ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2020/5/26
        ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠵᠠᠰᠠᠭ ᠵᠠᠬᠢᠷᠭᠠᠨ ᠤ ᠣᠷᠣᠨ ᠲᠤᠭ᠎ᠠ 16 ᠬᠥᠮᠦᠨ‌‍ᠪᠠᠶᠢᠨ᠎ᠠ  ᠃ ᠲᠣᠪᠴᠢᠶᠠᠨ ᠳᠠᠷᠤᠭ᠎ᠠ 1 ᠨᠡᠷ᠎ᠡ᠂ ᠳᠡᠳ᠋ ᠲᠣᠪᠴᠢᠶᠠᠨ ᠳᠠᠷᠤᠭ᠎ᠠ 2 ᠨᠡᠷ᠎ᠡ᠂  ᠲᠠᠰᠤᠭ ᠤᠨ ᠳᠡᠰ ᠤᠨ ᠺᠠᠳ᠋ᠷ  9 ᠬᠥᠮᠦᠨ ᠲᠤᠬᠢᠷᠠᠭᠤᠯᠵᠠᠢ᠃ ᠳᠣᠣᠷ᠎ᠠ ᠨᠢ ᠵᠠᠰᠠᠭ ᠵᠠᠬᠢᠷᠭᠠᠨ ᠤ ᠠᠯᠪᠠᠨ ᠭᠡᠷ᠂ ᠨᠠᠮ ᠤᠨ   ᠠᠵᠢᠯ ᠤᠨ ᠵᠦᠪᠯᠡᠯ ᠤᠨ ᠠᠯᠪᠠᠨ ᠭᠡᠷ᠂ ᠡᠳ᠋ ᠤᠨ ᠶᠠᠪᠤᠳᠠᠯ ᠤᠨ ᠲᠠᠰᠤᠭ᠂ ᠠᠵᠢᠯᠲᠠᠨ ᠤ ᠶᠠᠪᠤᠳᠠᠯ ᠤᠨ ᠲᠠᠰᠤᠭ᠂ ᠰᠤᠷᠭᠠᠨ ᠬᠥᠮᠦᠵᠢᠯ ᠤᠨ ᠲᠠᠰᠤᠭ᠂  ᠬᠢᠨᠠᠨ ᠵᠢᠯᠣᠭᠤᠳᠬᠤ ᠲᠠᠰᠤᠭ᠂ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠬᠥᠮᠦᠵᠢᠯ ᠤᠨ ᠲᠠᠰᠤᠭ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ ᠬᠢᠨᠠᠨ ᠵᠦᠪᠰᠢᠶᠡᠷᠡᠬᠦ ᠲᠠᠰᠤᠭ ᠵᠡᠷᠭᠡ 9 ᠡᠭᠦᠷᠭᠡ ᠴᠢᠳᠠᠪᠬᠢ ᠶᠢᠨ ᠰᠠᠯᠠᠭ᠎ᠠ ᠲᠠᠰᠤᠭ ᠎ ᠤᠨ ᠭᠠᠵᠠᠷ ᠢ ᠪᠠᠶᠢᠭᠤᠯᠪᠠ᠃        ᠵᠢᠨᠢᠩ ᠲᠣᠭᠤᠷᠢᠭ ᠪᠦᠬᠦ ᠬᠤᠲᠠ ᠳᠤ  ᠂ ᠡᠩ ᠲᠡᠷᠢᠭᠦᠨ ᠳᠤ ᠰᠤᠷᠬᠤ ᠨᠠᠰᠤᠨ ᠠᠴᠠ ᠡᠮᠦᠨᠡᠬᠢ ᠨᠢᠭᠡ ᠵᠢᠯ ᠤᠨ ᠰᠤᠷᠭᠠᠨ ᠬᠦᠮᠦᠵᠢᠯ ᠪᠠ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠦᠭᠡᠮᠡᠯᠵᠢᠭᠦᠯᠵᠦ᠂ ᠵᠠᠯᠠᠭᠤ ᠢᠳᠡᠷᠴᠦᠳ ᠤᠨ ᠰᠣᠶᠣᠯ ᠤᠨ ᠪᠠᠯᠠᠶ ᠶᠢ ᠠᠷᠢᠯᠭᠠᠵᠤ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠤᠬᠡᠳ ᠤᠨ ᠰᠤᠷᠭᠠᠭᠤᠯᠢ ᠳᠤ ᠤᠷᠦᠬᠤ ᠨᠣᠷᠮ᠎ᠠ ᠶᠢ ᠢᠮᠠᠭᠲᠠ 100%᠎ ᠪᠠᠷ ᠪᠠᠶᠢᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠦᠨᠳᠦᠰᠦᠨ ᠳᠡᠭᠡᠨ ᠲᠦᠭᠡᠮᠡᠯᠵᠢᠭᠦᠯᠵᠡᠶ᠃  ᠨᠢᠯᠬ᠎ᠠ ᠬᠡᠦᠬᠡᠳ ᠤᠨ ᠰᠤᠷᠭᠠᠨ ᠬᠥᠮᠦᠵᠢᠯ ᠠᠴᠠ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠬᠦᠷᠲᠡᠯᠡᠬᠢ ᠨᠡᠯᠢᠶᠡᠳ ᠪᠦᠷᠢᠨ ᠲᠡᠭᠦᠯᠳᠡᠷ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃        ᠵᠢᠨᠢᠩ ᠲᠣᠭᠤᠷᠢᠭ ᠲᠤ ᠣᠲᠣ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ 45 ᠪᠣᠶ᠃ ᠡᠭᠦᠨ ᠳᠤ ᠪᠠᠭ᠎ᠠ ᠰᠤᠷᠭᠠᠭᠤᠯᠢ 25 ᠰᠠᠭᠤᠷᠢ᠂ ᠳᠤᠮᠳᠠᠳᠤ ᠰᠤᠷᠭᠠᠭᠤᠯᠢ 11 ᠰᠠᠭᠤᠷᠢ ︵1 ᠰᠠᠭᠤᠷᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ 2 ᠰᠠᠭᠤᠷᠢ ᠪᠦᠷᠢᠨ ᠳᠤᠮᠳᠠᠳᠤ ᠰᠤᠷᠭᠠᠭᠤᠯᠢ ᠂ ᠠᠩᠬ᠎ᠠ ᠵᠡᠷᠭᠡ ᠶᠢᠨ ᠳᠤᠮᠳᠠᠳᠦ ᠰᠤᠷᠭᠠᠭᠤᠯᠢ 8 ᠰᠠᠭᠤᠷᠢ︶᠂ 9 ᠰᠠᠭᠤᠷᠢ ᠬᠡᠤᠬᠡᠳ ᠤᠨ ᠴᠡᠴᠡᠷᠯᠢᠭ ᠪᠣᠶ᠃ ᠨᠡᠶᠢᠲᠡ 3321 ᠪᠠᠭᠰᠢ ᠲᠠᠢ᠂ ᠳᠤᠮᠳᠠᠳᠤ ᠪᠠᠭ᠎ᠠ ᠰᠤᠷᠭᠠᠭᠤᠯᠢ ᠶᠢᠨ 42496 ᠰᠤᠷᠤᠭᠴᠢ ᠲᠠᠢ᠂ ᠡᠭᠦᠨ ᠤ ᠳᠣᠲᠣᠷ᠎ᠠ᠄ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ 4976 ᠬᠥᠮᠦᠨ᠂ ᠠᠩᠬ᠎ᠠ  ᠵᠡᠷᠭᠡ ᠎ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ 13753 ᠬᠥᠮᠦᠨ᠂ ᠪᠠᠭ᠎ᠠ ᠰᠤᠷᠭᠠᠭᠤᠯᠢ ᠶᠢᠨ ᠰᠤᠷᠤᠭᠴᠢ 23767 ᠬᠥᠮᠦᠨ ᠪᠠᠶᠢᠨ᠎ᠠ᠃ ᠴᠡᠴᠡᠷᠯᠢᠭ ᠲᠤ ᠪᠠᠶᠢᠭ᠎ᠠ ᠬᠡᠤᠬᠡᠳ 1286 ᠪᠠᠶᠢᠨ᠎ᠠ᠃        ᠲᠤᠭᠤᠷᠢᠭ ᠤᠨ ᠬᠠᠷᠢᠶ᠎ᠠ ᠪᠦᠬᠦᠢ ᠠᠷᠠᠳ ᠠᠴᠠ ᠡᠷᠬᠢᠯᠡᠭᠰᠡᠨ ᠰᠤᠷᠭᠠᠭᠤᠯᠢ 5᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ 6 ︵ᠨᠢᠭᠡᠨᠲᠡ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ︶᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ 5 ︵ᠨᠢᠭᠡᠨᠲᠡ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ︶᠃ ᠪᠠᠰᠠ ᠪᠠᠭᠰᠢ ᠶᠢᠨ ᠰᠤᠳᠤᠯᠤᠨ ᠰᠤᠷᠤᠯᠴᠠᠬᠤ ᠲᠥᠪ 1 ᠰᠠᠭᠤᠷᠢ ᠪᠤᠢ᠃                 ᠬᠠᠷᠢᠯᠴᠠᠬᠤ ᠬᠠᠶ᠋ᠢᠭ᠄ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ A1 ᠳ᠋ᠦ᠋ᠭᠡᠷ ᠠᠰᠠᠷ ᠤᠨ 3 ᠳ᠋ᠤᠭᠠᠷ  ᠳᠠᠪᠬᠤᠷᠭ᠎ᠠ           ᠬᠠᠷᠢᠯᠴᠠᠬᠤ ᠤᠲᠠᠰᠤ᠄ 0474-8226102  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2