ᠳᠡᠯᠡᠬᠡᠶ ᠳ᠋ᠠᠬᠢᠨ ᠳᠤ ᠤᠯᠠᠭᠠᠨᠴᠠᠪ ᠤᠨ ᠲᠦᠷᠢ ᠲᠦᠷᠬᠦ ᠶᠢ ᠭᠠᠶᠢᠬᠠᠭᠤᠯᠤᠨ᠎ᠠ
ᠨᠡᠶᠢᠲᠡᠯᠡᠭᠰᠡᠨ ᠴᠠᠭ᠄
2020/6/17
         ᠲᠥᠮᠥᠰᠥᠨ ᠤ ᠴᠤᠭᠯᠠᠭ᠎ᠠ ᠮᠠᠶᠢᠮᠠᠢ ᠶᠢᠨ ᠬᠢᠵᠠᠭᠠᠷᠳᠤ ᠺᠤᠮᠫᠠᠨᠢ ᠶᠢᠨ 6S ᠲᠥᠮᠥᠰᠥ ᠳ᠋ᠦᠪᠠᠢ ᠶᠢᠨ ᠵᠠᠬ᠎ᠠ ᠳᠤ ᠭᠠᠷᠪᠠ          6 ᠰᠠᠷ᠎ᠠ ᠶᠢᠨ 7᠎ ᠤ ᠡᠳᠦᠷ᠂ ᠤᠯᠠᠭᠠᠨᠴᠠᠪ ᠬᠤᠲᠠ ᠶᠢᠨ ᠲᠥᠮᠥᠰᠥᠨ ᠤ ᠴᠤᠭᠯᠠᠭ᠎ᠠ ᠮᠠᠶᠢᠮᠠᠶ ᠶᠢᠨ  ᠡᠯᠧᠺᠲᠷᠤᠨ ᠬᠤᠳᠠᠯᠳᠤᠭ᠎ᠠ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠭᠠᠳᠠᠭᠠᠳᠤ ᠳᠤ ᠭᠠᠷᠭᠠᠬᠤ ᠠᠩᠬ᠎ᠠ ᠪᠦᠯᠦᠭ ᠤᠨ 28 ᠲᠣᠨ 6S ᠨᠠᠷᠢᠯᠢᠭ ᠰᠤᠩᠭᠤᠭᠰᠠᠨ ᠴᠢᠨᠠᠷ ᠰᠠᠶᠢᠲᠠᠶ ᠲᠥᠮᠥᠰᠥ ᠨᠢ ᠳ᠋ᠦᠪᠠᠶ ᠭᠠᠷᠠᠮ ᠳᠤ ᠬᠦᠷᠪᠡ ᠃ ᠡᠨᠡ ᠨᠢ ᠲᠤᠰ ᠺᠤᠮᠫᠠᠨᠢ ᠵᠡᠭᠦᠨ ᠡᠮᠦᠨᠡᠲᠦ ᠠᠽᠢᠶ᠎ᠠ ᠶᠢᠨ ᠭᠤᠤᠯ ᠵᠠᠬ᠎ᠠ ᠳᠡᠯᠭᠡᠭᠦᠷ ᠢ ᠨᠡᠪᠲᠡᠷᠡᠭᠦᠯᠦᠭᠰᠡᠨ ᠤ ᠳᠠᠷᠠᠭ᠎ᠠ ᠂ ᠳᠤᠮᠳᠠᠳᠤ ᠳᠣᠷᠣᠨᠠᠲᠤ ᠶᠢᠨ ᠵᠠᠬ᠎ᠠ ᠳᠡᠯᠭᠡᠭᠦᠷ ᠲᠠᠬᠢ ᠪᠠᠶᠢᠷᠢᠯᠠᠭᠤᠯᠤᠯᠲᠠ ᠨᠢ ᠴᠤ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃          ᠳᠤᠮᠳᠠᠳᠤ ᠳᠣᠷᠣᠨᠠᠲᠤ ᠶᠢᠨ ᠵᠠᠬ᠎ᠠ ᠳᠡᠯᠭᠡᠭᠦᠷ ᠪᠣᠯ ︽ᠨᠢᠭᠡ ᠪᠦᠰᠡ ᠨᠢᠭᠡ ᠵᠠᠮ︾᠎ ᠤᠨ ᠴᠢᠬᠤᠯᠠ ᠣᠷᠣᠨ ᠪᠦᠰᠡ ᠪᠣᠯᠤᠨ᠎ᠠ᠂ ᠶᠡᠷᠦᠩᠬᠡᠶ ᠬᠥᠮᠦᠨ ᠠᠮᠠ ᠨᠢ 4.5 ᠳ᠋ᠦᠩᠰᠢᠭᠤᠷ ᠪᠠᠶᠢᠵᠤ᠂ ᠬᠤᠲᠠ ᠶᠢᠨ ᠬᠥᠮᠦᠨ ᠠᠮᠠ ᠶᠢᠨ ᠡᠵᠡᠯᠡᠬᠦ ᠬᠠᠷᠢᠴᠠᠯ ᠨᠢ 83%᠎ ᠳᠤ ᠬᠦᠷᠴᠡᠶ᠂ ᠬᠥᠮᠦᠨ ᠪᠦᠷᠢ ᠶᠢᠨ ᠳᠤᠮᠳᠠᠴᠢ GDP ᠥᠨᠳᠥᠷ᠂ ᠬᠡᠷᠡᠭᠯᠡᠭᠡᠨ ᠤ ᠴᠢᠳᠠᠪᠤᠷᠢ ᠴᠢᠩᠭ᠎ᠠ ᠪᠠᠶᠢᠳᠠᠭ᠃ ᠲᠥᠮᠥᠰᠥᠨ ᠤ ᠴᠤᠭᠯᠠᠭ᠎ᠠ ᠮᠠᠶᠢᠮᠠᠢ ᠶᠢᠨ ᠬᠢᠵᠠᠭᠠᠷᠳᠤ ᠺᠣᠮᠫᠠᠨᠢ ᠶᠢᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠳᠤᠮᠳᠠᠳᠤ ᠳᠣᠷᠣᠨᠠᠲᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠨᠢ ᠭᠤᠣᠯᠳᠠᠭᠤ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠨ᠂ ᠬᠤᠳᠠᠯᠳᠤᠨ ᠠᠪᠬᠤ ᠬᠡᠷᠡᠭᠴᠡᠭᠡ ᠨᠢ ᠮᠠᠰᠢ ᠶᠡᠭᠡ ᠪᠠᠶᠢᠵᠤ᠂ ᠳ᠋ᠦᠪᠠᠢ ᠨᠢᠭᠡᠨᠲᠡ ᠳᠤᠮᠳᠠᠳᠤ ᠳᠣᠷᠣᠨᠠᠲᠤ ᠶᠢᠨ ᠵᠢᠮᠢᠰ ᠢᠳᠡᠰᠢᠨ ᠨᠣᠭᠤᠭ᠎ᠠ ᠶᠢᠨ ᠬᠡᠷᠡᠭᠴᠡᠭᠡᠨ ᠤ ᠵᠠᠬ᠎ᠠ ᠳᠡᠯᠭᠡᠭᠦᠷ ᠪᠠ ᠳᠠᠮᠵᠢᠭᠤᠯᠬᠤ ᠵᠠᠬ᠎ᠠ ᠳᠡᠯᠭᠡᠭᠦᠷ ᠪᠣᠯᠤᠭᠰᠠᠨ ᠪᠤᠯᠪᠠᠴᠤ ᠳ᠋ᠦᠪᠠᠢ ᠪᠣᠭᠤᠮᠲᠠ ᠨᠢ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠳᠤ ᠴᠢᠩᠭ᠎ᠠ ᠱᠠᠭᠠᠷᠳᠠᠯᠭ᠎ᠠ ᠲᠠᠯᠪᠢᠳᠠᠭ ᠠᠴᠠ ᠳ᠋ᠦᠪᠠᠢ ᠶᠢᠨ ᠵᠠᠬ᠎ᠠ ᠳᠡᠯᠭᠡᠭᠦᠷ ᠲᠤ ᠤᠷᠤᠭᠰᠠᠨ ᠨᠢ ᠲᠥᠮᠥᠰᠥᠨ ᠤ ᠴᠤᠭᠯᠠᠭ᠎ᠠ ᠮᠠᠶᠢᠮᠠᠢ ᠶᠢᠨ ᠬᠢᠵᠠᠭᠠᠷᠳᠤ ᠺᠤᠮᠫᠠᠨᠢ ᠶᠢᠨ ᠪᠠᠷᠠᠭᠠᠨ ᠤ ᠶᠠᠰᠤ ᠴᠢᠨᠠᠷ ᠢ ᠳᠡᠭᠡᠳᠤ ᠬᠡᠮᠵᠢᠶ᠎ᠡ ᠪᠠᠷ ᠮᠡᠳᠡᠷᠡᠭᠰᠡᠨ ᠢ ᠬᠠᠷᠠᠭᠤᠯᠵᠤ ᠪᠠᠶᠢᠨ᠎ᠠ᠃ ᠡᠨᠡ ᠨᠢ ᠲᠥᠮᠥᠰᠥᠨ ᠤ ᠴᠤᠭᠯᠠᠭ᠎ᠠ ᠮᠠᠶᠢᠮᠠᠢ ᠶᠢᠨ ᠬᠢᠵᠠᠭᠠᠷᠳᠤ ᠺᠤᠮᠫᠠᠨᠢ ᠳᠤᠮᠳᠠᠳᠤ ᠳᠣᠷᠣᠨᠠᠲᠤ ᠶᠢᠨ ᠵᠠᠬ᠎ᠠ ᠳᠡᠯᠭᠡᠭᠦᠷ ᠤᠨ ᠡᠭᠦᠳᠡ ᠶᠢ ᠵᠢᠩᠬᠢᠨᠢ ᠪᠠᠷ ᠨᠡᠭᠡᠭᠡᠭᠰᠡᠨ ᠢ ᠬᠠᠷᠠᠭᠤᠯᠵᠤ ᠪᠠᠶᠢᠨ᠎ᠠ ᠭᠡᠵᠠᠢ᠃           ᠡᠨᠡ ᠤᠳᠠᠭ᠎ᠠ ᠲᠥᠮᠥᠰᠥᠨ ᠤ ᠴᠤᠭᠯᠠᠭ᠎ᠠ ᠮᠠᠶᠢᠮᠠᠢ ᠶᠢᠨ ᠬᠢᠵᠠᠭᠠᠷᠳᠤ ᠺᠤᠮᠫᠠᠨᠢ ᠲᠠᠢ ᠬᠠᠮᠳᠤᠷᠠᠯᠴᠠᠭᠰᠠᠨ ᠳ᠋ᠦᠪᠠᠢ ᠶᠢᠨ LLC ᠺᠣᠮᠫᠠᠨᠢ ᠪᠤᠯ 15 ᠵᠢᠯ ᠤᠨ ᠲᠡᠤᠬᠡ ᠲᠠᠢ ᠢᠳᠡᠰᠢᠨ ᠨᠣᠭᠤᠭ᠎ᠠ ᠶᠢ ᠪᠥᠭᠡᠮ ᠢᠶᠠᠷ ᠬᠤᠳᠠᠯᠳᠤᠬᠤ ᠨᠡᠷᠡᠲᠦ ᠺᠣᠮᠫᠠᠨᠢ ᠪᠣᠯᠤᠨ᠎ᠠ᠃ ᠭᠤᠤᠯᠳᠠᠭᠤ ᠴᠢᠨᠠᠷ ᠰᠠᠶᠢᠲᠠᠶ ᠢᠳᠡᠰᠢᠨ ᠨᠣᠭᠤᠭ᠎ᠠ ᠡᠵᠡᠩᠨᠡᠵᠦ᠂ ᠭᠠᠷᠠᠭ ᠤᠨ ᠪᠠᠷᠠᠭ᠎ᠠ ᠲᠠᠷᠬᠠᠭᠠᠬᠤ ᠬᠡᠮᠵᠢᠶ᠎ᠡ ᠨᠢ 20 — 30 ᠴᠢᠩᠭᠡᠯᠢᠭ ᠲᠤ ᠬᠦᠷᠳᠡᠭ᠃ ᠲᠥᠮᠥᠰᠥᠨ ᠤ ᠴᠤᠭᠯᠠᠭ᠎ᠠ ᠮᠠᠶᠢᠮᠠᠢ ᠶᠢᠨ ᠬᠢᠵᠠᠭᠠᠷᠳᠤ ᠺᠣᠮᠫᠠᠨᠢ ᠪᠣᠯᠤᠨ LLC ᠺᠣᠮᠫᠠᠨᠢ ᠶᠢᠨ ᠬᠠᠮᠲᠤᠷᠠᠯᠴᠠᠭ᠎ᠠ ᠨᠢ ᠳ᠋ᠦᠪᠠᠢ ᠪᠠᠷ ᠲᠥᠪ ᠪᠣᠯᠭᠠᠵᠤ᠂ ᠤᠮᠠᠨ᠂ ᠺᠦᠸᠠᠶᠢᠲ᠂ ᠰᠠᠦ᠋ᠳᠢ ᠵᠡᠷᠭᠡ ᠳᠤᠮᠳᠠᠳᠤ ᠳᠣᠷᠣᠨᠠᠲᠤ ᠶᠢᠨ ᠤᠯᠤᠰ ᠪᠠ ᠭᠠᠵᠠᠷ ᠣᠷᠣᠨ ᠢᠶᠠᠷ ᠲᠠᠷᠬᠠᠵᠤ᠂ ᠲᠤᠬᠠᠶ ᠶᠢᠨ ᠭᠠᠵᠠᠷ ᠤᠨ ᠵᠠᠬ᠎ᠠ ᠳᠡᠯᠭᠡᠭᠦᠷ ᠲᠤ ᠴᠢᠨᠠᠷ ᠰᠠᠶᠢᠲᠠᠶ ᠲᠥᠮᠥᠰᠥ ᠬᠠᠩᠭᠠᠬᠤ ᠪᠤᠯᠤᠨ᠎ᠠ᠃ ᠡᠨᠡ ᠤᠳᠠᠭ᠎ᠠ ᠨᠢᠭᠡ ᠤᠩᠭᠤᠴᠠ 28 ᠲᠣᠨ 6S ᠨᠠᠷᠢᠯᠢᠭ ᠰᠤᠩᠭᠤᠭᠰᠠᠨ ᠲᠥᠮᠥᠰᠥ ᠶᠢ ᠭᠠᠳᠠᠭᠠᠳᠤ ᠳᠤ ᠭᠠᠷᠭᠠᠵᠤ᠂ ᠰᠡᠭᠦᠯᠡᠷ ᠪᠠᠰᠠ 5 ᠣᠩᠭᠤᠴᠠ 140 ᠲᠣᠨ ᠲᠦᠮᠦᠰᠦ ᠶᠢ ᠭᠠᠳᠠᠭᠠᠳᠤ ᠳᠤ ᠭᠠᠷᠭᠠᠬᠤ ᠪᠣᠯᠤᠨ᠎ᠠ᠃           ᠣᠶᠢᠯᠠᠭᠠᠯᠳᠠ ᠪᠠᠷ᠂ ᠤᠯᠠᠭᠠᠨᠴᠠᠪ ᠬᠤᠲᠠ ᠶᠢᠨ ᠲᠥᠮᠥᠰᠥᠨ ᠤ ᠴᠤᠭᠯᠠᠭ᠎ᠠ ᠮᠠᠶᠢᠮᠠᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠪᠣᠯ ᠴᠢᠨᠠᠷ ᠰᠠᠶᠢᠲᠠᠶ ᠲᠥᠮᠥᠰᠥ ᠵᠢᠴᠢ ᠲᠥᠮᠥᠰᠥ ᠡᠳ᠋ᠰᠢᠭᠦᠯᠬᠦ ᠲᠥᠷᠥᠯ ᠤᠨ ᠪᠠᠷᠠᠭ᠎ᠠ ᠦᠢᠯᠡᠳᠪᠤᠷᠢᠯᠡᠭᠴᠢ ᠪᠤᠯᠬᠤ ᠪᠦᠭᠡᠳ  ᠡᠳᠡᠰᠢᠬᠦᠯᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠠᠶᠢᠳᠠᠭ᠃ ᠮᠥᠨ ᠴᠦ ᠤᠯᠤᠰ ᠤᠨ ᠳᠣᠲᠣᠭᠠᠳᠤ ᠶᠢᠨ ᠠᠩᠬᠠᠳᠠᠭᠴᠢ ᠲᠥᠮᠥᠰᠥᠨ ᠤ ᠶᠠᠰᠤ ᠴᠢᠨᠠᠷ ᠢ ᠪᠠᠷᠢᠮᠵᠢᠶᠠᠵᠢᠭᠤᠯᠤᠭᠰᠠᠨ ᠠᠵᠤ ᠠᠬᠤᠶᠢᠯᠠᠯ ᠪᠣᠯᠤᠨ᠎ᠠ᠃ ᠺᠣᠮᠫᠠᠨᠢ ᠨᠢ ︽ᠠᠽᠢᠶ᠎ᠠ ᠲᠢᠪ ᠤᠨ ᠬᠠᠮᠤᠭ ᠤᠨ ᠶᠡᠭᠡ ᠴᠢᠨᠠᠷ ᠰᠠᠶᠢᠲᠠᠶ ᠲᠥᠮᠥᠰᠥ ᠬᠠᠩᠭᠠᠬᠤ ᠬᠤᠳᠠᠯᠳᠤᠭᠠᠴᠢᠨ︾ ᠪᠣᠯᠬᠤ ᠶᠢ ᠠᠵᠤ ᠠᠬᠤᠶᠢᠯᠠᠯ ᠤᠨ ᠢᠶᠠᠨ ᠬᠦᠭᠡᠭᠡᠴᠡᠯᠳᠤᠯ ᠪᠣᠯᠭᠠᠵᠤ᠂ ︽ᠬᠡᠷᠡᠭᠯᠡᠭᠴᠢᠳ ᠨᠢᠭᠡᠪᠦᠷᠢ ᠳᠤ ᠠᠮᠤᠷ ᠲᠦᠪᠰᠢᠨ ᠠᠮᠲᠠᠲᠤ ᠲᠥᠮᠥᠰᠥ ᠢᠳᠡᠭᠦᠯᠬᠦ᠂ ᠲᠠᠷᠢᠶᠠᠯᠠᠬᠤ ᠡᠷᠦᠬᠡ ᠨᠢᠭᠡᠪᠦᠷᠢ ᠶᠢ ᠲᠥᠮᠥᠰᠥ ᠲᠠᠷᠢᠬᠤ ᠪᠠᠷ ᠠᠮᠢᠳᠤᠷᠠᠯ ᠢᠶᠠᠨ ᠨᠡᠩ ᠰᠠᠶᠢᠨ ᠰᠠᠶᠢᠬᠠᠨ ᠪᠣᠯᠭᠠᠬᠤ︾᠎ ᠪᠠᠷ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠣᠯᠭᠠᠵᠠᠶ᠃ 6S ᠨᠠᠷᠢᠯᠢᠭ ᠰᠣᠩᠭᠤᠬᠤ ᠰᠢᠰᠲ᠋ᠧᠮ ᠳᠤ ᠲᠦᠰᠢᠭᠯᠡᠨ᠂ ᠬᠦᠷᠦᠰᠦ ᠰᠢᠷᠣᠶ᠂ ᠦᠷ᠎ᠡ ᠶᠢᠨ ᠲᠥᠮᠥᠰᠥ᠂ ᠲᠠᠷᠢᠵᠤ ᠪᠤᠶᠢᠵᠢᠭᠤᠯᠬᠤ᠂ ᠬᠥᠮᠥᠷᠭᠡᠯᠡᠬᠦ᠂ ᠪᠦᠲᠦᠭᠡᠭᠳᠡᠬᠦᠨ ᠤ ᠳᠡᠰ᠂ ᠪᠣᠭᠤᠳᠠᠯ ᠪᠠᠭᠯᠠᠭ᠎ᠠ ᠵᠡᠷᠭᠡ ᠵᠢᠷᠭᠤᠭᠠᠨ ᠲᠠᠯ᠎ᠠ ᠠᠴᠠ ᠶᠠᠰᠤ ᠴᠢᠨᠠᠷ ᠢ ᠴᠢᠩᠭ᠎ᠠ ᠡᠵᠡᠮᠳᠡᠨ ᠭᠠᠳᠠᠭᠠᠳᠤ ᠳᠤ ᠭᠠᠷᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠶᠢᠨ ᠴᠢᠩᠭ᠎ᠠ ᠪᠠᠷᠢᠮᠵᠢᠶ᠎ᠠ ᠪᠣᠯᠤᠨ ᠣᠯᠠᠨ ᠤᠯᠤᠰᠴᠢᠯᠠᠭᠰᠠᠨ ᠥᠨᠳᠥᠷ ᠬᠢᠷᠢ ᠬᠡᠮᠵᠢᠶ᠎ᠡ ᠪᠠᠷ ᠲᠤᠰ ᠪᠡᠶ᠎ᠡ ᠶᠢᠨ ᠬᠥᠭᠵᠢᠯᠲᠡ ᠪᠠᠨ ᠱᠠᠭᠠᠷᠳᠠᠵᠤ᠂ ᠪᠦᠬᠦ ᠳᠡᠯᠡᠬᠡᠶ ᠶᠢᠨ ᠵᠠᠬ᠎ᠠ ᠳᠡᠯᠭᠡᠭᠦᠷ ᠲᠤ ᠡᠷᠡᠭᠦᠯ ᠴᠡᠪᠡᠷ᠂ ᠴᠢᠨᠠᠷ ᠰᠠᠶᠢᠲᠠᠶ ᠲᠥᠮᠥᠰᠥ ᠶᠢᠨ ᠪᠦᠲᠦᠭᠡᠭᠳᠡᠬᠦᠨ ᠢ ᠬᠠᠩᠭᠠᠵᠤ ᠪᠠᠶᠢᠳᠠᠭ᠃ ᠣᠳᠣᠬᠠᠨ ᠳᠤ᠂ ᠲᠤᠰ ᠺᠤᠮᠫᠠᠨᠢ ᠶᠢᠨ ᠪᠠᠷᠠᠭ᠎ᠠ ᠨᠢ ᠢᠨᠳᠦ᠋ᠨᠧᠰᠢᠶ᠎ᠠ᠂ ᠣᠷᠣᠰ᠂ ᠰᠷᠢᠯᠠᠨᠺᠠ᠂ ᠸᠢᠶᠧᠲᠨᠠᠮ ᠂ ᠶᠠᠫᠣᠨ᠂ ᠪᠢᠷᠮᠠ᠂ ᠳ᠋ᠦᠪᠠᠢ᠂ ᠰᠢᠩᠭᠠᠫᠣᠷ᠂ ᠮᠠᠯᠠᠶᠢᠰᠢᠶ᠎ᠠ᠂ ᠲᠠᠢ ᠤᠯᠤᠰ ᠵᠡᠷᠭᠡ ᠠᠷᠪᠠᠨ ᠬᠡᠳᠦᠨ ᠤᠯᠤᠰ ᠲᠤ ᠪᠣᠷᠣᠯᠠᠭᠤᠯᠤᠭᠳᠠᠵᠤ᠂ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠨᠡᠶᠢᠲᠡ 7000 ᠭᠠᠷᠤᠶ ᠲᠣᠨ ᠳᠤ ᠬᠦᠷᠦᠭᠰᠡᠨ ᠪᠠᠶᠢᠨ᠎ᠠ᠃
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2