ᠮᠠᠨ ᠤ ᠬᠤᠲᠠ ᠵᠧᠵᠢᠶᠠᠩ ᠮᠤᠵᠢ ᠶᠢᠨ ᠮᠠᠰᠢᠨ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/23
       7 ᠰᠠᠷ᠎ᠠ ᠶᠢᠨ 20᠎ ᠤ ᠦᠳᠡ ᠶᠢᠨ ᠬᠤᠶᠢᠨ᠎ᠠ᠂ ᠮᠠᠨ ᠤ ᠬᠤᠲᠠ ᠵᠧᠵᠢᠶᠠᠩ ᠮᠤᠵᠢ ᠶᠢᠨ ᠮᠠᠰᠢᠨ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠦ᠂ ᠬᠤᠶᠠᠷ ᠲᠠᠯ᠎ᠠ ᠪᠠᠷ ᠢᠶᠠᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠶᠯᠡᠳᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃        ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ᠂ ᠵᠧᠵᠢᠶᠠᠩ ᠮᠤᠵᠢ ᠶᠢᠨ ᠮᠠᠰᠢᠨ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ᠂ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠵᠧᠨ ᠢᠦᠶ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ ᠬᠤᠷᠠᠯ ᠳᠤ ᠣᠷᠣᠯᠴᠠᠵᠠᠶ᠃ ᠤᠯᠠᠭᠠᠨᠴᠠᠪ ᠬᠤᠲᠠ ᠶᠢᠨ ᠰᠠᠯᠬᠢᠨ ᠡᠨᠧᠷᠭᠢ᠂ ᠨᠡᠷᠡᠨ ᠡᠨᠧᠷᠭᠢ ᠵᠡᠷᠭᠡ ᠪᠣᠬᠢᠷᠲᠤᠯ ᠥᠬᠡᠶ ᠡᠨᠧᠷᠭᠢ ᠡᠯᠪᠡᠭ ᠪᠠᠶᠠᠯᠢᠭ ᠪᠠᠶᠢᠵᠤ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠨ᠎ᠠ᠃ ᠤᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠡᠷᠡᠰ ᠲᠤᠭᠤᠰᠢᠯᠠᠭᠤᠯᠵᠦ᠂ ︽ᠠᠮᠢ ᠠᠬᠤᠶ ᠶᠢ ᠲᠡᠷᠢᠭᠦᠨ ᠳᠤ ᠲᠠᠯᠪᠢᠵᠤ ᠪᠣᠬᠢᠷᠲᠤᠯ ᠦᠭᠡᠶ ᠬᠦᠭᠵᠢᠬᠦᠯᠬᠦ︾᠎ ᠪᠠᠷ ᠤᠳᠤᠷᠢᠳᠤᠮᠵᠢ ᠪᠣᠯᠭᠠᠵᠤ᠂ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠤᠯᠤᠰ ᠤᠨ ᠬᠠᠨᠳᠤᠰᠢ ᠶᠢ ᠳᠠᠭᠠᠵᠤ᠂ ᠰᠢᠨ᠎ᠡ ᠡᠨᠧᠷᠭᠢ ᠶᠢᠨ ᠠᠵᠤ ᠦᠶᠯᠡᠰ ᠢ ᠬᠦᠴᠦᠯᠡᠨ ᠬᠥᠭᠵᠢᠭᠦᠯᠵᠦ᠂ ᠨᠡᠶᠢᠰᠯᠡᠯ ᠢ ᠪᠠᠲᠤᠯᠠᠬᠤ᠂ ᠤᠮᠠᠷᠠᠲᠤ ᠣᠷᠣᠨ ᠳᠤ ᠦᠶᠯᠡᠴᠢᠯᠡᠬᠦ᠂ ᠪᠦᠬᠦ ᠤᠯᠤᠰ ᠲᠤ ᠬᠠᠨᠳᠤᠭᠤᠯᠤᠭᠰᠠᠨ ᠴᠡᠪᠡᠷ ᠡᠨᠧᠷᠭᠢ ᠶᠢᠨ ᠰᠤᠷᠪᠤᠯᠵᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠪᠠ᠃ ᠵᠧᠵᠢᠶᠠᠩ ᠤᠨ ᠮᠠᠰᠢᠨ ᠴᠠᠬᠢᠯᠭᠠᠨ ᠤ ᠺᠤᠮᠫᠠᠨᠢ ᠨᠢ ᠤᠯᠠᠭᠠᠨᠴᠠᠪ ᠲᠠᠢ ᠴᠡᠪᠡᠷ ᠡᠨᠧᠷᠭᠢ᠂ ᠲᠤᠨᠤᠭ ᠲᠦᠬᠦᠭᠡᠷᠦᠮᠵᠢ ᠦᠶᠯᠡᠳᠬᠦ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠲᠡᠬᠦ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠬᠠᠮᠲᠤᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ ᠭᠡᠵᠦ ᠹᠧᠶ ᠳ᠋ᠦᠩ ᠪᠢᠨ ᠵᠢᠭᠠᠵᠤ ᠭᠠᠷᠭᠠᠭᠪᠡ᠃         ᠶᠠᠩ ᠵᠧᠨ ᠢᠦᠢ ᠵᠧᠵᠢᠶᠠᠩ ᠮᠤᠵᠢ ᠶᠢᠨ ᠮᠠᠰᠢᠨ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠠᠶᠢᠳᠠᠯ ᠵᠢᠴᠢ ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠠᠨᠢᠯᠴᠠᠭᠤᠯᠪᠠ᠃ ᠲᠡᠷᠡ᠂ ᠺᠣᠮᠫᠠᠨᠢ ᠡᠨᠡ ᠤᠳᠠᠭᠠᠨ ᠤ ᠰᠠᠭᠤᠳᠠᠯ ᠤᠨ ᠬᠤᠷᠠᠯ ᠢᠶᠠᠷ ᠲᠣᠬᠢᠶᠠᠯᠳᠤᠯ ᠪᠣᠯᠭᠠᠵᠤ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠪᠠ ᠠᠵᠤ ᠠᠬᠤᠶᠢᠯᠠᠯ ᠤᠨ ᠦᠰᠦᠨ ᠪᠤᠶᠢᠵᠢᠯᠲᠠ ᠶᠢ ᠠᠬᠢᠭᠤᠯᠤᠨ᠎ᠠ ᠭᠡᠵᠦ ᠬᠡᠯᠡᠪᠡ᠃ ︵ᠰᠡᠬᠦᠳᠡᠷ᠄ ᠪᠤᠤ ᠠᠷᠢᠭᠤᠨ᠎ᠠ                          ᠵᠣᠬᠢᠶᠠᠭᠴᠢ᠄ ᠵᠠᠩ ᠭᠦᠸᠧ ᠰᠢᠨ                          ᠤᠷᠴᠢᠭᠤᠯᠤᠭᠴᠢ᠄ ᠢᠷᠭᠤᠢ                          ᠬᠢᠨᠠᠭᠴᠢ᠄ ᠬᠡᠷᠡᠯᠳᠦ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2