ᠵᠢᠨᠢᠩ ᠤᠨ ᠳᠠᠶᠢᠯᠠᠯᠳᠤᠭᠠᠨ ᠬᠢᠬᠡᠳ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ‍ᠤᠨ‌ᠤᠷᠳᠤᠨ ︵ᠳᠦᠷᠪᠡ︶
ᠨᠡᠶᠢᠲᠡᠯᠡᠭᠰᠡᠨ ᠴᠠᠭ᠄
2020/6/3
        ᠵᠢᠨᠢᠩ ᠢ ᠴᠢᠯᠦᠭᠡᠯᠡᠬᠦ ᠳᠠᠶᠢᠯᠠᠯᠳᠤᠭᠠᠨ ︵1948.9︶         1948 ᠤᠨ ᠤ ᠨᠠᠮᠤᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠯᠳᠤᠬᠤ ᠪᠤᠳᠤᠯᠭ᠎ᠠ ᠶᠢᠨ ᠭᠡᠳᠡᠷᠭᠦ ᠳᠠᠭᠠᠷᠢᠯᠲᠠ ᠠᠴᠠ ᠪᠠᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠳᠠᠶᠢᠨ ᠤ ᠱᠠᠲᠤᠨ ᠳᠤ ᠰᠢᠯᠵᠢᠨ ᠤᠷᠤᠪᠠ᠃ ᠨᠠᠮ ᠤᠨ ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠡᠭᠦᠨ ᠬᠤᠶᠢᠲᠦ  ᠶᠢᠨ ᠳᠠᠶᠢᠨ ᠤ ᠲᠠᠯᠠᠪᠤᠷ ᠲᠤ ᠶᠠᠭᠤᠨ ᠤ ᠡᠮᠦᠨ᠎ᠡ ᠰᠢᠢᠳᠪᠦᠷᠢᠲᠦ ᠳᠠᠶᠢᠨ ᠬᠢᠬᠦ ᠪᠠᠷ ᠲᠤᠭᠲᠠᠪᠠ᠃ ᠯᠢᠶᠣᠣ ᠱᠧᠨ ᠤ ᠳᠠᠶᠢᠯᠠᠯᠳᠤᠭᠠᠨ ᠳᠤ ᠬᠠᠮᠵᠢᠯᠴᠠᠬᠤ ᠶᠢᠨ ᠲᠦᠯᠦᠭᠡ ᠮᠠᠥ ᠽᠧ ᠳ᠋ᠦᠩ ᠶᠠᠩ ᠴᠧᠩ ᠡᠦ ᠤᠨ ᠭᠤᠷᠪᠠᠳᠤᠭᠠᠷ ᠪᠢᠩᠲ᠋ᠤᠸᠠᠨ ᠢ ᠰᠦᠶᠶᠤᠸᠠᠨ ᠳᠤ ᠤᠷᠤᠵᠤ ᠵᠢᠨᠢᠩ ᠢ ᠡᠵᠡᠯᠡᠬᠦ ᠵᠠᠷᠯᠢᠭ ᠪᠠᠭᠤᠯᠭᠠᠪᠠ᠃ 1948 ᠣᠨ ᠳᠤ᠂ ᠠᠷᠠᠳ ᠤᠨ ᠴᠢᠯᠥᠭᠡᠯᠡᠬᠦ ᠴᠡᠷᠢᠭ ᠵᠢᠨᠢᠩ ᠢ ᠴᠢᠯᠥᠭᠡᠯᠡᠬᠦ ᠳᠠᠶᠢᠯᠠᠯᠳᠤᠭᠠᠨ ᠢ ᠡᠬᠢᠯᠡᠭᠦᠯᠵᠡᠶ᠃         ᠵᠢᠨᠢᠩ ᠢ ᠴᠢᠯᠥᠭᠡᠯᠡᠬᠦ ᠡᠨᠡ ᠤᠳᠠᠭᠠᠨ ᠤ ᠳᠠᠶᠢᠯᠠᠯᠳᠤᠭᠠᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠨᠠᠷᠢᠨ ᠨᠢᠮᠪᠠᠶ ᠪᠠᠶᠢᠷᠢᠯᠠᠭᠤᠯᠵᠤ᠂ ᠵᠠᠪᠠᠯ ᠪᠡᠶᠡᠯᠡᠭᠦᠯᠬᠦ ᠬᠡᠷᠡᠭᠲᠡᠶ ᠭᠡᠵᠡᠶ᠃ 8 ᠰᠠᠷ᠎ᠠ ᠶᠢᠨ 3᠎ ᠤ ᠡᠳᠦᠷ᠂ ᠮᠠᠤ ᠽᠧ ᠳ᠋ᠦᠩ᠂ ᠵᠦ ᠳ᠋ᠧ᠂ ᠵᠧᠤ ᠧᠨ ᠯᠠᠶ᠂ ᠯᠢᠦ ᠱᠣᠣ ᠴᠢ᠂ ᠷᠧᠨ ᠪᠢ ᠱᠢ ᠨᠠᠷ ᠰᠢ ᠪᠠᠶ ᠫᠦᠸᠧ ᠳᠤ ᠨᠢᠶᠧ ᠷᠦᠩ ᠵᠧᠨ᠂ ᠶᠠᠩ ᠴᠧᠩ ᠡᠦ ᠶᠢ ᠬᠦᠯᠢᠶᠡᠨ ᠠᠪᠴᠤ ᠠᠭᠤᠯᠵᠠᠬᠤ ᠦᠶ᠎ᠡ ᠳᠤ᠂ ᠮᠠᠤ ᠽᠧ ᠳ᠋ᠦᠩ᠄ ︽ᠠᠩᠬᠠᠨ ᠤ ᠪᠠᠶᠢᠯᠳᠤᠭᠠᠨ ᠢ ᠵᠠᠪᠠᠯ ᠢᠯᠠᠵᠦ᠂ ᠨᠢᠭᠡᠳᠦᠭᠡᠷ ᠪᠠᠶᠢᠯᠳᠤᠭᠠᠨ ᠢ ᠡᠷᠬᠡᠪᠰᠢ ᠰᠠᠶᠢᠲᠤᠷ ᠬᠢᠬᠦ ᠬᠡᠷᠡᠭᠲᠡᠶ ᠁ ᠵᠢᠨᠢᠩ᠂ ᠪᠤᠭᠤᠲᠤ ᠶᠢᠨ ᠳᠠᠶᠢᠨ ᠢ ᠰᠠᠶᠢᠲᠤᠷ ᠬᠢᠬᠦ ᠪᠣᠯ ᠲᠦᠢᠯ ᠤᠨ ᠴᠢᠬᠤᠯᠠ︾ ᠭᠡᠵᠦ ᠵᠠᠬᠢᠵᠠᠢ᠃ 9 ᠰᠠᠷ᠎ᠠ ᠳᠤ ᠴᠢᠯᠥᠭᠡᠯᠡᠬᠦ ᠴᠡᠷᠢᠭ ᠤᠨ ᠤᠮᠠᠷᠠᠲᠦ ᠶᠢᠨ ᠴᠡᠷᠢᠭ ᠤᠨ ᠲᠣᠭᠤᠷᠢᠭ ᠤᠨ ᠭᠤᠷᠪᠠᠨ ᠪᠢᠩᠲ᠋ᠤᠸᠠᠨ ᠨᠠᠮ ᠤᠨ ᠲᠥᠪ ᠬᠤᠷᠢᠶᠠᠨ ᠤ ᠵᠢᠭᠠᠪᠤᠷᠢ ᠪᠠᠷ ᠰᠧᠯᠢᠩ ᠶᠠᠩ ᠴᠧᠩ ᠦ᠋᠂ ᠤᠯᠤᠰ ᠲᠥᠷᠥ ᠶᠢᠨ ᠭᠡᠰᠢᠭᠦᠨ ᠯᠢ ᠵᠢᠩ ᠴᠢᠤᠸᠠᠨ ᠤ ᠳᠠᠭᠠᠭᠤᠯᠭ᠎ᠠ ᠪᠠᠷ ᠰᠦᠶᠶᠤᠸᠠᠨ ᠳᠤ ᠴᠡᠷᠢᠭ ᠣᠷᠣᠪᠠ᠃ ᠨᠢᠭᠡᠳᠦᠭᠡᠷ ᠳᠤᠮᠳᠠ ᠠᠩᠭᠢ ᠪᠠ ᠱᠠᠨ ᠰᠢ ᠰᠦᠶᠶᠤᠸᠠᠨ ᠤ ᠨᠠᠶᠢᠮᠠᠳᠤᠭᠠᠷ ᠴᠤᠪᠤᠭ᠎ᠠ ᠠᠩᠭᠢ ᠵᠢᠨᠢᠩ ᠢ ᠪᠦᠰᠡᠯᠡᠵᠦ᠂ 9 ᠰᠠᠷ᠎ᠠ ᠶᠢᠨ 26᠎ ᠤ ᠡᠳᠦᠷ ᠤᠨ 18 ᠴᠠᠭ 30 ᠮᠢᠨᠦ᠋ᠲ ᠲᠤ ᠳᠠᠭᠠᠷᠢᠯᠲᠠ ᠬᠢᠵᠦ᠂ ᠨᠢᠭᠡ ᠰᠥᠨᠢ ᠶᠢᠨ ᠰᠢᠷᠦᠭᠦᠨ ᠪᠠᠶᠢᠯᠳᠤᠭᠠᠨ ᠪᠠᠷ ᠳᠠᠮᠵᠢᠨ 27᠎ ᠤ ᠡᠳᠦᠷ ᠤᠨ 10 ᠴᠠᠭ ᠲᠤ ᠵᠢᠨᠢᠩ ᠢ ᠡᠵᠠᠯᠠᠨ ᠳᠠᠶᠢᠰᠦᠨ ᠤ ᠴᠡᠷᠢᠭ ᠢ 3500 ᠤᠰᠠᠳᠬᠠᠪᠠ᠃ ᠴᠢᠯᠦᠭᠡᠯᠡᠬᠦ ᠴᠡᠷᠢᠭ  ᠤᠨ ᠰᠦᠶᠶᠤᠸᠠᠨ ᠳᠠᠬᠢ ᠴᠡᠷᠢᠭ ᠳᠠᠶᠢᠨ ᠤ ᠠᠵᠢᠯᠯᠠᠭ᠎ᠠ ᠨᠢ ᠹᠦ᠋ ᠽᠦᠸᠧ ᠢ ᠶᠢ ᠰᠤᠴᠢᠭᠠᠨ᠂ ᠶᠠᠪᠠᠭᠠᠨ ᠮᠤᠷᠢᠲᠦ ᠴᠡᠷᠢᠭ ᠪᠠᠷᠤᠭ 10 ᠪᠠᠷᠢᠭᠠᠳᠠ ᠴᠡᠷᠢᠭ ᠲᠠᠲᠠᠵᠦ ᠪᠠᠷᠠᠭᠤᠨᠰᠢ ᠰᠦᠶᠶᠤᠸᠠᠨ ᠢ ᠲᠤᠰᠠᠯᠠᠪᠠ᠃ 9 ᠰᠠᠷ᠎ᠠ ᠶᠢᠨ 29᠎ ᠤ ᠡᠳᠦᠷ ᠴᠢᠯᠦᠭᠡᠯᠡᠬᠦ ᠴᠡᠷᠢᠭ ᠤᠨ ᠵᠢᠨᠢᠩ ᠢ ᠰᠠᠬᠢᠨ ᠰᠠᠭᠤᠵᠦ ᠪᠠᠶᠢᠭᠰᠠᠨ ᠴᠡᠷᠢᠭ ᠠᠩᠭᠢ ᠬᠤᠲᠠ ᠠᠴᠠ ᠭᠠᠷᠴᠦ ᠳᠠᠶᠢᠰᠦᠨ ᠤ ᠪᠠᠷᠠᠭᠤᠨᠰᠢᠯᠠᠬᠤ ᠶᠢ ᠬᠤᠷᠢᠭᠯᠠᠵᠦ ᠭᠤᠷᠪᠠᠳᠤᠭᠠᠷ ᠪᠢᠩᠲ᠋ᠤᠸᠠᠨ ᠤ ᠭᠤᠤᠯ ᠬᠦᠴᠦᠨ ᠤ ᠨᠡᠶᠢᠯᠡᠬᠦ ᠳᠤ ᠬᠠᠮᠵᠢᠯᠴᠠᠪᠠ᠃ ᠭᠤᠮᠢᠨᠳᠠᠩ ᠤᠨ ᠴᠡᠷᠢᠭ ᠳᠠᠬᠢᠨ ᠵᠢᠨᠢᠩ ᠢ ᠡᠵᠡᠯᠡᠭᠰᠡᠨ ᠪᠠᠶᠢᠨ᠎ᠠ᠃ 10 ᠰᠠᠷ᠎ᠠ ᠶᠢᠨ 15᠎ ᠤ ᠡᠳᠦᠷ᠂ ᠤᠮᠠᠷᠠᠲᠦ ᠶᠢᠨ ᠴᠡᠷᠢᠭ ᠤᠨ ᠲᠤᠭᠤᠷᠢᠭ ᠤᠨ ᠬᠤᠶᠠᠳᠤᠭᠠᠷ ᠪᠢᠩᠲ᠋ᠤᠸᠠᠨ ᠫᠢᠩ ᠵᠠᠩ ᠱᠤᠭᠤᠮ ᠳᠠᠭᠠᠤ ᠤᠷᠤᠭᠰᠢᠯᠠᠵᠦ᠂ ᠭᠤᠷᠪᠠᠳᠤᠭᠠᠷ ᠪᠢᠩᠲ᠋ᠤᠸᠠᠨ ᠤ ᠴᠡᠷᠢᠭ ᠳᠠᠶᠢᠨ ᠤ ᠠᠵᠢᠯᠯᠠᠭ᠎ᠠ ᠳᠤ ᠬᠠᠮᠵᠢᠯᠴᠠᠭᠰᠠᠨ ᠳᠤ ᠹᠦ᠋ ᠽᠦᠸᠧ ᠢ ᠶᠢᠨ ᠪᠠᠷᠠᠭᠤᠨᠰᠢ ᠲᠤᠰᠠᠯᠠᠭᠰᠠᠨ ᠴᠡᠷᠢᠭ ᠳᠡᠬᠢᠨ ᠵᠡᠭᠦᠨᠰᠢ ᠪᠤᠴᠠᠵᠦ᠂ ᠵᠢᠨᠢᠩ ᠢ ᠡᠵᠡᠯᠡᠭᠰᠡᠨ ᠭᠤᠮᠢᠨᠳᠠᠩ  ᠤᠨ ᠴᠡᠷᠢᠭ ᠴᠦ ᠪᠠᠶᠢᠯᠳᠤᠭᠰᠠᠨ ᠦᠭᠡᠢ ᠪᠠᠷ ᠤᠬᠤᠷᠢᠨ ᠭᠠᠷᠴᠦ ᠴᠢᠯᠦᠭᠡᠯᠡᠬᠦ ᠴᠡᠷᠢᠭ ᠵᠢᠨᠢᠩ ᠢ ᠡᠵᠡᠯᠡᠵᠦ ᠵᠢᠨᠢᠩ ᠴᠢᠯᠦᠭᠡᠯᠡᠭᠳᠡᠪᠡ᠃ ᠪᠦᠬᠦ᠋ᠢᠯᠡ ᠵᠢᠨᠢᠩ ᠤᠨ ᠳᠠᠶᠢᠯᠠᠯᠳᠤᠭᠠᠨ ᠳᠤ᠂ ᠭᠤᠮᠢᠨᠳᠠᠩ ᠡᠪ ᠬᠠᠮᠲᠤ ᠨᠠᠮ ᠬᠤᠶᠠᠷ ᠲᠠᠯ᠎ᠠ ᠪᠠᠷ ᠢᠶᠠᠨ ᠨᠡᠶᠢᠲᠡ 87400 ᠭᠠᠷᠤᠶ ᠴᠡᠷᠢᠭ ᠤᠨ ᠬᠦᠴᠦᠨ ᠢ ᠣᠷᠣᠭᠤᠯᠵᠤ᠂ ᠡᠭᠦᠨ ᠤ ᠳᠣᠲᠣᠷ᠎ᠠ ᠴᠢᠯᠥᠭᠡᠯᠡᠬᠦ ᠴᠡᠷᠢᠭ 46000 ᠭᠠᠷᠤᠶ᠂ ᠭᠤᠮᠢᠨᠳᠠᠩ ᠤᠨ ᠴᠡᠷᠢᠭ 41400 ᠭᠠᠷᠤᠶ ᠪᠠᠶᠢᠪᠠ᠃ ᠴᠢᠯᠥᠭᠡᠯᠡᠬᠦ ᠴᠡᠷᠢᠭ 11950 ᠭᠠᠷᠤᠶ ᠦᠬᠦᠵᠦ ᠰᠢᠷᠬᠠᠲᠤᠵᠤ᠂ ᠭᠤᠮᠢᠨᠳᠠᠩ ᠤᠨ ᠴᠡᠷᠢᠭ ᠢ 14000 ᠭᠠᠷᠤᠶ ᠤᠰᠠᠳᠬᠠᠵᠠᠢ᠃          ᠵᠢᠨᠢᠩ ᠤᠨ ᠳᠠᠶᠢᠯᠠᠯᠳᠤᠭᠠᠨ ᠪᠣᠯ ᠥᠪᠥᠷ ᠮᠣᠩᠭᠤᠯ ᠤᠷᠤᠨ ᠤ ᠴᠢᠯᠥᠭᠡᠯᠡᠬᠦ ᠳᠠᠶᠢᠨ ᠤ ᠦᠶ᠎ᠡ ᠶᠢᠨ ᠬᠠᠮᠤᠭ ᠤᠨ ᠣᠯᠠᠨ ᠬᠦᠮᠦᠨ ᠤᠷᠤᠯᠴᠠᠭᠰᠠᠨ᠂ ᠨᠥᠯᠥᠭᠡ ᠪᠠᠷ ᠬᠠᠮᠤᠭ ᠤᠨ ᠶᠡᠭᠡ ᠳᠠᠶᠢᠯᠠᠯᠳᠤᠭᠠᠨ ᠤ ᠨᠢᠭᠡ ᠪᠣᠯᠤᠨ᠎ᠠ᠃ ᠵᠢᠨᠢᠩ ᠤᠨ ᠳᠠᠶᠢᠯᠠᠯᠳᠤᠭᠠᠨ ᠤ ᠢᠯᠠᠯᠲᠠ ᠨᠢ ᠭᠤᠮᠢᠨᠳᠠᠩ ᠤᠨ ᠴᠡᠷᠢᠭ ᠤᠨ ᠵᠡᠭᠦᠨ ᠬᠤᠶᠢᠲᠤ ᠣᠷᠣᠨ ᠢ ᠪᠤᠯᠢᠶᠠᠨ ᠡᠵᠡᠯᠡᠬᠦ ᠶᠢ ᠬᠤᠷᠢᠭᠯᠠᠵᠤ᠂ ᠴᠢᠯᠥᠭᠡᠯᠡᠬᠦ ᠴᠡᠷᠢᠭ ᠤᠨ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠭᠰᠠᠨ ᠪᠠᠶᠢᠨ᠎ᠠ᠃ ᠮᠦᠨᠴᠦ ᠴᠢᠯᠥᠭᠡᠯᠡᠬᠦ ᠴᠡᠷᠢᠭ ᠭᠤᠮᠢᠨᠳᠠᠩ ᠤᠨ ᠴᠡᠷᠢᠭ ᠲᠠᠢ ᠪᠠᠶᠢᠯᠳᠤᠬᠤ ᠪᠣᠳᠣᠯᠭ᠎ᠠ ᠶᠢᠨ ᠰᠢᠶᠳᠪᠦᠷᠢᠲᠦ ᠪᠠᠶᠢᠯᠳᠤᠭᠠᠨ ᠬᠢᠬᠦ ᠳᠤ ᠡᠷᠬᠢᠮ ᠨᠠᠨᠳᠢᠨ ᠪᠠᠶᠢᠯᠳᠤᠭᠠᠨ ᠤ ᠲᠤᠷᠰᠢᠯᠭ᠎ᠠ ᠬᠠᠩᠭᠠᠵᠦ᠂ ᠯᠢᠶᠣᠤ ᠱᠧᠨ ᠤ ᠳᠠᠶᠢᠯᠠᠯᠳᠤᠭᠠᠨ᠂ ᠫᠢᠩ ᠶᠢᠨ ᠤ ᠳᠠᠶᠢᠯᠠᠯᠳᠤᠭᠠᠨ ᠤ ᠰᠢᠶᠳᠪᠦᠷᠢᠲᠦ ᠪᠠᠶᠢᠯᠳᠤᠭᠠᠨ ᠤ ᠢᠯᠠᠯᠲᠠ ᠳᠤ ᠬᠠᠮᠵᠢᠯᠴᠠᠨ᠂ ᠹᠦ᠋ ᠽᠦᠸᠧ ᠢ ᠶᠢᠨ ᠭᠤᠮᠢᠨᠳᠠᠩ ᠤᠨ ᠴᠡᠷᠢᠭ ᠤᠨ ᠪᠠᠷᠠᠭᠤᠨᠰᠢ ᠳᠤᠲᠠᠭᠠᠬᠤ ᠵᠠᠮ ᠢ ᠲᠠᠰᠤᠯᠵᠤ᠂ ᠪᠧᠶᠢᠫᠢᠩ᠂ ᠰᠦᠶᠶᠤᠸᠠᠨ ᠢ ᠨᠠᠶᠢᠷᠠᠮᠳᠠᠯ ᠢᠶᠠᠷ ᠴᠢᠯᠦᠭᠡᠯᠡᠬᠦ ᠶᠢ ᠠᠬᠢᠭᠤᠯᠪᠠ᠃
         1948 ᠤᠨ ᠤ ᠤᠮᠠᠷᠠᠲᠤ ᠤᠷᠤᠨ ᠬᠢᠭᠡᠳ ᠵᠡᠭᠦᠨ ᠬᠤᠶᠢᠲᠦ ᠤᠷᠤᠨ ᠤ ᠪᠠᠶᠢᠯᠳᠤᠭᠠᠨ ᠤ ᠪᠠᠶᠢᠳᠠᠯ ‍ᠤᠨ‌ᠵᠢᠷᠤᠭ        
     1948 ᠤᠨ ᠤ 9 ᠰᠠᠷ᠎ᠠ ᠤᠮᠠᠷᠠᠲᠤ ᠶᠢᠨ ᠴᠡᠷᠢᠭ ᠤᠨ ᠲᠤᠭᠤᠷᠢᠭ ᠤᠨ ᠭᠤᠷᠪᠠᠳᠤᠭᠠᠷ ᠪᠢᠩᠲ᠋ᠤᠸᠠᠨ ‍ᠤ‌‍ᠺᠤᠮᠠᠨᠳᠠᠯᠠᠭᠴᠢ ᠶᠠᠩ ᠴᠧᠩ ᠡᠦ
         1948 ᠤᠨ ᠭᠤᠷᠪᠠᠳᠤᠭᠠᠷ ᠪᠢᠩᠲ᠋ᠤᠸᠠᠨ ᠤ ᠤᠯᠤᠰ ᠲᠦᠷᠦ ᠶᠢᠨ ᠭᠡᠰᠢᠭᠦᠨ ᠯᠢ ᠵᠢᠩ ᠴᠢᠤᠸᠠᠨ        
         ᠭᠤᠷᠪᠠᠳᠤᠭᠠᠷ ᠪᠢᠩᠲ᠋ᠤᠸᠠᠨ ᠤ ᠳᠠᠶᠢᠨ ᠤ ᠪᠠᠶᠢᠳᠠᠯ ᠤᠨ ᠵᠢᠷᠤᠭ          
       ᠳᠠᠶᠢᠰᠤᠨ ᠤ ᠴᠡᠷᠢᠭ ᠲᠤ ᠳᠠᠭᠠᠷᠢᠯᠲᠠ ᠬᠢᠵᠦ ᠪᠠᠶᠢᠭ᠎ᠠ ᠨᠢ
               ᠵᠢᠨᠢᠩ ᠢ ᠴᠢᠯᠦᠭᠡᠯᠡᠬᠦ ᠳᠠᠶᠢᠨ ᠳᠤ ᠤᠯᠵᠠᠯᠠᠭᠳᠠᠭᠰᠠᠨ ᠳᠠᠶᠢᠰᠤᠨ ᠤ ᠴᠡᠷᠢᠭ                                  ᠨᠠᠶᠢᠷᠠᠭᠤᠯᠤᠭᠴᠢ᠄ ᠡᠷᠳᠡᠨᠢᠴᠤᠭᠲᠦ                              ᠬᠢᠨᠠᠭᠴᠢ᠄ ᠭᠡᠷᠡᠯᠲᠦ                          
 
ᠢᠷᠡᠯᠲᠡ᠄ ᠤᠯᠠᠭᠠᠨᠴᠠᠪ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2