ᠵᠢᠨᠢᠩ ᠲᠤᠭᠤᠷᠢᠭ ᠤᠨ ᠢᠯᠵᠢᠷᠡᠯ ᠢ ᠵᠠᠯᠬᠠᠭᠠᠬᠤ ᠪᠠ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/7/28
         7 ᠰᠠᠷ᠎ᠠ ᠶᠢᠨ 27᠎ ᠤ ᠡᠳᠦᠷ᠂ ᠵᠢᠨᠢᠩ ᠲᠣᠭᠤᠷᠢᠭ ᠤᠨ ᠢᠯᠵᠢᠷᠡᠯ ᠢ ᠵᠠᠯᠬᠠᠭᠠᠨ ᠰᠢᠳᠬᠡᠬᠦ ᠪᠠ  ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃          ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ  ᠴᠢ᠊  · ᠳᠠᠯᠠᠨᠲᠠᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
         ᠲᠤᠭᠤᠷᠢᠭ ᠤᠨ ᠤᠳᠤᠷᠢᠳᠤᠯᠭ᠎ᠠ ᠵᠢᠶ ᠬᠤᠩ᠂  ᠰᠢᠦᠢ ᠵᠢᠶ ᠬᠤᠩ᠂ ᠯᠢ ᡁᠢ ᠭᠠᠩ᠂ ᠵᠣᠣ ᠵᠢᠶᠠᠨ ᠵᠧᠤ᠂  ᠶᠤᠤ ᠬᠠᠶ ᠮᠢᠩ᠂ ᠵᠠᠩ ᠷᠦᠢ ᠵᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠠᠴᠠ᠂  ᠵᠢᠨᠢᠩ ᠲᠣᠭᠤᠷᠢᠭ ᠤᠨ ᠳᠡᠭᠡᠷ᠎ᠡ ᠬᠠᠭᠠᠰ ᠵᠢᠯ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ  ᠪᠠᠶᠢᠷᠢᠯᠠᠭᠤᠯᠤᠯᠲᠠ ᠬᠢᠪᠠ᠃          ᠬᠤᠷᠠᠯ ᠠᠴᠠ ᠵᠢᠭᠠᠭᠰᠠᠨ ᠨᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠬᠡᠵᠢᠶᠡᠳᠡ ᠶᠠᠪᠤᠭᠳᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠴᠥᠬᠦᠷᠡᠰᠢ ᠦᠭᠡᠢ ᠠᠳᠬᠤᠵᠤ᠂ ᠨᠡᠩ ᠴᠢᠩᠭ᠎ᠠ ᠠᠷᠭ᠎ᠠ  ᠬᠡᠮᠵᠢᠶ᠎ᠡ᠂ ᠨᠡᠩ ᠪᠣᠳᠠᠲᠠᠢ ᠶᠢ ᠡᠷᠬᠢᠮᠯᠡᠭᠰᠡᠨ ᠰᠤᠷᠲᠠᠯ ᠢᠶᠠᠷ ᠵᠢᠨᠢᠩ ᠲᠣᠭᠤᠷᠢᠭ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠨᠢᠭᠡᠳᠦᠭᠡᠷ  ᠬᠠᠷᠢᠭᠤᠴᠠᠯᠭᠠᠲᠠᠨ︾᠎ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠡᠶ᠎ᠡ ᠪᠠᠷ ᠢᠶᠠᠨ ᠬᠢᠵᠦ᠂ ᠰᠠᠨᠠᠭᠠᠴᠢᠯᠠᠭ᠎ᠠ ᠠᠴᠠ ᠪᠠᠨ ᠭᠠᠷᠳᠠᠨ᠂ ᠪᠠᠭ ᠢᠶᠠᠨ ᠰᠠᠶᠢᠲᠤᠷ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠤᠨ᠎ᠠ  ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠬᠢᠨᠠᠮᠠᠭᠠᠶ ᠭᠦᠢᠴᠡᠳᠬᠡᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠠᠳᠬᠤᠬᠤ ᠶᠢᠨ ᠬᠠᠮᠲᠤ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ  ᠴᠠᠷᠠᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠴᠢᠩᠭ᠎ᠠ  ᠪᠣᠳᠠᠲᠠᠶᠢᠵᠢᠭᠤᠯᠵᠤ᠂  ᠨᠠᠮ ᠤᠨ ᠰᠤᠷᠲᠠᠯ  ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠠᠵᠢᠯ ᠤᠨ ᠲᠣᠭᠲᠠᠴᠠ ᠶᠢ ᠪᠤᠢ ᠪᠣᠯᠭᠠᠨ᠎ᠠ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠡᠷᠴᠢᠮ ᠢᠶᠠᠨ  ᠴᠢᠩᠭᠠᠷᠠᠭᠤᠯᠵᠤ᠂ ᠢᠯᠠᠩᠭᠤᠶ᠎ᠠ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠴᠢᠬᠤᠯᠠᠴᠢᠯᠠᠵᠤ᠂ ︽ᠡᠳᠦᠷ ᠲᠤᠲᠤᠮ ᠤᠨ ᠠᠵᠢᠯ ᠢ ᠪᠠᠶᠢᠩᠭᠤ ᠴᠢᠩᠭ᠎ᠠ ᠠᠳᠬᠤᠬᠤ︾᠎ ᠶᠢ ᠪᠠᠷᠢᠮᠲᠠᠯᠠᠬᠤ ᠬᠡᠷᠡᠭᠲᠡᠶ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠬᠦᠢᠴᠡᠳᠭᠡᠵᠦ᠂ ᠡᠷᠬᠡ ᠪᠠᠨ ᠬᠠᠤᠯᠢ ᠶᠣᠰᠣᠭᠠᠷ ᠬᠡᠷᠡᠭᠯᠡᠵᠦ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠤᠭᠲᠠᠭᠠᠭᠰᠠᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠰᠤᠷᠭᠠᠨ ᠬᠥᠮᠦᠵᠢᠯ ᠡᠮ ᠡᠮᠨᠡᠯᠭᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠡᠷᠭᠡ ᠬᠦᠷᠢᠶ᠎ᠡ ᠶᠢ ᠬᠢᠨᠠᠨ ᠪᠠᠶᠢᠴᠠᠭᠠᠬᠤ ᠭᠤᠣᠯᠳᠠᠯᠭ᠎ᠠ ᠪᠣᠯᠭᠠᠵᠤ᠂ ᠠᠵᠢᠯ ᠬᠢᠬᠦ ᠦᠭᠡᠢ᠂  ᠤᠳᠠᠭᠠᠰᠢᠷᠠᠭᠤᠯᠬᠤ᠂ ᠳᠤᠷ᠎ᠠ ᠪᠠᠷ ᠢᠶᠠᠨ ᠬᠢᠬᠦ ᠵᠡᠷᠭᠡ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠢᠯᠠᠩᠭᠤᠶ᠎ᠠ ᠦᠨᠳᠦᠰᠦᠨ ᠱᠠᠲᠤᠨ ᠤ ᠺᠠᠳ᠋ᠷ ᠤᠨ ᠬᠠᠷᠢᠭᠤᠴᠠᠯᠭ᠎ᠠ ᠲᠦᠯᠬᠢᠯᠴᠡᠬᠦ ᠨᠠᠵᠠᠭᠠᠶᠢᠷᠠᠬᠤ ᠵᠡᠷᠭᠡ ᠳᠣᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠣᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠢ ᠪᠦᠲᠦᠮᠵᠢᠲᠡᠶ ᠠᠷᠢᠯᠭᠠᠵᠤ ᠪᠥᠬᠦ  ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠢᠨᠢᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ  ᠪᠠᠶᠢᠭᠤᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃          ᠬᠤᠷᠠᠯ ᠠᠴᠠ ᠴᠢᠬᠤᠯᠠᠴᠢᠯᠠᠭᠰᠠᠨ ᠨᠢ᠂  ᠭᠠᠭᠴᠠ ᠬᠦ ᠡᠩᠨᠡᠭᠡ ᠪᠠᠨ ᠬᠦᠴᠦᠷᠬᠡᠭᠵᠢᠭᠦᠯᠦᠨ᠂ ᠺᠠᠳ᠋ᠷ ᠢᠶᠠᠨ ᠴᠢᠩᠭ᠎ᠠ ᠪᠠᠶᠢᠯᠭᠠᠪᠠᠯ ᠰᠠᠶ᠋ᠢ ᠪᠤᠰᠤᠳ ᠲᠤ ᠨᠠᠩ ᠰᠠᠶᠢᠨ ᠬᠢᠨᠠᠯᠲᠠ ᠲᠠᠯᠪᠢᠵᠤ᠂ ᠠᠰᠠᠭᠤᠳᠠᠯ ᠢ ᠢᠯᠡᠷᠡᠭᠦᠯᠵᠦ᠂  ᠤᠯᠠᠨ ᠲᠦᠮᠡᠨ ᠳᠤ ᠮᠡᠳᠡᠷᠡᠭᠳᠡᠵᠦ ᠴᠢᠳᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠴᠢᠳᠠᠪᠤᠷᠢ ᠬᠡᠪ ᠴᠢᠨᠠᠷ ᠢᠶᠠᠨ ᠴᠢᠩᠭᠠᠳᠬᠠᠵᠤ᠂ ᠰᠤᠷᠤᠯᠴᠠᠯᠭ᠎ᠠ ᠪᠣᠯᠪᠠᠰᠤᠷᠠᠭᠤᠯᠤᠯ ᠢ ᠥᠷᠨᠢᠭᠦᠯᠵᠦ᠂ ᠨᠢᠭᠡ ᠪᠦᠯᠦᠭ ᠲᠤᠰᠬᠠᠶ ᠮᠡᠷᠭᠡᠵᠢᠯ ᠤᠨ ᠬᠠᠮ ᠴᠢᠳᠠᠪᠤᠷᠢᠲᠠᠨ ᠢ ᠬᠥᠮᠦᠵᠢᠭᠦᠯᠵᠦ᠂ ᠡᠭᠦᠨ ᠤ ᠬᠠᠮᠲᠤ ᠪᠣᠳᠠᠲᠤ ᠦᠢᠯᠡᠳᠦᠯᠭᠡ  ᠶᠢᠨ ᠪᠣᠯᠪᠠᠰᠤᠷᠠᠯ ᠢ ᠴᠢᠩᠭᠠᠳᠬᠠᠵᠤ᠂ ᠺᠠᠳ᠋ᠷ ᠢ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠲᠣᠮᠢᠯᠠᠨ ᠬᠡᠷᠡᠭ ᠰᠢᠶᠳᠪᠦᠷᠢᠯᠡᠭᠦᠯᠦᠨ  ᠰᠢᠯᠵᠢᠭᠦᠯᠦᠨ ᠪᠤᠯᠪᠠᠰᠤᠷᠠᠭᠤᠯᠵᠤ  ᠂ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠲᠤᠰᠬᠠᠶᠢᠵᠢᠭᠰᠠᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠪᠥᠬᠦ  ᠲᠤᠭᠤᠷᠢᠭ ᠤᠨ ᠡᠯ᠎ᠡ ᠵᠦᠶᠯ ᠤᠨ ᠠᠵᠢᠯ ᠤᠨ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠤᠯᠬᠤ ᠶᠢ  ᠰᠠᠶᠢᠲᠤᠷ ᠠᠬᠢᠭᠤᠯᠤᠨ᠎ᠠ  ᠭᠡᠵᠡᠢ᠃                                                         ᠵᠢᠷᠤᠭ᠄ ᠭᠦᠸᠧ ᠸᠧᠨ ᠵᠢᠶᠧ                                                        ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2