ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠪᠣᠯᠤᠨ ᠱᠧᠨ ᠵᠧᠤ ᠲᠢᠶᠠᠨ ᠯᠢ ᠰᠤᠷᠭᠠᠨ ᠬᠥᠮᠦᠵᠢᠯ ᠤᠨ ᠪᠦᠯᠦᠭᠯᠡᠯ᠂ ᠳ᠋ᠦᠩ ᠳ᠋ᠧ ᠠᠵᠤ ᠦᠶᠯᠡᠰ ᠤᠨ ᠬᠢᠵᠠᠭᠠᠷᠲᠤ ᠺᠣᠮᠫᠠᠨᠢ ᠲᠥᠷᠥᠯ ᠵᠦᠶᠯ ᠤᠨ  ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020/8/11
          8 ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ᠂ ᠵᠢᠨᠢᠩ  ᠲᠤᠭᠤᠷᠢᠭ ᠤᠨ ᠵᠠᠰᠠᠭ ᠤᠨ ᠣᠷᠳᠣᠨ ᠪᠣᠯᠤᠨ ᠱᠧᠨ ᠵᠧᠤ ᠲᠢᠶᠠᠨ ᠯᠢ ᠰᠤᠷᠭᠠᠨ ᠬᠥᠮᠦᠵᠢᠯ ᠤᠨ ᠪᠦᠯᠦᠭᠯᠡᠯ᠂ ᠳ᠋ᠦᠩ ᠳ᠋ᠧ ᠠᠵᠤ ᠦᠶᠯᠡᠰ ᠤᠨ ᠬᠢᠵᠠᠭᠠᠷᠲᠤ ᠺᠣᠮᠫᠠᠨᠢ  ᠂ ᠬᠤᠲᠠ ᠶᠢᠨ ᠲᠢᠶᠠᠨ ᠯᠢ ᠰᠤᠷᠭᠠᠭᠤᠯᠢ ᠶᠢᠨ ᠲᠥᠷᠥᠯ ᠵᠦᠶᠯ᠂ ᠪᠡᠭᠡᠵᠢᠩ ᠤᠨ ᠪᠠᠭᠰᠢ ᠶᠢᠨ ᠰᠤᠷᠭᠠᠭᠤᠯᠢ ᠶᠢᠨ ᠭᠠᠳᠠᠭᠠᠳᠤ ᠬᠡᠯᠡᠨ ᠤ ᠲᠤᠷᠰᠢᠯᠲᠠ ᠶᠢᠨ ᠰᠤᠷᠭᠠᠭᠤᠯᠢ ᠶᠢᠨ ᠲᠥᠷᠥᠯ ᠵᠦᠶᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃           ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ  ᠴᠢ᠊ · ᠳᠠᠯᠠᠨᠲᠠᠢ  ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠤᠸᠠᠶ ᠶᠠᠨ ᠮᠧᠶ᠂ ᠵᠢᠨᠢᠩ ᠲᠣᠭᠤᠷᠢᠭ ᠤᠨ ᠤᠳᠤᠷᠢᠳᠤᠯᠭ᠎ᠠ ᠲᠦᠩ ᠢ᠂ ᠪᠠᠨ ᠰᠢᠤ ᠫᠢᠩ᠂  ᠰᠢᠦᠢ ᠵᠢᠶ ᠬᠤᠩ᠂  ᠶᠤᠤ ᠬᠠᠶ ᠮᠢᠩ᠂ ᠶᠢᠨ ᠶᠠᠨ ᠹᠸᠢ᠂ ᠶᠠᠩ ᠶᠦᠩ᠂ ᠵᠦ ᠶᠠᠨ ᠵᠢᠶᠦ᠋ᠨ᠂ ᠸᠠᠩ ᠬᠤᠤ ᠶᠠᠩ ᠵᠢᠴᠢ ᠱᠧᠨ ᠵᠧᠤ ᠲᠢᠶᠠᠨ ᠯᠢ ᠰᠲ᠋ᠣᠺ ᠡᠵᠡᠮᠳᠡᠬᠦ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠯᠦᠸᠧ ᠱᠢ᠂ ᠳ᠋ᠦᠩ ᠳ᠋ᠧ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠰᠢᠶᠤᠤ ᠳ᠋ᠦᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠴᠠᠬᠠᠷ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠢ ᠬᠤᠩ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠪᠡ᠃           ᠴᠢ᠊· ᠳᠠᠯᠠᠨᠲᠠᠢ  ᠪᠠᠶᠠᠷ ᠤᠨ ᠦᠭᠡ ᠳᠡᠭᠡᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠣᠯ ᠤᠳᠤ ᠦᠶ᠎ᠡ ᠳᠤ ᠭᠠᠪᠢᠶ᠎ᠠ ᠪᠠᠶᠢᠭᠤᠯᠵᠤ᠂  ᠠᠯᠤᠰ ᠢᠷᠡᠭᠡᠳᠦᠢ ᠳᠤ ᠠᠰᠢᠭ ᠬᠦᠷᠲᠡᠭᠡᠬᠦ ᠶᠣᠰᠣ ᠰᠤᠷᠲᠠᠬᠤᠨ ᠤ ᠢᠨᠵᠧᠨᠧᠷᠢᠩ ᠪᠣᠯᠤᠨ᠎ᠠ᠃ ᠣᠯᠠᠨ ᠵᠢᠯ ᠤᠨ ᠲᠤᠷᠰᠢ᠂ ᠤᠯᠠᠭᠠᠨᠴᠠᠪ ᠬᠤᠲᠠ ᠪᠣᠯᠤᠨ ᠵᠢᠨᠢᠩ ᠲᠣᠭᠤᠷᠢᠭ ᠤᠨ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠤᠷᠭᠠᠨ ᠬᠥᠮᠦᠵᠢᠯ ᠤᠨ ᠦᠶᠯᠡᠰ ᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠢ ᠴᠢᠩᠭᠠᠳᠬᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠡᠢ᠃ ᠰᠤᠷᠭᠠᠨ ᠬᠥᠮᠦᠵᠢᠯ ᠤᠨ  ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠭᠠᠨ ᠬᠥᠮᠦᠵᠢᠯ ᠎ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠱᠧᠨ ᠵᠧᠤ ᠲᠢᠶᠠᠨ ᠯᠢ ᠰᠤᠷᠭᠠᠨ ᠬᠥᠮᠦᠵᠢᠯ ᠤᠨ ᠪᠦᠯᠦᠭᠯᠡᠯ ᠪᠣᠯᠤᠨ ᠳ᠋ᠦᠩ ᠳ᠋ᠧ ᠠᠵᠤ ᠦᠶᠯᠡᠰ ᠤᠨ ᠬᠢᠵᠠᠭᠠᠷᠲᠤ ᠺᠣᠮᠫᠠᠨᠢ  ᠂ ᠪᠦᠬᠦ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠳᠠᠭᠠᠭᠤᠯᠤᠭᠴᠢ ᠠᠵᠤ ᠠᠬᠤᠶᠢᠯᠠᠯ ᠪᠤᠯᠵᠠᠢ  ᠃ ᠲᠡᠷᠢᠭᠦᠨ ᠤ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠤᠯᠤᠰ ᠤᠨ ᠤᠯᠠᠨ ᠭᠠᠵᠠᠷ ᠲᠤ ᠲᠦᠷᠦᠯ ᠲᠡᠮᠳᠡᠭ ᠤᠨ ᠰᠤᠷᠭᠠᠭᠤᠯᠢ ᠶᠢ ᠪᠠᠶᠢᠭᠤᠯᠵᠤ᠂  ᠰᠤᠷᠭᠠᠭᠤᠯᠢ ᠡᠷᠬᠢᠯᠡᠭᠰᠡᠨ ᠲᠤᠷᠰᠢᠯᠭ᠎ᠠ ᠪᠠ  ᠰᠤᠷᠭᠠᠨ ᠬᠥᠮᠦᠵᠢᠯ ᠤᠨ ᠦᠷ᠎ᠡ ᠪᠦᠲᠦᠭᠡᠯ ᠣᠯᠵᠠᠢ᠃ ᠬᠤᠶᠠᠷ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠡᠭᠦᠷᠭᠡᠯᠡᠬᠦ ᠶᠢ ᠬᠦᠰᠡᠵᠦ ᠪᠠᠶᠢᠨ᠎ᠠ᠃ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ᠂ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠬᠠᠮᠢᠶᠠᠷᠤᠯᠲᠠ ᠡᠵᠡᠩᠨᠡᠯᠲᠡ ᠵᠡᠷᠭᠡ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠬᠤᠶᠠᠷ ᠰᠤᠷᠭᠠᠭᠤᠯᠢ ᠶᠢ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠤᠨ ᠰᠢᠯᠢᠳᠡᠭ ᠨᠡᠷᠡᠲᠦ  ᠰᠤᠷᠭᠠᠭᠤᠯᠢ ᠪᠣᠯᠭᠠᠨ ᠡᠷᠬᠢᠯᠡᠬᠦ ᠪᠠᠷ ᠴᠢᠷᠮᠠᠶᠢᠬᠤ ᠬᠡᠷᠡᠭᠲᠡᠶ᠃ ᠵᠢᠨᠢᠩ ᠲᠣᠭᠤᠷᠢᠭ ᠴᠤ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ  ᠵᠦᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ  ᠭᠡᠵᠡᠢ᠃
          ᠯᠦᠸᠧ ᠱᠢ ᠢᠯᠡᠷᠬᠡᠶᠢᠯᠡᠬᠦ ᠳᠡᠭᠡᠨ᠂ ᠱᠧᠨ ᠵᠧᠤ ᠲᠢᠶᠠᠨ ᠯᠢ ᠰᠤᠷᠭᠠᠨ ᠬᠥᠮᠦᠵᠢᠯ ᠤᠨ ᠪᠦᠯᠦᠭᠯᠡᠯ ᠨᠢ ᠬᠠᠮᠤᠭ ᠤᠨ ᠰᠢᠯᠢᠳᠡᠭ ᠡᠬᠢ ᠪᠠᠶᠠᠯᠢᠭ ᠢᠶᠠᠷ ᠰᠤᠷᠭᠠᠭᠤᠯᠢ ᠶᠢᠨ  ᠰᠠᠭᠤᠷᠢ ᠲᠥᠬᠦᠭᠡᠷᠦᠮᠵᠢ ᠶᠢ ᠪᠠᠶᠢᠭᠤᠯᠵᠤ᠂ ᠥᠨᠳᠥᠷ ᠪᠠᠷᠢᠮᠵᠢᠶ᠎ᠠ ᠎ ᠲᠠᠢ ᠰᠤᠷᠭᠠᠭᠤᠯᠢ ᠶᠢᠨ  ᠦᠢᠯᠡᠴᠢᠯᠡᠭᠡ ᠰᠠᠶᠢᠲᠠᠢ ᠣᠷᠴᠢᠨ ᠢ ᠪᠣᠶ ᠪᠣᠯᠭᠠᠵᠤ᠂ ᠥᠨᠳᠥᠷ ᠬᠢᠷᠢ ᠲᠦᠪᠰᠢᠨ ᠪᠥᠬᠦᠶ ᠬᠠᠮᠢᠶᠠᠷᠤᠯᠲᠠ ᠪᠠᠷ ᠰᠤᠷᠭᠠᠭᠤᠯᠢ ᠡᠷᠬᠢᠯᠡᠵᠦ᠂ ᠤᠯᠠᠭᠠᠨᠴᠠᠪ ᠤᠨ ᠲᠢᠶᠠᠨ ᠯᠢ ᠰᠤᠷᠭᠠᠭᠤᠯᠢ ᠶᠢ ︽ᠪᠠᠷᠠᠭᠤᠨ ᠬᠤᠶᠢᠲᠤ ᠣᠷᠣᠨ ᠢ ᠳᠠᠶᠢᠴᠢᠯᠠᠵᠤ᠂ ᠤᠯᠠᠭᠠᠨᠴᠠᠪ ᠣᠷᠣᠨ ᠤ ᠨᠢᠭᠡᠳᠦᠭᠡᠷ  ᠂ ᠥᠪᠥᠷ ᠮᠣᠩᠭᠤᠯ ᠤᠨ ᠲᠡᠷᠢᠭᠦᠨ ᠤ  ᠂ ᠪᠥᠬᠦ ᠤᠯᠤᠰ ᠲᠤ ᠠᠯᠳᠠᠷᠰᠢᠭᠰᠠᠨ︾ ᠨᠠᠷᠠᠲᠤ ᠰᠤᠷᠭᠠᠭᠤᠯᠢ ᠪᠣᠯᠭᠠᠨ ᠪᠥᠲᠥᠭᠡᠨ ᠪᠠᠶᠢᠭᠤᠯᠤᠨ᠎ᠠ᠃ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ᠂ ᠬᠤᠲᠠᠴᠢᠯᠠᠯᠲᠠ ᠶᠢᠨ ᠠᠬᠢᠴᠠ ᠶᠢ  ᠲᠦᠷᠭᠡᠳᠭᠡᠵᠦ᠂ ᠤᠯᠠᠭᠠᠨᠴᠠᠪ ᠬᠤᠲᠠ ᠶᠢᠨ ᠨᠡᠶᠢᠭᠡᠮ ᠠᠵᠤ ᠠᠬᠤᠶ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠡᠢ᠃         ᠵᠠᠩ ᠰᠢᠶᠣᠤ ᠳ᠋ᠦᠩ ᠬᠡᠯᠡᠬᠦ ᠳᠡᠭᠡᠨ᠂ ᠳ᠋ᠦᠩ ᠳ᠋ᠧ ᠠᠵᠤ ᠦᠶᠯᠡᠰ ᠤᠨ ᠬᠢᠵᠠᠭᠠᠷᠲᠤ ᠺᠣᠮᠫᠠᠨᠢ ︽ᠠᠮᠵᠢᠯᠲᠠ ᠣᠯᠬᠤ ᠶᠢ ᠬᠥᠭᠡᠭᠡᠴᠡᠯᠳᠦᠬᠦ᠂  ᠦᠨᠡᠨᠴᠢ ᠢᠲᠡᠭᠡᠯ ᠲᠠᠢ ᠪᠠᠷ ᠦᠶᠯᠡᠴᠢᠯᠡᠬᠦ︾ ᠠᠵᠤ ᠠᠬᠤᠶᠢᠯᠠᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠥᠮᠦᠨ ᠢᠶᠠᠷ ᠦᠨᠳᠦᠰᠦ ᠪᠤᠯᠭᠠᠵᠤ᠂ ᠦᠨᠡᠨᠴᠢ ᠢᠲᠡᠭᠡᠮᠵᠢᠲᠡᠶ ᠡᠵᠡᠩᠨᠡᠬᠦ ᠬᠠᠮᠢᠶᠠᠷᠤᠯᠲᠠ ᠶᠢᠨ ᠦᠵᠡᠯᠲᠡ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠢᠳᠡᠪᠬᠢᠲᠡᠢ ᠠᠬᠢᠭᠤᠯᠵᠤ᠂ ᠤᠯᠠᠨ ᠲᠠᠯ᠎ᠠ ᠶᠢᠨ ᠬᠢᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢ ᠪᠦᠷᠢᠯᠳᠦᠭᠦᠯᠬᠦ ᠶᠢ ᠠᠬᠢᠭᠤᠯᠵᠤ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠪᠡ᠃ ᠢᠷᠡᠭᠡᠳᠦᠢ ᠳᠤ᠂ ᠳ᠋ᠦᠩ ᠳ᠋ᠧ ᠠᠵᠤ ᠦᠢᠯᠡᠰ ᠤᠨ ᠬᠢᠵᠠᠭᠠᠷᠲᠤ ᠺᠣᠮᠫᠠᠨᠢ ᠤᠭ ᠰᠠᠨᠠᠭ᠎ᠠ ᠪᠠᠨ ᠮᠠᠷᠲᠠᠬᠤ ᠦᠭᠡᠢ᠂ ᠡᠷᠴᠢ ᠵᠣᠷᠢᠭ ᠢᠶᠠᠨ ᠬᠦᠪᠴᠢᠯᠡᠵᠦ᠂ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠠᠵᠢᠯ ᠦᠶᠯᠡᠰ ᠢ  ᠰᠠᠶᠢᠲᠤᠷ ᠳᠡᠭᠡᠳᠦᠯᠡᠵᠦ  ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠴᠢᠷᠮᠠᠶᠢᠨ᠎ᠠ ᠭᠡᠵᠡᠢ  ᠃           ᠣᠶᠢᠯᠠᠭᠠᠭᠰᠠᠨ ᠢᠶᠠᠷ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠪᠣᠯᠤᠨ ᠱᠧᠨ ᠵᠧᠤ ᠲᠢᠶᠠᠨ ᠯᠢ ᠰᠤᠷᠭᠠᠨ ᠬᠥᠮᠦᠵᠢᠯ ᠤᠨ ᠪᠦᠯᠦᠭᠯᠡᠯ᠂ ᠳ᠋ᠦᠩ ᠳ᠋ᠧ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠲᠠᠢ ᠭᠡᠷ᠎ᠡ ᠲᠣᠭᠲᠠᠭᠰᠠᠨ ᠨᠢ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠰᠤᠷᠭᠠᠨ ᠬᠥᠮᠦᠵᠢᠯ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠠᠯᠬᠤᠮ ᠪᠣᠯᠬᠤ ᠪᠠᠷ ᠪᠠᠷᠠᠬᠤ ᠦᠭᠡᠢ᠂ ᠨᠡᠩ ᠴᠤ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠲᠦᠮᠡᠨ ᠳᠤ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ︾ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ  ᠪᠤᠳᠠᠳᠠᠢ ᠠᠷᠭ᠎ᠠ ᠬᠡᠮᠵᠢᠶ᠎ᠡ ᠪᠣᠯᠤᠨ᠎ᠠ᠃ ᠬᠡᠯᠡᠯᠴᠡᠭᠡᠷ ᠢ ᠠᠮᠵᠢᠯᠲᠠ ᠲᠠᠢ ᠲᠤᠭᠲᠠᠭᠰᠠᠨ ᠨᠢ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠰᠤᠷᠭᠠᠨ ᠬᠦᠮᠦᠵᠢᠯ ᠤᠨ  ᠬᠦᠭᠵᠢᠯᠲᠡ ᠳᠤ ᠠᠯᠤᠰ ᠬᠡᠳᠦ ᠶᠢᠨ ᠠᠴᠢ ᠬᠤᠯᠪᠤᠭᠳᠠᠯ ᠦᠵᠡᠭᠦᠯᠵᠡᠢ  ᠃          ᠬᠤᠲᠠ᠂ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠱᠧᠨ ᠵᠧᠤ  ᠲᠢᠶᠠᠨ ᠯᠢ ᠰᠤᠷᠭᠠᠨ ᠬᠥᠮᠦᠵᠢᠯ ᠤᠨ ᠪᠦᠯᠦᠭᠯᠡᠯ᠂ ᠳ᠋ᠦᠩ ᠳ᠋ᠧ ᠠᠵᠤ ᠦᠶᠯᠡᠰ ᠤᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠥᠬᠦᠶ  ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃                                                ᠵᠢᠷᠤᠭ᠄ ᠭᠦᠸᠧ ᠸᠧᠨ ᠵᠢᠶᠧ                                                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2