ᠬᠠᠮᠲᠤ ᠵᠢᠨ‌‍ᠲ᠋ᠠᠨᠢᠯᠲᠠ ᠪᠠᠨ ᠨᠢᠭᠲᠠᠷᠠᠭᠤᠯᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠠ ᠲᠣᠬᠢᠶᠠᠯ ᠢ ᠠᠳᠬᠤᠵᠦ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2020/6/5
ᠰᠤᠷᠪᠤᠯᠵᠢᠯᠠᠭᠰᠠᠨ ᠵᠤᠴᠢᠨ᠄  ᠵᠢᠢ ᠬᠤᠨᠭ᠌ᠰᠤᠷᠪᠤᠯᠵᠢᠯᠠᠭᠰᠠᠨ ᠴᠠᠭ᠄ 2020.05.02      
         ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦᠨ ᠢ ᠲᠤᠭᠤᠰᠢᠯᠠᠭᠤᠯᠵᠠᠶ᠂ ᠠᠮᠵᠢᠯᠲᠠ ᠪᠦᠲᠦᠮᠵᠢ ᠪᠠᠨ ᠪᠦᠬᠦ ᠲᠠᠯ᠎ᠠ ᠪᠠᠷ ᠳ᠋ᠦᠩᠨᠡᠵᠦ᠂ ᠦᠨᠡᠨ ᠠᠴᠠ ᠵᠥᠪ ᠢ ᠡᠷᠢᠵᠦ᠂ ᠠᠵᠢᠯ ᠲᠣᠬᠢᠷᠠᠭᠤᠯᠬᠤ ᠰᠡᠳᠬᠢᠴᠡ ᠨᠢ ᠲᠣᠳᠣᠷᠬᠠᠶ᠂ ᠰᠢᠰᠲ᠋ᠧᠮ ᠨᠢ ᠰᠢᠨᠵᠢᠯᠡᠬᠦ ᠤᠬᠠᠭᠠᠨᠴᠢ᠂ ᠭᠤᠤᠯᠳᠠᠯᠭ᠎ᠠ ᠨᠢ ᠲᠣᠪᠣᠶᠢᠮ᠎ᠠ᠂ ᠢᠯᠠᠩᠭᠤᠶ᠎ᠠ ᠢᠯᠡᠳᠬᠡᠯ ᠳᠤ ᠳᠤᠷᠠᠳᠤᠭᠰᠠᠨ ︿ᠳᠥᠷᠪᠡᠨ ᠰᠢᠨ᠎ᠡ﹀ ᠪᠠ ︿ᠲᠠᠪᠤᠨ ᠦᠷᠭᠦᠯᠵᠢᠯᠡᠨ ᠬᠦᠴᠦᠯᠡᠬᠦ﹀ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂  ᠪᠤᠳᠠᠳᠠᠢ  ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ  ᠦᠷ᠎ᠡ ᠪᠦᠲᠦᠮᠵᠢ ᠪᠣᠯᠤᠨ ᠠᠷᠭ᠎ᠠ ᠪᠣᠳᠣᠯᠭ᠎ᠠ ᠶᠢ ᠬᠦᠨᠵᠡᠭᠡᠶᠢᠷᠡᠭᠦᠯᠵᠦ ᠪᠣᠳᠠᠲᠠᠶ ᠶᠢ ᠡᠷᠬᠢᠮᠯᠡᠬᠦ ᠶᠢ ᠭᠦᠶᠴᠡᠳ ᠢᠯᠡᠷᠡᠭᠦᠯᠵᠡᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠢᠨᠢᠩ ᠲᠣᠭᠤᠷᠢᠭ ᠤᠨ ᠳᠠᠷᠤᠭ᠎ᠠ ᠵᠢᠶ ᠬᠤᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠵᠢᠨᠢᠩ ᠲᠣᠭᠤᠷᠢᠭ ᠠᠵᠠ ᠲᠣᠬᠢᠶᠠᠯ  ᠢ ᠠᠳᠬᠤᠨ᠂  ᠰᠢᠨ᠎ᠡ ᠶᠢ ᠡᠭᠦᠳᠴᠦ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ  ᠪᠢᠴᠢᠭᠯᠡᠨ᠎ᠡ᠃        ︽ᠬᠥᠭᠵᠢᠯᠲᠡ ᠪᠣᠯ ᠠᠯᠢᠪᠠ ᠠᠰᠠᠭᠤᠳᠠᠯ ᠢ ᠰᠢᠶᠳᠪᠦᠷᠢᠯᠡᠬᠦ ᠶᠢᠨ ᠵᠠᠩᠭᠢᠯᠠᠭ᠎ᠠ ᠪᠠ ᠰᠠᠭᠤᠷᠢ ᠮᠥᠨ᠃ ᠵᠢᠶ ᠬᠤᠩ ᠢᠯᠡᠷᠬᠡᠶᠢᠯᠡᠬᠦ ᠳᠡᠭᠡᠨ᠂ ᠵᠢᠨᠢᠩ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ  ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠡᠵᠡᠮᠳᠡᠬᠦ ᠶᠢ ᠪᠠᠷᠢᠮᠲᠠᠯᠠᠨ᠂ ︽ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠣᠯᠬᠤ︾ ᠬᠠᠷᠠᠯᠲᠠ ᠶᠢᠲᠤᠭᠲᠠᠭᠠᠪᠠ᠃  ᠪᠣᠳᠠᠲᠤ ᠴᠣᠭᠴᠠ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠭᠤᠣᠯ ᠪᠣᠯᠭᠠᠵᠤ᠂ ᠵᠢᠨᠢᠩ ᠲᠣᠭᠤᠷᠢᠭ ᠤᠨ “1345” ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠴᠠᠬᠠᠷ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠤᠤᠯ ᠪᠣᠯᠭᠠᠭᠰᠠᠨ ᠲᠤᠮᠤ ᠳ᠋ᠠᠶᠢᠲ᠋ᠠ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠳᠡᠭᠡᠳᠦ ᠲᠠᠰ ᠤᠨ ᠲᠣᠨᠣᠭᠯᠠᠯ ᠦᠶᠯᠡᠳᠬᠦ᠂ ᠪᠣᠬᠢᠷᠲᠤᠯ ᠦᠭᠡᠶ ᠢᠳᠡᠭᠡᠨ  ᠡᠳᠡᠰᠢᠭᠦᠯᠬᠦ᠂ ᠠᠮᠢᠳᠤ ᠪᠣᠳᠠᠰ ᠤᠨ ᠡᠮ ᠡᠮᠨᠡᠯᠭᠡ ᠶᠢᠨ ᠲᠠᠪᠤᠨ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠪᠡᠷᠮᠢᠴᠡ ᠣᠷᠣᠨ ᠪᠠᠶᠢᠷᠢ ᠂ ᠵᠠᠮ ᠬᠠᠷᠢᠯᠴᠠᠭ᠎ᠠ ᠪᠣᠯᠤᠨ ᠠᠭᠤᠷ ᠠᠮᠢᠰᠬᠤᠯ ᠤᠨ ᠳᠠᠪᠠᠭᠤᠯᠢᠭ ᠲᠤ ᠭᠦᠢᠴᠡᠳ ᠲᠦᠰᠢᠭᠯᠡᠵᠦ᠂ ︽ᠲᠣᠮᠣ ᠬᠤᠳᠠᠯᠳᠤᠭ᠎ᠠ︾ ︽ᠲᠣᠮᠣ ᠪᠠᠷᠠᠭᠠᠨ ᠤ ᠭᠦᠶᠯᠭᠡᠭᠡ︾ ︽ᠲᠣᠮᠣ ᠵᠢᠭᠤᠯᠴᠢᠯᠠᠯ︾ ︽ᠲᠣᠮᠣ ᠡᠷᠡᠭᠦᠯᠵᠢᠯ ᠰᠤᠪᠢᠯᠠᠯᠲᠠ︾ ᠵᠡᠷᠭᠡ ᠣᠲᠣ ᠦᠶ᠎ᠡ ᠶᠢᠨ ᠦᠶᠯᠡᠴᠢᠯᠡᠭᠡᠨ ᠤ ᠳᠠᠪᠠᠭᠤᠯᠢᠭ ᠠᠵᠤ ᠦᠶᠯᠡᠰ ᠢᠶᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠭᠠᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ  ᠢᠶᠠᠷ  ᠬᠥᠭᠵᠢᠬᠦ ᠶᠢ ᠪᠠᠲᠤᠯᠠᠨ᠎ᠠ᠃         ᠬᠤᠲᠠ ᠬᠥᠳᠡᠭᠡ ᠶᠢ ᠬᠠᠮᠲᠤ ᠪᠠᠷ ᠪᠠᠶᠢᠭᠤᠯᠵᠤ  ᠂ ᠬᠤᠲᠠ ᠶᠢᠨ ᠴᠢᠳᠠᠮᠵᠢ ᠴᠢᠨᠠᠷ ᠴᠢᠨᠰᠠᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠨ  ᠂ ᠰᠠᠭᠤᠷᠢ ᠲᠥᠬᠦᠭᠡᠷᠦᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠢ ᠬᠥᠳᠡᠭᠡ ᠲᠣᠰᠬᠤᠨ ᠲᠡᠰᠢ ᠬᠦᠭᠵᠢᠭᠦᠯᠬᠦ ᠶᠢ ᠬᠠᠮᠤᠭ ᠤᠨ ᠶᠡᠭᠡ ᠬᠦᠴᠦ ᠪᠠᠷ ᠠᠬᠢᠭᠤᠯᠵᠠᠶ᠃ ᠬᠤᠲᠠ ᠶᠢᠨ ᠴᠢᠳᠠᠮᠵᠢ ᠶᠢ ᠪᠦᠬᠦ ᠲᠠᠯ᠎ᠠ ᠪᠠᠷ  ᠴᠢᠩᠭᠠᠳᠬᠠᠵᠦ᠂ ᠬᠤᠲᠠ ᠶᠢᠨ ᠳᠦᠷᠢ ᠲᠥᠷᠬᠦ ᠶᠢ  ᠰᠠᠶᠢᠵᠢᠷᠠᠭᠤᠯᠵᠦ  ᠂ ᠬᠤᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠰᠠᠶᠢᠵᠢᠷᠠᠭᠤᠯᠵᠠᠶ᠃ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠤᠷᠤᠭᠰᠢᠯᠠᠵᠤ᠂ ᠬᠠᠮᠤᠭ ᠤᠨ ᠴᠡᠪᠡᠷ᠂ ᠬᠠᠮᠤᠭ ᠤᠨ ᠪᠣᠬᠢᠷᠲᠤᠯ ᠥᠬᠡᠶ᠂  ᠣᠷᠣᠰᠢᠨ ᠰᠠᠭᠤᠬᠤ ᠳᠤ ᠬᠠᠮᠤᠭ ᠤᠨ ᠲᠣᠬᠢᠷᠠᠮᠵᠢᠲᠠᠶ ᠣᠳᠣᠬᠢᠴᠢᠯᠠᠭᠰᠠᠨ ᠲᠥᠪ ᠬᠤᠲᠠ ᠲᠣᠭᠤᠷᠢᠭ︾᠎ ᠢ ᠬᠦᠴᠦᠯᠡᠨ  ᠴᠤᠭᠴᠠᠯᠠᠨ᠎ᠠ᠃        ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠪᠠᠷ ᠦᠨᠳᠦᠰᠦ ᠪᠣᠯᠭᠠᠵᠤ᠂ ᠠᠷᠠᠳ ᠣᠯᠠᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂  ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂  ᠨᠡᠭᠦᠯᠭᠡᠵᠦ ᠲᠥᠪᠬᠢᠨᠡᠭᠦᠯᠬᠦ᠂ ᠰᠤᠷᠭᠠᠨ ᠬᠥᠮᠦᠵᠢᠯ  ᠡᠮ ᠡᠮᠨᠡᠯᠭᠡ ᠵᠡᠷᠭᠡ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ᠂ ᠰᠤᠷᠭᠠᠨ ᠬᠥᠮᠦᠵᠢᠯ ᠤᠨ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠡᠯ᠎ᠡ ᠵᠦᠶᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠶ᠃ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠶ᠃       ᠵᠢᠨᠢᠩ ᠲᠣᠭᠤᠷᠢᠭ ᠬᠠᠷᠢᠭᠤᠴᠠᠯᠭᠠᠲᠤ ᠰᠡᠳᠬᠢᠯᠭᠡ ᠎ ᠪᠠᠨ ᠴᠢᠩᠭᠠᠳᠬᠠᠵᠦ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂  ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠬᠤᠪᠢ ᠨᠡᠮᠡᠷᠢ  ᠦᠵᠡᠭᠦᠯᠬᠦ ᠬᠡᠷᠡᠭᠲᠡᠢ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2