ᠢ ᠰᠢᠶᠳᠪᠦᠷᠢᠯᠡᠬᠦ ᠶᠢ ᠬᠦᠰᠡᠵᠦ ᠪᠠᠶᠢᠵᠠᠢ᠃ ᠡᠨᠡ ᠬᠦ ᠲᠥᠰᠦᠪᠯᠡᠯ ᠳᠤ ᠰᠠᠭᠤᠷᠢᠯᠠᠨ᠂ ᠲᠥᠪ ᠬᠤᠷᠢᠶᠠᠨ ᠠᠴᠠ ᠤᠮᠠᠷᠠᠲᠤ ᠱᠤᠭᠤᠮ ︵ᠱᠠᠨ ᠰᠢ ᠴᠠᠬᠠᠷ ᠾᠧᠪᠸᠢ ᠤᠨ ᠴᠡᠷᠢᠭ ᠤᠨ ᠲᠣᠭᠤᠷᠢᠭ᠂ ᠱᠠᠨ ᠰᠢ ᠰᠦᠶᠶᠤᠸᠠᠨ ᠤ ᠴᠡᠷᠢᠭ ᠤᠨ ᠲᠣᠭᠤᠷᠢᠭ︶᠎ ᠢᠶᠠᠷ ︽ᠭᠤᠷᠪᠠᠨ ᠵᠠᠮ ᠳᠥᠷᠪᠡᠨ ᠬᠤᠲᠠ︾ ︵ᠭᠤᠷᠪᠠᠨ ᠵᠠᠮ᠄ ᠲᠦᠩ ᠫᠦ᠋ ᠵᠠᠮ᠂ ᠵᠧᠩ ᠲᠠᠢ ᠵᠠᠮ᠂ ᠫᠢᠩ ᠬᠠᠨ ᠵᠠᠮ ᠤᠨ ᠬᠤᠶᠢᠲᠤ ᠬᠡᠰᠡᠭ᠃ ᠳᠥᠷᠪᠡᠨ ᠬᠤᠲᠠ᠄ ᠳ᠋ᠠᠲ᠋ᠦ᠋ᠩ᠂ ᠪᠦᠦ ᠳ᠋ᠢᠩ᠂ ᠱᠢ ᠵᠢᠶᠠ ᠵᠤᠸᠠᠩ᠂ ᠲᠠᠶᠢᠶᠥᠸᠠᠨ︶᠎ ᠶᠢ ᠪᠤᠯᠢᠶᠠᠨ ᠠᠪᠬᠤ᠂ ᠡᠮᠦᠨᠡᠲᠦ ᠱᠤᠭᠤᠮ ᠨᠢ ᠶᠢᠨ ᠫᠦ᠋ ᠵᠠᠮ ᠳᠠᠭᠠᠤ ᠳᠠᠭᠠᠷᠢᠯᠲᠠ ᠶᠠᠪᠤᠭᠤᠯᠵᠤ᠂ ᠤᠮᠠᠷᠠᠲᠦ ᠱᠤᠭᠤᠮ ᠤᠨ ᠴᠡᠷᠢᠭ ᠤᠨ ᠶᠠᠪᠤᠳᠠᠯ ᠤᠨ ᠲᠥᠯᠥᠪᠯᠡᠭᠡ ᠳᠤ ᠬᠠᠮᠵᠢᠯᠴᠠᠬᠤ ᠴᠡᠷᠢᠭ ᠳᠠᠶᠢᠨ ᠤ ᠲᠦᠯᠦᠪᠯᠡᠭᠡ ᠲᠤᠭᠲᠠᠭᠠᠪᠠ᠃ 1946᠎ ᠤᠨ 8 ᠰᠠᠷ᠎ᠠ ᠳᠤ᠂ ᠱᠠᠨ ᠰᠢ ᠴᠠᠬᠠᠷ ᠾᠧᠪᠸᠢ ᠤᠨ ᠴᠡᠷᠢᠭ ᠤᠨ ᠲᠣᠭᠤᠷᠢᠭ ᠪᠣᠯᠤᠨ ᠱᠠᠨ ᠰᠢ ᠰᠦᠶᠶᠤᠸᠠᠨ ᠤ ᠴᠡᠷᠢᠭ ᠤᠨ ᠲᠣᠭᠤᠷᠢᠭ ᠨᠠᠮ ᠤᠨ ᠲᠥᠪ ᠬᠤᠷᠢᠶᠠᠨ ᠤ ︽ᠭᠤᠷᠪᠠᠨ ᠵᠠᠮ ᠳᠥᠷᠪᠡᠨ ᠬᠤᠲᠠ︾᠎ ᠶᠢ ᠪᠤᠯᠢᠶᠠᠨ ᠠᠪᠬᠤ ᠪᠠᠶᠢᠷᠢᠯᠠᠭᠤᠯᠤᠯᠲᠠ ᠶᠣᠰᠣᠭᠠᠷ᠂ ᠱᠠᠨ ᠰᠢ ᠶᠢᠨ ᠤᠮᠠᠷᠠᠲᠤ ᠬᠡᠰᠡᠭ ᠤᠨ ᠳᠠᠶᠢᠯᠠᠯᠳᠤᠭᠠᠨ ᠢᠯᠠᠯᠲᠠ ᠣᠯᠤᠭᠰᠠᠨ ᠤ ᠳᠠᠷᠠᠭ᠎ᠠ ᠳ᠋ᠠᠲ᠋ᠦ᠋ᠩ ᠤᠨ ᠳᠠᠶᠢᠯᠠᠯᠳᠤᠭᠠᠨ ᠢ ᠵᠤᠬᠢᠶᠠᠨ ᠪᠠᠶᠢᠭᠤᠯᠪᠠ᠃ ᠳ᠋ᠠᠲ᠋ᠦ᠋ᠩ ᠳᠤ ᠰᠠᠬᠢᠨ ᠰᠠᠭᠤᠵᠤ ᠪᠠᠶᠢᠭᠰᠠᠨ ᠶᠠᠨ ᠰᠢ ᠱᠠᠨ ᠵᠢᠶᠠᠩ ᠵᠢᠶᠧ ᠱᠢ ᠠᠴᠠ ᠲᠤᠰᠠᠯᠠᠮᠵᠢ ᠭᠤᠶᠤᠭᠰᠠᠨ  ᠳᠤ ᠵᠢᠶᠠᠩ ᠵᠢᠶᠧ ᠱᠢ ᠳ᠋ᠠᠲ᠋ᠦ᠋ᠩ ᠢ ᠹᠦ᠋ ᠽᠦᠸᠧ ᠢ ᠶᠢᠨ 12 ᠳ᠋ᠤᠭᠠᠷ ᠪᠠᠶᠢᠯᠳᠤᠭᠠᠨ ᠤ ᠲᠤᠭᠤᠷᠢᠭ ᠲᠤ ᠬᠤᠪᠢᠶᠠᠨ ᠤᠷᠤᠭᠤᠯᠵᠤ᠂ ᠹᠦ᠋ ᠽᠦᠸᠧ ᠢ ︽ᠸᠧᠶ ᠤᠯᠤᠰ ᠢ ᠪᠦᠰᠡᠯᠡᠨ ᠵᠤᠤ ᠤᠯᠤᠰ ᠢ ᠠᠪᠤᠷᠠᠬᠤ︾ ᠠᠷᠭ᠎ᠠ ᠪᠠᠷ ᠵᠢᠨᠢᠩ ᠢ ᠪᠦᠰᠡᠯᠡᠨ ᠳ᠋ᠠᠲ᠋ᠦ᠋ᠩ ᠤᠨ ᠪᠦᠰᠡᠯᠡᠯᠲᠡ ᠶᠢ ᠲᠠᠶᠢᠯᠬᠤ ᠴᠡᠷᠢᠭ ᠤᠨ ᠶᠠᠪᠤᠳᠠᠯ ᠤᠨ ᠪᠠᠶᠢᠷᠢᠯᠠᠭᠤᠯᠤᠯᠲᠠ ᠬᠢᠵᠡᠶ᠃ 9 ᠰᠠᠷ᠎ᠠ ᠶᠢᠨ 1᠎ ᠤ ᠡᠳᠦᠷ᠂ ᠭᠤᠮᠢᠨᠳᠠᠩ ᠤᠨ 32000 ᠭᠠᠷᠤᠢ ᠴᠡᠷᠢᠭ ᠠᠩᠭᠢ ᠭᠤᠷᠪᠠᠨ ᠵᠠᠮ ᠬᠤᠪᠢᠶᠠᠨ ᠵᠢᠨᠢᠩ ᠢ ᠳᠣᠪᠲᠣᠯᠪᠠ᠃ ᠳᠤᠮᠳᠠ ᠵᠠᠮ ᠤᠨ ᠴᠡᠷᠢᠭ ᠢᠶᠠᠷ ᠭᠤᠤᠯ ᠪᠤᠯᠭᠠᠨ ᠳ᠋ᠦᠩ ᠴᠢ ᠦ᠋ ᠶᠢᠨ ᠳᠠᠭᠠᠭᠤᠯᠭ᠎ᠠ ᠳᠣᠤᠷ᠎ᠠ᠂ ᠫᠢᠩ — ᠰᠦᠶ ᠲᠡᠮᠦᠷ ᠵᠠᠮ ᠳᠠᠭᠠᠤ ᠵᠡᠭᠦᠨᠰᠢᠯᠡᠵᠦ᠂ ᠵᠦᠸᠧ ᠽᠢ ᠱᠠᠨ ᠢ ᠡᠵᠡᠯᠡᠨ ᠵᠢᠨᠢᠩ ᠢ ᠳᠣᠪᠲᠣᠯᠬᠤ ᠪᠠᠷ ᠭᠤᠷᠢᠳᠠᠪᠠ᠃ ᠰᠦᠨ ᠯᠠᠨ ᠹᠧᠩ ᠬᠤᠶᠢᠲᠤ ᠵᠠᠮ ᠤᠨ ᠴᠡᠷᠢᠭ ᠢ ᠵᠢᠯᠣᠭᠤᠳᠴᠤ᠂ ᠲᠤᠤ ᠯᠢᠨ ᠠᠴᠠ ᠵᠢᠨᠢᠩ ᠵᠦᠭ ᠬᠠᠯᠳᠤᠪᠠ᠃ ᠡᠮᠦᠨ᠎ᠡ ᠵᠠᠮ ᠤᠨ ᠴᠡᠷᠢᠭ ᠢ ᠯᠦ ᠶᠢᠩ ᠯᠢᠨ ᠵᠢᠯᠣᠭᠤᠳᠴᠤ᠂ ᠬᠦᠢᠰᠦ᠋ᠢ ᠠᠴᠠ ᠯᠢᠶᠠᠩᠴᠧᠩ ᠢᠶᠠᠷ ᠳᠠᠮᠵᠢᠨ ᠵᠢᠨᠢᠩ ᠵᠦᠭ ᠳᠣᠪᠲᠣᠯᠪᠠ᠃         ᠱᠠᠨ ᠰᠢ ᠴᠠᠬᠠᠷ ᠾᠧᠪᠸᠢ ᠶᠢᠨ ᠴᠡᠷᠢᠭ ᠤᠨ ᠲᠣᠭᠤᠷᠢᠭ ᠪᠣᠯᠤᠨ ᠱᠠᠨ ᠰᠢ ᠰᠦᠶᠶᠤᠸᠠᠨ ᠤ ᠴᠡᠷᠢᠭ ᠤᠨ ᠲᠣᠭᠤᠷᠢᠭ ᠬᠠᠮᠲᠤᠷᠠᠨ ᠵᠠᠩ ᠽᠦᠩ ᠰᠢᠶᠦ᠋ᠨ᠂ ᠯᠥᠸᠧ ᠷᠦᠢ ᠴᠢᠩ ᠤᠳᠤᠷᠢᠳᠤᠨ 9 ᠪᠠᠷᠢᠭᠠᠳᠠ 30 ᠬᠤᠷᠢᠶ᠎ᠠ 20000 ᠭᠠᠷᠤᠢ ᠴᠡᠷᠢᠭ ᠤᠨ ᠬᠦᠴᠦᠨ ᠢ ᠵᠤᠬᠢᠶᠠᠨ ᠪᠠᠶᠢᠭᠤᠯᠵᠤ ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ᠳᠤ ᠤᠷᠤᠯᠴᠠᠪᠠ᠃ 9 ᠰᠠᠷ᠎ᠠ ᠶᠢᠨ 5᠎ ᠤ ᠡᠳᠦᠷ᠂ ᠳ᠋ᠦᠩ ᠴᠢ ᠦ᠋ ᠶᠢᠨ ᠴᠡᠷᠢᠭ ᠮᠠᠨ ᠤ ᠵᠦᠸᠧ ᠽᠢ ᠱᠠᠨ ᠢ ᠡᠵᠡᠯᠡᠵᠦ᠂ ᠮᠠᠨ ᠤ ᠴᠡᠷᠢᠭ ᠤᠨ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠹᠧᠩᠵᠧᠨ ᠳᠤ ᠰᠢᠯᠵᠢᠪᠠ᠃ 9 ᠰᠠᠷ᠎ᠠ ᠶᠢᠨ 10᠎ ᠤ ᠡᠳᠦᠷ᠂ ᠳ᠋ᠦᠩ ᠴᠢ ᠦ᠋ ᠶᠢᠨ ᠴᠡᠷᠢᠭ ᠵᠢᠨᠢᠩ ᠵᠦᠭ ᠳᠤᠪᠲᠤᠯᠤᠯᠲᠠ ᠬᠢᠵᠦ᠂ ᠬᠤᠲᠠ ᠶᠢ ᠡᠬᠢᠯᠡᠨ ᠳᠠᠭᠠᠷᠢᠪᠠ᠃ 11᠎ ᠤ ᠤᠷᠤᠢ ᠮᠠᠨ ᠤ ᠴᠡᠷᠢᠭ ᠭᠤᠮᠢᠨᠳᠠᠩ ᠤᠨ ᠴᠡᠷᠢᠭ ᠲᠤ ᠭᠡᠳᠡᠷᠭᠦ ᠳᠠᠭᠠᠷᠢᠯᠲᠠ ᠶᠠᠪᠤᠭᠤᠯᠵᠤ᠂ ᠳ᠋ᠦᠩ ᠴᠢ ᠦ᠋ ᠶᠢᠨ ᠴᠡᠷᠢᠭ ᠢ ᠪᠦᠰᠡᠯᠡᠭᠰᠡᠨ ᠳᠤ ᠵᠢᠶᠠᠩ ᠵᠢᠶᠧ ᠱᠢ 101 ᠳ᠋ᠤᠭᠡᠷ ᠳ᠋ᠢᠸᠢᠽᠢ ᠤᠨ ᠰᠢᠯᠢᠳᠡᠭ ᠴᠡᠷᠢᠭ ᠤᠨ ᠬᠦᠴᠦᠨ ᠢᠶᠠᠷ ᠲᠤᠰᠠᠯᠠᠭᠤᠯᠤᠭᠰᠠᠨ ᠳᠤ ᠮᠠᠨ ᠤ ᠴᠡᠷᠢᠭ ᠲᠤᠰᠠᠯᠠᠬᠤ ᠴᠡᠷᠢᠭ ᠢ ᠪᠤᠴᠠᠨ ᠴᠤᠬᠢᠵᠤ᠂ ᠪᠦᠰᠡᠯᠡᠯᠲᠡ ᠳᠤ ᠪᠠᠶᠢᠭᠰᠠᠨ ᠳ᠋ᠦᠩ ᠴᠢ ᠦ᠋ ᠶᠢᠨ ᠴᠡᠷᠢᠭ ᠲᠤ ᠵᠠᠪᠰᠢᠶᠠᠨ ᠦᠭᠴᠦ ᠳ᠋ᠦᠩ ᠴᠢ ᠦ᠋ 14᠎ ᠤ ᠡᠳᠦᠷ ᠵᠢᠨᠢᠩ ᠳᠤ ᠳᠠᠭᠠᠷᠢᠨ ᠤᠷᠤᠵᠤ᠂ 16᠎ ᠤ ᠡᠳᠦᠷ ᠮᠠᠨ ᠤ ᠴᠡᠷᠢᠭ ᠳ᠋ᠠᠲ᠋ᠦ᠋ᠩ ᠤᠨ ᠪᠦᠰᠡᠯᠡᠯᠲᠡ  ᠠᠴᠠ ᠤᠬᠤᠷᠢᠨ ᠭᠠᠷᠴᠦ᠂ ᠵᠠᠯᠭᠠᠭᠠᠳ ᠴᠢᠭᠤᠯᠤᠯᠲᠦ ᠬᠠᠭᠠᠯᠭ᠎ᠠ ᠪᠠᠰᠠ ᠠᠯᠳᠠᠭᠳᠠᠨ᠂ ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ᠮᠠᠨ ᠤ ᠴᠡᠷᠢᠭ ᠤᠨ ᠢᠯᠠᠭᠳᠠᠯ ᠢᠶᠠᠷ ᠲᠡᠭᠦᠰᠪᠠ᠃
 ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ᠤ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠺᠣᠮᠠᠨᠳ᠋ᠯᠠᠭᠴᠢ ᠵᠠᠩ ᠽᠦᠩ ᠰᠢᠶᠦ᠋ᠨ
 ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ᠤ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠤᠯᠤᠰ ᠲᠦᠷᠦ ᠶᠢᠨ ᠭᠡᠰᠢᠭᠦᠨ ᠯᠥᠸᠧ ᠿᠦᠢ ᠴᠢᠩ
 ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ᠤ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠳᠡᠳ᠋ ᠺᠣᠮᠠᠨᠳ᠋ᠯᠠᠭᠴᠢ ᠶᠠᠩ ᠴᠧᠩ ᠡᠦ
  ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ᠤ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠱᠲ᠋ᠠᠪ ᠤᠨ ᠲᠠᠷᠤᠭ᠎ᠠ ᠰᠢᠦᠢ ᠭᠤᠸᠠᠩ ᠳ᠋ᠠ
  ᠳ᠋ᠠᠲ᠋ᠦ᠋ᠩ — ᠵᠢᠨᠢᠩ ᠤᠨ ᠳᠠᠶᠢᠯᠠᠯᠳᠤᠭᠠᠨ ᠤ ᠪᠠᠶᠢᠳᠠᠯ ᠤᠨ ᠵᠢᠷᠤᠭ
 ᠱᠠᠨ ᠰᠢ ᠴᠠᠬᠠᠷ ᠾᠧᠪᠸᠢ ᠤᠨ ᠴᠡᠷᠢᠭ ᠤᠨ ᠲᠣᠭᠤᠷᠢᠭ ᠴᠡᠷᠢᠭ ᠠᠩᠭᠢ ᠳᠠᠭᠠᠷᠢᠯᠲᠠ ᠬᠢᠵᠦ ᠪᠠᠶᠢᠭ᠎ᠠ
  ᠳᠠᠶᠢᠰᠤᠨ ᠤ ᠴᠡᠷᠢᠭ ᠢ ᠴᠤᠬᠢᠨ ᠤᠬᠤᠷᠢᠭᠤᠯᠪᠠ            ᠢᠷᠡᠯᠲᠡ  ᠄ ᠤᠯᠠᠭᠠᠨᠴᠠᠪ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ            ᠨᠠᠶᠢᠷᠠᠭᠤᠯᠤᠭᠴᠢ᠄ ᠡᠷᠳᠡᠨᠢᠴᠤᠭᠲᠦ            ᠬᠢᠨᠠᠭᠴᠢ᠄ ᠭᠡᠷᠡᠯᠲᠦ  
 
ᠢᠷᠡᠯᠲᠡ᠄ ᠤᠯᠠᠭᠠᠨᠴᠠᠪ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2