ᠮᠠᠨ ᠤ ᠬᠤᠲᠠ ᠠ ᠯᠢ ᠪᠠ ᠪᠠ ᠪᠦᠯᠦᠭᠯᠡᠯ ᠲᠠᠢ ᠰᠠᠭᠤᠳᠠᠯ ᠤᠨ ᠬᠤᠷᠠᠯ ᠬᠢᠵᠦ ᠴᠠᠬᠢᠮ ᠬᠤᠳᠠᠯᠳᠤᠭᠠᠨ ᠤ ᠪᠠᠷᠠᠭ᠎ᠠ ᠭᠦᠶᠯᠭᠡᠭᠡᠨ ᠤ ᠬᠥᠭᠵᠢᠯᠲᠡ ᠪᠠ ᠤᠶᠤᠨᠲᠤ ᠬᠤᠲᠠ ᠶᠢᠨ ᠴᠤᠭᠴᠠᠯᠠᠯᠳᠠ ᠵᠡᠷᠭᠡ ᠵᠦᠢᠯᠡᠰ ᠢ ᠰᠣᠯᠢᠯᠴᠠᠨ ᠵᠤᠯᠭᠠᠯᠳᠤᠭᠤᠯᠪᠠ
ᠨᠡᠶᠢᠲᠡᠯᠡᠭᠰᠡᠨ ᠴᠠᠭ᠄
2020/7/13
       7 ᠰᠠᠷ᠎ᠠ ᠶᠢᠨ 9᠎ ᠤ ᠡᠳᠦᠷ᠂ ᠮᠠᠨ ᠤ ᠬᠤᠲᠠ ᠪᠣᠯᠤᠨ ᠠ ᠯᠢ ᠪᠠ ᠪᠠ ᠪᠦᠯᠦᠭᠯᠡᠯ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠴᠠᠬᠢᠮ ᠬᠤᠳᠠᠯᠳᠤᠭᠠᠨ ᠤ ᠪᠠᠷᠠᠭ᠎ᠠ ᠭᠦᠶᠯᠭᠡᠭᠡᠨ ᠤ ᠬᠥᠭᠵᠢᠯᠲᠡ ᠪᠠ ᠤᠶᠤᠨᠲᠤ ᠬᠤᠲᠠ ᠶᠢᠨ ᠴᠤᠭᠴᠠᠯᠠᠯᠳᠠ ᠵᠡᠷᠭᠡ ᠵᠦᠢᠯᠡᠰ ᠤᠨ ᠲᠣᠭᠤᠷᠢᠨ ᠳᠤ ᠭᠦᠨᠵᠡᠭᠡᠶ ᠵᠣᠯᠭᠠᠯᠳᠤᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠬᠤᠷᠠᠯ ᠡᠷᠬᠢᠯᠡᠵᠦ᠂ ᠠ ᠯᠢ ᠪᠠ ᠪᠠ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠬᠡᠯᠲᠡᠰ ᠤᠨ ᠶᠡᠭᠡ ᠲᠣᠭᠤᠷᠢᠭ ᠤᠨ ᠶᠡᠷᠦᠩᠭᠡᠢ ᠳᠠᠭᠠᠭᠠᠮᠠᠯ ᡁᠢ ᠶᠦᠩ ᠺᠤᠸᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠶ ᠬᠠᠢ ᠢᠦᠶ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ ᠰᠠᠭᠤᠳᠠᠯ ᠤᠨ ᠬᠤᠷᠠᠯ ᠳᠤ ᠣᠷᠣᠯᠴᠠᠪᠠ᠃         ᠹᠸᠢ ᠳ᠋ᠦᠩ ᠪᠢᠨ ᡁᠢ ᠶᠦᠩ ᠺᠤᠸᠠᠨ ᠨᠠᠷ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ᠂ ᠠ ᠯᠢ ᠪᠠ ᠪᠠ ᠪᠦᠯᠦᠭᠯᠡᠯ ᠤᠨ ᠣᠷᠳᠣ ᠬᠤᠭᠤᠴᠠᠭᠠᠨ ᠤ ᠲᠤᠷᠰᠢ ᠤᠯᠠᠭᠠᠨᠴᠠᠪ ᠬᠤᠲᠠ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠠ ᠯᠢ ᠪᠠ ᠪᠠ ᠪᠦᠯᠦᠭᠯᠡᠯ ᠨᠢ ᠪᠦᠬᠦ ᠪᠥᠮᠪᠥᠷᠴᠡᠭ ᠤᠨ ᠢᠨᠲ᠋ᠧᠷ ᠰᠦᠯᠵᠢᠶᠡᠨ ᠤ ᠲᠤᠯᠤᠭᠠᠶᠢᠯᠠᠭᠴᠢ ᠪᠣᠯᠤᠭᠰᠠᠨ ᠤ ᠬᠤᠪᠢ ᠳᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠲᠥᠯᠥᠭᠡᠯᠡᠭᠴᠢ ᠪᠠᠶᠢᠵᠤ᠂ ᠴᠢᠳᠠᠪᠤᠷᠢᠳᠠᠨ᠂ ᠮᠡᠷᠭᠡᠵᠢᠯ ᠵᠡᠷᠭᠡ ᠳᠠᠪᠠᠭᠤᠯᠢᠭ ᠲᠠᠢ ᠶᠤᠮ᠃ ᠮᠠᠨ ᠤ ᠬᠤᠲᠠ ᠪᠣᠯᠤᠨ ᠠ ᠯᠢ ᠪᠠ ᠪᠠ ᠪᠦᠯᠦᠭᠯᠡᠯ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠲᠣᠭᠠᠴᠢᠯᠠᠭᠰᠠᠨ ᠵᠠᠰᠠᠭ ᠤᠨ ᠣᠷᠳᠣᠨ ᠤ ᠴᠤᠭᠴᠠᠯᠠᠯᠳᠠ ᠶᠢ ᠠᠬᠢᠭᠤᠯᠬᠤ᠂ ᠲᠣᠭᠠᠴᠢᠯᠠᠭᠰᠠᠨ ᠠᠵᠤ ᠦᠶᠯᠡᠰ ᠤᠨ ᠠᠮᠢ ᠠᠬᠤᠶ ᠶᠢ ᠪᠠᠶᠢᠭᠤᠯᠬᠤ ᠪᠠ ᠴᠢᠳᠠᠪᠤᠷᠢᠲᠠᠨ ᠬᠥᠮᠦᠵᠢᠭᠦᠯᠬᠦ ᠲᠦᠪᠯᠡᠷᠡᠯ ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠶᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠩ ᠣᠯᠠᠨ ᠬᠥᠲᠥᠯᠥᠨ ᠳᠠᠭᠠᠭᠤᠯᠬᠤ ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷᠲᠠᠶ᠂ ᠰᠢᠨ᠎ᠡ ᠶᠢ ᠡᠭᠦᠳᠬᠦ ᠴᠢᠨᠠᠷᠳᠠᠢ ᠦᠷ᠎ᠡ ᠪᠦᠲᠦᠭᠡᠯ ᠢ ᠪᠣᠶ ᠪᠣᠯᠭᠠᠵᠤ᠂ ᠠᠷᠠᠳ ᠣᠯᠠᠨ ᠳᠤ ᠲᠣᠭᠠᠴᠢᠯᠠᠭᠰᠠᠨ ᠠᠵᠤ ᠠᠬᠤᠶ ᠶᠢᠨ ᠠᠪᠴᠢᠷᠠᠭᠰᠠᠨ ᠠᠰᠢᠭ ᠲᠤᠰᠠ ᠶᠢ ᠦᠨᠡᠨᠬᠦ ᠬᠦᠷᠲᠡᠭᠡᠬᠦ ᠶᠢ ᠬᠦᠰᠡᠵᠦ ᠪᠠᠶᠢᠨ᠎ᠠ ᠬᠡᠪᠡ᠃         ᡁᠢ ᠶᠦᠩ ᠺᠤᠸᠠᠨ ᠢᠯᠡᠷᠬᠡᠶᠢᠯᠡᠬᠦ ᠳᠡᠭᠡᠨ᠂ ᠤᠯᠠᠭᠠᠨᠴᠠᠪ ᠤᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠤᠨᠠᠭᠰᠠᠨ ᠰᠢᠷᠤᠢ ᠪᠣᠯᠤᠨ᠎ᠠ᠃ ᠡᠮᠦᠨᠡᠬᠢ ᠬᠤᠭᠤᠴᠠᠭᠠᠨ ᠤ ᠥᠨᠳᠥᠷ ᠪᠦᠲᠦᠮᠵᠢᠲᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠷ ᠳᠠᠮᠵᠢᠨ᠂ ᠠ ᠯᠢ ᠪᠠ ᠪᠠ ᠪᠦᠯᠦᠭᠯᠡᠯ ᠪᠣᠯᠤᠨ ᠤᠯᠠᠭᠠᠨᠴᠠᠪ ᠤᠨ ᠬᠠᠮᠲᠤᠷᠠᠯᠴᠠᠭ᠎ᠠ ᠨᠢᠭᠡᠨᠲᠡ ᠲᠦᠷᠭᠡᠨ ᠤ ᠵᠠᠮ ᠳᠠᠭᠠᠨ ᠣᠷᠣᠪᠠ᠃ ᠳᠠᠷᠠᠭ᠎ᠠ ᠠᠯᠬᠤᠮ ᠳᠤ᠂ ᠠ ᠯᠢ ᠪᠠ ᠪᠠ ᠪᠦᠯᠦᠭᠯᠡᠯ ᠤᠯᠠᠭᠠᠨᠴᠠᠪ ᠲᠠᠢ ᠪᠦᠬᠦ ᠲᠠᠯ᠎ᠠ ᠪᠠᠷ ᠵᠣᠯᠭᠠᠯᠳᠤᠵᠤ᠂ ᠭᠦᠨᠵᠡᠭᠡᠶ ᠠᠭᠤᠰᠤᠯᠴᠠᠵᠤ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ ᠡᠳ᠋ ᠪᠣᠳᠠᠰ ᠤᠨ ᠬᠤᠯᠪᠤᠭ᠎ᠠ ᠶᠢᠨ ᠰᠦᠯᠵᠢᠶ᠎ᠡ ᠵᠡᠷᠭᠡ ᠳᠠᠪᠠᠭᠤᠯᠢᠭ ᠪᠣᠯᠤᠨ ᠳᠠᠪᠰᠢᠭᠰᠠᠨ ᠮᠡᠷᠭᠡᠵᠢᠯ ᠢ ᠢᠳᠡᠪᠬᠢᠲᠡᠶ ᠪᠠᠷ ᠬᠡᠷᠡᠭᠯᠡᠵᠦ᠂ ᠴᠠᠬᠢᠮ ᠬᠤᠳᠠᠯᠳᠤᠭᠠᠨ ᠤ ᠶᠠᠪᠤᠳᠠᠯ᠂ ᠲᠣᠭᠠᠴᠢᠯᠠᠭᠰᠠᠨ ᠠᠵᠤ ᠠᠬᠤᠶ᠂ ᠤᠶᠤᠨᠳᠤ ᠬᠤᠲᠠ ᠵᠡᠷᠭᠡ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ ᠂ ᠤᠯᠠᠭᠠᠨᠴᠠᠪ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠤᠨᠴᠠᠯᠢᠭᠳᠤ ᠲᠥᠷᠥᠯ ᠲᠡᠮᠳᠡᠭᠲᠦ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠤᠶᠠᠷ ᠲᠠᠯ᠎ᠠ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ ᠬᠡᠪᠡ᠃                                        ᠵᠣᠬᠢᠶᠠᠭᠴᠢ᠄ ᠵᠠᠩ ᠭᠦᠸᠧ ᠰᠢᠨ                                        ᠤᠷᠴᠢᠭᠤᠯᠤᠭᠴᠢ᠄ ᠢᠷᠭᠤᠢ                                        ᠬᠢᠨᠠᠭᠴᠢ᠄ ᠬᠡᠷᠡᠯᠳᠦ  
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2