ᠠ ᠯᠢ ᠪᠠ ᠪᠠ ᠶᠢᠨ ᠤᠯᠠᠭᠠᠨᠴᠠᠪ ᠤᠨ ᠳ᠋ᠠᠶᠢᠲ᠋ᠠ ᠶᠢᠨ ᠲᠥᠪ ᠵᠢᠩᠬᠢᠨᠢ ᠪᠠᠷ ᠬᠦᠷᠢᠶᠡᠯᠡᠩ ᠨᠡᠬᠡᠬᠡᠪᠡ
ᠨᠡᠶᠢᠲᠡᠯᠡᠭᠰᠡᠨ ᠴᠠᠭ᠄
2020/6/17

       ᠹᠸᠢ ᠳ᠋ᠦᠩ ᠪᠢᠨ ᠵᠡᠷᠭᠡ ᠤᠳᠤᠷᠢᠳᠤᠯᠭ᠎ᠠ ᠠ ᠯᠢ ᠪᠠ ᠪᠠ ᠶᠢᠨ ᠤᠯᠠᠭᠠᠨᠴᠠᠪ ᠤᠨ ᠳ᠋ᠠᠶᠢᠲ᠋ᠠ ᠶᠢᠨ ᠲᠥᠪ ᠤᠨ ᠬᠦᠷᠢᠶᠡᠯᠡᠩ ᠨᠡᠬᠡᠬᠡᠵᠤ ᠡᠵᠡᠩᠨᠡᠬᠦ ᠳᠤ ᠫᠠᠶᠢᠰᠠ ᠰᠡᠬᠦᠪᠡ᠃ ᠵᠠᠩ ᠰᠢᠶᠣᠤ ᠫᠧᠩ ᠰᠡᠭᠦᠳᠡᠷᠯᠡᠪᠡ              6 ᠰᠠᠷ᠎ᠠ ᠶᠢᠨ 15᠎ ᠤ ᠡᠳᠦᠷ᠂ ᠠ ᠯᠢ ᠪᠠ ᠪᠠ ᠶᠢᠨ ᠤᠯᠠᠭᠠᠨᠴᠠᠪ ᠤᠨ ᠳ᠋ᠠᠶᠢᠲ᠋ᠠ ᠶᠢᠨ ᠲᠥᠪ ‍ᠤᠨ‌‍ᠬᠦ᠋ᠷᠢᠶᠡᠯᠡᠩ ᠨᠡᠭᠡᠭᠡᠬᠦ ᠶᠣᠰᠤᠯᠠᠯ ᠶᠠᠪᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ‌‍ᠲ᠋ᠠᠷᠤᠭ᠎ᠠ ᠹᠸᠢ ᠳ᠋ᠦᠩ ᠪᠢᠨ᠂ ᠠ ᠯᠢ ᠪᠠ ᠪᠠ ᠪᠦᠯᠦᠭᠯᠡᠯ ᠤᠨ IDC ᠰᠤᠳᠤᠯᠤᠨ ᠨᠡᠭᠡᠭᠡᠬᠦ ᠠᠵᠢᠯ ᠦᠶᠯᠡᠰ ᠤᠨ ᠬᠡᠯᠲᠡᠰ ᠤᠨ ᠶᠡᠷᠦᠩᠬᠡᠶ ᠳᠠᠭᠠᠭᠠᠮᠠᠯ ᠭᠤᠤ ᠱᠠᠨ ᠶᠤᠸᠠᠨ᠂ ᠳᠡᠳ᠋ ᠬᠤᠲᠠ ᠶᠢᠨ ᠳᠠᠷᠤᠭ᠎ᠠ ᠶᠦᠨ ᠫᠧᠩ ᠭᠠᠩ ᠬᠦᠷᠢᠶᠡᠯᠡᠩ ᠨᠡᠭᠡᠭᠡᠬᠦ ᠶᠣᠰᠣᠯᠠᠯ ᠳᠤ ᠣᠷᠣᠯᠴᠠᠪᠠ᠃        ᠹᠸᠢ ᠳ᠋ᠦᠩ ᠪᠢᠨ ᠪᠠᠶᠠᠷ ᠤᠨ ᠦᠭᠡ ᠬᠡᠯᠡᠬᠦ ᠳᠡᠭᠡᠨ᠂ ᠤᠶᠢᠷ᠎ᠡ ᠶᠢᠨ ᠵᠢᠯ ᠳᠤ᠂ ᠤᠯᠠᠭᠠᠨᠴᠠᠪ ᠣᠷᠣᠨ ᠪᠠᠶᠢᠷᠢᠰᠢᠯ ᠵᠠᠮ ᠬᠠᠷᠢᠯᠴᠠᠭ᠎ᠠ᠂ ᠭᠠᠵᠠᠷ ᠰᠢᠨᠵᠢᠯᠡᠭᠡᠨ ᠤ ᠪᠦᠲᠦᠴᠡ᠂ ᠠᠭᠤᠷ ᠠᠮᠢᠰᠬᠤᠯ᠂ ᠴᠠᠬᠢᠯᠭᠠᠨ ᠬᠦᠴᠦᠨ ᠵᠡᠷᠭᠡ ᠥᠪᠡᠷᠮᠢᠴᠡ ᠳᠠᠪᠠᠭᠤᠯᠢᠭ ᠲᠤ ᠰᠠᠭᠤᠷᠢᠯᠠᠨ᠂ ︽ᠰᠢᠨ᠎ᠡ ᠦᠨᠳᠦᠰᠦᠨ ᠪᠥᠲᠥᠭᠡᠨ ᠪᠠᠶᠢᠭᠤᠯᠤᠯᠳᠠ︾᠎ ᠶᠢᠨ ᠬᠥᠭᠵᠢᠯᠲᠡ ᠶᠢᠨ ᠲᠡᠷᠢᠭᠦᠨ ᠲᠣᠬᠢᠶᠠᠯ ᠢ ᠵᠠᠪᠳᠤᠨ ᠠᠳᠬᠤᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶ᠎ᠡ ᠶᠢ ᠴᠢᠷᠮᠠᠶᠢᠨ ᠪᠠᠶᠢᠭᠤᠯᠪᠠ᠃ ᠴᠥᠬᠦᠷᠡᠰᠢ ᠦᠭᠡᠢ ᠴᠢᠷᠮᠠᠶᠢᠵᠤ ᠪᠠᠶᠢᠭᠠᠳ ᠠ ᠯᠢ ᠪᠠ ᠪᠠ᠂ ᠠᠯᠮᠤᠷᠠᠳ᠂ ᠬᠤᠸᠠ ᠸᠧᠶ᠂ ᠲᠦᠷᠭᠡᠨ ᠭᠠᠷ ᠵᠡᠷᠭᠡ ᠨᠢᠭᠡ ᠪᠦᠯᠦᠭ ᠳᠡᠯᠡᠬᠡᠶ ᠶᠢᠨ ᠨᠠᠷᠠᠲᠤ ᠠᠵᠤ ᠠᠬᠤᠶᠢᠯᠠᠯ ᠵᠠᠯᠭᠠᠭ᠎ᠠ ᠪᠠᠷ ᠣᠷᠣᠵᠤ ᠢᠷᠡᠭᠡᠳ᠂ ᠤᠯᠠᠭᠠᠨᠴᠠᠪ ᠪᠥᠬᠦ ᠤᠯᠤᠰ ᠤᠨ ᠪᠠᠯᠠ ᠣᠷᠣᠭᠤᠯᠤᠯᠲᠠ ᠶᠢᠨ ᠳ᠋ᠠᠶᠢᠲ᠋ᠠ ᠶᠢᠨ ᠲᠥᠪ ᠲᠤ ᠬᠠᠮᠤᠭ ᠤᠨ ᠳᠣᠭᠢᠷᠠᠬᠤ ᠬᠤᠲᠠ ᠪᠠᠷ ᠦᠨᠡᠯᠡᠭᠳᠡᠵᠤ᠂ ᠲᠣᠮᠣ ᠳ᠋ᠠᠶᠢᠲ᠋ᠠ ᠨᠢᠭᠡᠨᠲᠡ ᠤᠯᠠᠭᠠᠨᠴᠠᠪ ᠤᠨ ᠭᠤᠶᠣ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ ᠭᠡᠵᠡᠢ᠃ ᠲᠡᠷᠡ᠂ ᠤᠯᠤᠰ ᠤᠨ ᠳᠣᠲᠣᠭᠠᠳᠤ ᠲᠡᠷᠡᠴᠢᠯᠡᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠨᠢᠭᠡᠳᠦᠭᠡᠷ ᠲᠤ ᠵᠢᠭᠰᠠᠭᠠᠭᠳᠠᠭᠰᠠᠨ ᠡᠭᠦᠯᠡᠨ ᠦᠢᠯᠡᠴᠢᠯᠡᠭᠡᠨ ᠤ ᠠᠵᠤ ᠦᠢᠯᠡᠳᠪᠦᠷᠢ ᠬᠤᠳᠠᠯᠳᠤᠭᠠᠴᠢᠨ ᠪᠣᠯᠤᠭᠰᠠᠨ ᠤ ᠬᠤᠪᠢ ᠳᠤ᠂ ᠠ ᠯᠢ ᠡᠬᠦᠯᠡ ᠶᠢᠨ ᠬᠢᠵᠢᠭ ᠤᠨ ᠪᠠᠶᠢᠳᠠᠯ ᠢ ᠡᠰᠡᠷᠭᠦᠴᠡᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠬᠦ ᠶᠠᠪᠤᠴᠠ ᠳᠤᠮᠳᠠᠬᠢ ᠰᠢᠨ᠎ᠡ ᠬᠡᠯᠪᠡᠷᠢ ᠶᠢᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠳᠠᠪᠠᠭᠤᠯᠢᠭ ᠤᠯᠠᠮ ᠨᠢᠭᠡ ᠠᠯᠬᠤᠮ ᠲᠤᠪᠤᠶᠢᠢᠮ᠎ᠠ ᠪᠣᠯᠪᠠ ᠃ ᠬᠤᠶᠠᠷ ᠲᠠᠯ᠎ᠠ ᠪᠠᠷ ᠢᠶᠠᠨ ᠡᠨᠡ ᠤᠳᠠᠭᠠᠨ ᠤ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠦᠢᠯᠡᠴᠢᠯᠡᠭᠦᠷ ᠢ ᠦᠶᠯᠡᠳᠬᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠣᠶᠤᠨᠴᠢ ᠬᠤᠲᠠ᠂ ᠣᠶᠤᠨᠴᠢ ᠳᠠᠷᠢᠶᠠᠯᠠᠩ ᠵᠡᠷᠭᠡ ᠲᠠᠯ᠎ᠠ ᠪᠠᠷ ᠥᠷᠭᠡᠨ ᠳᠡᠯᠭᠡᠷ ᠭᠦᠨ ᠭᠦᠨᠵᠡᠭᠡᠶ ᠬᠠᠮᠵᠢᠯᠴᠠᠭ᠎ᠠ ᠶᠢ ᠦᠷᠭᠦᠯᠵᠢᠯᠡᠨ ᠬᠢᠵᠤ᠂ ᠲᠣᠭᠠᠴᠢᠯᠠᠭᠰᠠᠨ ᠠᠵᠤ ᠠᠬᠤᠶ ᠶᠢᠨ ᠠᠰᠢᠭ ᠢ ᠬᠠᠮᠲᠤᠪᠠᠷ ᠡᠳ᠋ᠯᠡᠵᠤ᠂ ︽ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ︾᠎ ᠶᠢᠨ ᠬᠥᠭᠵᠢᠯᠲᠡ ᠶᠢᠨ ᠢᠷᠡᠭᠡᠳᠦᠶ ᠳᠤ ᠬᠠᠮᠳᠤᠪᠡᠷ ᠠᠰᠢᠭ ᠬᠦᠷᠳᠡᠨ᠎ᠡ ᠭᠡᠵᠣ ᠢᠯᠡᠷᠬᠡᠶᠢᠯᠡᠵᠡᠢ᠃
       ᠹᠧᠶ ᠳ᠋ᠦᠩ ᠪᠢᠨ ᠪᠠᠶᠠᠷ ᠤᠨ ᠦᠭᠡ ᠬᠡᠯᠡᠵᠤ ᠪᠠᠶᠢᠨ᠎ᠠ            ᠤᠯᠠᠭᠠᠨᠴᠠᠪ ᠤᠨ ᠲᠤᠮᠤ ᠳ᠋ᠠᠶᠢᠲ᠋ᠠ ᠶᠢᠨ ᠲᠥᠪ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠡᠨᠡ ᠨᠢ ᠠ ᠯᠢ ᠶᠦᠨ ᠤ ᠪᠦᠬᠦ ᠤᠯᠤᠰ ᠲᠠᠬᠢ ᠪᠠᠶᠢᠷᠢᠰᠢᠯ ᠨᠡᠩ ᠲᠡᠭᠦᠯᠳᠡᠷᠵᠢᠭᠰᠡᠨ ᠢ ᠬᠠᠷᠠᠭᠤᠯᠵᠤ ᠪᠠᠶᠢᠬᠤ ᠪᠥᠭᠡᠳ ᠠ ᠯᠢ ᠪᠠ ᠪᠠ ᠪᠦᠯᠦᠭᠯᠡᠯ ᠤᠨ ᠤᠯᠤᠰ ᠤᠨ ᠰᠢᠨ᠎ᠡ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢ ᠴᠤᠤᠷᠢᠶᠠᠲᠤᠨ ᠲᠠᠭᠠᠭᠰᠠᠨ ᠤ ᠴᠢᠬᠤᠯᠠ ᠦᠷ᠎ᠡ ᠪᠦᠲᠦᠭᠡᠯ ᠪᠣᠯᠤᠨ᠎ᠠ᠃ ᠪᠢᠳᠡ ᠤᠯᠠᠭᠠᠨᠴᠠᠪ ᠤᠨ ᠡᠭᠦᠯᠡᠨ ᠳ᠋ᠠᠶᠢᠲ᠋ᠠ ᠶᠢᠨ ᠲᠥᠪ ᠤᠨ ᠢᠷᠡᠭᠡᠳᠦᠶ ᠶᠢᠨ ᠬᠥᠭᠵᠢᠯᠲᠡ ᠶᠢᠨ ᠳᠠᠯᠳᠠ ᠬᠦᠴᠦᠨ ᠳᠤ ᠢᠳᠡᠬᠡᠯ ᠳᠦᠬᠦᠷᠡᠩ ᠪᠠᠶᠢᠵᠤ᠂ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠤ᠂ ᠤᠯᠠᠭᠠᠨᠴᠠᠪ ᠬᠤᠲᠠ ᠯᠤᠭ᠎ᠠ ᠬᠠᠮᠲᠤᠪᠠᠷ ︽ᠲᠠᠯ᠎ᠠ ᠨᠤᠲᠤᠭ ᠤᠨ ᠡᠭᠦᠯᠡᠨ ᠬᠥᠨᠳᠡᠶ︾᠎ ᠶᠢ ᠪᠠᠶᠢᠭᠤᠯᠵᠤ᠂ ᠳᠤᠮᠳᠠᠳᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠤ ᠭᠤᠤ ᠱᠠᠨ ᠶᠤᠸᠠᠨ ᠢᠯᠡᠷᠬᠡᠶᠢᠯᠡᠪᠡ᠃ ᠣᠶᠢᠯᠠᠭᠠᠭᠰᠠᠨ ᠢᠶᠠᠷ᠂ ᠠ ᠯᠢ ᠪᠠ ᠪᠠ ᠶᠢᠨ ᠤᠯᠠᠭᠠᠨᠴᠠᠪ ᠤᠨ ᠳ᠋ᠠᠶᠢᠲ᠋ᠠ ᠶᠢᠨ ᠲᠥᠪ ᠪᠣᠯ ᠠ ᠯᠢ ᠪᠠ ᠪᠠ ᠪᠦᠯᠦᠭᠯᠡᠯ ᠤᠨ ᠥᠪᠥᠷ ᠮᠣᠩᠭᠤᠯ ᠳᠤ ᠪᠠᠶᠢᠭᠤᠯᠤᠭᠰᠠᠨ ᠠᠩᠬᠠᠳᠠᠭᠴᠢ ᠡᠭᠦᠯᠡᠨ ᠳ᠋ᠠᠶᠢᠲ᠋ᠠ ᠶᠢᠨ ᠰᠠᠭᠤᠷᠢᠨ ᠭᠠᠵᠠᠷ ᠪᠣᠯᠤᠨ᠎ᠠ᠂ 2018 ᠰᠠᠷ᠎ᠠ ᠶᠢᠨ 4 ᠰᠠᠷ᠎ᠠ ᠳᠤ ᠬᠤᠶᠠᠷ ᠲᠠᠯ᠎ᠠ ᠪᠠᠷ ᠢᠶᠠᠨ ᠬᠠᠩᠵᠧᠦ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠤ᠂ ︽ᠭᠤᠷᠪᠠᠨ ᠲᠠᠯ᠎ᠠ ᠶᠢ ᠪᠠᠶᠢᠷᠢᠰᠢᠭᠤᠯᠬᠤ᠂ ᠨᠢᠭᠡ ᠬᠤᠲᠠ ᠳᠤ ᠬᠠᠷᠢᠯᠴᠠᠨ ᠪᠡᠯᠡᠳᠬᠡᠬᠦ︾ ᠠᠷᠭ᠎ᠠ ᠮᠠᠶ᠋ᠢᠭ ᠶᠣᠰᠣᠭᠠᠷ ᠪᠦᠲᠦᠭᠡᠨ ᠪᠠᠶᠢᠭᠤᠯᠵᠤ ᠠᠵᠢᠯᠯᠠᠭᠤᠯᠤᠨ᠎ᠠ᠃ ᠲᠥᠷᠥᠯ ᠵᠦᠶᠯ ᠤᠨ ᠵᠢᠩᠬᠢᠨᠢ ᠪᠠᠷ ᠬᠦᠷᠢᠶᠡᠯᠡᠩ ᠨᠡᠭᠡᠭᠡᠭᠰᠡᠨ ᠨᠢ ︽ᠲᠠᠯ᠎ᠠ ᠨᠤᠲᠤᠭ ᠤᠨ ᠡᠭᠦᠯᠡᠨ ᠬᠥᠨᠳᠡᠶ︾᠎ ᠶᠢᠨ ᠨᠠᠷᠠᠲᠤ ᠲᠥᠷᠥᠯ ᠲᠡᠮᠳᠡᠭᠲᠦ ᠶᠢ  ᠡᠭᠦᠳᠴᠦ᠂ ᠤᠯᠠᠭᠠᠨᠴᠠᠪ ᠤᠨ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                                         ᠵᠤᠬᠢᠶᠠᠭᠴᠢ᠄ ᠵᠠᠩ ᠭᠦᠸᠧ ᠰᠢᠨ                                         ᠤᠷᠴᠢᠭᠤᠯᠤᠭᠴᠢ᠄ ᠬᠦᠰᠡᠯ                                         ᠬᠢᠨᠠᠭᠴᠢ᠄ ᠭᠡᠷᠡᠯᠳᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2