ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠠᠵᠢᠯ ᠤᠨ  ᠮᠡᠳᠡᠭᠦᠯᠦᠯᠲᠡ
ᠨᠡᠶᠢᠲᠡᠯᠡᠭᠰᠡᠨ ᠴᠠᠭ᠄
2020/8/25
ᠲᠥᠯᠥᠭᠡᠯᠡᠭᠴᠢᠳ ᠡ᠄         ᠤᠳᠤ ᠪᠢ ᠲᠤᠭᠤᠷᠢᠭ ᠤᠨ  ᠠᠷᠠᠳ ᠤᠨ ᠵᠠᠰᠠᠭ ᠤᠨ ᠣᠷᠳᠣᠨ ᠎ ᠢ  ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ  ᠂ ᠬᠢᠨᠠᠨ  ᠵᠦᠪᠯᠡᠬᠦ ᠪᠣᠯᠪᠠᠤ᠂  ᠮᠦᠨ ᠴᠦ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠡᠷᠬᠢᠮ ᠨᠠᠨᠳᠢᠨ ᠰᠠᠨᠠᠯ ᠢᠶᠠᠨ ᠳᠤᠷᠠᠳᠬᠤ ᠪᠣᠯᠪᠠᠤ᠃ ᠨᠢᠭᠡ  ᠂ 2019 ᠣᠨ ᠤ ᠠᠵᠢᠯ ᠤᠨ ᠡᠷᠭᠢᠴᠡᠭᠦᠯᠦᠯ        ᠦᠡᠭᠭᠡᠷᠡᠭᠰᠡᠨ ᠨᠢᠭᠡ ᠵᠢᠯ ᠪᠣᠯ ᠮᠠᠨ ᠤ ᠲᠤᠭᠤᠷᠢᠭ  ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠠᠳᠬᠤᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ  ᠪᠦᠳᠦᠭᠡᠨ ᠪᠠᠶᠢᠭᠤᠯᠬᠤ ᠰᠢᠶᠳᠪᠦᠷᠢᠲᠦ ᠢᠯᠠᠯᠲᠠ ᠶᠢ ᠤᠯᠬᠤ ᠎ ᠳᠤ ᠴᠢᠬᠤᠯᠠ ᠠᠬᠢᠴᠠ ᠲᠠᠢ ᠪᠣᠯᠤᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂  ᠲᠤᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ᠂  ᠲᠤᠭᠤᠷᠢᠭ ‍ᠤᠨ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ  ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠠᠶ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ  ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ  ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠢᠨ᠎ᠡ ᠬᠥᠭᠵᠢᠯᠲᠡ ᠶᠢᠨ  ᠤᠶᠢᠯᠠᠭᠠᠭᠳᠠᠬᠤᠨ ᠢ  ᠭᠤᠶᠢᠪᠢᠰᠢ ᠥᠬᠡᠶ ᠲᠤᠤᠱᠯᠠᠭᠤᠯᠵᠤ᠂ ᠮᠠᠨ ᠤ  ᠲᠤᠭᠤᠷᠢᠭ ᠤᠨ ︽1345︾᠎ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ  ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠨᠡᠶᠢᠭᠡᠮ ᠲᠣᠭᠲᠠᠭᠤᠨ ᠬᠦᠭᠵᠢᠵᠦ ᠰᠠᠶᠢᠨ ᠰᠠᠶᠢᠬᠠᠨ ᠪᠠᠶᠢᠳᠠᠯ ᠢᠯᠡᠷᠡᠪᠡ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 210.84 ᠳ᠋ᠦᠩᠰᠢᠭᠤᠷ ᠲᠥᠭᠦᠷᠢᠭ  ᠪᠡᠶᠡᠯᠡᠭᠦᠯᠵᠦ᠂ 7.5%᠎ ᠪᠠᠷ  ᠨᠡᠮᠡᠭᠳᠡᠵᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 19.6% ᠬᠦᠷᠴᠦ᠂  ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 63.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 25.6%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 103.09 ᠲᠥᠭᠦᠷᠢᠭ ᠳ᠋ᠦᠩᠰᠢᠭᠤᠷ  ᠪᠡᠶᠡᠯᠡᠭᠦᠯᠵᠦ᠂ 5.7%᠎ ᠪᠠᠷ ᠨᠡᠮᠡᠭᠳᠡᠵᠡᠢ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 12.71 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.9%  ᠎ ᠪᠠᠷ ᠨᠡᠮᠡᠭᠳᠡᠵᠡᠢ  ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 35334 ᠲᠦᠭᠦᠷᠢᠭ ᠲᠤ ᠬᠦᠷᠴᠦ᠂ 6.5%᠎ ᠪᠠᠷ ᠨᠡᠮᠡᠭᠳᠡᠪᠡ  ᠃  ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17928  ᠲᠦᠭᠦᠷᠢᠭ ᠲᠤ ᠬᠦᠷᠴᠦ᠂ 10.9%᠎ ᠪᠠᠷ ᠨᠡᠮᠡᠭᠳᠡᠵᠦ᠂ ᠡᠯ᠎ᠡ ᠵᠦᠶᠯ ᠤᠨ ᠠᠵᠤ ᠠᠬᠤᠶ ᠶᠢᠨ ᠭᠦᠶᠴᠡᠳᠬᠡᠬᠦ ᠲᠤᠭ᠎ᠠ ᠴᠥᠮ ᠪᠦᠬᠦ  ᠬᠤᠲᠠ ᠎ ᠳᠤ  ᠡᠮᠦᠨ᠎ᠡ ᠡᠩᠨᠡᠭᠡᠨ ᠳᠤ ᠤᠷᠤᠵᠠᠢ᠃        ᠨᠢᠭᠡ ᠵᠢᠯ ᠤᠨ ᠲᠤᠷᠰᠢ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ  ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠷᠪᠠᠨ ᠶᠡᠭᠡ ᠪᠡᠷᠬᠡ ᠰᠡᠳᠦᠪ ᠢ ᠰᠢᠶᠳᠪᠦᠷᠢᠯᠡᠬᠦ  ᠳᠠᠶᠢᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠡᠢ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠪᠠ ᠠᠯᠪᠠᠨ ᠤ ᠭᠤᠷᠪᠠᠨ ᠵᠠᠷᠤᠳᠠᠯ ᠢ ᠲᠤᠰ ᠲᠤᠰ 20% ᠪᠠ 30%᠎ ᠪᠠᠷ ᠪᠠᠭᠠᠰᠬᠠᠪᠠ᠃ ᠦᠯᠡᠳᠡᠭᠡᠯ ᠭᠠᠵᠠᠷ ᠰᠢᠷᠣᠶ ᠶᠢ ᠬᠢᠮᠳᠠ ᠦᠨ᠎ᠡ ᠪᠠᠷ ᠬᠤᠳᠠᠯᠳᠤᠬᠤ᠂ ᠤᠯᠤᠰ ᠎ ᠤᠨ  ᠦᠮᠴᠢᠯᠡᠯᠲᠦ ᠡᠳ᠋ ᠬᠥᠷᠥᠩᠭᠡ ᠶᠢ ᠰᠢᠶᠳᠪᠦᠷᠢᠯᠡᠬᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠥᠭᠬᠦ ᠵᠡᠷᠭᠡ ᠠᠷᠭ᠎ᠠ  ᠬᠡᠮᠵᠢᠶ᠎ᠡ  ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠥᠷᠢ ᠥᠭᠴᠡᠭᠡ ᠶᠢ 41.19 ᠳ᠋ᠦᠩᠰᠢᠭᠤᠷ ᠲᠥᠭᠦᠷᠢᠭ ᠰᠢᠢᠳᠪᠦᠷᠢᠯᠡᠵᠦ ᠂  ᠡᠭᠦᠷᠭᠡ ᠪᠠᠨ 116%᠎ ᠪᠠᠷ ᠪᠡᠶᠡᠯᠡᠭᠦᠯᠪᠡ᠃  ᠵᠤᠷᠢᠭᠤᠳᠠ ᠮᠥᠩᠭᠦᠨ ᠭᠦᠢᠯᠭᠡᠭᠡᠨ ᠤ ᠥᠷᠢ ᠥᠭᠴᠡᠭᠡ ᠠᠴᠠ ᠵᠠᠶᠢᠯᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠲᠡ 706 ᠲᠦᠮᠡᠨ ᠲᠥᠭᠦᠷᠢᠭ ᠤᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠦᠲᠦᠮᠵᠢᠲᠡᠢ ᠰᠠᠬᠢᠪᠠ᠃ ᠡᠭᠦᠨ ᠳᠤ ︽ᠠᠷᠪᠠ ᠶᠢ ᠪᠦᠷᠢᠨ ᠪᠥᠷᠬᠦᠭᠦᠯᠬᠦ︾ ᠢᠨᠵᠧᠨᠧᠷᠢᠩ ᠤᠨ ᠵᠣᠭᠤᠰ ᠢ ᠪᠦᠬᠦᠨ ᠢ ᠲᠥᠯᠥᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠭᠰᠡᠨ ᠵᠣᠭᠤᠰ 74% ᠎ ᠶᠢ ᠲᠥᠯᠥᠵᠦ᠂ ᠣᠨᠴᠠᠭᠠᠶᠢᠯᠠᠨ ᠢᠯᠡ ᠪᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠᠷ ᠳᠠᠮᠵᠢᠨ ᠵᠢᠩ ᠨᠧᠩ ᠢᠯᠴᠢ ᠶᠢᠨ ᠬᠦᠴᠦᠨ ᠪᠦᠯᠦᠭᠯᠡᠯ ᠤᠨ ᠢᠯᠴᠢ ᠶᠢᠨ ᠬᠦᠴᠦᠨ ᠺᠣᠮᠫᠠᠨᠢ ᠎ ᠳᠤ 25 ᠵᠢᠯ ᠤᠨ ᠡᠵᠡᠩᠨᠡᠯᠲᠡ ᠶᠢᠨ ᠡᠷᠬᠡ ᠪᠠᠨ ᠰᠢᠯᠵᠢᠭᠦᠯᠦᠨ ᠥᠭᠴᠦ᠂ 7.5 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠶᠢ ᠥᠷᠢ ᠥᠭᠴᠡᠭᠡ ᠶᠢ ᠠᠷᠢᠯᠭᠠᠬᠤ ᠳᠤ ᠬᠡᠷᠡᠭᠯᠡᠵᠦ᠂ ᠡᠳ᠋ ᠬᠦᠷᠦᠩᠭᠡ ᠶᠢᠨ ᠡᠬᠢ ᠪᠠᠶᠠᠯᠢᠭ ᠢ ᠪᠠᠯᠠ ᠮᠥᠩᠭᠦ ᠪᠣᠯᠭᠠᠬᠤ ᠪᠦᠲᠦᠮᠵᠢᠲᠡᠶ ᠠᠵᠢᠯᠯᠠᠭ᠎ᠠ ᠶᠢ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠠᠷᠠᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ ᠪᠠᠲᠤᠯᠠᠬᠤ᠂ ᠠᠵᠤ ᠦᠢᠯᠡᠰ ᠤᠨ ᠠᠵᠢᠯ ᠣᠯᠭᠤᠯᠲᠠ᠂ ᠠᠮᠢ ᠠᠬᠤᠢ ᠶᠢᠨ ᠨᠥᠬᠦᠪᠥᠷᠢ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ  ᠳᠠᠮᠵᠢᠭᠤᠯᠤᠨ᠂ ᠪᠥᠬᠦ  ᠲᠤᠭᠤᠷᠢᠭ ᠤᠨ  813 ᠡᠷᠦᠬᠡ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 1535 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ 1430 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠲᠡᠭᠦᠰ  ᠠᠮᠵᠢᠯᠲᠠ ᠲᠠᠢ ᠪᠡᠶᠡᠯᠡᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠶᠢᠭᠤᠯᠤᠯᠲᠠ ᠪᠠ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠨᠡᠶᠢᠳᠡᠮ ᠬᠡᠷᠡᠭᠵᠢᠭᠦᠯᠪᠡ᠃ ᠨᠡᠶᠢᠲᠡ 4770 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠣᠰᠬᠤᠨ ᠤ ᠬᠠᠮᠲᠤ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ 50 ᠲᠥᠷᠦᠯ ᠵᠦᠢᠯ ᠢ ᠬᠡᠷᠡᠭᠵᠢᠭᠦᠯᠪᠡ᠃ ᠲᠥᠪ ᠤᠨ ᠲᠣᠭᠤᠷᠢᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠰᠢᠯᠭᠠᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠤᠷᠢᠳ ᠡᠮᠦᠨ᠎ᠡ ᠭᠠᠷᠤᠭ᠎ᠠ ᠦᠭᠡᠢ ᠴᠢᠩᠭᠠᠷᠠᠪᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠤᠨ ᠤᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ᠲᠡᠭᠦᠨ ᠤ ︽ ᠪᠤᠴᠠᠵᠤ ᠪᠠᠶᠢᠴᠠᠭᠠᠨ ᠦᠵᠡᠬᠦ︾᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠲᠤᠰᠬᠠᠶ ᠰᠢᠪᠠᠳᠠᠨ ᠪᠠᠶᠢᠴᠠᠭᠠᠯᠲᠠ ᠪᠠ ︽ᠭᠤᠷᠪᠠᠨ ᠶᠡᠭᠡ ᠬᠠᠤᠯᠢ ᠬᠡᠷᠡᠭᠵᠢᠭᠦᠯᠬᠦ  ᠤᠨ︾᠎ ᠤ ᠡᠯ᠎ᠡ ᠵᠦᠶᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠢᠨᠠᠮᠠᠭᠠᠶ  ᠰᠠᠶᠢᠲᠤᠷ  ᠠᠳᠬᠤᠨ᠎ᠠ᠃ ᠹᠦ᠋ ᠯᠸᠢ᠂ ᠫᠦ᠋ ᠶᠤᠸᠠᠨ᠂ ᠴᠠᠬᠠᠷ ᠬᠠᠯᠠᠭᠤᠨ ᠡᠬᠢ ᠶᠢᠨ ᠦᠶᠯᠡᠳᠪᠦᠷᠢ ᠶᠢᠨ ᠬᠠᠭᠤᠷᠠᠶ ᠨᠡᠭᠦᠷᠡᠰᠦᠨ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠰᠢᠨ᠎ᠡ ᠪᠠᠷ ᠨᠡᠮᠡᠭᠳᠡᠭᠰᠡᠨ ᠴᠡᠪᠡᠷ ᠡᠨᠧᠷᠭᠢ ᠢᠯᠴᠢ ᠬᠠᠩᠭᠠᠬᠤ ᠲᠠᠯᠠᠪᠠᠢ 60 ᠲᠦᠮᠡᠨ ᠲᠡᠭᠰᠢ  ᠲᠦᠷᠪᠡᠯᠵᠢᠨ  ᠮᠧᠲᠷ ᠲᠤ ᠬᠦᠷᠴᠦ᠂ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ ᠤᠨ ᠲᠤᠭ᠎ᠠ 338 ᠡᠳᠦᠷ ᠲᠤ  ᠬᠦᠷᠴᠡᠢ  ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠰᠤᠨ ᠰᠤᠷᠪᠤᠯᠵᠢ ᠶᠢᠨ ᠭᠠᠵᠠᠷ ᠤᠨ ᠲᠦᠯᠦᠪᠵᠢᠭᠦᠯᠭᠡ ᠲᠤᠬᠢᠷᠠᠭᠤᠯᠤᠯᠲᠠ  ᠶᠢ ᠢᠳᠡᠪᠬᠢᠲᠡᠢ ᠲᠡᠭᠦᠯᠳᠡᠷᠵᠢᠭᠦᠯᠵᠦ᠂ ᠪᠠᠶᠠᠨ ᠤᠰᠤᠨ ᠰᠤᠷᠪᠤᠯᠵᠢ ᠶᠢᠨ ᠭᠠᠵᠠᠷ ᠢ ᠠᠰᠢᠭᠯᠠᠯᠲᠠ ᠳᠤ ᠣᠷᠣᠭᠤᠯᠵᠤ᠂ ᠭᠠᠵᠠᠷ ᠳᠣᠤᠷᠠᠬᠢ ᠤᠰᠤᠨ ᠬᠤᠳᠳᠤᠭ 66᠎ ᠶᠢ ᠪᠢᠲᠡᠭᠦᠮᠵᠢᠯᠡᠨ ᠵᠣᠭᠰᠣᠭᠠᠪᠠ᠃ ᠰᠢᠶᠣᠤ ᠳ᠋ᠦᠩ ᠲᠠᠨ᠂ ᠴᠡᠩᠬᠡᠷ ᠤᠰᠤ ᠬᠥᠬᠡ ᠣᠭᠲᠠᠷᠭᠤᠶ᠂ ᠪᠠᠶᠠᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠸᠠ ᠯᠢ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ  ᠲᠦᠷᠭᠡᠳᠭᠡᠨ ᠠᠬᠢᠭᠤᠯᠪᠠ  ᠃ ᠬᠥᠷᠥᠰᠥ ᠰᠢᠷᠣᠶ ᠶᠢᠨ ᠪᠣᠬᠢᠷᠲᠤᠯ ᠢ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠵᠦ  ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ ᠶᠢ  ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠦᠨᠳᠦᠰᠦᠨ ᠠᠴᠠ ᠨᠢ ᠵᠠᠰᠠᠪᠠ᠃ ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠰᠢᠷᠣᠶ ᠨᠢ ᠴᠡᠪᠡᠷ ᠠᠮᠢ ᠠᠬᠤᠶ ᠶᠢᠨ ᠣᠷᠴᠢᠨ ᠨᠥᠬᠦᠴᠡᠯ ᠤᠯᠠᠮ ᠨᠢᠭᠡ ᠠᠯᠬᠤᠮ ᠪᠡᠶᠡᠯᠡᠭᠳᠡᠪᠡ᠃          ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠲᠤ ᠡᠵᠡᠮᠰᠢᠵᠦ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠪᠠᠨ ᠲᠣᠬᠢᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠵᠢᠯ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠤᠮᠠᠷᠠᠲᠤ ᠬᠡᠰᠡᠭ ᠤᠨ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠤᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ︽ᠨᠢᠭᠡ ᠬᠤᠩᠬᠢᠯ ᠬᠤᠶᠠᠷ  ᠴᠠᠭᠠᠷᠢᠭ︾ ᠬᠥᠳᠡᠭᠡ ᠠᠵᠤ ᠠᠬᠤᠢ ᠶᠢᠨ ᠵᠤᠭᠠᠴᠠᠯ ᠤᠨ ᠪᠦᠰᠡ ᠠᠩᠬ᠎ᠠ ᠠᠯᠬᠤᠮ ᠤᠨ ᠦᠷ᠎ᠡ ᠪᠦᠳᠤᠮᠵᠢ ᠣᠯᠵᠤ᠂ ᠶᠡᠭᠡ ᠠᠷᠪᠠᠳᠤᠭᠠᠷ ᠲᠣᠰᠬᠤᠨ᠂ ᠰᠠᠨ ᠱᠧᠩ ᠲᠣᠰᠬᠤᠨ᠂  ᠴᠠᠬᠠᠷ ᠬᠤᠸᠠᠷᠠᠨ ᠤᠨᠴᠠᠯᠢᠬᠳᠤ ᠲᠣᠰᠬᠤᠨ ᠶᠠᠭ ᠰᠠᠶᠢᠬᠠᠨ ᠠᠷᠠᠯᠵᠢᠶᠠᠴᠢᠨ ᠤᠷᠢᠬᠤ ᠪᠠᠷ ᠲᠥᠯᠥᠪᠯᠡᠵᠦ ᠪᠤᠢ  ᠃  ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠦᠨ ᠮᠥᠰᠥ ᠴᠠᠰᠤ ᠳᠤ ᠭᠠᠷᠬᠤ︾ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂  ᠳ᠋ᠠ ᠾᠧ ᠸᠠᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠶᠢᠨ ᠴᠠᠰᠤᠨ ᠪᠠᠭᠠᠵᠢ ᠶᠢᠨ ᠲᠢᠩᠬᠢᠮ᠂ ᠪᠠᠭᠤᠳᠠᠯ ᠤᠨ ᠨᠡᠶᠢᠲᠡ ᠶᠢᠨ ᠪᠠᠶᠢᠷᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠬᠤ ᠤᠬᠠᠭᠠᠨ᠂ ᠠᠵᠤ ᠠᠬᠤᠶᠢᠯᠠᠯ ᠤᠨ ᠪᠦᠯᠬᠦᠮ ᠤᠨ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠵᠡᠷᠭᠡ ᠢᠵᠢ ᠪᠥᠷᠢᠳᠦᠭᠰᠡᠨ ᠪᠡᠯᠡᠳᠬᠡᠮᠵᠢ ᠶᠢ ᠪᠥᠬᠦ ᠲᠠᠯ᠎ᠠ ᠪᠠᠷ  ᠳᠡᠭᠦᠯᠳᠡᠷᠵᠢᠭᠦᠯᠵᠡᠢ᠃ ᠲᠥᠮᠥᠰᠥᠨ ᠤ ᠭᠤᠣᠯ ᠠᠮᠤ ᠪᠤᠳᠠᠭ᠎ᠠ ᠶᠢ ᠪᠦᠬᠦ ᠤᠯᠤᠰ ᠎ ᠤᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠬᠤᠣᠷ ᠢ ᠨᠢ ᠠᠷᠢᠯᠭᠠᠭᠰᠠᠨ ᠦᠷ᠎ᠡ ᠶᠢᠨ ᠲᠥᠮᠥᠰᠥ ᠶᠢᠨ ᠪᠦᠷᠬᠦᠴᠡ ᠶᠢᠨ ᠨᠣᠷᠮ᠎ᠠ 95%᠎ ᠳᠤ ᠬᠦᠷᠴᠦ᠂ ᠲᠠᠷᠢᠮᠠᠯ ᠤᠨ ᠮᠧᠬᠠᠨᠢᠭᠵᠢᠭᠤᠯᠤᠯᠲᠠ ᠶᠢᠨ ᠨᠣᠷᠮ᠎ᠠ 93%᠎ ᠳᠤ ᠬᠦᠷᠪᠡ᠃ ᠬᠤᠲᠠ ᠬᠥᠳᠡᠭᠡ ᠶᠢᠨ ︽ᠭᠤᠷᠪᠠ ᠶᠢ ᠨᠢᠭᠡ ᠴᠣᠭᠴᠠᠵᠢᠭᠤᠯᠬᠤ︾᠎ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠯ ᠵᠢᠭᠦᠷᠲᠡᠨ ᠤ ᠪᠠᠭᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠡᠬᠢᠯᠡᠭᠦᠯᠵᠦ᠂ ︽ᠵᠣᠷᠯᠣᠩ ᠤᠨ ᠬᠤᠪᠢᠰᠬᠠᠯ︾᠎ ᠤᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠎ ᠪᠠᠷ ᠪᠡᠶᠡᠯᠡᠭᠦᠯᠵᠦ᠂ ᠠᠶᠢᠯ ᠲᠣᠰᠬᠤᠨ ᠤ ᠠᠮᠢᠳᠤᠷᠠᠯ ᠤᠨ ᠬᠤᠭ ᠨᠣᠪᠰᠢ ︽ᠳᠦᠭᠦᠷᠪᠡᠯ ᠳᠠᠷᠤᠶ ᠴᠡᠪᠡᠷᠯᠡᠬᠦ︾᠎ ᠶᠢ ᠪᠡᠶᠡᠯᠡᠭᠦᠯᠵᠦ᠂ ᠶᠡᠷᠦᠩᠬᠡᠶ ᠤᠷᠲᠤ ᠨᠢ 63 ᠺᠢᠯᠣᠮᠧᠲᠷ ᠪᠦᠬᠦᠢ 8 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ  ᠢ  ᠠᠰᠢᠭᠯᠠᠯᠲᠠ ᠎ ᠳᠤ ᠤᠷᠤᠭᠤᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠪᠠ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠪᠴᠢᠯᠡᠨ ᠠᠬᠢᠭᠤᠯᠤᠨ᠎ᠠ ᠃ ︽ᠲᠡᠷᠢᠭᠦᠨ ᠵᠡᠷᠭᠡ ᠶᠢᠨ ᠬᠦᠷᠢᠶᠡᠯᠡᠩ ᠲᠣᠭᠤᠷᠢᠭ︾᠎ ᠤᠨ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠶᠡᠭᠡ ᠬᠦᠴᠦ ᠣᠷᠣᠭᠤᠯᠤᠨ ᠰᠠᠭᠤᠷᠢ  ᠲᠦᠭᠦᠭᠡᠷᠦᠮᠵᠢ ᠶᠢ ᠴᠢᠩᠭᠠᠳᠬᠠᠵᠤ᠂ ᠲᠥᠷᠥᠯ ᠵᠦᠢᠯ ᠢ ᠠᠳᠬᠤᠵᠤ᠂ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠩ ᠭᠠᠢ ᠶᠢᠩ ᠵᠡᠭᠡᠯᠢ ᠵᠡᠷᠭᠡ 25 ᠵᠤᠷᠪᠤᠰ᠂ 48.8  ᠺᠢᠯᠤᠮᠧᠲᠷ ᠤᠨ ᠵᠠᠮ ᠤᠨ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠨ ᠬᠡᠷᠡᠭᠵᠢᠭᠦᠯᠪᠡ᠃ ᠬᠤᠩ ᠬᠠᠢ ᠽᠢ᠂ ᠠᠯᠮᠤᠷᠠᠳ ᠵᠡᠷᠭᠡ  ᠲᠦᠷᠪᠡᠨ 220kV᠂  ᠲᠠᠪᠤᠨ 110kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ  ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠪᠬᠢ ᠢᠯᠡᠳᠲᠡ ᠳᠡᠭᠡᠭᠰᠢᠯᠡᠪᠡ᠃ ᠬᠤᠸᠠ ᠸᠧᠶ᠂ ᠠᠯᠮᠤᠷᠠᠳ᠂ ᠠᠯᠢᠪᠠᠪᠠ ᠵᠡᠷᠭᠡ ᠪᠠᠶᠢᠭᠤᠯᠵᠤ ᠪᠠᠶᠢᠭ᠎ᠠ ᠲᠣᠮᠣ ᠳ᠋ᠠᠶᠢᠲ᠋ᠠ ᠶᠢᠨ ᠠᠵᠤ ᠠᠬᠤᠶᠢᠯᠠᠯ 10 ᠪᠣᠯᠤᠨ ᠨᠡᠮᠡᠭᠳᠡᠵᠦ᠂ ᠦᠢᠯᠡᠴᠢᠯᠡᠭᠦᠷ ᠤᠨ ᠵᠢᠷᠤᠭ ᠲᠥᠯᠥᠪᠯᠡᠭᠡ ᠶᠢᠨ ᠬᠡᠪᠴᠢᠶ᠎ᠡ 110 ᠲᠦᠮᠡ ᠶᠢ ᠳᠠᠪᠠᠵᠤ᠂ ᠪᠥᠸᠧ ᠶᠤᠸᠠᠢ ᠂ ᠡᠦ ᠲᠦᠩ ᠮᠦ  ᠵᠡᠷᠭᠡ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ  ᠬᠦᠭᠵᠢᠵᠦ᠂ ᠪᠠᠢ ᠳ᠋ᠦ᠋ ᠰᠢᠨ᠎ᠡ ᠶᠢ ᠡᠭᠦᠳᠬᠦ᠂ ᠵᠥᠭᠡᠯᠡᠨ ᠨᠡᠪᠲᠡᠷᠡᠬᠦ ᠬᠥᠳᠡᠯᠭᠡᠬᠦ ᠬᠦᠴᠦᠨ ᠨᠢ ᠨᠡᠪᠴᠢᠭᠦᠯᠬᠦ ᠠᠵᠤ ᠠᠬᠤᠶᠢᠯᠠᠯ ᠳᠤ 80 ᠬᠦᠷᠦᠭᠰᠡᠨ ᠪᠠᠶᠢᠨ᠎ᠠ᠃ ᠴᠡᠭ ᠠᠴᠠ ᠴᠡᠭ ᠲᠤ ᠬᠦᠷᠬᠦ ᠬᠤᠣᠰ ᠪᠤᠴᠠᠯ ᠵᠠᠮ ᠤᠨ ᠲᠤᠰᠬᠠᠢ ᠬᠡᠷᠡᠭᠯᠡᠭᠡᠨ ᠤ ᠭᠡᠷᠡᠯᠯᠢᠭ ᠳᠡᠭᠡᠰᠦ ᠨᠢ  ᠨᠡᠶᠢᠰᠯᠡᠯ  ᠳᠤ ᠰᠢᠭᠤᠳ ᠨᠡᠪᠲᠡᠷᠡᠵᠦ᠂ ᠬᠤᠷᠣᠮᠬᠠᠨ ᠵᠠᠭᠤᠷ᠎ᠠ ᠪᠦᠬᠦ ᠪᠥᠮᠪᠥᠷᠴᠡᠭ ᠲᠠᠢ ᠵᠠᠯᠭᠠᠯᠳᠤᠵᠤ᠂ ︽ᠡᠮᠦᠨᠡᠲᠦ ᠭᠦᠢᠵᠧᠦ ᠤᠮᠠᠷᠠᠲᠤ  ᠤᠯᠠᠭᠠᠨᠴᠠᠪ  ︾᠎  ᠤᠯᠤᠰ ᠤᠨ ᠲᠤᠮᠤ ᠳ᠋ᠠᠶᠢᠲ᠋ᠠ ᠶᠢᠨ ᠲᠥᠪ ᠤᠨ ᠪᠠᠶᠢᠷᠢ ᠰᠠᠭᠤᠷᠢ ᠳᠤᠪᠤᠶᠢᠮ᠎ᠠ  ᠪᠠᠶᠢᠨ᠎ᠠ  ᠃ ᠵᠢᠩ ᠨᠢᠩ  2 × 66 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠠᠵᠢᠯ ᠢ ᠲᠦᠷᠭᠡᠳᠭᠡᠨ ᠠᠬᠢᠭᠤᠯᠵᠤ᠂ ᠬᠠᠶ ᠯᠢ ᠶᠢᠨ ᠬᠤᠶᠠᠳᠤᠭᠠᠷ  ᠬᠤᠭᠤᠴᠠᠭ᠎ᠠ᠂  ᠳ᠋ᠦᠩ ᠶᠠᠩ ᠭᠤᠸᠠᠩ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ  ᠳᠤ ᠣᠷᠣᠭᠤᠯᠵᠤ᠂  ᠬᠤᠸᠠ ᠴᠸᠡᠭ ᠪᠦᠸᠧ ᠦᠶᠯᠡᠳᠪᠦᠷᠢᠯᠡᠬᠦ  ᠴᠢᠳᠠᠮᠵᠢ  ᠨᠢ ᠪᠦᠬᠦ ᠳᠡᠯᠡᠬᠡᠶ ᠶᠢᠨ 40%᠎ ᠠᠴᠠ ᠳᠡᠭᠡᠭᠰᠢ ᠶᠢ ᠡᠵᠡᠯᠡᠵᠡᠶ᠃ ᠰᠠᠨ ᠰᠢᠨ ᠯᠢᠲ᠋ᠢ ᠳ᠋ᠢᠶᠠᠨ ᡂᠢ ᠶᠢᠨ ᠪᠢᠯᠢᠭ ᠲᠦᠢᠯᠰᠢᠷᠠᠩᠭᠤᠶ ᠮᠠᠲ᠋ᠧᠷᠢᠶᠠᠯ᠂ ᠬᠤᠸᠠ ᠷᠦᠢ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠳᠠᠩ ᠪᠡᠶᠡᠲᠦ ᠪᠠᠯ ᠴᠢᠯᠠᠭᠤᠵᠢᠬᠤ ᠦᠶᠯᠡᠳᠪᠦᠷᠢᠯᠡᠬᠦ  ᠴᠢᠳᠠᠮᠵᠢ ᠴᠥᠮ ᠤᠯᠤᠰ ᠎ ᠤᠨ ᠳᠤᠲᠤᠭᠠᠳᠤ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠠᠶ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠠᠩᠬ᠎ᠠ ᠠᠯᠬᠤᠮ ᠬᠡᠪᠴᠢᠶᠡᠵᠢᠪᠡ  ᠃ ᠲᠦᠩ ᠱᠧᠩ ᠲᠠ ᠲᠦᠩ  ᠂ ᠮᠢᠩ ᠶᠠᠩ ᠰᠠᠯᠬᠢᠨ ᠬᠦᠴᠦᠨ ᠤ ᠴᠠᠬᠢᠯᠭᠠᠨ ᠵᠡᠷᠭᠡ ᠠᠵᠤ ᠠᠬᠤᠶᠢᠯᠠᠯ ᠤᠨ  ᠦᠢᠯᠡᠳᠪᠦᠷᠢᠯᠡᠬᠦ   ᠴᠢᠳᠠᠮᠵᠢ ᠲᠠᠰᠤᠷᠠᠯᠲᠠ ᠦᠭᠡᠢ ᠥᠷᠭᠡᠳᠴᠦ᠂  ᠴᠢᠩ ᠬᠤᠸᠠ ᠲᠦᠩ ᠹᠠᠩ᠂ ᠢ ᠮᠢᠩ ᠴᠠᠬᠢᠯᠭᠠᠨ ᠬᠦᠴᠦᠨ ᠵᠡᠷᠭᠡ ᠲᠥᠷᠥᠯ ᠵᠦᠶᠯ ᠢ ᠲᠦᠷᠭᠡᠳᠬᠡᠨ ᠬᠡᠷᠡᠭᠵᠢᠭᠦᠯᠵᠦ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ ᠭᠠᠵᠠᠷ ᠢ ᠪᠥᠲᠥᠭᠡᠨ  ᠪᠠᠶᠢᠭᠤᠯᠬᠤ  ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ  ᠃  ᠴᠢᠦ ᠱᠢ ᠠᠮᠢᠳᠤ ᠪᠣᠳᠠᠰ ᠢ ᠠᠰᠢᠭᠯᠠᠯᠲᠠ ᠳᠤ ᠣᠷᠣᠭᠤᠯᠵᠤ᠂ ᠮᠧᠩ ᠭᠧᠨ ᠱᠠᠨ ᠦᠭᠡᠬᠦ ᠲᠣᠰᠣ᠂  ᠰᠢᠨ ᠰᠢᠶᠠᠨ ᠶᠦᠸᠧ  ᠵᠡᠷᠭᠡ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠲᠥᠷᠥᠯ ᠵᠦᠢᠯ ᠢ ᠤᠷᠤᠭᠰᠢᠲᠠᠢ ᠠᠬᠢᠭᠤᠯᠪᠠ᠃  ᠵᠢᠩ ᠳ᠋ᠦᠩ᠂ ᠲᠢᠶᠠᠨ ᠢᠦᠶ ᠳ᠋ᠡ ᠵᠡᠷᠭᠡ ᠪᠠᠷ  ᠲᠥᠯᠥᠭᠡᠯᠡᠭᠦᠯᠦᠭᠰᠡᠨ ᠡᠮ ᠡᠮᠨᠡᠯᠭᠡ ᠶᠢᠨ ᠠᠵᠤ ᠦᠶᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾᠎ ᠤᠨ ᠵᠡᠷᠭᠡᠪᠡᠷ ᠬᠦᠴᠦᠯᠡᠵᠦ᠂ ᠥᠷᠢᠰᠥᠯᠳᠦᠨ ᠬᠥᠭᠵᠢᠬᠦ ᠪᠠᠶᠢᠷᠢᠰᠢᠯ ᠠᠩᠬ᠎ᠠ ᠠᠯᠬᠤᠮ ᠪᠦᠷᠢᠯᠳᠦᠪᠡ᠃ ᠣᠳᠣ ᠦᠶ᠎ᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂  ᠲᠤᠯᠤᠭᠠᠨ ᠰᠤᠮᠤ ᠶᠢᠨ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠳᠤ ᠪᠠᠶᠢᠭᠤᠯᠤᠨ  ᠠᠰᠢᠭᠯᠠᠯᠲᠠ ᠳᠤ ᠣᠷᠣᠵᠤ᠂ ᠪᠦᠬᠦ ᠵᠢᠯ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 112 ᠴᠤᠪᠤᠭ᠎ᠠ ᠲᠡᠷᠭᠡ ᠠᠶᠠᠯᠠᠪᠠ᠃ ᠤᠯᠠᠭᠠᠨᠴᠠᠪ — ᠡᠷᠢᠶᠡᠨ ᠬᠤᠲᠠ ᠶᠢᠨ ᠪᠠᠷᠠᠭ᠎ᠠ ᠶᠢᠨ ᠭᠦᠶᠯᠭᠡᠭᠡᠨ ᠤ ᠬᠦᠶᠰᠦ ᠤᠯᠤᠰ ᠎ ᠤᠨ  ᠪᠠᠷᠠᠭ᠎ᠠ ᠶᠢᠨ  ᠭᠦᠢᠯᠭᠡᠭᠡᠨ  ᠤ ᠬᠦᠶᠰᠦ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠰᠣᠩᠭᠤᠭᠳᠠᠨ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶᠎ ᠶᠢᠨ ᠲᠤᠬᠠᠶ ᠶᠢᠨ ᠵᠢᠯ ᠳᠤ  ᠭᠤᠶᠤᠴᠢᠯᠠᠯ ᠭᠠᠷᠭᠠᠵᠤ᠂ ᠲᠤᠬᠠᠶ ᠶᠢᠨ ᠵᠢᠯ ᠳᠤ ᠴᠣᠬᠤᠯᠪᠣᠷᠢᠯᠠᠨ ᠬᠠᠷᠢᠭᠤᠯᠵᠤ᠂ ᠲᠤᠬᠠᠶ ᠶᠢᠨ ᠵᠢᠯ ᠳᠤ ᠰᠢᠯᠭᠠᠨ ᠠᠪᠬᠤ ᠪᠦᠬᠦ ᠲᠤᠭᠤᠷᠢᠭ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ 13.3 ᠳ᠋ᠦᠩᠰᠢᠭᠤᠷ ᠲᠥᠭᠦᠷᠢᠭ ᠢ  ᠪᠡᠶᠡᠯᠡᠭᠦᠯᠵᠡᠢ᠃ ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ ᠤᠨ ᠨᠢᠭᠡᠳᠦᠭᠡᠷ ᠬᠤᠭᠤᠴᠠᠭ᠎ᠠ᠂ ︽ ᠤᠯᠠᠭᠠᠨ ᠦᠳᠡ᠂ ᠤᠯᠠᠭᠠᠨᠪᠠᠭᠠᠲᠤᠷ᠂ ᠤᠯᠠᠭᠠᠨᠴᠠᠪ︾ ᠣᠯᠠᠨ ᠤᠯᠤᠰ ᠎ ᠤᠨ  ᠵᠠᠰᠠᠮᠠᠯ ᠵᠠᠮ ᠤᠨ ᠲᠡᠭᠡᠭᠡᠪᠦᠷᠢ ᠶᠢᠨ ᠭᠤᠣᠯ ᠱᠤᠭᠤᠮ ᠨᠢ ᠡᠵᠡᠩᠨᠡᠬᠦ ᠨᠥᠬᠦᠴᠡᠯ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠥᠨᠳᠦᠷᠯᠢᠭ ᠭᠠᠵᠠᠷ ᠢ ᠪᠠᠶᠢᠭᠤᠯᠵᠦ ᠢᠳᠡᠷᠡᠭᠦᠨ ᠠᠯᠬᠤᠭ᠎ᠠ ᠶᠢ ᠠᠯᠬᠤᠨ᠎ᠠ᠃ ᠨᠡᠶᠢᠲᠡ 45 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠸᠠᠨ ᠳ᠋ᠠ ᠠᠭᠤᠳᠠᠮ ᠲᠠᠯᠠᠪᠠᠢ  ᠵᠢᠨᠢᠩ ᠳᠤ ᠰᠠᠭᠤᠷᠢᠰᠢᠵᠦ᠂  ᠸᠧᠢ  ᠳ᠋ᠦᠸᠧ ᠯᠢ ᠮᠦᠸᠧ ᠡᠯ ᠴᠸᠡᠭ ᠬᠤᠲᠠ ᠶᠢᠨ ᠲᠥᠷᠥᠯ ᠵᠦᠢᠯ ᠲᠦᠷᠭᠡᠨ ᠠᠬᠢᠪᠠ᠃ ᠿᠢ ᠱᠧᠩ  ᠶᠢᠨ  ᠮᠸᠡᠭ᠂ ᠥᠪᠥᠷ ᠮᠣᠩᠭᠤᠯ ᠤᠨ ᠪᠠᠩᠬᠢ ᠶᠢᠨ ᠭᠤᠣᠯ ᠰᠡᠳᠦᠪᠲᠦ ᠪᠠᠭᠤᠳᠠᠯ ᠤᠨ ᠪᠦᠳᠦᠭᠡᠨ ᠪᠠᠶᠢᠭᠤᠯᠤᠯᠲᠠ ᠶᠢᠨ ᠬᠤᠳᠠᠯᠳᠤᠭᠠᠴᠢᠨ ᠤᠷᠢᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠧ ᠵᠢᠶ ᠪᠠᠭᠤᠳᠠᠯ᠂  ᠯᠢ ᠽᠢ ᠪᠦᠸᠧ  ᠡᠯ ᠮᠠᠨ ᠵᠡᠷᠭᠡ ᠨᠢᠭᠡ ᠪᠦᠯᠦᠭ ᠬᠤᠳᠠᠯᠳᠤᠭᠠᠨ ᠤ ᠶᠠᠪᠤᠳᠠᠯ ᠤᠨ ᠪᠠᠭᠤᠳᠠᠯ ᠢ ᠪᠠᠶᠢᠭᠤᠯᠤᠨ ᠡᠵᠡᠩᠨᠡᠵᠦ᠂ ᠵᠢᠭᠤᠯᠴᠢᠯᠠᠯ ᠤᠨ ᠳᠠᠭᠠᠭᠠᠴᠠ ᠶᠢᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠭᠦᠯᠪᠡ  ᠃  ᠡᠷᠡᠭᠦᠯ ᠮᠡᠨᠳᠦ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠯᠠᠨ ᠴᠧᠩ  ᠡᠷᠡᠭᠦᠯᠵᠢᠯ ᠰᠤᠪᠢᠯᠠᠯᠲᠠ ᠶᠢᠨ ᠵᠢᠵᠢᠭ  ᠪᠠᠯᠭᠠᠰᠤ᠂ ᠪᠠᠢ ᠸᠠᠩ᠂ ᠬᠤᠩ ᠬᠠᠢ ᠽᠢ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠡᠮᠬᠢ ᠵᠢᠷᠤᠮ ᠲᠠᠢ ᠠᠬᠢᠪᠠ᠃ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ ᠤᠨ ᠵᠡᠭᠦᠨ ᠪᠠᠷᠠᠭᠤᠨ ᠣᠷᠳᠣᠨ ᠪᠦᠬᠦ ᠲᠠᠯ᠎ᠠ ᠪᠠᠷ  ᠪᠠᠶᠢᠭᠤᠯᠤᠭᠳᠠᠪᠠ  ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠣᠷᠣᠰ ᠭᠤᠷᠪᠠᠨ ᠤᠯᠤᠰ ᠎ ᠤᠨ ᠵᠢᠭᠤᠯᠴᠢᠯᠠᠯ ᠤᠨ ᠰᠠᠶᠢᠳ ᠨᠠᠷ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂  ᠳᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠦᠵᠡᠰᠬᠦᠯᠡᠩ᠂  ᠨᠠᠢᠮᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠠᠮᠲᠠᠲᠤ ᠢᠳᠡᠭᠡᠨ ᠤ ᠨᠠᠶᠢᠷ᠂ ᠲᠠᠪᠤᠳᠤᠭᠠᠷ ᠬᠤᠭᠤᠴᠠᠭᠠᠨ  ᠤ ᠭᠡᠷ ᠪᠠᠶᠢᠰᠢᠩ ᠤᠨ ᠦᠵᠡᠭᠦᠯᠦᠯᠭᠡ ᠶᠢᠨ ᠴᠤᠭᠯᠠᠭᠠᠨ ᠵᠢᠴᠢ ᠲᠠᠯ᠎ᠠ ᠨᠤᠲᠤᠭ ᠤᠨ ᠳᠠᠭᠤᠤ ᠬᠥᠭᠵᠢᠮ ᠤᠨ ᠱᠠᠩᠨᠠᠯ ᠣᠯᠭᠤᠬᠤ ᠦᠪᠡᠳᠡᠭᠰᠢ ᠶᠣᠰᠣᠯᠠᠯ ᠢ ᠠᠮᠵᠢᠯᠲᠠ ᠲᠠᠢ ᠡᠷᠬᠢᠯᠡᠵᠦ᠂ ᠬᠤᠲᠠ ᠶᠢᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠶᠡᠬᠡᠪᠡᠷ ᠳᠡᠭᠡᠭᠰᠢᠯᠡᠪᠡ᠃        ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠴᠢᠳᠠᠮᠵᠢ ᠶᠢᠨ ᠬᠡᠪ ᠴᠢᠨᠠᠷ  ᠢ ᠴᠢᠷᠮᠠᠶᠢᠨ ᠳᠡᠭᠡᠭᠰᠢᠯᠡᠭᠦᠯᠵᠦ ᠂ ᠰᠠᠭᠤᠷᠢ ᠶᠢ ᠴᠢᠩᠭᠠᠳᠬᠠᠵᠤ᠂ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠤᠲᠠ ᠶᠢᠨ ᠠᠮᠢᠳᠤᠷᠠᠯ ᠤᠨ ᠣᠷᠴᠢᠨ ᠲᠤᠭᠤᠷᠢᠨ ᠢ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ  ᠪᠤᠯᠭᠠᠵᠠᠢ᠃ ᠬᠤᠳᠠ ᠶᠢᠨ ᠣᠷᠣᠨ ᠵᠠᠶ ᠶᠢᠨ ᠪᠠᠶᠢᠷᠢᠰᠢᠯ ᠢ ᠲᠠᠰᠤᠷᠠᠯᠳᠠ ᠦᠭᠡᠢ  ᠰᠢᠯᠢᠳᠡᠭᠵᠢᠭᠦᠯᠪᠡ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠠᠬᠢᠭᠤᠯᠵᠤ᠂ ︽ᠤᠯᠠᠭᠠᠨᠴᠠᠪ ᠬᠤᠲᠠ ᠶᠢᠨ ᠬᠤᠲᠠ ᠶᠢᠨ ᠶᠡᠷᠦᠩᠬᠡᠶ ᠲᠥᠯᠥᠪᠵᠢᠭᠦᠯᠭᠡ ︵2011 — 2030︶︾᠂ ︽ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ︵2009 — 2020︶︾᠂ ︽ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ︵2009 — 2020︶︾᠎ ᠶᠢ ᠵᠠᠰᠠᠨ ᠨᠠᠶᠢᠷᠠᠭᠤᠯᠵᠤ ᠳᠠᠭᠤᠰᠬᠠᠪᠠ  ᠃  ᠾᠧ ᠳ᠋ᠦᠩ ᠤᠨ ᠡᠮᠦᠨ᠎ᠡ ᠤᠮᠠᠷ᠎ᠠ ᠶᠢᠨ ᠵᠠᠯᠭᠠᠯᠳᠤᠭᠰᠠᠨ ᠣᠷᠣᠨ 39 ᠲᠡᠭᠰᠢ ᠳᠥᠷᠪᠡᠯᠵᠢᠨ  ᠺᠢᠯᠤᠮᠧᠲᠷ᠂ ᠴᠢᠶᠣᠤ ᠰᠢ ᠲᠠᠢ ᠵᠠᠯᠭᠠᠯᠳᠤᠭᠰᠠᠨ ᠣᠷᠣᠨ ᠪᠣᠯᠤᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠡᠰᠡᠭ  ᠭᠠᠵᠠᠷ 19.9 ᠲᠡᠭᠰᠢ ᠳᠥᠷᠪᠡᠯᠵᠢᠨ  ᠺᠢᠯᠤᠮᠧᠲᠷ ᠤᠨ ᠬᠦᠷᠢᠶᠡᠨ ᠲᠤᠲᠤᠷ᠎ᠠ ᠬᠢᠵᠠᠭᠠᠷᠯᠠᠬᠤ  ᠠᠵᠢᠯ ᠦᠷ᠎ᠡ ᠪᠦᠲᠦᠭᠡᠯ ᠤᠯᠪᠠ  ᠃  ᠮᠠ ᠯᠢᠶᠠᠨ ᠴᠢᠦᠶ ᠰᠢᠶᠠᠩ ᠤᠨ ᠰᠢᠨ ᠵᠢᠶ ᠪᠠᠯᠭᠠᠰᠤᠨ ᠤ  ᠲᠦᠪ ᠲᠣᠭᠤᠷᠢᠭ ᠤᠨ ᠬᠢᠵᠠᠭᠠᠷᠯᠠᠬᠤ ᠠᠵᠢᠯ ᠢ ᠡᠬᠢᠯᠡᠭᠦᠯᠵᠦ᠂ ᠪᠥᠬᠦ ᠣᠷᠣᠨ ᠪᠦᠰᠡ ᠶᠢᠨ ᠲᠥᠯᠥᠪᠵᠢᠭᠦᠯᠭᠡ ᠶᠢᠨ ᠰᠢᠰᠲ᠋ᠧᠮ ᠲᠡᠭᠦᠯᠳᠡᠷᠵᠢᠪᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠶᠡᠬᠡᠪᠡᠷ ᠲᠦᠯᠬᠢᠨ ᠠᠬᠢᠭᠤᠯᠵᠠᠢ᠃ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠦᠬᠦ ᠱᠤᠭᠤᠮ ᠢᠶᠠᠷ ᠢᠶᠠᠨ ᠲᠡᠷᠭᠡ ᠨᠡᠪᠲᠡᠷᠡᠵᠦ᠂  ᠵᠢᠨᠢᠩ  ᠳ᠋ᠠᠲ᠋ᠤᠩ ᠲᠦᠷᠭᠡᠨ ᠤ ᠲᠡᠮᠦᠷ ᠵᠠᠮ ᠡᠬᠢᠯᠡᠨ ᠬᠡᠷᠡᠭᠵᠢᠭᠦᠯᠦᠭᠳᠡᠵᠦ ᠂ ︽ᠨᠡᠶᠢᠰᠯᠡᠯ ᠎ ᠠᠴᠠ ᠤᠶᠢᠷᠠᠬᠠᠨ ᠨᠢᠭᠡ ᠴᠠᠭ ᠤᠨ ᠠᠵᠤ ᠠᠬᠤᠢ  ᠶᠢᠨ ᠲᠣᠭᠤᠷᠢᠭ ᠲᠤ ᠠᠭᠤᠰᠤᠯᠴᠠᠬᠤ︾ ᠪᠠ ︽ᠲᠦᠷᠭᠡᠨ ᠤ ᠲᠡᠮᠦᠷ ᠵᠠᠮ ᠤᠨ ᠠᠵᠤ ᠠᠬᠤᠢ ᠶᠢ ᠬᠤᠪᠢᠶᠠᠯᠴᠠᠬᠤ︾ ᠬᠦᠰᠡᠯ ᠵᠡᠭᠦᠳᠦ ᠨᠢ ᠪᠣᠳᠠᠲᠤ ᠠᠬᠤᠢ ᠪᠣᠯᠤᠨ ᠬᠤᠪᠢᠷᠠᠪᠠ᠃ ᠮᠥᠩᠭᠦᠨ ᠭᠦᠢᠯᠭᠡᠭᠡᠨ ᠤ ᠬᠤᠶᠢᠲᠤ ᠵᠡᠭᠡᠯᠢ ᠵᠡᠷᠭᠡ 13 ᠵᠤᠷᠪᠤᠰ ᠵᠠᠮ ᠢ ᠰᠢᠨ᠎ᠡ ᠪᠠᠷ ᠦᠷᠭᠦᠯᠵᠢᠯᠡᠨ  ᠪᠠᠶᠢᠭᠤᠯᠵᠤ᠂ ᠲᠠᠶᠢᠴᠠᠩ ᠵᠠᠮ ᠵᠡᠷᠭᠡ 6 ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ ᠢᠯᠴᠢ ᠬᠠᠩᠭᠠᠬᠤ᠂ ᠤᠰᠤ  ᠭᠠᠳᠠᠭᠰᠢᠯᠠᠭᠤᠯᠬᠤ᠂ ᠰᠢᠲᠠᠮᠠᠬᠠᠶ ᠬᠡᠢ ᠶᠢᠨ ᠲᠣᠤᠷ ᠢ 150 ᠺᠢᠯᠣᠮᠧᠲᠷ ᠳᠡᠪᠢᠰᠴᠡᠶ᠃ ᠬᠤᠳᠠ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢᠨ ᠳᠤᠮᠳᠠ ᠳᠠᠷᠤᠯᠲᠠᠲᠤ ᠬᠤᠭᠤᠯᠠᠶ ᠱᠤᠭᠤᠮ ᠢ ᠱᠠᠨᠰᠢ ᠪᠡᠭᠡᠵᠢᠩ ᠤᠨ ᠳᠥᠷᠪᠡᠳᠦᠭᠡᠷ ᠱᠤᠭᠤᠮ ᠲᠠᠢ ᠠᠮᠵᠢᠯᠲᠠ ᠲᠠᠢ ᠪᠠᠷ ᠵᠣᠯᠭᠠᠭᠤᠯᠪᠠ᠃ ᠨᠠᠨ ᠱᠠ ᠾᠧ ᠶᠢᠨ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠨ ᠬᠡᠷᠡᠭᠵᠢᠭᠦᠯᠵᠦ᠂ ᠬᠠᠭᠤᠴᠢᠨ ᠬᠤᠲᠠ ᠲᠤᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠰᠠᠶᠢᠵᠢᠷᠠᠪᠠ᠃  ᠬᠦᠳᠡᠯᠭᠡᠭᠴᠢ ᠲᠥᠪ᠂ ᠭᠤᠸᠠᠩ ᠮᠢᠩ ᠵᠡᠷᠭᠡ 110kV ᠬᠦᠴᠦᠳᠡᠯ ᠥᠭᠡᠷᠡᠴᠢᠯᠡᠬᠦ 6 ᠢᠨᠵᠧᠨᠧᠷᠢᠩ ᠢ ᠡᠬᠢᠯᠡᠭᠦᠯᠵᠦ᠂ ᠤᠰᠤᠨ ᠤ ᠰᠤᠷᠪᠤᠯᠵᠢ ᠶᠢᠨ ᠭᠠᠵᠠᠷ᠂ ᠢᠯᠴᠢ ᠶᠢᠨ ᠰᠤᠷᠪᠤᠯᠵᠢ ᠶᠢᠨ ᠦᠶᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠵᠡᠷᠭᠡ ᠪᠠᠷ ᠲᠦᠯᠬᠢᠨ ᠠᠬᠢᠭᠤᠯᠵᠤ᠂ ᠬᠤᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃  ᠯᠢᠦᠢ ᠳ᠋ᠢ᠂  ᠹᠦ᠋ ᠯᠢ᠂ ᠸᠠᠨ ᠳ᠋ᠠ᠂ ᠾᠧᠩ ᠳ᠋ᠡ ᠵᠡᠷᠭᠡ ᠨᠡᠷᠡᠲᠦ ᠲᠡᠮᠳᠡᠭᠲᠦ ᠭᠠᠵᠠᠷ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠤᠲᠠ ᠶᠢᠨ ᠠᠷᠠᠳ ᠤᠨ ᠴᠢᠨᠠᠷ ᠰᠠᠶᠢᠲᠠᠶ ᠣᠷᠣᠰᠢᠨ ᠰᠠᠭᠤᠬᠤ ᠬᠡᠷᠡᠭᠴᠡᠭᠡ ᠶᠢ ᠤᠯᠠᠮ ᠨᠢᠭᠡ ᠠᠯᠬᠤᠮ  ᠬᠠᠨᠭ᠍ᠭᠠᠵᠠᠢ᠃ 11 ᠵᠤᠷᠪᠤᠰ  ᠨᠡᠶᠢᠲᠠ ᠶᠢᠨ ᠮᠠᠰᠢᠨ ᠲᠡᠷᠭᠡᠨ ᠤ ᠵᠠᠮ ᠱᠤᠭᠤᠮ ᠢ ᠰᠢᠨ᠎ᠡ ᠪᠠᠷ ᠨᠡᠮᠡᠭᠳᠡᠭᠦᠯᠦᠨ ᠰᠢᠯᠢᠳᠡᠭᠵᠢᠭᠦᠯᠵᠦ᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠨᠣᠮᠧᠷ︾᠎ ᠤᠨ 7 ᠵᠤᠷᠪᠤᠰ ᠱᠤᠭᠤᠮ ᠢ ᠪᠣᠶ ᠪᠣᠯᠭᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠣᠯᠪᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠦᠬᠦ ᠤᠯᠤᠰ ᠎ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠷᠴᠢᠮ ᠤᠷᠢᠳᠤ ᠭᠠᠷᠤᠭ᠎ᠠ ᠦᠭᠡᠢ ᠴᠢᠩᠭᠠᠷᠠᠵᠤ᠂ ᠨᠡᠶᠢᠲᠡ 2.3 ᠲᠦᠮᠡ ᠭᠠᠷᠤᠶ ᠰᠠᠶᠢᠨ ᠳᠤᠷ᠎ᠠ ᠶᠢᠨ ᠠᠵᠢᠯᠯᠠᠭᠴᠢ ᠪᠠ ᠥᠷᠭᠡᠨ ᠣᠯᠠᠨ ᠬᠤᠲᠠ ᠶᠢᠨ ᠠᠷᠠᠳ ᠢ ᠳᠠᠶᠢᠴᠢᠯᠠᠵᠤ᠂ ︽ᠨᠡᠶᠢᠭᠡᠮ ᠲᠣᠭᠤᠷᠢᠭ ᠤᠨ ᠰᠠᠭᠤᠭᠠᠯᠢ ᠲᠣᠭᠤᠷᠢᠭ  ᠢ ᠳᠠᠭᠠᠭᠠᠴᠢᠯᠠᠨ ᠬᠤᠯᠪᠣᠭᠠᠯᠠᠬᠤ︾ ᠪᠠ ︽ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ ᠦᠶᠯᠡᠴᠢᠯᠡᠭᠡ︾᠎ ᠳᠤ ᠢᠳᠡᠪᠬᠢᠲᠡᠶ  ᠤᠷᠤᠯᠴᠠᠭᠤᠯᠪᠠ᠃ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠪᠠᠷᠢᠯᠭ᠎ᠠ ᠶᠢᠨ ᠳᠦᠷᠢᠮ ᠢ  ᠵᠦᠷᠢᠴᠡᠭᠰᠡᠨ ᠢ ᠨᠡᠶᠢᠲᠡ 7.6 ᠲᠦᠮᠡᠨ ᠲᠡᠭᠰᠢ ᠳᠥᠷᠪᠡᠯᠵᠢᠨ ᠬᠡᠰᠡᠭ   ᠨᠤᠷᠠᠭᠠᠵᠤ᠂ ᠪᠦᠯᠬᠦᠮᠳᠡᠯ ᠶᠡᠭᠡ ᠵᠡᠭᠡᠯᠢ᠂ ᠰᠢᠨ ᠲᠢ ᠶᠡᠭᠡ ᠵᠡᠭᠡᠯᠢ ᠵᠡᠷᠭᠡ 10 ᠵᠤᠷᠪᠤᠰ ᠭᠤᠣᠯ ᠵᠠᠮ ᠤᠨ ᠳᠡᠯᠭᠡᠭᠦᠷ ᠤᠨ ᠫᠠᠶᠢᠰᠠ ᠶᠢ ᠳᠡᠰ ᠳᠡᠪᠰᠢᠭᠦᠯᠬᠦ ᠵᠢᠴᠢ ᠡᠮᠦᠨ᠎ᠡ ᠤᠮᠠᠷ᠎ᠠ ᠣᠷᠣᠵᠤ ᠭᠠᠷᠬᠤ ᠭᠠᠵᠠᠷ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂  ᠦᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ ᠎ᠠ ᠳᠤ ᠬᠦᠷᠦᠭᠰᠡᠨ ᠬᠤᠰᠢᠭᠤ ᠰᠢᠶᠠᠨ ᠲᠣᠭᠤᠷᠢᠭ ᠤᠨ ᠰᠢᠯᠭᠠᠨ ᠠᠪᠬᠤ ᠶᠢ ᠠᠮᠵᠢᠯᠲᠠ ᠲᠠᠢ  ᠪᠡᠶᠡᠯᠡᠭᠦᠯᠪᠡ᠃ ︽ᠵᠣᠷᠯᠣᠩ ᠤᠨ ᠬᠤᠪᠢᠰᠬᠠᠯ︾᠎ ᠢ ᠲᠦᠷᠭᠡᠳᠬᠡᠨ ᠠᠬᠢᠭᠤᠯᠵᠤ᠂ 42 ᠰᠠᠭᠤᠷᠢ ᠤᠰᠤ ᠪᠠᠷ ᠴᠡᠪᠡᠷᠰᠢᠭᠦᠯᠬᠦ ᠨᠡᠶᠢᠲᠡ ᠶᠢᠨ ᠵᠣᠷᠯᠣᠩ ᠡᠮᠬᠢ ᠵᠢᠷᠤᠮ ᠲᠠᠢ ᠠᠬᠢᠵᠤ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ  ᠦᠭᠡᠢ ᠰᠢᠢᠳᠪᠦᠷᠢᠯᠡᠬᠦ ᠨᠣᠷᠮ᠎ᠠ ᠶᠢ 100%᠎ ᠳᠤ  ᠬᠦᠡᠭᠡᠵᠡᠢ᠃ ᠪᠦᠬᠦ ᠤᠯᠤᠰ ᠤᠨ ᠵᠣᠬᠢᠶᠠᠮᠠᠯ ᠤᠶᠤᠯᠢᠭ ᠬᠤᠳᠠ ᠶᠢᠨ ᠲᠦᠷᠦᠭᠦᠤ ᠪᠦᠯᠦᠭ ᠤᠨ ᠦᠯᠢᠭᠡᠷ ᠳᠠᠭᠤᠷᠢᠶᠠᠯ ᠵᠢᠱᠢᠶ᠎ᠡ  ᠦᠵᠡᠬᠦᠯᠬᠦ ᠣᠷᠣᠨ ᠤ ᠪᠦᠳᠦᠭᠡᠨ ᠪᠠᠶᠢᠭᠤᠯᠤᠯᠲᠠ ᠱᠠᠳᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠪᠠ᠃         ᠨᠢᠭᠡ ᠵᠢᠯ ᠤᠨ ᠲᠤᠷᠰᠢ᠂ ᠪᠢᠳᠡ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠬᠥᠭᠵᠢᠭᠡᠵᠦ᠂ ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠰᠢᠨ᠎ᠡ ᠶᠢ ᠡᠭᠦᠳᠬᠦ ᠶᠢ ᠠᠬᠢᠭᠤᠯᠵᠤ ᠂ ᠡᠯ᠎ᠡ ᠵᠦᠶᠯ ᠤᠨ ᠥᠭᠡᠷᠡᠴᠢᠯᠡᠯᠲᠡ ᠴᠢᠬᠤᠯᠠ ᠰᠢᠪᠲᠤᠯᠤᠯᠲᠠ ᠲᠠᠢ ᠪᠣᠯᠪᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠵᠡᠷᠭᠡ ᠰᠠᠯᠠᠭ᠎ᠠ ᠮᠥᠴᠢᠷ ᠢ ᠪᠠᠶᠢᠭᠤᠯᠵᠤ᠂ ᠵᠠᠰᠠᠭ ᠤᠨ ᠣᠷᠳᠣᠨ ᠤ ᠦᠶᠯᠡᠳᠦᠯ ᠴᠢᠳᠠᠪᠤᠷᠢ ᠶᠢ  ᠦᠷᠬᠦᠯᠵᠢᠯᠡᠨ  ᠳᠡᠭᠡᠭᠰᠢᠯᠡᠭᠦᠯᠪᠡ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ᠂ ᠡᠭᠦᠷᠭᠡ  ᠴᠢᠳᠠᠪᠤᠷᠢ  ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾᠎ ᠤᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ︽ᠲᠠᠪᠤᠨ ᠶᠠᠮᠤᠨ᠂ ᠨᠢᠭᠡ ᠠᠯᠪᠠᠨ ᠭᠡᠷ᠂ ᠬᠤᠶᠠᠷ ᠲᠣᠪᠴᠢᠶ᠎ᠠ︾᠎ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠠᠢ᠃ ︽ᠪᠠᠭᠤᠯᠭᠠᠬᠤ  ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠲᠥᠰᠦᠯ︾᠎ ᠢ ᠲᠣᠭᠲᠠᠭᠠᠨ ᠨᠡᠶᠢᠲᠡᠯᠡᠵᠦ᠂ ᠬᠢᠨᠠᠨ ᠵᠥᠪᠰᠢᠶᠡᠷᠡᠬᠦ ᠦᠶᠯᠡᠴᠢᠯᠡᠭᠡ ᠶᠢ ︽ᠳᠠᠷᠦ᠋ᠢᠬᠠᠨ ᠭᠦᠶᠴᠡᠳᠬᠡᠬᠦ᠂ ᠰᠦᠯᠵᠢᠶᠡᠨ ᠳᠡᠭᠡᠷ᠎ᠡ ᠭᠦᠶᠴᠡᠳᠬᠡᠬᠦ᠂  ᠤᠶᠢᠷ᠎ᠠ ᠬᠠᠪᠢ ᠳᠤᠨᠢ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾᠎ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠣᠯᠠᠨ ᠲᠦᠮᠡᠨ ᠳᠤ ᠦᠶᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ  ᠦᠨᠡᠨᠬᠦ  ᠰᠢᠢᠳᠪᠦᠷᠢᠯᠡᠵᠡᠢ᠃ ᠠᠵᠤ ᠠᠬᠤᠶᠢᠯᠠᠯ ᠤᠨ ᠣᠷᠣᠯᠠᠨ ᠭᠦᠢᠴᠡᠳᠬᠡᠬᠦ ᠲᠥᠪ ᠪᠠᠶᠢᠭᠤᠯᠵᠤ᠂ ᠠᠵᠤ ᠠᠬᠤᠶᠢᠯᠠᠯ ᠤᠨ ᠲᠥᠷᠥᠯ ᠵᠦᠶᠯ ᠢ ᠲᠣᠭᠲᠠᠭᠠᠬᠤ ᠠᠴᠠ ᠪᠠᠷᠢᠯᠭ᠎ᠠ ᠳᠠᠭᠤᠰᠬᠤ ᠬᠦᠷᠲᠡᠯᠡᠬᠢ ᠭᠠᠷᠳᠠᠮ ᠢ ᠪᠥᠬᠦ ᠶᠠᠪᠤᠴᠠ ᠎ ᠳᠤ ᠣᠷᠣᠯᠠᠨ ᠭᠦᠶᠴᠡᠳᠬᠡᠬᠦ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠴᠠᠭ ᠲᠤᠬᠠᠶ ᠳᠤᠨᠢ ᠭᠦᠶᠴᠡᠳᠬᠡᠵᠦ ᠳᠠᠭᠤᠰᠬᠠᠭᠰᠠᠨ ᠨᠣᠷᠮ᠎ᠠ ᠎ ᠶᠢ 100%᠎ ᠳᠤ  ᠬᠦᠷᠦᠭᠦᠯᠵᠡᠢ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ︽ ᠤᠯᠠᠨ  ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾᠂ ︽ᠦᠨᠡᠮᠯᠡᠯ ᠢ  ᠠᠰ ᠳᠤᠨᠢ ᠰᠠᠯᠭᠠᠬᠤ︾ ᠪᠠ ᠪᠦᠬᠦ ᠶᠠᠪᠤᠴᠠ ᠶᠢᠨ ᠰᠦᠯᠵᠢᠶᠡᠨ ᠳᠡᠭᠡᠷ᠎ᠡ ᠡᠯᠧᠺᠲᠷᠣᠨ ᠢᠶᠠᠷ  ᠳᠠᠩᠰᠠᠯᠠᠬᠤ  ᠶᠢ ᠪᠦᠬᠦ ᠲᠠᠯ᠎ᠠ ᠪᠠᠷ  ᠬᠡᠷᠡᠭᠵᠢᠭᠦᠯᠵᠡᠢ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ  ᠥᠭᠡᠷᠡᠴᠢᠯᠡᠯᠲᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠦᠬᠦ ᠵᠢᠯ ᠳᠤ 4797 ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠢᠨ᠎ᠡ ᠪᠠᠷ ᠨᠡᠮᠡᠭᠳᠡᠭᠦᠯᠪᠡ᠃ ᠤᠯᠤᠰ ᠤᠨ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ 4.87 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ ᠬᠡᠯᠲᠦᠷᠢᠭᠦᠯᠪᠡ ᠃ ᠪᠦᠬᠦ ᠬᠤᠲᠠ ᠳᠤ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠶᠯ ᠤᠨ ᠳᠦᠷᠢᠮ ᠪᠣᠯᠤᠨ ᠢᠨᠵᠧᠨᠧᠷᠢᠩ ᠤᠨ ᠬᠦᠷᠢᠶᠡᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠡᠩ ᠲᠡᠷᠢᠭᠦᠨ ᠳᠤ ᠬᠡᠷᠡᠭᠵᠢᠭᠦᠯᠵᠡᠶ᠃ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠬᠦᠯᠵᠡᠢ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠵᠢᠴᠢ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠥᠷᠨᠢᠭᠦᠯᠵᠦ᠂ ᠨᠢᠭᠡ ᠰᠢᠶᠠᠩ ᠨᠢᠭᠡ ᠪᠠᠯᠭᠠᠰᠤᠨ ᠤ 25 ᠲᠣᠰᠬᠤᠨ ᠤ ᠬᠠᠮᠲᠤ ᠳᠤ ᠴᠥᠮ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠡ ᠪᠠᠶᠢᠭᠤᠯᠵᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠨᠣᠷᠮ᠎ᠠ 99.1%᠎ ᠳᠤ ᠬᠦᠷᠴᠡᠶ᠃         ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠪᠠᠲᠤᠯᠠᠬᠤ ᠰᠢᠰᠲ᠋ᠧᠮ ᠢ ᠦᠨᠡᠨᠬᠦ ᠪᠠᠶᠢᠭᠤᠯᠵᠤ᠂  ᠠᠷᠠᠳ ᠤᠨ ᠬᠦᠴᠢᠷᠳᠡᠯ ᠢ ᠠᠷᠢᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢᠯᠡᠳᠲᠡ ᠴᠢᠩᠭᠠᠷᠠᠪᠠ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠬᠤᠳᠠ ᠪᠠᠯᠭᠠᠰᠤᠨ ᠤ 5000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ  ᠢ ᠰᠢᠯᠵᠢᠭᠦᠯᠦᠨ 1.7 ᠲᠦᠮᠡᠨ ᠬᠥᠮᠦᠨ ᠳᠤ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ  ᠤᠯᠤᠭᠰᠠᠨ  ᠨᠤᠷᠮ᠎ᠠ ᠶᠢ 4.0%᠎  ᠬᠦᠷᠴᠡᠢ᠃ ᠶᠡᠭᠡ ᠬᠦᠴᠦ ᠣᠷᠣᠭᠤᠯᠵᠤ ᠪᠠᠶᠢᠭᠠᠳ ᠡᠳ᠋ ᠤᠨ ᠵᠠᠰᠠᠭ ᠤᠨ ᠵᠠᠷᠤᠯᠭ᠎ᠠ ᠶᠢ ᠰᠢᠯᠢᠳᠡᠭᠵᠢᠭᠦᠯᠵᠦ᠂ ᠡᠳ᠋ ᠤᠨ ᠬᠦᠴᠦᠨ ᠢ  ᠠᠷᠪᠢᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠬᠡᠷᠡᠭᠯᠡᠵᠦ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 15 ᠵᠢᠯ ᠳᠠᠷᠠᠭᠠᠯᠠᠨ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠯᠲᠠ ᠶᠢᠨ ᠨᠤᠷᠮ᠎ᠠ ᠶᠢ 100%᠎ ᠪᠠᠷ ᠨᠡᠮᠡᠭᠳᠡᠭᠦᠯᠪᠡ  ᠃  ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡ ᠴᠣᠭᠴᠠᠵᠢᠭᠤᠯᠤᠨ ᠠᠵᠢᠯᠯᠠᠭᠤᠯᠵᠤ᠂ ᠬᠤᠲᠠ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠮᠤᠭ ᠤᠨ ᠥᠨᠳᠥᠷ ᠪᠠᠷᠢᠮᠵᠢᠶ᠎ᠠ ᠶᠢ ᠲᠣᠰ ᠲᠣᠰ 5.9% ᠪᠠ 6.0%᠎ ᠢᠶᠠᠷ ᠨᠡᠮᠡᠭᠳᠡᠭᠦᠯᠦᠨ᠎ᠡ  ᠃  ᠪᠥᠬᠦ ᠵᠢᠯ ᠳᠤ 2014 ᠣᠨ ᠠᠴᠠ ᠨᠠᠰᠢ ᠲᠤᠰᠢᠶᠠᠭᠠᠳᠤᠶ ᠺᠠᠳ᠋ᠷ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ  ᠳᠠᠭᠠᠳᠬᠠᠯ  ᠤᠨ ᠮᠥᠩᠭᠦ᠂ ᠠᠵᠢᠯ ᠮᠡᠷᠭᠡᠵᠢᠯ ᠤᠨ ᠣᠨ ᠤ ᠮᠥᠩᠭᠦ 2.16 ᠳ᠋ᠦᠩᠰᠢᠭᠤᠷ ᠲᠥᠭᠦᠷᠢᠭ ᠨᠥᠬᠦᠨ ᠲᠤᠰᠢᠶᠠᠵᠠᠢ᠃  1262 ᠴᠡᠷᠢᠭ ︵ᠦᠷᠡᠭᠳᠡᠭᠰᠡᠨ ᠪᠠᠭᠠᠲᠤᠷ︶᠎ ᠤᠨ ᠬᠠᠷᠢᠶᠠᠨ ᠳᠤ 2466 ᠲᠦᠮᠡᠨ ᠲᠥᠭᠦᠷᠢᠭ ᠤᠨ ᠠᠰᠠᠷᠠᠮᠵᠢ ᠶᠢᠨ  ᠮᠦᠡᠭᠭᠦ ᠲᠠᠷᠬᠠᠭᠠᠵᠤ᠂ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ᠂ ᠥᠨᠥᠴᠢᠨ ᠬᠡᠤᠬᠡᠳ ᠵᠡᠷᠭᠡ ᠬᠦᠴᠢᠷᠳᠡᠯᠲᠡᠶ ᠬᠠᠮᠲᠤᠯᠢᠭ ᠤᠨ  ᠠᠮᠢᠳᠤᠷᠠᠯ  ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠪᠠ᠃ ᠶᠡᠷᠦᠩᠬᠡᠶ ᠰᠠᠶᠢᠳ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ  ᠬᠤᠲᠠ  ᠶᠢᠨ ᠱᠠᠭᠠᠷᠳᠠᠯᠭ᠎ᠠ ᠶᠣᠰᠣᠭᠠᠷ᠂ ᠪᠦᠬᠦ  ᠲᠤᠭᠤᠷᠢᠭ ᠤᠨ 1.2 ᠲᠦᠮᠡᠨ ᠡᠷᠦᠬᠡ ᠳᠥᠭᠦᠮ  ᠪᠦᠳᠦᠴᠡᠳᠦ ᠣᠷᠣᠨ ᠰᠠᠭᠤᠴᠠᠲᠤ ᠲᠣᠭᠤᠷᠢᠭ  ᠢ  ᠦᠭᠡᠷᠡᠴᠢᠯᠡᠨ  ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠠᠷ᠎ᠠ ᠳᠤ ᠭᠡᠷ᠎ᠡ ᠲᠣᠭᠲᠠᠭᠰᠠᠨ ᠲᠦᠮᠡᠨ ᠡᠷᠦᠬᠡ ᠶᠢᠨ ︽ᠵᠢᠨᠢᠩ ᠤᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠬᠤᠷᠳᠤᠴᠠ︾᠎ ᠶᠢ ᠡᠭᠦᠳᠴᠦ᠂ ᠲᠥᠪ ᠲᠧᠯᠸᠢᠰ ᠤᠨ ᠰᠢᠷᠢᠰ ᠲᠤᠰᠬᠠᠶ ᠰᠡᠳᠦᠪᠲᠦ ᠹᠢᠯᠢᠮ ︽ᠳᠤᠮᠳᠠᠳᠤ  ᠤᠯᠤᠰ  ᠲᠤ ᠨᠤᠲᠤᠭᠰᠢᠪᠠ︾ ᠭᠡᠬᠦ ᠺᠢᠨᠣ᠋ ᠳᠤ ᠰᠣᠩᠭᠤᠭᠳᠠᠪᠠ᠃ ᠰᠢᠨ ᠱᠠᠩ ᠭᠡᠷ ᠣᠷᠣᠨ ᠵᠡᠷᠭᠡ 12634 ᠢᠵᠢ᠂ 166 ᠲᠦᠮᠡᠨ ᠲᠡᠭᠰᠢ ᠳᠥᠷᠪᠡᠯᠵᠢᠨ  ᠮᠧᠲᠷ ᠤᠨ ᠨᠤᠷᠠᠭᠠᠨ ᠨᠡᠭᠦᠯᠭᠡᠵᠦ  ᠲᠦᠪᠬᠢᠨᠡᠬᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ  ᠠᠬᠢᠭᠤᠯᠵᠠᠢ᠃ ᠬᠠᠭᠤᠴᠢᠨ ᠰᠠᠭᠤᠭᠠᠯᠢ ᠲᠣᠭᠤᠷᠢᠭ  ᠢ ᠥᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠲᠦᠷᠦᠭᠦᠦ ᠪᠦᠯᠦᠭ ᠤᠳᠠᠭ᠎ᠠ 20  ᠪᠠᠭ᠎ᠠ ᠲᠣᠭᠤᠷᠢᠭ᠂ 37.3 ᠲᠦᠮᠡᠨ ᠲᠡᠭᠰᠢ ᠳᠥᠷᠪᠡᠯᠵᠢᠨ  ᠮᠧᠲᠷ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦᠨ ᠢ ᠳᠠᠭᠤᠰᠬᠠᠪᠠ᠃ 2.6 ᠲᠦᠮᠡᠨ ᠢᠵᠢ ᠬᠡᠷ ᠪᠠᠶᠢᠰᠢᠩ ᠤᠨ ︽ᠦᠨᠡᠮᠯᠡᠯ ᠭᠦᠶᠴᠡᠳᠬᠡᠬᠦ ᠳᠤ ᠬᠦᠴᠢᠷᠲᠡᠶ︾ ᠂ 3807 ᠡᠷᠦᠬᠡ ︽ᠨᠤᠷᠠᠭᠠᠵᠤ ᠨᠡᠭᠦᠬᠦ ᠳᠤ ᠬᠦᠴᠢᠷᠲᠡᠶ︾ ᠲᠡᠤᠬᠡ ᠶᠢᠨ ᠦᠯᠡᠳᠡᠭᠳᠡᠯ ᠠᠰᠠᠭᠤᠳᠠᠯ ᠢ ᠲᠣᠬᠢᠲᠠᠶ ᠰᠢᠶᠳᠪᠦᠷᠢᠯᠡᠵᠦ᠂ ᠣᠯᠠᠨ ᠲᠦᠮᠡᠨ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠠᠮᠤᠭᠤᠯᠠᠩ ᠰᠠᠭᠤᠴᠠ ᠶᠢᠨ ᠵᠡᠭᠦᠳᠦ ᠲᠣᠭᠲᠠᠭᠤᠨ ᠢᠶᠠᠷ ᠪᠡᠶᠡᠯᠡᠭᠳᠡᠪᠡ᠃ ᠪᠦᠬᠦ ᠵᠢᠯ ᠳᠤ ᠨᠡᠶᠢᠲᠡ 1087 ᠨᠡᠶᠢᠲᠡ ᠶᠢᠨ ᠲᠦᠷᠢᠶᠡᠰᠦᠨ ᠭᠡᠷ ᠬᠤᠪᠢᠶᠠᠵᠤ᠂ 281 ᠲᠦᠮᠡᠨ ᠲᠥᠭᠦᠷᠢᠭ ᠤᠨ ᠲᠦᠷᠢᠶᠡᠰᠦᠨ ᠨᠥᠬᠦᠪᠥᠷᠢ ᠮᠥᠩᠭᠦ ᠲᠠᠷᠬᠠᠭᠠᠵᠤ᠂ ᠣᠷᠣᠨ ᠰᠠᠭᠤᠴᠠ ᠨᠢ ᠬᠦᠴᠢᠷᠳᠡᠯᠲᠡᠢ ᠭᠡᠷ ᠪᠦᠯᠢ ᠶᠢᠨ ᠪᠠᠲᠤᠯᠠᠪᠠᠰᠤ ᠵᠣᠬᠢᠬᠤ ᠶᠢ ᠨᠢ ᠪᠦᠬᠦᠨ ᠢ  ᠪᠠᠲᠤᠯᠠᠵᠠᠢ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ︽ᠭᠤᠷᠪᠠᠨ ᠨᠡᠷ᠎ᠡ︾᠎ ᠶᠢᠨ ᠢᠨᠵᠧᠨᠧᠷᠢᠩ ᠢ ᠯᠠᠪᠳᠠᠭᠤᠨ ᠢᠶᠠᠷ  ᠠᠬᠢᠭᠤᠯᠵᠠᠢ  ᠃ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ 2 ᠰᠣᠷᠣᠭᠴᠢ  ᠰᠢᠯᠢᠳᠡᠭ  ᠬᠢᠷᠢ ᠪᠦᠲᠦᠮᠵᠢ ᠪᠠᠷ ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠨ᠂ 11 ᠵᠢᠯ ᠤᠨ ᠲᠤᠷᠰᠢ ᠤᠯᠠᠭᠠᠨᠴᠠᠪ  ᠤᠷᠤᠨ  ᠤ ᠨᠢᠴᠦᠭᠦᠨ ᠬᠤᠪᠢ ᠪᠠᠷ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠎ ᠳᠤ ᠡᠯᠰᠡᠭᠳᠡᠭᠰᠡᠨ ︽ᠦᠭᠡᠢ ᠪᠠᠶᠢᠭᠰᠠᠨ ᠰᠢᠪᠲᠤᠯᠤᠯᠲᠠ︾᠎ ᠶᠢ ᠪᠡᠶᠡᠯᠡᠭᠦᠯᠪᠡ᠃ ᠬᠥᠯ ᠪᠥᠮᠪᠦᠭᠡ᠂ ᠲᠣᠣᠷ ᠪᠥᠮᠪᠦᠭᠡ᠂ ᠮᠥᠰᠥ ᠴᠠᠰᠤᠨ ᠤ  ᠭᠤᠯᠭᠤᠯᠲᠠ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ  ᠢᠳᠡᠪᠬᠢᠲᠡᠢ  ᠥᠷᠨᠢᠭᠦᠯᠵᠦ᠂ ᠪᠦᠬᠦ  ᠲᠤᠭᠤᠷᠢᠭ ᠵᠢᠴᠢ ᠡᠷᠭᠢᠨ ᠲᠣᠭᠤᠷᠢᠨ ᠤ ᠬᠤᠰᠢᠭᠤ ᠰᠢᠶᠠᠨ ᠤ ᠳᠤᠮᠳᠠᠳᠤ ᠪᠠᠭ᠎ᠠ  ᠰᠤᠷᠭᠠᠭᠤᠯᠢ  ᠶᠢᠨ ᠰᠤᠷᠤᠭᠴᠢᠳ ᠲᠤ 8.5 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠵᠠᠩ ᠭᠠᠶ ᠶᠢᠩ᠂ ᠪᠠᠶ ᠸᠠᠩ ᠬᠡᠤᠬᠡᠳ ᠤᠨ ᠴᠡᠴᠡᠷᠯᠢᠭ ᠪᠦᠬᠦ ᠲᠠᠯ᠎ᠠ ᠪᠠᠷ  ᠪᠠᠷᠢᠯᠭ᠎ᠠ  ᠳᠠᠭᠤᠰᠴᠤ᠂ ᠵᠢᠶ᠋ᠨ ᠾᠧ ᠰᠢᠨ ᠶᠤᠸᠠᠨ B ᠲᠣᠭᠤᠷᠢᠭ᠂ ᠰᠢᠶᠠᠩ ᠾᠧ ᠳ᠋ᠦᠩ ᠹᠠᠩ᠂ ᠵᠢᠶᠠᠩ ᠳ᠋ᠦᠩ ᠵᠢᠶᠦ᠋ᠨ ᠬᠡᠤᠬᠡᠳ ᠤᠨ ᠴᠡᠴᠡᠷᠯᠢᠭ ᠳᠣᠲᠣᠭᠠᠳᠤ ᠵᠠᠰᠠᠯ ᠴᠢᠮᠡᠭᠯᠡᠯ ᠤᠨ ᠱᠠᠲᠤᠨ ᠳᠤ ᠣᠷᠣᠵᠠᠶ᠃ ᠵᠠᠩ ᠭᠠᠶ ᠶᠢᠩ᠂ ᠾᠧᠩ ᠳ᠋ᠡ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠲᠦᠷᠭᠡᠳᠬᠡᠨ ᠪᠠᠶᠢᠭᠤᠯᠪᠠ᠃ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠤᠨ ᠭᠤᠷᠪᠠᠳᠤᠭᠠᠷ ᠡᠮᠨᠡᠯᠭᠡ ᠶᠢᠨ ᠬᠤᠷᠢᠶᠠᠨ  ᠤ ᠤᠳᠤᠷᠢᠳᠬᠤ ᠪᠠᠭ ᠤᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠡᠶ᠃ ᠪᠡᠭᠡᠵᠢᠩ ᠤᠨ ᠴᠠᠩ ᠴᠦᠨ ᠲᠧᠩ ᠠᠨᠠᠭᠠᠬᠤ ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠤ ᠬᠤᠯᠪᠣᠭ᠎ᠠ ᠲᠠᠢ ᠢᠳᠡᠪᠬᠢᠲᠡᠶ ᠬᠠᠮᠲᠤᠷᠠᠨ ᠠᠵᠢᠯᠯᠠᠵᠤ᠂ ᠪᠡᠭᠡᠵᠢᠩ ᠤᠨ ᠹᠦ᠋ ᠸᠠᠶ ᠵᠡᠷᠭᠡ ᠡᠮᠨᠡᠯᠭᠡ ᠶᠢᠨ ᠬᠤᠷᠢᠶᠠᠨ ᠤ ᠨᠡᠷᠡᠲᠦ ᠲᠤᠰᠬᠠᠶ ᠮᠡᠷᠭᠡᠵᠢᠯᠲᠡᠨ ᠢ ᠲᠡᠳᠡᠨ ᠠᠪᠴᠢᠷᠠᠵᠤ ᠮᠠᠨ ᠤ  ᠲᠤᠭᠤᠷᠢᠭ ᠲᠤ ᠣᠯᠠᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠡᠭᠦᠳᠦᠨ  ᠪᠠᠶᠢᠭᠤᠯᠵᠠᠢ᠃ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠢᠵᠠᠭᠠᠷᠯᠠᠵᠤ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠰᠣᠶᠣᠯ ᠪᠡᠶ᠎ᠡ ᠶᠢᠨ ᠲᠠᠮᠢᠷ ᠤᠨ ᠦᠶᠯᠡᠰ ᠲᠦᠷᠭᠡᠪᠴᠢᠯᠡᠨ ᠬᠥᠭᠵᠢᠪᠡ᠃ ᠵᠢᠨᠢᠩ ᠤᠨ ᠳᠠᠶᠢᠯᠠᠯᠳᠤᠭᠠᠨ ᠤ ᠪᠠᠭᠤᠷᠢ ᠨᠢ ︽  ᠨᠠᠢᠮᠠᠳᠤᠭᠠᠷ ᠪᠦᠯᠦᠭ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ  ᠨᠢᠭᠡᠴᠡ︾᠎ ᠪᠠᠷ ᠦᠨᠡᠯᠡᠭᠳᠡᠪᠡ᠃ ᠳᠡᠯᠡᠬᠡᠶ ᠶᠢᠨ ᠡᠮᠡᠭᠲᠡᠶ ᠶᠢᠨ ᠲᠣᠣᠷ ᠪᠥᠮᠪᠦᠭᠡ ᠶᠢᠨ ᠲᠣᠭᠤᠷᠢᠨ ᠦᠵᠡᠬᠦ ᠤᠷᠤᠯᠳᠤᠭᠠᠨ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠬᠠᠳᠠ ᠠᠪᠠᠷᠢᠬᠤ ᠬᠤᠯᠪᠣᠭᠠᠲᠤ  ᠤᠷᠤᠯᠳᠤᠭᠠᠨ  ᠵᠡᠷᠭᠡ ᠨᠢᠭᠡ ᠪᠦᠯᠦᠭ ᠰᠣᠶᠣᠯ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠪᠡ  ᠃᡽ ᠴᠡᠴᠡᠷᠯᠢᠭ᠂ ᠠᠭᠤᠳᠠᠮ ᠲᠠᠯᠠᠪᠠᠢ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠰᠣᠶᠣᠯ ᠲᠠᠮᠢᠷ ᠤᠨ ᠲᠦᠬᠦᠭᠡᠷᠤᠮᠵᠢ  ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠭᠠᠨᠮᠥ᠋ᠴᠢᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠣᠶᠤᠨ ᠤ ᠠᠮᠢᠳᠤᠷᠠᠯ ᠢ ᠨᠠᠩ ᠪᠠᠶᠠᠯᠢᠭ ᠰᠠᠶᠢᠬᠠᠨ ᠪᠤᠯᠭᠠᠵᠠᠢ᠃ ᠠᠮᠤᠷ ᠠᠮᠤᠭᠤᠯᠠᠩ ᠵᠢᠨᠢᠩ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠦᠨᠵᠡᠬᠡᠢ ᠥᠷᠨᠢᠭᠦᠯᠪᠡ᠃ ᠪᠦᠬᠦ  ᠲᠤᠭᠤᠷᠢᠭ ᠤᠨ ᠭᠤᠷᠪᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠬᠤᠷᠠᠯ ᠢ ᠠᠮᠵᠢᠯᠲᠠ ᠲᠠᠢ ᠬᠤᠷᠠᠯᠳᠤᠭᠤᠯᠪᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠠᠶᠤᠯ ᠦᠭᠡᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ  ᠢ ᠴᠢᠩᠭ᠎ᠠ  ᠨᠠᠶᠢᠳᠠᠪᠤᠷᠢᠵᠢᠭᠤᠯᠵᠠᠢ  ᠃ ᠠᠶᠤᠯ ᠦᠭᠡᠢ ᠦᠶᠯᠡᠳᠪᠦᠷᠢᠯᠡᠯ᠂ ᠢᠳᠡᠭᠡᠨ ᠪᠠ ᠡᠮ ᠤᠨ ᠵᠦᠶᠯ᠂ ᠵᠠᠬᠢᠳᠠᠯ ᠰᠤᠷᠪᠤᠯᠵᠢᠯᠠᠯ ᠤᠨ ᠪᠠᠶᠢᠳᠠᠯ  ᠰᠠᠶᠢᠵᠢᠷᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠯᠠᠪᠳᠠᠭᠤᠨ ᠪᠠᠲᠤᠲᠠᠶ ᠥᠷᠨᠢᠭᠦᠯᠵᠦ᠂  ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠤᠨ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠲᠥᠯᠥᠭᠡᠯᠡᠭᠴᠢᠳ ᠡ︕            2019 ᠣᠨ ᠢ ᠡᠷᠭᠢᠴᠡᠭᠦᠯᠪᠡᠯ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠵᠢᠱᠢᠯᠲᠡ ᠠᠴᠠ ᠨᠠᠩ ᠬᠦᠨᠳᠦ  ᠨᠤᠴᠢᠲᠠᠢ ᠪᠠᠶᠢᠵᠤ᠂ ᠲᠤᠯᠭᠠᠷᠠᠭᠰᠠᠨ ᠬᠦᠴᠢᠷᠳᠡᠯ ᠨᠢ ᠤᠤᠯ ᠤᠨ ᠪᠣᠳᠣᠭᠰᠠᠨ ᠠᠴᠠ ᠨᠠᠩ ᠪᠤᠳᠤᠯᠢᠶᠠᠨᠲᠠᠢ᠂ ᠶᠠᠪᠤᠵᠤ ᠥᠩᠭᠡᠷᠡᠭᠰᠡᠨ ᠵᠠᠮ ᠨᠢ ᠥᠩᠭᠡᠷᠡᠭᠰᠡᠨ ᠠᠴᠠ ᠨᠠᠩ ᠶᠡᠷᠦ ᠪᠤᠰᠤ ᠶᠢᠨ ᠶᠤᠮ᠃ ᠡᠨᠡ ᠨᠢᠭᠡ ᠵᠢᠯ ᠳᠤ ᠪᠢᠳᠡ  ᠲᠤᠭᠤᠷᠢᠭ ᠤᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠳᠠᠷᠤᠯᠲᠠ ᠥᠷᠢᠰᠥᠯᠳᠦᠭᠡᠨ ᠢ ᠲᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠨᠢᠭᠡ ᠪᠦᠯᠦᠭ  ᠪᠤᠳᠠᠳᠤ ᠶᠠᠪᠤᠳᠠᠯ ᠢ ᠬᠢᠵᠦ᠂ ᠬᠠᠷᠢᠭᠤᠴᠠᠯᠭ᠎ᠠ ᠡᠭᠦᠷᠭᠡᠯᠡᠯ ᠢᠶᠠᠷ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠭᠦᠷᠭᠡ ᠶᠢᠨ ᠤᠭ ᠰᠠᠨᠠᠭ᠎ᠠ ᠪᠠᠷ ᠠᠮᠠᠯᠠᠯᠲᠠ ᠪᠠᠨ ᠪᠡᠶᠡᠯᠡᠭᠦᠯᠵᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ ᠨᠢᠭᠡ ᠵᠢᠯ ᠤᠨ ᠲᠤᠷᠰᠢ᠂ ᠪᠢᠳᠡ ᠨᠠᠮ ᠤᠨ ᠲᠥᠪ ᠬᠤᠷᠢᠶᠠᠨ ᠤ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠳᠤ ︽ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ  ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾᠎ ᠢ ᠡᠭᠦᠳᠦᠨ ᠪᠠᠶᠢᠭᠤᠯᠬᠤ ᠶᠢ ᠡᠬᠢᠯᠡᠭᠦᠯᠪᠡ᠃ ᠳᠡᠭᠡᠳᠦ ᠱᠠᠲᠤᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠲᠥᠪ ᠎ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠰᠢᠮᠳᠠᠭᠤᠯᠤᠨ ᠵᠢᠯᠣᠭᠤᠳᠬᠤ᠂ ᠲᠥᠷᠥ ᠶᠢᠨ ᠶᠠᠪᠤᠳᠠᠯ ᠎ ᠤᠨ ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ᠂ ᠲᠥᠪ ᠤᠨ ᠱᠠᠰᠢᠨ ᠰᠤᠷᠲᠠᠬᠤᠨ ᠤ ᠠᠵᠢᠯ ᠤᠨ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠲᠣᠭᠤᠷᠢᠨ ᠪᠠᠶᠢᠴᠠᠭᠠᠯᠲᠠ ᠵᠡᠷᠭᠡ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠣᠯᠠᠨ  ᠨᠠᠮ ᠤᠨ ᠭᠡᠰᠢᠭᠦᠨ ᠺᠠᠳ᠋ᠷ ᠤᠨ ︽ᠳᠥᠷᠪᠡᠨ ᠤᠬᠠᠮᠰᠠᠷ︾ ᠨᠠᠩ ᠪᠠᠲᠤ ᠪᠠᠬᠢ ᠪᠣᠯᠵᠣ᠂ ︽ᠳᠥᠷᠪᠡᠨ ᠢᠲᠡᠭᠡᠯ︾ ᠨᠠᠩ ᠡᠷᠡᠰ ᠪᠠᠲᠤ ᠪᠣᠯᠵᠣ᠂ ︽ᠬᠤᠶᠠᠷ ᠢ ᠬᠠᠮᠠᠭᠠᠯᠠᠬᠤ︾ ᠨᠠᠩ ᠤᠬᠠᠮᠰᠠᠷᠲᠠᠶ ᠪᠣᠯᠪᠠ᠃ ᠢᠯᠵᠠᠷᠠᠯ ᠤᠨ ᠬᠡᠷᠡᠭ ᠠᠴᠠ ᠭᠦᠨᠵᠡᠭᠡᠶ ᠰᠤᠷᠭᠠᠮᠵᠢ ᠠᠪᠴᠤ᠂ ᠲᠥᠪ ᠤᠨ  ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ  ᠲᠤᠭᠤᠷᠢᠭ ᠤᠨ ᠺᠠᠳ᠋ᠷ ᠤᠨ ᠰᠤᠷᠲᠠᠯ ᠢᠯᠡᠳᠲᠡ ᠰᠠᠶᠢᠵᠢᠷᠠᠪᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ  ᠬᠠᠷᠢᠭᠤᠴᠠᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠢ ᠴᠢᠩᠭ᠎ᠠ ᠵᠠᠰᠠᠬᠤ ᠡᠯ᠎ᠡ ᠵᠦᠶᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ  ᠪᠠᠶᠢᠴᠠᠭᠠᠬᠤ ᠪᠠ ︽ᠭᠤᠷᠪᠠᠨ  ᠭᠤᠤᠯᠳᠠᠯᠭ᠎ᠠ ᠨᠢᠭᠡ ᠶᠡᠭᠡ︾᠎ ᠶᠢᠨ ᠬᠡᠷᠡᠭ ᠵᠥᠪᠯᠡᠬᠦ ᠲᠦᠷᠢᠮ ᠢ ᠬᠢᠨᠠᠮᠠᠭᠠᠶ ᠬᠡᠷᠡᠭᠵᠢᠭᠦᠯᠦᠨ᠎ᠡ᠃  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ  ᠬᠤᠷᠢᠶᠠᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠲᠣᠭᠤᠷᠢᠭ ᠤᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 132 ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ 47 ᠬᠤᠪᠢ᠂ ᠰᠢᠢᠳᠪᠦᠷᠢᠯ ᠡᠵᠦ ᠳᠠᠭᠤᠰᠬᠠᠭᠰᠠᠨ ᠨᠣᠷᠮ᠎ᠠ 100%᠎ ᠳᠤ ᠬᠦᠷᠴᠡᠢ  ᠃ ᠠᠷᠠᠳ ᠤᠨ ᠰᠡᠳᠬᠢᠯ ᠤᠨ ᠰᠦᠯᠵᠢᠶ᠎ᠡ ᠶᠢ 235 ᠬᠤᠪᠢ ᠰᠢᠯᠵᠢᠭᠦᠯᠦᠨ ᠭᠦᠢᠴᠡᠳᠬᠡᠵᠦ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠢ 27 ᠬᠤᠪᠢ᠂ ᠲᠣᠭᠤᠷᠢᠭ ᠤᠨ ᠳᠠᠷᠤᠭ᠎ᠠ ᠶᠢᠨ  ᠵᠠᠬᠢᠲᠠᠯ ᠤᠨ ᠬᠠᠶᠢᠷᠴᠠᠭ 436 ᠬᠤᠪᠢ  ᠶᠢ 100%  ᠎ ᠪᠠᠷ ᠰᠢᠶᠳᠪᠦᠷᠢᠯᠡᠵᠦ  ᠳᠠᠭᠤᠰᠬᠠᠵᠠᠢ  ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠎ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠰᠣᠨᠢᠨ ᠮᠡᠳᠡᠭᠡᠨ ᠤ ᠵᠠᠭᠤᠴᠢᠯᠠᠭᠤᠷ᠂  ᠭᠠᠳᠠᠭᠠᠳᠤ  ᠶᠠᠪᠤᠳᠠᠯ ᠬᠠᠷᠢᠶᠠᠲᠤ ᠶᠢᠨ ᠶᠠᠪᠤᠳᠠᠯ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠴᠠᠭ ᠠᠭᠤᠷ᠂ ᠠᠮᠤ ᠪᠤᠳᠠᠭ᠎ᠠ᠂ ᠪᠠᠷᠠᠭᠠᠨ ᠤ ᠦᠨ᠎ᠡ᠂ ᠬᠤᠶᠠᠷ ᠢ ᠬᠦᠷᠢᠶᠡᠯᠡᠬᠦ᠂ ᠬᠢᠨᠠᠨ ᠪᠤᠳᠤᠬᠤ ᠂ ᠲᠤᠭ᠎ᠠ ᠪᠦᠷᠢᠳᠬᠡᠯ᠂ ᠳᠠᠩᠰᠠ  ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠠᠵᠢᠯ ᠲᠠᠰᠤᠷᠠᠯᠲᠠ ᠦᠭᠡᠢ ᠰᠢᠨ᠎ᠡ ᠳᠠᠪᠰᠢᠯᠲᠠ ᠲᠠᠢ ᠪᠣᠯᠬᠤ ᠶᠢ ᠨᠢᠭᠡᠳᠦᠯᠲᠡᠢ ᠳᠤ ᠲᠥᠯᠥᠪᠯᠡᠨ  ᠠᠬᠢᠭᠤᠯᠵᠠᠢ᠃  ᠲᠥᠯᠥᠭᠡᠯᠡᠭᠴᠢᠳ ᠡ︕          ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂  ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ  ᠲᠠᠯᠪᠢᠵᠤ᠂ ᠬᠦᠴᠦᠯᠡᠨ ᠳᠡᠮᠵᠢᠭᠰᠡᠨ ᠤ ᠦᠷ᠎ᠡ ᠳ᠋ᠦᠩ ᠮᠥᠨ᠂ ᠨᠡᠩ ᠴᠤ ᠪᠦᠬᠦ  ᠲᠤᠭᠤᠷᠢᠭ ᠤᠨ ᠠᠷᠠᠳ ᠲᠦᠮᠡᠨ ᠤ ᠬᠠᠮᠲᠤᠪᠠᠷ  ᠴᠢᠷᠮᠠᠶᠢᠵᠤ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠬᠥᠭᠡᠭᠡᠴᠡᠯᠳᠦᠭᠰᠡᠨ ᠤ ᠦᠷ᠎ᠡ ᠳ᠋ᠦᠩ ᠮᠥᠨ᠃ ᠠᠳᠡ ᠪᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠣᠷᠣᠨ ᠤ ᠠᠷᠠᠳ ᠲᠦᠮᠡᠨ ᠵᠠᠰᠠᠭ ᠤᠨ ᠣᠷᠳᠣᠨ ᠤ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ  ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ  ᠪᠦᠯᠦᠭ᠂ ᠵᠢᠨᠢᠩ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ ᠪᠤᠶ ᠪᠦᠬᠦᠢ ᠨᠥᠬᠦᠳ᠂  ᠨᠠᠶᠢᠵᠠ ᠨᠠᠷ ᠲᠤ᠂ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕          ᠠᠮᠤᠷ ᠲᠦᠪᠰᠢᠨ ᠪᠣᠯ ᠠᠶᠤᠯ ᠲᠦᠭᠰᠢᠭᠦᠷᠢ ᠶᠢ ᠮᠠᠷᠲᠠᠬᠤ ᠦᠭᠡᠢ᠂ ᠲᠣᠭᠲᠠᠭᠤᠨ ᠪᠣᠯ ᠵᠣᠪᠠᠭᠤᠷᠢ ᠵᠦᠳᠡᠭᠦᠷᠢ ᠶᠢ  ᠮᠠᠷᠲᠠᠬᠤ ᠦᠭᠡᠢ︕ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠠᠰᠠ ᠰᠡᠷᠭᠡᠭ ᠢᠶᠠᠷ ᠲᠠᠨᠢᠵᠤ ᠣᠯᠪᠠ᠃ ᠪᠦᠬᠦ  ᠲᠤᠭᠤᠷᠢᠭ ᠤᠨ ᠬᠥᠭᠵᠢᠯᠲᠡ ᠪᠣᠯ ᠨᠢᠭᠡ ᠵᠠᠮ ᠤᠨ ᠲᠡᠭᠰᠢ ᠳᠠᠷᠳᠠᠩ ᠵᠠᠮ ᠤᠭᠲᠤ ᠪᠢᠰᠢ᠂ ᠤᠷᠤᠭᠰᠢᠯᠠᠯᠲᠠ ᠶᠢᠨ ᠵᠠᠮ ᠳᠡᠭᠡᠷ᠎ᠡ᠂ ᠮᠥᠨ ᠬᠦ ᠮᠠᠰᠢ ᠤᠯᠠᠨ ᠰᠢᠯᠭᠠᠯᠲᠠ ᠲᠤᠯᠭᠠᠷᠠᠵᠤ ᠪᠠᠶᠢᠨ᠎ᠠ᠂ ᠬᠥᠭᠵᠢᠯᠲᠡ ᠲᠡᠩᠴᠡᠭᠦᠷᠢ ᠦᠭᠡᠢ  ᠪᠠᠶᠢᠬᠤ ᠨᠢ ᠮᠥᠨ ᠯᠡ ᠣᠳᠣᠬᠠᠨ ᠤ ᠭᠤᠤᠯ ᠵᠥᠷᠢᠴᠡᠯ ᠪᠤᠯᠵᠤ ᠪᠠᠶᠢᠨ᠎ᠠ᠃ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠬᠡᠪᠴᠢᠶ᠎ᠡ ᠪᠠᠭ᠎ᠠ᠂ ᠪᠦᠲᠦᠴᠡ ᠨᠢ ᠰᠢᠯᠢᠳᠡᠭ ᠪᠤᠰᠤ᠂ ᠠᠭᠤᠰᠤᠯᠴᠠᠬᠤ ᠬᠡᠮᠵᠢᠶ᠎ᠡ ᠨᠢ ᠥᠨᠳᠥᠷ ᠪᠢᠰᠢ᠂ ᠬᠥᠲᠥᠯᠬᠦ ᠬᠦᠴᠦᠨ ᠨᠢ ᠴᠢᠩᠭ᠎ᠠ ᠪᠢᠰᠢ᠂ ᠲᠣᠮᠣ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠯᠲᠠ ᠳᠤᠲᠠᠭᠳᠠᠵᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ  ᠴᠢᠬᠤᠯᠠᠲᠠᠢ ᠪᠠᠶᠢᠨ᠎ᠠ  ᠃ ᠲᠥᠷᠥᠯ ᠵᠦᠢᠯ ᠤᠨ ᠠᠰᠢᠭᠯᠠᠯᠲᠠ ᠳᠤ ᠤᠷᠤᠭᠰᠠᠨ ᠦᠷ᠎ᠡ ᠪᠦᠲᠦᠮᠵᠢ ᠥᠨᠳᠥᠷ ᠪᠢᠰᠢ᠂ ᠭᠠᠶᠢᠯᠢ ᠲᠠᠲᠠᠪᠤᠷᠢ ᠶᠢᠨ  ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠡᠷᠬᠡ ᠬᠠᠲᠠᠭᠤᠵᠢᠯᠲᠠᠶ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ  ᠳᠤᠪᠤᠶᠢᠮ᠎ᠠ ᠪᠠᠶᠢᠨ᠎ᠠ  ᠃ ᠠᠮᠢ ᠠᠬᠤᠢ ᠶᠢᠨ ᠣᠷᠴᠢᠨ ᠲᠣᠭᠤᠷᠢᠨ  ᠢ ᠬᠠᠮᠠᠭᠠᠯᠠᠬᠤ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ  ᠦᠢᠯᠡᠰ ᠵᠡᠷᠭᠡ ᠬᠦᠷᠢᠶᠡᠨ ᠳᠠᠬᠢ ᠥᠷᠢ ᠰᠢᠷᠢ ᠣᠯᠠᠨ᠂ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠴᠡᠭ᠂ ᠬᠦᠴᠢᠷ ᠠᠰᠠᠭᠤᠳᠠᠯ ᠢ ᠤᠯᠠᠮ ᠨᠢᠭᠡ ᠠᠯᠬᠤᠮ  ᠰᠢᠢᠳᠪᠦᠷᠢᠯᠡᠬᠦ ᠴᠢᠬᠤᠯᠠᠲᠠᠢ ᠪᠠᠶᠢᠵᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠴᠢᠨᠠᠷ ᠰᠠᠶᠢᠲᠠᠢ ᠬᠠᠩᠭᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ︔ ᠴᠥᠭᠡᠨ ᠲᠣᠭᠠᠨ ᠤ ᠺᠠᠳ᠋ᠷ ᠤᠨ ᠴᠢᠳᠠᠪᠤᠷᠢ ᠬᠦᠷᠦᠯᠴᠡᠬᠦ ᠦᠭᠡᠢ᠂  ᠬᠠᠷᠢᠭᠤᠴᠠᠯᠭ᠎ᠠ  ᠡᠭᠦᠷᠭᠡᠯᠡᠬᠦ ᠪᠠᠷ ᠬᠦᠷᠦᠯᠴᠡᠬᠦ ᠦᠭᠡᠢ ᠪᠠᠶᠢᠵᠤ᠂ ᠠᠯᠵᠠᠭᠤ ᠬᠤᠶᠢᠷᠭᠤ ᠵᠠᠰᠠᠭ ᠬᠤᠶᠢᠷᠭᠤᠰᠢᠬᠤ ᠵᠡᠷᠭᠡ ᠦᠵᠡᠭᠳᠡᠯ ᠮᠥᠨ ᠯᠡ ᠣᠷᠣᠰᠢᠭᠰᠠᠭᠠᠷ ᠪᠠᠶᠢᠨ᠎ᠠ᠃ ᠠᠰᠠᠭᠤᠳᠠᠯ ᠪᠣᠯ ᠴᠠᠭ ᠦᠶ᠎ᠡ ᠶᠢᠨ ᠳᠠᠭᠤᠨ᠂ ᠬᠥᠭᠵᠢᠯᠲᠡ ᠪᠣᠯ ᠴᠠᠭ ᠦᠶ᠎ᠡ ᠶᠢᠨ ᠱᠠᠭᠠᠷᠳᠠᠯᠭ᠎ᠠ ᠮᠥᠨ᠂ ᠪᠢᠳᠡ ᠠᠰᠠᠭᠤᠳᠠᠯ ᠤᠨ ᠡᠬᠢᠯᠡᠯᠲᠡ᠂ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠬᠤᠶᠢᠰᠢᠳᠠ ᠶᠢᠨ ᠠᠵᠢᠯ ᠤᠨ ᠳᠤᠮᠳᠠ ᠨᠡᠩ ᠶᠡᠭᠡ ᠰᠥᠰᠥ ᠵᠣᠷᠢᠭ ᠪᠠ ᠨᠡᠩ ᠪᠣᠳᠠᠲᠠᠶ ᠠᠷᠭ᠎ᠠ ᠬᠡᠮᠵᠢᠶ᠎ᠡ ᠠᠪᠴᠤ ᠰᠢᠶᠳᠪᠦᠷᠢᠯᠡᠬᠦ ᠬᠡᠷᠡᠭᠲᠡᠶ᠃ ᠬᠤᠶᠠᠷ᠂ 2020 ᠣᠨ ᠤ ᠭᠤᠤᠯ ᠬᠠᠷᠠᠯᠲᠠ ᠡᠭᠦᠷᠭᠡ ᠪᠠ ᠭᠤᠤᠯᠳᠠᠯᠭ᠎ᠠ ᠲᠠᠢ ᠠᠵᠢᠯ         ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ ᠵᠢᠯ ᠪᠣᠯᠤᠨ᠎ᠠ᠃ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠡᠭᠡ ᠰᠢᠯᠭᠠᠯᠲᠠ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠵᠠᠩᠭᠢᠯᠠᠭ᠎ᠠ ᠶᠢᠨ ᠵᠢᠯ ᠮᠥᠨ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ᠂ ᠪᠦᠬᠦ  ᠲᠤᠭᠤᠷᠢᠭ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠡᠷᠡᠰ ᠲᠤᠭᠤᠰᠢᠯᠠᠭᠤᠯᠵᠠᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ  ᠬᠤᠲᠠ ᠪᠠ  ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ  ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠲᠡᠷᠢᠭᠦᠨ  ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠴᠢᠩᠭ᠎ᠠ ᠡᠭᠦᠷᠭᠡᠯᠡᠯ ᠢᠶᠠᠷ ᠰᠢᠨᠵᠢᠯᠡᠬᠦ ᠤᠬᠠᠭᠠᠨᠴᠢ ᠪᠠᠷ  ᠵᠠᠰᠠᠵᠤ᠂ ᠤᠨᠢᠨ ᠳᠡᠭᠡᠷ᠎ᠡ ᠎ ᠨᠢ ᠠᠷᠭ᠎ᠠ ᠪᠤᠳᠤᠯᠭ᠎ᠠ ᠬᠡᠷᠡᠭᠵᠢᠭᠦᠯᠦᠭᠡᠳ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠭᠡᠪᠡᠴᠦ ᠡᠨᠡ ᠤᠳᠠᠭᠠᠨ ᠤ ᠬᠢᠵᠢᠭ ᠴᠦ ᠠᠵᠤ ᠠᠬᠤᠶ ᠨᠡᠶᠢᠭᠡᠮ ᠤᠨ ᠬᠥᠭᠵᠢᠯᠲᠡ ᠳᠤ ᠵᠠᠶᠢᠯᠠᠰᠢ ᠦᠭᠡᠶ ᠳᠠᠭᠠᠷᠢᠯᠲᠠ ᠪᠣᠯᠵᠠᠶ᠃ ᠪᠢᠳᠡ ᠳᠠᠷᠤᠯᠲᠠ ᠯᠤᠲᠤ ᠶᠡᠭᠡ ᠪᠠᠶᠢᠬᠤ ᠶᠢ ᠭᠦᠨ ᠣᠶᠢᠯᠠᠭᠠᠵᠤ ᠪᠠᠶᠢᠬᠤ ᠪᠥᠭᠡᠳ ᠤᠷᠤᠭᠰᠢᠯᠠᠬᠤ ᠵᠠᠮ ᠤᠨ ᠬᠦᠴᠢᠷ ᠪᠡᠷᠬᠡᠰᠢᠶᠡᠯ ᠢ ᠴᠦ ᠮᠡᠳᠡᠵᠤ ᠪᠠᠶᠢᠨ᠎ᠠ᠂ ᠭᠡᠪᠡᠴᠦ ᠬᠥᠭᠵᠢᠯᠲᠡ ᠶᠢᠨ ᠢᠲᠡᠭᠡᠯ ᠵᠣᠷᠢᠭ ᠪᠣᠯᠤᠨ ᠡᠷᠡᠰ ᠵᠣᠷᠢᠭ ᠨᠢ ᠶᠡᠷᠦ ᠠᠴᠠ ᠥᠨᠥᠳᠦᠷ ᠤᠨ ᠰᠢᠭ ᠡᠶᠢᠮᠦ ᠡᠷᠡᠰ ᠪᠠᠲᠤ ᠪᠢᠰᠢ ᠶᠤᠮ᠃ ᠪᠦᠬᠦ ᠲᠤᠭᠤᠷᠢᠭ ᠤᠨ ᠠᠷᠠᠳ ᠲᠦᠮᠡᠨ ᠰᠡᠳᠬᠢᠯ ᠨᠢᠭᠡᠳᠴᠦ᠂ ᠵᠠᠮ ᠨᠡᠭᠡᠭᠡᠨ ᠤᠷᠤᠭᠰᠢᠯᠠᠳᠠᠭ ᠯᠠ ᠶᠤᠮ ᠪᠣᠯ ᠯᠠᠪᠲᠠᠢ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠠ ᠲᠣᠬᠢᠶᠠᠯ ᠢ ᠠᠮᠵᠢᠵᠤ᠂ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ  ᠴᠢᠳᠠᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ︕        ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ  ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ  ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠠᠶ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ  ᠬᠠᠮᠠᠭᠠᠯᠠᠬᠤ  ︾᠎ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ  ᠡᠭᠦᠷᠭᠡ ᠲᠠᠢ ᠨᠢᠭᠲᠠ ᠤᠶᠠᠯᠳᠤᠭᠤᠯᠤᠨ᠂  ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠠᠶ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ ᠲᠤᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨᠬᠦ ᠪᠠᠲᠤᠯᠠᠨ᠎ᠠ᠃         ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5% ᠨᠡᠮᠡᠭᠳᠡᠵᠦ᠂  ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 15.0%  ᠂  ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6.0%᠎ ᠪᠠᠷ ᠨᠡᠮᠡᠭᠳᠡᠭᠦᠯᠦᠨ᠎ᠡ  ᠃ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ ᠶᠢ 3.0%᠎ ᠪᠠᠷ  ᠨᠡᠮᠡᠭᠳᠡᠵᠡᠢ ᠃  ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.1 ᠳ᠋ᠦᠩᠰᠢᠭᠤᠷ ᠲᠥᠭᠦᠷᠢᠭ ᠲᠤ ᠬᠦᠷᠴᠦ᠂ 3.1%᠎ ᠪᠠᠷ ᠨᠡᠮᠡᠭᠳᠡᠪᠡ᠃  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰᠪᠣᠷᠢ 5.0% ᠪᠠ 8.0%  ᠨᠡᠮᠡᠭᠳᠡᠵᠡᠢ  ᠃ ᠳᠡᠭᠡᠷ᠎ᠡ ᠳᠤᠷᠠᠳᠤᠭᠰᠠᠨ ᠬᠠᠷᠠᠯᠲᠠ ᠳᠤ᠂ ᠪᠢᠳᠡ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠡᠷᠡᠰ ᠭᠤᠶᠢᠪᠢᠰᠢ ᠦᠭᠡᠢ ᠬᠠᠶᠢᠨ ᠰᠦᠪᠡᠭᠴᠢᠯᠡᠵᠦ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄          ︵ᠨᠢᠭᠡ︶ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠤᠨ᠎ᠠ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠨᠢ ᠠᠵᠤ ᠠᠬᠤᠶ ᠶᠢᠨ ᠬᠥᠭᠵᠢᠯᠲᠡ  ᠶᠢᠨ ᠶᠠᠰᠤ ᠴᠢᠨᠠᠷ ᠪᠣᠯᠤᠨ ᠴᠢᠨᠡᠭᠡᠯᠢᠭ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠬᠤᠯᠪᠤᠭᠳᠠᠨ᠎ᠠ᠃ ᠡᠷᠬᠡᠪᠰᠢ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠢᠭᠡ ᠯᠡ ᠠᠮᠢᠰᠬᠤᠭ᠎ᠠ ᠪᠠᠷ ᠴᠢᠷᠮᠠᠶᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ  ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠨᠡᠮᠡᠭᠳᠡᠬᠦᠯᠵᠦ  ᠂ ᠤᠯᠤᠰ ᠲᠦᠷᠦ᠂ ᠠᠵᠤ ᠠᠬᠤᠶ ᠪᠠ ᠨᠡᠶᠢᠭᠡᠮ ᠵᠡᠷᠭᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ  ᠰᠡᠷᠭᠡᠶᠢᠯᠡᠨ ᠠᠷᠢᠯᠭᠠᠬᠤ ᠠᠵᠢᠯ ᠢ ᠪᠣᠳᠠᠲᠠᠶ ᠪᠥᠭᠡᠳ ᠨᠠᠷᠢᠯᠢᠭ ᠰᠠᠶᠢᠲᠤᠷ ᠬᠢᠨ᠎ᠡ᠃ ᠠᠷᠤ ᠡᠭᠦᠳᠡ ᠶᠢ ᠲᠦᠭᠵᠢᠬᠦ᠂ ᠡᠮᠦᠨ᠎ᠡ ᠡᠭᠦᠳᠡ ᠶᠢ ᠨᠡᠭᠡᠭᠡᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂  ᠠᠷᠠᠳ  ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠤᠨ ᠥᠷᠢ ᠰᠢᠷᠢ ᠶᠢ ᠢᠯᠭᠠᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃  ᠲᠥᠰᠦᠪ ᠤᠨ ᠲᠣᠬᠢᠷᠠᠭᠤᠯᠤᠯᠲᠠ᠂ ᠭᠠᠵᠠᠷ ᠰᠢᠷᠣᠶ ᠶᠢ ᠬᠢᠮᠳᠠ ᠦᠨ᠎ᠡ ᠪᠠᠷ ᠬᠤᠳᠠᠯᠳᠤᠬᠤ᠂ ᠡᠳ᠋ ᠬᠥᠷᠥᠩᠭᠡ ᠶᠢ  ᠰᠢᠢᠳᠪᠦᠷᠢᠯᠡᠬᠦ᠂ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠥᠭᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠥᠷᠢ ᠰᠢᠷᠢ ᠪᠠᠨ ᠠᠷᠢᠯᠭᠠᠬᠤ ᠡᠭᠦᠷᠭᠡ ᠶᠢ ᠴᠢᠩᠭ᠎ᠠ ᠵᠢᠷᠤᠮᠯᠠᠨ ᠪᠡᠶᠡᠯᠡᠭᠦᠯᠦᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠠᠭᠤ ᠰᠠᠨᠠᠭ᠎ᠠ ᠲᠠᠢ ᠪᠠᠷ ᠥᠷᠢ ᠰᠢᠷᠢ ᠠᠴᠠ ᠵᠠᠶᠢᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠶᠢ ᠦᠨᠡᠨᠬᠦ ᠪᠠᠲᠤᠯᠠᠨ᠎ᠠ᠃ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ ᠪᠤᠴᠠᠵᠤ   ᠪᠠᠶᠢᠴᠠᠭᠠᠨ ᠦᠵᠡᠬᠦ︾᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠪᠠ ︽ᠭᠤᠷᠪᠠᠨ ᠶᠡᠭᠡ ᠬᠠᠤᠯᠢ ᠬᠡᠷᠡᠭᠵᠢᠭᠦᠯᠬᠦ ᠣᠨ︾᠎ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ  ᠪᠠᠶᠢᠴᠠᠭᠠᠵᠦ  ᠰᠢᠯᠭᠠᠨ ᠠᠪᠬᠤ ᠶᠢ ᠪᠦᠬᠦ ᠬᠦᠴᠦᠨ ᠢᠶᠠᠷ ᠤᠭᠲᠤᠪᠠ᠃ ᠴᠢᠭᠯᠡᠯ ᠢ ᠬᠤᠪᠢᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠪᠣᠬᠢᠷᠲᠤᠯ ᠢ ᠨᠠᠷᠢᠯᠢᠭ ᠣᠨᠣᠴᠠᠲᠠᠶ ᠪᠠᠷ ᠵᠠᠰᠠᠬᠤ᠂ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠬᠤ᠂  ᠪᠤᠬᠢᠷᠳᠤᠯ  ᠢ ᠬᠠᠤᠯᠢ ᠶᠣᠰᠣᠭᠠᠷ ᠵᠠᠰᠠᠬᠤ ᠶᠢ  ᠳᠤᠪᠤᠶᠢᠯᠠᠭᠠᠵᠤ᠂ ᠬᠦᠬᠡ ᠣᠭᠲᠠᠷᠭᠤᠶ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠳᠥᠷᠪᠡ ᠶᠢ ᠠᠷᠢᠯᠭᠠᠬᠤ ᠦᠭᠡᠢ ︾ ᠪᠠᠶᠢᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ᠂ ᠶᠠᠳᠠᠭᠤ ᠬᠦᠴᠢᠷᠳᠡᠯ ᠢ ᠬᠥᠳᠡᠯᠦᠩᠭᠦᠢ ᠬᠢᠨᠠᠨ ᠬᠡᠮᠵᠢᠬᠦ᠂ ᠲᠠᠬᠢᠨ ᠶᠠᠳᠠᠭᠤᠷᠠᠬᠤ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠦᠬᠦ ᠲᠠᠯ᠎ᠠ ᠪᠠᠷ ᠴᠢᠨᠡᠭᠡᠯᠢᠭᠵᠢᠬᠦ ᠵᠠᠮ ᠳᠡᠭᠡᠷ᠎ᠡ ᠶᠠᠭᠠᠬᠢᠭᠰᠠᠨ ᠴᠤ ᠬᠤᠴᠣᠷᠤᠭᠤᠯᠬᠤ ᠦᠭᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠵᠡᠷᠭᠡ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠠᠰᠤ ᠴᠢᠨᠠᠷ ᠪᠣᠯᠤᠨ ᠶᠠᠰᠤ ᠴᠢᠨᠠᠷ ᠢ  ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠨ᠎ᠠ᠃          ︵ᠬᠤᠶᠠᠷ︶ ᠬᠠᠷᠠᠯᠲᠠ ᠪᠠᠨ ᠪᠠᠲᠤ ᠰᠠᠬᠢᠵᠤ᠂ ᠡᠷᠴᠢ ᠵᠣᠷᠢᠭ ᠢᠶᠠᠨ ᠬᠥᠪᠴᠢᠯᠡᠵᠦ᠂ ᠪᠣᠳᠠᠲᠤ ᠴᠣᠭᠴᠠ ᠶᠢᠨ ᠠᠵᠤ ᠠᠬᠤᠢ  ᠶᠢ ᠬᠦᠴᠦᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠴᠠᠬᠠᠷ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠭᠤᠣᠯ ᠳᠠᠶᠢᠨ ᠤ ᠲᠠᠯᠠᠪᠤᠷ︾᠎ ᠤᠨ ᠪᠠᠶᠢᠷᠢ ᠰᠠᠭᠤᠷᠢ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠰᠠᠭᠤᠷᠢ ᠶᠢ ᠴᠢᠩᠭᠠᠳᠬᠠᠬᠤ᠂ ᠣᠷᠴᠢᠨ ᠲᠣᠭᠤᠷᠢᠨ  ᠢ ᠰᠢᠯᠢᠳᠡᠭᠵᠢᠭᠦᠯᠬᠦ ᠂ ᠪᠡᠯᠡ ᠤᠷᠤᠭᠤᠯᠤᠯᠲᠠ  ᠶᠢ ᠬᠥᠲᠥᠯᠥᠨ ᠣᠷᠣᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠭᠤᠤᠯᠯᠠᠬᠤ ᠠᠵᠤ ᠦᠶᠯᠡᠰ ᠨᠢ ᠲᠤᠳᠤᠷᠬᠠᠢ᠂ ᠬᠠᠷᠢᠴᠠᠭᠤᠯᠤᠭᠰᠠᠨ ᠳᠠᠪᠠᠭᠤᠯᠢᠭ ᠨᠢ ᠢᠯᠡᠷᠬᠡᠶ᠂ ᠲᠥᠪᠯᠡᠷᠡᠯ ᠤᠨ ᠦᠶᠯᠡᠳᠦᠯ ᠨᠢ ᠲᠣᠪᠣᠶᠢᠮ᠎ᠠ ᠪᠣᠳᠠᠲᠤ ᠴᠣᠭᠴᠠ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠵᠢᠩ ᠠᠨ ᠵᠠᠮ ᠵᠡᠷᠭᠡ 20 ᠵᠤᠷᠪᠤᠰ ᠵᠠᠮ ᠤᠨ ᠬᠤᠭᠤᠯᠠᠶ ᠲᠣᠤᠷ ᠵᠢᠴᠢ ᠬᠤᠩ ᠬᠠᠶ ᠽᠢ᠂  ᠠᠯᠢᠪᠠᠪᠠ ᠵᠡᠷᠭᠡ 220kV᠂ 110kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 3 ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠢ ᠡᠤ ᠲᠠᠩ᠂ ᠲᠤᠩ ᠹᠸᠢ ᠵᠡᠷᠭᠡ 220kV᠂ 110kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 2 ᠢᠨᠵᠧᠨᠧᠷᠢᠩ ᠵᠢᠴᠢ ᠬᠤᠩ ᠬᠠᠶ ᠽᠢ ᠤᠰᠤᠨ ᠤ ᠦᠶᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠠᠭᠤᠷ᠂ ᠪᠠᠶᠢᠭᠠᠯᠢ ᠶᠢᠨ ᠰᠢᠲᠠᠮᠠᠬᠠᠶ ᠬᠡᠶ᠂   ᠵᠦᠡᠭ  ᠱᠦᠢ ᠵᠡᠷᠭᠡ ᠶᠢᠨ  ᠬᠦᠷᠢᠶᠡᠯᠡᠩ ᠳᠤ ᠣᠷᠣᠬᠤ ᠶᠢ ᠨᠡᠶᠢᠳᠡᠮ ᠬᠠᠮᠤᠷᠬᠤ ᠶᠢ ᠶᠡᠬᠡᠪᠡᠷ ᠠᠬᠢᠭᠤᠯᠵᠤ᠂ ᠬᠦᠷᠢᠶᠡᠯᠡᠩ ᠲᠣᠭᠤᠷᠢᠭ ᠤᠨ ᠴᠢᠬᠤᠯᠠ ᠬᠦᠴᠦᠨ ᠵᠦᠶᠯ ᠢ  ᠪᠠᠳᠤᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠣᠷᠴᠢᠯ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ  ᠢ ᠡᠭᠦᠳᠦᠨ ᠪᠠᠶᠢᠭᠤᠯᠬᠤ ᠶᠢ  ᠲᠦᠷᠭᠡᠳᠭᠡᠵᠦ  ᠂ ᠠᠵᠤ ᠦᠶᠯᠡᠳᠪᠦᠷᠢᠵᠢᠯᠲᠡ ᠶᠢ ᠠᠭᠤᠰᠤᠯᠴᠠᠭᠤᠯᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠤᠶᠤᠨᠲᠤ ᠬᠦᠷᠢᠶᠡᠯᠡᠩ ᠲᠣᠭᠤᠷᠢᠭ ᠤᠨ ᠰᠢᠯᠭᠠᠨ ᠠᠪᠬᠤ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ  ᠳᠡᠭᠡᠳᠦ  ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ  ᠮᠡᠳᠡᠭᠦᠯᠦᠨ᠎ᠡ᠃ ︽ ᠦᠷ᠎ᠡ ᠪᠦᠳᠦᠮᠵᠢ ᠪᠠᠷ ᠠᠮᠵᠢᠯᠲᠠ ᠶᠢ ᠬᠠᠷᠠᠬᠤ  ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠵᠤ ᠠᠬᠤᠶᠢᠯᠠᠯ ᠤᠨ ᠰᠡᠭᠦᠯᠴᠢ ᠶᠢᠨ ᠣᠷᠣᠨ ᠪᠠᠶᠢᠷᠢ ᠶᠢ ᠰᠢᠯᠢᠭᠳᠡᠭᠦᠯᠬᠦ ᠲᠣᠭᠲᠠᠴᠠ ᠶᠢ ᠪᠠᠶᠢᠭᠤᠯᠤᠨ  ᠳᠡᠭᠦᠯᠳᠡᠷᠵᠢᠭᠦᠯᠵᠦ ᠂ ᠰᠤᠯᠠ ᠭᠠᠵᠠᠷ ᠬᠡᠷᠡᠭᠯᠡᠬᠦ᠂ ︽ᠦᠬᠦᠰᠢᠷᠡᠮᠡᠯ ᠠᠵᠤ ᠠᠬᠤᠶᠢᠯᠠᠯ︾ ᠪᠣᠯᠤᠨ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠶ ᠪᠣᠬᠢᠷᠲᠤᠯ ᠲᠠᠢ ᠠᠵᠤ ᠠᠬᠤᠶᠢᠯᠠᠯ ᠢ ᠢᠯᠭᠠᠷᠠᠭᠤᠯᠤᠨ ᠠᠮᠢᠯᠠᠭᠤᠯᠬᠤ ᠡᠷᠴᠢᠮ ᠢᠶᠠᠨ  ᠨᠡᠮᠡᠭᠳᠡᠭᠦᠯᠵᠦ  ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠰᠤᠯᠠ ᠪᠠᠶᠢᠯᠭᠠᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠬᠤᠸᠠ ᠸᠧᠶ ᠶᠢᠨ ᠬᠤᠶᠠᠳᠤᠭᠠᠷ ᠭᠤᠷᠪᠠᠳᠤᠭᠠᠷ ᠬᠤᠭᠤᠴᠠᠭ᠎ᠠ᠂ ᠠᠯᠮᠤᠷᠠᠳ᠂ ᠠᠯᠢᠪᠠᠪᠠ ᠶᠢᠨ ᠳ᠋ᠠᠶᠢᠲ᠋ᠠ ᠶᠢᠨ ᠲᠥᠪ ᠎ ᠢ ᠪᠠᠶᠢᠭᠤᠯᠤᠨ ᠠᠵᠢᠯᠯᠠᠭᠤᠯᠬᠤ ᠶᠢ ᠲᠦᠷᠭᠡᠳᠬᠡᠨ ᠠᠬᠢᠭᠤᠯᠵᠤ᠂  ᠸᠠᠨ ᠭᠦᠸᠧ᠂ ᠫᠢ ᠶᠦᠨ᠂  ᠶᠢᠦ ᠺᠧ ᠳ᠋ᠧ᠂ ᠵᠥᠩ ᠪᠦᠦ ᠰᠢᠨ ᠵᠡᠷᠭᠡ ᠲᠤᠭ᠎ᠠ ᠪᠠᠷᠢᠮᠲᠠ ᠶᠢᠨ ᠲᠥᠷᠥᠯ  ᠵᠦᠢᠯ ᠢ ᠡᠬᠢᠯᠡᠭᠦᠯᠵᠦ᠂ ᠳᠠᠭᠤᠳᠠᠯᠭ᠎ᠠ ᠶᠢ ᠭᠠᠳᠠᠭᠰᠢ ᠳᠠᠭᠠᠭᠠᠴᠢᠯᠠᠭᠤᠯᠬᠤ ᠠᠵᠢᠯ ᠲᠥᠷᠥᠯ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠪᠡᠭᠡᠵᠢᠩ ᠤᠨ ᠲᠦᠷᠭᠡᠨ ᠭᠠᠷ᠂ ᠳᠤᠮᠳᠠᠳᠤ ᠤᠯᠤᠰ ᠤᠨ ᠠᠷᠠᠳ ᠤᠨ ᠨᠠᠰᠤᠨ ᠪᠠᠶᠠᠷ ᠵᠡᠷᠭᠡ ᠲᠥᠷᠥᠯ ᠵᠦᠶᠯ ᠲᠠᠢ  ᠢᠳᠡᠭᠬᠢᠲᠡᠢ ᠵᠣᠯᠭᠠᠭᠤᠯᠵᠤ᠂ ᠵᠦᠩ ᠭᠤᠸᠠᠨ ᠼᠦᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠲᠠᠢ ᠬᠠᠮᠵᠢᠯᠴᠠᠭ᠎ᠠ ᠪᠠᠨ  ᠴᠢᠩᠭᠠᠳᠬᠠᠵᠠᠢ᠃ 5G᠎ ᠶᠢᠨ ᠮᠡᠳᠡᠭᠡ ᠬᠤᠯᠪᠣᠭ᠎ᠠ᠂ ᠬᠡᠰᠡᠭ ᠪᠦᠯᠦᠭ ᠤᠨ ᠬᠡᠯᠬᠢᠶ᠎ᠡ᠂  ᠪᠤᠳᠠᠰ ᠤᠨ ᠬᠤᠯᠪᠣᠭᠠᠲᠤ ᠰᠦᠯᠵᠢᠶ᠎ᠡ ᠵᠡᠷᠭᠡ ᠲᠣᠭᠠᠴᠢᠯᠠᠭᠰᠠᠨ ᠠᠵᠤ ᠦᠢᠯᠡᠰ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ︽ᠤᠯᠠᠭᠠᠨᠴᠠᠪ ᠤᠨ ᠵᠥᠩ ᠭᠤᠸᠠᠨ  ᠽᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ︾᠎ ᠤᠨ ᠨᠠᠷᠠᠲᠤ ᠲᠥᠷᠥᠯ ᠲᠡᠮᠳᠡᠭᠲᠦ ᠶᠢ ᠳᠡᠯᠭᠡᠨ ᠦᠵᠡᠭᠦᠯᠵᠦ᠂ ᠲᠣᠮᠣ ᠳ᠋ᠠᠶᠢᠲ᠋ᠠ ᠶᠢᠨ ᠠᠵᠤ ᠦᠶᠯᠡᠰ ᠤᠨ  ᠬᠡᠷᠡᠭᠯᠡᠬᠦ᠂ ᠦᠶᠯᠡᠴᠢᠯᠡᠬᠦ ᠴᠢᠭᠯᠡᠯ ᠳᠠᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠳ᠋ᠦᠩ  ᠶᠠᠩ ᠭᠤᠸᠠᠩ  ᠂ ᠬᠠᠢ ᠯᠢ ᠡᠯᠧᠺᠳ᠋ᠷᠣᠨᠴᠢᠯᠡᠭᠰᠡᠨ ᠴᠠᠭᠠᠰᠤ ᠪᠣᠯᠭᠠᠨ ᠦᠢᠯᠡᠳᠪᠦᠷᠢᠯᠡᠬᠦ ᠬᠡᠪᠴᠢᠶ᠎ᠡ ᠶᠢ  ᠦᠷᠭᠡᠳᠭᠡᠵᠦ  ᠂ ᠬᠡᠲᠦ ᠴᠠᠬᠢᠯᠭᠠᠨ ᠪᠠᠭᠲᠠᠭᠠᠭᠴᠢ ᠵᠡᠷᠭᠡ  ᠦᠢᠯᠡᠳᠬᠦᠨ ᠢ ᠦᠷᠭᠦᠯᠵᠢᠯᠡᠨ ᠬᠦᠭᠵᠢᠭᠦᠯᠦᠨ᠎ᠡ  ᠃ ᠶᠡᠷᠦᠩᠬᠡᠶ ᠪᠡᠯᠡ ᠣᠷᠣᠭᠤᠯᠤᠯᠲᠠ ᠨᠢ 52.8 ᠳ᠋ᠦᠩᠰᠢᠭᠤᠷ ᠲᠥᠭᠦᠷᠢᠭ ᠲᠤ ᠬᠦᠷᠦᠭᠰᠡᠨ ᠵᠢᠨᠢᠩ ᠤᠨ 2 × 66 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠡᠷᠴᠢᠮᠵᠢᠭᠰᠡᠨ᠂ ᠬᠡᠪᠴᠢᠶᠡᠵᠢᠭᠰᠡᠨ ᠴᠢᠭᠯᠡᠯ ᠳᠠᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠢ ᠮᠢᠨ ᠴᠠᠬᠢᠯᠭᠠᠨ ᠬᠦᠴᠦᠨ᠂ ᠶᠢᠨ ᠾᠧ ᠰᠢᠨ᠎ᠡ ᠡᠨᠧᠷᠭᠢ᠂  ᠴᠢᠩ ᠬᠤᠸᠠ ᠲᠦᠡᠭ ᠹᠠᠨᠭ᠌  ᠤᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠯᠢ ᠲᠠᠢ ᠲᠡᠮᠦᠷᠯᠢᠭ᠂  ᠯᠢ ᠲᠦᠸᠧ ᠬᠤᠸᠠᠨ ᠴᠢᠦ᠂  ᠯᠢ ᡁᠢ ᠬᠤᠭᠤᠯᠠᠶ ᠶᠢᠨ ᠦᠢᠯᠡᠰ ᠤᠨ  ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ᠬᠠᠢ ᠳ᠋ᠧ ᠰᠢᠨ᠎ᠡ ᠡᠨᠧᠷᠭᠢ ᠶᠢᠨ ᠰᠤᠷᠪᠤᠯᠵᠢ᠂ ᠭᠦᠸᠧ ᠷᠦᠨ ᠡᠨᠧᠷᠭᠢ ᠶᠢᠨ ᠰᠤᠷᠪᠤᠯᠵᠢ᠂  ᠵᠢᠩ  ᠺᠧ ᠡᠨᠧᠷᠭᠢ ᠶᠢᠨ ᠰᠤᠷᠪᠤᠯᠵᠢ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠵᠤ᠂ ᠰᠢᠨ ᠰᠦᠩ ᠮᠠᠰᠢᠨ ᠬᠥᠮᠦᠨ ᠤ ᠲᠥᠷᠥᠯ ᠵᠦᠶᠯ ᠢ ᠢᠳᠡᠪᠬᠢᠲᠡᠢ ᠵᠣᠯᠭᠠᠭᠤᠯᠵᠤ᠂ ᠲᠣᠨᠤᠭ ᠲᠥᠬᠦᠭᠡᠷᠦᠮᠵᠢ ᠦᠶᠯᠡᠳᠬᠦ  ᠠᠵᠦ  ᠦᠢᠯᠡᠰ ᠤᠨ  ᠳᠡᠭᠡᠳᠦ  ᠲᠡᠰ ᠤᠨ᠂ ᠪᠦᠯᠦᠭᠵᠢᠯ ᠤᠨ ᠴᠢᠭᠯᠡᠯ ᠲᠡᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠴᠢᠦ ᠱᠢ ᠠᠮᠢᠳᠤ ᠪᠣᠳᠠᠰ ᠤᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠮᠧᠩ ᠭᠧᠨ ᠱᠠᠨ   ᠦᠭᠡᠬᠦ ᠲᠤᠰᠤ  ᠶᠢᠨ  ᠪᠠᠶᠢᠭᠤᠯᠤᠯᠲᠠ  ᠶᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂  ᠮᠸᠡᠭ ᠨᠦᠩ ᠲᠧ᠂ ᠨᠠᠷᠠᠰᠤᠨ᠂  ᠰᠢᠨ ᠰᠢᠶᠠᠨ ᠶᠦᠸᠧ᠂ ᠶᠧ ᠶᠢᠩ  ᠮᠸᠢ ᠵᠡᠷᠭᠡ  ᠲᠦᠷᠦᠯ ᠵᠦᠶᠯ ᠤᠨ ᠠᠵᠢᠯ ᠡᠬᠢᠯᠡᠭᠦᠯᠦᠨ ᠪᠠᠶᠢᠭᠤᠯᠬᠤ ᠶᠢ ᠠᠬᠢᠭᠤᠯᠵᠤ᠂ ᠱᠤᠸᠠᠩ ᠬᠦᠶ ᠮᠢᠬᠠᠨ ᠢᠳᠡᠭᠡᠨ᠂ ᠯᠠᠨ ᠸᠧᠶ ᠰᠧ ᠳ᠋ᠦᠨ ᠲᠥᠮᠥᠰᠥᠨ ᠵᠦᠰᠦᠮ᠂ ᠭᠦᠸᠧ ᠰᠢ ᠲᠥᠮᠥᠰᠥ ᠶᠢᠨ ᠪᠦᠷᠢᠨ ᠨᠤᠨᠲᠠᠭ ᠵᠡᠷᠭᠡ ᠢᠳᠡᠭᠡᠨ ᠢ ᠭᠦᠨᠵᠡᠭᠡᠶ  ᠡᠳᠡᠰᠢᠭᠦᠯᠵᠦ  ᠂  ᠲᠥᠷᠥᠯ ᠵᠦᠶᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠨ᠎ᠠ  ᠃  ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ ᠤᠨ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ  ᠲᠠᠷᠬᠠᠭᠠᠬᠤ ᠲᠥᠪ ᠢᠶᠠᠷ ᠭᠠᠷᠳᠠᠴᠠ ᠪᠣᠯᠭᠠᠵᠤ᠂ ᠤᠯᠠᠭᠠᠨᠴᠠᠪ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ︽ᠮᠣᠩᠭᠤᠯ ᠨᠡᠷ᠎ᠡ︾ ᠲᠠᠷᠢᠶᠠᠯᠠᠩ ᠤᠨ ᠣᠨᠴᠠ  ᠪᠦᠲᠦᠭᠡᠭᠳᠡᠭᠦᠨ  ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠪᠠᠶᠢᠭᠤᠯᠵᠤ᠂ ᠪᠣᠬᠢᠷᠲᠤᠯ ᠥᠬᠡᠶ ᠢᠳᠡᠭᠡᠨ  ᠡᠳᠡᠰᠢᠬᠦᠯᠬᠦ  ᠠᠵᠤ ᠦᠶᠯᠡᠰ ᠢ ᠬᠡᠯᠬᠢᠶᠡᠵᠢᠭᠦᠯᠬᠦ᠂ ᠨᠠᠷᠠᠲᠤ ᠲᠥᠷᠥᠯ ᠲᠡᠮᠳᠡᠭᠵᠢᠭᠦᠯᠬᠦ ᠴᠢᠭᠯᠡᠯ ᠢᠶᠠᠷ ᠬᠥᠭᠵᠢᠭᠦᠯᠬᠦ  ᠶᠢ ᠬᠦᠴᠦᠯᠡᠨ ᠠᠬᠢᠭᠤᠯᠤᠨ᠎ᠠ᠃ ᠬᠢᠮᠢ ᠶᠢᠨ ᠠᠵᠤ ᠦᠶᠯᠡᠳᠪᠦᠷᠢ ᠶᠢᠨ ᠪᠤᠰᠤ ᠲᠥᠷᠥᠯ ᠤᠨ ᠪᠣᠬᠢᠷᠲᠤᠯ ᠦᠭᠡᠢ ᠨᠠᠶᠢᠷᠠᠯᠲᠠ᠂ ᠡᠮ ᠬᠢᠬᠦ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠢᠶᠠᠨ ᠢᠦᠶ ᠬᠤᠩ ᠷᠦᠢ᠂ ᠱᠧᠩ ᠺᠠᠩ ᠡᠮ ᠡᠮᠨᠡᠯᠭᠡ᠂ ᠭᠧ ᠷᠦᠢ  ᠳᠡᠭᠡᠳᠦ ᠰᠢᠨ᠎ᠡ ᠮᠡᠷᠭᠡᠵᠢᠯ ᠤᠨ ᠠᠰᠢᠭᠯᠠᠯᠲᠠ  ᠳᠤ ᠣᠷᠣᠬᠤ ᠶᠢ ᠲᠦᠷᠭᠡᠳᠬᠡᠵᠦ᠂ ᠷᠧᠨ  ᠽᠢ ᠡᠮ ᠤᠨ ᠦᠶᠯᠡᠰ᠂ ᠪᠡᠭᠡᠵᠢᠩ ᠤᠨ ᠴᠧᠩ ᠢᠦᠶ ᠡᠮ ᠡᠮᠨᠡᠯᠭᠡ᠂ ᠶᠢᠩ ᠺᠧ  ᠰᠢᠨᠵᠢᠯᠡᠬᠦ ᠤᠬᠠᠭᠠᠨ ᠮᠡᠷᠭᠡᠵᠢᠯ ᠡᠮ ᠡᠮᠨᠡᠯᠭᠡ ᠶᠢᠨ ᠵᠠᠪᠰᠠᠷ ᠤᠨ ᠴᠣᠭᠴᠠ ᠵᠡᠷᠭᠡ ᠲᠥᠷᠥᠯ ᠵᠦᠶᠯ ᠢ  ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠢᠵᠢ ᠪᠦᠷᠢᠳᠦᠭᠦᠯᠬᠦ᠂ ᠨᠠᠷᠢᠯᠢᠭᠵᠢᠭᠤᠯᠬᠤ ᠴᠢᠭᠯᠡᠯ  ᠎ ᠲᠠᠢ  ᠬᠥᠭᠵᠢᠬᠦ ᠶᠢ ᠬᠦᠴᠦᠯᠡᠨ ᠠᠬᠢᠭᠤᠯᠤᠨ᠎ᠠ᠃            ︵ᠭᠤᠷᠪᠠ︶ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂  ᠦᠨᠡᠨᠬᠦ ᠪᠣᠳᠠᠲᠠᠶ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠠᠮᠢ ᠠᠬᠤᠢ ᠶᠢᠨ ᠵᠤᠭᠠᠴᠠᠯ᠂ ᠤᠳᠤ ᠦᠶ᠎ᠡ ᠶᠢᠨ ᠬᠥᠳᠡᠭᠡ ᠠᠵᠤ ᠠᠬᠤᠢ᠂ ᠰᠣᠶᠣᠯ ᠤᠨ ᠰᠡᠯᠡᠭᠦᠴᠡᠯ ᠢ ᠨᠢᠭᠡ ᠴᠤᠬᠴᠠᠵᠢᠭᠤᠯᠤᠬᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠷᠢᠰᠢᠯ ᠢ ᠪᠦᠬᠦ  ᠬᠦᠴᠦ ᠪᠠᠷ ᠢᠶᠠᠨ ᠴᠣᠭᠴᠠᠯᠠᠨ᠎ᠠ᠃ ᠬᠤᠳᠠ ᠶᠢᠨ ᠲᠡᠭᠦᠷᠭᠡ ᠶᠢᠨ ᠬᠡᠯᠪᠡᠷᠢ ᠶᠢᠨ ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠵᠦ᠂ ᠤᠮᠠᠷᠠᠲᠤ ᠬᠡᠰᠡᠭ ᠤᠨ ᠲᠠᠯ᠎ᠠ ᠨᠤᠲᠤᠭ ᠤᠨ ᠰᠠᠶᠢᠨ ᠰᠠᠶᠢᠬᠠᠨ ᠠᠮᠢ ᠠᠬᠤᠶ ᠶᠢᠨ ᠪᠠᠶᠢᠭᠠᠯᠢ ᠶᠢᠨ ᠡᠬᠢ  ᠪᠠᠶᠠᠯᠢᠭ ᠲᠤ ᠲᠦᠰᠢᠭᠯᠡᠨ᠂ ᠵᠠᠮ ᠳᠠᠭᠠᠤ ᠶᠢᠨ ᠲᠦᠮᠡᠨ ᠮᠦ ᠶᠢᠨ ᠲᠣᠭᠤᠷᠢᠨ ᠦᠵᠡᠬᠦ ᠲᠠᠷᠢᠶᠠᠯᠠᠩ ᠤᠨ ᠪᠦᠰᠡ ᠪᠣᠯᠤᠨ ᠪᠡᠯᠭᠡ ᠲᠡᠮᠳᠡᠭ ᠤᠨ ᠴᠢᠨᠠᠷᠲᠠᠶ ᠦᠵᠡᠮᠵᠢ ᠶᠢᠨ ᠣᠷᠣᠨ ᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ  ᠡᠬᠢᠯᠡᠭᠦᠯᠵᠦ  ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠠᠨ ᠬᠥ᠋ ᠴᠢᠤᠸᠠᠨ ᠶᠡᠭᠡ ᠠᠷᠪᠠᠳᠤᠭᠠᠷ᠂  ᠴᠠᠬᠠᠷ ᠬᠤᠸᠠᠷᠠᠨ᠂ ᠡᠯ ᠲᠠ ᠬᠦᠷᠢᠶ᠎ᠡ᠂ ᠰᠠᠨ ᠱᠧᠩ ᠲᠣᠰᠬᠤᠨ ᠵᠡᠷᠭᠡ ᠣᠨᠴᠠᠯᠢᠭᠲᠤ ᠵᠢᠵᠢᠭ ᠪᠠᠯᠭᠠᠰᠤ᠂ ᠣᠨᠴᠠᠯᠢᠭᠲᠤ  ᠲᠤᠰᠬᠤᠨ ᠢ ᠪᠠᠶᠢᠭᠤᠯᠵᠤ᠂ ᠠᠮᠢ ᠠᠬᠤᠢ ᠶᠢᠨ ᠲᠠᠷᠢᠶᠠᠯᠠᠩ᠂ ᠦᠵᠡᠭᠦᠯᠦᠯᠭᠡ ᠶᠢᠨ ᠲᠠᠷᠢᠶᠠᠯᠠᠩ᠂ ᠲᠡᠭᠦᠬᠦ ᠲᠠᠷᠢᠶᠠᠯᠠᠩ᠂ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠡᠯᠡᠭᠦᠴᠡᠨ ᠲᠣᠭᠤᠷᠢᠬᠤ᠂ ᠰᠣᠶᠣᠯ ᠤᠨ ᠪᠡᠶᠡᠴᠢᠯᠡᠨ ᠣᠶᠢᠯᠠᠭᠠᠬᠤ᠂ ᠮᠥᠰᠥ ᠴᠠᠰᠤᠨ ᠤ ᠵᠢᠭᠤᠯᠴᠢᠯᠠᠯ ᠢᠶᠠᠷ ᠭᠤᠤᠯ ᠪᠤᠯᠭᠠᠭᠰᠠᠨ ︽ᠲᠠᠷᠢᠶᠠᠯᠠᠩ + ᠵᠢᠭᠤᠯᠴᠢᠯᠠᠯ︾᠎ ᠤᠨ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠡᠯ᠎ᠡ ᠬᠦᠷᠢᠶᠡᠨ ᠤ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠳᠠᠩᠰᠠᠯᠠᠯ ᠤᠨ ᠬᠠᠮᠢᠶᠠᠷᠤᠯᠲᠠ ᠶᠢᠨ ᠳᠦᠷᠢᠮ  ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ ᠂ ᠬᠡᠷᠡᠭᠯᠡᠬᠦ ᠡᠷᠬᠡ ᠶᠢ ᠵᠣᠬᠢᠰᠲᠠᠶ ᠠᠮᠢᠳᠤᠯᠢᠭ ᠪᠣᠯᠭᠠᠵᠤ᠂ ᠲᠠᠷᠢᠶᠠᠴᠢᠳ ᠤᠨ ᠡᠳ᠋ ᠬᠦᠷᠦᠩᠭᠡ ᠶᠢᠨ ᠡᠷᠬᠡ ᠶᠢ ᠦᠨᠡᠨᠬᠦ  ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠤᠰᠤ ᠠᠷᠪᠢᠯᠠᠬᠤ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠨᠢᠭᠡ ᠰᠢᠶᠠᠩ ᠨᠢᠭᠡ ᠪᠠᠯᠭᠠᠰᠤᠨ ᠤ ᠲᠥᠪ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠤᠬᠢᠶᠠᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠵᠣᠷᠯᠣᠩ ᠤᠨ ᠬᠤᠪᠢᠰᠬᠠᠯ᠂ ᠬᠥᠳᠡᠭᠡ ᠲᠣᠰᠬᠤᠨ ᠤ ᠵᠠᠰᠠᠮᠠᠯ ᠵᠠᠮ ᠵᠡᠷᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠮᠠᠯ ᠵᠢᠭᠦᠷᠲᠡᠨ ᠤ ᠪᠠᠭᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢᠨ 75%᠎ ᠳᠤ ᠬᠦᠷᠦᠭᠦᠯᠬᠦ ᠪᠠᠷ ᠴᠢᠷᠮᠠᠶᠢᠵᠤ᠂ 3000 ᠡᠷᠦᠬᠡ ᠠᠴᠠ ᠳᠡᠭᠡᠭᠰᠢ ᠠᠷᠢᠭᠤᠨ ᠴᠡᠪᠡᠷ ᠵᠣᠷᠯᠣᠩ ᠢ ᠥᠭᠡᠷᠡᠴᠢᠯᠡᠨ᠎ᠡ᠃ ᠤᠰᠤ ᠪᠠᠷ ᠨᠣᠭᠤᠭᠠᠷᠠᠭᠤᠯᠤᠯ ᠢ ᠲᠣᠭᠲᠠᠭᠠᠵᠤ᠂ ᠲᠣᠬᠢᠷᠠᠮᠵᠢᠲᠠᠶ ᠭᠠᠵᠠᠷ ᠲᠤ ᠮᠣᠳᠣ ᠲᠠᠷᠢᠬᠤ ᠶᠢ ᠪᠠᠷᠢᠮᠲᠠᠯᠠᠵᠤ᠂ ᠶᠡᠭᠡ ᠠᠷᠪᠠᠳᠤᠭᠠᠷ ᠲᠤᠰᠬᠤᠨ ᠵᠡᠷᠭᠡ 12 ᠵᠠᠰᠠᠭ ᠵᠠᠬᠢᠷᠭᠠᠨ ᠤ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠳᠡ ᠶᠢᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠦᠲᠦᠭᠡᠨ ᠪᠠᠶᠢᠭᠤᠯᠤᠨ᠎ᠠ᠃         ︵ᠳᠦᠷᠪᠡ︶ ᠪᠣᠳᠠᠲᠤ ᠪᠠᠶᠢᠳᠠᠯ ᠳᠤ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠣᠳᠣ ᠦᠶ᠎ᠡ ᠶᠢᠨ  ᠦᠢᠯᠡᠴᠢᠯᠡᠭᠡᠨ ᠤ ᠦᠶᠯᠡᠰ ᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢᠨ  ᠳᠡᠭᠡᠳᠦ ᠳᠡᠰ ᠲᠡᠰᠢ ᠤᠷᠲᠤᠳᠬᠠᠬᠤ ᠶᠢ ᠪᠠᠷᠢᠮᠲᠠᠯᠠᠵᠤ᠂ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠥᠨᠳᠥᠷ ᠶᠠᠰᠤ ᠴᠢᠨᠠᠷ ᠪᠠ ᠣᠯᠠᠨ ᠶᠠᠩᠵᠤᠯᠠᠬᠤ ᠲᠡᠰᠢ ᠳᠡᠰ ᠳᠡᠪᠰᠢᠭᠦᠯᠬᠦ ᠶᠢ ᠪᠠᠷᠢᠮᠲᠠᠯᠠᠨ᠎ᠠ᠃ ᠲᠣᠮᠣ ᠬᠤᠳᠠᠯᠳᠤᠭ᠎ᠠ ᠶᠢ ᠪᠦᠬᠦ ᠬᠦᠴᠦᠨ ᠢᠶᠠᠷ ᠬᠥᠭᠵᠢᠭᠦᠯᠦᠨ᠎ᠡ᠃ ᠸᠠᠨ ᠳ᠋ᠠ ᠠᠭᠤᠳᠠᠮ ᠲᠠᠯᠠᠪᠠᠢ᠂  ᠮᠦᠸᠧ ᠡᠯ ᠴᠸᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ  ᠲᠦᠷᠭᠡᠳᠭᠡᠨ ᠠᠬᠢᠭᠤᠯᠵᠤ᠂ ᠴᠠᠬᠠᠷ ᠮᠥᠩᠭᠦᠨ ᠰᠠᠭᠤᠳᠠᠯ᠂  ᠡᠷᠡᠨ ᠵᠠᠭᠤᠨ ᠠᠭᠤᠳᠠᠮ ᠲᠠᠯᠠᠪᠠᠢ᠂ ᠰᠢᠨ  ᠰᠢᠶᠠ ᠰᠢᠨ ᠰᠣᠶᠣᠯ ᠤᠨ ᠲᠠᠯᠠᠪᠠᠢ ᠶᠢ ᠠᠮᠢᠯᠠᠭᠤᠯᠤᠨ ᠡᠬᠢᠯᠡᠭᠦᠯᠵᠦ᠂  ᠮᠦᠸᠧ ᠡᠯ ᠴᠸᠡᠭ ᠠᠭᠤᠳᠠᠮ ᠲᠠᠯᠠᠪᠠᠶ ᠶᠢ ᠪᠦᠲᠦᠭᠡᠨ ᠪᠠᠶᠢᠭᠤᠯᠤᠨ᠎ᠠ᠃ ᠣᠯᠠᠨ ᠤᠯᠤᠰ ᠎ ᠤᠨ ᠠᠷᠠᠰᠤ ᠰᠢᠷᠢ ᠶᠢᠨ ᠬᠤᠲᠠ᠂ ᠰᠢᠶᠠᠩ ᠾᠧ ᠭᠡᠷ ᠤᠨ ᠡᠳ᠋ᠯᠡᠯ ᠤᠨ ᠬᠤᠲᠠ᠂  ᠤᠤ ᠸᠧᠶ᠂  ᠡᠦ ᠵᠸᠦ᠂ ᠴᠦᠨ ᠲᠢᠶᠠᠨ ᠵᠡᠷᠭᠡ ᠨᠢᠭᠡᠨᠲᠡ ᠪᠠᠶᠢᠭ᠎ᠠ ᠬᠤᠳᠠᠯᠳᠤᠭᠠᠨ ᠤ ᠲᠠᠯᠠᠪᠤᠷ ᠢ ᠳᠡᠰ ᠳᠡᠪᠰᠢᠭᠦᠯᠦᠨ ᠥᠭᠡᠷᠡᠴᠢᠯᠡᠨ  ᠰᠢᠨᠡᠳᠭᠡᠬᠦ ᠶᠢ ᠬᠥᠲᠥᠯᠥᠨ ᠵᠢᠯᠣᠭᠤᠳᠴᠤ᠂ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠬᠡᠯᠬᠢᠶᠡᠵᠢᠭᠰᠡᠨ ᠡᠵᠡᠩᠨᠡᠯᠲᠡ ᠶᠢᠨ ᠦᠢᠯᠡᠴᠢᠯᠡᠭᠡᠨ ᠤ ᠬᠢᠷᠢ  ᠬᠡᠮᠵᠢᠶ᠎ᠡ  ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ ᠥᠷᠭᠡᠳᠬᠡᠵᠦ᠂ ᠸᠠᠨ ᠳ᠋ᠠ᠂ ᠸᠧᠢ ᠳ᠋ᠦᠸᠧ ᠯᠢ᠂ ᠠᠷᠠᠰᠤ ᠰᠢᠷᠢ ᠶᠢᠨ ᠬᠤᠳᠠ ᠪᠠᠷ ᠭᠤᠣᠯ ᠪᠣᠯᠭᠠᠭᠰᠠᠨ ︽ᠨᠢᠭᠡ ᠬᠤᠳᠠ ᠭᠤᠷᠪᠠᠨ ᠲᠣᠭᠤᠷᠢᠭ︾᠎ ᠤᠨ ᠬᠤᠳᠠᠯᠳᠤᠭᠠᠨ ᠤ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠶᠡᠭᠡ ᠵᠢᠭᠤᠯᠴᠢᠯᠠᠯ ᠢ ᠪᠦᠬᠦ ᠬᠦᠴᠦᠨ ᠢᠶᠠᠷ ᠬᠥᠭᠵᠢᠭᠦᠯᠦᠨ᠎ᠡ᠃ ᠪᠡᠭᠡᠵᠢᠩ ᠠᠴᠠ ᠬᠥᠬᠡᠬᠤᠲᠠ ᠬᠦᠷᠬᠦ  ᠳᠡᠭᠡᠳᠦ ᠬᠤᠷᠳᠤᠴᠠᠲᠤ ᠲᠡᠮᠦᠷ ᠵᠠᠮ ᠤᠨ ᠪᠦᠬᠦ ᠱᠤᠭᠤᠮ ᠢᠶᠠᠷ ᠲᠡᠷᠭᠡ ᠨᠡᠪᠲᠡᠷᠡᠬᠦ ᠪᠠᠷ ᠲᠣᠬᠢᠶᠠᠯ ᠪᠣᠯᠭᠠᠵᠤ᠂ ᠤᠮᠠᠷᠠᠲᠤ ᠬᠡᠰᠡᠭ ᠤᠨ ᠲᠠᠯ᠎ᠠ ᠨᠤᠲᠤᠭ᠂ ︽ᠭᠤᠷᠪᠠᠨ ᠠᠭᠤᠯᠠ ᠬᠤᠶᠠᠷ ᠭᠤᠤᠯ︾᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ᠂ ᠳ᠋ᠠ ᠾᠧ ᠸᠠᠨ ᠣᠯᠠᠨ ᠤᠯᠤᠰ ᠤᠨ ᠴᠠᠰᠤ ᠭᠤᠯᠭᠤᠬᠤ ᠲᠠᠯᠠᠪᠠᠶ᠂ ᠶᠦᠩ ᠯᠢᠶᠠᠩ ᠬᠠᠯᠠᠭᠤᠨ ᠷᠠᠰᠢᠶᠠᠨ ᠵᠡᠷᠭᠡ ᠵᠢᠭᠤᠯᠴᠢᠯᠠᠯ ᠤᠨ ᠡᠬᠢ ᠪᠠᠶᠠᠯᠢᠭ ᠲᠤ ᠨᠢᠭᠲᠠ ᠲᠦᠰᠢᠭᠯᠡᠨ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠵᠠᠭᠪᠤᠷ ᠢ ᠴᠢᠷᠮᠠᠶᠢᠨ ᠪᠠᠶᠢᠭᠤᠯᠤᠨ᠎ᠠ᠃  ᠨᠠᠢᠮᠠᠨ ᠶᠡᠭᠡ ᠬᠥᠮᠥᠷᠭᠡ᠂ ᠮᠢᠬᠠᠨ ᠤ ᠬᠤᠯᠪᠣᠭᠠᠲᠤ ᠦᠢᠯᠡᠳᠪᠦᠷᠢ ᠵᠢᠴᠢ ᠵᠢᠨᠢᠩ ᠤᠨ ᠡᠷᠲᠡᠨ ᠤ ᠬᠤᠲᠠ ᠵᠡᠷᠭᠡ  ᠠᠰᠢᠭᠯᠠᠵᠤ ᠪᠣᠯᠬᠤ ᠡᠬᠢ ᠪᠠᠶᠠᠯᠢᠭ ᠢ ᠭᠦᠨ ᠠᠭᠤᠳᠠᠯᠵᠤ᠂ ᠵᠠᠩ ᠦᠢᠯᠡ ᠶᠢᠨ ᠠᠷᠠᠳ ᠤᠨ ᠣᠷᠣᠨ ᠰᠠᠭᠤᠴᠠ᠂ ᠬᠤᠲᠠ ᠶᠢᠨ ᠳᠤᠷᠠᠰᠤᠮᠵᠢ᠂ ᠠᠵᠤ ᠦᠶᠯᠡᠳᠪᠦᠷᠢ ᠶᠢᠨ ᠪᠣᠯᠪᠠᠰᠤᠨ᠂ ᠰᠡᠬᠡᠭᠡᠲᠡᠨ ᠵᠠᠯᠠᠭᠤᠴᠤᠳ ᠤᠨ ᠰᠣᠶᠣᠯ ᠵᠡᠷᠭᠡ ᠰᠢᠷᠢᠰ ᠭᠤᠤᠯ ᠰᠡᠳᠦᠪᠲᠦ ᠮᠦᠽᠧᠶ ᠶᠢᠨ ᠰᠦᠷᠦᠭᠵᠢᠯ ᠢ ᠪᠠᠶᠢᠭᠤᠯᠵᠤ ᠂ ᠰᠣᠶᠣᠯ ᠵᠢᠭᠤᠯᠴᠢᠯᠠᠯ ᠤᠨ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠴᠠᠯᠢᠩ ᠢᠶᠠᠨ ᠠᠪᠴᠤ ᠠᠮᠠᠷᠠᠬᠤ ᠳᠦᠷᠢᠮ  ᠢ ᠬᠢᠨᠠᠮᠠᠭᠠᠶ ᠨᠠᠶᠢᠳᠠᠪᠤᠷᠢᠵᠢᠭᠤᠯᠬᠤ᠂ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ᠃ ᠿᠢ ᠱᠧᠩ ᠱᠠᠨ ᠮᠸᠡᠭ᠂ ᠥᠪᠥᠷ ᠮᠣᠩᠭᠤᠯ ᠤᠨ ᠪᠠᠩᠬᠢ ᠶᠢᠨ ᠭᠤᠣᠯ ᠰᠡᠳᠦᠪᠲᠦ ᠵᠣᠴᠢᠳ ᠤᠨ ᠪᠠᠭᠤᠳᠠᠯ ᠢ   ᠪᠠᠶᠢᠭᠤᠯᠬᠤ  ᠎ ᠪᠠᠨ ᠲᠦᠷᠭᠡᠳᠬᠡᠵᠦ᠂ ᠺᠠᠩ ᠲᠠᠢ ᠷᠦᠢ ᠨᠢᠩ ᠪᠠᠭᠤᠳᠠᠯ ᠢ ᠰᠢᠨ᠎ᠡ ᠪᠠᠷ ᠪᠠᠶᠢᠭᠤᠯᠵᠤ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ  ᠠᠪᠬᠤ᠂ ᠰᠡᠯᠡᠭᠦᠴᠡᠯ᠂ ᠵᠤᠭ᠎ᠠ ᠴᠡᠩᠭᠡᠯ ᠵᠡᠷᠭᠡ ᠵᠢᠭᠤᠯᠴᠢᠯᠠᠯ ᠤᠨ ᠢᠵᠢ ᠪᠦᠷᠢᠳᠦᠭᠦᠯᠬᠦ ᠡᠵᠡᠩᠨᠡᠯᠲᠡ ᠶᠢᠨ ᠪᠠᠶᠢᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠪ ᠬᠤᠲᠠ ᠶᠢᠨ ᠲᠣᠭᠤᠷᠢᠭ ᠢ  ᠦᠨᠡᠨᠬᠦ ︽ᠪᠡᠭᠡᠵᠢᠩ ᠤᠨ ᠪᠠᠷᠠᠭᠤᠨᠰᠢ ᠨᠢᠭᠡ ᠠᠯᠬᠤᠮ ᠤᠷᠤᠭᠰᠢᠯᠠᠬᠤ︾ ᠥᠪᠥᠷ  ᠮᠤᠩᠭᠤᠯ ᠤᠨ ᠡᠭᠦᠳᠡ ᠬᠤᠲᠠ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠨ ᠪᠠᠶᠢᠭᠤᠯᠤᠨ᠎ᠠ᠃ ᠶᠡᠭᠡ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠬᠥᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠶ ᠵᠡᠷᠭᠡ ᠡᠷᠭᠢᠨ ᠲᠣᠭᠤᠷᠢᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠶᠠᠩᠵᠤᠯᠠᠭᠰᠠᠨ ᠡᠷᠡᠭᠦᠯ ᠴᠢᠭᠢᠷᠠᠭ ᠪᠡᠶ᠎ᠡ ᠰᠤᠪᠢᠯᠠᠬᠤ ᠬᠡᠷᠡᠭᠴᠡᠭᠡ ᠳᠤ ᠲᠦᠰᠢᠭᠯᠡᠨ᠂ ᠮᠠᠨ ᠤ  ᠲᠤᠭᠤᠷᠢᠭ ᠤᠨ  ᠪᠦᠬᠦ ᠵᠢᠯ ᠳᠤ ᠪᠣᠬᠢᠷ ᠮᠠᠨᠠᠨ ᠦᠭᠡᠢ᠂ ᠵᠤᠨ ᠤ ᠤᠯᠠᠷᠢᠯ ᠳᠤ ᠳᠤᠮᠳᠠᠴᠢ ᠪᠠᠷ 18.8℃᠎ ᠤᠨ ᠣᠷᠴᠢᠨ ᠲᠣᠭᠤᠷᠢᠨ ᠤ ᠠᠭᠤᠷ ᠠᠮᠢᠰᠬᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠢ ᠸᠠᠩ᠂ ᠯᠠᠨ ᠴᠧᠩ᠂ ᠬᠤᠩ ᠬᠠᠢ ᠽᠢ ᠵᠡᠷᠭᠡ ᠡᠷᠡᠭᠡᠯᠵᠡᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠵᠢᠯ ᠤᠨ ᠳᠣᠲᠣᠷ᠎ᠠ ᠪᠡᠶ᠎ᠡ ᠰᠤᠪᠢᠯᠠᠯᠲᠠ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠡᠷᠡᠭᠦᠯᠵᠢᠯ᠂ ᠰᠡᠯᠡᠭᠦᠴᠡᠯ ᠠᠮᠠᠷᠠᠯᠲᠠ ᠶᠢ ᠨᠢᠭᠡ ᠴᠣᠭᠴᠠᠵᠢᠭᠤᠯᠤᠭᠰᠠᠨ ᠥᠨᠳᠥᠷ ᠪᠠᠷᠢᠮᠵᠢᠶᠠᠲᠤ ᠡᠷᠡᠭᠦᠯᠵᠢᠯ ᠰᠤᠪᠢᠯᠠᠯᠲᠠ ᠶᠢᠨ ᠪᠠᠶᠢᠭᠤᠯᠤᠮᠵᠢ ᠶᠢ ᠡᠬᠢᠯᠡᠭᠦᠯᠬᠦ ᠪᠠᠷ ᠴᠢᠷᠮᠠᠶᠢᠵᠤ᠂ ︽ᠲᠣᠮᠣ ᠡᠷᠡᠭᠦᠯ ᠮᠡᠨᠳᠦ︾ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠵᠠᠩᠭᠢᠯᠠᠭ᠎ᠠ ᠶᠢᠨ ᠠᠯᠬᠤᠮ ᠢ ᠠᠯᠬᠤᠪᠠ᠃ ᠲᠣᠮᠣ ᠪᠣᠳᠠᠰ ᠤᠨ ᠭᠦᠢᠯᠭᠡᠭᠡ ᠶᠢ ᠪᠦᠬᠦ ᠬᠦᠴᠦᠨ ᠢᠶᠠᠷ ᠬᠥᠭᠵᠢᠭᠦᠯᠦᠨ᠎ᠡ᠃ ᠤᠯᠠᠭᠠᠨᠴᠠᠪ — ᠡᠷᠢᠶᠡᠨ ᠬᠤᠲᠠ ᠶᠢᠨ ᠤᠯᠤᠰ ᠎ ᠤᠨ ᠪᠠᠷᠠᠭ᠎ᠠ ᠶᠢᠨ ᠭᠦᠢᠯᠭᠡᠭᠡᠨ ᠤ ᠬᠦᠢᠰᠦ ᠶᠢ ᠪᠦᠲᠦᠭᠡᠨ  ᠪᠠᠶᠢᠭᠤᠯᠬᠤ  ᠪᠠᠷ ᠠᠵᠠ ᠲᠣᠬᠢᠶᠠᠯ ᠪᠣᠯᠭᠠᠵᠤ᠂ ᠳᠣᠯᠣᠭᠠᠨ ᠰᠤᠮᠤᠨ ᠤ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠵᠤ᠂  ᠭᠠᠶᠢᠯᠢ  ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶᠎ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠢᠶᠡᠨ ᠬᠤᠲᠠ ᠶᠢᠨ ᠪᠣᠭᠤᠮᠲᠠ ᠶᠢᠨ ᠴᠢᠳᠠᠮᠵᠢ ᠶᠢ ᠵᠠᠯᠭᠠᠨ ᠠᠪᠴᠤ᠂ ᠬᠤᠤᠰ ᠴᠢᠭᠯᠡᠯᠲᠦ ᠪᠠᠷᠠᠭ᠎ᠠ ᠶᠢᠨ ᠢᠷᠡᠯᠲᠡ ᠶᠢ ᠢᠳᠡᠪᠬᠢᠲᠡᠶ ᠪᠠᠷ ᠥᠷᠭᠡᠳᠬᠡᠨ᠂ ᠵᠢᠰᠢᠶᠠᠨ ᠤ ᠭᠠᠯᠲᠤ ᠲᠡᠷᠭᠡ ᠶᠢ ︽ᠳᠠᠬᠢᠨ ᠬᠠᠰᠤᠵᠤ ᠳᠠᠬᠢᠨ ᠪᠤᠴᠠᠭᠠᠬᠤ︾ ᠬᠡᠪᠰᠢᠭᠰᠡᠨ ᠠᠵᠢᠯᠯᠠᠭᠠᠨ ᠢ ᠪᠡᠶᠡᠯᠡᠭᠦᠯᠦᠨ᠎ᠡ  ᠃ᠳᠤᠮᠳᠠᠳᠤ ᠤᠯᠤᠰ ᠠᠴᠠ ᠭᠠᠳᠠᠭᠰᠢ ᠲᠡᠭᠡᠭᠡᠪᠦᠷᠢᠯᠡᠬᠦ᠂ ᠵᠥᠩ ᠶᠤᠸᠠᠨ ᠳᠠᠯᠠᠢ ᠶᠢᠨ ᠲᠡᠭᠡᠭᠡᠪᠦᠷᠢ ᠵᠡᠷᠭᠡ ᠪᠠᠷᠠᠭ᠎ᠠ ᠶᠢᠨ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂  ᠶᠢᠩ ᠽᠧ᠂  ᠡᠦ ᠬᠤᠸᠠ᠂ ᠶᠢᠨ ᠶᠧ ᠵᠡᠷᠭᠡ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠶᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠦᠨᠵᠡᠭᠡᠶ ᠡᠳ᠋ᠰᠢᠭᠦᠯᠬᠦ ᠠᠵᠤ ᠠᠬᠤᠶᠢᠯᠠᠯ ᠢ ᠪᠦᠬᠦ ᠬᠦᠴᠦᠨ ᠢᠶᠠᠷ ᠲᠡᠳᠬᠦᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠨᠠᠰᠢ ᠴᠠᠰᠢ ᠶᠠᠪᠤᠬᠤ ᠪᠠᠷᠠᠭ᠎ᠠ ᠶᠢ ᠡᠳ᠋ᠰᠢᠭᠦᠯᠦᠨ ᠪᠣᠭᠤᠳᠠᠯᠯᠠᠵᠤ᠂ ︽ ᠰᠠᠭᠠᠳ ᠦᠭᠡᠢ ᠨᠡᠪᠲᠡᠷᠡᠬᠦ︾ ᠦᠵᠡᠭᠳᠡᠯ ᠢ ᠬᠦᠴᠦᠯᠡᠨ ᠰᠢᠶᠳᠪᠦᠷᠢᠯᠡᠨ᠎ᠡ᠃ ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ ᠤᠨ TIR ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠶᠢᠴᠠᠭᠠᠨ ᠰᠢᠯᠭᠠᠬᠤ ᠣᠷᠣᠨ᠂ ᠮᠢᠬᠠᠨ ᠤ ᠲᠥᠷᠥᠯ ᠤᠨ ᠰᠢᠨ᠎ᠡ ᠰᠣᠷᠭᠤᠭ ᠴᠢᠭ ᠲᠣᠭᠲᠠᠭᠠᠭᠰᠠᠨ ᠣᠷᠣᠨ᠂ ᠮᠠᠰᠢᠨ ᠳᠡᠭᠡᠭᠡᠪᠦᠷᠢ ᠶᠢᠨ ᠲᠤᠰᠬᠠᠶ ᠱᠤᠭᠤᠮ ᠤᠨ ᠲᠣᠤᠷ ᠢ ᠪᠠᠶᠢᠭᠤᠯᠤᠨ ᠡᠵᠡᠩᠨᠡᠬᠦ ᠶᠢ ᠪᠦᠬᠦ ᠬᠦᠴᠦᠨ ᠢᠶᠠᠷ ᠢᠶᠠᠨ ᠳᠡᠳᠬᠦᠬᠦ ᠬᠡᠷᠡᠭᠲᠡᠶ᠃ ᠣᠷᠣᠨ ᠪᠦᠰᠡ ᠶᠢᠨ ᠴᠢᠨᠠᠷᠲᠠᠢ ᠪᠠᠷᠠᠭ᠎ᠠ ᠶᠢᠨ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠬᠦᠴᠦᠯᠡᠨ ᠪᠠᠶᠢᠭᠤᠯᠤᠨ᠎ᠠ᠃ ᠠᠭᠠᠷ ᠤᠨ ᠠᠵᠤ ᠦᠢᠯᠡᠰ ᠤᠨ ᠬᠦᠷᠢᠶᠡᠯᠡᠩ᠂ ᠰᠢᠤᠳᠠᠨ ᠤ ᠶᠠᠪᠤᠳᠠᠯ ᠲᠦᠷᠭᠡᠨ ᠬᠦᠷᠭᠡᠬᠦ ᠪᠠᠷᠠᠭ᠎ᠠ ᠶᠢᠨ ᠭᠦᠶᠯᠭᠡᠭᠡᠨ  ᠤ ᠬᠦᠷᠢᠶᠡᠯᠡᠩ ᠤᠨ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠮᠠᠨ ᠤ  ᠲᠤᠭᠤᠷᠢᠭ ᠢᠶᠠᠨ ᠦᠨᠡᠨᠬᠦ ᠬᠥᠬᠡᠬᠤᠲᠠ ᠪᠤᠭᠤᠲᠤ ᠣᠷᠳᠣᠰ ᠲᠤ ᠲᠦᠰᠢᠭᠯᠡᠭᠰᠡᠨ᠂ ᠪᠡᠭᠡᠵᠢᠩ ᠲᠢᠶᠠᠨᠵᠢᠨ ᠾᠧᠪᠧᠶ ᠳᠤ ᠠᠭᠤᠰᠤᠯᠴᠠᠭᠰᠠᠨ᠂ ᠣᠷᠣᠰ ᠥᠪᠥᠷ ᠮᠣᠩᠭᠤᠯ ᠡᠸᠦ᠋ᠷᠦᠫᠡ ᠶᠢ ᠬᠤᠯᠪᠣᠭᠰᠠᠨ ᠤᠮᠠᠷᠠᠲᠤ ᠶᠢᠨ ᠴᠢᠬᠤᠯᠠ ᠪᠠᠷᠠᠭ᠎ᠠ ᠶᠢᠨ ᠭᠦᠶᠯᠭᠡᠭᠡᠨ ᠤ ᠳᠠᠮᠵᠢᠭᠤᠯᠬᠤ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠬᠤᠷᠠᠯ ᠦᠵᠡᠰᠬᠦᠯᠡᠩ ᠤᠨ ᠠᠵᠤ ᠠᠬᠤᠶ ᠶᠢ ᠪᠦᠬᠦ ᠬᠦᠴᠦᠨ ᠢᠶᠠᠷ ᠢᠶᠠᠨ ᠬᠥᠭᠵᠢᠭᠦᠯᠦᠨ᠎ᠡ᠃ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ᠂ ᠬᠤᠷᠠᠯ ᠤᠨ ᠲᠥᠪ᠂ ᠲᠠᠯ᠎ᠠ ᠨᠤᠲᠤᠭ ᠤᠨ ᠲᠣᠷᠭᠠᠨ ᠵᠠᠮ ᠤᠨ ᠦᠵᠡᠭᠦᠯᠭᠡ ᠠᠷᠠᠯᠵᠢᠶᠠᠨ ᠤ ᠲᠥᠪ ᠢᠶᠠᠷ ᠲᠦᠰᠢᠭ ᠪᠣᠯᠭᠠᠵᠤ᠂ ᠲᠣᠣᠷ ᠪᠥᠮᠪᠦᠭᠡ ᠶᠢᠨ ᠣᠷᠳᠣᠨ᠂ ᠤᠮᠪᠠᠯᠲᠠ ᠶᠢᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ  ᠤᠨ ᠣᠷᠳᠣᠨ ᠵᠡᠷᠭᠡ ᠲᠣᠮᠣ ᠬᠡᠯᠪᠡᠷᠢ ᠶᠢᠨ ᠲᠠᠯᠠᠪᠤᠷ ᠣᠷᠳᠣᠨ ᠢ ᠠᠮᠢᠳᠤᠯᠢᠭ ᠢᠶᠠᠷ ᠬᠡᠷᠡᠭᠯᠡᠵᠦ᠂ ᠬᠤᠷᠠᠯ ᠦᠵᠡᠰᠬᠦᠯᠡᠩ ᠤᠨ ᠠᠵᠤ ᠠᠬᠤᠶ᠂ ᠤᠷᠤᠯᠳᠤᠭᠠᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠬᠡᠷᠡᠭᠯᠡᠭᠡ ᠶᠢ ᠤᠯᠠᠮ ᠨᠢᠭᠡ ᠠᠯᠬᠤᠮ ᠳᠠᠶᠢᠴᠢᠯᠠᠵᠤ᠂ ᠬᠤᠲᠠ ᠶᠢᠨ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠠ᠃         ︵ᠲᠠᠪᠤ︶ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠬᠤᠲᠠ ᠶᠢᠨ  ᠴᠢᠳᠠᠮᠵᠢ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠶᠠᠰᠤ ᠴᠢᠨᠠᠷ ᠢᠶᠠᠷ ᠣᠷᠦ᠋ᠢᠯᠠᠬᠤ︾ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠴᠢᠳᠠᠪᠬᠢ ᠲᠡᠭᠦᠯᠳᠡᠷ᠂  ᠪᠦᠬᠢᠷᠳᠤᠯ ᠦᠭᠡᠢ ᠣᠶᠤᠨᠴᠢ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠣᠳᠣᠬᠢᠴᠢᠯᠠᠭᠰᠠᠨ ᠲᠥᠪ ᠬᠤᠲᠠ ᠲᠣᠭᠤᠷᠢᠭ  ᠢ ᠬᠦᠴᠦᠯᠡᠨ ᠪᠠᠶᠢᠭᠤᠯᠵᠤ᠂ ᠬᠤᠲᠠ ᠶᠢᠨ ᠴᠢᠳᠠᠮᠵᠢ ᠶᠢ ᠴᠢᠩᠭᠠᠳᠬᠠᠨ᠎ᠠ᠃ ᠵᠢᠨᠢᠩ ᠲᠣᠭᠤᠷᠢᠭ ᠪᠠ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠵᠠᠭᠠᠭ  ᠢ ᠰᠢᠯᠤᠭᠤᠳᠬᠠᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠪᠦᠬᠦ ᠲᠠᠯ᠎ᠠ ᠪᠠᠷ ᠠᠬᠢᠭᠤᠯᠵᠤ᠂ ᠪᠠᠢ ᠬᠠᠢ ᠽᠢ ᠪᠠᠯᠭᠠᠰᠤᠨ ᠤ  ᠰᠢᠨ᠎ᠡ ᠭᠠᠵᠠᠷ ᠤᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠴᠢ  ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠷᠣᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠶᠢ ᠪᠡᠶᠡᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾᠎ ᠤᠨ ᠲᠣᠬᠢᠷᠠᠭᠤᠯᠤᠯᠲᠠ ᠬᠢᠵᠦ ᠬᠤᠪᠢᠶᠠᠷᠢᠯᠠᠨ ᠲᠣᠭᠲᠠᠭᠠᠬᠤ ᠶᠢ ᠲᠦᠷᠭᠡᠳᠭᠡᠵᠦ᠂ ᠡᠯ᠎ᠡ ᠲᠥᠷᠥᠯ ᠤᠨ ᠭᠠᠵᠠᠷ ᠬᠡᠷᠡᠭᠯᠡᠬᠦ ᠪᠠᠶᠢᠷᠢᠰᠢᠯ ᠢ ᠲᠣᠳᠣᠷᠬᠠᠶ ᠪᠣᠯᠭᠠᠵᠤ᠂ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠵᠤ ᠬᠠᠮᠢᠶᠠᠷᠤᠨ ᠡᠵᠡᠮᠳᠡᠬᠦ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠵᠠᠮ᠂ ᠤᠰᠤ᠂ ᠳᠤᠯᠠᠭᠠᠨ᠂ ᠬᠡᠢ᠂ ᠴᠠᠬᠢᠯᠭᠠᠨ ︽ᠲᠠᠪᠤᠨ ᠲᠣᠣᠷ  ᠢ ᠬᠠᠮᠲᠤ ᠳᠤᠨᠢ ᠵᠠᠰᠠᠬᠤ︾᠎ ᠶᠢᠨᠢᠭᠡᠳᠦᠯᠲᠡᠢ ᠲᠥᠯᠥᠪᠯᠡᠨ ᠠᠬᠢᠭᠤᠯᠵᠤ᠂ ᠮᠥᠩᠭᠦᠨ ᠭᠦᠢᠯᠭᠡᠭᠡᠨ ᠤ ᠶᠡᠭᠡ ᠵᠡᠭᠡᠯᠢ᠂  ᠬᠦᠭᠵᠢᠯᠲᠡ ᠵᠡᠭᠦᠨ ᠵᠡᠭᠡᠯᠢ ᠵᠡᠷᠭᠡ 7 ᠵᠤᠷᠪᠤᠰ ᠵᠠᠮ ᠤᠨ ᠪᠦᠲᠦᠭᠡᠨ ᠪᠠᠶᠢᠭᠤᠯᠤᠯᠲᠠ ᠵᠢᠴᠢ 195  ᠺᠢᠯᠤᠮᠧᠲᠷ ᠤᠨ ᠢᠯᠴᠢ ᠬᠠᠩᠭᠠᠬᠤ᠂ ᠤᠰᠤ ᠬᠠᠩᠭᠠᠬᠤ᠂ ᠤᠰᠤ ᠵᠠᠯᠠᠬᠤ᠂ ᠪᠠᠶᠢᠭᠠᠯᠢ ᠶᠢᠨ ᠰᠢᠲᠠᠮᠠᠬᠠᠢ ᠬᠡᠢ᠂ ᠵᠦᠩ ᠱᠦᠢ ᠵᠡᠷᠭᠡ ᠬᠤᠭᠤᠯᠠᠢ ᠲᠣᠣᠷ ᠳᠡᠪᠢᠰᠬᠦ ᠢᠨᠵᠧᠨᠧᠷᠢᠩ ᠢ ᠪᠡᠶᠡᠯᠡᠭᠦᠯᠦᠨ᠎ᠡ᠃ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠲᠣᠬᠢᠷᠠᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠦ᠂ ᠮᠠ ᠯᠢᠶᠠᠨ ᠲᠠᠨ ᠤᠰᠤᠨ ᠰᠤᠷᠪᠤᠯᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠲᠦᠯᠦᠪᠯᠡᠨ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠤᠰᠤ ᠬᠠᠩᠭᠠᠬᠤ ᠬᠦᠴᠢᠷᠳᠡᠯ ᠢ  ᠪᠠᠭᠠᠰᠬᠠᠨ᠎ᠠ᠃ ᠠᠷᠠᠳ ᠠᠴᠠ ᠡᠵᠡᠩᠨᠡᠭᠰᠡᠨ ᠢᠯᠴᠢ ᠬᠠᠩᠭᠠᠬᠤ ᠠᠵᠤ ᠠᠬᠤᠶᠢᠯᠠᠯ ᠤᠨ ᠳᠦᠷᠢᠮ ᠢᠶᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠢᠯᠴᠢ ᠰᠣᠯᠢᠯᠴᠠᠬᠤ ᠥᠷᠲᠡᠭᠡᠨ ᠤ ᠥᠪᠡᠷᠲᠡᠭᠡᠨ ᠡᠵᠡᠮᠳᠡᠬᠦ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠵᠦ᠂ ᠢᠯᠴᠢ ᠬᠠᠩᠭᠠᠬᠤ ᠤᠶᠤᠨᠴᠢᠯᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ  ᠃ ᠳᠤᠮᠳᠠᠳᠤ ᠤᠯᠤᠰ ᠤᠨ ᠰᠢᠲᠠᠯᠲᠠ᠂ ᠲᠢᠶᠠᠨᠵᠢᠨ ᠤ ᠰᠢᠲᠠᠯᠲᠠ ᠶᠢᠨ ᠺᠣᠮᠫᠠᠨᠢ ᠯᠤᠭ᠎ᠠ ᠬᠠᠮᠲᠤᠷᠠᠯᠴᠠᠬᠤ ᠡᠷᠴᠢᠮ ᠢ  ᠴᠢᠩᠭᠠᠷᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠡᠷᠦᠬᠡ ᠳᠤ ᠣᠷᠣᠬᠤ ᠨᠣᠷᠮ᠎ᠠ ᠶᠢ 50% ᠪᠣᠯᠲᠠᠯ᠎ᠠ  ᠳᠡᠭᠡᠭᠰᠢᠯᠡᠭᠦᠯᠦᠨ᠎ᠡ  ᠃ ᠶᠦᠩ ᠠᠨ᠂ ᠺᠠᠩ ᠨᠢᠩ ᠵᠡᠷᠭᠡ 110kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 6 ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠴᠠᠬᠢᠯᠭᠠᠨ ᠬᠡᠷᠡᠭᠯᠡᠬᠦ ᠳᠠᠷᠤᠯᠲᠠ ᠶᠢ ᠦᠨᠡᠨᠬᠦ ᠬᠥᠩᠭᠡᠷᠡᠭᠦᠯᠦᠨ᠎ᠡ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ 10 ᠵᠤᠷᠪᠤᠰ ᠰᠢᠨ᠎ᠡ ᠪᠠᠷ ᠨᠡᠮᠡᠭᠳᠡᠭᠦᠯᠦᠨ ᠰᠢᠯᠢᠳᠡᠭᠵᠢᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ 10᠎ ᠶᠢ ᠨᠡᠮᠡᠨ ᠪᠠᠶᠢᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ  ︽ᠬᠠᠮᠤᠭ ᠤᠨ ᠰᠡᠭᠦᠯᠴᠢ ᠶᠢᠨ ᠨᠢᠭᠡ ᠺᠢᠯᠣᠮᠧᠲᠷ︾᠎ ᠢ ᠦᠨᠡᠨᠬᠦ ᠰᠢᠶᠳᠪᠦᠷᠢᠯᠡᠨ᠎ᠡ᠃ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠥᠬᠦ ᠬᠦᠴᠦᠨ ᠢᠶᠠᠷ ᠰᠢᠪᠲᠤᠯᠤᠯᠲᠠ ᠭᠠᠷᠭᠠᠪᠠ᠃ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠥᠷᠨᠢᠭᠦᠯᠵᠦ᠂  ᠬᠤᠭᠤᠯᠠᠶ ᠱᠤᠭᠤᠮ ᠢ ᠡᠮᠬᠢᠯᠡᠨ ᠨᠡᠶᠢᠯᠡᠭᠦᠯᠬᠦ᠂ ᠵᠠᠷ ᠮᠡᠳᠡᠭᠡ ᠶᠢ ᠬᠡᠷᠡᠮ ᠳᠤ ᠨᠠᠭᠠᠬᠤ᠂ ᠮᠠᠰᠢᠨ ᠲᠡᠷᠭᠡ ᠶᠢ ᠣᠷᠣᠨ ᠪᠠᠶᠢᠷᠢ ᠳᠤ ᠣᠷᠣᠭᠤᠯᠬᠤ ᠶᠢ ᠠᠬᠢᠭᠤᠯᠵᠤ᠂ ᠵᠠᠮ ᠬᠠᠷᠢᠯᠴᠠᠭ᠎ᠠ ᠲᠦᠭᠵᠢᠷᠡᠬᠦ ᠵᠡᠷᠭᠡ ᠲᠣᠪᠤᠶᠢᠮ᠎ᠠ ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ ᠪᠡᠭᠡᠵᠢᠩ ᠠᠴᠠ ᠬᠥᠬᠡᠬᠤᠲᠠ ᠬᠦᠷᠬᠦ  ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ  ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠴᠢᠤᠸᠠᠨ ᠢᠦᠶ ᠯᠢᠩ ᠭᠤᠤᠯ ᠤᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠡᠬᠢᠯᠡᠭᠦᠯᠵᠦ᠂ ᠨᠠᠨ ᠱᠠ ᠾᠧ ᠭᠤᠤᠯ ᠢ ᠶᠡᠷᠦᠩᠬᠡᠶᠢᠯᠡᠨ ᠵᠠᠰᠠᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠨᠣᠭᠤᠭᠠᠨ ᠬᠥᠷᠥᠰᠥ᠂ ᠪᠠᠶᠠᠨ ᠬᠦᠴᠦ᠂ ᠾᠧᠩ ᠳ᠋ᠡ ᠵᠡᠷᠭᠡ ᠭᠠᠵᠠᠷ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠯᠦᠩ  ᠬᠦ᠋ ᠨᠠᠭᠤᠷ᠂ ᠯᠠᠨ ᠴᠧᠩ ᠵᠡᠷᠭᠡ ᠲᠥᠷᠥᠯ ᠵᠦᠢᠯ ᠢ ᠢᠳᠡᠪᠬᠢᠲᠡᠢ ᠵᠣᠯᠭᠠᠭᠤᠯᠵᠤ᠂ ᠵᠢᠨᠢᠩ ᠳᠤ ᠡᠷᠦᠬᠡ ᠠᠮᠠ ᠤᠷᠤᠭᠤᠯᠵᠤ  ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ᠂  ᠲᠣᠭᠤᠷᠢᠭ ᠲᠤ ᠣᠷᠣᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠲᠣᠤᠷᠵᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠤᠷᠲᠤᠳᠬᠠᠨ᠎ᠠ ᠃ ᠠᠳᠠᠯ ᠠᠬᠤᠶ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠲᠠᠰ ᠳᠡᠪᠰᠢᠬᠦ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠬᠦᠴᠦᠨ ᠢᠶᠠᠨ ᠲᠥᠪᠯᠡᠷᠡᠭᠦᠯᠦᠨ ᠬᠤᠶᠠᠳᠤᠭᠠᠷ ᠪᠦᠯᠦᠭ ᠤᠨ 7 ᠬᠡᠰᠡᠭ ᠲᠣᠭᠤᠷᠢᠭ᠂ 45  ᠰᠠᠭᠤᠭᠠᠯᠢ ᠲᠣᠭᠤᠷᠢᠭ᠂ 65.82 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠎ ᠢ ᠥᠭᠡᠷᠡᠴᠢᠯᠡᠬᠦ ᠡᠭᠦᠷᠭᠡ ᠶᠢ  ᠠᠬᠢᠭᠤᠯᠵᠤ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ ᠬᠡᠢ ᠬᠠᠩᠭᠠᠬᠤ ᠵᠡᠷᠭᠡ ᠬᠤᠭᠤᠯᠠᠶ ᠲᠣᠤᠷ ᠬᠠᠭᠤᠴᠢᠷᠠᠭᠰᠠᠨ ᠵᠢᠴᠢ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ ᠠᠳᠠᠯ ᠠᠬᠤᠶ᠂ ᠨᠡᠶᠢᠭᠡᠮ ᠲᠣᠭᠤᠷᠢᠭ ᠤᠨ ᠨᠠᠰᠤᠲᠠᠨ ᠳᠤ ᠨᠠᠶᠢᠳᠠᠵᠤ ᠬᠡᠤᠬᠡᠳ ᠰᠠᠭᠠᠲᠠᠭᠤᠯᠬᠤ᠂ ᠲᠦᠷᠭᠡᠨ ᠬᠦᠷᠭᠡᠯᠲᠡ ᠬᠦᠷᠭᠡᠬᠦ᠂ ᠠᠷᠠᠳ ᠲᠤ ᠳᠥᠭᠦᠮ ᠦᠵᠡᠭᠦᠯᠬᠦ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠦᠶᠯᠡᠴᠢᠯᠡᠭᠡᠨ ᠤ  ᠴᠢᠳᠠᠮᠵᠢ  ᠶᠢ ᠲᠥᠬᠦᠷᠵᠢᠭᠦᠯᠦᠨ ᠲᠡᠭᠦᠯᠳᠡᠷᠵᠢᠭᠦᠯᠵᠦ᠂ 9046 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ 2.5 ᠲᠦᠮᠡ ᠭᠠᠷᠤᠶ ᠬᠥᠮᠦᠨ ᠳᠤ ᠠᠰᠢᠭ ᠬᠦᠷᠲᠡᠭᠡᠪᠡ᠃ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠪᠠ ᠬᠤᠤᠷ ᠦᠭᠡᠶᠢᠳᠡᠭᠦᠯᠬᠦ ᠶᠢ ᠲᠦᠷᠭᠡᠳᠬᠡᠨ ᠪᠡᠶᠡᠯᠡᠭᠦᠯᠦᠨ᠎ᠡ᠃ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠵᠤ᠂ 21 ᠨᠡᠶᠢᠲᠡ ᠶᠢᠨ ᠵᠣᠷᠯᠣᠩ ᠢ ᠰᠢᠨ᠎ᠡ ᠪᠠᠷ ᠲᠤᠬᠢᠷᠠᠭᠤᠯᠤᠨ ᠪᠠᠶᠢᠭᠤᠯᠤᠨ᠎ᠠ᠃ ︽ᠣᠶᠤᠨᠯᠢᠭ ᠬᠤᠲᠠ︾᠎ ᠶᠢ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠶᠤᠨᠲᠤ ᠠᠳᠠᠯ ᠠᠬᠤᠶ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠵᠠᠮ ᠬᠠᠷᠢᠯᠴᠠᠭ᠎ᠠ ᠵᠡᠷᠭᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠬᠠᠮᠢᠶᠠᠷᠤᠯᠲᠠ ᠶᠢᠨ ᠵᠢᠷᠤᠮᠵᠢᠭᠰᠠᠨ᠂  ᠨᠠᠷᠢᠯᠢᠭᠵᠢᠭᠰᠠᠨ᠂ ᠣᠶᠤᠨᠴᠢᠯᠠᠭᠰᠠᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃          ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠥᠭᠡᠴᠡ ᠬᠦᠴᠦᠨ ᠢ ᠬᠤᠷᠠᠮᠳᠤᠭᠤᠯᠤᠨ᠎ᠠ᠃ ᠥᠭᠡᠷᠡᠴᠢᠯᠡᠯᠲᠡ ᠨᠡᠭᠡᠭᠡᠯᠲᠡ ᠪᠠ ᠡᠯᠧᠮᠧᠨ᠋ᠲ ᠤᠨ ᠪᠠᠲᠤᠯᠠᠭ᠎ᠠ ᠪᠠᠷ ᠬᠥᠭᠵᠢᠯᠲᠡ ᠶᠢ ᠠᠬᠢᠭᠤᠯᠬᠤ ᠴᠢᠬᠤᠯᠠ  ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ ᠥᠭᠡᠷᠡᠴᠢᠯᠡᠯᠲᠡ ᠶᠢ ᠨᠠᠩ ᠶᠡᠭᠡ ᠡᠷᠴᠢᠮ ᠢᠶᠠᠷ ᠭᠦᠨᠵᠡᠭᠡᠶᠢᠷᠡᠭᠦᠯᠦᠨ᠎ᠡ᠃ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢ ᠡᠮᠬᠢᠯᠡᠨ ᠨᠡᠶᠢᠯᠡᠭᠦᠯᠵᠦ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠡᠵᠡᠩᠨᠡᠯᠲᠡ ᠶᠢᠨ ᠴᠢᠨᠠᠷᠲᠠᠶ ᠤᠯᠤᠰ ᠎ ᠤᠨ ᠥᠮᠴᠢᠯᠡᠯ ᠤᠨ ᠡᠳ᠋ ᠬᠥᠷᠥᠩᠭᠡ ᠶᠢᠨ ᠲᠥᠪᠯᠡᠷᠡᠩᠭᠦᠶ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠤᠯᠤᠰ ᠤᠨ ᠥᠮᠴᠢᠯᠡᠯᠲᠡ ᠠᠵᠤ ᠠᠬᠤᠶᠢᠯᠠᠯ ᠤᠨ ᠴᠢᠬᠤᠯᠠ ᠶᠡᠭᠡ ᠡᠵᠡᠩᠨᠡᠯᠲᠡ ᠶᠢᠨ ᠰᠢᠶᠳᠪᠦᠷᠢᠲᠦ ᠪᠣᠳᠣᠯᠭ᠎ᠠ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠦᠨᠡᠯᠡᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ  ᠵᠡᠷᠭᠡ ᠳᠤ ᠰᠢᠰᠲ᠋ᠧᠮᠲᠦ ᠴᠢᠨᠠᠷᠲᠠᠶ ᠥᠭᠡᠷᠡᠴᠢᠯᠡᠯᠲᠡ ᠬᠢᠵᠦ᠂ ᠤᠯᠤᠰ ᠎ ᠤᠨ  ᠦᠮᠴᠢᠯᠡᠯᠲᠦ ᠠᠵᠤ ᠠᠬᠤᠶᠢᠯᠠᠯ ᠤᠨ ᠬᠥᠮᠦᠨ᠂ ᠡᠳ᠋᠂ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢᠨ ᠳᠦᠷᠢᠮ ᠢ  ᠪᠦᠬᠦ ᠲᠠᠯ᠎ᠠ ᠪᠠᠷ ᠪᠠᠶᠢᠭᠤᠯᠤᠨ᠎ᠠ᠃ ︽ᠣᠯᠠᠨ ᠦᠨᠡᠮᠯᠡᠯ ᠢ ᠨᠢᠭᠡᠳᠬᠡᠬᠦ︾᠂ ︽ᠦᠨᠡᠮᠯᠡᠯ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ  ᠬᠦᠨᠵᠡᠭᠡᠢ  ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂  ᠤᠶᠢᠷ᠎ᠠ ᠬᠠᠪᠢ ᠳᠤᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠪᠦᠬᠦ ᠬᠦᠴᠦᠨ ᠢᠶᠠᠷ ᠬᠡᠷᠡᠭᠵᠢᠭᠦᠯᠵᠦ᠂ ︽ᠨᠢᠭᠡ ᠴᠣᠩᠬᠤ ᠪᠠᠷ ᠬᠦᠯᠢᠶᠡᠨ ᠠᠪᠴᠤ ᠰᠢᠶᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠰᠢᠶᠳᠪᠦᠷᠢᠯᠡᠬᠦ᠂  ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾᠎ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠡᠷᠬᠢᠯᠡᠬᠦ ᠴᠠᠭ  ᠢ 3 ᠠᠵᠢᠯᠯᠠᠬᠤ ᠡᠳᠦᠷ ᠤᠨ ᠳᠣᠲᠣᠷ᠎ᠠ ᠪᠠᠭᠠᠰᠬᠠᠵᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ 5 ᠡᠳᠦᠷ ᠬᠢᠵᠦ ᠳᠠᠭᠤᠰᠬᠠᠭᠠᠳ᠂ ᠥᠨᠳᠥᠷ ᠳᠠᠪᠲᠠᠮᠵᠢᠲᠤ ᠬᠡᠷᠡᠭ ᠶᠠᠪᠤᠳᠠᠯ ᠢ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾᠎ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ ᠶᠢ 95%᠎ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠳᠠᠶᠠᠭᠠᠷ ᠤᠨ ᠢᠲᠡᠭᠡᠮᠵᠢ ᠎ ᠶᠢᠨ ᠤᠬᠠᠮᠰᠠᠷ ᠪᠠ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠵᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠬᠥᠲᠥᠯᠥᠨ ᠳᠠᠭᠠᠭᠤᠯᠤᠨ᠎ᠠ᠃ ᠴᠢᠳᠠᠪᠤᠷᠢᠲᠠᠨ ᠤ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠲᠤ ᠪᠠᠬᠢ ᠲᠣᠭᠲᠠᠭᠠᠵᠤ᠂ ᠣᠷᠣᠨ ᠰᠠᠭᠤᠴᠠ ᠶᠢᠨ ᠨᠥᠬᠦᠪᠥᠷᠢ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠥᠷᠢ᠂ ᠰᠤᠳᠤᠯᠤᠨ ᠨᠡᠭᠡᠭᠡᠬᠦ ᠰᠠᠭᠤᠷᠢ ᠮᠥᠩᠭᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠨᠢᠭᠡ ᠪᠦᠯᠦᠭ ︽ᠬᠤᠤᠰ ᠲᠡᠷᠢᠭᠦᠨ ᠵᠡᠷᠭᠡ ᠶᠢᠨ︾ ᠳᠡᠭᠡᠳᠦ ᠰᠤᠷᠭᠠᠭᠤᠯᠢ ᠲᠡᠭᠦᠰᠦᠭᠰᠡᠳ ᠢ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠪᠠ ᠡᠮᠴᠢᠯᠡᠭᠡ᠂ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ ᠦᠶᠯᠡᠴᠢᠯᠡᠭᠡᠨ ᠤ ᠬᠦᠷᠢᠶᠡᠨ ᠳᠤ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠤᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠭᠠᠳᠠᠭᠰᠢ ᠨᠡᠭᠡᠭᠡᠯᠳᠡ ᠬᠢᠬᠦ ︽ᠨᠠᠶᠢᠵᠠ ᠶᠢᠨ ᠬᠦᠷᠢᠶ᠎ᠡ︾᠎ ᠶᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠡᠷᠢᠶᠡᠨ ᠬᠤᠲᠠ᠂ ᠤᠯᠠᠭᠠᠨᠴᠠᠪ ᠬᠤᠲᠠ ᠬᠤᠶᠠᠷ ᠭᠠᠵᠠᠷ ᠤᠨ ᠠᠵᠤ ᠠᠬᠤᠢ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ  ᠢᠳᠡᠪᠬᠢᠲᠡᠢ ᠣᠷᠣᠯᠴᠠᠵᠤ᠂ ᠬᠤᠲᠠ ᠶᠢᠨ ᠭᠠᠳᠠᠭᠠᠳᠤ ᠠᠵᠤ ᠠᠬᠤᠢ ᠠᠷᠠᠯᠵᠢᠶ᠎ᠠ ᠂ ᠠᠽᠢᠶ᠎ᠠ ᠧᠦ᠋ᠷᠣᠫᠠ ᠣᠯᠠᠨ ᠤᠯᠤᠰ᠂  ᠤᠮᠠᠷᠠᠲᠤ ᠶᠢᠨ ᠡᠬᠡ ᠬᠠᠭᠤᠷᠠᠢ ᠶᠢᠨ ᠭᠠᠷᠠᠮ ᠵᠡᠷᠭᠡ ᠠᠵᠤ ᠠᠬᠤᠶᠢᠯᠠᠯ ᠧᠦ᠋ᠷᠣᠫᠠ ᠲᠢᠪ ᠤᠨ ᠲᠤᠬᠠᠢ ᠶᠢᠨ ᠭᠠᠵᠠᠷ ᠤᠨ ᠪᠠᠷᠠᠭ᠎ᠠ ᠶᠢᠨ ᠭᠦᠢᠯᠭᠡᠭᠡ᠂ ᠪᠠᠷᠠᠭ᠎ᠠ ᠣᠷᠣᠯᠠᠭᠤᠯᠬᠤ ᠵᠡᠷᠭᠡ ᠠᠵᠤ ᠠᠬᠤᠶᠢᠯᠠᠯ ᠯᠤᠭ᠎ᠠ ᠨᠢᠭᠲᠠ ᠬᠠᠷᠢᠯᠴᠠᠬᠤ ᠶᠢ  ᠵᠤᠷᠢᠭᠵᠢᠭᠤᠯᠤᠨ᠎ᠠ  ᠃ ᠥᠨᠳᠥᠷ ᠨᠡᠮᠡᠯᠲᠡ ᠦᠷᠳᠡᠭ ᠪᠦᠬᠦᠢ ᠲᠠᠸᠠᠷ ᠤᠨ ᠨᠠᠰᠢ ᠴᠠᠰᠢ ᠲᠡᠭᠡᠭᠡᠪᠦᠷᠢᠯᠡᠬᠦ ᠬᠡᠮᠵᠢᠶ᠎ᠡ ᠶᠢ  ᠦᠨᠡᠨᠬᠦᠨᠡᠮᠡᠭᠳᠡᠭᠦᠯᠦᠨ᠎ᠡ  ᠃  ᠳᠡᠭᠡᠳᠦ ᠬᠤᠷᠳᠤᠴᠠᠲᠤ ᠲᠡᠮᠦᠷ ᠵᠠᠮ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠪᠡᠭᠡᠵᠢᠩ ᠲᠢᠶᠠᠨᠵᠢᠨ ᠾᠧᠪᠧᠶ᠂ ᠬᠥᠬᠡᠬᠤᠲᠠ ᠪᠤᠭᠤᠲᠤ ᠣᠷᠳᠣᠰ᠂ ᠤᠯᠠᠭᠠᠨᠴᠠᠪ ᠶᠡᠭᠡ ᠵᠠᠩ ᠵᠡᠷᠭᠡ ᠣᠷᠣᠨ ᠪᠦᠰᠡ ᠶᠢᠨ ᠬᠠᠮᠲᠤᠷᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠢᠳᠡᠪᠬᠢᠲᠡᠢ ᠨᠡᠮᠡᠭᠳᠡᠭᠦᠯᠬᠦ ᠶᠢᠨ ᠬᠠᠮᠲᠤ ᠲᠣᠰ ᠭᠠᠵᠠᠷ ᠤᠨ ᠳᠠᠪᠠᠭᠤᠯᠢᠭ ᠡᠬᠢ ᠪᠠᠶᠠᠯᠢᠭ᠂ ᠴᠢᠨᠠᠷ ᠰᠠᠶᠢᠲᠠᠶ ᠦᠶᠯᠡᠳᠬᠦᠨ ᠢ ᠬᠦᠴᠦᠨ ᠥᠬᠡᠶ ᠪᠣᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠳᠦᠷᠢᠮ︾᠎ ᠢ ᠨᠠᠷᠢᠨ ᠬᠢᠨᠠᠮᠠᠭᠠᠶ  ᠨᠠᠶᠢᠳᠠᠪᠤᠷᠢᠵᠢᠭᠤᠯᠵᠤ  ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠰᠢᠯᠠᠵᠤ ᠪᠠᠶᠢᠭ᠎ᠠ ︽ᠲᠦᠭᠵᠢᠷᠡᠯ︾᠎ ᠢ ᠡᠷᠡᠰ ᠴᠡᠪᠡᠷᠯᠡᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠨᠠᠨ ᠵᠥᠪᠰᠢᠶᠡᠷᠡᠬᠦ ᠂ ᠭᠠᠶᠢᠯᠢ ᠰᠦᠢᠳᠬᠡᠯ ᠢ  ᠬᠠᠰᠤᠵᠤ ᠬᠡᠯᠲᠦᠷᠢᠭᠦᠯᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠲᠠᠯ᠎ᠠ ᠪᠠᠷ ᠨᠢᠭᠡ ᠯᠡ ᠠᠳᠠᠯᠢ ᠪᠠᠷ ᠦᠵᠡᠵᠦ᠂ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠬᠤ ᠳᠤ ᠬᠦᠴᠢᠷᠲᠡᠶ ᠪᠡᠯᠡ ᠲᠣᠬᠢᠷᠠᠭᠤᠯᠬᠤ ᠳᠤ ᠦᠨᠡᠲᠡᠶ  ᠪᠠᠶᠢᠬᠤ  ᠠᠰᠠᠭᠤᠳᠠᠯ ᠢ ᠤᠯᠠᠮ ᠨᠢᠭᠡ ᠠᠯᠬᠤᠮ ᠰᠢᠶᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ  ᠬᠦᠭᠵᠢᠯᠲᠡ  ᠳᠤ ᠭᠦᠶᠴᠡᠳ ᠵᠠᠬ᠎ᠠ ᠳᠡᠯᠭᠡᠭᠦᠷ ᠤᠨ ᠣᠷᠣᠨ ᠵᠠᠶ ᠶᠢ ᠪᠤᠢ ᠪᠣᠯᠭᠠᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠢᠳᠡᠪᠬᠢᠲᠡᠶ ᠪᠠᠶᠢᠭᠤᠯᠵᠤ  ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠤ  ᠠᠬᠤᠶᠢᠯᠠᠯᠲᠠᠨ  ᠢ ᠵᠢᠨᠢᠩ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠡᠳᠬᠢᠯ ᠠᠭᠤᠵᠢᠷᠠᠭᠤᠯᠤᠨ ᠠᠳᠠᠯ ᠦᠶᠯᠡᠰ ᠴᠣᠭᠴᠠᠯᠠᠵᠤ᠂ ᠰᠡᠳᠬᠢᠯ ᠠᠮᠤᠷ ᠬᠥᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠤᠳᠤᠷᠢᠳᠬᠤ ᠺᠠᠳ᠋ᠷ ᠤᠨ ︽ᠠᠵᠤ ᠦᠢᠯᠡᠰ ᠢ ᠳᠠᠭᠠᠭᠠᠴᠢᠯᠠᠬᠤ᠂ ᠬᠤᠳᠠᠯᠳᠤᠭᠠᠴᠢᠨ ᠤᠷᠢᠬᠤ᠂ ᠠᠬᠢᠭᠤᠯᠬᠤ ᠶᠢ  ᠳᠠᠭᠠᠭᠠᠴᠢᠯᠠᠬᠤ︾ ᠳᠦᠷᠢᠮ  ᠢ ᠬᠡᠷᠡᠭᠵᠢᠭᠦᠯᠵᠦ᠂ ᠬᠠᠮᠲᠤ ᠪᠠᠷ ᠡᠳ᠋ᠯᠡᠬᠦ᠂ ᠵᠥᠪᠳᠡᠯᠴᠡᠬᠦ ᠪᠠ ᠮᠥᠷᠳᠡᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠶᠯ ᠢ ᠬᠢᠨᠠᠨ ᠰᠢᠯᠭᠠᠬᠤ ᠬᠠᠮᠢᠶᠠᠷᠤᠯᠲᠠ᠂ ᠤᠷᠮᠠᠰᠢᠭᠤᠯᠬᠤ ᠱᠠᠩᠨᠠᠬᠤ ᠠᠷᠭ᠎ᠠ ᠶᠢ ᠲᠡᠭᠦᠯᠳᠡᠷᠵᠢᠭᠦᠯᠵᠦ᠂ ᠲᠥᠷᠥᠯ ᠵᠦᠶᠯ ᠤᠨ ᠠᠵᠢᠯ ᠳᠠᠭᠤᠰᠬᠤ ᠨᠣᠷᠮ᠎ᠠ ᠎ ᠤᠨ ᠭᠠᠷᠤᠯᠲᠠ ᠳᠤ ᠬᠦᠷᠬᠦ ᠨᠣᠷᠮ᠎ᠠ ᠶᠢᠨ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠢᠯᠠᠩᠭᠤᠶ᠎ᠠ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢᠨ ᠠᠵᠤ ᠦᠶᠯᠡᠰ ᠤᠨ ᠰᠢᠯᠵᠢᠯᠲᠡ ᠶᠢ  ᠠᠳᠬᠤᠵᠤ᠂ ᠠᠵᠤ ᠦᠶᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ   ᠪᠡᠯᠡ ᠤᠷᠤᠭᠤᠯᠬᠤ ᠎ ᠶᠢ ᠪᠦᠬᠦ ᠲᠠᠯ᠎ᠠ ᠪᠠᠷ ᠥᠷᠨᠢᠭᠦᠯᠵᠡᠶ᠃ ᠨᠢᠭᠡ ᠪᠦᠯᠦᠭ ᠴᠢᠬᠤᠯᠠ ᠶᠡᠭᠡ ᠲᠥᠷᠥᠯ ᠵᠦᠶᠯ ᠢ ᠳᠠᠭᠠᠵᠤ᠂ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ ᠪᠠᠷ  ᠴᠢᠷᠮᠠᠶᠢᠨ᠎ᠠ  ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃ ᠵᠢᠨᠢᠩ ᠪᠣᠯᠤᠨ ᠪᠦᠬᠦ ᠥᠪᠡᠷᠲᠡᠭᠡᠨ ᠵᠠᠰᠠᠬᠤ ᠣᠷᠣᠨ ᠤ  ᠪᠦᠬᠦ ᠪᠥᠮᠪᠥᠷᠴᠡᠭ ᠢ ᠬᠠᠷᠠᠬᠤ  ᠳᠤ ᠰᠠᠭᠤᠷᠢᠯᠠᠬᠤ ᠶᠢ ᠪᠠᠷᠢᠮᠲᠠᠯᠠᠵᠤ᠂  ᠬᠥᠭᠵᠢᠯᠲᠡ ᠶᠢᠨ ᠵᠢᠮ᠎ᠡ ᠶᠣᠰᠣ ᠪᠣᠯᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠪᠦᠬᠦ  ᠲᠤᠭᠤᠷᠢᠭ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ ᠪᠠ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠭᠦᠨᠵᠡᠭᠡᠶ ᠲᠥᠯᠥᠪᠵᠢᠭᠦᠯᠵᠦ᠂ ᠮᠠᠨ ᠤ  ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ  ᠳᠤ ᠠᠩᠬᠠᠷᠤᠯ ᠢᠶᠠᠨ ᠲᠥᠪᠯᠡᠷᠡᠭᠦᠯᠦᠨ᠂ ᠪᠠᠶᠢᠴᠠᠭᠠᠨ ᠰᠤᠳᠤᠯᠤᠯᠲᠠ ᠶᠢ ᠥᠷᠭᠡᠨ ᠢᠶᠠᠷ ᠥᠷᠨᠢᠭᠦᠯᠵᠡᠶ᠃ ᠡᠯ᠎ᠡ ᠡᠲᠡᠭᠡᠳ ᠤᠨ ᠣᠶᠤᠨ ᠤᠬᠠᠭᠠᠨ ᠢ ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠢᠷᠡᠬᠦ ᠲᠠᠪᠤᠨ ᠵᠢᠯ ᠵᠢᠴᠢ ᠨᠡᠩ ᠤᠷᠲᠤ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠠᠶ᠃ ᠪᠠᠰᠠ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠬᠤ  ᠪᠤᠯᠠᠬᠤ ᠶᠢ ᠦᠨᠡᠨᠬᠦ ᠪᠡᠶᠡᠯᠡᠭᠦᠯᠵᠦ᠂ ᠮᠠᠨ ᠤ  ᠲᠤᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ᠮᠥᠷᠲᠡᠭᠡᠨ ᠵᠢᠨᠢᠩ ᠤᠨ ᠪᠣᠳᠠᠲᠤ  ᠪᠠᠶᠢᠳᠠᠯ  ᠳᠤ ᠨᠡᠶᠢᠴᠡᠨ᠎ᠡ᠃          ︵ᠳᠣᠯᠤᠭ᠎ᠠ︶ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠲᠥᠯᠥᠭᠡ ᠲᠥᠷᠥ ᠪᠠᠷᠢᠵᠤ᠂ ᠠᠷᠠᠳ ᠤᠨ ᠠᠮᠢᠳᠤᠷᠠᠯ  ᠤᠨ ᠠᠵᠠ ᠵᠢᠷᠭᠠᠯ ᠢ ᠪᠥᠬᠦ ᠬᠦᠴᠦᠨ ᠢᠶᠠᠷ ᠢᠶᠠᠨ ᠨᠡᠮᠡᠭᠳᠡᠭᠦᠯᠦᠨ᠎ᠡ᠃ ᠠᠷᠠᠳ ᠣᠯᠠᠨ ᠤ ᠬᠦᠴᠢᠷ ᠲᠦᠪᠡᠭᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠡᠯ᠎ᠡ ᠵᠦᠶᠯ ᠤᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ  ᠰᠠᠶᠢᠨ ᠰᠠᠶᠢᠬᠠᠨ  ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂  ᠴᠡᠷᠢᠭ ᠤᠨ ᠠᠯᠪᠠᠨ ᠠᠴᠠ ᠪᠠᠭᠤᠭᠰᠠᠳ᠂ ᠬᠥᠯᠥᠰᠥᠨ ᠠᠵᠢᠯᠴᠢᠨ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ  ᠤᠯᠬᠤ  ᠲᠤᠰᠠᠯᠠᠮᠵᠢ ᠶᠢ   ᠴᠢᠩᠭᠠᠳᠬᠠᠨ᠂ ᠠᠳᠠᠯ ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠳᠤ  ᠳᠡᠮᠵᠢᠬᠦ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠳᠤ 4600 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠨᠢᠭᠡ ᠴᠦ ᠠᠵᠢᠯ ᠤᠯᠤᠭᠰᠠᠨ ᠥᠬᠡᠶ ᠬᠡᠷ ᠪᠦᠯᠢ ᠶᠢᠨ ᠬᠥᠳᠡᠯᠦᠩᠭᠦᠶ ᠪᠠᠷ ᠠᠵᠢᠯ ᠤᠯᠬᠤ ᠶᠢ ᠦᠨᠡᠨᠬᠦ  ᠪᠠᠲᠤᠯᠠᠪᠠ᠃ ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠢᠯ ᠠᠯᠳᠠᠯᠲᠠ ᠶᠢᠨ ᠮᠥᠩᠭᠦ ᠪᠠ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠣᠨᠴᠠᠭᠠᠢ ᠬᠦᠴᠢᠷᠳᠡᠯᠲᠡᠢ ᠬᠥᠮᠦᠰ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠣᠯᠭᠤᠮᠵᠢ ᠶᠢ ᠳᠡᠭᠡᠭᠰᠢᠯᠡᠭᠦᠯᠬᠦ᠂ ᠬᠢᠨᠠᠨ ᠰᠢᠯᠭᠠᠬᠤ  ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠲᠤᠬᠠᠶ ᠬᠢᠨᠠᠮᠠᠭᠠᠶ ᠰᠤᠳᠤᠯᠤᠨ ᠨᠡᠶᠢᠲᠡᠯᠡᠬᠦ ᠬᠡᠷᠡᠭᠲᠡᠶ᠃ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠤ ᠠᠵᠢᠯ ᠦᠢᠯᠡᠰ ᠤᠨ ᠨᠢᠭᠡᠴᠡ ᠳᠤ ᠣᠷᠣᠬᠤ ᠰᠢᠨ᠎ᠡ ᠠᠷᠭ᠎ᠠ ᠵᠠᠮ  ᠪᠠ ᠠᠵᠢᠯ ᠦᠢᠯᠡᠰ ᠤᠨ ᠠᠵᠢᠯᠲᠠᠨ ᠤ ᠬᠠᠮᠢᠶᠠᠷᠤᠯᠲᠠ ᠪᠠᠷ ᠯᠠᠪᠯᠠᠯᠲᠠ ᠪᠣᠯᠭᠠᠬᠤ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠲᠡᠳᠡᠨ ᠢ ᠨᠡᠶᠢᠭᠡᠮ ᠲᠣᠭᠤᠷᠢᠭ᠂ ᠣᠯᠠᠨ ᠲᠦᠮᠡᠨ ᠳᠤ ᠨᠡᠩ ᠰᠡᠳᠬᠢᠯ ᠠᠮᠤᠷ ᠦᠶᠯᠡᠴᠢᠯᠡᠭᠦᠯᠬᠦ ᠬᠡᠷᠡᠭᠲᠡᠶ ᠭᠡᠵᠡᠶ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ︽ᠣᠷᠣᠨ ᠰᠠᠭᠤᠴᠠ ᠶᠢ ᠰᠠᠭᠤᠬᠤ ᠠᠴᠠ ᠪᠢᠰᠢ ᠰᠠᠷᠢᠭᠠᠯᠠᠬᠤ ᠥᠬᠡᠶ︾ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ᠬᠠᠭᠤᠴᠢᠨ ᠰᠠᠭᠤᠭᠠᠯᠢ ᠲᠣᠭᠤᠷᠢᠭ  ᠢ ᠥᠭᠡᠷᠡᠴᠢᠯᠡᠨ ᠪᠠᠶᠢᠭᠤᠯᠬᠤ ᠠᠵᠢᠯ ᠳᠤ ᠬᠠᠮᠵᠢᠯᠴᠠᠨ᠎ᠠ᠂ 500 ᠡᠷᠦᠬᠡ ᠶᠢᠨ ᠳᠥᠭᠦᠮ  ᠪᠦᠲᠦᠴᠡᠲᠦ ᠣᠷᠣᠨ ᠰᠠᠭᠤᠴᠠᠲᠤ ᠲᠣᠭᠤᠷᠢᠭ  ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠢᠨ ᠱᠠᠩ ᠭᠡᠷ ᠣᠷᠣᠨ᠂ ᠵᠢᠶᠠᠩ ᠳ᠋ᠦᠩ ᠵᠢᠶᠦ᠋ᠨ ᠤ E ᠲᠣᠭᠤᠷᠢᠭ ᠵᠡᠷᠭᠡ ᠲᠥᠪᠬᠢᠨᠡᠭᠦᠯᠬᠦ 8 ᠪᠠᠭ᠎ᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠤᠨ ︽ᠬᠢᠮᠳᠠ ᠣᠷᠣᠨ ᠰᠠᠭᠤᠴᠠ ᠶᠢᠨ ᠵᠡᠭᠦᠳᠦ︾᠎ ᠪᠠᠨ ᠡᠷᠲᠡᠬᠡᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠭᠠᠰ ᠳᠤᠲᠠᠭᠤ ᠪᠠᠷᠢᠯᠭ᠎ᠠ᠂ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠬᠤ ᠵᠡᠷᠭᠡ ᠠᠰᠠᠭᠤᠳᠠᠯ ᠢ ᠰᠢᠶᠳᠪᠦᠷᠢᠯᠡᠬᠦ ᠶᠢ ᠵᠡᠷᠭᠡᠪᠡᠷ ᠠᠬᠢᠭᠤᠯᠵᠤ᠂ ᠦᠯᠡᠳᠡᠭᠰᠡᠨ 425 ᠡᠷᠦᠬᠡ ᠶᠢᠨ ︽ᠨᠤᠷᠠᠭᠠᠵᠤ ᠨᠡᠭᠦᠬᠦ ᠳᠤ ᠬᠦᠴᠢᠷ︾ ᠠᠰᠠᠭᠤᠳᠠᠯ ᠢ ᠲᠦᠢᠯᠪᠤᠷᠢᠲᠠᠶ ᠰᠢᠶᠳᠪᠦᠷᠢᠯᠡᠨ᠎ᠡ᠃ ᠳᠤᠮᠳᠠ ᠳᠣᠤᠷ᠎ᠠ ᠣᠷᠣᠯᠭ᠎ᠠ ᠲᠠᠢ ᠬᠡᠷ ᠪᠦᠯᠢ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠷ ᠨᠠᠩ ᠣᠯᠠᠨ ᠬᠤᠲᠠ  ᠪᠠᠯᠭᠠᠰᠤᠨ ᠤ ᠳᠤᠮᠳᠠ ᠵᠢᠴᠢ ᠲᠡᠭᠦᠨ ᠠᠴᠠ ᠳᠣᠷᠣᠭᠰᠢᠬᠢ ᠣᠷᠣᠯᠭ᠎ᠠ ᠲᠠᠢ ᠬᠡᠷ ᠪᠦᠯᠢ ᠳᠤ ᠠᠰᠢᠭ ᠬᠦᠷᠲᠡᠭᠡᠨ᠎ᠡ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ  ᠬᠡᠷᠡᠭᠵᠢᠭᠦᠯᠦᠨ᠎ᠡ᠃ ︽ᠭᠤᠷᠪᠠᠨ ᠨᠡᠷ᠎ᠡ ︾᠎ ᠶᠢᠨ ᠢᠨᠵᠧᠨᠧᠷᠢᠩ ᠢ ᠭᠦᠨᠵᠡᠭᠡᠶ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠣᠯᠤᠨ ᠥᠨᠳᠥᠷ ᠵᠡᠷᠭᠡ ᠶᠢᠨ ᠳᠤᠮᠳᠠᠳᠤ  ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂  ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂  ᠲᠦᠪ ᠤᠨ ᠪᠠᠭᠰᠢ ᠶᠢᠨ ᠶᠡᠭᠡ ᠰᠤᠷᠭᠠᠭᠤᠯᠢ᠂ ᠰᠧᠴᠤᠸᠠᠨ ᠤ ᠲᠢᠶᠠᠨ ᠯᠢ ᠵᠡᠷᠭᠡ ᠨᠡᠷᠡᠲᠦ ᠰᠤᠷᠭᠠᠭᠤᠯᠢ ᠯᠤᠭ᠎ᠠ ᠬᠠᠮᠲᠤᠷᠠᠨ ᠠᠵᠢᠯᠯᠠᠬᠤ ᠠᠯᠬᠤᠴᠠ ᠪᠠᠨ ᠲᠦᠷᠭᠡᠳᠬᠡᠵᠦ᠂ ᠪᠥᠬᠦ  ᠲᠤᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ  ᠳᠡᠭᠡᠭᠰᠢᠯᠡᠬᠦᠯᠬᠦ ᠶᠢ ᠳᠠᠶᠢᠴᠢᠯᠠᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠬᠥᠯ ᠪᠥᠮᠪᠦᠭᠡ᠂ ᠮᠥᠰᠥ ᠴᠠᠰᠤ᠂ ᠲᠣᠤᠷ ᠪᠦᠮᠪᠦᠭᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠪᠠᠶᠢᠷᠢᠯᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂  ᠲᠸᠡᠭ  ᠹᠸᠢ᠂ ᠾᠧᠩ ᠳ᠋ᠡ ᠲᠤᠷᠰᠢᠯᠲᠠ ᠶᠢᠨ ᠰᠤᠷᠭᠠᠭᠤᠯᠢ ᠵᠡᠷᠭᠡ 10 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠡᠰᠡᠭ ᠭᠠᠵᠠᠷ ᠤᠨ ᠬᠡᠰᠡᠭ  ᠲᠤᠭᠤᠷᠢᠭ ᠤᠨ ᠰᠤᠷᠭᠠᠭᠤᠯᠢ ᠳᠤ ᠣᠷᠣᠬᠤ ᠳᠤ ᠬᠦᠴᠢᠷᠲᠡᠶ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ︽ᠭᠤᠷᠪᠠᠨ ᠡᠮᠴᠢᠯᠡᠭᠡ︾᠎ ᠶᠢᠨ ᠬᠤᠯᠪᠣᠭᠠᠯᠠᠨ ᠬᠦᠳᠡᠯᠦᠯᠴᠡᠬᠦ  ᠶᠢ ᠭᠦᠨᠵᠡᠭᠡᠶᠢᠷᠡᠭᠦᠯᠵᠦ᠂ ᠤᠯᠤᠰ ᠤᠨ ᠲᠠᠰ ᠤᠨ ᠡᠷᠡᠭᠦᠯ ᠮᠡᠨᠳᠦ ᠶᠢ ᠠᠬᠢᠭᠤᠯᠬᠤ ᠣᠷᠣᠨ ᠪᠠ ᠥᠪᠡᠷᠲᠡᠭᠡᠨ ᠵᠠᠰᠠᠬᠤ ᠣᠷᠣᠨ ᠤ  ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ  ᠢ ᠰᠢᠯᠭᠠᠨ ᠠᠪᠬᠤ ᠠᠵᠢᠯ ᠢ ᠰᠠᠶᠢᠲᠤᠷ ᠬᠢᠨ᠎ᠠ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ᠂  ᠬᠢᠲᠠᠳ  ᠮᠣᠩᠭᠤᠯ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠵᠤ᠂ ᠤᠳᠤᠷᠢᠳᠬᠤ ᠪᠠᠭ ᠤᠨ ᠡᠩᠨᠡᠭᠡ ᠶᠢ ᠴᠢᠩᠭᠠᠳᠬᠠᠵᠤ  ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠰᠠᠭᠤᠷᠢ ᠲᠥᠬᠦᠭᠡᠷᠦᠮᠵᠢ ᠪᠠ ᠮᠡᠳᠡᠭᠡ ᠵᠠᠩᠭᠢᠵᠢᠯᠲᠠ ᠶᠢᠨ  ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ ᠪᠡᠭᠡᠵᠢᠩ ᠤᠨ ᠴᠠᠩ ᠴᠦᠨ ᠲᠧᠩ ᠠᠨᠠᠭᠠᠬᠤ ᠤᠬᠠᠭᠠᠨ ᠳᠡᠭᠡᠳᠦ ᠲᠡᠰ ᠤᠨ ᠴᠢᠳᠠᠪᠤᠷᠢᠲᠠᠨ ᠤ ᠬᠤᠯᠪᠣᠭ᠎ᠠ ᠶᠢᠨ ᠪᠣᠳᠠᠲᠠᠶ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠣᠯᠠᠨ ᠲᠦᠮᠡᠨ ᠳᠤ ᠪᠡᠭᠡᠵᠢᠩ ᠤᠨ ᠨᠡᠷᠡᠲᠦ ᠲᠤᠰᠬᠠᠶ ᠮᠡᠷᠭᠡᠵᠢᠯᠲᠡᠨ ᠤ ᠡᠮᠴᠢᠯᠡᠭᠡᠨ ᠤ ᠦᠶᠯᠡᠴᠢᠯᠡᠭᠡ ᠬᠦᠷᠲᠡᠭᠡᠨ᠎ᠡ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ᠎ᠠ᠃ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂  ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠬᠢᠵᠢᠭ ᠤᠨ ᠪᠠᠶᠢᠳᠠᠯ ᠢ ᠬᠤᠷᠢᠭᠯᠠᠨ  ᠡᠵᠡᠮᠳᠡᠬᠦ ᠳᠠᠶᠢᠨ ᠢ ᠰᠡᠷᠭᠡᠶᠢᠯᠡᠨ  ᠡᠵᠡᠮᠳᠡᠬᠦ ᠲᠤᠷᠰᠢᠯᠭ᠎ᠠ ᠪᠠᠨ  ᠳ᠋ᠦᠡᠭᠨᠡᠵᠦ᠂ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ  ᠲᠤᠭᠤᠷᠢᠭ ᠤᠨ ᠠᠵᠢᠯᠲᠠᠨ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠤ ᠬᠤᠰᠢᠭᠤᠴᠢ ᠠᠩᠭᠢ᠂  ᠪᠠᠶᠢᠭᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠺᠠᠳ᠋ᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠦᠵᠡᠭᠦᠯᠦᠭᠰᠡᠨ ᠬᠤᠪᠢ ᠨᠡᠮᠡᠷᠢ ᠶᠢ ᠭᠦᠶᠴᠡᠳ ᠨᠤᠲᠠᠯᠠᠵᠤ᠂ ᠠᠵᠢᠯᠲᠠᠨ ᠤ ᠣᠯᠭᠤᠮᠵᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠵᠠᠰᠠᠬᠤ᠂ ᠵᠠᠬ᠎ᠠ  ᠳᠡᠯᠭᠡᠭᠦᠷ ᠤᠨ ᠬᠠᠩᠭᠠᠯᠭ᠎ᠠ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠠᠶᠢᠭᠤᠯᠤᠯᠲᠠ ᠶᠢ ᠰᠦᠪᠡᠭᠴᠢᠯᠡᠨ ᠪᠠᠶᠢᠭᠤᠯᠤᠨ᠎ᠠ᠃ ᠰᠢᠨ᠎ᠡ  ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠣᠯᠠᠨ ᠨᠡᠶᠢᠢᠲᠡ ᠶᠢᠨ ᠡᠷᠡᠭᠦᠯ  ᠬᠠᠮᠠᠭᠠᠯᠠᠯ ᠎ ᠤᠨ ᠬᠡᠷᠡᠭ ᠢ ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠦᠨᠡᠨᠬᠦ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽  ᠠᠮᠤᠷ ᠲᠦᠪᠰᠢᠨ ᠤ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ   ᠰᠤᠷᠪᠤᠯᠵᠢᠯᠭ᠎ᠠ ᠶᠢᠨ ᠲᠣᠪᠤᠶᠢᠮ᠎ᠠ ᠠᠰᠠᠭᠤᠳᠠᠯ ᠪᠠ ᠣᠯᠠᠨ ᠲᠦᠮᠡᠨ ᠤ ᠵᠦᠶ ᠵᠣᠬᠢᠰᠲᠠᠶ ᠬᠠᠤᠯᠢ ᠶᠣᠰᠣᠨ ᠤ ᠬᠦᠰᠡᠯ  ᠱᠠᠭᠠᠷᠳᠠᠯᠭ᠎ᠠ ᠶᠢ  ᠦᠨᠡᠨᠬᠦ  ᠰᠠᠶᠢᠲᠤᠷ ᠰᠢᠶᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ︽ᠬᠠᠷᠢᠴᠠᠭᠠᠨ ᠤ ᠰᠦᠯᠵᠢᠶ᠎ᠡ︾ ᠪᠠ ︽ᠬᠠᠮᠠᠭᠠᠯᠠᠭᠴᠢ︾᠎ ᠶᠢ ᠭᠦᠨᠵᠡᠭᠡᠶ ᠠᠭᠤᠳᠠᠯᠤᠨ ᠲᠦᠢᠯᠪᠤᠷᠢᠲᠠᠶ  ᠪᠠᠶᠢᠴᠠᠭᠠᠵᠤ  ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃          ᠡᠭᠦᠨ ᠤ ᠬᠠᠮᠲᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠪᠠ ᠪᠦᠬᠦ ᠤᠯᠤᠰ ᠤᠨ ᠬᠤᠶᠠᠷ ᠢ  ᠬᠦᠷᠢᠶᠡᠯᠡᠭᠰᠡᠨ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠤᠯᠤᠰ ᠎ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ  ᠶᠢ ᠶᠡᠬᠡᠪᠡᠷ ᠲᠦᠯᠬᠢᠨ ᠠᠬᠢᠭᠤᠯᠤᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠎ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠦᠨ᠎ᠡ᠃ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ᠂ ᠴᠠᠭ ᠠᠭᠤᠷ᠂ ᠲᠤᠭ᠎ᠠ ᠪᠦᠷᠢᠳᠬᠡᠯ᠂ ᠠᠮᠤ ᠪᠤᠳᠠᠭ᠎ᠠ᠂ ᠪᠠᠷᠠᠭ᠎ᠠ ᠶᠢᠨ ᠦᠨ᠎ᠡ᠂ ᠳᠠᠩᠰᠠ ᠡᠪᠬᠡᠮᠡᠯ᠂ ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ  ᠰᠠᠶᠢᠲᠤᠷ  ᠬᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠎ ᠤᠨ ᠬᠤᠯᠪᠣᠭ᠎ᠠ᠂ ᠠᠵᠤ ᠦᠶᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠠᠬᠠᠮᠠᠳ ᠺᠠᠳ᠋ᠷ ᠵᠡᠷᠭᠡ ᠠᠵᠢᠯ ᠦᠢᠯᠡᠰ ᠤᠨ ᠡᠷᠡᠭᠦᠯ ᠢᠶᠠᠷ ᠬᠥᠭᠵᠢᠬᠦ ᠶᠢ ᠳᠠᠮᠵᠢᠨ᠎ᠠ᠃            ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ          ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ︽ᠳᠥᠷᠪᠡᠨ ᠤᠬᠠᠮᠰᠠᠷ︾᠎ ᠢ ᠪᠠᠲᠤ ᠪᠠᠬᠢ ᠪᠤᠢ ᠪᠤᠯᠭᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ  ᠪᠠᠶᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ  ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠲᠡᠭᠦᠨ ᠢᠶᠠᠷ ᠲᠠᠷᠢᠬᠢ ᠲᠣᠯᠣᠭᠠᠶ ᠎ ᠪᠠᠨ ᠵᠡᠪᠰᠡᠭᠯᠡᠵᠦ᠂ ᠦᠶᠯᠡᠳᠦᠯᠭᠡ ᠶᠢ ᠵᠢᠯᠣᠭᠤᠳᠴᠤ᠂ ᠠᠵᠢᠯ ᠢᠶᠠᠨ ᠲᠦᠯᠬᠢᠨ ᠠᠬᠢᠭᠤᠯᠤᠨ᠎ᠠ᠃ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠪᠠᠨ ᠲᠠᠰᠤᠷᠠᠯᠲᠠ ᠦᠭᠡᠢ  ᠴᠢᠯᠦᠭᠡᠯᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ  ᠬᠤᠲᠠ ᠪᠠ  ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠭᠡᠯᠴᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠵᠠᠰᠠᠭ ᠤᠨ ᠵᠠᠷᠯᠢᠭ ᠤᠨ ᠰᠠᠭᠠᠳ ᠦᠭᠡᠢ  ᠨᠡᠪᠲᠡᠷᠡᠵᠦ  ᠂ ᠵᠠᠷᠯᠢᠭ ᠴᠠᠭᠠᠵᠠ ᠶᠢ ᠳᠠᠭᠠᠬᠤ ᠶᠢ ᠦᠨᠡᠨᠬᠦ ᠪᠠᠲᠤᠯᠠᠨ᠎ᠠ᠃            ᠬᠠᠤᠯᠢ  ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠢ ᠬᠠᠤᠯᠢᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠵᠠᠮ ᠳᠡᠭᠡᠷ᠎ᠡ ᠠᠵᠢᠯᠯᠠᠬᠤ ᠶᠢ ᠦᠨᠡᠨᠬᠦ  ᠪᠠᠲᠤᠯᠠᠨ᠎ᠠ᠃ ︽ᠭᠤᠷᠪᠠᠨ ᠴᠢᠬᠤᠯᠠ ᠨᠢᠭᠡ ᠶᠡᠭᠡ︾ ᠵᠢᠴᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ  ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠬᠤ᠂ ᠬᠠᠤᠯᠢ ᠶᠣᠰᠣᠴᠢ ᠴᠢᠨᠠᠷ  ᠢ ᠬᠢᠨᠠᠨ ᠪᠠᠶᠢᠴᠠᠭᠠᠬᠤ ᠵᠡᠷᠭᠡ ᠳᠦᠷᠢᠮ  ᠢ ᠬᠢᠨᠠᠮᠠᠭᠠᠢ ᠨᠠᠶᠢᠳᠠᠪᠤᠷᠢᠵᠢᠭᠤᠯᠬᠤ᠂ ᠬᠠᠤᠯᠢ ᠶᠣᠰᠣᠭᠠᠷ ᠰᠢᠨᠵᠢᠯᠡᠬᠦ  ᠤᠬᠠᠭᠠᠨᠴᠢ  ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠪᠦᠲᠦᠮᠵᠢᠲᠡᠢ  ᠳᠡᠭᠡᠭᠰᠢᠯᠡᠭᠦᠯᠦᠨ᠎ᠡ  ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠤᠯᠢ ᠶᠢ  ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠷᠬᠡ ᠶᠢ ᠢᠯᠡ ᠪᠠᠷ ᠶᠠᠪᠤᠭᠤᠯᠬᠤ ᠶᠢ ᠦᠨᠡᠨᠬᠦ ᠪᠠᠲᠤᠯᠠᠨ᠎ᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠭᠠᠷᠭᠠᠭᠰᠠᠨ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠵᠦᠶᠯᠡᠰ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠬᠦ ᠵᠡᠷᠭᠡ ᠲᠦᠷᠢᠮ ᠢ ᠪᠠᠷᠢᠮᠲᠠᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ  ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠠᠭ ᠲᠤᠬᠠᠶ  ᠎ ᠳᠤᠨᠢ ᠰᠢᠶᠳᠪᠦᠷᠢᠯᠡᠨ᠎ᠡ᠃ ᠦᠨᠡᠨᠴᠢ ᠢᠲᠡᠭᠡᠮᠵᠢᠲᠡᠶ ᠪᠠᠷ ᠵᠠᠰᠠᠭ ᠶᠠᠪᠤᠭᠤᠯᠬᠤ ᠶᠢ ᠴᠢᠬᠤᠯᠠ ᠪᠠᠷᠢᠮᠵᠢᠶ᠎ᠠ ᠪᠣᠯᠭᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠬᠥᠲᠥᠯᠥᠨ ᠳᠠᠭᠠᠭᠤᠯᠤᠨ᠎ᠠ᠃           ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠪᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠪᠠᠷᠢᠮᠵᠢᠶ᠎ᠠ︾ ︽ᠳᠦᠷᠢᠮ︾᠎ ᠢ ᠲᠦᠷᠦᠭᠦᠯᠡᠨ ᠵᠢᠷᠤᠮᠯᠠᠵᠤ᠂ ︽ᠨᠢᠭᠡ ᠠᠵᠢᠯ ᠤᠨ ᠪᠠᠶᠢᠷᠢ ᠬᠤᠶᠠᠷ  ᠬᠠᠷᠢᠭᠤᠴᠠᠯᠭ᠎ᠠ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ  ᠦᠨᠡᠨᠬᠦ  ᠰᠠᠶᠢᠲᠤᠷ  ᠠᠳᠬᠤᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠠᠷᠢᠯᠭᠠᠬᠤ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ  ᠢ  ᠬᠢᠨᠠᠮᠠᠭᠠᠶ ᠨᠠᠶᠢᠳᠠᠪᠤᠷᠢᠵᠢᠭᠤᠯᠬᠤ᠂ ᠡᠯ᠎ᠡ ᠵᠦᠶᠯ ᠤᠨ ᠪᠤᠷᠤᠭᠤ ᠦᠭᠡ ᠶᠠᠷᠢᠶ᠎ᠠ ᠶᠢ ᠡᠷᠡᠰ ᠡᠰᠡᠷᠭᠦᠴᠡᠨ ᠬᠤᠷᠢᠭᠯᠠᠬᠤ ᠬᠡᠷᠡᠭᠲᠡᠶ᠃ ᠬᠢᠨᠠᠨ ᠪᠣᠳᠣᠵᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠵᠦᠶᠯ ᠤᠨ ᠠᠯᠪᠠᠨ︾᠎ ᠤ ᠵᠠᠷᠤᠳᠠᠯ ᠪᠣᠯᠤᠨ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ︽ᠭᠠᠮᠲᠠᠶ ᠡᠳᠦᠷ︾᠎ ᠢᠶᠠᠷ ᠤᠯᠠᠨ ᠲᠦᠮᠡᠨ ᠤ ︽ ᠰᠠᠶᠢᠨ ᠡᠳᠦᠷ︾᠎ ᠢ ᠰᠣᠯᠢᠵᠤ ᠠᠪᠤᠨ᠎ᠠ᠃ ᠢᠯᠵᠠᠷᠠᠯ ᠢ ᠡᠰᠡᠷᠭᠦᠴᠡᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠲᠤᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠢᠯᠵᠠᠷᠠᠯ ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ  ᠰᠢᠢᠳᠪᠦᠷᠢᠯᠡᠵᠦ᠂ ᠠᠷᠢᠭᠤᠨ ᠴᠢᠬᠡᠴᠢ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠳᠡᠪᠢᠰᠬᠡᠷ ᠦᠡᠭᠭᠡ ᠪᠣᠯᠭᠠᠨ᠎ᠠ᠃          ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠪᠡ᠃ ᠰᠢᠨ᠎ᠡ ᠠᠶᠠᠨ ᠵᠠᠮ ᠲᠡᠭᠰᠢ ᠳᠠᠷᠳᠠᠩ ᠪᠠᠶᠢᠵᠤ ᠴᠢᠳᠠᠬᠤ ᠦᠭᠡᠢ᠂ ᠤᠷᠤᠭᠰᠢᠯᠠᠯᠲᠠ ᠶᠢᠨ ᠵᠠᠮ ᠥᠷᠢᠰᠥᠯᠳᠦᠭᠡᠨ ᠢᠶᠠᠷ ᠳᠦᠭᠦᠷᠴᠦ᠂ ᠪᠢᠳᠡ ᠬᠥᠭᠵᠢᠯᠲᠡ ᠳᠤ ᠬᠠᠷᠢᠭᠤᠴᠠᠬᠤ᠂ ᠲᠡᠦᠬᠡ ᠳᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠪᠠ ᠵᠣᠷᠢᠭᠲᠠᠢ ᠬᠢᠵᠦ ᠵᠣᠷᠢᠭᠲᠠᠢ ᠠᠵᠢᠯᠯᠠᠬᠤ᠂ ᠪᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ  ᠪᠠᠶᠢᠳᠠᠯ  ᠢ ᠢᠮᠠᠭᠲᠠ ᠪᠠᠷᠢᠮᠲᠠᠯᠠᠬᠤ ᠬᠡᠷᠡᠭᠲᠡᠢ᠃ ᠵᠣᠷᠢᠭᠲᠠᠶ ᠪᠠᠷ ᠵᠥᠷᠢᠴᠡᠯ ᠳᠤ ᠰᠢᠭᠤᠳ ᠬᠠᠨᠳᠤᠵᠤ᠂ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠶ ᠪᠠᠷ ᠬᠠᠮᠤᠭ ᠤᠨ ᠬᠦᠨᠳᠦ ᠡᠭᠦᠷᠭᠡ ᠶᠢ ᠡᠭᠦᠷᠭᠡᠯᠡᠵᠦ᠂ ᠬᠠᠮᠤᠭ ᠤᠨ ᠬᠠᠲᠠᠭᠤ ᠠᠰᠠᠭᠤᠳᠠᠯ ᠢ  ᠰᠢᠢᠳᠪᠤᠷᠢᠯᠡᠵᠦ᠂ ᠠᠷᠭ᠎ᠠ ᠰᠦᠪᠡᠭᠴᠢᠯᠡᠵᠦ᠂ ᠪᠣᠳᠠᠲᠠᠶ ᠠᠷᠭ᠎ᠠ ᠬᠡᠮᠵᠢᠶ᠎ᠡ ᠠᠪᠴᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠶᠳᠪᠦᠷᠢᠯᠡᠬᠦ ᠳᠡᠭᠡᠨ ᠴᠢᠳᠠᠮᠠᠭᠠᠶ ᠪᠠᠶᠢᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ  ᠦᠨᠡᠨᠬᠦ ᠪᠡᠶᠡᠯᠡᠭᠦᠯᠦᠨ᠎ᠡ᠃ ᠲᠥᠯᠥᠭᠡᠯᠡᠭᠴᠢᠳ ᠡ︕            ᠴᠠᠭ ᠦᠶ᠎ᠡ ᠪᠣᠯ ᠰᠢᠯᠭᠠᠯᠲᠠ ᠭᠠᠷᠭᠠᠭᠴᠢ ᠮᠥᠨ᠂ ᠪᠢᠳᠡ ᠪᠣᠯ ᠰᠢᠯᠭᠠᠯᠲᠠ ᠬᠠᠷᠢᠭᠤᠯᠤᠭᠴᠢ ᠮᠥᠨ᠂ ᠠᠷᠠᠳ ᠲᠦᠮᠡᠨ ᠪᠣᠯ ᠰᠢᠯᠭᠠᠯᠲᠠ ᠬᠢᠨᠠᠭᠴᠢ ᠮᠥᠨ᠃ ᠰᠢᠨ᠎ᠡ ᠴᠠᠭ ᠦᠶ᠎ᠡ ᠶᠢᠨ ᠵᠢᠨᠢᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠳᠤ᠂ ᠳᠥᠲᠡ ᠵᠠᠮ ᠪᠠᠶᠢᠬᠤ ᠦᠭᠡᠢ᠂ ᠲᠡᠮᠡᠴᠡᠯ ᠪᠠᠶᠢᠬᠤ  ᠬᠡᠷᠡᠭᠲᠡᠢ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂  ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ  ᠂ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ︽13 · 5︾᠎ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠳᠡᠪᠰᠢᠭᠦᠯᠵᠦ  ᠂  ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2