ᠵᠢᠨᠢᠩ ᠤᠨ ᠳᠠᠶᠢᠯᠠᠯᠳᠤᠭᠠᠨ ᠬᠢᠬᠡᠳ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠤᠷᠳᠤᠨ ︵ᠲᠠᠪᠤ︶
ᠨᠡᠶᠢᠲᠡᠯᠡᠭᠰᠡᠨ ᠴᠠᠭ᠄
2020/6/8
          ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ 2010 ᠤᠨ ᠤ 10 ᠰᠠᠷ᠎ᠠ ᠶᠢᠨ 29᠎ ᠤ ᠡᠳᠦᠷ ᠨᠡᠭᠡᠭᠡᠵᠦ᠂ ᠳᠤᠷᠠᠰᠬᠠᠯ ᠤᠨ ᠣᠷᠳᠣᠨ ᠳᠡᠭᠡᠷ᠎ᠡ ᠳᠣᠤᠷ᠎ᠠ ᠬᠤᠶᠠᠷ ᠳᠠᠪᠬᠤᠷᠭ᠎ᠠ ᠬᠤᠪᠢᠶᠠᠵᠤ᠂ ᠦᠵᠡᠭᠦᠯᠦᠯᠭᠡ ᠶᠢᠨ ᠱᠤᠭᠤᠮ ᠤᠨ ᠪᠦᠬᠦ ᠤᠷᠳᠤ ᠨᠢ 612 ᠮᠧᠳ᠋ᠷ ᠪᠠᠶᠢᠵᠤ᠂ ᠡᠯ᠎ᠡ ᠲᠥᠷᠥᠯ ᠤᠨ ᠲᠡᠥᠬᠡᠨ ᠳᠤᠷᠠᠰᠬᠠᠯᠲᠦ ᠵᠦᠢᠯ᠂ ᠭᠡᠷᠡᠯ ᠵᠢᠷᠤᠭ᠂ ᠬᠠᠭᠤᠯᠪᠤᠷᠢ ᠪᠦᠲᠦᠭᠡᠯ ᠪᠠ ᠤᠷᠠᠯᠢᠭ ᠤᠨ ᠪᠦᠲᠦᠭᠡᠯ ᠨᠡᠶᠢᠲᠡ 1200 ᠭᠠᠷᠤᠶ ᠵᠦᠶᠯ ᠢ ᠳᠡᠯᠭᠡᠨ ᠦᠵᠡᠭᠦᠯᠵᠦ ᠪᠠᠶᠢᠨ᠎ᠠ᠃ ᠣᠷᠳᠣᠨ ᠤ ᠳᠣᠲᠣᠷ᠎ᠠ ᠪᠠᠰᠠ ᠳᠠᠭᠤ ᠭᠡᠷᠡᠯ ᠴᠠᠬᠢᠯᠭᠠᠨ ᠤ ᠬᠠᠭᠠᠰ ᠦᠵᠡᠮᠵᠢ ᠶᠢᠨ ᠵᠢᠷᠤᠭ᠂ ᠵᠡᠷᠭᠡᠯᠭᠡᠨ ᠵᠢᠷᠤᠭ᠂ 5D ᠺᠢᠨᠣ᠋ ᠲᠧᠯᠸᠢᠰ ᠤᠨ ᠲᠢᠩᠬᠢᠮ ᠵᠡᠷᠭᠡ ᠣᠯᠠᠨ ᠵᠠᠭᠤᠴᠢᠳᠤ ᠲᠥᠬᠦᠭᠡᠷᠦᠮᠵᠢ ᠲᠣᠬᠢᠷᠠᠭᠤᠯᠵᠤ᠂ ᠲᠡᠷᠢᠭᠦᠨ ᠤ ᠳᠡᠯᠭᠡᠨ ᠦᠵᠡᠭᠦᠯᠬᠦ ᠮᠡᠷᠭᠡᠵᠢᠯ ᠪᠠ ᠨᠥᠯᠥᠭᠡᠯᠡᠬᠦ ᠬᠦᠴᠦᠨ ᠲᠡᠭᠦᠯᠳᠡᠷ ᠤᠷᠠᠯᠢᠭ ᠤᠨ ᠠᠷᠭ᠎ᠠ ᠪᠠᠷᠢᠯ ᠢᠶᠠᠷ ᠵᠢᠨᠢᠩ ᠤᠨ ᠳᠠᠶᠢᠯᠠᠯᠳᠤᠭᠠᠨ ᠤ ᠲᠡᠤᠬᠡᠨ ᠪᠦᠬᠦ ᠪᠠᠶᠢᠳᠠᠯ ᠢ ᠵᠢᠷᠤᠭᠯᠠᠵᠠᠶ᠃          ᠥᠷᠨᠢᠭᠦᠯᠦᠭᠰᠡᠨ ᠴᠢᠬᠤᠯᠠ ᠶᠡᠭᠡ ︵ᠠᠴᠢ ᠬᠤᠯᠪᠣᠭᠳᠠᠯ ᠲᠠᠢ︶ ᠠᠵᠢᠯᠯᠠᠭ᠎ᠠ          ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠪᠠᠶᠢᠭᠤᠯᠤᠭᠳᠠᠵᠤ ᠨᠡᠭᠡᠭᠡᠯᠲᠡ ᠬᠢᠭᠰᠡᠨ ᠠᠴᠠ ᠨᠠᠰᠢ᠂ ᠬᠤᠲᠠ ᠲᠣᠭᠤᠷᠢᠭ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃ ᠲᠦᠷ ᠳᠡᠯᠭᠡᠨ ᠦᠵᠡᠭᠦᠯᠬᠦ᠂ ᠠᠵᠢᠯᠯᠠᠭ᠎ᠠ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠲᠤ ᠬᠠᠨᠳᠤᠭᠤᠯᠤᠨ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠪᠡ᠃ 2010 ᠣᠨ ᠠᠴᠠ ᠣᠳᠣ ᠪᠣᠯᠲᠠᠯ᠎ᠠ᠂ ᠤᠷᠢᠳ ᠬᠤᠵᠢᠳ ︽ᠶᠠᠨ ᠠᠨ ᠤ ᠵᠣᠷᠢᠭ ᠰᠠᠨᠠᠭ᠎ᠠ · ᠡᠭᠦᠷᠢᠳᠡ ᠭᠡᠷᠡᠯ ᠭᠡᠭᠡ ᠰᠠᠴᠤᠷᠠᠨ᠎ᠠ︾᠂ ︽ᠰᠢᠨ᠎ᠡ ᠳᠤᠮᠳᠠᠳᠤ ᠤᠯᠤᠰ ᠠᠳᠡ ᠠᠴᠠ ᠢᠷᠡᠪᠡ︾᠂ ︽ᠯᠧᠢ ᠹᠧᠩ ᠤᠨ ᠤᠯᠠ ᠮᠦᠷ ᠢ ᠡᠷᠢᠯᠬᠢᠯᠡᠭᠰᠡᠨ ᠨᠢ︾᠂ ︽ᠰᠢᠨᠵᠢᠯᠡᠬᠦ ᠤᠬᠠᠭᠠᠨ ᠢ ᠡᠷᠬᠢᠮᠨᠡᠨ᠂ ᠭᠠᠵᠢᠭᠤ ᠨᠣᠮᠯᠠᠯ ᠢ ᠡᠰᠡᠷᠭᠦᠴᠡᠶ᠎ᠡ︾᠂ ︽ᠬᠥᠭᠵᠢᠯᠲᠡ ᠶᠢᠨ ᠲᠡᠤᠬᠡ ᠶᠢ ᠳᠠᠬᠢᠨ ᠰᠠᠨᠠᠭᠠᠯᠵᠠᠵᠤ᠂ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾᠂ ︽ᠶᠠᠫᠣᠨ ᠢ ᠡᠰᠡᠷᠭᠦᠴᠡᠭᠰᠡᠨ ᠪᠠᠭᠠᠲᠤᠷ ᠶᠠᠩ ᠵᠢᠩ ᠢᠦᠶ ᠶᠢᠨ ᠦᠵᠡᠭᠦᠯᠦᠯᠭᠡ︾᠂ ︽ᠲᠠᠯ᠎ᠠ ᠨᠤᠲᠤᠭ ᠤᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠠᠵᠢᠯᠯᠠᠭ᠎ᠠ ᠶᠢᠨ ᠦᠵᠡᠭᠦᠯᠦᠯᠭᠡ︾᠂ ︽ᠯᠢᠦ ᠳ᠋ᠧᠩ ᠨᠢᠭᠡᠳᠦᠭᠡᠷ ᠳ᠋ᠢᠸᠢᠽᠢ — ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠤᠤᠯ ᠤᠨ ᠶᠠᠪᠠᠭᠠᠨ ᠴᠡᠷᠢᠭ ᠤᠨ 205 ᠳ᠋ᠤᠭᠠᠷ ᠳ᠋ᠢᠸᠢᠽᠢ ᠤᠨ ᠲᠡᠤᠬᠡ ᠶᠢᠨ ᠦᠵᠡᠭᠦᠯᠦᠯᠭᠡ︾ ᠵᠡᠷᠭᠡ ᠲᠣᠮᠣ ᠬᠡᠯᠪᠡᠷᠢ ᠶᠢᠨ ᠭᠤᠤᠯ ᠰᠡᠳᠦᠪᠲᠦ ᠦᠵᠡᠭᠦᠯᠦᠯᠭᠡ ᠵᠢᠴᠢ ᠡᠯ᠎ᠡ ᠶᠡᠭᠡ ᠪᠠᠶᠠᠷ ᠳᠤᠷᠠᠰᠬᠠᠯ ᠤᠨ ᠡᠳᠦᠷ 180 ᠭᠠᠷᠤᠶ ᠤᠳᠠᠭᠠᠨ ᠤ ᠲᠤᠮᠤ ᠳᠤᠮᠳᠠ ᠬᠡᠯᠪᠡᠷᠢ ᠶᠢᠨ ᠠᠵᠢᠯᠯᠠᠭ᠎ᠠ ᠥᠷᠨᠢᠭᠦᠯᠵᠡᠶ᠃ ᠡᠭᠦᠨ ᠠᠴᠠ ᠭᠠᠳᠠᠨ᠎ᠠ᠂ ᠲᠠᠶᠢᠯᠪᠤᠷᠢᠯᠠᠭᠴᠢ ᠶᠢᠨ ᠪᠦᠯᠬᠦᠮ ᠢ ᠵᠣᠬᠢᠶᠠᠨ ᠪᠠᠶᠢᠭᠤᠯᠤᠨ ᠥᠪᠡᠷ ᠢᠶᠠᠨ ᠨᠠᠶᠢᠷᠠᠭᠤᠯᠵᠤ᠂ ᠥᠪᠡᠷ ᠢᠶᠠᠨ ᠲᠤᠭᠯᠠᠭᠰᠠᠨ᠂ ᠦᠵᠡᠭᠳᠡᠯᠲᠦ ᠵᠦᠴᠦᠭᠡ᠂ ᠳᠠᠭᠤᠤ ᠪᠥᠵᠢᠭᠲᠦ ᠵᠦᠴᠦᠭᠡ᠂ ᠰᠢᠯᠦᠭ ᠤᠶᠠᠩᠭᠠᠯᠠᠬᠤ᠂ ᠴᠠᠷᠭᠢᠯ ᠬᠤᠯᠪᠣᠭ᠎ᠠ ᠵᠡᠷᠭᠡ ᠬᠡᠯᠪᠡᠷᠢ ᠪᠠᠷ ︽ᠬᠤᠪᠢᠰᠬᠠᠯ ᠤᠨ ᠳᠤᠷᠠᠰᠤᠮᠵᠢ︾ ᠰᠢᠷᠢᠰ ᠤᠷᠠᠨ ᠰᠠᠶᠢᠬᠠᠨ ᠤ ᠲᠣᠭᠯᠠᠯᠲᠠ ᠶᠢᠨ ᠪᠦᠲᠦᠭᠡᠯ ᠢ ᠵᠣᠬᠢᠶᠠᠨ ᠪᠠᠶᠢᠭᠤᠯᠵᠤ᠂ ᠥᠷᠭᠡᠨ ᠣᠯᠠᠨ ᠵᠤᠭᠠᠴᠠᠭᠰᠠᠳ ᠲᠤ ᠠᠳᠠᠯᠢ ᠪᠤᠰᠤ ᠬᠤᠪᠢᠰᠬᠠᠯ ᠤᠨ ᠰᠣᠶᠣᠯ ᠤᠨ ᠰᠤᠨᠤᠷ ᠬᠠᠷᠠᠭᠠᠨ ᠤ ᠦᠪᠡᠳᠡᠭᠰᠢ ᠨᠠᠶᠢᠷ ᠢ ᠦᠵᠡᠭᠦᠯᠪᠠ᠃           ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠥᠪ ᠤᠨ ᠰᠦᠷᠯᠢᠭ ᠰᠠᠶᠢᠬᠠᠨ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠨᠢ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠨᠢ ᠨᠡᠶᠢᠭᠡᠮ ᠤᠨ ᠡᠯ᠎ᠡ ᠡᠲᠡᠭᠡᠳ ᠲᠤ ᠥᠪᠡᠷᠮᠢᠴᠡ ᠣᠨᠴᠠᠯᠢᠭ ᠲᠠᠢ ᠬᠤᠪᠢᠰᠬᠠᠯᠲᠤ ᠵᠤᠭᠠᠴᠠᠯ ᠤᠨ ᠪᠡᠶᠡᠴᠢᠯᠡᠨ ᠤᠶᠢᠯᠠᠭᠠᠬᠤ ᠨᠦᠭᠦᠴᠡᠯ ᠬᠠᠩᠭᠠᠵᠤ᠂ ᠨᠡᠶᠢᠰᠯᠡᠯ ᠤᠨ ᠲᠣᠭᠤᠷᠢᠨ ᠳᠤ᠂ ᠪᠦᠬᠦ ᠤᠯᠤᠰ ᠲᠤ ᠬᠠᠨᠳᠤᠭᠤᠯᠤᠭᠰᠠᠨ᠂ ᠣᠷᠣᠰ ᠮᠣᠩᠭᠤᠯ ᠧᠦ᠋ᠷᠣᠫᠠ ᠶᠢ ᠨᠥᠯᠥᠭᠡᠯᠡᠬᠦ ᠬᠤᠪᠢᠰᠬᠠᠯᠲᠤ ᠵᠤᠭᠠᠴᠠᠯ ᠭᠠᠵᠠᠷ ᠤᠨ ᠭᠠᠵᠠᠷ ᠪᠣᠯᠬᠤ ᠪᠠᠷ ᠴᠠᠷᠮᠠᠶᠢᠵᠦ ᠪᠠᠶᠢᠨ᠎ᠠ᠃
         2016 ᠤᠨ ᠤ 8 ᠰᠠᠷ᠎ᠠ ᠶᠢᠨ 1᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ‌‍ᠲ᠋ᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠪᠠᠶᠢᠭᠤᠯᠤᠭᠳᠠᠭᠰᠠᠨ ᠢ ᠨᠡᠶᠢᠲᠡᠯᠡᠪᠡ
         2017 ᠤᠨ ᠤ 8 ᠰᠠᠷ᠎ᠠ ᠶᠢᠨ 10᠎ ᠤ ᠡᠳᠦᠷ᠂ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠤᠤᠯ ᠤᠨ ᠭᠡᠰᠢᠭᠦᠨ᠂ ᠲᠥᠷᠦ ᠶᠢᠨ ᠶᠠᠪᠤᠳᠠᠯ ᠤᠨ ᠬᠤᠷᠢᠶᠠᠨ ᠤ ᠤᠤᠯ ᠤᠨ ᠳᠡᠳ᠋ ᠶᠡᠷᠦᠩᠬᠡᠶ ᠰᠠᠶᠢᠳ ᠯᠢᠦ ᠶᠠᠨ ᠳ᠋ᠦᠩ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢ ᠲᠣᠭᠤᠷᠢᠨ ᠦᠵᠡᠪᠡ  
         ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠦᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢ ᠲᠣᠭᠤᠷᠢᠨ ᠦᠵᠡᠪᠡ
         ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠪᠠ
         ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠶ ᠳ᠋ᠦᠩ ᠪᠢᠨ‌ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠪᠠ                            ᠢᠷᠡᠯᠲᠡ᠄ ᠤᠯᠠᠭᠠᠨᠴᠠᠪ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ                            ᠨᠠᠶᠢᠷᠠᠭᠤᠯᠤᠭᠴᠢ᠄ ᠡᠷᠳᠡᠨᠢᠴᠤᠭᠲᠦ                            ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2