ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/6/3
         2020 ᠣᠨ ᠤ 4 ᠰᠠᠷ᠎ᠠ ᠶᠢᠨ 8᠎ ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ ᠠᠵᠤ ᠠᠬᠤᠢ  ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠢ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2020 ᠣᠨ ᠤ 6 ᠳ᠋ᠤᠭᠠᠷ  ᠤᠳᠠᠭᠠᠨ ᠤ  ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠢᠨᠢᠩ ᠲᠣᠭᠤᠷᠢᠭ ᠤᠨ 2020 ᠣᠨ ᠤ  ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠵᠡᠷᠭᠡ  ᠶᠢ ᠰᠤᠳᠤᠯᠵᠠᠢ᠃ ᠤᠳᠤ ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄          ᠬᠤᠷᠠᠯ ᠠᠴᠠ ᠵᠢᠨᠢᠩ ᠲᠣᠭᠤᠷᠢᠭ ᠤᠨ 2020᠎  ᠤᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠮᠡᠳᠡᠭᠦᠯᠦᠯᠲᠡ ᠵᠢᠴᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠬᠢᠴᠠ ᠶᠢᠨ ᠲᠣᠬᠢᠷᠠᠭᠤᠯᠤᠯᠲᠠ ᠪᠣᠯᠤᠨ ᠠᠵᠢᠯ ᠤᠨ ᠠᠬᠢᠴᠠ ᠶᠢᠨ ᠮᠡᠳᠡᠭᠦᠯᠦᠯᠲᠡ ᠶᠢ ᠰᠣᠨᠣᠰᠴᠠᠶ᠃ ᠣᠳᠣᠬᠠᠨ ᠤ ᠠᠵᠤ ᠠᠬᠤᠢ ᠶᠢᠨ ᠠᠵᠢᠯ ᠢ ᠰᠤᠳᠤᠯᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃          ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠭᠰᠠᠨ ᠤᠷᠢᠲᠠᠯ ᠳᠣᠣᠷ᠎ᠠ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠴᠠᠭ ᠬᠤᠭᠤᠴᠠᠭᠠᠨ ᠤ ᠬᠤᠬᠢᠷᠠᠯ᠂ ᠠᠵᠢᠯ ᠤᠨ ᠬᠤᠬᠢᠷᠠᠯ᠂ ᠬᠥᠭᠵᠢᠯᠲᠡ ᠶᠢᠨ  ᠬᠤᠬᠢᠷᠠᠯ  ᠢ ᠴᠢᠷᠮᠠᠶᠢᠨ ᠡᠭᠡᠭᠦᠯᠦᠨ ᠠᠪᠴᠢᠷᠠᠵᠤ᠂ ᠠᠵᠤ ᠠᠬᠤᠶ ᠨᠡᠶᠢᠭᠡᠮ ᠤᠨ ᠡᠮᠬᠢ ᠵᠢᠷᠤᠮ ᠎ ᠢ ᠰᠡᠷᠭᠦᠭᠡᠨ᠎ᠡ᠃ ᠤᠳᠤᠷᠢᠳᠬᠤ ᠺᠠᠳ᠋ᠷ ᠤᠨ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ  ᠢ ᠲᠤᠤᠱᠯᠠᠭᠤᠯᠤᠨ  ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠬᠡᠷᠡᠭᠵᠢᠭᠦᠯᠦᠭᠰᠡᠨ ᠲᠥᠷᠥᠯ ᠵᠦᠶᠯ ᠤᠨ ᠭᠠᠷᠳᠠᠮ ᠢ ᠭᠦᠶᠴᠡᠳᠬᠡᠭᠰᠡᠨ ᠪᠠᠶᠢᠳᠠᠯ ᠳᠤ ᠪᠠᠶᠢᠳᠠᠯ ᠢ ᠪᠠᠶᠢᠴᠠᠭᠠᠯᠲᠠ ᠬᠢᠵᠦ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠠᠵᠢᠯ  ᠰᠡᠷᠭᠦᠭᠡᠬᠦ ᠪᠠ ᠭᠠᠷᠳᠠᠮ ᠢ ᠭᠦᠶᠴᠡᠳᠬᠡᠬᠦ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ᠃  ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠬᠥᠳᠡᠯᠦᠩᠭᠦᠶ ᠪᠠᠷ ᠲᠥᠰᠦᠪᠯᠡᠨ ᠨᠥᠭᠡᠴᠡᠯᠡᠵᠦ᠂ ᠲᠥᠷᠥᠯ ᠵᠦᠶᠯ ᠤᠨ ᠪᠡᠯᠡ ᠮᠥᠩᠭᠦ ᠶᠢ ᠢᠳᠡᠪᠬᠢᠲᠡᠶ ᠪᠠᠷ ᠴᠢᠷᠮᠠᠶᠢᠨ ᠣᠯᠵᠤ᠂ 《 ᠨᠢᠭᠡ ᠪᠦᠯᠦᠭ ᠢ  ᠲᠦᠯᠦᠪᠵᠢᠭᠦᠯᠵᠦ  ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠢ ᠪᠠᠷᠢᠯᠭ᠎ᠠ  ᠳᠠᠭᠤᠰᠬᠠᠵᠦ  ᠠᠰᠢᠭᠯᠠᠯᠲᠠ ᠳᠤ ᠣᠷᠣᠭᠤᠯᠬᠤ︾ ᠰᠠᠶᠢᠨ ᠣᠷᠴᠢᠯ ᠢ ᠪᠦᠷᠢᠯᠳᠦᠭᠦᠯᠵᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠠᠵᠤ ᠠᠬᠤᠶ ᠶᠢᠨ ᠲᠣᠭᠲᠠᠭᠤᠨ ᠢᠶᠠᠷ  ᠬᠦᠭᠵᠢᠬᠦ ᠶᠢ ᠪᠡᠶᠡᠯᠡᠭᠦᠯᠬᠦ ᠬᠡᠷᠡᠭᠲᠡᠶ᠃          ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠳᠤ ᠠᠩᠬᠠᠷᠤᠯ ᠢᠶᠠᠨ  ᠲᠦᠪᠯᠡᠷᠡᠭᠦᠯᠵᠦ  ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠣᠯᠣᠳᠤᠭᠠᠷ  ᠤᠳᠠᠭᠠᠨ ᠤ  ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ  ᠃ ᠤᠯᠤᠰ ᠎ ᠤᠨ ᠲᠥᠰᠦᠯ ᠢ ᠴᠢᠩᠭ᠎ᠠ ᠬᠡᠷᠡᠭᠵᠢᠭᠦᠯᠵᠦ᠂ ᠮᠠᠨ ᠤ  ᠲᠤᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ︽ᠬᠥᠮᠦᠨ ᠪᠦᠬᠦᠨ ᠮᠡᠳᠡᠵᠦ᠂ ᠬᠥᠮᠦᠨ ᠪᠦᠬᠦᠨ  ᠳᠡᠮᠵᠢᠬᠦ  ︾ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃  ︽ᠬᠤᠲᠠ ᠶᠢ ᠬᠥᠮᠦᠨ ᠪᠦᠬᠦᠨ ᠬᠠᠮᠢᠶᠠᠷᠬᠤ︾ ᠲᠠᠪᠴᠠᠩ ᠲᠠᠢ ᠤᠶᠠᠯᠳᠤᠭᠤᠯᠤᠨ᠂ ᠨᠡᠶᠢᠳᠡᠮ ᠪᠠᠶᠢᠴᠠᠭᠠᠯᠲᠠ ᠳᠤᠮᠳᠠᠬᠢ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ  ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠦᠷ᠎ᠡ ᠪᠦᠲᠦᠮᠵᠢ ᠪᠠ ᠲᠤᠭ᠎ᠠ ᠪᠠᠷᠢᠮᠲᠠ ᠶᠢᠨ ᠶᠠᠰᠤ ᠴᠢᠨᠠᠷ  ᠢ ᠳᠡᠭᠡᠭᠰᠢᠯᠡᠭᠦᠯᠵᠦ᠂ ᠮᠠᠨ ᠤ  ᠲᠤᠭᠤᠷᠢᠭ ᠤᠨ  ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠦᠨ᠎ᠡ᠃           ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2