ᠲᠣᠮᠣ ᠳ᠋ᠠᠶᠢᠲ᠋ᠠ ᠶᠢ ᠬᠤᠲᠠ ᠶᠢᠨ ᠪᠠᠰᠠ ᠨᠢᠭᠡᠨ ︽ᠨᠡᠷ᠎ᠡ ᠶᠢᠨ ᠬᠠᠭᠤᠳᠠᠰᠤ︾  ᠪᠤᠯᠭᠠᠬᠤ ᠎ ᠪᠠᠷ  ᠴᠢᠷᠮᠠᠶᠢᠬᠤ  ᠬᠡᠷᠡᠭᠲᠡᠢ
ᠨᠡᠶᠢᠲᠡᠯᠡᠭᠰᠡᠨ ᠴᠠᠭ᠄
2020/8/11
ᠰᠤᠷᠪᠤᠯᠵᠢᠯᠠᠭᠰᠠᠨ ᠵᠤᠴᠢᠨ᠄ ᠵᠢᠢ ᠬᠤᠨᠭ᠌ᠰᠤᠷᠪᠤᠯᠵᠢᠯᠠᠭᠰᠠᠨ ᠴᠠᠭ᠄ 7 ᠰᠠᠷ᠎ᠠ ᠶᠢᠨ4᠎ ᠤ ᠡᠳᠦᠷ         ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ︿ᠵᠢᠷᠭᠤᠭ᠎ᠠ ᠶᠢ ᠲᠣᠭᠲᠠᠭᠤᠨ ᠪᠠᠶᠢᠯᠭᠠᠬᠤ﹀ ᠠᠵᠢᠯ ᠢ ᠰᠠᠶᠢᠲᠤᠷ ᠬᠢᠬᠦ᠂ ︿ᠵᠢᠷᠭᠤᠭ᠎ᠠ ᠶᠢ ᠪᠠᠲᠤᠯᠠᠬᠤ﹀ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠪᠣᠬᠢᠷᠲᠤᠯ ᠦᠭᠡᠢ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠵᠠᠩᠭᠢᠯᠠᠭ᠎ᠠ ᠶᠢᠨ ᠠᠵᠤ ᠠᠬᠤᠶ᠂ ᠣᠷᠣᠨ ᠪᠦᠰᠡ ᠶᠢᠨ ᠠᠵᠤ ᠠᠬᠤᠶ ᠶᠢ ᠬᠥᠭᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠬᠥᠭᠵᠢᠯᠲᠡ ᠶᠢ ᠪᠡᠶᠡᠯᠡᠭᠦᠯᠦᠨ᠎ᠡ᠃          ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠢᠶ ᠬᠤᠩ ᠬᠡᠯᠡᠭᠰᠡᠨ ᠨᠢ᠄  ᠵᠢᠨᠢᠩ ᠲᠣᠭᠤᠷᠢᠭ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠠᠵᠠ ᠲᠣᠬᠢᠶᠠᠯ ᠢ ᠠᠳᠬᠤᠵᠤ᠂ ᠲᠣᠮᠣ ᠳ᠋ᠠᠶᠢᠲ᠋ᠠ ᠶᠢᠨ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ  ᠠᠵᠤ ᠦᠢᠯᠡᠰ ᠤᠨ  ᠬᠥᠭᠵᠢᠯᠲᠡ ᠶᠢ ᠠᠬᠢᠭᠤᠯᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠢ ᠵᠢᠨᠢᠩ ᠲᠣᠭᠤᠷᠢᠭ ᠤᠨ ︽ᠰᠢᠨ᠎ᠡ ᠨᠡᠷ᠎ᠡ ᠶᠢᠨ ᠬᠠᠭᠤᠳᠠᠰᠤ︾ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠳᠤ ᠦᠩᠭᠡ ᠢᠯᠭᠠᠷᠠᠮ᠎ᠠ ᠬᠠᠭᠤᠳᠠᠰᠤ ᠶᠢ ᠪᠢᠴᠢᠭᠯᠡᠪᠡ᠃  ︽ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ᠂ ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂   ᠪᠦᠲᠦᠭᠡᠨ ᠪᠠᠶᠢᠭᠤᠯᠤᠯᠲᠠ ᠶᠢᠨ ᠠᠪᠴᠢᠷᠠᠭᠰᠠᠨ ᠰᠢᠨ᠎ᠡ ᠲᠣᠬᠢᠶᠠᠯ ᠢ ᠠᠳᠬᠤᠵᠤ᠂ ᠲᠣᠮᠣ ᠳ᠋ᠠᠶᠢᠲ᠋ᠠ ᠪᠣᠯᠤᠨ ᠤᠯᠠᠮᠵᠢᠯᠠᠯᠲᠤ ᠠᠵᠤ ᠦᠢᠯᠡᠰ ᠤᠨ ᠭᠦᠨ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠵᠦ᠂ ︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ﹀᠎ ᠶᠢ ᠤᠶᠠᠯᠳᠠᠭᠤᠯᠵᠤ᠂ ᠲᠣᠭᠠᠴᠢᠯᠠᠭᠰᠠᠨ ᠠᠵᠤ ᠠᠬᠤᠶ ᠶᠢ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠰᠢᠨ᠎ᠡ ᠬᠥᠳᠡᠯᠭᠡᠭᠦᠷ ᠪᠣᠯᠭᠠᠨ᠎ᠠ᠃ ᠡᠨᠡ ᠨᠢ ᠵᠢᠨᠢᠩ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠬᠥᠭᠵᠢᠯᠲᠡ ᠳᠤ ᠴᠢᠭᠯᠡᠯ ᠢ ᠵᠢᠭᠠᠵᠤ ᠥᠭᠪᠡ ᠭᠡᠵᠡᠢ᠃          ᠠᠯᠮᠤᠷᠠᠳ ᠤᠨ ᠲᠤᠭ᠎ᠠ ᠪᠠᠷᠢᠮᠲᠠ ᠶᠢᠨ ᠲᠥᠪ᠂ ᠠᠯᠢᠪᠠᠪᠠ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠲᠤᠭ᠎ᠠ ᠪᠠᠷᠢᠮᠲᠠ ᠶᠢᠨ ᠲᠥᠪ ᠪᠣᠯᠤᠨ  ᠶᠧᠦ ᠺᠧ ᠳ᠋ᠧ ᠲᠤᠭ᠎ᠠ ᠪᠠᠷᠢᠮᠲᠠ ᠶᠢᠨ ᠲᠥᠪ ᠵᠡᠷᠭᠡ ᠶᠢ ᠶᠠᠭ ᠢᠳᠡᠪᠬᠢᠲᠡᠶ ᠪᠠᠶᠢᠭᠤᠯᠵᠤ ᠪᠠᠶᠢᠨ᠎ᠠ᠃ ᠳ᠋ᠠᠶᠢᠲ᠋ᠠ ᠶᠢᠨ ᠲᠥᠪ ᠤᠨ ᠴᠤᠭᠯᠠᠷᠠᠯ ᠤᠨ ᠦᠶᠯᠡᠴᠢᠯᠡᠭᠡ ᠲᠠᠰᠤᠷᠠᠯᠲᠠ ᠥᠬᠡᠶ ᠲᠣᠪᠤᠶᠢᠮ᠎ᠠ ᠪᠣᠯᠵᠣ ᠪᠠᠶᠢᠨ᠎ᠠ  ᠃ ᠵᠢᠨᠢᠩ ᠲᠣᠭᠤᠷᠢᠭ ᠨᠡᠶᠢᠲᠡ 13 ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ  ᠠᠬᠤᠶᠢᠯᠠᠯ ᠢ ᠣᠷᠣᠭᠤᠯᠤᠨ ᠠᠪᠴᠢᠷᠠᠵᠤ᠂ ᠮᠥᠩᠭᠦᠨ ᠭᠦᠶᠯᠭᠡᠭᠡᠨ ᠤ ᠳᠠᠭᠠᠳᠬᠠᠯ ᠤᠨ ᠲᠤᠭ᠎ᠠ ᠪᠠᠷᠢᠮᠲᠠ ᠶᠢ ᠰᠢᠶᠳᠪᠦᠷᠢᠯᠡᠬᠦ᠂ ᠪᠠᠷᠢᠯᠭ᠎ᠠ ᠪᠠ ᠭᠠᠵᠠᠷ ᠵᠦᠶ ᠶᠢᠨ ᠮᠡᠳᠡᠭᠡ ᠵᠠᠩᠭᠢ ᠶᠢᠨ ᠬᠡᠷᠡᠭᠯᠡᠯᠲᠡ᠂ GPS ᠬᠥᠳᠡᠯᠦᠩᠭᠦᠶ ᠪᠠᠷ ᠬᠢᠨᠠᠨ ᠡᠵᠡᠮᠳᠡᠬᠦ ᠵᠡᠷᠭᠡ 10 ᠭᠠᠷᠤᠶ  ᠲᠤᠬᠠᠶᠢᠯᠠᠭᠰᠠᠨ ᠠᠵᠢᠯ ᠤᠨ ᠬᠦᠷᠢᠶᠡᠨ ᠳᠤ ᠬᠤᠯᠪᠣᠭᠳᠠᠵᠤ᠂ ᠭᠠᠳᠠᠭᠰᠢ ᠳᠠᠭᠠᠭᠠᠴᠢᠯᠠᠭᠤᠯᠬᠤ ᠵᠡᠷᠭᠡ ᠠᠵᠤ ᠦᠶᠯᠡᠰ ᠤᠨ ᠬᠡᠪᠴᠢᠶ᠎ᠡ ᠶᠢ ᠪᠦᠷᠢᠯᠳᠦᠭᠦᠯᠦᠨ᠎ᠡ  ᠃ ᠪᠠᠶ ᠳ᠋ᠦ᠋ ︵ᠤᠯᠠᠭᠠᠨᠴᠠᠪ︶᠎  ᠰᠢᠨ᠎ᠡ ᠶᠢ ᠡᠭᠦᠳᠬᠦ ᠲᠥᠪ᠂ ᠵᠥᠭᠡᠯᠡᠨ ᠨᠡᠪᠲᠡᠷᠡᠬᠦ ᠬᠥᠳᠡᠯᠭᠡᠬᠦ ᠬᠦᠴᠦᠨ ᠤ ᠬᠥᠭᠵᠢᠮ ᠤᠨ ᠦᠢᠯᠡᠰ ᠤᠨ ᠣᠷᠣᠨ ᠵᠠᠶ ᠪᠠ ᠰᠢᠨ᠎ᠡ ᠶᠢ ᠡᠭᠦᠳᠬᠦ ᠣᠷᠣᠨ ᠵᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠎ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠲᠣᠮᠣ ᠳ᠋ᠠᠶᠢᠲ᠋ᠠ ᠶᠢᠨ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠨᠡᠪᠴᠢᠭᠦᠯᠬᠦ ᠠᠵᠤ ᠠᠬᠤᠶᠢᠯᠠᠯ ᠨᠡᠶᠢᠲᠡ 100 ᠰᠢᠬᠠᠮ ᠪᠠᠶᠢᠨ᠎ᠠ ᠁ ᠵᠢᠨᠢᠩ ᠲᠣᠭᠤᠷᠢᠭ ᠤᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠦᠷ᠎ᠡ ᠪᠦᠲᠦᠮᠵᠢ ᠠᠯᠬᠤᠮ ᠠᠯᠬᠤᠮ ᠢᠶᠠᠷ ᠳᠡᠭᠡᠭᠰᠢᠯᠡᠵᠦ ᠪᠠᠶᠢᠬᠤ ᠶᠢ ᠦᠶᠯᠡᠳᠦᠯᠭᠡ ᠭᠡᠷᠡᠴᠢᠯᠡᠪᠡ᠃ ᠵᠢᠶ ᠬᠤᠩ ᠢᠯᠡᠷᠬᠡᠶᠢᠯᠡᠬᠦ ᠳᠡᠭᠡᠨ᠂ ᠣᠳᠣ ᠶᠢᠨ ᠬᠥᠭᠵᠢᠯᠲᠡ ᠶᠢᠨ ᠰᠠᠭᠤᠷᠢᠨ ᠳᠡᠭᠡᠷ᠎ᠡ᠂ ᠵᠢᠨᠢᠩ ᠲᠣᠭᠤᠷᠢᠭ ᠤᠨ  ᠲᠤᠭ᠎ᠠ ᠪᠠᠷᠢᠮᠲᠠ ᠶᠢᠨ ᠲᠥᠪ ᠤᠨ ᠪᠠᠶᠢᠭᠤᠯᠤᠯᠲᠠ ᠶᠢᠨ ᠠᠬᠢᠴᠠ ᠶᠢ ᠦᠷᠭᠦᠯᠵᠢᠯᠡᠨ ᠲᠦᠷᠭᠡᠳᠬᠡᠵᠦ᠂ ᠣᠨᠴᠠᠭᠠᠶᠢᠯᠠᠨ ᠲᠤᠭ᠎ᠠ ᠪᠠᠷᠢᠮᠲᠠ ᠶᠢ ᠬᠡᠷᠡᠭᠯᠡᠬᠦ᠂ ᠲᠤᠭ᠎ᠠ ᠪᠠᠷᠢᠮᠲᠠ ᠶᠢ  ᠰᠤᠩᠭᠤᠨ ᠰᠢᠯᠢᠳᠡᠭᠵᠢᠭᠦᠯᠬᠦ᠂ ᠲᠤᠭ᠎ᠠ ᠪᠠᠷᠢᠮᠲᠠ ᠶᠢ ᠵᠠᠳᠠᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ ᠦᠢᠯᠡᠰ ᠤᠨ ᠬᠡᠯᠬᠢᠶ᠎ᠡ ᠶᠢ ᠦᠷᠭᠡᠳᠭᠡᠵᠦ  ᠂ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂  ᠲᠤᠭᠠᠴᠢᠯᠠᠭᠰᠠᠨ ᠠᠵᠤ ᠠᠬᠤᠢ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃         ︽ᠵᠢᠨᠢᠩ ᠲᠣᠭᠤᠷᠢᠭ ᠤᠨ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠳᠠᠪᠠᠭᠤᠯᠢᠭ ᠢᠯᠡᠷᠬᠡᠢ᠂ ᠠᠯᠤᠰ ᠢᠷᠡᠭᠡᠳᠦᠢ ᠰᠠᠶᠢᠨ ᠪᠠᠶᠢᠨ᠎ᠠ᠃ ᠡᠭᠦᠨ ᠳᠤ ᠰᠠᠭᠤᠷᠢᠯᠠᠵᠤ᠂ ᠪᠢᠳᠡ ᠴᠢᠳᠠᠪᠤᠷᠢᠲᠠᠨ᠂ ᠪᠡᠯᠡ ᠮᠥᠩᠭᠦ᠂ ᠦᠶᠯᠡᠴᠢᠯᠡᠭᠡ ᠵᠡᠷᠭᠡ ᠪᠠᠲᠤᠯᠠᠭ᠎ᠠ ᠶᠢᠨ ᠬᠦᠴᠦᠨ ᠵᠦᠶᠯ ᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠳᠤ  ᠰᠠᠶᠢᠨ ᠰᠠᠶᠢᠬᠠᠨ ᠰᠠᠭᠤᠷᠢ ᠲᠠᠯᠪᠢᠵᠤ ᠥᠭᠬᠦ  ᠴᠢᠬᠤᠯᠠᠲᠠᠶ ᠪᠠᠶᠢᠨ᠎ᠠ᠃ ᠵᠢᠢ ᠬᠤᠩ ᠬᠡᠯᠡᠬᠦ ᠳᠡᠭᠡᠨ᠂ ᠵᠢᠨᠢᠩ ᠲᠣᠭᠤᠷᠢᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢᠰᠢᠭᠰᠠᠨ ᠠᠵᠤ ᠠᠬᠤᠶᠢᠯᠠᠯ ᠳᠤ ︽ᠬᠡᠯᠬᠢᠶ᠎ᠡ︾ ᠮᠥᠷᠳᠡᠯᠲᠡ ᠦᠶᠯᠡᠴᠢᠯᠡᠭᠡ ᠬᠠᠩᠭᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠨ᠎ᠡ᠃ ᠴᠢᠳᠠᠪᠤᠷᠢᠲᠠᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠠᠵᠢᠯ ᠤᠨ ᠬᠡᠪ ᠵᠠᠭᠪᠤᠷ ᠤᠨ ᠰᠢᠨ᠎ᠡ ᠶᠢ ᠡᠭᠦᠳᠴᠦ᠂ ᠴᠢᠳᠠᠪᠤᠷᠢᠲᠠᠨ ᠤ ᠡᠩᠨᠡᠭᠡ ᠶᠢ ᠰᠢᠯᠢᠳᠡᠭᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠠᠷᠭ᠎ᠠ ᠵᠠᠮ ᠢ ᠥᠷᠭᠡᠳᠬᠡᠵᠦ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ  ᠬᠦᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ  ᠃ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠪᠠᠯᠠ ᠤᠷᠤᠭᠤᠯᠤᠯᠲᠠ ᠬᠢᠬᠦ ᠶᠢ ᠵᠣᠷᠢᠭᠵᠢᠭᠤᠯᠵᠤ᠂ ᠠᠵᠤ ᠦᠶᠯᠡᠰ ᠤᠨ ᠬᠥᠭᠵᠢᠨ ᠪᠤᠵᠠᠭᠠᠶᠢᠷᠠᠬᠤ ᠶᠢ  ᠬᠢᠵᠠᠭᠠᠷᠯᠠᠵᠤ ᠪᠠᠶᠢᠭ᠎ᠠ ᠪᠠᠯᠠ ᠮᠥᠩᠭᠦ ᠶᠢᠨ ᠠᠰᠠᠭᠤᠳᠠᠯ ᠢ ᠰᠢᠶᠳᠪᠦᠷᠢᠯᠡᠨ᠎ᠡ᠃         ᠵᠢᠢ ᠬᠤᠩ ᠢᠯᠡᠷᠬᠡᠶᠢᠯᠡᠬᠦ ᠳᠡᠭᠡᠨ᠂ ᠵᠢᠨᠢᠩ ᠲᠣᠭᠤᠷᠢᠭ ᠬᠠᠷᠠᠯᠲᠠ ᠡᠭᠦᠷᠭᠡ ᠪᠠᠨ ᠴᠢᠩᠭ᠎ᠠ ᠠᠳᠬᠤᠵᠤ᠂ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠠᠵᠠ  ᠲᠤᠬᠢᠶᠠᠯ  ᠢ ᠪᠠᠲᠤ ᠡᠵᠡᠮᠰᠢᠵᠦ᠂ ᠲᠣᠭᠠᠴᠢᠯᠠᠭᠰᠠᠨ ᠠᠵᠤ ᠠᠬᠤᠶ ᠪᠠᠷ ᠰᠢᠨ᠎ᠡ ᠨᠡᠮᠡᠭᠳᠡᠯ ᠢ ᠬᠥᠲᠥᠯᠥᠨ ᠳᠠᠭᠠᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠰᠠᠭᠤᠷᠢ ᠶᠢᠨ ᠲᠣᠤᠷ ᠰᠦᠯᠵᠢᠶ᠎ᠡ ᠶᠢ ᠴᠢᠷᠮᠠᠶᠢᠨ ᠲᠡᠭᠦᠯᠳᠡᠷᠵᠢᠭᠦᠯᠵᠦ᠂ ᠲᠣᠭᠠᠴᠢᠯᠠᠭᠰᠠᠨ ᠠᠵᠤ ᠦᠢᠯᠡᠰᠵᠢᠭᠦᠯᠦᠯᠲᠡ᠂ ᠠᠵᠤ ᠦᠢᠯᠡᠰ ᠤᠨ ᠲᠤᠭᠠᠴᠢᠯᠠᠯᠲᠠ ᠶᠢ ᠠᠬᠢᠭᠤᠯᠵᠤ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠵᠤ᠂ ᠤᠶᠤᠨᠲᠤ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠵᠦ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2