ᠵᠢᠨᠢᠩ ᠲᠣᠭᠤᠷᠢᠭ ᠤᠨ ︽ᠬᠤᠶᠠᠷ ᠬᠥᠲᠥᠯᠪᠦᠷᠢ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/7/2
ᠰᠤᠷᠪᠤᠯᠵᠢᠯᠠᠭᠰᠠᠨ ᠵᠤᠴᠢᠨ᠄  ᠪᠠᠨ ᠰᠢᠦ ᠫᠢᠡᠭᠰᠤᠷᠪᠤᠯᠵᠢᠯᠡᠭ᠌ᠰᠠᠨ ᠴᠠᠭ᠄   6 ᠰᠠᠷ᠎ᠠ ᠶᠢᠨ 2᠎ ᠤ ᠡᠳᠦᠷ             ᠰᠤᠷᠪᠤᠯᠵᠢᠯᠠᠭᠴᠢ᠄ ᠵᠠᠰᠠᠭ ᠤᠨ ᠣᠷᠳᠣᠨ ︽ᠬᠤᠶᠠᠷ ᠬᠥᠲᠥᠯᠪᠦᠷᠢ︾᠎ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠠᠯᠢ ᠬᠡᠳᠦᠨ ᠲᠠᠯ᠎ᠠ ᠪᠠᠷ ᠦᠷᠨᠢᠭᠦᠯᠦᠭᠰᠡᠨ ᠪᠣᠶ︖         ᠪᠠᠨ‌‍ᠰᠢᠦ ᠫᠢᠩ᠄ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠮᠡᠭᠲᠡᠶᠢᠴᠦᠳ ᠬᠡᠤᠬᠡᠳ ᠤᠨ ᠠᠵᠢᠯ ᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃         ᠨᠢᠭᠡ ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠪᠢ ᠡᠮᠡᠭᠲᠡᠶᠢᠴᠦᠳ ᠬᠡᠤᠬᠡᠳ ᠤᠨ ᠠᠵᠢᠯ ᠢ ᠬᠤᠪᠢᠳᠠᠨ ᠬᠠᠮᠢᠶᠠᠷᠤᠨ᠎ᠠ᠃  ᠲᠤᠰᠬᠠᠶᠢᠯᠠᠨ ᠨᠠᠳᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠢ ᠪᠠᠶᠢᠭᠤᠯᠵᠤ᠂ ᠠᠵᠢᠯᠲᠠᠨ ᠤ ᠶᠠᠪᠤᠳᠠᠯ ᠤᠨ ᠬᠤᠪᠢᠷᠠᠯᠲᠠ ᠠᠴᠠ ᠪᠣᠯᠵᠤ ᠪᠦᠷᠢᠯᠳᠦᠬᠦᠨ ᠨᠢᠭᠡᠴᠡ ᠳᠤ ᠣᠯᠠᠨ ᠤᠳᠠᠭ᠎ᠠ ᠲᠣᠬᠢᠷᠠᠭᠤᠯᠤᠯᠲᠠ ᠬᠢᠵᠡᠶ᠃ ᠠᠯᠪᠠᠨ ᠭᠡᠷ ᠢ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠳᠤ ᠲᠣᠬᠢᠷᠠᠭᠤᠯᠵᠤ᠂ ᠡᠯ᠎ᠡ  ᠪᠦᠷᠢᠯᠳᠦᠬᠦᠨ ᠨᠢᠭᠡᠴᠡ ᠶᠢᠨ  ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂  ᠲᠤᠭᠤᠷᠢᠭ ᠤᠨ  ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠡᠳᠦᠷ ᠲᠤᠲᠤᠮ ᠤᠨ ᠲᠣᠬᠢᠷᠠᠭᠤᠯᠤᠯᠲᠠ ᠬᠢᠬᠦ ᠶᠢ ᠪᠣᠳᠠᠲᠠᠶ ᠬᠠᠷᠢᠭᠤᠴᠠᠵᠤ᠂ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠢᠶ᠎ᠠ  ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ  ᠳᠤ ᠬᠠᠷᠢᠭᠤ ᠮᠡᠳᠡᠭᠦᠯᠵᠦ᠂ ᠪᠤᠰᠤᠳ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠤᠱᠯᠠᠭᠤᠯᠤᠨ  ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃         ᠬᠤᠶᠠᠷ ᠂ ᠵᠢᠨᠢᠩ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠢᠶ᠎ᠠ ᠬᠤᠷᠠᠯ ᠤᠨ ᠳᠦᠷᠢᠮ ᠪᠠ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠡᠮᠡᠭᠲᠡᠶᠢᠴᠦᠳ ᠬᠡᠦᠬᠡᠳ ᠤᠨ ᠠᠵᠢᠯ ᠤᠨ ᠺᠣᠮᠢᠰ ᠤᠨ ᠪᠥᠬᠦᠳᠡ ᠬᠤᠷᠠᠯ ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠡᠮᠡᠭᠲᠡᠶᠢᠴᠦᠳ ᠬᠡᠤᠬᠡᠳ ᠤᠨ ᠠᠵᠢᠯ ᠤᠨ ᠪᠠᠶᠢᠳᠠᠯ ᠳᠤ  ᠵᠠᠳᠠᠯᠤᠨ ᠰᠤᠳᠤᠯᠤᠯᠲᠠ ᠬᠢᠵᠡᠶ᠃ ᠡᠮᠡᠭᠲᠡᠶᠢᠴᠦᠳ ᠬᠡᠤᠬᠡᠳ ᠤᠨ ᠡᠷᠬᠡ ᠠᠰᠢᠭ ᠲᠤ ᠬᠤᠯᠪᠣᠭᠳᠠᠬᠤ ᠡᠯ᠎ᠡ ᠲᠥᠷᠥᠯ ᠤᠨ ᠠᠰᠠᠭᠤᠳᠠᠯ ᠢ ᠭᠤᠤᠯᠳᠠᠯᠭ᠎ᠠ ᠲᠠᠢ ᠰᠢᠶᠳᠪᠦᠷᠢᠯᠡᠨ᠎ᠡ᠃ ᠬᠡᠷᠪᠡ ᠴᠢᠬᠤᠯᠠ ᠪᠠᠶᠢᠳᠠᠯ ᠪᠤᠶᠤ ᠲᠣᠪᠣᠶᠢᠮ᠎ᠠ ᠠᠰᠠᠭᠤᠳᠠᠯ ᠲᠣᠬᠢᠶᠠᠯᠳᠤᠪᠠᠯ᠂ ᠪᠠᠰᠠ ᠲᠦᠷ ᠴᠠᠭ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠤᠬᠠᠶ ᠶᠢᠨ  ᠲᠠᠯᠠᠪᠠᠢ ᠳᠤ ᠠᠵᠢᠯᠯᠠᠬᠤ ᠪᠣᠯᠤᠨ᠎ᠠ᠃ ᠭᠤᠣᠯ ᠤᠳᠤᠷᠢᠳᠤᠯᠭ᠎ᠠ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠠᠵᠢᠯ ᠤᠨ ᠬᠠᠷᠢᠭᠤ ᠮᠡᠳᠡᠭᠦᠯᠦᠯᠲᠡ ᠰᠣᠨᠣᠰᠴᠤ᠂ ᠡᠭᠦᠨ ᠤ ᠬᠠᠮᠲᠤ ᠳᠠᠷᠠᠭ᠎ᠠ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠮᠡᠭᠲᠡᠶᠢᠴᠦᠳ ᠬᠡᠤᠬᠡᠳ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ 2011 ᠣᠨ ᠠᠴᠠ ᠨᠠᠰᠢ᠂ ᠬᠤᠪᠢᠳᠠᠨ ᠬᠠᠮᠢᠶᠠᠷᠬᠤ ᠤᠳᠤᠷᠢᠳᠤᠯᠭ᠎ᠠ 10 ᠤᠳᠠᠭ᠎ᠠ ᠬᠠᠷᠢᠭᠤ ᠮᠡᠳᠡᠭᠦᠯᠦᠯᠲᠡ ᠰᠣᠨᠣᠰᠴᠠᠶ᠃ ᠡᠨᠡ ᠵᠢᠯ᠂ ᠪᠢᠳᠡ ᠲᠤᠰᠬᠠᠶᠢᠯᠠᠨ ︽ᠬᠤᠶᠠᠷ ᠬᠥᠲᠥᠯᠪᠦᠷᠢ︾᠎ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ  ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂  ᠲᠤᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠢᠯ ᠣᠯᠭᠤᠯᠲᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ  ᠭᠠᠵᠠᠷ ᠤᠨ ᠠᠵᠢᠯ ᠤᠨ ᠠᠬᠢᠴᠠ  ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠶᠠᠷ ᠬᠥᠲᠥᠯᠪᠦᠷᠢ︾᠎ ᠶᠢᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠪᠡ᠃ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃        ᠭᠤᠷᠪᠠ᠂ ᠡᠮᠡᠭᠲᠡᠶᠢᠴᠦᠳ ᠬᠡᠤᠬᠡᠳ ᠤᠨ ᠠᠵᠢᠯ ᠪᠣᠯ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠭᠤᠯᠭ᠎ᠠ ᠪᠣᠯᠤᠨ᠎ᠠ᠃ ᠮᠥᠨ ᠴᠦ ᠠᠷᠠᠳᠴᠢᠯᠠᠯ ᠤᠨ ᠠᠵᠢᠯ ᠢ ᠲᠦᠯᠬᠢᠨ ᠠᠬᠢᠭᠤᠯᠬᠤ ᠴᠢᠬᠤᠯᠠ ᠠᠴᠢᠶᠠᠯᠠᠪᠤᠷᠢ ᠪᠠᠶᠢᠵᠤ᠂ ᠡᠯ᠎ᠡ ᠲᠠᠯ᠎ᠠ ᠳᠤ ᠬᠤᠯᠪᠣᠭᠳᠠᠵᠤ᠂ ᠡᠮᠡᠭᠲᠡᠶᠢᠴᠦᠳ ᠬᠡᠤᠬᠡᠳ ᠤᠨ ᠠᠵᠢᠯ ᠤᠨ ᠲᠤᠬᠠᠶ ᠴᠢᠬᠤᠯᠠ ᠬᠡᠷᠡᠭ ᠶᠠᠪᠤᠳᠠᠯ ᠪᠦᠬᠦᠨ ᠢ ᠪᠢᠳᠡ ᠴᠥᠮ ᠵᠠᠰᠠᠭ ᠤᠨ  ᠤᠷᠳᠤᠨ  ᠤ ᠪᠠᠶᠢᠩᠭᠤ ᠶᠢᠨ ᠬᠤᠷᠠᠯ ᠢᠶᠠᠷ ᠳᠠᠮᠵᠢᠨ ᠬᠠᠮᠲᠤ ᠪᠠᠷ ᠰᠤᠳᠤᠯᠤᠨ ᠰᠢᠶᠳᠪᠦᠷᠢᠯᠡᠵᠦ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠩ ᠤᠨ ᠪᠠᠶᠢᠳᠠᠯ ᠳᠤ ᠭᠠᠷᠠᠭ ᠪᠦᠷᠢ ᠨᠢᠭᠡ ᠤᠳᠠᠭ᠎ᠠ  ᠬᠤᠷᠠᠯᠳᠤᠭᠤᠯᠵᠦ  ᠂ ᠵᠥᠪᠯᠡᠬᠦ ᠰᠡᠳᠦᠪ ᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠩᠭᠠᠨ᠎ᠠ᠃  ᠤᠶᠢᠷ᠎ᠠ ᠎ ᠶᠢᠨ 3 ᠵᠢᠯ ᠳᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠡᠮᠡᠭᠲᠡᠶᠢᠴᠦᠳ ᠬᠡᠦᠬᠡᠳ ᠤᠨ ᠲᠤᠬᠠᠢ ᠨᠡᠶᠢᠲᠡ 21 ᠤᠳᠠᠭ᠎ᠠ  ᠰᠤᠳᠤᠯᠤᠨ ᠶᠠᠷᠢᠯᠴᠠᠵᠦ  ᠂ 31 ᠵᠥᠪᠯᠡᠬᠦ ᠰᠡᠳᠦᠪ ᠲᠠᠢ ᠬᠤᠯᠪᠣᠭᠳᠠᠪᠠ᠃ ᠵᠢᠱᠢᠶᠡᠯᠡᠪᠡᠯ᠂ ᠮᠠᠨ ᠤ  ᠲᠤᠭᠤᠷᠢᠭ ᠤᠨ 44 ᠨᠡᠷᠡᠰ ᠠᠩᠭᠢ ᠳᠠᠭᠠᠵᠤ ᠰᠤᠷᠤᠯᠴᠠᠬᠤ ᠳᠤ ᠲᠣᠬᠢᠷᠠᠬᠤ ᠦᠭᠡᠶ ᠵᠡᠮᠳᠡᠭ ᠬᠡᠤᠬᠡᠳ ᠤᠨ  ᠰᠤᠷᠭᠠᠭᠠᠤᠯᠢ  ᠳᠤ ᠣᠷᠣᠬᠤ ᠶᠠᠪᠤᠳᠠᠯ ᠳᠤ ᠴᠢᠭᠯᠡᠭᠦᠯᠦᠨ ᠰᠤᠳᠤᠯᠤᠯᠲᠠ ᠬᠢᠵᠦ᠂  ᠬᠡᠤᠬᠡᠳ ᠤᠨ ᠪᠡᠶ ᠎ᠡ ᠮᠠᠬᠠᠪᠣᠳ ᠤᠨ ᠪᠠᠶᠢᠳᠠᠯ᠂ ᠰᠤᠷᠭᠠᠨ ᠬᠥᠮᠦᠵᠢᠯ ᠬᠦᠷᠲᠡᠬᠦ ᠴᠢᠳᠠᠪᠤᠷᠢ ᠪᠣᠯᠤᠨ ᠰᠤᠷᠭᠠᠭᠤᠯᠢ ᠶᠢᠨ ᠠᠮᠢᠳᠤᠷᠠᠯ  ᠤᠨ ᠴᠢᠳᠠᠪᠤᠷᠢ ᠶᠢ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠵᠡᠶ᠃ 7 ᠨᠡᠷ᠎ᠡ ᠨᠢᠭᠡᠳᠦᠭᠡᠷ ᠲᠥᠷᠥᠯ ᠤᠨ ᠵᠡᠮᠳᠡᠭ ᠬᠡᠦᠬᠡᠳ ᠢ ᠰᠤᠷᠤᠯᠭ᠎ᠠ ᠠᠴᠠ ᠨᠢ ᠬᠡᠯᠲᠦᠷᠢᠭᠦᠯᠦᠨ᠎ᠡ᠂ ᠦᠯᠡᠳᠡᠭᠰᠡᠨ 37 ᠬᠡᠤᠬᠡᠳ ᠢ ᠭᠡᠷ ᠲᠤᠨᠢ  ᠰᠤᠷᠤᠯᠴᠠᠭᠤᠯᠵᠦ᠂  ᠬᠡᠤᠬᠡᠳ ᠪᠦᠬᠦᠨ ᠢ  ᠰᠤᠷᠤᠯᠭ᠎ᠠ ᠠᠯᠳᠠᠭᠤᠯᠤᠭᠰᠠᠨ ᠦᠭᠡᠶ᠃ ᠪᠠᠰᠠ ᠵᠢᠱᠢᠶᠡᠯᠡᠪᠡᠯ᠂ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠰᠠᠭᠤᠷᠢᠨ ᠳᠡᠭᠡᠷ᠎ᠡ᠂ ᠮᠠᠨ ᠤ ᠲᠤᠭᠤᠷᠢᠭ ᠤᠨ  ᠳᠤᠮᠳᠠᠳᠤ  ᠪᠠᠭ᠎ᠠ ᠰᠤᠷᠭᠠᠭᠤᠯᠢ ᠶᠢᠨ ᠲᠣᠬᠢᠷᠠᠭᠤᠯᠤᠯᠲᠠ ᠬᠦᠷᠦᠯᠴᠡᠬᠦ ᠦᠭᠡᠢ ᠠᠰᠠᠭᠤᠳᠠᠯ ᠳᠤ ᠴᠢᠭᠯᠡᠭᠦᠯᠦᠨ᠂ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢ ᠲᠥᠯᠥᠪᠵᠢᠭᠦᠯᠦᠨ ᠪᠠᠶᠢᠭᠤᠯᠬᠤ ᠶᠠᠪᠤᠳᠠᠯ ᠤᠨ ᠲᠤᠬᠠᠢ ᠰᠤᠳᠤᠯᠤᠯᠲᠠ ᠬᠢᠵᠦ᠂ ᠰᠤᠷᠤᠭᠴᠢᠳ ᠤᠨ ᠰᠤᠷᠭᠠᠭᠤᠯᠢ ᠳᠤ ᠣᠷᠣᠬᠤ ᠳᠤ ᠬᠦᠴᠢᠷᠲᠡᠶ᠂ ᠰᠤᠷᠭᠠᠭᠤᠯᠢ ᠰᠣᠩᠭᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠲᠣᠬᠢᠲᠠᠶ ᠰᠢᠶᠳᠪᠦᠷᠢᠯᠡᠬᠦ ᠬᠡᠷᠡᠭᠲᠡᠶ᠃           ᠳᠥᠷᠪᠡ᠂ ᠵᠢᠨᠢᠩ ᠲᠣᠭᠤᠷᠢᠭ ᠨᠢ ᠡᠮᠡᠭᠲᠡᠶᠢᠴᠦᠳ ᠬᠡᠦᠬᠡᠳ ᠤᠨ ᠠᠵᠢᠯ ᠢ ᠵᠢᠯ ᠪᠦᠷᠢ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠣᠷᠣᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠢᠴᠢᠬᠦ ᠠᠴᠠ ᠡᠮᠦᠨ᠎ᠡ᠂ ᠡᠮᠡᠭᠲᠡᠶᠢᠴᠦᠳ ᠤᠨ ᠬᠤᠯᠪᠣᠭᠠᠨ ᠤ ᠬᠠᠷᠢᠭᠤ ᠮᠡᠳᠡᠭᠦᠯᠦᠯᠲᠡ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠬᠠᠷᠢᠭᠤᠴᠠᠯᠭᠠᠲᠠᠨ ᠪᠣᠯᠤᠨ ᠠᠵᠢᠯᠲᠠᠳ ᠲᠠᠢ ᠣᠯᠠᠨᠲᠠ ᠨᠡᠪᠲᠡᠷᠡᠯᠴᠡᠵᠦ᠂ ᠲᠤᠭ᠎ᠠ ᠪᠠᠷᠢᠮᠲᠠ ᠶᠢ ᠨᠠᠷᠢᠯᠢᠭ ᠣᠨᠣᠪᠴᠢ ᠲᠠᠢ᠂ ᠠᠭᠤᠯᠭ᠎ᠠ ᠶᠢ ᠨᠠᠷᠢᠨ ᠪᠣᠳᠠᠲᠠᠶ ᠪᠠᠶᠢᠯᠭᠠᠬᠤ ᠪᠠᠷ ᠴᠢᠷᠮᠠᠶᠢᠬᠤ ᠬᠡᠷᠡᠭᠲᠡᠶ᠃ ᠡᠬᠡ ᠨᠣᠣᠷᠠᠭ ᠢ ᠲᠣᠭᠲᠠᠭᠠᠭᠰᠠᠨ ᠤ ᠳᠠᠷᠠᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠡᠯ᠎ᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠶᠢᠨ ᠬᠠᠮᠲᠤ ᠵᠢᠯ ᠪᠦᠷᠢ ᠶᠢᠨ ︽ᠬᠤᠶᠠᠷ ᠬᠤᠷᠠᠯ︾᠎ ᠤᠨ ᠬᠤᠭᠤᠴᠠᠭᠠᠨ ᠳᠤ ᠪᠦᠬᠦ ᠭᠡᠰᠢᠭᠦᠳ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠮᠡᠳᠡᠭᠦᠯᠦᠨ᠎ᠡ᠃           ᠰᠤᠷᠪᠤᠯᠵᠢᠯᠠᠭᠴᠢ᠄ ︽ᠬᠤᠶᠠᠷ ᠬᠥᠲᠥᠯᠪᠦᠷᠢ︾᠎ ᠶᠢ ᠠᠷᠠᠳ ᠤᠨ ᠠᠮᠢᠳᠤᠷᠠᠯ᠂ ᠪᠣᠳᠠᠲᠤ ᠶᠠᠪᠤᠳᠠᠯ ᠤᠨ ᠵᠦᠶᠯᠡᠰ ᠲᠤ ᠣᠷᠣᠭᠤᠯᠤᠭᠰᠠᠨ ᠪᠠᠶᠢᠳᠠᠯ︖           ᠎ ᠪᠠᠨ ᠰᠢᠤ ᠫᠢᠩ᠄ ᠵᠢᠨᠢᠩ ᠲᠣᠭᠤᠷᠢᠭ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠢ ᠡᠩ ᠲᠡᠷᠢᠭᠦᠨ ᠳᠤ ᠪᠣᠳᠣᠯᠬᠢᠯᠠᠬᠤ ᠵᠠᠷᠴᠢᠮ  ᠢ  ᠪᠤᠢ ᠪᠣᠯᠭᠠᠵᠤ᠂ ︽ᠬᠤᠶᠠᠷ ᠬᠥᠲᠥᠯᠪᠦᠷᠢ︾᠎ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠷᠠᠳ ᠤᠨ ᠲᠥᠯᠥᠭᠡ ᠪᠣᠳᠠᠲᠤ ᠶᠠᠪᠤᠳᠠᠯ ᠬᠢᠵᠦ ᠰᠠᠶᠢᠨ ᠶᠠᠪᠤᠳᠠᠯ ᠬᠢᠬᠦ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠲᠠᠢ  ᠠᠭᠤᠯᠭ᠎ᠠ ᠪᠣᠯᠭᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠦᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠨᠢᠭᠡ ᠳᠤ᠂ ᠠᠵᠢᠯ ᠣᠯᠵᠤ ᠦᠢᠯᠡᠰ ᠪᠣᠰᠬᠠᠬᠤ ᠰᠠᠭᠤᠷᠢᠨ ᠭᠠᠵᠠᠷ ᠲᠤ ᠲᠦᠰᠢᠭᠯᠡᠨ᠂ ᠡᠮᠡᠭᠲᠡᠶᠢᠴᠦᠳ ᠢ ᠬᠠᠪᠰᠤᠷᠤᠨ ᠠᠵᠢᠯ ᠣᠯᠵᠤ ᠦᠢᠯᠡᠰ ᠪᠣᠰᠬᠠᠬᠤ ᠶᠢ ᠪᠡᠶᠡᠯᠡᠭᠦᠯᠵᠦ᠂ 2019 ᠣᠨ ᠳᠤ᠂ ᠪᠦᠬᠦ  ᠲᠤᠭᠤᠷᠢᠭ ᠤᠨ ᠠᠵᠢᠯ ᠡᠷᠬᠢᠯᠡᠵᠦ ᠪᠠᠶᠢᠭ᠎ᠠ 21.5 ᠲᠦᠮᠡᠨ ᠬᠥᠮᠦᠨ ᠤ ᠳᠣᠲᠣᠷ᠎ᠠ᠂ ᠡᠮᠡᠭᠲᠡᠶ ᠠᠵᠢᠯᠲᠠᠨ ᠪᠠᠷᠤᠭ 9 ᠲᠦᠮᠡ ᠭᠠᠷᠤᠶ ᠬᠥᠮᠦᠨ᠂ ᠡᠵᠡᠯᠡᠬᠦ ᠬᠠᠷᠢᠴᠠᠯ ᠨᠢ 41.8% ᠪᠠᠶᠢᠵᠦ᠂ 37 ᠡᠮᠡᠭᠲᠡᠢ ᠳᠤ 421 ᠲᠦᠮᠡᠨ ᠲᠥᠭᠦᠷᠢᠭ ᠤᠨ ᠪᠠᠭ᠎ᠠ ᠲᠣᠭᠠᠨ ᠤ ᠪᠠᠲᠤᠯᠠᠭᠠᠲᠤ ᠵᠢᠭᠡᠯᠡᠯᠭᠡ ᠲᠠᠯᠪᠢᠪᠠ᠃ ᠬᠤᠶᠠᠷ ᠲᠤ ᠵᠢᠨᠢᠩ ᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠᠷ ᠬᠠᠷᠠᠯᠲᠠ ᠪᠣᠯᠭᠠᠵᠤ᠂ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠡᠨᠡ ᠵᠢᠯ ᠶᠠᠭ ᠠᠬᠢᠭᠤᠯᠵᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 11 ᠲᠥᠷᠥᠯ ᠵᠦᠢᠯ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠶ ᠬᠥᠭᠵᠢᠯᠲᠡ ᠶᠢ ᠲᠠᠰᠤᠷᠠᠯᠲᠠ ᠥᠬᠡᠶ  ᠳᠡᠭᠡᠭᠰᠢᠯᠡᠭᠦᠯᠦᠨ᠎ᠡ᠃ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠲᠡᠷᠢᠭᠦᠨ ᠤ ᠪᠠᠭᠰᠢ ᠶᠢᠨ ᠶᠡᠭᠡ ᠰᠤᠷᠭᠠᠭᠤᠯᠢ ᠵᠡᠷᠭᠡᠭᠤᠤᠯᠳᠠᠯᠭ᠎ᠠ ᠲᠠᠢ ᠨᠡᠷᠡᠲᠦ ᠰᠤᠷᠭᠠᠭᠤᠯᠢ ᠲᠠᠢ ᠢᠳᠡᠪᠬᠢᠲᠡᠢ ᠬᠠᠷᠢᠯᠴᠠᠵᠦ᠂ ᠬᠠᠮᠲᠤᠷᠠᠨ ᠰᠤᠷᠭᠠᠭᠤᠯᠢ ᠡᠷᠬᠢᠯᠡᠬᠦ ᠶᠢ ᠥᠷᠨᠢᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ  ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠ ᠳᠤ᠂ ᠴᠠᠩ ᠴᠦᠨ ᠲᠤᠩ ᠪᠣᠯᠤᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭᠠᠨ ᠤ ᠠᠯᠬᠤᠴᠠ ᠶᠢ ᠲᠦᠷᠭᠡᠳᠬᠡᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ︵ᠨᠡᠶᠢᠭᠡᠮ  ᠲᠤᠭᠤᠷᠢᠭ︶᠎ ᠤ ᠡᠷᠡᠭᠦᠯ ᠬᠠᠮᠠᠭᠠᠯᠠᠯ ᠤᠨ ᠲᠠᠰᠤᠭ ᠤᠨ ᠳᠡᠰ ᠳᠡᠪᠰᠢᠭᠦᠯᠦᠨ ᠥᠭᠡᠷᠡᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠮᠠᠨ ᠤ  ᠲᠤᠭᠤᠷᠢᠭ ᠤᠨ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠮᠡᠭᠲᠡᠶᠢᠴᠦᠳ ᠤᠨ ᠡᠷᠡᠭᠦᠯ ᠬᠠᠮᠠᠭᠠᠯᠠᠯ ᠡᠷᠡᠭᠦᠯᠵᠢᠯ ᠤᠨ ᠮᠡᠳᠡᠯᠭᠡ ᠶᠢᠨ ᠲᠠᠶᠢᠯᠤᠮᠵᠢ ᠶᠢ 300 ᠭᠠᠷᠤᠶ  ᠲᠠᠯᠪᠢᠵᠦ ᠤᠳᠠᠭ᠎ᠠ ᠠᠮᠵᠢᠯᠲᠠ ᠲᠠᠢ ᠡᠷᠬᠢᠯᠡᠵᠦ᠂ ᠬᠡᠤᠬᠡᠳ ᠠᠪᠬᠤ ᠨᠠᠰᠤᠨ ᠤ 13 ᠲᠦᠮᠡᠨ ᠡᠮᠡᠭᠲᠡᠶᠢᠴᠦᠳ ᠤᠨ ᠡᠷᠡᠭᠦᠯ ᠮᠡᠨᠳ ᠦ ᠶᠢᠨ ᠪᠡᠶ᠎ᠡ ᠪᠠᠶᠢᠴᠠᠭᠠᠬᠤ ᠠᠵᠢᠯ ᠢ ᠪᠡᠶᠡᠯᠡᠭᠦᠯᠪᠡ᠃ ᠳᠥᠷᠪᠡ ᠳᠤ ᠣᠷᠣᠰᠢᠨ ᠰᠠᠭᠤᠬᠤ ᠣᠷᠴᠢᠨ ᠲᠣᠭᠤᠷᠢᠨ  ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠪᠦᠬᠦ  ᠤᠯᠤᠰ ᠤᠨ  ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠪᠠ ᠨᠡᠶᠢᠭᠡᠮ ᠤᠨ ᠦᠢᠯᠡᠴᠢᠯᠡᠭᠡᠨ ᠤ ᠪᠠᠲᠤᠯᠠᠭ᠎ᠠ ᠶᠢ  ᠭᠤᠤᠯᠳᠠᠯᠭ᠎ᠠ  ᠲᠠᠢ ᠰᠠᠶᠢᠲᠤᠷ ᠬᠢᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠲᠤ ᠣᠷᠣᠯᠴᠠᠭᠰᠠᠨ ᠡᠮᠡᠭᠲᠡᠶᠢᠴᠦᠳ ᠤᠨ ᠬᠥᠮᠦᠨ ᠤ ᠲᠤᠭ᠎ᠠ ᠶᠢ 60% ᠣᠷᠴᠢᠮ ᠳᠤ ᠬᠦᠷᠭᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠶᠢᠴᠤᠳ ᠤᠨ ᠬᠥᠮᠦᠨ ᠤ ᠲᠤᠭ᠎ᠠ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠡᠮᠡᠭᠲᠡᠶ ᠬᠥᠮᠦᠨ ᠤ ᠲᠤᠭ᠎ᠠ ᠴᠥᠮ ᠶᠡᠷᠦᠩᠬᠡᠶ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢᠨ 50%᠎ ᠠᠴᠠ ᠳᠡᠭᠡᠭᠰᠢ ᠳᠤ ᠬᠦᠷᠴᠦ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃           ᠰᠤᠷᠪᠤᠯᠵᠢᠯᠠᠭᠴᠢ᠄ ︽ᠬᠤᠶᠠᠷ ᠬᠥᠲᠥᠯᠪᠦᠷᠢ︾᠎ ᠶᠢ ᠬᠡᠷᠡᠭᠵᠢᠭᠦᠯᠬᠦ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠪᠠᠶᠢᠳᠠᠯ︖          ᠎ ᠪᠠᠨ ᠰᠢᠤ ᠫᠢᠩ᠄ ᠵᠢᠨᠢᠩ ᠲᠣᠭᠤᠷᠢᠭ ᠲᠤ ᠡᠮᠡᠭᠲᠡᠶᠢᠴᠦᠳ ᠬᠡᠤᠬᠡᠳ ᠤᠨ ᠠᠵᠢᠯ ᠤᠨ ᠵᠠᠷᠤᠳᠠᠯ ᠢ ᠵᠢᠯ ᠤᠨ ᠡᠬᠢᠨ ᠤ ᠲᠥᠰᠦᠪ ᠲᠤ ᠣᠷᠣᠭᠤᠯᠪᠠ᠃ ᠠᠵᠢᠯ ᠤᠨ ᠵᠠᠷᠤᠳᠠᠯ 2009 ᠣᠨ ᠳᠤ 5 ᠲᠦᠮᠡᠨ ᠲᠥᠭᠦᠷᠢᠭ ᠪᠠᠶᠢᠭᠰᠠᠨ ᠠᠴᠠ 2020᠎ ᠤᠨ ᠪᠣᠯᠬᠤ ᠳᠤ 20 ᠲᠦᠮᠡᠨ ᠲᠦᠭᠦᠷᠢᠭ ᠪᠣᠯᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠪᠠᠲᠤᠯᠠᠨ᠎ᠠ᠃ ᠡᠭᠦᠨ ᠤ ᠳᠤ ᠬᠠᠮᠲᠤ᠂  ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ  ᠵᠤᠯᠭᠠᠭᠤᠯᠵᠦ᠂ ᠡᠯ᠎ᠡ ᠲᠥᠷᠥᠯ ᠤᠨ ᠲᠤᠰᠠᠯᠠᠮᠵᠢ ᠳᠡᠮᠵᠢᠯᠭᠡ ᠦᠵᠡᠭᠦᠯᠬᠦ ᠪᠡᠯᠡ ᠮᠥᠩᠭᠦ ᠶᠢ ᠴᠢᠷᠮᠠᠶᠢᠨ ᠣᠯᠵᠤ᠂ 2013 ᠣᠨ ᠠᠴᠠ 2019᠎ ᠤᠨ ᠪᠣᠯᠲᠠᠯ᠎ᠠ᠂ ︽ᠬᠤᠶᠠᠷ ᠥᠮᠡᠨ︾᠎ ᠤ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠡᠮᠡᠭᠲᠡᠶᠢᠴᠦᠳ  ᠢ ᠠᠪᠤᠷᠠᠨ ᠲᠤᠰᠠᠯᠠᠬᠤ ᠮᠥᠩᠭᠦ ᠶᠢ ᠨᠡᠶᠢᠲᠡ 49 ᠲᠦᠮᠡᠨ ᠲᠥᠭᠦᠷᠢᠭ ᠣᠯᠵᠠᠶ᠃ 2019 ᠤᠨ᠂ ᠨᠢᠭᠡᠨᠲᠡ 82 ᠨᠡᠷᠡᠰ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠰᠤᠷᠤᠭᠴᠢ ᠳᠤ 14.3 ᠲᠦᠮᠡᠨ ᠲᠥᠭᠦᠷᠢᠭ ᠤᠨ ᠪᠡᠯᠡ ᠮᠥᠩᠭᠦ ᠥᠭᠴᠦ᠂ 1375 ᠤᠶᠤᠲᠠᠳ ᠲᠤ ᠰᠤᠷᠤᠯᠭ᠎ᠠ ᠶᠢᠨ ᠲᠡᠳᠬᠦᠮᠵᠢ ᠶᠢᠨ  ᠵᠢᠭᠡᠯᠡᠯᠭᠡ  ᠬᠢᠵᠦ ᠥᠭᠴᠡᠶ᠃ ᠨᠡᠶᠢᠲᠡ 1100 ᠲᠦᠮᠡᠨ ᠲᠥᠭᠦᠷᠢᠭ ᠲᠠᠷᠬᠠᠭᠠᠪᠠ᠃ 37 ᠡᠮᠡᠭᠲᠡᠶ ᠬᠥᠮᠦᠨ ᠳᠤ 421 ᠲᠦᠮᠡᠨ ᠲᠥᠭᠦᠷᠢᠭ ᠤᠨ ᠪᠠᠭ᠎ᠠ ᠲᠣᠭᠠᠨ ᠤ ᠲᠠᠭᠠᠭᠠᠯᠲᠠᠲᠤ ᠵᠢᠭᠡᠯᠡᠯᠭᠡ ᠲᠠᠯᠪᠢᠵᠠᠢ᠃         ᠰᠤᠷᠪᠤᠯᠵᠢᠯᠠᠭᠴᠢ᠄ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠎ᠠ︖          ᠎ ᠪᠠᠨ ᠰᠢᠤ ᠫᠢᠩ᠄ ᠤᠯᠤᠰ ᠤᠨ ︽ᠬᠤᠶᠠᠷ ᠬᠥᠲᠥᠯᠪᠦᠷᠢ︾ ᠪᠠ ᠥᠪᠥᠷ ᠮᠣᠩᠭᠤᠯ ᠤᠨ ︽ᠬᠤᠶᠠᠷ ᠬᠥᠲᠥᠯᠪᠦᠷᠢ︾᠎ ᠶᠢᠨ  ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠨᠠᠰᠢ᠂ ᠵᠢᠨᠢᠩ ᠲᠣᠭᠤᠷᠢᠭ ᠠᠴᠠ ᠲᠤᠰᠬᠠᠶᠢᠯᠠᠨ ᠵᠢᠨᠢᠩ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ  ᠲᠦᠯᠦᠪᠵᠢᠭᠦᠯᠭᠡ ︵2011 — 2020 ᠣᠨ︶︾ ᠵᠢᠨᠢᠩ ᠲᠣᠭᠤᠷᠢᠭ ᠤᠨ ᠬᠡᠤᠬᠡᠳ ᠤᠨ ᠬᠥᠭᠵᠢᠯᠲᠡ ᠶᠢᠨ ᠲᠥᠯᠥᠪᠵᠢᠭᠦᠯᠭᠡ ︵2011 — 2020 ᠣᠨ︶︾᠎ ᠶᠢ ᠲᠣᠭᠲᠠᠭᠠᠵᠠᠶ᠃ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ  ᠢ  ᠪᠠᠶᠢᠭᠤᠯᠵᠤ᠂ ᠡᠯ᠎ᠡ ᠵᠦᠶᠯ ᠤᠨ ᠭᠦᠶᠴᠡᠳᠬᠡᠯ ᠲᠣᠭᠠᠨ ᠤ ᠰᠢᠰᠲ᠋ᠧᠮ ᠢ ᠵᠠᠳᠠᠯᠵᠤ᠂ ᠬᠠᠷᠠᠯᠲᠠ ᠶᠢᠨ ᠡᠭᠦᠷᠭᠡ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠤ ᠨᠢᠭᠡᠴᠡ᠂ ᠬᠠᠮᠵᠢᠯᠴᠠᠬᠤ ᠰᠠᠯᠠᠭ᠎ᠠ ᠮᠥᠴᠢᠷ ᠢ ᠲᠣᠳᠣᠷᠬᠠᠶᠢᠯᠠᠵᠠᠶ᠃ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ  ᠪᠦᠷᠢᠳᠭᠡᠯ ᠬᠢᠵᠦ᠂ ᠭᠦᠶᠴᠡᠳᠬᠡᠬᠦ ᠲᠤᠭ᠎ᠠ ᠶᠢᠨ ᠲᠤᠰᠬᠠᠭᠰᠠᠨ ᠠᠰᠠᠭᠤᠳᠠᠯ ᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂  ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃          ᠰᠤᠷᠪᠤᠯᠵᠢᠯᠠᠭᠴᠢ᠄ ︽ᠬᠤᠶᠠᠷ ᠬᠥᠲᠥᠯᠪᠦᠷᠢ︾᠎ ᠶᠢ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠬᠠᠷᠠᠯᠲᠠᠲᠤ ᠬᠠᠮᠢᠶᠠᠷᠤᠯᠲᠠ ᠪᠠ ᠬᠢᠨᠠᠨ ᠰᠢᠯᠭᠠᠯᠲᠠ ᠳᠤ ᠣᠷᠣᠭᠤᠯᠤᠭᠰᠠᠨ ᠪᠠᠶᠢᠳᠠᠯ︖         ᠎ ᠪᠠᠨ ᠰᠢᠤ ᠫᠢᠩ᠄ ᠮᠠᠨ ᠤ  ᠲᠤᠭᠤᠷᠢᠭ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠢᠶ᠎ᠠ ᠶᠢᠨ ᠠᠵᠢᠯ ᠢ ᠵᠠᠰᠠᠭ ᠤᠨ  ᠤᠷᠳᠤᠨ  ᠵᠢᠴᠢ ᠰᠠᠯᠠᠭ᠎ᠠ ᠮᠥᠴᠢᠷ ᠤᠨ  ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠪᠠ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠳᠤ ᠣᠷᠣᠭᠤᠯᠤᠨ᠎ᠠ᠃ ᠵᠢᠯ ᠪᠦᠷᠢ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠤ ᠬᠢᠨᠠᠨ ᠰᠢᠯᠭᠠᠯᠲᠠ ᠬᠢᠵᠦ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠪᠠ ᠰᠢᠯᠢᠳᠡᠭ ᠢ ᠬᠢᠨᠠᠨ ᠰᠢᠯᠭᠠᠵᠤ  ᠰᠢᠯᠢᠳᠡᠭ  ᠢ ᠦᠨᠡᠯᠡᠬᠦ ᠴᠢᠬᠤᠯᠠ ᠦᠨᠳᠦᠰᠦᠯᠡᠯ ᠪᠣᠯᠤᠭᠰᠠᠨ ᠤ ᠬᠤᠪᠢ ᠳᠤ ᠡᠯ᠎ᠡ ᠵᠦᠶᠯ ᠤᠨ ᠭᠦᠶᠴᠡᠳᠬᠡᠬᠦ ᠲᠤᠭ᠎ᠠ ᠶᠢ ᠰᠠᠶᠢᠲᠤᠷ ᠪᠡᠶᠡᠯᠡᠭᠦᠯᠦᠭᠰᠡᠨ ᠨᠢᠭᠡᠴᠡ ᠶᠢ ᠰᠠᠶᠢᠰᠢᠶᠠᠨ ᠬᠥᠬᠢᠭᠦᠯᠦᠨ᠎ᠡ᠃ ᠪᠡᠶᠡᠯᠡᠭᠦᠯᠬᠦ ᠶᠢᠨ ᠠᠷᠭ᠎ᠠ ᠦᠭᠡᠢ ᠭᠦᠶᠴᠡᠳᠬᠡᠬᠦ ᠲᠤᠭ᠎ᠠ ᠶᠢ ᠭᠤᠤᠯᠳᠠᠯᠭ᠎ᠠ ᠲᠠᠢ ᠰᠢᠮᠳᠠᠭᠤᠯᠤᠨ ᠰᠢᠶᠳᠪᠦᠷᠢᠯᠡᠭᠦᠯᠬᠦ ᠬᠡᠷᠡᠭᠲᠡᠶ᠃           ᠰᠤᠷᠪᠤᠯᠵᠢᠯᠠᠭᠴᠢ᠄ ︽ᠬᠤᠶᠠᠷ ᠬᠥᠲᠥᠯᠪᠦᠷᠢ︾᠎ ᠶᠢ ᠵᠠᠰᠠᠭ ᠤᠨ ᠣᠷᠳᠣᠨ ᠤ ᠠᠵᠢᠯ ᠤᠨ ᠰᠢᠮᠳᠠᠭᠤᠯᠤᠨ ᠪᠠᠶᠢᠴᠠᠭᠠᠯᠲᠠ ᠲᠤ ᠣᠷᠣᠭᠤᠯᠤᠭᠰᠠᠨ ᠪᠠᠶᠢᠳᠠᠯ︖          ᠎ ᠪᠠᠨ ᠰᠢᠤ ᠫᠢᠩ᠄ ᠵᠢᠨᠢᠩ ᠲᠣᠭᠤᠷᠢᠭ ᠤᠨ ᠬᠢᠨ ︽ᠬᠤᠶᠠᠷ ᠬᠥᠲᠥᠯᠪᠦᠷᠢ︾᠎ ᠶᠢ ᠬᠡᠷᠡᠭᠵᠢᠭᠦᠯᠬᠦ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢᠨ ᠡᠭᠦᠷᠭᠡ ᠳᠤ ᠣᠷᠣᠭᠤᠯᠤᠨ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠠᠵᠢᠯ ᠥᠷᠨᠢᠭᠦᠯᠬᠦ ᠪᠠ ᠪᠦᠷᠢᠯᠳᠦᠬᠦᠨ ᠨᠢᠭᠡᠴᠡ ᠲᠤᠰᠬᠠᠶ  ᠰᠢᠮᠳᠠᠭᠤᠯᠤᠨ ᠪᠠᠶᠢᠴᠠᠭᠠᠨ᠎ᠠ᠃ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠠᠯᠪᠠᠨ ᠭᠡᠷ ᠠᠴᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠰᠢᠪᠠᠳᠠᠨ ᠰᠢᠶᠳᠪᠦᠷᠢᠯᠡᠭᠦᠯᠬᠦ ᠵᠦᠢᠯ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠰᠢᠶᠳᠪᠦᠷᠢᠯᠡᠭᠦᠯᠵᠦ ᠬᠠᠷᠢᠭᠤ ᠲᠤᠰᠬᠠᠬᠤ ᠶᠢ ᠰᠢᠮᠳᠠᠭᠤᠯᠤᠨ᠂  ᠤᠳᠤᠷᠢᠳᠤᠯᠭ᠎ᠠ ᠶᠢᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠ ᠲᠥᠷᠥᠯ ᠵᠦᠶᠯ ᠢ ᠲᠦᠯᠬᠢᠨ ᠠᠬᠢᠭᠤᠯᠬᠤ ᠳᠤ ᠦᠨᠳᠦᠰᠦ ᠪᠠᠷᠢᠮᠲᠠ ᠬᠠᠩᠭᠠᠬᠤ ᠬᠡᠷᠡᠭᠲᠡᠶ᠃ ᠣᠳᠣᠬᠠᠨ ᠳᠤ᠂ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠳᠤ ᠴᠢᠭᠯᠡᠭᠦᠯᠦᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠂ ᠵᠣᠷᠯᠣᠩ ᠤᠨ ᠬᠤᠪᠢᠰᠬᠠᠯ᠂ ᠠᠮᠢ  ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠡᠷᠭᠡ ᠲᠠᠯ᠎ᠠ ᠳᠤ  ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ  ᠃ ᠡᠮᠡᠭᠲᠡᠶᠢᠴᠦᠳ ᠬᠡᠤᠬᠡᠳ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠳᠤ ᠴᠢᠭᠯᠡᠭᠦᠯᠦᠨ᠂ ᠤᠯᠠᠨ  ᠨᠡᠶᠢᠲᠡ ᠶᠢᠨ ᠡᠷᠡᠭᠦᠯ ᠬᠠᠮᠠᠭᠠᠯᠠᠯ᠂ ᠦᠨᠳᠦᠰᠦᠨ ᠱᠠᠲᠤᠨ ᠤ ᠡᠮᠴᠢᠯᠡᠭᠡᠨ ᠤ ᠨᠥᠬᠦᠴᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠰᠢᠮᠳᠠᠭᠤᠯᠤᠨ ᠪᠠᠶᠢᠴᠠᠭᠠᠨ᠎ᠠ  ᠃ ᠰᠤᠷᠬᠤ ᠨᠠᠰᠤᠨ ᠤ ᠬᠡᠤᠬᠡᠳ ᠤᠨ ᠰᠤᠷᠭᠠᠨ ᠬᠥᠮᠦᠵᠢᠯ ᠵᠡᠷᠭᠡ ᠲᠠᠯ᠎ᠠ ᠳᠤ ᠴᠢᠭᠯᠡᠭᠦᠯᠦᠨ᠂  ᠲᠤᠭᠤᠷᠢᠭ ᠤᠨ ᠬᠠᠷᠢᠶ᠎ᠠ  ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠰᠤᠷᠭᠠᠨ ᠬᠥᠮᠦᠵᠢᠯ ᠤᠨ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠶᠯ ᠢ ᠲᠤᠬᠠᠶ ᠶᠢᠨ  ᠭᠠᠵᠠᠷ ᠲᠤᠨᠢ ᠪᠠᠶᠢᠴᠠᠭᠠᠨ ᠦᠵᠡᠨ᠎ᠡ  ᠃ ᠡᠮᠡᠭᠲᠡᠶᠢᠴᠦᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠳᠤ ᠴᠢᠭᠯᠡᠭᠦᠯᠦᠨ᠂ ᠠᠵᠢᠯ ᠣᠯᠭᠤᠬᠤ ᠲᠥᠷᠥ ᠶᠢᠨ  ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠣᠯᠭᠤᠬᠤ ᠪᠣᠯᠪᠠᠰᠤᠷᠠᠭᠤᠯᠤᠯ ᠵᠡᠷᠭᠡ ᠠᠵᠢᠯ ᠢ ᠰᠢᠮᠳᠠᠭᠤᠯᠤᠨ  ᠪᠠᠶᠢᠴᠠᠭᠠᠬᠤ  ᠬᠡᠷᠡᠭᠲᠡᠶ  ᠃  ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠠᠪᠤᠳᠠᠯ ᠳᠤ ᠴᠢᠭᠯᠡᠭᠦᠯᠦᠨ᠂ ᠡᠮᠡᠭᠲᠡᠶᠢᠴᠦᠳ ᠬᠡᠤᠬᠡᠳ ᠤᠨ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠠᠵᠢᠯ ᠠᠯᠳᠠᠯᠲᠠ ᠶᠢᠨ  ᠳᠠᠭᠠᠳᠬᠠᠯ ᠳᠤ ᠣᠷᠣᠯᠴᠠᠭᠰᠠᠨ ᠵᠢᠴᠢ ᠳᠠᠩᠰᠠ ᠲᠠᠶᠢᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠬᠠᠭᠤᠷᠤᠨ ᠮᠡᠬᠡᠯᠡᠵᠦ ᠳᠠᠭᠠᠳᠬᠠᠯ ᠮᠡᠬᠡᠯᠡᠭᠰᠡᠨ ᠵᠡᠷᠭᠡ ᠦᠵᠡᠭᠳᠡᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ ᠰᠢᠪᠠᠳᠠᠨ ᠪᠠᠶᠢᠴᠠᠭᠠᠬᠤ ᠪᠠᠷ ᠳᠠᠮᠵᠢᠭᠤᠯᠤᠨ᠂ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂   ᠵᠦᠶ ᠵᠣᠬᠢᠰᠲᠠᠶ  ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠶ᠃            ᠰᠤᠷᠪᠤᠯᠵᠢᠯᠠᠭᠴᠢ᠄ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠠᠯᠪᠠᠨ ᠬᠡᠷ ᠤᠨ ᠠᠵᠢᠯᠲᠠᠨ ᠤ  ᠲᠤᠬᠢᠷᠠᠭᠤᠯᠤᠯᠲᠠ  ᠂ ᠪᠠᠶᠢᠭᠤᠯᠤᠯ ᠲᠣᠭᠲᠠᠴᠠ ᠵᠢᠴᠢ ᠠᠵᠢᠯᠯᠠᠭᠠᠨ ᠤ ᠪᠠᠶᠢᠳᠠᠯ︖           ᠎ ᠪᠠᠨ ᠰᠢᠤ ᠫᠢᠩ᠄ ᠵᠢᠨᠢᠩ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠺᠣᠮᠢᠰ  ᠎ ᠨᠢ ᠨᠢᠭᠡ ᠡᠷᠬᠢᠯᠡᠭᠴᠢ᠂ 2 ᠳᠡᠳ᠋ ᠡᠷᠬᠢᠯᠡᠭᠴᠢ᠂ 33 ᠪᠦᠷᠢᠯᠳᠦᠬᠦᠨ ᠨᠢᠭᠡᠴᠡ ᠪᠠᠷ ᠪᠦᠷᠢᠯᠳᠦᠵᠦ᠂ ᠪᠦᠷᠢᠯᠳᠦᠬᠦᠨ  ᠨᠢᠭᠡᠴᠡ ᠴᠥᠮ ᠨᠢᠭᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠨᠢᠭᠡ ᠬᠤᠯᠪᠣᠭᠠᠴᠢᠨ ᠲᠣᠰ ᠠᠵᠢᠯ ᠢ ᠪᠣᠳᠠᠲᠠᠶ ᠬᠠᠷᠢᠭᠤᠴᠠᠨ᠎ᠠ ᠭᠡᠵᠦ ᠲᠣᠳᠣᠷᠬᠠᠶ ᠲᠣᠭᠲᠠᠭᠠᠪᠠ᠃ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠢ ᠲᠣᠭᠤᠷᠢᠭ ᠤᠨ ᠡᠮᠡᠭᠲᠡᠶᠢᠴᠦᠳ ᠤᠨ  ᠬᠤᠯᠪᠤᠭᠠᠨ ᠳᠤ ᠪᠠᠶᠢᠭᠤᠯᠵᠤ᠂ ᠤᠳᠤ 4 ᠬᠥᠮᠦᠨ᠂ ᠰᠠᠯᠠᠭᠠᠨ ᠤ ᠲᠡᠰ ᠤᠨ ᠲᠤᠰᠢᠶᠠᠯ ᠤᠨ ᠲᠤᠭ᠎ᠠ ᠨᠢ ᠶᠠᠭ ᠨᠢᠭᠡ ᠪᠠᠶᠢᠵᠠᠢ᠃ ᠬᠥᠮᠦᠨ ᠬᠠᠷᠢᠴᠠᠩᠭᠤᠶ ᠬᠦᠷᠦᠯᠴᠡᠬᠦ ᠦᠭᠡᠢ᠂ ᠪᠢᠳᠡ ᠨᠢᠭᠡᠨᠲᠡ ᠠᠯᠪᠠᠲᠠᠨ ᠡᠯᠰᠡᠬᠦ ᠰᠢᠯᠭᠠᠯᠲᠠ᠂ ᠠᠵᠢᠯ ᠦᠶᠯᠡᠰ ᠤᠨ ᠨᠢᠭᠡᠴᠡ ᠶᠢᠨ ᠰᠢᠯᠭᠠᠯᠲᠠ᠂ ︽ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠲᠠᠨ︾ ᠡᠯᠰᠡᠬᠦ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠬᠠᠪᠰᠤᠷᠤᠨ ᠰᠢᠶᠳᠪᠦᠷᠢᠯᠡᠵᠦ ᠪᠠᠶᠢᠨ᠎ᠠ᠃ ᠡᠮᠡᠭᠲᠡᠶᠢᠴᠦᠳ ᠬᠡᠦᠬᠡᠳ ᠤᠨ ᠠᠵᠢᠯ ᠤᠨ ᠬᠡᠷᠡᠭ ᠵᠥᠪᠯᠡᠬᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠡᠶᠢᠲᠡ 33 ᠪᠦᠷᠢᠯᠳᠦᠬᠦᠨ ᠨᠢᠭᠡᠴᠡ ᠳᠤ ᠬᠤᠯᠪᠣᠭᠳᠠᠵᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠡᠷᠭᠡ ᠳᠦᠷᠢᠮ  ᠢ ᠲᠣᠭᠲᠠᠭᠠᠵᠤ᠂ ︽ᠬᠤᠶᠠᠷ ᠬᠥᠲᠥᠯᠪᠦᠷᠢ︾᠎ ᠶᠢᠨ ᠠᠵᠢᠯ ᠢ ᠵᠣᠬᠢᠶᠠᠨ ᠪᠠᠶᠢᠭᠤᠯᠵᠤ᠂ ᠬᠤᠯᠪᠣᠭ᠎ᠠ ᠠᠪᠴᠤ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ᠂ ︽ᠬᠤᠶᠠᠷ ᠬᠥᠲᠥᠯᠪᠦᠷᠢ︾᠎ ᠶᠢᠨ ᠠᠵᠢᠯ ᠢ ᠨᠠᠶᠢᠳᠠᠪᠤᠷᠢᠵᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠪᠠ᠃          ᠰᠤᠷᠪᠤᠯᠵᠢᠯᠠᠭᠴᠢ᠄ ︽ᠬᠤᠶᠠᠷ ᠲᠣᠭᠲᠠᠭᠠᠯ︾᠎ ᠤᠨ ᠡᠯ᠎ᠡ ᠵᠦᠶᠯ ᠤᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ︖           ᠪᠠᠨ‌‍ᠰᠢᠦ ᠫᠢᠩ᠄ 2019᠎  ᠤᠨ ᠳᠤ  ᠵᠢᠨᠢᠩ ᠲᠣᠭᠤᠷᠢᠭ ᠤᠨ ︽ᠬᠤᠶᠠᠷ ᠲᠥᠯᠥᠪᠵᠢᠭᠦᠯᠭᠡ︾᠎ ᠶᠢᠨ ᠭᠦᠶᠴᠡᠳᠬᠡᠯ ᠲᠤᠭ᠎ᠠ ᠶᠢᠨ ᠡᠭᠦᠷᠭᠡ ᠨᠡᠶᠢᠲᠡ 140 ᠵᠦᠶᠯ ︵ᠡᠮᠡᠭᠲᠡᠶᠢᠴᠦᠳ ᠬᠡᠤᠬᠡᠳ ᠤᠨ ᠡᠷᠡᠭᠦᠯ ᠮᠡᠨᠳᠦ ᠶᠢᠨ ᠬᠦᠷᠢᠶ᠎ᠡ 25 ᠵᠦᠶᠯ᠂ ᠡᠮᠡᠭᠲᠡᠶᠢᠴᠦᠳ ᠬᠡᠤᠬᠡᠳ ᠤᠨ ᠰᠤᠷᠭᠠᠨ ᠬᠥᠮᠦᠵᠢᠯ ᠤᠨ ᠬᠦᠷᠢᠶ᠎ᠡ 14 ᠵᠦᠶᠯ᠂ ᠡᠮᠡᠭᠲᠡᠶᠢᠴᠦᠳ ᠬᠢᠭᠡᠳ ᠠᠵᠤ ᠠᠬᠤᠶ ᠶᠢᠨ ᠬᠦᠷᠢᠶ᠎ᠡ 24 ᠵᠦᠶᠯ᠂ ᠡᠮᠡᠭᠲᠡᠶᠢᠴᠦᠳ ᠬᠢᠭᠡᠳ ᠰᠢᠶᠳᠪᠦᠷᠢᠲᠦ ᠪᠣᠳᠣᠯᠭ᠎ᠠ ᠬᠢᠭᠡᠳ ᠬᠠᠮᠢᠶᠠᠷᠤᠯᠲᠠ ᠳᠤ ᠣᠷᠣᠯᠴᠠᠬᠤ 21 ᠵᠦᠶᠯ᠂ ᠡᠮᠡᠭᠲᠡᠶᠢᠴᠦᠳ ᠬᠢᠭᠡᠳ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ 10 ᠵᠦᠶᠯ᠂ ᠡᠮᠡᠭᠲᠡᠶᠢᠴᠦᠳ ᠬᠢᠭᠡᠳ ᠣᠷᠴᠢᠨ ᠲᠣᠭᠤᠷᠢᠨ ᠤ ᠬᠦᠷᠢᠶ᠎ᠡ 37 ᠵᠦᠶᠯ᠂ ᠡᠮᠡᠭᠲᠡᠶᠢᠴᠦᠳ ᠬᠢᠭᠡᠳ ᠬᠠᠤᠯᠢ ᠴᠠᠭᠠᠵᠠ 9 ᠵᠦᠶᠯ᠂ ᠡᠭᠦᠨ ᠳᠤ ᠡᠭᠦᠨ ᠳᠤ ᠪᠠᠭᠲᠠᠬᠤ ᠥᠬᠡᠶ︶  ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2