| | ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ | ᠠᠵᠢᠯ ᠤᠨ ᠢᠯᠡᠳᠭᠡᠯ ᠬᠢᠶ᠎ᠡ ᠂ ᠬᠢᠨᠠᠨ ᠵᠦᠪᠯᠡᠬᠦ ᠪᠣᠯᠪᠠᠤ᠂ ᠮᠦᠨ ᠴᠦ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠡᠷᠬᠢᠮ ᠨᠠᠨᠳᠢᠨ ᠰᠠᠨᠠᠯ ᠢᠶᠠᠨ | ᠳᠤᠷᠠᠳᠬᠤ ᠪᠣᠯᠪᠠᠤ᠃ | ᠨᠢᠭᠡ ᠂ 2019 ᠣᠨ ᠤ ᠠᠵᠢᠯ ᠤᠨ ᠡᠷᠭᠢᠴᠡᠭᠦᠯᠦᠯ | ᠦᠡᠭᠭᠡᠷᠡᠭᠰᠡᠨ ᠨᠢᠭᠡ ᠵᠢᠯ ᠪᠣᠯ ᠮᠠᠨ ᠤ ᠲᠤᠭᠤᠷᠢᠭ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ | ᠠᠳᠬᠤᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠶᠳᠪᠦᠷᠢᠲᠦ ᠢᠯᠠᠯᠲᠠ ᠶᠢ ᠤᠯᠬᠤ | ᠳᠤ ᠴᠢᠬᠤᠯᠠ ᠠᠬᠢᠴᠠ ᠲᠠᠢ ᠪᠣᠯᠤᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠲᠤᠭᠤᠷᠢᠭ ᠤᠨ | ᠨᠠᠮ ᠤᠨ ᠬᠤᠷᠢᠶᠠᠨ ᠤ ᠤᠳᠤᠷᠢᠳᠤᠯᠭ᠎ᠠ᠂ ᠲᠤᠭᠤᠷᠢᠭ ᠤᠨᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠠᠶ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠢᠨ᠎ᠡ | ᠬᠥᠭᠵᠢᠯᠲᠡ ᠶᠢᠨ ᠤᠶᠢᠯᠠᠭᠠᠭᠳᠠᠬᠤᠨ ᠢ ᠭᠤᠶᠢᠪᠢᠰᠢ ᠥᠬᠡᠶ ᠲᠤᠤᠱᠯᠠᠭᠤᠯᠵᠤ᠂ ᠮᠠᠨ ᠤ ᠲᠤᠭᠤᠷᠢᠭ ᠤᠨ ︽ | 1345︾ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠠᠵᠤ ᠠᠬᠤᠶ ᠨᠡᠶᠢᠭᠡᠮ ᠲᠣᠭᠲᠠᠭᠤᠨ ᠬᠦᠭᠵᠢᠵᠦ ᠰᠠᠶᠢᠨ ᠰᠠᠶᠢᠬᠠᠨ ᠪᠠᠶᠢᠳᠠᠯ ᠢᠯᠡᠷᠡᠪᠡ᠃ ᠪᠦᠬᠦ ᠵᠢᠯ ᠳᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 210.84 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7. | 5% ᠪᠠᠷ ᠨᠡᠮᠡᠭᠳᠡᠵᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ 19.6% ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 63.3 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 25.6% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 103.09 ᠲᠥᠭᠦᠷᠢᠭ ᠳ᠋ᠦᠩᠰᠢᠭᠤᠷ ᠪᠡᠶᠡᠯᠡᠭᠦᠯᠵᠦ᠂ 5. | 7% ᠪᠠᠷ ᠨᠡᠮᠡᠭᠳᠡᠵᠡᠢ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 12.71 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 5.9% ᠪᠠᠷ ᠨᠡᠮᠡᠭᠳᠡᠵᠡᠢ ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 35334 ᠲᠦᠭᠦᠷᠢᠭ ᠲᠤ ᠬᠦᠷᠴᠦ᠂ 6.5% ᠪᠠᠷ ᠨᠡᠮᠡᠭᠳᠡᠪᠡ ᠃ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17928 | ᠲᠦᠭᠦᠷᠢᠭ ᠲᠤ ᠬᠦᠷᠴᠦ᠂ 10.9% ᠪᠠᠷ ᠨᠡᠮᠡᠭᠳᠡᠵᠦ᠂ ᠡᠯ᠎ᠡ ᠵᠦᠶᠯ ᠤᠨ ᠠᠵᠤ ᠠᠬᠤᠶ ᠶᠢᠨ ᠭᠦᠶᠴᠡᠳᠬᠡᠬᠦ ᠲᠤᠭ᠎ᠠ | ᠴᠥᠮ ᠪᠦᠬᠦ ᠬᠤᠲᠠ ᠳᠤ ᠡᠮᠦᠨ᠎ᠡ ᠡᠩᠨᠡᠭᠡᠨ ᠳᠤ ᠤᠷᠤᠵᠠᠢ᠃ | ᠨᠢᠭᠡ ᠵᠢᠯ ᠤᠨ ᠲᠤᠷᠰᠢ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠠᠷᠢᠭᠤᠴᠠᠯᠭ᠎ᠠ ᠪᠠᠨ ᠴᠢᠩᠭᠠᠳᠬᠠᠵᠤ᠂ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠷᠪᠠᠨ ᠶᠡᠭᠡ ᠪᠡᠷᠬᠡ ᠰᠡᠳᠦᠪ ᠢ ᠰᠢᠶᠳᠪᠦᠷᠢᠯᠡᠬᠦ ᠳᠠᠶᠢᠨ | ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠡᠢ᠃ ︽ | ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠪᠠ | ᠠᠯᠪᠠᠨ ᠤ ᠭᠤᠷᠪᠠᠨ ᠵᠠᠷᠤᠳᠠᠯ ᠢ ᠲᠤᠰ ᠲᠤᠰ 20% ᠪᠠ 30% ᠪᠠᠷ ᠪᠠᠭᠠᠰᠬᠠᠪᠠ᠃ ᠦᠯᠡᠳᠡᠭᠡᠯ ᠭᠠᠵᠠᠷ | ᠰᠢᠷᠣᠶ ᠶᠢ ᠬᠢᠮᠳᠠ ᠦᠨ᠎ᠡ ᠪᠠᠷ ᠬᠤᠳᠠᠯᠳᠤᠬᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠰᠢᠶᠳᠪᠦᠷᠢᠯᠡᠬᠦ᠂ | ᠠᠵᠤ ᠠᠬᠤᠶᠢᠯᠠᠯ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠥᠭᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠵᠠᠰᠠᠭ ᠤᠨ ᠣᠷᠳᠣᠨ ᠤ ᠥᠷᠢ ᠥᠭᠴᠡᠭᠡ ᠶᠢ 41.19 ᠳ᠋ᠦᠩᠰᠢᠭᠤᠷ ᠲᠥᠭᠦᠷᠢᠭ ᠰᠢᠢᠳᠪᠦᠷᠢᠯᠡᠵᠦ | ᠂ ᠡᠭᠦᠷᠭᠡ ᠪᠠᠨ 116% ᠪᠠᠷ ᠪᠡᠶᠡᠯᠡᠭᠦᠯᠪᠡ᠃ ᠵᠤᠷᠢᠭᠤᠳᠠ ᠮᠥᠩᠭᠦᠨ ᠭᠦᠢᠯᠭᠡᠭᠡᠨ ᠤ ᠥᠷᠢ ᠥᠭᠴᠡᠭᠡ ᠠᠴᠠ | ᠵᠠᠶᠢᠯᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠨᠡᠶᠢᠲᠡ 706 ᠲᠦᠮᠡᠨ ᠲᠥᠭᠦᠷᠢᠭ ᠤᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ᠂ ᠰᠢᠰᠲ᠋ᠧᠮ ᠤᠨ | ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠦᠲᠦᠮᠵᠢᠲᠡᠢ | ᠰᠠᠬᠢᠪᠠ᠃ ᠡᠭᠦᠨ ᠳᠤ ︽ᠠᠷᠪᠠ ᠶᠢ ᠪᠦᠷᠢᠨ ᠪᠥᠷᠬᠦᠭᠦᠯᠬᠦ︾ ᠢᠨᠵᠧᠨᠧᠷᠢᠩ ᠤᠨ ᠵᠣᠭᠤᠰ ᠢ ᠪᠦᠬᠦᠨ ᠢ ᠲᠥᠯᠥᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠭᠰᠡᠨ ᠵᠣᠭᠤᠰ | 74% ᠶᠢ ᠲᠥᠯᠥᠵᠦ᠂ ᠣᠨᠴᠠᠭᠠᠶᠢᠯᠠᠨ ᠢᠯᠡ ᠪᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠᠷ | ᠳᠠᠮᠵᠢᠨ ᠵᠢᠩ ᠨᠧᠩ ᠢᠯᠴᠢ ᠶᠢᠨ ᠬᠦᠴᠦᠨ ᠪᠦᠯᠦᠭᠯᠡᠯ ᠤᠨ ᠢᠯᠴᠢ ᠶᠢᠨ ᠬᠦᠴᠦᠨ ᠺᠣᠮᠫᠠᠨᠢ ᠳᠤ 25 ᠵᠢᠯ ᠤᠨ | ᠡᠵᠡᠩᠨᠡᠯᠲᠡ ᠶᠢᠨ ᠡᠷᠬᠡ ᠪᠠᠨ ᠰᠢᠯᠵᠢᠭᠦᠯᠦᠨ ᠥᠭᠴᠦ᠂ 7.5 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠶᠢ | ᠥᠷᠢ ᠥᠭᠴᠡᠭᠡ ᠶᠢ ᠠᠷᠢᠯᠭᠠᠬᠤ ᠳᠤ ᠬᠡᠷᠡᠭᠯᠡᠵᠦ᠂ ᠡᠳ᠋ | ᠬᠦᠷᠦᠩᠭᠡ ᠶᠢᠨ ᠡᠬᠢ ᠪᠠᠶᠠᠯᠢᠭ ᠢ ᠪᠠᠯᠠ ᠮᠥᠩᠭᠦ ᠪᠣᠯᠭᠠᠬᠤ ᠪᠦᠲᠦᠮᠵᠢᠲᠡᠶ ᠠᠵᠢᠯᠯᠠᠭ᠎ᠠ ᠶᠢ ᠪᠡᠶᠡᠯᠡᠭᠦᠯᠪᠡ᠃ | ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠨᠠᠷᠢᠯᠢᠭ ᠣᠨᠣᠴᠠᠲᠠᠶ ᠪᠠᠷ | ᠶᠠᠳᠠᠭᠤ ᠶᠢ ᠲᠡᠳᠬᠦᠬᠦ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ | ᠪᠣᠳᠣᠯᠭ᠎ᠠ ᠶᠢ ᠪᠠᠷᠢᠮᠲᠠᠯᠠᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠠᠷᠠᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ | ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ | ᠪᠠᠲᠤᠯᠠᠬᠤ᠂ ᠠᠵᠤ ᠦᠢᠯᠡᠰ ᠤᠨ ᠠᠵᠢᠯ ᠣᠯᠭᠤᠯᠲᠠ᠂ ᠠᠮᠢ ᠠᠬᠤᠢ ᠶᠢᠨ ᠨᠥᠬᠦᠪᠥᠷᠢ᠂ ᠰᠤᠷᠭᠠᠨ ᠬᠥᠮᠦᠵᠢᠯ ᠢᠶᠠᠷ | ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠲᠤᠭᠤᠷᠢᠭ ᠤᠨ 813 ᠡᠷᠦᠬᠡ᠂ | ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 1535 ᠶᠠᠳᠠᠭᠤ ᠬᠦᠴᠢᠷᠳᠡᠯᠲᠡᠶ ᠬᠥᠮᠦᠨ ᠠᠮᠠ ᠶᠢ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ 1430 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠳᠡᠭᠡ ᠲᠣᠰᠬᠤᠨ ᠤ ᠤᠤᠭᠤᠬᠤ | ᠤᠰᠤᠨ ᠤ ᠠᠮᠤᠷ ᠲᠦᠪᠰᠢᠨ ᠤ ᠪᠠᠶᠢᠭᠤᠯᠤᠯᠲᠠ ᠪᠠ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠨᠡᠶᠢᠳᠡᠮ | ᠬᠡᠷᠡᠭᠵᠢᠭᠦᠯᠪᠡ᠃ ᠨᠡᠶᠢᠲᠡ 4770 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠣᠰᠬᠤᠨ ᠤ ᠬᠠᠮᠲᠤ ᠶᠢᠨ | ᠠᠵᠤ ᠦᠢᠯᠡᠰ ᠢᠶᠠᠷ ᠶᠠᠳᠠᠭᠤ ᠶᠢ ᠲᠡᠳᠬᠦᠬᠦ 50 ᠲᠥᠷᠦᠯ ᠵᠦᠢᠯ ᠢ ᠬᠡᠷᠡᠭᠵᠢᠭᠦᠯᠪᠡ᠃ ᠲᠥᠪ ᠤᠨ ᠲᠣᠭᠤᠷᠢᠨ | ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠮᠵᠢ ᠶᠢ ᠰᠢᠯᠭᠠᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠤᠷᠢᠳ ᠡᠮᠦᠨ᠎ᠡ ᠭᠠᠷᠤᠭ᠎ᠠ ᠦᠭᠡᠢ ᠴᠢᠩᠭᠠᠷᠠᠪᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠤᠨ | ᠤᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ᠲᠡᠭᠦᠨ ᠤ ︽ ᠪᠤᠴᠠᠵᠤ ᠪᠠᠶᠢᠴᠠᠭᠠᠨ | ᠦᠵᠡᠬᠦ︾᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠲᠤᠰᠬᠠᠶ ᠰᠢᠪᠠᠳᠠᠨ ᠪᠠᠶᠢᠴᠠᠭᠠᠯᠲᠠ ᠪᠠ | ︽ᠭᠤᠷᠪᠠᠨ ᠶᠡᠭᠡ ᠬᠠᠤᠯᠢ ᠬᠡᠷᠡᠭᠵᠢᠭᠦᠯᠬᠦ ᠤᠨ︾ ᠤ ᠡᠯ᠎ᠡ ᠵᠦᠶᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠬᠢᠨᠠᠮᠠᠭᠠᠶ ᠰᠠᠶᠢᠲᠤᠷ ᠠᠳᠬᠤᠨ᠎ᠠ᠃ ᠹᠦ᠋ ᠯᠸᠢ᠂ ᠫᠦ᠋ ᠶᠤᠸᠠᠨ᠂ ᠴᠠᠬᠠᠷ ᠬᠠᠯᠠᠭᠤᠨ ᠡᠬᠢ ᠶᠢᠨ ᠦᠶᠯᠡᠳᠪᠦᠷᠢ ᠶᠢᠨ | ᠬᠠᠭᠤᠷᠠᠶ ᠨᠡᠭᠦᠷᠡᠰᠦᠨ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠰᠢᠨ᠎ᠡ ᠪᠠᠷ | ᠨᠡᠮᠡᠭᠳᠡᠭᠰᠡᠨ ᠴᠡᠪᠡᠷ ᠡᠨᠧᠷᠭᠢ ᠢᠯᠴᠢ ᠬᠠᠩᠭᠠᠬᠤ ᠲᠠᠯᠠᠪᠠᠢ 60 ᠲᠦᠮᠡᠨ ᠲᠡᠭᠰᠢ ᠲᠦᠷᠪᠡᠯᠵᠢᠨ ᠮᠧᠲᠷ ᠲᠤ | ᠬᠦᠷᠴᠦ᠂ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ ᠤᠨ ᠲᠤᠭ᠎ᠠ 338 ᠡᠳᠦᠷ ᠲᠤ ᠬᠦᠷᠴᠡᠢ ᠃ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠰᠤᠨ ᠰᠤᠷᠪᠤᠯᠵᠢ ᠶᠢᠨ ᠭᠠᠵᠠᠷ ᠤᠨ ᠲᠦᠯᠦᠪᠵᠢᠭᠦᠯᠭᠡ | ᠲᠤᠬᠢᠷᠠᠭᠤᠯᠤᠯᠲᠠ ᠶᠢ ᠢᠳᠡᠪᠬᠢᠲᠡᠢ ᠲᠡᠭᠦᠯᠳᠡᠷᠵᠢᠭᠦᠯᠵᠦ᠂ ᠪᠠᠶᠠᠨ ᠤᠰᠤᠨ ᠰᠤᠷᠪᠤᠯᠵᠢ ᠶᠢᠨ ᠭᠠᠵᠠᠷ ᠢ | ᠠᠰᠢᠭᠯᠠᠯᠲᠠ ᠳᠤ ᠣᠷᠣᠭᠤᠯᠵᠤ᠂ ᠭᠠᠵᠠᠷ ᠳᠣᠤᠷᠠᠬᠢ ᠤᠰᠤᠨ ᠬᠤᠳᠳᠤᠭ 66 ᠶᠢ ᠪᠢᠲᠡᠭᠦᠮᠵᠢᠯᠡᠨ ᠵᠣᠭᠰᠣᠭᠠᠪᠠ᠃ | ᠰᠢᠶᠣᠤ ᠳ᠋ᠦᠩ ᠲᠠᠨ᠂ ᠴᠡᠩᠬᠡᠷ ᠤᠰᠤ ᠬᠥᠬᠡ ᠣᠭᠲᠠᠷᠭᠤᠶ᠂ ᠪᠠᠶᠠᠨ ᠪᠣᠬᠢᠷ ᠤᠰᠤ ᠰᠢᠶᠳᠪᠦᠷᠢᠯᠡᠬᠦ | ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠸᠠ ᠯᠢ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠲᠦᠷᠭᠡᠳᠭᠡᠨ | ᠠᠬᠢᠭᠤᠯᠪᠠ ᠃ ᠬᠥᠷᠥᠰᠥ ᠰᠢᠷᠣᠶ ᠶᠢᠨ ᠪᠣᠬᠢᠷᠲᠤᠯ ᠢ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠯᠠᠪᠳᠠᠭᠤᠨ | ᠪᠠᠲᠤᠲᠠᠶ ᠦᠷᠨᠢᠭᠦᠯᠵᠦ ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠬᠠᠶᠠᠭᠳᠠᠮᠠᠯ | ᠰᠢᠭᠠᠷᠤ ᠶᠢᠨ ᠲᠠᠯᠠᠪᠠᠶ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠠᠷᠢᠶᠠᠯᠠᠩ ᠤᠨ ᠣᠯᠠᠨ ᠡᠬᠢᠲᠦ | ᠪᠣᠬᠢᠷᠲᠤᠯ ᠢ ᠦᠨᠳᠦᠰᠦᠨ ᠠᠴᠠ ᠨᠢ ᠵᠠᠰᠠᠪᠠ᠃ ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠰᠢᠷᠣᠶ ᠨᠢ ᠴᠡᠪᠡᠷ | ᠠᠮᠢ ᠠᠬᠤᠶ ᠶᠢᠨ ᠣᠷᠴᠢᠨ ᠨᠥᠬᠦᠴᠡᠯ ᠤᠯᠠᠮ ᠨᠢᠭᠡ ᠠᠯᠬᠤᠮ ᠪᠡᠶᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠶ ᠬᠥᠭ ᠠᠶᠠᠰ ᠢ ᠪᠠᠲᠤ ᠡᠵᠡᠮᠰᠢᠵᠦ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠪᠠᠨ | ᠲᠣᠬᠢᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠵᠢᠯ ᠯᠠᠪᠳᠠᠭᠤᠨ ᠪᠠᠲᠤᠲᠠᠶ ᠠᠯᠬᠤᠮ ᠢ | ᠠᠯᠬᠤᠪᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠶᠡᠬᠡᠪᠡᠷ | ᠬᠡᠷᠡᠭᠵᠢᠭᠦᠯᠦᠨ᠎ᠡ᠃ ᠤᠮᠠᠷᠠᠲᠤ ᠬᠡᠰᠡᠭ ᠤᠨ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠤᠨ ᠲᠥᠷᠥᠯ | ᠵᠦᠢᠯ ᠢ ᠯᠠᠪᠳᠠᠭᠤᠨ ᠢᠶᠠᠷ ᠠᠬᠢᠭᠤᠯᠵᠤ᠂ ︽ᠨᠢᠭᠡ ᠬᠤᠩᠬᠢᠯ ᠬᠤᠶᠠᠷ ᠴᠠᠭᠠᠷᠢᠭ︾ ᠬᠥᠳᠡᠭᠡ ᠠᠵᠤ ᠠᠬᠤᠢ ᠶᠢᠨ | ᠵᠤᠭᠠᠴᠠᠯ ᠤᠨ ᠪᠦᠰᠡ ᠠᠩᠬ᠎ᠠ ᠠᠯᠬᠤᠮ ᠤᠨ ᠦᠷ᠎ᠡ ᠪᠦᠳᠤᠮᠵᠢ ᠣᠯᠵᠤ᠂ ᠶᠡᠭᠡ ᠠᠷᠪᠠᠳᠤᠭᠠᠷ ᠲᠣᠰᠬᠤᠨ᠂ ᠰᠠᠨ | ᠱᠧᠩ ᠲᠣᠰᠬᠤᠨ᠂ ᠴᠠᠬᠠᠷ ᠬᠤᠸᠠᠷᠠᠨ ᠤᠨᠴᠠᠯᠢᠬᠳᠤ ᠲᠣᠰᠬᠤᠨ ᠶᠠᠭ ᠰᠠᠶᠢᠬᠠᠨ ᠠᠷᠠᠯᠵᠢᠶᠠᠴᠢᠨ ᠤᠷᠢᠬᠤ ᠪᠠᠷ | ᠲᠥᠯᠥᠪᠯᠡᠵᠦ ᠪᠤᠢ ᠃ ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠦᠨ ᠮᠥᠰᠥ | ᠴᠠᠰᠤ ᠳᠤ ᠭᠠᠷᠬᠤ︾ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳ᠋ᠠ ᠾᠧ ᠸᠠᠨ ᠣᠯᠠᠨ | ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠶᠢᠨ ᠴᠠᠰᠤᠨ ᠪᠠᠭᠠᠵᠢ ᠶᠢᠨ ᠲᠢᠩᠬᠢᠮ᠂ ᠪᠠᠭᠤᠳᠠᠯ ᠤᠨ ᠨᠡᠶᠢᠲᠡ ᠶᠢᠨ | ᠪᠠᠶᠢᠷᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠬᠤ ᠤᠬᠠᠭᠠᠨ᠂ ᠠᠵᠤ ᠠᠬᠤᠶᠢᠯᠠᠯ ᠤᠨ | ᠪᠦᠯᠬᠦᠮ ᠤᠨ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠵᠡᠷᠭᠡ ᠢᠵᠢ ᠪᠥᠷᠢᠳᠦᠭᠰᠡᠨ ᠪᠡᠯᠡᠳᠬᠡᠮᠵᠢ ᠶᠢ ᠪᠥᠬᠦ | ᠲᠠᠯ᠎ᠠ ᠪᠠᠷ ᠳᠡᠭᠦᠯᠳᠡᠷᠵᠢᠭᠦᠯᠵᠡᠢ᠃ ᠲᠥᠮᠥᠰᠥᠨ ᠤ ᠭᠤᠣᠯ ᠠᠮᠤ ᠪᠤᠳᠠᠭ᠎ᠠ ᠶᠢ ᠪᠦᠬᠦ ᠤᠯᠤᠰ ᠤᠨ ᠲᠤᠷᠰᠢᠯᠲᠠ ᠶᠢᠨ | ᠴᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠬᠤᠣᠷ ᠢ ᠨᠢ ᠠᠷᠢᠯᠭᠠᠭᠰᠠᠨ | ᠦᠷ᠎ᠡ ᠶᠢᠨ ᠲᠥᠮᠥᠰᠥ ᠶᠢᠨ ᠪᠦᠷᠬᠦᠴᠡ ᠶᠢᠨ ᠨᠣᠷᠮ᠎ᠠ 95% ᠳᠤ ᠬᠦᠷᠴᠦ᠂ ᠲᠠᠷᠢᠮᠠᠯ ᠤᠨ | ᠮᠧᠬᠠᠨᠢᠭᠵᠢᠭᠤᠯᠤᠯᠲᠠ ᠶᠢᠨ ᠨᠣᠷᠮ᠎ᠠ 93% ᠳᠤ ᠬᠦᠷᠪᠡ᠃ ᠬᠤᠲᠠ ᠬᠥᠳᠡᠭᠡ ᠶᠢᠨ ︽ᠭᠤᠷᠪᠠ ᠶᠢ ᠨᠢᠭᠡ | ᠴᠣᠭᠴᠠᠵᠢᠭᠤᠯᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠯ ᠵᠢᠭᠦᠷᠲᠡᠨ ᠤ ᠪᠠᠭᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠡᠬᠢᠯᠡᠭᠦᠯᠵᠦ᠂ ︽ᠵᠣᠷᠯᠣᠩ ᠤᠨ ᠬᠤᠪᠢᠰᠬᠠᠯ︾ ᠤᠨ | ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ | ᠠᠶᠢᠯ ᠲᠣᠰᠬᠤᠨ ᠤ ᠠᠮᠢᠳᠤᠷᠠᠯ ᠤᠨ ᠬᠤᠭ ᠨᠣᠪᠰᠢ ︽ᠳᠦᠭᠦᠷᠪᠡᠯ ᠳᠠᠷᠤᠶ ᠴᠡᠪᠡᠷᠯᠡᠬᠦ︾ ᠶᠢ ᠪᠡᠶᠡᠯᠡᠭᠦᠯᠵᠦ᠂ | ᠶᠡᠷᠦᠩᠬᠡᠶ ᠤᠷᠲᠤ ᠨᠢ 63 ᠺᠢᠯᠣᠮᠧᠲᠷ ᠪᠦᠬᠦᠢ 8 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠢ ᠠᠰᠢᠭᠯᠠᠯᠲᠠ | ᠳᠤ ᠤᠷᠤᠭᠤᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠰᠢᠨ᠎ᠡ ᠦᠷ᠎ᠡ | ᠪᠦᠲᠦᠮᠵᠢ ᠣᠯᠪᠠ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠪᠴᠢᠯᠡᠨ ᠠᠬᠢᠭᠤᠯᠤᠨ᠎ᠠ | ᠃ ︽ᠲᠡᠷᠢᠭᠦᠨ ᠵᠡᠷᠭᠡ ᠶᠢᠨ ᠬᠦᠷᠢᠶᠡᠯᠡᠩ ᠲᠣᠭᠤᠷᠢᠭ︾ ᠤᠨ ᠬᠥᠭᠵᠢᠯᠲᠡ ᠶᠢᠨ ᠬᠠᠷᠠᠯᠲᠠ ᠲᠠᠢ ᠨᠢᠭᠲᠠ | ᠤᠶᠠᠯᠳᠤᠭᠤᠯᠤᠨ᠂ ᠶᠡᠭᠡ ᠬᠦᠴᠦ ᠣᠷᠣᠭᠤᠯᠤᠨ ᠰᠠᠭᠤᠷᠢ ᠲᠦᠭᠦᠭᠡᠷᠦᠮᠵᠢ ᠶᠢ ᠴᠢᠩᠭᠠᠳᠬᠠᠵᠤ᠂ ᠲᠥᠷᠥᠯ ᠵᠦᠢᠯ ᠢ | ᠠᠳᠬᠤᠵᠤ᠂ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠩ ᠭᠠᠢ ᠶᠢᠩ ᠵᠡᠭᠡᠯᠢ ᠵᠡᠷᠭᠡ 25 ᠵᠤᠷᠪᠤᠰ᠂ | 48.8 ᠺᠢᠯᠤᠮᠧᠲᠷ ᠤᠨ ᠵᠠᠮ ᠤᠨ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠨ | ᠬᠡᠷᠡᠭᠵᠢᠭᠦᠯᠪᠡ᠃ ᠬᠤᠩ ᠬᠠᠢ ᠽᠢ᠂ ᠠᠯᠮᠤᠷᠠᠳ ᠵᠡᠷᠭᠡ ᠲᠦᠷᠪᠡᠨ 220kV᠂ ᠲᠠᠪᠤᠨ 110kV ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ᠬᠦᠷᠢᠶᠡᠯᠡᠩ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠪᠬᠢ ᠢᠯᠡᠳᠲᠡ ᠳᠡᠭᠡᠭᠰᠢᠯᠡᠪᠡ᠃ ᠬᠤᠸᠠ | ᠸᠧᠶ᠂ ᠠᠯᠮᠤᠷᠠᠳ᠂ ᠠᠯᠢᠪᠠᠪᠠ ᠵᠡᠷᠭᠡ ᠪᠠᠶᠢᠭᠤᠯᠵᠤ ᠪᠠᠶᠢᠭ᠎ᠠ ᠲᠣᠮᠣ ᠳ᠋ᠠᠶᠢᠲ᠋ᠠ ᠶᠢᠨ ᠠᠵᠤ ᠠᠬᠤᠶᠢᠯᠠᠯ 10 ᠪᠣᠯᠤᠨ | ᠨᠡᠮᠡᠭᠳᠡᠵᠦ᠂ ᠦᠢᠯᠡᠴᠢᠯᠡᠭᠦᠷ ᠤᠨ ᠵᠢᠷᠤᠭ ᠲᠥᠯᠥᠪᠯᠡᠭᠡ ᠶᠢᠨ ᠬᠡᠪᠴᠢᠶ᠎ᠡ 110 ᠲᠦᠮᠡ ᠶᠢ ᠳᠠᠪᠠᠵᠤ᠂ ᠪᠥᠸᠧ ᠶᠤᠸᠠᠢ | ᠂ ᠡᠦ ᠲᠦᠩ ᠮᠦ ᠵᠡᠷᠭᠡ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ | ᠬᠦᠭᠵᠢᠵᠦ᠂ ᠪᠠᠢ ᠳ᠋ᠦ᠋ ᠰᠢᠨ᠎ᠡ ᠶᠢ ᠡᠭᠦᠳᠬᠦ᠂ ᠵᠥᠭᠡᠯᠡᠨ ᠨᠡᠪᠲᠡᠷᠡᠬᠦ ᠬᠥᠳᠡᠯᠭᠡᠬᠦ ᠬᠦᠴᠦᠨ ᠨᠢ ᠨᠡᠪᠴᠢᠭᠦᠯᠬᠦ ᠠᠵᠤ | ᠠᠬᠤᠶᠢᠯᠠᠯ ᠳᠤ 80 ᠬᠦᠷᠦᠭᠰᠡᠨ ᠪᠠᠶᠢᠨ᠎ᠠ᠃ ᠴᠡᠭ ᠠᠴᠠ ᠴᠡᠭ ᠲᠤ ᠬᠦᠷᠬᠦ ᠬᠤᠣᠰ ᠪᠤᠴᠠᠯ ᠵᠠᠮ ᠤᠨ ᠲᠤᠰᠬᠠᠢ | ᠬᠡᠷᠡᠭᠯᠡᠭᠡᠨ ᠤ ᠭᠡᠷᠡᠯᠯᠢᠭ ᠳᠡᠭᠡᠰᠦ ᠨᠢ ᠨᠡᠶᠢᠰᠯᠡᠯ ᠳᠤ ᠰᠢᠭᠤᠳ ᠨᠡᠪᠲᠡᠷᠡᠵᠦ᠂ ᠬᠤᠷᠣᠮᠬᠠᠨ ᠵᠠᠭᠤᠷ᠎ᠠ ᠪᠦᠬᠦ | ᠪᠥᠮᠪᠥᠷᠴᠡᠭ ᠲᠠᠢ ᠵᠠᠯᠭᠠᠯᠳᠤᠵᠤ᠂ ︽ᠡᠮᠦᠨᠡᠲᠦ ᠭᠦᠢᠵᠧᠦ ᠤᠮᠠᠷᠠᠲᠤ ᠤᠯᠠᠭᠠᠨᠴᠠᠪ ︾ ᠤᠯᠤᠰ ᠤᠨ ᠲᠤᠮᠤ | ᠳ᠋ᠠᠶᠢᠲ᠋ᠠ ᠶᠢᠨ ᠲᠥᠪ ᠤᠨ ᠪᠠᠶᠢᠷᠢ ᠰᠠᠭᠤᠷᠢ ᠳᠤᠪᠤᠶᠢᠮ᠎ᠠ ᠪᠠᠶᠢᠨ᠎ᠠ ᠃ ᠵᠢᠩ ᠨᠢᠩ 2 × 66 ᠲᠦᠮᠡᠨ | ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠠᠵᠢᠯ ᠢ ᠲᠦᠷᠭᠡᠳᠭᠡᠨ ᠠᠬᠢᠭᠤᠯᠵᠤ᠂ ᠬᠠᠶ | ᠯᠢ ᠶᠢᠨ ᠬᠤᠶᠠᠳᠤᠭᠠᠷ ᠬᠤᠭᠤᠴᠠᠭ᠎ᠠ᠂ ᠳ᠋ᠦᠩ ᠶᠠᠩ ᠭᠤᠸᠠᠩ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠬᠤᠸᠠ ᠴᠸᠡᠭ ᠪᠦᠸᠧ ᠦᠶᠯᠡᠳᠪᠦᠷᠢᠯᠡᠬᠦ ᠴᠢᠳᠠᠮᠵᠢ ᠨᠢ ᠪᠦᠬᠦ ᠳᠡᠯᠡᠬᠡᠶ ᠶᠢᠨ 40% ᠠᠴᠠ | ᠳᠡᠭᠡᠭᠰᠢ ᠶᠢ ᠡᠵᠡᠯᠡᠵᠡᠶ᠃ ᠰᠠᠨ ᠰᠢᠨ ᠯᠢᠲ᠋ᠢ ᠳ᠋ᠢᠶᠠᠨ ᡂᠢ ᠶᠢᠨ ᠪᠢᠯᠢᠭ ᠲᠦᠢᠯᠰᠢᠷᠠᠩᠭᠤᠶ ᠮᠠᠲ᠋ᠧᠷᠢᠶᠠᠯ᠂ ᠬᠤᠸᠠ | ᠷᠦᠢ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠳᠠᠩ ᠪᠡᠶᠡᠲᠦ ᠪᠠᠯ ᠴᠢᠯᠠᠭᠤᠵᠢᠬᠤ ᠦᠶᠯᠡᠳᠪᠦᠷᠢᠯᠡᠬᠦ ᠴᠢᠳᠠᠮᠵᠢ | ᠴᠥᠮ ᠤᠯᠤᠰ ᠤᠨ ᠳᠤᠲᠤᠭᠠᠳᠤ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠠᠶ᠃ ᠰᠢᠨ᠎ᠡ | ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠠᠩᠬ᠎ᠠ ᠠᠯᠬᠤᠮ ᠬᠡᠪᠴᠢᠶᠡᠵᠢᠪᠡ ᠃ ᠲᠦᠩ ᠱᠧᠩ ᠲᠠ ᠲᠦᠩ ᠂ | ᠮᠢᠩ ᠶᠠᠩ ᠰᠠᠯᠬᠢᠨ ᠬᠦᠴᠦᠨ ᠤ ᠴᠠᠬᠢᠯᠭᠠᠨ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠮᠵᠢ | ᠲᠠᠰᠤᠷᠠᠯᠲᠠ ᠦᠭᠡᠢ ᠥᠷᠭᠡᠳᠴᠦ᠂ ᠴᠢᠩ ᠬᠤᠸᠠ ᠲᠦᠩ ᠹᠠᠩ᠂ ᠢ ᠮᠢᠩ ᠴᠠᠬᠢᠯᠭᠠᠨ ᠬᠦᠴᠦᠨ ᠵᠡᠷᠭᠡ ᠲᠥᠷᠥᠯ | ᠵᠦᠶᠯ ᠢ ᠲᠦᠷᠭᠡᠳᠬᠡᠨ ᠬᠡᠷᠡᠭᠵᠢᠭᠦᠯᠵᠦ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ | ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ ᠃ ᠴᠢᠦ ᠱᠢ ᠠᠮᠢᠳᠤ | ᠪᠣᠳᠠᠰ ᠢ ᠠᠰᠢᠭᠯᠠᠯᠲᠠ ᠳᠤ ᠣᠷᠣᠭᠤᠯᠵᠤ᠂ ᠮᠧᠩ ᠭᠧᠨ ᠱᠠᠨ ᠦᠭᠡᠬᠦ ᠲᠣᠰᠣ᠂ ᠰᠢᠨ ᠰᠢᠶᠠᠨ ᠶᠦᠸᠧ ᠵᠡᠷᠭᠡ | ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠲᠥᠷᠥᠯ ᠵᠦᠢᠯ ᠢ ᠤᠷᠤᠭᠰᠢᠲᠠᠢ ᠠᠬᠢᠭᠤᠯᠪᠠ᠃ ᠵᠢᠩ ᠳ᠋ᠦᠩ᠂ | ᠲᠢᠶᠠᠨ ᠢᠦᠶ ᠳ᠋ᠡ ᠵᠡᠷᠭᠡ ᠪᠠᠷ ᠲᠥᠯᠥᠭᠡᠯᠡᠭᠦᠯᠦᠭᠰᠡᠨ ᠡᠮ ᠡᠮᠨᠡᠯᠭᠡ ᠶᠢᠨ ᠠᠵᠤ ᠦᠶᠯᠡᠰ ᠤᠨ ᠬᠦᠷᠢᠶᠡᠯᠡᠩ ᠢ | ᠲᠦᠷᠭᠡᠳᠬᠡᠨ ᠪᠠᠶᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾ ᠤᠨ ᠵᠡᠷᠭᠡᠪᠡᠷ ᠬᠦᠴᠦᠯᠡᠵᠦ᠂ ᠥᠷᠢᠰᠥᠯᠳᠦᠨ | ᠬᠥᠭᠵᠢᠬᠦ ᠪᠠᠶᠢᠷᠢᠰᠢᠯ ᠠᠩᠬ᠎ᠠ ᠠᠯᠬᠤᠮ ᠪᠦᠷᠢᠯᠳᠦᠪᠡ᠃ ᠣᠳᠣ ᠦᠶ᠎ᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ | ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠲᠤᠯᠤᠭᠠᠨ ᠰᠤᠮᠤ ᠶᠢᠨ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠳᠤ | ᠪᠠᠶᠢᠭᠤᠯᠤᠨ ᠠᠰᠢᠭᠯᠠᠯᠲᠠ ᠳᠤ ᠣᠷᠣᠵᠤ᠂ ᠪᠦᠬᠦ ᠵᠢᠯ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ | 112 ᠴᠤᠪᠤᠭ᠎ᠠ ᠲᠡᠷᠭᠡ ᠠᠶᠠᠯᠠᠪᠠ᠃ ᠤᠯᠠᠭᠠᠨᠴᠠᠪ — ᠡᠷᠢᠶᠡᠨ ᠬᠤᠲᠠ ᠶᠢᠨ ᠪᠠᠷᠠᠭ᠎ᠠ ᠶᠢᠨ ᠭᠦᠶᠯᠭᠡᠭᠡᠨ ᠤ | ᠬᠦᠶᠰᠦ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠬᠦᠶᠰᠦ ᠪᠦᠲᠦᠭᠡᠨ ᠪᠠᠶᠢᠭᠤᠯᠤᠯᠲᠠ ᠶᠢᠨ ᠨᠡᠷᠡᠰ ᠲᠤ | ᠰᠣᠩᠭᠤᠭᠳᠠᠨ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶ ᠶᠢᠨ ᠲᠤᠬᠠᠶ ᠶᠢᠨ | ᠵᠢᠯ ᠳᠤ ᠭᠤᠶᠤᠴᠢᠯᠠᠯ ᠭᠠᠷᠭᠠᠵᠤ᠂ ᠲᠤᠬᠠᠶ ᠶᠢᠨ ᠵᠢᠯ ᠳᠤ ᠴᠣᠬᠤᠯᠪᠣᠷᠢᠯᠠᠨ ᠬᠠᠷᠢᠭᠤᠯᠵᠤ᠂ ᠲᠤᠬᠠᠶ ᠶᠢᠨ ᠵᠢᠯ ᠳᠤ | ᠰᠢᠯᠭᠠᠨ ᠠᠪᠬᠤ ᠪᠦᠬᠦ ᠲᠤᠭᠤᠷᠢᠭ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠤᠭ᠎ᠠ 13.3 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠃ ᠤᠮᠠᠷᠠᠲᠤ ᠣᠷᠣᠨ ᠤ ᠡᠬᠡ ᠬᠠᠭᠤᠷᠠᠶ ᠶᠢᠨ | ᠭᠠᠷᠠᠮ ᠤᠨ ᠨᠢᠭᠡᠳᠦᠭᠡᠷ ᠬᠤᠭᠤᠴᠠᠭ᠎ᠠ᠂ ︽ ᠤᠯᠠᠭᠠᠨ ᠦᠳᠡ᠂ ᠤᠯᠠᠭᠠᠨᠪᠠᠭᠠᠲᠤᠷ᠂ ᠤᠯᠠᠭᠠᠨᠴᠠᠪ︾ ᠣᠯᠠᠨ ᠤᠯᠤᠰ | ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠭᠤᠣᠯ ᠱᠤᠭᠤᠮ ᠨᠢ ᠡᠵᠡᠩᠨᠡᠬᠦ ᠨᠥᠬᠦᠴᠡᠯ ᠢ ᠪᠦᠷᠢᠯᠳᠦᠭᠦᠯᠵᠦ᠂ | ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠥᠨᠳᠦᠷᠯᠢᠭ ᠭᠠᠵᠠᠷ ᠢ | ᠪᠠᠶᠢᠭᠤᠯᠵᠦ ᠢᠳᠡᠷᠡᠭᠦᠨ ᠠᠯᠬᠤᠭ᠎ᠠ ᠶᠢ ᠠᠯᠬᠤᠨ᠎ᠠ᠃ ᠨᠡᠶᠢᠲᠡ 45 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠸᠠᠨ ᠳ᠋ᠠ ᠠᠭᠤᠳᠠᠮ ᠲᠠᠯᠠᠪᠠᠢ ᠵᠢᠨᠢᠩ ᠳᠤ ᠰᠠᠭᠤᠷᠢᠰᠢᠵᠦ᠂ ᠸᠧᠢ ᠳ᠋ᠦᠸᠧ ᠯᠢ ᠮᠦᠸᠧ ᠡᠯ | ᠴᠸᠡᠭ ᠬᠤᠲᠠ ᠶᠢᠨ ᠲᠥᠷᠥᠯ ᠵᠦᠢᠯ ᠲᠦᠷᠭᠡᠨ ᠠᠬᠢᠪᠠ᠃ ᠿᠢ ᠱᠧᠩ ᠶᠢᠨ ᠮᠸᠡᠭ᠂ ᠥᠪᠥᠷ ᠮᠣᠩᠭᠤᠯ ᠤᠨ | ᠪᠠᠩᠬᠢ ᠶᠢᠨ ᠭᠤᠣᠯ ᠰᠡᠳᠦᠪᠲᠦ ᠪᠠᠭᠤᠳᠠᠯ ᠤᠨ ᠪᠦᠳᠦᠭᠡᠨ ᠪᠠᠶᠢᠭᠤᠯᠤᠯᠲᠠ ᠶᠢᠨ ᠬᠤᠳᠠᠯᠳᠤᠭᠠᠴᠢᠨ ᠤᠷᠢᠬᠤ ᠶᠢ ᠪᠦᠬᠦ | ᠬᠦᠴᠦᠨ ᠢᠶᠠᠷ ᠠᠬᠢᠭᠤᠯᠵᠤ᠂ ᠰᠧ ᠵᠢᠶ ᠪᠠᠭᠤᠳᠠᠯ᠂ ᠯᠢ ᠽᠢ ᠪᠦᠸᠧ ᠡᠯ ᠮᠠᠨ ᠵᠡᠷᠭᠡ ᠨᠢᠭᠡ ᠪᠦᠯᠦᠭ | ᠬᠤᠳᠠᠯᠳᠤᠭᠠᠨ ᠤ ᠶᠠᠪᠤᠳᠠᠯ ᠤᠨ ᠪᠠᠭᠤᠳᠠᠯ ᠢ ᠪᠠᠶᠢᠭᠤᠯᠤᠨ ᠡᠵᠡᠩᠨᠡᠵᠦ᠂ ᠵᠢᠭᠤᠯᠴᠢᠯᠠᠯ ᠤᠨ ᠳᠠᠭᠠᠭᠠᠴᠠ ᠶᠢᠨ | ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠡᠷᠡᠭᠦᠯ ᠮᠡᠨᠳᠦ ᠶᠢᠨ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠯᠠᠨ ᠴᠧᠩ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ᠂ ᠪᠠᠢ ᠸᠠᠩ᠂ ᠬᠤᠩ | ᠬᠠᠢ ᠽᠢ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠡᠮᠬᠢ ᠵᠢᠷᠤᠮ ᠲᠠᠢ ᠠᠬᠢᠪᠠ᠃ ᠤᠯᠠᠭᠠᠨᠴᠠᠪ ᠤᠨ ᠬᠤᠷᠠᠯ | ᠦᠵᠡᠰᠬᠦᠯᠡᠩ ᠤᠨ ᠲᠥᠪ ᠤᠨ ᠵᠡᠭᠦᠨ ᠪᠠᠷᠠᠭᠤᠨ ᠣᠷᠳᠣᠨ ᠪᠦᠬᠦ ᠲᠠᠯ᠎ᠠ ᠪᠠᠷ ᠪᠠᠶᠢᠭᠤᠯᠤᠭᠳᠠᠪᠠ ᠂ ᠳᠥᠷᠪᠡᠳᠦᠭᠡᠷ | ᠬᠤᠭᠤᠴᠠᠭᠠᠨ ᠤ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠵᠢᠭᠤᠯᠴᠢᠯᠠᠯ ᠤᠨ ᠰᠠᠶᠢᠳ ᠨᠠᠷ ᠤᠨ ᠬᠤᠷᠠᠯ᠂ | ᠭᠤᠷᠪᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠳᠦᠷᠪᠡᠳᠦᠭᠡᠷ | ᠬᠤᠭᠤᠴᠠᠭᠠᠨ ᠤ ᠳᠤᠮᠳᠠᠳᠤ ᠤᠯᠤᠰ ᠤᠨ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠦᠵᠡᠰᠬᠦᠯᠡᠩ᠂ | ᠨᠠᠢᠮᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠠᠮᠲᠠᠲᠤ ᠢᠳᠡᠭᠡᠨ ᠤ ᠨᠠᠶᠢᠷ᠂ ᠲᠠᠪᠤᠳᠤᠭᠠᠷ | ᠬᠤᠭᠤᠴᠠᠭᠠᠨ ᠤ ᠭᠡᠷ ᠪᠠᠶᠢᠰᠢᠩ ᠤᠨ ᠦᠵᠡᠭᠦᠯᠦᠯᠭᠡ ᠶᠢᠨ ᠴᠤᠭᠯᠠᠭᠠᠨ ᠵᠢᠴᠢ ᠲᠠᠯ᠎ᠠ ᠨᠤᠲᠤᠭ ᠤᠨ ᠳᠠᠭᠤᠤ | ᠬᠥᠭᠵᠢᠮ ᠤᠨ ᠱᠠᠩᠨᠠᠯ ᠣᠯᠭᠤᠬᠤ ᠦᠪᠡᠳᠡᠭᠰᠢ ᠶᠣᠰᠣᠯᠠᠯ ᠢ ᠠᠮᠵᠢᠯᠲᠠ ᠲᠠᠢ ᠡᠷᠬᠢᠯᠡᠵᠦ᠂ ᠬᠤᠲᠠ ᠶᠢᠨ ᠨᠥᠯᠥᠭᠡᠯᠡᠬᠦ | ᠬᠦᠴᠦᠨ ᠪᠠ ᠲᠠᠲᠠᠬᠤ ᠬᠦᠴᠦᠨ ᠶᠡᠬᠡᠪᠡᠷ ᠳᠡᠭᠡᠭᠰᠢᠯᠡᠪᠡ᠃ | ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠴᠢᠳᠠᠮᠵᠢ ᠶᠢᠨ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠵᠦ | ᠂ ᠰᠠᠭᠤᠷᠢ ᠶᠢ ᠴᠢᠩᠭᠠᠳᠬᠠᠵᠤ᠂ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠤᠲᠠ ᠶᠢᠨ ᠠᠮᠢᠳᠤᠷᠠᠯ ᠤᠨ ᠣᠷᠴᠢᠨ | ᠲᠤᠭᠤᠷᠢᠨ ᠢ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ ᠪᠤᠯᠭᠠᠵᠠᠢ᠃ ᠬᠤᠳᠠ ᠶᠢᠨ ᠣᠷᠣᠨ ᠵᠠᠶ ᠶᠢᠨ | ᠪᠠᠶᠢᠷᠢᠰᠢᠯ ᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ | ᠠᠬᠢᠭᠤᠯᠵᠤ᠂ ︽ᠤᠯᠠᠭᠠᠨᠴᠠᠪ ᠬᠤᠲᠠ ᠶᠢᠨ ᠬᠤᠲᠠ ᠶᠢᠨ ᠶᠡᠷᠦᠩᠬᠡᠶ ᠲᠥᠯᠥᠪᠵᠢᠭᠦᠯᠭᠡ ︵2011 — 2030︶ | ︾᠂ ︽ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠭᠠᠵᠠᠷ ᠰᠢᠷᠣᠶ ᠠᠰᠢᠭᠯᠠᠬᠤ ᠶᠡᠷᠦᠩᠬᠡᠶ | ᠲᠥᠯᠥᠪᠵᠢᠭᠦᠯᠭᠡ ︵2009 — 2020︶︾᠂ ︽ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ | ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ︵2009 — 2020︶︾ ᠶᠢ ᠵᠠᠰᠠᠨ | ᠨᠠᠶᠢᠷᠠᠭᠤᠯᠵᠤ ᠳᠠᠭᠤᠰᠬᠠᠪᠠ ᠃ ᠾᠧ ᠳ᠋ᠦᠩ ᠤᠨ ᠡᠮᠦᠨ᠎ᠡ ᠤᠮᠠᠷ᠎ᠠ ᠶᠢᠨ ᠵᠠᠯᠭᠠᠯᠳᠤᠭᠰᠠᠨ ᠣᠷᠣᠨ 39 ᠲᠡᠭᠰᠢ | ᠳᠥᠷᠪᠡᠯᠵᠢᠨ ᠺᠢᠯᠤᠮᠧᠲᠷ᠂ ᠴᠢᠶᠣᠤ ᠰᠢ ᠲᠠᠢ ᠵᠠᠯᠭᠠᠯᠳᠤᠭᠰᠠᠨ ᠣᠷᠣᠨ ᠪᠣᠯᠤᠨ ᠤᠳᠤ ᠦᠶ᠎ᠡ ᠶᠢᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠡᠰᠡᠭ ᠭᠠᠵᠠᠷ 19.9 ᠲᠡᠭᠰᠢ ᠳᠥᠷᠪᠡᠯᠵᠢᠨ ᠺᠢᠯᠤᠮᠧᠲᠷ ᠤᠨ | ᠬᠦᠷᠢᠶᠡᠨ ᠲᠤᠲᠤᠷ᠎ᠠ ᠬᠢᠵᠠᠭᠠᠷᠯᠠᠬᠤ ᠠᠵᠢᠯ ᠦᠷ᠎ᠡ ᠪᠦᠲᠦᠭᠡᠯ ᠤᠯᠪᠠ ᠃ ᠮᠠ ᠯᠢᠶᠠᠨ ᠴᠢᠦᠶ ᠰᠢᠶᠠᠩ ᠤᠨ ᠰᠢᠨ | ᠵᠢᠶ ᠪᠠᠯᠭᠠᠰᠤᠨ ᠤ ᠲᠦᠪ ᠲᠣᠭᠤᠷᠢᠭ ᠤᠨ ᠬᠢᠵᠠᠭᠠᠷᠯᠠᠬᠤ ᠠᠵᠢᠯ ᠢ ᠡᠬᠢᠯᠡᠭᠦᠯᠵᠦ᠂ ᠪᠥᠬᠦ ᠣᠷᠣᠨ ᠪᠦᠰᠡ ᠶᠢᠨ | ᠲᠥᠯᠥᠪᠵᠢᠭᠦᠯᠭᠡ ᠶᠢᠨ ᠰᠢᠰᠲ᠋ᠧᠮ ᠲᠡᠭᠦᠯᠳᠡᠷᠵᠢᠪᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ | ᠶᠡᠬᠡᠪᠡᠷ ᠲᠦᠯᠬᠢᠨ ᠠᠬᠢᠭᠤᠯᠵᠠᠢ᠃ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠦᠬᠦ | ᠱᠤᠭᠤᠮ ᠢᠶᠠᠷ ᠢᠶᠠᠨ ᠲᠡᠷᠭᠡ ᠨᠡᠪᠲᠡᠷᠡᠵᠦ᠂ ᠵᠢᠨᠢᠩ ᠳ᠋ᠠᠲ᠋ᠤᠩ ᠲᠦᠷᠭᠡᠨ ᠤ ᠲᠡᠮᠦᠷ ᠵᠠᠮ ᠡᠬᠢᠯᠡᠨ ᠬᠡᠷᠡᠭᠵᠢᠭᠦᠯᠦᠭᠳᠡᠵᠦ | ᠂ ︽ᠨᠡᠶᠢᠰᠯᠡᠯ ᠠᠴᠠ ᠤᠶᠢᠷᠠᠬᠠᠨ ᠨᠢᠭᠡ ᠴᠠᠭ ᠤᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠬᠤ︾ ᠪᠠ ︽ | ᠲᠦᠷᠭᠡᠨ ᠤ ᠲᠡᠮᠦᠷ ᠵᠠᠮ ᠤᠨ ᠠᠵᠤ ᠠᠬᠤᠢ ᠶᠢ ᠬᠤᠪᠢᠶᠠᠯᠴᠠᠬᠤ︾ ᠬᠦᠰᠡᠯ ᠵᠡᠭᠦᠳᠦ ᠨᠢ ᠪᠣᠳᠠᠲᠤ ᠠᠬᠤᠢ ᠪᠣᠯᠤᠨ | ᠬᠤᠪᠢᠷᠠᠪᠠ᠃ ᠮᠥᠩᠭᠦᠨ ᠭᠦᠢᠯᠭᠡᠭᠡᠨ ᠤ ᠬᠤᠶᠢᠲᠤ ᠵᠡᠭᠡᠯᠢ ᠵᠡᠷᠭᠡ 13 ᠵᠤᠷᠪᠤᠰ ᠵᠠᠮ ᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ᠂ ᠲᠠᠶᠢᠴᠠᠩ ᠵᠠᠮ ᠵᠡᠷᠭᠡ 6 ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ ᠢᠯᠴᠢ ᠬᠠᠩᠭᠠᠬᠤ᠂ ᠤᠰᠤ | ᠭᠠᠳᠠᠭᠰᠢᠯᠠᠭᠤᠯᠬᠤ᠂ ᠰᠢᠲᠠᠮᠠᠬᠠᠶ ᠬᠡᠢ ᠶᠢᠨ ᠲᠣᠤᠷ ᠢ 150 ᠺᠢᠯᠣᠮᠧᠲᠷ ᠳᠡᠪᠢᠰᠴᠡᠶ᠃ ᠬᠤᠳᠠ ᠶᠢᠨ ᠪᠠᠶᠢᠭᠠᠯᠢ ᠶᠢᠨ | ᠰᠢᠲᠠᠮᠠᠬᠠᠶ ᠬᠡᠢ ᠶᠢᠨ ᠳᠤᠮᠳᠠ ᠳᠠᠷᠤᠯᠲᠠᠲᠤ ᠬᠤᠭᠤᠯᠠᠶ ᠱᠤᠭᠤᠮ ᠢ ᠱᠠᠨᠰᠢ ᠪᠡᠭᠡᠵᠢᠩ ᠤᠨ ᠳᠥᠷᠪᠡᠳᠦᠭᠡᠷ | ᠱᠤᠭᠤᠮ ᠲᠠᠢ ᠠᠮᠵᠢᠯᠲᠠ ᠲᠠᠢ ᠪᠠᠷ ᠵᠣᠯᠭᠠᠭᠤᠯᠪᠠ᠃ ᠨᠠᠨ ᠱᠠ ᠾᠧ ᠶᠢᠨ ᠶᠡᠷᠦᠩᠬᠡᠶᠢᠯᠡᠭᠰᠡᠨ ᠵᠠᠰᠠᠯᠲᠠ ᠶᠢ | ᠲᠦᠷᠭᠡᠳᠬᠡᠨ ᠬᠡᠷᠡᠭᠵᠢᠭᠦᠯᠵᠦ᠂ ᠬᠠᠭᠤᠴᠢᠨ ᠬᠤᠲᠠ ᠲᠤᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ | ᠰᠠᠶᠢᠵᠢᠷᠠᠪᠠ᠃ ᠬᠦᠳᠡᠯᠭᠡᠭᠴᠢ ᠲᠥᠪ᠂ ᠭᠤᠸᠠᠩ ᠮᠢᠩ ᠵᠡᠷᠭᠡ 110kV ᠬᠦᠴᠦᠳᠡᠯ ᠥᠭᠡᠷᠡᠴᠢᠯᠡᠬᠦ 6 | ᠢᠨᠵᠧᠨᠧᠷᠢᠩ ᠢ ᠡᠬᠢᠯᠡᠭᠦᠯᠵᠦ᠂ ᠤᠰᠤᠨ ᠤ ᠰᠤᠷᠪᠤᠯᠵᠢ ᠶᠢᠨ ᠭᠠᠵᠠᠷ᠂ ᠢᠯᠴᠢ ᠶᠢᠨ ᠰᠤᠷᠪᠤᠯᠵᠢ ᠶᠢᠨ | ᠦᠶᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠵᠡᠷᠭᠡ ᠪᠠᠷ ᠲᠦᠯᠬᠢᠨ ᠠᠬᠢᠭᠤᠯᠵᠤ᠂ ᠬᠤᠲᠠ ᠶᠢᠨ ᠴᠢᠳᠠᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠯᠢᠦᠢ ᠳ᠋ᠢ᠂ ᠹᠦ᠋ ᠯᠢ᠂ ᠸᠠᠨ ᠳ᠋ᠠ᠂ ᠾᠧᠩ ᠳ᠋ᠡ ᠵᠡᠷᠭᠡ ᠨᠡᠷᠡᠲᠦ | ᠲᠡᠮᠳᠡᠭᠲᠦ ᠭᠠᠵᠠᠷ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠤᠲᠠ ᠶᠢᠨ | ᠠᠷᠠᠳ ᠤᠨ ᠴᠢᠨᠠᠷ ᠰᠠᠶᠢᠲᠠᠶ ᠣᠷᠣᠰᠢᠨ ᠰᠠᠭᠤᠬᠤ ᠬᠡᠷᠡᠭᠴᠡᠭᠡ ᠶᠢ ᠤᠯᠠᠮ ᠨᠢᠭᠡ ᠠᠯᠬᠤᠮ ᠬᠠᠨᠭ᠍ᠭᠠᠵᠠᠢ᠃ 11 | ᠵᠤᠷᠪᠤᠰ ᠨᠡᠶᠢᠲᠠ ᠶᠢᠨ ᠮᠠᠰᠢᠨ ᠲᠡᠷᠭᠡᠨ ᠤ ᠵᠠᠮ ᠱᠤᠭᠤᠮ ᠢ ᠰᠢᠨ᠎ᠡ ᠪᠠᠷ ᠨᠡᠮᠡᠭᠳᠡᠭᠦᠯᠦᠨ ᠰᠢᠯᠢᠳᠡᠭᠵᠢᠭᠦᠯᠵᠦ᠂ ︽ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠨᠣᠮᠧᠷ︾ ᠤᠨ 7 ᠵᠤᠷᠪᠤᠰ ᠱᠤᠭᠤᠮ ᠢ ᠪᠣᠶ ᠪᠣᠯᠭᠠᠵᠤ᠂ | ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠣᠯᠪᠠ᠃ ᠬᠤᠲᠠ ᠶᠢᠨ ᠬᠠᠮᠢᠶᠠᠷᠤᠯᠲᠠ ᠶᠢᠨ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠡᠷᠴᠢᠮ ᠤᠷᠢᠳᠤ ᠭᠠᠷᠤᠭ᠎ᠠ ᠦᠭᠡᠢ ᠴᠢᠩᠭᠠᠷᠠᠵᠤ᠂ ᠨᠡᠶᠢᠲᠡ 2.3 ᠲᠦᠮᠡ ᠭᠠᠷᠤᠶ ᠰᠠᠶᠢᠨ ᠳᠤᠷ᠎ᠠ ᠶᠢᠨ | ᠠᠵᠢᠯᠯᠠᠭᠴᠢ ᠪᠠ ᠥᠷᠭᠡᠨ ᠣᠯᠠᠨ ᠬᠤᠲᠠ ᠶᠢᠨ ᠠᠷᠠᠳ ᠢ ᠳᠠᠶᠢᠴᠢᠯᠠᠵᠤ᠂ ︽ᠨᠡᠶᠢᠭᠡᠮ ᠲᠣᠭᠤᠷᠢᠭ ᠤᠨ ᠰᠠᠭᠤᠭᠠᠯᠢ | ᠲᠣᠭᠤᠷᠢᠭ ᠢ ᠳᠠᠭᠠᠭᠠᠴᠢᠯᠠᠨ ᠬᠤᠯᠪᠣᠭᠠᠯᠠᠬᠤ︾ ᠪᠠ ︽ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ | ᠦᠶᠯᠡᠴᠢᠯᠡᠭᠡ︾ ᠳᠤ ᠢᠳᠡᠪᠬᠢᠲᠡᠶ ᠤᠷᠤᠯᠴᠠᠭᠤᠯᠪᠠ᠃ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠦ᠂ ᠪᠠᠷᠢᠯᠭ᠎ᠠ ᠶᠢᠨ ᠳᠦᠷᠢᠮ ᠢ ᠵᠦᠷᠢᠴᠡᠭᠰᠡᠨ ᠢ ᠨᠡᠶᠢᠲᠡ 7.6 ᠲᠦᠮᠡᠨ ᠲᠡᠭᠰᠢ | ᠳᠥᠷᠪᠡᠯᠵᠢᠨ ᠬᠡᠰᠡᠭ ᠨᠤᠷᠠᠭᠠᠵᠤ᠂ ᠪᠦᠯᠬᠦᠮᠳᠡᠯ ᠶᠡᠭᠡ ᠵᠡᠭᠡᠯᠢ᠂ ᠰᠢᠨ ᠲᠢ ᠶᠡᠭᠡ ᠵᠡᠭᠡᠯᠢ ᠵᠡᠷᠭᠡ 10 ᠵᠤᠷᠪᠤᠰ | ᠭᠤᠣᠯ ᠵᠠᠮ ᠤᠨ ᠳᠡᠯᠭᠡᠭᠦᠷ ᠤᠨ ᠫᠠᠶᠢᠰᠠ ᠶᠢ ᠳᠡᠰ ᠳᠡᠪᠰᠢᠭᠦᠯᠬᠦ ᠵᠢᠴᠢ ᠡᠮᠦᠨ᠎ᠡ ᠤᠮᠠᠷ᠎ᠠ ᠣᠷᠣᠵᠤ ᠭᠠᠷᠬᠤ | ᠭᠠᠵᠠᠷ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠦᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ ᠠ ᠳᠤ ᠬᠦᠷᠦᠭᠰᠡᠨ ᠬᠤᠰᠢᠭᠤ ᠰᠢᠶᠠᠨ | ᠲᠣᠭᠤᠷᠢᠭ ᠤᠨ ᠰᠢᠯᠭᠠᠨ ᠠᠪᠬᠤ ᠶᠢ ᠠᠮᠵᠢᠯᠲᠠ ᠲᠠᠢ ᠪᠡᠶᠡᠯᠡᠭᠦᠯᠪᠡ᠃ ︽ᠵᠣᠷᠯᠣᠩ ᠤᠨ ᠬᠤᠪᠢᠰᠬᠠᠯ︾ ᠢ | ᠲᠦᠷᠭᠡᠳᠬᠡᠨ ᠠᠬᠢᠭᠤᠯᠵᠤ᠂ 42 ᠰᠠᠭᠤᠷᠢ ᠤᠰᠤ ᠪᠠᠷ ᠴᠡᠪᠡᠷᠰᠢᠭᠦᠯᠬᠦ ᠨᠡᠶᠢᠲᠡ ᠶᠢᠨ ᠵᠣᠷᠯᠣᠩ ᠡᠮᠬᠢ ᠵᠢᠷᠤᠮ ᠲᠠᠢ | ᠠᠬᠢᠵᠤ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠰᠢᠢᠳᠪᠦᠷᠢᠯᠡᠬᠦ ᠨᠣᠷᠮ᠎ᠠ ᠶᠢ | 100% ᠳᠤ ᠬᠦᠡᠭᠡᠵᠡᠢ᠃ ᠪᠦᠬᠦ ᠤᠯᠤᠰ ᠤᠨ ᠵᠣᠬᠢᠶᠠᠮᠠᠯ ᠤᠶᠤᠯᠢᠭ ᠬᠤᠳᠠ ᠶᠢᠨ ᠲᠦᠷᠦᠭᠦᠤ ᠪᠦᠯᠦᠭ ᠤᠨ | ᠦᠯᠢᠭᠡᠷ ᠳᠠᠭᠤᠷᠢᠶᠠᠯ ᠵᠢᠱᠢᠶ᠎ᠡ ᠦᠵᠡᠬᠦᠯᠬᠦ ᠣᠷᠣᠨ ᠤ ᠪᠦᠳᠦᠭᠡᠨ ᠪᠠᠶᠢᠭᠤᠯᠤᠯᠲᠠ ᠱᠠᠳᠤ ᠦᠶ᠎ᠡ ᠶᠢᠨ ᠴᠢᠨᠠᠷᠲᠠᠶ | ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠬᠦ | ᠬᠦᠴᠦᠨ ᠢᠶᠠᠷ ᠢᠶᠠᠨ ᠬᠥᠭᠵᠢᠭᠡᠵᠦ᠂ ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠰᠢᠨ᠎ᠡ ᠶᠢ ᠡᠭᠦᠳᠬᠦ ᠶᠢ ᠠᠬᠢᠭᠤᠯᠵᠤ | ᠂ ᠡᠯ᠎ᠡ ᠵᠦᠶᠯ ᠤᠨ ᠥᠭᠡᠷᠡᠴᠢᠯᠡᠯᠲᠡ ᠴᠢᠬᠤᠯᠠ ᠰᠢᠪᠲᠤᠯᠤᠯᠲᠠ ᠲᠠᠢ ᠪᠣᠯᠪᠠ᠃ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ | ᠶᠠᠪᠤᠳᠠᠯ ᠤᠨ ᠦᠶᠯᠡᠴᠢᠯᠡᠭᠡ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠵᠡᠷᠭᠡ ᠰᠠᠯᠠᠭ᠎ᠠ | ᠮᠥᠴᠢᠷ ᠢ ᠪᠠᠶᠢᠭᠤᠯᠵᠤ᠂ ᠵᠠᠰᠠᠭ ᠤᠨ ᠣᠷᠳᠣᠨ ᠤ ᠦᠶᠯᠡᠳᠦᠯ ᠴᠢᠳᠠᠪᠤᠷᠢ ᠶᠢ ᠦᠷᠬᠦᠯᠵᠢᠯᠡᠨ ᠳᠡᠭᠡᠭᠰᠢᠯᠡᠭᠦᠯᠪᠡ᠃ | ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ᠂ ᠡᠭᠦᠷᠭᠡ | ᠴᠢᠳᠠᠪᠤᠷᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠲᠠᠪᠤᠨ ᠶᠡᠭᠡ ᠰᠠᠭᠤᠷᠢᠨ | ᠭᠠᠵᠠᠷ︾ ᠤᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ︽ᠲᠠᠪᠤᠨ ᠶᠠᠮᠤᠨ᠂ ᠨᠢᠭᠡ ᠠᠯᠪᠠᠨ ᠭᠡᠷ᠂ | ᠬᠤᠶᠠᠷ ᠲᠣᠪᠴᠢᠶ᠎ᠠ︾ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠠᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ | ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠲᠥᠰᠦᠯ︾ ᠢ ᠲᠣᠭᠲᠠᠭᠠᠨ | ᠨᠡᠶᠢᠲᠡᠯᠡᠵᠦ᠂ ᠬᠢᠨᠠᠨ ᠵᠥᠪᠰᠢᠶᠡᠷᠡᠬᠦ ᠦᠶᠯᠡᠴᠢᠯᠡᠭᠡ ᠶᠢ ︽ᠳᠠᠷᠦ᠋ᠢᠬᠠᠨ ᠭᠦᠶᠴᠡᠳᠬᠡᠬᠦ᠂ ᠰᠦᠯᠵᠢᠶᠡᠨ ᠳᠡᠭᠡᠷ᠎ᠡ | ᠭᠦᠶᠴᠡᠳᠬᠡᠬᠦ᠂ ᠤᠶᠢᠷ᠎ᠠ ᠬᠠᠪᠢ ᠳᠤᠨᠢ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠪᠥᠬᠦ | ᠬᠦᠴᠦᠨ ᠢᠶᠠᠷ ᠢᠶᠠᠨ ᠬᠡᠷᠡᠭᠵᠢᠭᠦᠯᠵᠦ᠂ ᠣᠯᠠᠨ ᠲᠦᠮᠡᠨ ᠳᠤ ᠦᠶᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ | ᠦᠨᠡᠨᠬᠦ ᠰᠢᠢᠳᠪᠦᠷᠢᠯᠡᠵᠡᠢ᠃ ᠠᠵᠤ ᠠᠬᠤᠶᠢᠯᠠᠯ ᠤᠨ ᠣᠷᠣᠯᠠᠨ ᠭᠦᠢᠴᠡᠳᠬᠡᠬᠦ ᠲᠥᠪ ᠪᠠᠶᠢᠭᠤᠯᠵᠤ᠂ ᠠᠵᠤ | ᠠᠬᠤᠶᠢᠯᠠᠯ ᠤᠨ ᠲᠥᠷᠥᠯ ᠵᠦᠶᠯ ᠢ ᠲᠣᠭᠲᠠᠭᠠᠬᠤ ᠠᠴᠠ ᠪᠠᠷᠢᠯᠭ᠎ᠠ ᠳᠠᠭᠤᠰᠬᠤ ᠬᠦᠷᠲᠡᠯᠡᠬᠢ ᠭᠠᠷᠳᠠᠮ ᠢ ᠪᠥᠬᠦ ᠶᠠᠪᠤᠴᠠ | ᠳᠤ ᠣᠷᠣᠯᠠᠨ ᠭᠦᠶᠴᠡᠳᠬᠡᠬᠦ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠴᠠᠭ ᠲᠤᠬᠠᠶ ᠳᠤᠨᠢ | ᠭᠦᠶᠴᠡᠳᠬᠡᠵᠦ ᠳᠠᠭᠤᠰᠬᠠᠭᠰᠠᠨ ᠨᠣᠷᠮ᠎ᠠ ᠶᠢ 100% ᠳᠤ ᠬᠦᠷᠦᠭᠦᠯᠵᠡᠢ᠃ ᠬᠤᠳᠠᠯᠳᠤᠭᠠᠨ ᠤ ᠶᠠᠪᠤᠳᠠᠯ ᠤᠨ | ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ︽ ᠤᠯᠠᠨ ᠦᠨᠡᠮᠯᠡᠯ ᠢ ᠨᠡᠶᠢᠯᠡᠭᠦᠯᠦᠨ | ᠨᠢᠭᠡ ᠪᠣᠯᠭᠠᠬᠤ︾᠂ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾᠂ ︽ᠦᠨᠡᠮᠯᠡᠯ ᠢ ᠠᠰ ᠳᠤᠨᠢ | ᠰᠠᠯᠭᠠᠬᠤ︾ ᠪᠠ ᠪᠦᠬᠦ ᠶᠠᠪᠤᠴᠠ ᠶᠢᠨ ᠰᠦᠯᠵᠢᠶᠡᠨ ᠳᠡᠭᠡᠷ᠎ᠡ ᠡᠯᠧᠺᠲᠷᠣᠨ ᠢᠶᠠᠷ ᠳᠠᠩᠰᠠᠯᠠᠬᠤ ᠶᠢ ᠪᠦᠬᠦ ᠲᠠᠯ᠎ᠠ ᠪᠠᠷ | ᠬᠡᠷᠡᠭᠵᠢᠭᠦᠯᠵᠡᠢ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢᠨ ᠲᠦᠷᠢᠮ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠵᠤ᠂ ᠪᠦᠬᠦ ᠵᠢᠯ ᠳᠤ 4797 ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠢᠨ᠎ᠡ ᠪᠠᠷ | ᠨᠡᠮᠡᠭᠳᠡᠭᠦᠯᠪᠡ᠃ ᠤᠯᠤᠰ ᠤᠨ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ | ᠪᠦᠲᠦᠮᠵᠢᠲᠡᠶ ᠨᠠᠶᠢᠳᠠᠪᠤᠷᠢᠵᠢᠭᠤᠯᠵᠤ᠂ 4.87 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ ᠬᠡᠯᠲᠦᠷᠢᠭᠦᠯᠪᠡ | ᠃ ᠪᠦᠬᠦ ᠬᠤᠲᠠ ᠳᠤ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ | ᠵᠦᠶᠯ ᠤᠨ ᠳᠦᠷᠢᠮ ᠪᠣᠯᠤᠨ ᠢᠨᠵᠧᠨᠧᠷᠢᠩ ᠤᠨ ᠬᠦᠷᠢᠶᠡᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠡᠩ | ᠲᠡᠷᠢᠭᠦᠨ ᠳᠤ ᠬᠡᠷᠡᠭᠵᠢᠭᠦᠯᠵᠡᠶ᠃ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ | ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠬᠦᠯᠵᠡᠢ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ | ᠵᠢᠴᠢ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠥᠷᠨᠢᠭᠦᠯᠵᠦ᠂ ᠨᠢᠭᠡ ᠰᠢᠶᠠᠩ ᠨᠢᠭᠡ | ᠪᠠᠯᠭᠠᠰᠤᠨ ᠤ 25 ᠲᠣᠰᠬᠤᠨ ᠤ ᠬᠠᠮᠲᠤ ᠳᠤ ᠴᠥᠮ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠡ | ᠪᠠᠶᠢᠭᠤᠯᠵᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠨᠣᠷᠮ᠎ᠠ 99.1% ᠳᠤ ᠬᠦᠷᠴᠡᠶ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠪᠠᠲᠤᠯᠠᠬᠤ ᠰᠢᠰᠲ᠋ᠧᠮ ᠢ ᠦᠨᠡᠨᠬᠦ | ᠪᠠᠶᠢᠭᠤᠯᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ | ᠲᠥᠷᠥᠭᠳᠡᠯ ᠢᠯᠡᠳᠲᠡ ᠴᠢᠩᠭᠠᠷᠠᠪᠠ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ | ᠴᠢᠩᠭᠠᠷᠠᠪᠠ᠃ ᠬᠤᠳᠠ ᠪᠠᠯᠭᠠᠰᠤᠨ ᠤ 5000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ 1.7 ᠲᠦᠮᠡᠨ ᠬᠥᠮᠦᠨ ᠳᠤ ᠠᠵᠢᠯ ᠣᠯᠭᠤᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠤᠯᠤᠭᠰᠠᠨ ᠨᠤᠷᠮ᠎ᠠ ᠶᠢ 4.0% ᠬᠦᠷᠴᠡᠢ᠃ ᠶᠡᠭᠡ ᠬᠦᠴᠦ | ᠣᠷᠣᠭᠤᠯᠵᠤ ᠪᠠᠶᠢᠭᠠᠳ ᠡᠳ᠋ ᠤᠨ ᠵᠠᠰᠠᠭ ᠤᠨ ᠵᠠᠷᠤᠯᠭ᠎ᠠ ᠶᠢ ᠰᠢᠯᠢᠳᠡᠭᠵᠢᠭᠦᠯᠵᠦ᠂ ᠡᠳ᠋ ᠤᠨ ᠬᠦᠴᠦᠨ ᠢ ᠠᠷᠪᠢᠯᠠᠵᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠬᠡᠷᠡᠭᠯᠡᠵᠦ᠂ ᠠᠵᠤ ᠠᠬᠤᠶᠢᠯᠠᠯ ᠤᠨ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 15 ᠵᠢᠯ ᠳᠠᠷᠠᠭᠠᠯᠠᠨ ᠳᠡᠭᠡᠭᠰᠢᠯᠡᠭᠦᠯᠵᠦ᠂ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠯᠲᠠ ᠶᠢᠨ ᠨᠤᠷᠮ᠎ᠠ ᠶᠢ | 100% ᠪᠠᠷ ᠨᠡᠮᠡᠭᠳᠡᠭᠦᠯᠪᠡ ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡ | ᠴᠣᠭᠴᠠᠵᠢᠭᠤᠯᠤᠨ ᠠᠵᠢᠯᠯᠠᠭᠤᠯᠵᠤ᠂ ᠬᠤᠲᠠ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠠᠮᠤᠭ ᠤᠨ ᠥᠨᠳᠥᠷ ᠪᠠᠷᠢᠮᠵᠢᠶ᠎ᠠ ᠶᠢ ᠲᠣᠰ ᠲᠣᠰ 5.9% ᠪᠠ 6.0% ᠢᠶᠠᠷ ᠨᠡᠮᠡᠭᠳᠡᠭᠦᠯᠦᠨ᠎ᠡ ᠃ | ᠪᠥᠬᠦ ᠵᠢᠯ ᠳᠤ 2014 ᠣᠨ ᠠᠴᠠ ᠨᠠᠰᠢ ᠲᠤᠰᠢᠶᠠᠭᠠᠳᠤᠶ ᠺᠠᠳ᠋ᠷ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠮᠥᠩᠭᠦ᠂ ᠠᠵᠢᠯ ᠮᠡᠷᠭᠡᠵᠢᠯ ᠤᠨ ᠣᠨ ᠤ ᠮᠥᠩᠭᠦ 2.16 ᠳ᠋ᠦᠩᠰᠢᠭᠤᠷ ᠲᠥᠭᠦᠷᠢᠭ ᠨᠥᠬᠦᠨ | ᠲᠤᠰᠢᠶᠠᠵᠠᠢ᠃ 1262 ᠴᠡᠷᠢᠭ ︵ᠦᠷᠡᠭᠳᠡᠭᠰᠡᠨ ᠪᠠᠭᠠᠲᠤᠷ︶ ᠤᠨ ᠬᠠᠷᠢᠶᠠᠨ ᠳᠤ 2466 ᠲᠦᠮᠡᠨ | ᠲᠥᠭᠦᠷᠢᠭ ᠤᠨ ᠠᠰᠠᠷᠠᠮᠵᠢ ᠶᠢᠨ ᠮᠦᠡᠭᠭᠦ ᠲᠠᠷᠬᠠᠭᠠᠵᠤ᠂ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ᠂ ᠥᠨᠥᠴᠢᠨ | ᠬᠡᠤᠬᠡᠳ ᠵᠡᠷᠭᠡ ᠬᠦᠴᠢᠷᠳᠡᠯᠲᠡᠶ ᠬᠠᠮᠲᠤᠯᠢᠭ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠲᠣᠭᠲᠠᠭᠤᠨ ᠢᠶᠠᠷ ᠳᠡᠭᠡᠭᠰᠢᠯᠡᠭᠦᠯᠪᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠲᠠᠰᠤᠷᠠᠯᠲᠠ ᠦᠭᠡᠢ | ᠴᠢᠩᠭᠠᠷᠠᠪᠠ᠃ ᠶᠡᠷᠦᠩᠬᠡᠶ ᠰᠠᠶᠢᠳ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠂ | ᠤᠯᠠᠭᠠᠨᠴᠠᠪ ᠬᠤᠲᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠲᠤᠭᠤᠷᠢᠭ ᠤᠨ 1.2 ᠲᠦᠮᠡᠨ ᠡᠷᠦᠬᠡ ᠳᠥᠭᠦᠮ | ᠪᠦᠳᠦᠴᠡᠳᠦ ᠣᠷᠣᠨ ᠰᠠᠭᠤᠴᠠᠲᠤ ᠲᠣᠭᠤᠷᠢᠭ ᠢ ᠦᠭᠡᠷᠡᠴᠢᠯᠡᠨ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠰᠠᠷ᠎ᠠ ᠳᠤ ᠭᠡᠷ᠎ᠡ ᠲᠣᠭᠲᠠᠭᠰᠠᠨ ᠲᠦᠮᠡᠨ ᠡᠷᠦᠬᠡ ᠶᠢᠨ ︽ᠵᠢᠨᠢᠩ ᠤᠨ ᠳᠥᠭᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠬᠦ ᠬᠤᠷᠳᠤᠴᠠ︾ ᠶᠢ ᠡᠭᠦᠳᠴᠦ᠂ ᠲᠥᠪ ᠲᠧᠯᠸᠢᠰ ᠤᠨ ᠰᠢᠷᠢᠰ ᠲᠤᠰᠬᠠᠶ ᠰᠡᠳᠦᠪᠲᠦ | ᠹᠢᠯᠢᠮ ︽ᠳᠤᠮᠳᠠᠳᠤ ᠤᠯᠤᠰ ᠲᠤ ᠨᠤᠲᠤᠭᠰᠢᠪᠠ︾ ᠭᠡᠬᠦ ᠺᠢᠨᠣ᠋ ᠳᠤ ᠰᠣᠩᠭᠤᠭᠳᠠᠪᠠ᠃ ᠰᠢᠨ ᠱᠠᠩ ᠭᠡᠷ ᠣᠷᠣᠨ | ᠵᠡᠷᠭᠡ 12634 ᠢᠵᠢ᠂ 166 ᠲᠦᠮᠡᠨ ᠲᠡᠭᠰᠢ ᠳᠥᠷᠪᠡᠯᠵᠢᠨ ᠮᠧᠲᠷ ᠤᠨ ᠨᠤᠷᠠᠭᠠᠨ ᠨᠡᠭᠦᠯᠭᠡᠵᠦ | ᠲᠦᠪᠬᠢᠨᠡᠬᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠠᠬᠢᠭᠤᠯᠵᠠᠢ᠃ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠲᠦᠷᠦᠭᠦᠦ ᠪᠦᠯᠦᠭ ᠤᠳᠠᠭ᠎ᠠ | 20 ᠪᠠᠭ᠎ᠠ ᠲᠣᠭᠤᠷᠢᠭ᠂ 37.3 ᠲᠦᠮᠡᠨ ᠲᠡᠭᠰᠢ ᠳᠥᠷᠪᠡᠯᠵᠢᠨ ᠮᠧᠲᠷ ᠤᠨ ᠥᠭᠡᠷᠡᠴᠢᠯᠡᠯᠲᠡ ᠶᠢᠨ ᠡᠭᠦᠷᠭᠡ ᠶᠢ | ᠪᠦᠬᠦᠨ ᠢ ᠳᠠᠭᠤᠰᠬᠠᠪᠠ᠃ 2.6 ᠲᠦᠮᠡᠨ ᠢᠵᠢ ᠬᠡᠷ ᠪᠠᠶᠢᠰᠢᠩ ᠤᠨ ︽ᠦᠨᠡᠮᠯᠡᠯ ᠭᠦᠶᠴᠡᠳᠬᠡᠬᠦ ᠳᠤ ᠬᠦᠴᠢᠷᠲᠡᠶ︾ | ᠂ 3807 ᠡᠷᠦᠬᠡ ︽ᠨᠤᠷᠠᠭᠠᠵᠤ ᠨᠡᠭᠦᠬᠦ ᠳᠤ ᠬᠦᠴᠢᠷᠲᠡᠶ︾ ᠲᠡᠤᠬᠡ ᠶᠢᠨ ᠦᠯᠡᠳᠡᠭᠳᠡᠯ ᠠᠰᠠᠭᠤᠳᠠᠯ ᠢ ᠲᠣᠬᠢᠲᠠᠶ | ᠰᠢᠶᠳᠪᠦᠷᠢᠯᠡᠵᠦ᠂ ᠣᠯᠠᠨ ᠲᠦᠮᠡᠨ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠠᠮᠤᠭᠤᠯᠠᠩ ᠰᠠᠭᠤᠴᠠ ᠶᠢᠨ ᠵᠡᠭᠦᠳᠦ | ᠲᠣᠭᠲᠠᠭᠤᠨ ᠢᠶᠠᠷ ᠪᠡᠶᠡᠯᠡᠭᠳᠡᠪᠡ᠃ ᠪᠦᠬᠦ ᠵᠢᠯ ᠳᠤ ᠨᠡᠶᠢᠲᠡ 1087 ᠨᠡᠶᠢᠲᠡ ᠶᠢᠨ ᠲᠦᠷᠢᠶᠡᠰᠦᠨ ᠭᠡᠷ ᠬᠤᠪᠢᠶᠠᠵᠤ᠂ | 281 ᠲᠦᠮᠡᠨ ᠲᠥᠭᠦᠷᠢᠭ ᠤᠨ ᠲᠦᠷᠢᠶᠡᠰᠦᠨ ᠨᠥᠬᠦᠪᠥᠷᠢ ᠮᠥᠩᠭᠦ ᠲᠠᠷᠬᠠᠭᠠᠵᠤ᠂ ᠣᠷᠣᠨ ᠰᠠᠭᠤᠴᠠ ᠨᠢ | ᠬᠦᠴᠢᠷᠳᠡᠯᠲᠡᠢ ᠭᠡᠷ ᠪᠦᠯᠢ ᠶᠢᠨ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠠᠢ᠃ ᠰᠤᠷᠭᠠᠨ ᠬᠥᠮᠦᠵᠢᠯ ᠤᠨ | ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ︽ᠭᠤᠷᠪᠠᠨ ᠨᠡᠷ᠎ᠡ︾ ᠶᠢᠨ ᠢᠨᠵᠧᠨᠧᠷᠢᠩ ᠢ | ᠯᠠᠪᠳᠠᠭᠤᠨ ᠢᠶᠠᠷ ᠠᠬᠢᠭᠤᠯᠵᠠᠢ ᠃ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠶᠢᠨ 2 ᠰᠣᠷᠣᠭᠴᠢ ᠰᠢᠯᠢᠳᠡᠭ ᠬᠢᠷᠢ ᠪᠦᠲᠦᠮᠵᠢ ᠪᠠᠷ ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠨ᠂ | 11 ᠵᠢᠯ ᠤᠨ ᠲᠤᠷᠰᠢ ᠤᠯᠠᠭᠠᠨᠴᠠᠪ ᠤᠷᠤᠨ ᠤ ᠨᠢᠴᠦᠭᠦᠨ ᠬᠤᠪᠢ ᠪᠠᠷ ᠴᠢᠩᠬᠤᠸᠠ ᠶᠡᠭᠡ ᠰᠤᠷᠭᠠᠭᠤᠯᠢ᠂ | ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠭᠰᠡᠨ ︽ᠦᠭᠡᠢ ᠪᠠᠶᠢᠭᠰᠠᠨ ᠰᠢᠪᠲᠤᠯᠤᠯᠲᠠ︾ ᠶᠢ ᠪᠡᠶᠡᠯᠡᠭᠦᠯᠪᠡ᠃ ᠬᠥᠯ | ᠪᠥᠮᠪᠦᠭᠡ᠂ ᠲᠣᠣᠷ ᠪᠥᠮᠪᠦᠭᠡ᠂ ᠮᠥᠰᠥ ᠴᠠᠰᠤᠨ ᠤ ᠭᠤᠯᠭᠤᠯᠲᠠ ᠰᠤᠷᠭᠠᠭᠤᠯᠢ ᠶᠢᠨ ᠬᠦᠷᠢᠶᠡᠨ ᠳᠤ ᠣᠷᠣᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠦᠬᠦ ᠲᠤᠭᠤᠷᠢᠭ ᠵᠢᠴᠢ ᠡᠷᠭᠢᠨ ᠲᠣᠭᠤᠷᠢᠨ ᠤ ᠬᠤᠰᠢᠭᠤ ᠰᠢᠶᠠᠨ ᠤ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ 8.5 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ | ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠵᠠᠩ ᠭᠠᠶ ᠶᠢᠩ᠂ ᠪᠠᠶ | ᠸᠠᠩ ᠬᠡᠤᠬᠡᠳ ᠤᠨ ᠴᠡᠴᠡᠷᠯᠢᠭ ᠪᠦᠬᠦ ᠲᠠᠯ᠎ᠠ ᠪᠠᠷ ᠪᠠᠷᠢᠯᠭ᠎ᠠ ᠳᠠᠭᠤᠰᠴᠤ᠂ ᠵᠢᠶ᠋ᠨ ᠾᠧ ᠰᠢᠨ ᠶᠤᠸᠠᠨ B | ᠲᠣᠭᠤᠷᠢᠭ᠂ ᠰᠢᠶᠠᠩ ᠾᠧ ᠳ᠋ᠦᠩ ᠹᠠᠩ᠂ ᠵᠢᠶᠠᠩ ᠳ᠋ᠦᠩ ᠵᠢᠶᠦ᠋ᠨ ᠬᠡᠤᠬᠡᠳ ᠤᠨ ᠴᠡᠴᠡᠷᠯᠢᠭ ᠳᠣᠲᠣᠭᠠᠳᠤ ᠵᠠᠰᠠᠯ | ᠴᠢᠮᠡᠭᠯᠡᠯ ᠤᠨ ᠱᠠᠲᠤᠨ ᠳᠤ ᠣᠷᠣᠵᠠᠶ᠃ ᠵᠠᠩ ᠭᠠᠶ ᠶᠢᠩ᠂ ᠾᠧᠩ ᠳ᠋ᠡ ᠲᠤᠷᠰᠢᠯᠲᠠ ᠶᠢᠨ ᠪᠠᠭ᠎ᠠ ᠰᠤᠷᠭᠠᠭᠤᠯᠢ ᠶᠢ | ᠲᠦᠷᠭᠡᠳᠬᠡᠨ ᠪᠠᠶᠢᠭᠤᠯᠪᠠ᠃ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠤᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ | ᠤᠳᠤᠷᠢᠳᠬᠤ ᠪᠠᠭ ᠤᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠡᠶ᠃ ᠪᠡᠭᠡᠵᠢᠩ ᠤᠨ ᠴᠠᠩ | ᠴᠦᠨ ᠲᠧᠩ ᠠᠨᠠᠭᠠᠬᠤ ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠤ ᠬᠤᠯᠪᠣᠭ᠎ᠠ ᠲᠠᠢ ᠢᠳᠡᠪᠬᠢᠲᠡᠶ ᠬᠠᠮᠲᠤᠷᠠᠨ | ᠠᠵᠢᠯᠯᠠᠵᠤ᠂ ᠪᠡᠭᠡᠵᠢᠩ ᠤᠨ ᠹᠦ᠋ ᠸᠠᠶ ᠵᠡᠷᠭᠡ ᠡᠮᠨᠡᠯᠭᠡ ᠶᠢᠨ ᠬᠤᠷᠢᠶᠠᠨ ᠤ ᠨᠡᠷᠡᠲᠦ ᠲᠤᠰᠬᠠᠶ ᠮᠡᠷᠭᠡᠵᠢᠯᠲᠡᠨ ᠢ ᠲᠡᠳᠡᠨ | ᠠᠪᠴᠢᠷᠠᠵᠤ ᠮᠠᠨ ᠤ ᠲᠤᠭᠤᠷᠢᠭ ᠲᠤ ᠣᠯᠠᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠡᠭᠦᠳᠦᠨ | ᠪᠠᠶᠢᠭᠤᠯᠵᠠᠢ᠃ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠬᠢᠵᠠᠭᠠᠷᠯᠠᠵᠤ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ | ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠰᠣᠶᠣᠯ ᠪᠡᠶ᠎ᠡ ᠶᠢᠨ ᠲᠠᠮᠢᠷ ᠤᠨ ᠦᠶᠯᠡᠰ ᠲᠦᠷᠭᠡᠪᠴᠢᠯᠡᠨ | ᠬᠥᠭᠵᠢᠪᠡ᠃ ᠵᠢᠨᠢᠩ ᠤᠨ ᠳᠠᠶᠢᠯᠠᠯᠳᠤᠭᠠᠨ ᠤ ᠪᠠᠭᠤᠷᠢ ᠨᠢ ︽ ᠨᠠᠢᠮᠠᠳᠤᠭᠠᠷ ᠪᠦᠯᠦᠭ ᠪᠦᠬᠦ ᠤᠯᠤᠰ ᠤᠨ | ᠲᠡᠤᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠨᠢᠭᠡᠴᠡ︾ ᠪᠠᠷ ᠦᠨᠡᠯᠡᠭᠳᠡᠪᠡ᠃ ᠳᠡᠯᠡᠬᠡᠶ ᠶᠢᠨ ᠡᠮᠡᠭᠲᠡᠶ ᠶᠢᠨ | ᠲᠣᠣᠷ ᠪᠥᠮᠪᠦᠭᠡ ᠶᠢᠨ ᠲᠣᠭᠤᠷᠢᠨ ᠦᠵᠡᠬᠦ ᠤᠷᠤᠯᠳᠤᠭᠠᠨ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠥᠯ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠬᠠᠳᠠ ᠠᠪᠠᠷᠢᠬᠤ ᠬᠤᠯᠪᠣᠭᠠᠲᠤ ᠤᠷᠤᠯᠳᠤᠭᠠᠨ ᠵᠡᠷᠭᠡ ᠨᠢᠭᠡ | ᠪᠦᠯᠦᠭ ᠰᠣᠶᠣᠯ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠪᠡ ᠃ ᠴᠡᠴᠡᠷᠯᠢᠭ᠂ ᠠᠭᠤᠳᠠᠮ ᠲᠠᠯᠠᠪᠠᠢ | ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠰᠣᠶᠣᠯ ᠲᠠᠮᠢᠷ ᠤᠨ ᠲᠦᠬᠦᠭᠡᠷᠤᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠤᠯᠠᠭᠠᠨᠮᠥ᠋ᠴᠢᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ | ᠣᠶᠤᠨ ᠤ ᠠᠮᠢᠳᠤᠷᠠᠯ ᠢ ᠨᠠᠩ ᠪᠠᠶᠠᠯᠢᠭ ᠰᠠᠶᠢᠬᠠᠨ ᠪᠤᠯᠭᠠᠵᠠᠢ᠃ ᠠᠮᠤᠷ ᠠᠮᠤᠭᠤᠯᠠᠩ ᠵᠢᠨᠢᠩ ᠤᠨ ᠪᠦᠲᠦᠭᠡᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠦᠨᠵᠡᠬᠡᠢ ᠥᠷᠨᠢᠭᠦᠯᠪᠡ᠃ ᠪᠦᠬᠦ ᠲᠤᠭᠤᠷᠢᠭ ᠤᠨ | ᠭᠤᠷᠪᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠬᠤᠷᠠᠯ ᠢ | ᠠᠮᠵᠢᠯᠲᠠ ᠲᠠᠢ ᠬᠤᠷᠠᠯᠳᠤᠭᠤᠯᠪᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ | ᠠᠶᠤᠯ ᠦᠭᠡᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠠᠢ ᠃ ᠠᠶᠤᠯ | ᠦᠭᠡᠢ ᠦᠶᠯᠡᠳᠪᠦᠷᠢᠯᠡᠯ᠂ ᠢᠳᠡᠭᠡᠨ ᠪᠠ ᠡᠮ ᠤᠨ ᠵᠦᠶᠯ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠰᠠᠶᠢᠵᠢᠷᠠᠪᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠯᠠᠪᠳᠠᠭᠤᠨ ᠪᠠᠲᠤᠲᠠᠶ ᠥᠷᠨᠢᠭᠦᠯᠵᠦ᠂ | ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠤᠨ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ | ᠲᠥᠯᠥᠭᠡᠯᠡᠭᠴᠢᠳ ᠡ︕ | 2019 ᠣᠨ ᠢ ᠡᠷᠭᠢᠴᠡᠭᠦᠯᠪᠡᠯ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠵᠢᠱᠢᠯᠲᠡ ᠠᠴᠠ ᠨᠠᠩ | ᠬᠦᠨᠳᠦ ᠨᠤᠴᠢᠲᠠᠢ ᠪᠠᠶᠢᠵᠤ᠂ ᠲᠤᠯᠭᠠᠷᠠᠭᠰᠠᠨ ᠬᠦᠴᠢᠷᠳᠡᠯ ᠨᠢ ᠤᠤᠯ ᠤᠨ ᠪᠣᠳᠣᠭᠰᠠᠨ ᠠᠴᠠ ᠨᠠᠩ ᠪᠤᠳᠤᠯᠢᠶᠠᠨᠲᠠᠢ᠂ | ᠶᠠᠪᠤᠵᠤ ᠥᠩᠭᠡᠷᠡᠭᠰᠡᠨ ᠵᠠᠮ ᠨᠢ ᠥᠩᠭᠡᠷᠡᠭᠰᠡᠨ ᠠᠴᠠ ᠨᠠᠩ ᠶᠡᠷᠦ ᠪᠤᠰᠤ ᠶᠢᠨ ᠶᠤᠮ᠃ ᠡᠨᠡ ᠨᠢᠭᠡ ᠵᠢᠯ ᠳᠤ ᠪᠢᠳᠡ | ᠲᠤᠭᠤᠷᠢᠭ ᠤᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠳᠠᠷᠤᠯᠲᠠ ᠥᠷᠢᠰᠥᠯᠳᠦᠭᠡᠨ ᠢ ᠲᠤᠯᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠨᠢᠭᠡ ᠪᠦᠯᠦᠭ ᠪᠤᠳᠠᠳᠤ ᠶᠠᠪᠤᠳᠠᠯ ᠢ ᠬᠢᠵᠦ᠂ ᠬᠠᠷᠢᠭᠤᠴᠠᠯᠭ᠎ᠠ | ᠡᠭᠦᠷᠭᠡᠯᠡᠯ ᠢᠶᠠᠷ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠭᠦᠷᠭᠡ ᠶᠢᠨ ᠤᠭ ᠰᠠᠨᠠᠭ᠎ᠠ ᠪᠠᠷ | ᠠᠮᠠᠯᠠᠯᠲᠠ ᠪᠠᠨ ᠪᠡᠶᠡᠯᠡᠭᠦᠯᠵᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ | ᠥᠭᠪᠡ᠃ ᠨᠢᠭᠡ ᠵᠢᠯ ᠤᠨ ᠲᠤᠷᠰᠢ᠂ ᠪᠢᠳᠡ ᠨᠠᠮ ᠤᠨ ᠲᠥᠪ ᠬᠤᠷᠢᠶᠠᠨ ᠤ ᠪᠥᠬᠦ ᠲᠠᠯ᠎ᠠ ᠪᠠᠷ ᠬᠠᠤᠯᠢ ᠶᠣᠰᠣᠭᠠᠷ | ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠡᠩ | ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠳᠤ ︽ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠶᠢ ᠡᠬᠢᠯᠡᠭᠦᠯᠪᠡ᠃ ᠳᠡᠭᠡᠳᠦ | ᠱᠠᠲᠤᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠲᠥᠪ ᠤᠨ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠰᠢᠮᠳᠠᠭᠤᠯᠤᠨ ᠵᠢᠯᠣᠭᠤᠳᠬᠤ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ᠂ ᠲᠥᠪ ᠤᠨ ᠱᠠᠰᠢᠨ ᠰᠤᠷᠲᠠᠬᠤᠨ ᠤ ᠠᠵᠢᠯ ᠤᠨ ᠰᠢᠮᠳᠠᠭᠤᠯᠤᠨ | ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠵᠡᠷᠭᠡ | ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ︽ | ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠤᠨ ︽ᠳᠥᠷᠪᠡᠨ ᠤᠬᠠᠮᠰᠠᠷ︾ ᠨᠠᠩ ᠪᠠᠲᠤ ᠪᠠᠬᠢ ᠪᠣᠯᠵᠣ᠂ ︽ᠳᠥᠷᠪᠡᠨ ᠢᠲᠡᠭᠡᠯ︾ | ᠨᠠᠩ ᠡᠷᠡᠰ ᠪᠠᠲᠤ ᠪᠣᠯᠵᠣ᠂ ︽ᠬᠤᠶᠠᠷ ᠢ ᠬᠠᠮᠠᠭᠠᠯᠠᠬᠤ︾ ᠨᠠᠩ ᠤᠬᠠᠮᠰᠠᠷᠲᠠᠶ ᠪᠣᠯᠪᠠ᠃ ᠢᠯᠵᠠᠷᠠᠯ ᠤᠨ ᠬᠡᠷᠡᠭ ᠠᠴᠠ | ᠭᠦᠨᠵᠡᠭᠡᠶ ᠰᠤᠷᠭᠠᠮᠵᠢ ᠠᠪᠴᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠺᠠᠳ᠋ᠷ ᠤᠨ ᠰᠤᠷᠲᠠᠯ | ᠢᠯᠡᠳᠲᠡ ᠰᠠᠶᠢᠵᠢᠷᠠᠪᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠢ ᠴᠢᠩᠭ᠎ᠠ ᠵᠠᠰᠠᠬᠤ ᠡᠯ᠎ᠡ ᠵᠦᠶᠯ ᠤᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ | ᠰᠢᠶᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ︽ᠭᠤᠷᠪᠠᠨ ᠭᠤᠤᠯᠳᠠᠯᠭ᠎ᠠ ᠨᠢᠭᠡ ᠶᠡᠭᠡ︾ ᠶᠢᠨ ᠬᠡᠷᠡᠭ ᠵᠥᠪᠯᠡᠬᠦ | ᠲᠦᠷᠢᠮ ᠢ ᠬᠢᠨᠠᠮᠠᠭᠠᠶ ᠬᠡᠷᠡᠭᠵᠢᠭᠦᠯᠦᠨ᠎ᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ | ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠲᠣᠭᠤᠷᠢᠭ ᠤᠨ | ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 132 | ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ 47 ᠬᠤᠪᠢ᠂ ᠰᠢᠢᠳᠪᠦᠷᠢᠯ ᠡᠵᠦ | ᠳᠠᠭᠤᠰᠬᠠᠭᠰᠠᠨ ᠨᠣᠷᠮ᠎ᠠ 100% ᠳᠤ ᠬᠦᠷᠴᠡᠢ ᠃ ᠠᠷᠠᠳ ᠤᠨ ᠰᠡᠳᠬᠢᠯ ᠤᠨ ᠰᠦᠯᠵᠢᠶ᠎ᠡ ᠶᠢ 235 ᠬᠤᠪᠢ | ᠰᠢᠯᠵᠢᠭᠦᠯᠦᠨ ᠭᠦᠢᠴᠡᠳᠬᠡᠵᠦ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠢ 27 ᠬᠤᠪᠢ᠂ | ᠲᠣᠭᠤᠷᠢᠭ ᠤᠨ ᠳᠠᠷᠤᠭ᠎ᠠ ᠶᠢᠨ ᠵᠠᠬᠢᠲᠠᠯ ᠤᠨ ᠬᠠᠶᠢᠷᠴᠠᠭ 436 ᠬᠤᠪᠢ ᠶᠢ 100% ᠪᠠᠷ ᠰᠢᠶᠳᠪᠦᠷᠢᠯᠡᠵᠦ | ᠳᠠᠭᠤᠰᠬᠠᠵᠠᠢ ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ | ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠰᠣᠨᠢᠨ | ᠮᠡᠳᠡᠭᠡᠨ ᠤ ᠵᠠᠭᠤᠴᠢᠯᠠᠭᠤᠷ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠬᠠᠩᠭᠠᠨ ᠪᠣᠷᠣᠯᠠᠭᠤᠯᠬᠤ | ᠬᠠᠮᠲᠤᠷᠠᠯᠴᠠᠭ᠎ᠠ᠂ ᠴᠠᠭ ᠠᠭᠤᠷ᠂ ᠠᠮᠤ ᠪᠤᠳᠠᠭ᠎ᠠ᠂ ᠪᠠᠷᠠᠭᠠᠨ ᠤ ᠦᠨ᠎ᠡ᠂ ᠬᠤᠶᠠᠷ ᠢ ᠬᠦᠷᠢᠶᠡᠯᠡᠬᠦ᠂ ᠬᠢᠨᠠᠨ ᠪᠤᠳᠤᠬᠤ | ᠂ ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ | ᠵᠠᠭᠠᠯᠮᠠᠶᠢᠲᠠᠨ ᠤ ᠠᠵᠢᠯ ᠲᠠᠰᠤᠷᠠᠯᠲᠠ ᠦᠭᠡᠢ ᠰᠢᠨ᠎ᠡ ᠳᠠᠪᠰᠢᠯᠲᠠ ᠲᠠᠢ ᠪᠣᠯᠬᠤ ᠶᠢ ᠨᠢᠭᠡᠳᠦᠯᠲᠡᠢ ᠳᠤ ᠲᠥᠯᠥᠪᠯᠡᠨ | ᠠᠬᠢᠭᠤᠯᠵᠠᠢ᠃ | | ᠲᠥᠯᠥᠭᠡᠯᠡᠭᠴᠢᠳ ᠡ︕ | ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠡᠨᠡ | ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ | ᠨᠠᠮ ᠤᠨ | ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠲᠠᠯᠪᠢᠵᠤ᠂ ᠬᠦᠴᠦᠯᠡᠨ ᠳᠡᠮᠵᠢᠭᠰᠡᠨ ᠤ | ᠦᠷ᠎ᠡ ᠳ᠋ᠦᠩ ᠮᠥᠨ᠂ ᠨᠡᠩ ᠴᠤ ᠪᠦᠬᠦ ᠲᠤᠭᠤᠷᠢᠭ ᠤᠨ ᠠᠷᠠᠳ ᠲᠦᠮᠡᠨ ᠤ ᠬᠠᠮᠲᠤᠪᠠᠷ ᠴᠢᠷᠮᠠᠶᠢᠵᠤ᠂ ᠰᠡᠳᠬᠢᠯ | ᠨᠢᠭᠡᠳᠦᠨ ᠬᠦᠰᠡᠯ ᠵᠡᠭᠦᠳᠦ ᠪᠠᠨ ᠬᠥᠭᠡᠭᠡᠴᠡᠯᠳᠦᠭᠰᠡᠨ ᠤ ᠦᠷ᠎ᠡ ᠳ᠋ᠦᠩ ᠮᠥᠨ᠃ ᠠᠳᠡ ᠪᠢ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠣᠷᠣᠨ ᠤ ᠠᠷᠠᠳ ᠲᠦᠮᠡᠨ ᠵᠠᠰᠠᠭ ᠤᠨ ᠣᠷᠳᠣᠨ ᠤ | ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ | ᠵᠢᠨᠢᠩ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ ᠪᠤᠶ | ᠪᠦᠬᠦᠢ ᠨᠥᠬᠦᠳ᠂ ᠨᠠᠶᠢᠵᠠ ᠨᠠᠷ ᠲᠤ᠂ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠠᠮᠤᠷ ᠲᠦᠪᠰᠢᠨ ᠪᠣᠯ ᠠᠶᠤᠯ ᠲᠦᠭᠰᠢᠭᠦᠷᠢ ᠶᠢ ᠮᠠᠷᠲᠠᠬᠤ ᠦᠭᠡᠢ᠂ ᠲᠣᠭᠲᠠᠭᠤᠨ ᠪᠣᠯ ᠵᠣᠪᠠᠭᠤᠷᠢ | ᠵᠦᠳᠡᠭᠦᠷᠢ ᠶᠢ ᠮᠠᠷᠲᠠᠬᠤ ᠦᠭᠡᠢ︕ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠠᠰᠠ ᠰᠡᠷᠭᠡᠭ ᠢᠶᠠᠷ ᠲᠠᠨᠢᠵᠤ | ᠣᠯᠪᠠ᠃ ᠪᠦᠬᠦ ᠲᠤᠭᠤᠷᠢᠭ ᠤᠨ ᠬᠥᠭᠵᠢᠯᠲᠡ ᠪᠣᠯ ᠨᠢᠭᠡ ᠵᠠᠮ ᠤᠨ ᠲᠡᠭᠰᠢ ᠳᠠᠷᠳᠠᠩ ᠵᠠᠮ ᠤᠭᠲᠤ ᠪᠢᠰᠢ᠂ | ᠤᠷᠤᠭᠰᠢᠯᠠᠯᠲᠠ ᠶᠢᠨ ᠵᠠᠮ ᠳᠡᠭᠡᠷ᠎ᠡ᠂ ᠮᠥᠨ ᠬᠦ ᠮᠠᠰᠢ ᠤᠯᠠᠨ ᠰᠢᠯᠭᠠᠯᠲᠠ ᠲᠤᠯᠭᠠᠷᠠᠵᠤ ᠪᠠᠶᠢᠨ᠎ᠠ᠂ ᠬᠥᠭᠵᠢᠯᠲᠡ | ᠲᠡᠩᠴᠡᠭᠦᠷᠢ ᠦᠭᠡᠢ ᠪᠠᠶᠢᠬᠤ ᠨᠢ ᠮᠥᠨ ᠯᠡ ᠣᠳᠣᠬᠠᠨ ᠤ ᠭᠤᠤᠯ ᠵᠥᠷᠢᠴᠡᠯ ᠪᠤᠯᠵᠤ ᠪᠠᠶᠢᠨ᠎ᠠ᠃ ᠠᠵᠤ | ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠬᠡᠪᠴᠢᠶ᠎ᠡ ᠪᠠᠭ᠎ᠠ᠂ ᠪᠦᠲᠦᠴᠡ ᠨᠢ ᠰᠢᠯᠢᠳᠡᠭ ᠪᠤᠰᠤ᠂ ᠠᠭᠤᠰᠤᠯᠴᠠᠬᠤ | ᠬᠡᠮᠵᠢᠶ᠎ᠡ ᠨᠢ ᠥᠨᠳᠥᠷ ᠪᠢᠰᠢ᠂ ᠬᠥᠲᠥᠯᠬᠦ ᠬᠦᠴᠦᠨ ᠨᠢ ᠴᠢᠩᠭ᠎ᠠ ᠪᠢᠰᠢ᠂ ᠲᠣᠮᠣ ᠳᠠᠭᠠᠭᠤᠯᠤᠭᠴᠢ ᠠᠵᠤ | ᠠᠬᠤᠶᠢᠯᠠᠯ ᠤᠨ ᠳᠠᠶᠢᠴᠢᠯᠠᠯᠲᠠ ᠳᠤᠲᠠᠭᠳᠠᠵᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠪᠠᠰᠠ | ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠃ ᠲᠥᠷᠥᠯ ᠵᠦᠢᠯ ᠤᠨ ᠠᠰᠢᠭᠯᠠᠯᠲᠠ ᠳᠤ | ᠤᠷᠤᠭᠰᠠᠨ ᠦᠷ᠎ᠡ ᠪᠦᠲᠦᠮᠵᠢ ᠥᠨᠳᠥᠷ ᠪᠢᠰᠢ᠂ ᠭᠠᠶᠢᠯᠢ ᠲᠠᠲᠠᠪᠤᠷᠢ ᠶᠢᠨ ᠨᠡᠮᠡᠭᠳᠡᠯ ᠤᠨ ᠬᠥᠳᠡᠯᠭᠡᠬᠦ ᠬᠦᠴᠦᠨ | ᠬᠦᠷᠦᠯᠴᠡᠬᠦ ᠦᠭᠡᠢ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠡᠷᠬᠡ ᠬᠠᠲᠠᠭᠤᠵᠢᠯᠲᠠᠶ | ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠳᠤᠪᠤᠶᠢᠮ᠎ᠠ ᠪᠠᠶᠢᠨ᠎ᠠ ᠃ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠦᠢᠯᠡᠰ ᠵᠡᠷᠭᠡ | ᠬᠦᠷᠢᠶᠡᠨ ᠳᠠᠬᠢ ᠥᠷᠢ ᠰᠢᠷᠢ ᠣᠯᠠᠨ᠂ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠴᠡᠭ᠂ ᠬᠦᠴᠢᠷ | ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠬᠦ ᠴᠢᠬᠤᠯᠠᠲᠠᠢ ᠪᠠᠶᠢᠵᠤ᠂ ᠤᠯᠠᠨ ᠨᠡᠶᠢᠲᠡ ᠶᠢᠨ | ᠦᠢᠯᠡᠴᠢᠯᠡᠭᠡ ᠶᠢ ᠴᠢᠨᠠᠷ ᠰᠠᠶᠢᠲᠠᠢ ᠬᠠᠩᠭᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ | ᠪᠠᠶᠢᠨ᠎ᠠ︔ ᠴᠥᠭᠡᠨ ᠲᠣᠭᠠᠨ ᠤ ᠺᠠᠳ᠋ᠷ ᠤᠨ ᠴᠢᠳᠠᠪᠤᠷᠢ ᠬᠦᠷᠦᠯᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠪᠠᠷ | ᠬᠦᠷᠦᠯᠴᠡᠬᠦ ᠦᠭᠡᠢ ᠪᠠᠶᠢᠵᠤ᠂ ᠠᠯᠵᠠᠭᠤ ᠬᠤᠶᠢᠷᠭᠤ ᠵᠠᠰᠠᠭ ᠬᠤᠶᠢᠷᠭᠤᠰᠢᠬᠤ ᠵᠡᠷᠭᠡ ᠦᠵᠡᠭᠳᠡᠯ ᠮᠥᠨ ᠯᠡ | ᠣᠷᠣᠰᠢᠭᠰᠠᠭᠠᠷ ᠪᠠᠶᠢᠨ᠎ᠠ᠃ ᠠᠰᠠᠭᠤᠳᠠᠯ ᠪᠣᠯ ᠴᠠᠭ ᠦᠶ᠎ᠡ ᠶᠢᠨ ᠳᠠᠭᠤᠨ᠂ ᠬᠥᠭᠵᠢᠯᠲᠡ ᠪᠣᠯ ᠴᠠᠭ ᠦᠶ᠎ᠡ ᠶᠢᠨ | ᠱᠠᠭᠠᠷᠳᠠᠯᠭ᠎ᠠ ᠮᠥᠨ᠂ ᠪᠢᠳᠡ ᠠᠰᠠᠭᠤᠳᠠᠯ ᠤᠨ ᠡᠬᠢᠯᠡᠯᠲᠡ᠂ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ | ᠬᠤᠶᠢᠰᠢᠳᠠ ᠶᠢᠨ ᠠᠵᠢᠯ ᠤᠨ ᠳᠤᠮᠳᠠ ᠨᠡᠩ ᠶᠡᠭᠡ ᠰᠥᠰᠥ ᠵᠣᠷᠢᠭ ᠪᠠ ᠨᠡᠩ ᠪᠣᠳᠠᠲᠠᠶ ᠠᠷᠭ᠎ᠠ ᠬᠡᠮᠵᠢᠶ᠎ᠡ ᠠᠪᠴᠤ | ᠰᠢᠶᠳᠪᠦᠷᠢᠯᠡᠬᠦ ᠬᠡᠷᠡᠭᠲᠡᠶ᠃ | | ᠬᠤᠶᠠᠷ᠂ 2020 ᠣᠨ ᠤ ᠭᠤᠤᠯ ᠬᠠᠷᠠᠯᠲᠠ ᠡᠭᠦᠷᠭᠡ ᠪᠠ ᠭᠤᠤᠯᠳᠠᠯᠭ᠎ᠠ ᠲᠠᠢ ᠠᠵᠢᠯ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ ᠵᠢᠯ ᠪᠣᠯᠤᠨ᠎ᠠ᠃ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠶᠡᠭᠡ ᠰᠢᠯᠭᠠᠯᠲᠠ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠵᠠᠩᠭᠢᠯᠠᠭ᠎ᠠ ᠶᠢᠨ ᠵᠢᠯ ᠮᠥᠨ᠃ ᠭᠡᠨᠡᠳᠲᠡ ᠡᠭᠦᠰᠦᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ᠂ ᠪᠦᠬᠦ ᠲᠤᠭᠤᠷᠢᠭ ᠳᠠᠶᠠᠭᠠᠷ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠠᠢ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠲᠤᠭᠤᠷᠢᠭ ᠤᠨ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠠᠷᠠᠳ | ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠲᠡᠷᠢᠭᠦᠨ ᠪᠠᠶᠢᠷᠢᠨ ᠳᠤ | ᠲᠠᠯᠪᠢᠵᠤ᠂ ᠤᠯᠤᠰ ᠲᠦᠷᠦ ᠶᠢᠨ ᠴᠢᠩᠭ᠎ᠠ ᠡᠭᠦᠷᠭᠡᠯᠡᠯ ᠢᠶᠠᠷ ᠰᠢᠨᠵᠢᠯᠡᠬᠦ ᠤᠬᠠᠭᠠᠨᠴᠢ ᠪᠠᠷ ᠵᠠᠰᠠᠵᠤ᠂ ᠤᠨᠢᠨ ᠳᠡᠭᠡᠷ᠎ᠡ | ᠨᠢ ᠠᠷᠭ᠎ᠠ ᠪᠤᠳᠤᠯᠭ᠎ᠠ ᠬᠡᠷᠡᠭᠵᠢᠭᠦᠯᠦᠭᠡᠳ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠭᠡᠪᠡᠴᠦ ᠡᠨᠡ | ᠤᠳᠠᠭᠠᠨ ᠤ ᠬᠢᠵᠢᠭ ᠴᠦ ᠠᠵᠤ ᠠᠬᠤᠶ ᠨᠡᠶᠢᠭᠡᠮ ᠤᠨ ᠬᠥᠭᠵᠢᠯᠲᠡ ᠳᠤ ᠵᠠᠶᠢᠯᠠᠰᠢ ᠦᠭᠡᠶ ᠳᠠᠭᠠᠷᠢᠯᠲᠠ ᠪᠣᠯᠵᠠᠶ᠃ | ᠪᠢᠳᠡ ᠳᠠᠷᠤᠯᠲᠠ ᠯᠤᠲᠤ ᠶᠡᠭᠡ ᠪᠠᠶᠢᠬᠤ ᠶᠢ ᠭᠦᠨ ᠣᠶᠢᠯᠠᠭᠠᠵᠤ ᠪᠠᠶᠢᠬᠤ ᠪᠥᠭᠡᠳ ᠤᠷᠤᠭᠰᠢᠯᠠᠬᠤ ᠵᠠᠮ ᠤᠨ ᠬᠦᠴᠢᠷ | ᠪᠡᠷᠬᠡᠰᠢᠶᠡᠯ ᠢ ᠴᠦ ᠮᠡᠳᠡᠵᠤ ᠪᠠᠶᠢᠨ᠎ᠠ᠂ ᠭᠡᠪᠡᠴᠦ ᠬᠥᠭᠵᠢᠯᠲᠡ ᠶᠢᠨ ᠢᠲᠡᠭᠡᠯ ᠵᠣᠷᠢᠭ ᠪᠣᠯᠤᠨ ᠡᠷᠡᠰ ᠵᠣᠷᠢᠭ ᠨᠢ | ᠶᠡᠷᠦ ᠠᠴᠠ ᠥᠨᠥᠳᠦᠷ ᠤᠨ ᠰᠢᠭ ᠡᠶᠢᠮᠦ ᠡᠷᠡᠰ ᠪᠠᠲᠤ ᠪᠢᠰᠢ ᠶᠤᠮ᠃ ᠪᠦᠬᠦ ᠲᠤᠭᠤᠷᠢᠭ ᠤᠨ ᠠᠷᠠᠳ ᠲᠦᠮᠡᠨ | ᠰᠡᠳᠬᠢᠯ ᠨᠢᠭᠡᠳᠴᠦ᠂ ᠵᠠᠮ ᠨᠡᠭᠡᠭᠡᠨ ᠤᠷᠤᠭᠰᠢᠯᠠᠳᠠᠭ ᠯᠠ ᠶᠤᠮ ᠪᠣᠯ ᠯᠠᠪᠲᠠᠢ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠠᠵᠠ ᠲᠣᠬᠢᠶᠠᠯ ᠢ ᠠᠮᠵᠢᠵᠤ᠂ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ ᠴᠢᠳᠠᠨ᠎ᠠ ᠭᠡᠳᠡᠭ ᠢ | ᠪᠢᠳᠡ ᠢᠲᠡᠭᠡᠵᠦ ᠪᠠᠶᠢᠨ᠎ᠠ︕ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ | ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠠᠶ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠤᠭᠤᠷᠢᠭ ᠤᠨ ᠨᠠᠮ ᠤᠨ | ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠠᠶ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ | ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ | ᠲᠤᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨᠬᠦ ᠪᠠᠲᠤᠯᠠᠨ᠎ᠠ᠃ | ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5. | 5% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ 15.0% ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6.0% ᠪᠠᠷ ᠨᠡᠮᠡᠭᠳᠡᠭᠦᠯᠦᠨ᠎ᠡ ᠃ | ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ ᠶᠢ 3.0% ᠪᠠᠷ ᠨᠡᠮᠡᠭᠳᠡᠵᠡᠢ | ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.1 ᠳ᠋ᠦᠩᠰᠢᠭᠤᠷ ᠲᠥᠭᠦᠷᠢᠭ ᠲᠤ ᠬᠦᠷᠴᠦ᠂ 3. | 1% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ ᠲᠣᠰᠪᠣᠷᠢ 5.0% ᠪᠠ 8.0% ᠨᠡᠮᠡᠭᠳᠡᠵᠡᠢ ᠃ | ᠳᠡᠭᠡᠷ᠎ᠡ ᠳᠤᠷᠠᠳᠤᠭᠰᠠᠨ ᠬᠠᠷᠠᠯᠲᠠ ᠳᠤ᠂ ᠪᠢᠳᠡ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠡᠷᠡᠰ | ᠭᠤᠶᠢᠪᠢᠰᠢ ᠦᠭᠡᠢ ᠬᠠᠶᠢᠨ ᠰᠦᠪᠡᠭᠴᠢᠯᠡᠵᠦ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠄ | ︵ᠨᠢᠭᠡ︶ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠤᠨ᠎ᠠ᠃ ᠭᠤᠷᠪᠠᠨ | ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠨᠢ ᠠᠵᠤ ᠠᠬᠤᠶ ᠶᠢᠨ ᠬᠥᠭᠵᠢᠯᠲᠡ ᠶᠢᠨ ᠶᠠᠰᠤ | ᠴᠢᠨᠠᠷ ᠪᠣᠯᠤᠨ ᠴᠢᠨᠡᠭᠡᠯᠢᠭ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠬᠤᠯᠪᠤᠭᠳᠠᠨ᠎ᠠ᠃ | ᠡᠷᠬᠡᠪᠰᠢ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠢᠭᠡ ᠯᠡ ᠠᠮᠢᠰᠬᠤᠭ᠎ᠠ ᠪᠠᠷ ᠴᠢᠷᠮᠠᠶᠢᠵᠤ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠂ ᠬᠤᠷᠢᠭ᠎ᠠ | ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠨᠡᠮᠡᠭᠳᠡᠬᠦᠯᠵᠦ ᠂ ᠤᠯᠤᠰ | ᠲᠦᠷᠦ᠂ ᠠᠵᠤ ᠠᠬᠤᠶ ᠪᠠ ᠨᠡᠶᠢᠭᠡᠮ ᠵᠡᠷᠭᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠠᠵᠢᠯ ᠢ ᠪᠣᠳᠠᠲᠠᠶ ᠪᠥᠭᠡᠳ ᠨᠠᠷᠢᠯᠢᠭ ᠰᠠᠶᠢᠲᠤᠷ ᠬᠢᠨ᠎ᠡ᠃ ᠠᠷᠤ ᠡᠭᠦᠳᠡ ᠶᠢ ᠲᠦᠭᠵᠢᠬᠦ᠂ ᠡᠮᠦᠨ᠎ᠡ | ᠡᠭᠦᠳᠡ ᠶᠢ ᠨᠡᠭᠡᠭᠡᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠤᠨ ᠥᠷᠢ ᠰᠢᠷᠢ ᠶᠢ ᠢᠯᠭᠠᠷᠠᠭᠤᠯᠬᠤ ᠠᠵᠢᠯ ᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠲᠥᠰᠦᠪ ᠤᠨ ᠲᠣᠬᠢᠷᠠᠭᠤᠯᠤᠯᠲᠠ᠂ ᠭᠠᠵᠠᠷ ᠰᠢᠷᠣᠶ ᠶᠢ ᠬᠢᠮᠳᠠ | ᠦᠨ᠎ᠡ ᠪᠠᠷ ᠬᠤᠳᠠᠯᠳᠤᠬᠤ᠂ ᠡᠳ᠋ ᠬᠥᠷᠥᠩᠭᠡ ᠶᠢ ᠰᠢᠢᠳᠪᠦᠷᠢᠯᠡᠬᠦ᠂ ᠡᠵᠡᠩᠨᠡᠯᠲᠡ ᠶᠢᠨ ᠡᠷᠬᠡ ᠶᠢ ᠰᠢᠯᠵᠢᠭᠦᠯᠦᠨ | ᠥᠭᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠥᠷᠢ ᠰᠢᠷᠢ ᠪᠠᠨ ᠠᠷᠢᠯᠭᠠᠬᠤ ᠡᠭᠦᠷᠭᠡ ᠶᠢ ᠴᠢᠩᠭ᠎ᠠ ᠵᠢᠷᠤᠮᠯᠠᠨ | ᠪᠡᠶᠡᠯᠡᠭᠦᠯᠦᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠠᠭᠤ ᠰᠠᠨᠠᠭ᠎ᠠ ᠲᠠᠢ ᠪᠠᠷ ᠥᠷᠢ ᠰᠢᠷᠢ ᠠᠴᠠ ᠵᠠᠶᠢᠯᠠᠬᠤ | ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ | ᠴᠢᠨᠠᠷᠲᠠᠶ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠶᠢ ᠦᠨᠡᠨᠬᠦ ᠪᠠᠲᠤᠯᠠᠨ᠎ᠠ᠃ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ ᠪᠤᠴᠠᠵᠤ | ᠪᠠᠶᠢᠴᠠᠭᠠᠨ ᠦᠵᠡᠬᠦ︾᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠲᠤᠰᠬᠠᠢ ᠱᠠᠯᠠᠪᠳᠠᠭᠤᠯᠤᠨ | ᠪᠠᠶᠢᠴᠠᠭᠠᠯᠲᠠ ᠪᠠ ︽ᠭᠤᠷᠪᠠᠨ ᠶᠡᠭᠡ ᠬᠠᠤᠯᠢ ᠬᠡᠷᠡᠭᠵᠢᠭᠦᠯᠬᠦ ᠣᠨ︾ ᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠦ ᠰᠢᠯᠭᠠᠨ ᠠᠪᠬᠤ ᠶᠢ ᠪᠦᠬᠦ ᠬᠦᠴᠦᠨ ᠢᠶᠠᠷ ᠤᠭᠲᠤᠪᠠ᠃ | ᠴᠢᠭᠯᠡᠯ ᠢ ᠬᠤᠪᠢᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠪᠣᠬᠢᠷᠲᠤᠯ ᠢ | ᠨᠠᠷᠢᠯᠢᠭ ᠣᠨᠣᠴᠠᠲᠠᠶ ᠪᠠᠷ ᠵᠠᠰᠠᠬᠤ᠂ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ ᠪᠤᠬᠢᠷᠳᠤᠯ ᠢ ᠬᠠᠤᠯᠢ | ᠶᠣᠰᠣᠭᠠᠷ ᠵᠠᠰᠠᠬᠤ ᠶᠢ ᠳᠤᠪᠤᠶᠢᠯᠠᠭᠠᠵᠤ᠂ ᠬᠦᠬᠡ ᠣᠭᠲᠠᠷᠭᠤᠶ᠂ ᠨᠣᠮᠢᠨ ᠤᠰᠤ᠂ ᠠᠷᠢᠭᠤᠨ ᠬᠥᠷᠥᠰᠥ ᠶᠢ | ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠳᠥᠷᠪᠡ ᠶᠢ ᠠᠷᠢᠯᠭᠠᠬᠤ ᠦᠭᠡᠢ | ︾ ᠪᠠᠶᠢᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠬᠦ᠂ ᠶᠠᠳᠠᠭᠤ ᠬᠦᠴᠢᠷᠳᠡᠯ ᠢ ᠬᠥᠳᠡᠯᠦᠩᠭᠦᠢ ᠬᠢᠨᠠᠨ ᠬᠡᠮᠵᠢᠬᠦ᠂ ᠲᠠᠬᠢᠨ ᠶᠠᠳᠠᠭᠤᠷᠠᠬᠤ ᠶᠢ ᠤᠷᠢᠳᠴᠢᠯᠠᠨ | ᠰᠡᠷᠡᠮᠵᠢᠯᠡᠭᠦᠯᠬᠦ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠦᠬᠦ ᠲᠠᠯ᠎ᠠ ᠪᠠᠷ ᠴᠢᠨᠡᠭᠡᠯᠢᠭᠵᠢᠬᠦ ᠵᠠᠮ ᠳᠡᠭᠡᠷ᠎ᠡ ᠶᠠᠭᠠᠬᠢᠭᠰᠠᠨ ᠴᠤ | ᠬᠤᠴᠣᠷᠤᠭᠤᠯᠬᠤ ᠦᠭᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ᠂ ᠥᠪᠡᠷᠲᠡᠭᠡᠨ | ᠵᠠᠰᠠᠬᠤ ᠣᠷᠣᠨ᠂ ᠤᠯᠠᠭᠠᠨᠴᠠᠪ ᠬᠤᠲᠠ ᠵᠡᠷᠭᠡ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠳᠤ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠠᠰᠤ ᠴᠢᠨᠠᠷ ᠪᠣᠯᠤᠨ ᠶᠠᠰᠤ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠨ᠎ᠠ᠃ | ︵ᠬᠤᠶᠠᠷ︶ ᠬᠠᠷᠠᠯᠲᠠ ᠪᠠᠨ ᠪᠠᠲᠤ ᠰᠠᠬᠢᠵᠤ᠂ ᠡᠷᠴᠢ ᠵᠣᠷᠢᠭ ᠢᠶᠠᠨ ᠬᠥᠪᠴᠢᠯᠡᠵᠦ᠂ ᠪᠣᠳᠠᠲᠤ | ᠴᠣᠭᠴᠠ ᠶᠢᠨ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠴᠠᠬᠠᠷ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠭᠤᠣᠯ ᠳᠠᠶᠢᠨ ᠤ ᠲᠠᠯᠠᠪᠤᠷ︾ ᠤᠨ ᠪᠠᠶᠢᠷᠢ ᠰᠠᠭᠤᠷᠢ ᠶᠢ | ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠰᠠᠭᠤᠷᠢ ᠶᠢ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ | ᠂ ᠪᠡᠯᠡ ᠤᠷᠤᠭᠤᠯᠤᠯᠲᠠ ᠶᠢ ᠬᠥᠲᠥᠯᠥᠨ ᠣᠷᠣᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠭᠤᠤᠯᠯᠠᠬᠤ ᠠᠵᠤ ᠦᠶᠯᠡᠰ ᠨᠢ ᠲᠤᠳᠤᠷᠬᠠᠢ᠂ ᠬᠠᠷᠢᠴᠠᠭᠤᠯᠤᠭᠰᠠᠨ ᠳᠠᠪᠠᠭᠤᠯᠢᠭ ᠨᠢ ᠢᠯᠡᠷᠬᠡᠶ᠂ ᠲᠥᠪᠯᠡᠷᠡᠯ ᠤᠨ | ᠦᠶᠯᠡᠳᠦᠯ ᠨᠢ ᠲᠣᠪᠣᠶᠢᠮ᠎ᠠ ᠪᠣᠳᠠᠲᠤ ᠴᠣᠭᠴᠠ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ | ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠵᠢᠩ ᠠᠨ | ᠵᠠᠮ ᠵᠡᠷᠭᠡ 20 ᠵᠤᠷᠪᠤᠰ ᠵᠠᠮ ᠤᠨ ᠬᠤᠭᠤᠯᠠᠶ ᠲᠣᠤᠷ ᠵᠢᠴᠢ ᠬᠤᠩ ᠬᠠᠶ ᠽᠢ᠂ ᠠᠯᠢᠪᠠᠪᠠ ᠵᠡᠷᠭᠡ 220kV᠂ | 110kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 3 ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠪᠡᠶᠡᠯᠡᠭᠦᠯᠵᠦ᠂ ᠢ ᠡᠤ ᠲᠠᠩ᠂ ᠲᠤᠩ ᠹᠸᠢ ᠵᠡᠷᠭᠡ 220kV᠂ 110kV ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ 2 ᠢᠨᠵᠧᠨᠧᠷᠢᠩ ᠵᠢᠴᠢ ᠬᠤᠩ ᠬᠠᠶ ᠽᠢ ᠤᠰᠤᠨ ᠤ ᠦᠶᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠪᠡ᠃ ᠠᠭᠤᠷ᠂ ᠪᠠᠶᠢᠭᠠᠯᠢ ᠶᠢᠨ ᠰᠢᠲᠠᠮᠠᠬᠠᠶ ᠬᠡᠶ᠂ ᠵᠦᠡᠭ ᠱᠦᠢ ᠵᠡᠷᠭᠡ ᠶᠢᠨ | ᠬᠦᠷᠢᠶᠡᠯᠡᠩ ᠳᠤ ᠣᠷᠣᠬᠤ ᠶᠢ ᠨᠡᠶᠢᠳᠡᠮ ᠬᠠᠮᠤᠷᠬᠤ ᠶᠢ ᠶᠡᠬᠡᠪᠡᠷ ᠠᠬᠢᠭᠤᠯᠵᠤ᠂ ᠬᠦᠷᠢᠶᠡᠯᠡᠩ ᠲᠣᠭᠤᠷᠢᠭ ᠤᠨ | ᠴᠢᠬᠤᠯᠠ ᠬᠦᠴᠦᠨ ᠵᠦᠶᠯ ᠢ ᠪᠠᠳᠤᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠣᠷᠴᠢᠯ | ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠶᠢ | ᠲᠦᠷᠭᠡᠳᠭᠡᠵᠦ ᠂ ᠠᠵᠤ ᠦᠶᠯᠡᠳᠪᠦᠷᠢᠵᠢᠯᠲᠡ ᠶᠢ ᠠᠭᠤᠰᠤᠯᠴᠠᠭᠤᠯᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠤᠶᠤᠨᠲᠤ ᠬᠦᠷᠢᠶᠡᠯᠡᠩ ᠲᠣᠭᠤᠷᠢᠭ ᠤᠨ ᠰᠢᠯᠭᠠᠨ ᠠᠪᠬᠤ ᠶᠢ ᠪᠠᠲᠤᠯᠠᠵᠤ᠂ ᠥᠪᠡᠷᠲᠡᠭᠡᠨ ᠵᠠᠰᠠᠬᠤ | ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠮᠡᠳᠡᠭᠦᠯᠦᠨ᠎ᠡ᠃ ︽ | ᠦᠷ᠎ᠡ ᠪᠦᠳᠦᠮᠵᠢ ᠪᠠᠷ ᠠᠮᠵᠢᠯᠲᠠ ᠶᠢ ᠬᠠᠷᠠᠬᠤ ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠵᠤ | ᠠᠬᠤᠶᠢᠯᠠᠯ ᠤᠨ ᠰᠡᠭᠦᠯᠴᠢ ᠶᠢᠨ ᠣᠷᠣᠨ ᠪᠠᠶᠢᠷᠢ ᠶᠢ ᠰᠢᠯᠢᠭᠳᠡᠭᠦᠯᠬᠦ ᠲᠣᠭᠲᠠᠴᠠ ᠶᠢ ᠪᠠᠶᠢᠭᠤᠯᠤᠨ ᠳᠡᠭᠦᠯᠳᠡᠷᠵᠢᠭᠦᠯᠵᠦ | ᠂ ᠰᠤᠯᠠ ᠭᠠᠵᠠᠷ ᠬᠡᠷᠡᠭᠯᠡᠬᠦ᠂ ︽ᠦᠬᠦᠰᠢᠷᠡᠮᠡᠯ ᠠᠵᠤ ᠠᠬᠤᠶᠢᠯᠠᠯ︾ ᠪᠣᠯᠤᠨ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ | ᠦᠭᠡᠶ ᠪᠣᠬᠢᠷᠲᠤᠯ ᠲᠠᠢ ᠠᠵᠤ ᠠᠬᠤᠶᠢᠯᠠᠯ ᠢ ᠢᠯᠭᠠᠷᠠᠭᠤᠯᠤᠨ ᠠᠮᠢᠯᠠᠭᠤᠯᠬᠤ ᠡᠷᠴᠢᠮ ᠢᠶᠠᠨ ᠨᠡᠮᠡᠭᠳᠡᠭᠦᠯᠵᠦ ᠂ | ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠰᠤᠯᠠ ᠪᠠᠶᠢᠯᠭᠠᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠬᠤᠸᠠ ᠸᠧᠶ ᠶᠢᠨ ᠬᠤᠶᠠᠳᠤᠭᠠᠷ ᠭᠤᠷᠪᠠᠳᠤᠭᠠᠷ ᠬᠤᠭᠤᠴᠠᠭ᠎ᠠ᠂ ᠠᠯᠮᠤᠷᠠᠳ᠂ ᠠᠯᠢᠪᠠᠪᠠ ᠶᠢᠨ ᠳ᠋ᠠᠶᠢᠲ᠋ᠠ ᠶᠢᠨ ᠲᠥᠪ | ᠢ ᠪᠠᠶᠢᠭᠤᠯᠤᠨ ᠠᠵᠢᠯᠯᠠᠭᠤᠯᠬᠤ ᠶᠢ ᠲᠦᠷᠭᠡᠳᠬᠡᠨ ᠠᠬᠢᠭᠤᠯᠵᠤ᠂ ᠸᠠᠨ ᠭᠦᠸᠧ᠂ ᠫᠢ ᠶᠦᠨ᠂ ᠶᠢᠦ ᠺᠧ ᠳ᠋ᠧ᠂ | ᠵᠥᠩ ᠪᠦᠦ ᠰᠢᠨ ᠵᠡᠷᠭᠡ ᠲᠤᠭ᠎ᠠ ᠪᠠᠷᠢᠮᠲᠠ ᠶᠢᠨ ᠲᠥᠷᠥᠯ ᠵᠦᠢᠯ ᠢ ᠡᠬᠢᠯᠡᠭᠦᠯᠵᠦ᠂ ᠳᠠᠭᠤᠳᠠᠯᠭ᠎ᠠ ᠶᠢ ᠭᠠᠳᠠᠭᠰᠢ | ᠳᠠᠭᠠᠭᠠᠴᠢᠯᠠᠭᠤᠯᠬᠤ ᠠᠵᠢᠯ ᠲᠥᠷᠥᠯ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ | ᠪᠡᠭᠡᠵᠢᠩ ᠤᠨ ᠲᠦᠷᠭᠡᠨ ᠭᠠᠷ᠂ ᠳᠤᠮᠳᠠᠳᠤ ᠤᠯᠤᠰ ᠤᠨ ᠠᠷᠠᠳ ᠤᠨ ᠨᠠᠰᠤᠨ ᠪᠠᠶᠠᠷ ᠵᠡᠷᠭᠡ ᠲᠥᠷᠥᠯ ᠵᠦᠶᠯ ᠲᠠᠢ | ᠢᠳᠡᠭᠬᠢᠲᠡᠢ ᠵᠣᠯᠭᠠᠭᠤᠯᠵᠤ᠂ ᠵᠦᠩ ᠭᠤᠸᠠᠨ ᠼᠦᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠲᠠᠢ | ᠬᠠᠮᠵᠢᠯᠴᠠᠭ᠎ᠠ ᠪᠠᠨ ᠴᠢᠩᠭᠠᠳᠬᠠᠵᠠᠢ᠃ 5G ᠶᠢᠨ ᠮᠡᠳᠡᠭᠡ ᠬᠤᠯᠪᠣᠭ᠎ᠠ᠂ ᠬᠡᠰᠡᠭ ᠪᠦᠯᠦᠭ ᠤᠨ ᠬᠡᠯᠬᠢᠶ᠎ᠡ᠂ | ᠪᠤᠳᠠᠰ ᠤᠨ ᠬᠤᠯᠪᠣᠭᠠᠲᠤ ᠰᠦᠯᠵᠢᠶ᠎ᠡ ᠵᠡᠷᠭᠡ ᠲᠣᠭᠠᠴᠢᠯᠠᠭᠰᠠᠨ ᠠᠵᠤ ᠦᠢᠯᠡᠰ ᠢ ᠪᠦᠬᠦ ᠲᠠᠯ᠎ᠠ ᠪᠠᠷ ᠪᠠᠶᠢᠷᠢᠯᠠᠭᠤᠯᠵᠤ᠂ | ︽ᠤᠯᠠᠭᠠᠨᠴᠠᠪ ᠤᠨ ᠵᠥᠩ ᠭᠤᠸᠠᠨ ᠽᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠶᠯᠡᠰ ᠤᠨ | ᠬᠦᠷᠢᠶᠡᠯᠡᠩ︾ ᠤᠨ ᠨᠠᠷᠠᠲᠤ ᠲᠥᠷᠥᠯ ᠲᠡᠮᠳᠡᠭᠲᠦ ᠶᠢ ᠳᠡᠯᠭᠡᠨ ᠦᠵᠡᠭᠦᠯᠵᠦ᠂ ᠲᠣᠮᠣ ᠳ᠋ᠠᠶᠢᠲ᠋ᠠ ᠶᠢᠨ ᠠᠵᠤ | ᠦᠶᠯᠡᠰ ᠤᠨ ᠬᠡᠷᠡᠭᠯᠡᠬᠦ᠂ ᠦᠶᠯᠡᠴᠢᠯᠡᠬᠦ ᠴᠢᠭᠯᠡᠯ ᠳᠠᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠳ᠋ᠦᠩ ᠶᠠᠩ | ᠭᠤᠸᠠᠩ ᠂ ᠬᠠᠢ ᠯᠢ ᠡᠯᠧᠺᠳ᠋ᠷᠣᠨᠴᠢᠯᠡᠭᠰᠡᠨ ᠴᠠᠭᠠᠰᠤ ᠪᠣᠯᠭᠠᠨ ᠦᠢᠯᠡᠳᠪᠦᠷᠢᠯᠡᠬᠦ ᠬᠡᠪᠴᠢᠶ᠎ᠡ ᠶᠢ ᠦᠷᠭᠡᠳᠭᠡᠵᠦ ᠂ | ᠬᠡᠲᠦ ᠴᠠᠬᠢᠯᠭᠠᠨ ᠪᠠᠭᠲᠠᠭᠠᠭᠴᠢ ᠵᠡᠷᠭᠡ ᠦᠢᠯᠡᠳᠬᠦᠨ ᠢ ᠦᠷᠭᠦᠯᠵᠢᠯᠡᠨ ᠬᠦᠭᠵᠢᠭᠦᠯᠦᠨ᠎ᠡ ᠃ ᠶᠡᠷᠦᠩᠬᠡᠶ ᠪᠡᠯᠡ | ᠣᠷᠣᠭᠤᠯᠤᠯᠲᠠ ᠨᠢ 52.8 ᠳ᠋ᠦᠩᠰᠢᠭᠤᠷ ᠲᠥᠭᠦᠷᠢᠭ ᠲᠤ ᠬᠦᠷᠦᠭᠰᠡᠨ ᠵᠢᠨᠢᠩ ᠤᠨ 2 × 66 ᠲᠦᠮᠡᠨ | ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ | ᠡᠷᠴᠢᠮᠵᠢᠭᠰᠡᠨ᠂ ᠬᠡᠪᠴᠢᠶᠡᠵᠢᠭᠰᠡᠨ ᠴᠢᠭᠯᠡᠯ ᠳᠠᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠢ ᠮᠢᠨ ᠴᠠᠬᠢᠯᠭᠠᠨ | ᠬᠦᠴᠦᠨ᠂ ᠶᠢᠨ ᠾᠧ ᠰᠢᠨ᠎ᠡ ᠡᠨᠧᠷᠭᠢ᠂ ᠴᠢᠩ ᠬᠤᠸᠠ ᠲᠦᠡᠭ ᠹᠠᠨᠭ᠌ ᠤᠨ ᠪᠦᠲᠦᠭᠡᠨ ᠪᠠᠶᠢᠭᠤᠯᠤᠯᠲᠠ ᠶᠢ | ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠯᠢ ᠲᠠᠢ ᠲᠡᠮᠦᠷᠯᠢᠭ᠂ ᠯᠢ ᠲᠦᠸᠧ ᠬᠤᠸᠠᠨ ᠴᠢᠦ᠂ ᠯᠢ ᡁᠢ | ᠬᠤᠭᠤᠯᠠᠶ ᠶᠢᠨ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ᠬᠠᠢ ᠳ᠋ᠧ ᠰᠢᠨ᠎ᠡ | ᠡᠨᠧᠷᠭᠢ ᠶᠢᠨ ᠰᠤᠷᠪᠤᠯᠵᠢ᠂ ᠭᠦᠸᠧ ᠷᠦᠨ ᠡᠨᠧᠷᠭᠢ ᠶᠢᠨ ᠰᠤᠷᠪᠤᠯᠵᠢ᠂ ᠵᠢᠩ ᠺᠧ ᠡᠨᠧᠷᠭᠢ ᠶᠢᠨ ᠰᠤᠷᠪᠤᠯᠵᠢ | ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠵᠤ᠂ ᠰᠢᠨ ᠰᠦᠩ ᠮᠠᠰᠢᠨ ᠬᠥᠮᠦᠨ ᠤ | ᠲᠥᠷᠥᠯ ᠵᠦᠶᠯ ᠢ ᠢᠳᠡᠪᠬᠢᠲᠡᠢ ᠵᠣᠯᠭᠠᠭᠤᠯᠵᠤ᠂ ᠲᠣᠨᠤᠭ ᠲᠥᠬᠦᠭᠡᠷᠦᠮᠵᠢ ᠦᠶᠯᠡᠳᠬᠦ ᠠᠵᠦ ᠦᠢᠯᠡᠰ ᠤᠨ | ᠳᠡᠭᠡᠳᠦ ᠲᠡᠰ ᠤᠨ᠂ ᠪᠦᠯᠦᠭᠵᠢᠯ ᠤᠨ ᠴᠢᠭᠯᠡᠯ ᠲᠡᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠴᠢᠦ ᠱᠢ ᠠᠮᠢᠳᠤ | ᠪᠣᠳᠠᠰ ᠤᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠮᠧᠩ ᠭᠧᠨ ᠱᠠᠨ ᠦᠭᠡᠬᠦ ᠲᠤᠰᠤ ᠶᠢᠨ | ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠮᠸᠡᠭ ᠨᠦᠩ ᠲᠧ᠂ ᠨᠠᠷᠠᠰᠤᠨ᠂ ᠰᠢᠨ | ᠰᠢᠶᠠᠨ ᠶᠦᠸᠧ᠂ ᠶᠧ ᠶᠢᠩ ᠮᠸᠢ ᠵᠡᠷᠭᠡ ᠲᠦᠷᠦᠯ ᠵᠦᠶᠯ ᠤᠨ ᠠᠵᠢᠯ ᠡᠬᠢᠯᠡᠭᠦᠯᠦᠨ ᠪᠠᠶᠢᠭᠤᠯᠬᠤ ᠶᠢ ᠠᠬᠢᠭᠤᠯᠵᠤ᠂ | ᠱᠤᠸᠠᠩ ᠬᠦᠶ ᠮᠢᠬᠠᠨ ᠢᠳᠡᠭᠡᠨ᠂ ᠯᠠᠨ ᠸᠧᠶ ᠰᠧ ᠳ᠋ᠦᠨ ᠲᠥᠮᠥᠰᠥᠨ ᠵᠦᠰᠦᠮ᠂ ᠭᠦᠸᠧ ᠰᠢ ᠲᠥᠮᠥᠰᠥ ᠶᠢᠨ | ᠪᠦᠷᠢᠨ ᠨᠤᠨᠲᠠᠭ ᠵᠡᠷᠭᠡ ᠢᠳᠡᠭᠡᠨ ᠢ ᠭᠦᠨᠵᠡᠭᠡᠶ ᠡᠳᠡᠰᠢᠭᠦᠯᠵᠦ ᠂ ᠲᠥᠷᠥᠯ ᠵᠦᠶᠯ ᠢ ᠢᠳᠡᠪᠬᠢᠲᠡᠶ ᠪᠠᠷ | ᠣᠷᠣᠭᠤᠯᠤᠨ ᠠᠪᠴᠢᠷᠠᠨ᠎ᠠ ᠃ ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ ᠤᠨ ᠲᠠᠷᠢᠶᠠᠯᠠᠩ ᠤᠨ | ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ ᠢᠶᠠᠷ ᠭᠠᠷᠳᠠᠴᠠ ᠪᠣᠯᠭᠠᠵᠤ᠂ ᠤᠯᠠᠭᠠᠨᠴᠠᠪ ᠴᠢᠨᠠᠭᠰᠢᠯᠠᠪᠠᠯ | ᠥᠪᠡᠷᠲᠡᠭᠡᠨ ᠵᠠᠰᠠᠬᠤ ᠣᠷᠣᠨ ᠤ ︽ᠮᠣᠩᠭᠤᠯ ᠨᠡᠷ᠎ᠡ︾ ᠲᠠᠷᠢᠶᠠᠯᠠᠩ ᠤᠨ ᠣᠨᠴᠠ ᠪᠦᠲᠦᠭᠡᠭᠳᠡᠭᠦᠨ ᠢ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠢ ᠪᠠᠶᠢᠭᠤᠯᠵᠤ᠂ ᠪᠣᠬᠢᠷᠲᠤᠯ ᠥᠬᠡᠶ ᠢᠳᠡᠭᠡᠨ ᠡᠳᠡᠰᠢᠬᠦᠯᠬᠦ ᠠᠵᠤ ᠦᠶᠯᠡᠰ ᠢ | ᠬᠡᠯᠬᠢᠶᠡᠵᠢᠭᠦᠯᠬᠦ᠂ ᠨᠠᠷᠠᠲᠤ ᠲᠥᠷᠥᠯ ᠲᠡᠮᠳᠡᠭᠵᠢᠭᠦᠯᠬᠦ ᠴᠢᠭᠯᠡᠯ ᠢᠶᠠᠷ ᠬᠥᠭᠵᠢᠭᠦᠯᠬᠦ ᠶᠢ ᠬᠦᠴᠦᠯᠡᠨ ᠠᠬᠢᠭᠤᠯᠤᠨ᠎ᠠ᠃ | ᠬᠢᠮᠢ ᠶᠢᠨ ᠠᠵᠤ ᠦᠶᠯᠡᠳᠪᠦᠷᠢ ᠶᠢᠨ ᠪᠤᠰᠤ ᠲᠥᠷᠥᠯ ᠤᠨ ᠪᠣᠬᠢᠷᠲᠤᠯ ᠦᠭᠡᠢ ᠨᠠᠶᠢᠷᠠᠯᠲᠠ᠂ ᠡᠮ ᠬᠢᠬᠦ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠲᠢᠶᠠᠨ ᠢᠦᠶ ᠬᠤᠩ ᠷᠦᠢ᠂ ᠱᠧᠩ ᠺᠠᠩ ᠡᠮ ᠡᠮᠨᠡᠯᠭᠡ᠂ ᠭᠧ ᠷᠦᠢ ᠳᠡᠭᠡᠳᠦ | ᠰᠢᠨ᠎ᠡ ᠮᠡᠷᠭᠡᠵᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠵᠦ᠂ ᠷᠧᠨ ᠽᠢ ᠡᠮ ᠤᠨ ᠦᠶᠯᠡᠰ᠂ | ᠪᠡᠭᠡᠵᠢᠩ ᠤᠨ ᠴᠧᠩ ᠢᠦᠶ ᠡᠮ ᠡᠮᠨᠡᠯᠭᠡ᠂ ᠶᠢᠩ ᠺᠧ ᠰᠢᠨᠵᠢᠯᠡᠬᠦ ᠤᠬᠠᠭᠠᠨ ᠮᠡᠷᠭᠡᠵᠢᠯ ᠡᠮ ᠡᠮᠨᠡᠯᠭᠡ ᠶᠢᠨ | ᠵᠠᠪᠰᠠᠷ ᠤᠨ ᠴᠣᠭᠴᠠ ᠵᠡᠷᠭᠡ ᠲᠥᠷᠥᠯ ᠵᠦᠶᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠤᠨ ᠢᠵᠢ ᠪᠦᠷᠢᠳᠦᠭᠦᠯᠬᠦ᠂ ᠨᠠᠷᠢᠯᠢᠭᠵᠢᠭᠤᠯᠬᠤ ᠴᠢᠭᠯᠡᠯ ᠲᠠᠢ ᠬᠥᠭᠵᠢᠬᠦ ᠶᠢ | ᠬᠦᠴᠦᠯᠡᠨ ᠠᠬᠢᠭᠤᠯᠤᠨ᠎ᠠ᠃ | ︵ᠭᠤᠷᠪᠠ︶ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠦᠨᠡᠨᠬᠦ ᠪᠣᠳᠠᠲᠠᠶ | ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ | ᠪᠤᠢ ᠪᠣᠯᠭᠠᠵᠤ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠠᠮᠢ ᠠᠬᠤᠢ ᠶᠢᠨ ᠵᠤᠭᠠᠴᠠᠯ᠂ ᠤᠳᠤ ᠦᠶ᠎ᠡ ᠶᠢᠨ ᠬᠥᠳᠡᠭᠡ ᠠᠵᠤ | ᠠᠬᠤᠢ᠂ ᠰᠣᠶᠣᠯ ᠤᠨ ᠰᠡᠯᠡᠭᠦᠴᠡᠯ ᠢ ᠨᠢᠭᠡ ᠴᠤᠬᠴᠠᠵᠢᠭᠤᠯᠤᠬᠰᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠪᠠᠶᠢᠷᠢᠰᠢᠯ ᠢ ᠪᠦᠬᠦ ᠬᠦᠴᠦ ᠪᠠᠷ ᠢᠶᠠᠨ ᠴᠣᠭᠴᠠᠯᠠᠨ᠎ᠠ᠃ ᠬᠤᠳᠠ ᠶᠢᠨ ᠲᠡᠭᠦᠷᠭᠡ ᠶᠢᠨ | ᠬᠡᠯᠪᠡᠷᠢ ᠶᠢᠨ ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠵᠦ᠂ ᠤᠮᠠᠷᠠᠲᠤ ᠬᠡᠰᠡᠭ ᠤᠨ ᠲᠠᠯ᠎ᠠ | ᠨᠤᠲᠤᠭ ᠤᠨ ᠰᠠᠶᠢᠨ ᠰᠠᠶᠢᠬᠠᠨ ᠠᠮᠢ ᠠᠬᠤᠶ ᠶᠢᠨ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ᠵᠠᠮ | ᠳᠠᠭᠠᠤ ᠶᠢᠨ ᠲᠦᠮᠡᠨ ᠮᠦ ᠶᠢᠨ ᠲᠣᠭᠤᠷᠢᠨ ᠦᠵᠡᠬᠦ ᠲᠠᠷᠢᠶᠠᠯᠠᠩ ᠤᠨ ᠪᠦᠰᠡ ᠪᠣᠯᠤᠨ ᠪᠡᠯᠭᠡ ᠲᠡᠮᠳᠡᠭ ᠤᠨ ᠴᠢᠨᠠᠷᠲᠠᠶ | ᠦᠵᠡᠮᠵᠢ ᠶᠢᠨ ᠣᠷᠣᠨ ᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠰᠠᠨ ᠬᠥ᠋ ᠴᠢᠤᠸᠠᠨ ᠶᠡᠭᠡ ᠠᠷᠪᠠᠳᠤᠭᠠᠷ᠂ ᠴᠠᠬᠠᠷ ᠬᠤᠸᠠᠷᠠᠨ᠂ ᠡᠯ ᠲᠠ ᠬᠦᠷᠢᠶ᠎ᠡ᠂ ᠰᠠᠨ ᠱᠧᠩ ᠲᠣᠰᠬᠤᠨ ᠵᠡᠷᠭᠡ | ᠣᠨᠴᠠᠯᠢᠭᠲᠤ ᠵᠢᠵᠢᠭ ᠪᠠᠯᠭᠠᠰᠤ᠂ ᠣᠨᠴᠠᠯᠢᠭᠲᠤ ᠲᠤᠰᠬᠤᠨ ᠢ ᠪᠠᠶᠢᠭᠤᠯᠵᠤ᠂ ᠠᠮᠢ ᠠᠬᠤᠢ ᠶᠢᠨ ᠲᠠᠷᠢᠶᠠᠯᠠᠩ᠂ | ᠦᠵᠡᠭᠦᠯᠦᠯᠭᠡ ᠶᠢᠨ ᠲᠠᠷᠢᠶᠠᠯᠠᠩ᠂ ᠲᠡᠭᠦᠬᠦ ᠲᠠᠷᠢᠶᠠᠯᠠᠩ᠂ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ | ᠰᠡᠯᠡᠭᠦᠴᠡᠨ ᠲᠣᠭᠤᠷᠢᠬᠤ᠂ ᠰᠣᠶᠣᠯ ᠤᠨ ᠪᠡᠶᠡᠴᠢᠯᠡᠨ ᠣᠶᠢᠯᠠᠭᠠᠬᠤ᠂ ᠮᠥᠰᠥ ᠴᠠᠰᠤᠨ ᠤ ᠵᠢᠭᠤᠯᠴᠢᠯᠠᠯ ᠢᠶᠠᠷ ᠭᠤᠤᠯ | ᠪᠤᠯᠭᠠᠭᠰᠠᠨ ︽ᠲᠠᠷᠢᠶᠠᠯᠠᠩ + ᠵᠢᠭᠤᠯᠴᠢᠯᠠᠯ︾ ᠤᠨ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ | ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠡᠯ᠎ᠡ ᠬᠦᠷᠢᠶᠡᠨ ᠤ ᠥᠭᠡᠷᠡᠴᠢᠯᠡᠯᠲᠡ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ︽ᠭᠤᠷᠪᠠᠨ ᠡᠷᠬᠡ ᠶᠢ | ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠡᠷᠭᠢᠯᠲᠡ ᠳᠤ | ᠣᠷᠣᠭᠤᠯᠬᠤ ᠳᠠᠩᠰᠠᠯᠠᠯ ᠤᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ | ᠂ ᠬᠡᠷᠡᠭᠯᠡᠬᠦ ᠡᠷᠬᠡ ᠶᠢ ᠵᠣᠬᠢᠰᠲᠠᠶ ᠠᠮᠢᠳᠤᠯᠢᠭ ᠪᠣᠯᠭᠠᠵᠤ᠂ ᠲᠠᠷᠢᠶᠠᠴᠢᠳ ᠤᠨ ᠡᠳ᠋ ᠬᠦᠷᠦᠩᠭᠡ ᠶᠢᠨ ᠡᠷᠬᠡ ᠶᠢ ᠦᠨᠡᠨᠬᠦ | ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ | ᠠᠵᠢᠯ ᠢ ᠲᠦᠷᠭᠡᠳᠬᠡᠨ ᠠᠬᠢᠭᠤᠯᠵᠤ᠂ ᠤᠰᠤ ᠠᠷᠪᠢᠯᠠᠬᠤ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠨᠢᠭᠡ | ᠰᠢᠶᠠᠩ ᠨᠢᠭᠡ ᠪᠠᠯᠭᠠᠰᠤᠨ ᠤ ᠲᠥᠪ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ | ᠨᠠᠶᠢᠷᠠᠭᠤᠯᠤᠨ ᠵᠤᠬᠢᠶᠠᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠵᠣᠷᠯᠣᠩ ᠤᠨ | ᠬᠤᠪᠢᠰᠬᠠᠯ᠂ ᠬᠥᠳᠡᠭᠡ ᠲᠣᠰᠬᠤᠨ ᠤ ᠵᠠᠰᠠᠮᠠᠯ ᠵᠠᠮ ᠵᠡᠷᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠮᠠᠯ ᠵᠢᠭᠦᠷᠲᠡᠨ ᠤ ᠪᠠᠭᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ ᠶᠢᠨ 75% ᠳᠤ ᠬᠦᠷᠦᠭᠦᠯᠬᠦ ᠪᠠᠷ ᠴᠢᠷᠮᠠᠶᠢᠵᠤ᠂ 3000 ᠡᠷᠦᠬᠡ ᠠᠴᠠ ᠳᠡᠭᠡᠭᠰᠢ ᠠᠷᠢᠭᠤᠨ | ᠴᠡᠪᠡᠷ ᠵᠣᠷᠯᠣᠩ ᠢ ᠥᠭᠡᠷᠡᠴᠢᠯᠡᠨ᠎ᠡ᠃ ᠤᠰᠤ ᠪᠠᠷ ᠨᠣᠭᠤᠭᠠᠷᠠᠭᠤᠯᠤᠯ ᠢ ᠲᠣᠭᠲᠠᠭᠠᠵᠤ᠂ ᠲᠣᠬᠢᠷᠠᠮᠵᠢᠲᠠᠶ ᠭᠠᠵᠠᠷ ᠲᠤ | ᠮᠣᠳᠣ ᠲᠠᠷᠢᠬᠤ ᠶᠢ ᠪᠠᠷᠢᠮᠲᠠᠯᠠᠵᠤ᠂ ᠶᠡᠭᠡ ᠠᠷᠪᠠᠳᠤᠭᠠᠷ ᠲᠤᠰᠬᠤᠨ ᠵᠡᠷᠭᠡ 12 ᠵᠠᠰᠠᠭ ᠵᠠᠬᠢᠷᠭᠠᠨ ᠤ ᠲᠣᠰᠬᠤᠨ ᠤ | ᠨᠣᠭᠤᠭᠠᠷᠠᠭᠤᠯᠤᠯᠲᠠ ᠭᠤᠶᠤᠵᠢᠭᠤᠯᠤᠯᠳᠡ ᠶᠢᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠠᠮᠢ ᠠᠬᠤᠢ | ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠦᠲᠦᠭᠡᠨ | ᠪᠠᠶᠢᠭᠤᠯᠤᠨ᠎ᠠ᠃ | ︵ᠳᠦᠷᠪᠡ︶ ᠪᠣᠳᠠᠲᠤ ᠪᠠᠶᠢᠳᠠᠯ ᠳᠤ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠣᠳᠣ | ᠦᠶ᠎ᠡ ᠶᠢᠨ ᠦᠢᠯᠡᠴᠢᠯᠡᠭᠡᠨ ᠤ ᠦᠶᠯᠡᠰ ᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ | ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢᠨ | ᠳᠡᠭᠡᠳᠦ ᠳᠡᠰ ᠲᠡᠰᠢ ᠤᠷᠲᠤᠳᠬᠠᠬᠤ ᠶᠢ ᠪᠠᠷᠢᠮᠲᠠᠯᠠᠵᠤ᠂ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ | ᠥᠨᠳᠥᠷ ᠶᠠᠰᠤ ᠴᠢᠨᠠᠷ ᠪᠠ ᠣᠯᠠᠨ ᠶᠠᠩᠵᠤᠯᠠᠬᠤ ᠲᠡᠰᠢ ᠳᠡᠰ ᠳᠡᠪᠰᠢᠭᠦᠯᠬᠦ ᠶᠢ ᠪᠠᠷᠢᠮᠲᠠᠯᠠᠨ᠎ᠠ᠃ ᠲᠣᠮᠣ | ᠬᠤᠳᠠᠯᠳᠤᠭ᠎ᠠ ᠶᠢ ᠪᠦᠬᠦ ᠬᠦᠴᠦᠨ ᠢᠶᠠᠷ ᠬᠥᠭᠵᠢᠭᠦᠯᠦᠨ᠎ᠡ᠃ ᠸᠠᠨ ᠳ᠋ᠠ ᠠᠭᠤᠳᠠᠮ ᠲᠠᠯᠠᠪᠠᠢ᠂ ᠮᠦᠸᠧ ᠡᠯ ᠴᠸᠡᠭ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ ᠠᠬᠢᠭᠤᠯᠵᠤ᠂ ᠴᠠᠬᠠᠷ ᠮᠥᠩᠭᠦᠨ | ᠰᠠᠭᠤᠳᠠᠯ᠂ ᠡᠷᠡᠨ ᠵᠠᠭᠤᠨ ᠠᠭᠤᠳᠠᠮ ᠲᠠᠯᠠᠪᠠᠢ᠂ ᠰᠢᠨ ᠰᠢᠶᠠ ᠰᠢᠨ ᠰᠣᠶᠣᠯ ᠤᠨ ᠲᠠᠯᠠᠪᠠᠢ ᠶᠢ ᠠᠮᠢᠯᠠᠭᠤᠯᠤᠨ | ᠡᠬᠢᠯᠡᠭᠦᠯᠵᠦ᠂ ᠮᠦᠸᠧ ᠡᠯ ᠴᠸᠡᠭ ᠠᠭᠤᠳᠠᠮ ᠲᠠᠯᠠᠪᠠᠶ ᠶᠢ ᠪᠦᠲᠦᠭᠡᠨ ᠪᠠᠶᠢᠭᠤᠯᠤᠨ᠎ᠠ᠃ ᠣᠯᠠᠨ ᠤᠯᠤᠰ ᠤᠨ | ᠠᠷᠠᠰᠤ ᠰᠢᠷᠢ ᠶᠢᠨ ᠬᠤᠲᠠ᠂ ᠰᠢᠶᠠᠩ ᠾᠧ ᠭᠡᠷ ᠤᠨ ᠡᠳ᠋ᠯᠡᠯ ᠤᠨ ᠬᠤᠲᠠ᠂ ᠤᠤ ᠸᠧᠶ᠂ ᠡᠦ ᠵᠸᠦ᠂ ᠴᠦᠨ | ᠲᠢᠶᠠᠨ ᠵᠡᠷᠭᠡ ᠨᠢᠭᠡᠨᠲᠡ ᠪᠠᠶᠢᠭ᠎ᠠ ᠬᠤᠳᠠᠯᠳᠤᠭᠠᠨ ᠤ ᠲᠠᠯᠠᠪᠤᠷ ᠢ ᠳᠡᠰ ᠳᠡᠪᠰᠢᠭᠦᠯᠦᠨ ᠥᠭᠡᠷᠡᠴᠢᠯᠡᠨ ᠰᠢᠨᠡᠳᠭᠡᠬᠦ ᠶᠢ | ᠬᠥᠲᠥᠯᠥᠨ ᠵᠢᠯᠣᠭᠤᠳᠴᠤ᠂ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠬᠡᠯᠬᠢᠶᠡᠵᠢᠭᠰᠡᠨ ᠡᠵᠡᠩᠨᠡᠯᠲᠡ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ ᠥᠷᠭᠡᠳᠬᠡᠵᠦ᠂ ᠸᠠᠨ ᠳ᠋ᠠ᠂ ᠸᠧᠢ | ᠳ᠋ᠦᠸᠧ ᠯᠢ᠂ ᠠᠷᠠᠰᠤ ᠰᠢᠷᠢ ᠶᠢᠨ ᠬᠤᠳᠠ ᠪᠠᠷ ᠭᠤᠣᠯ ᠪᠣᠯᠭᠠᠭᠰᠠᠨ ︽ᠨᠢᠭᠡ ᠬᠤᠳᠠ ᠭᠤᠷᠪᠠᠨ ᠲᠣᠭᠤᠷᠢᠭ︾ ᠤᠨ | ᠬᠤᠳᠠᠯᠳᠤᠭᠠᠨ ᠤ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠶᠡᠭᠡ ᠵᠢᠭᠤᠯᠴᠢᠯᠠᠯ ᠢ ᠪᠦᠬᠦ | ᠬᠦᠴᠦᠨ ᠢᠶᠠᠷ ᠬᠥᠭᠵᠢᠭᠦᠯᠦᠨ᠎ᠡ᠃ ᠪᠡᠭᠡᠵᠢᠩ ᠠᠴᠠ ᠬᠥᠬᠡᠬᠤᠲᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ | ᠪᠦᠬᠦ ᠱᠤᠭᠤᠮ ᠢᠶᠠᠷ ᠲᠡᠷᠭᠡ ᠨᠡᠪᠲᠡᠷᠡᠬᠦ ᠪᠠᠷ ᠲᠣᠬᠢᠶᠠᠯ ᠪᠣᠯᠭᠠᠵᠤ᠂ ᠤᠮᠠᠷᠠᠲᠤ ᠬᠡᠰᠡᠭ ᠤᠨ ᠲᠠᠯ᠎ᠠ ᠨᠤᠲᠤᠭ᠂ ︽ | ᠭᠤᠷᠪᠠᠨ ᠠᠭᠤᠯᠠ ᠬᠤᠶᠠᠷ ᠭᠤᠤᠯ︾᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ | ᠬᠦᠷᠢᠶᠡᠯᠡᠩ᠂ ᠳ᠋ᠠ ᠾᠧ ᠸᠠᠨ ᠣᠯᠠᠨ ᠤᠯᠤᠰ ᠤᠨ ᠴᠠᠰᠤ ᠭᠤᠯᠭᠤᠬᠤ ᠲᠠᠯᠠᠪᠠᠶ᠂ ᠶᠦᠩ ᠯᠢᠶᠠᠩ ᠬᠠᠯᠠᠭᠤᠨ | ᠷᠠᠰᠢᠶᠠᠨ ᠵᠡᠷᠭᠡ ᠵᠢᠭᠤᠯᠴᠢᠯᠠᠯ ᠤᠨ ᠡᠬᠢ ᠪᠠᠶᠠᠯᠢᠭ ᠲᠤ ᠨᠢᠭᠲᠠ ᠲᠦᠰᠢᠭᠯᠡᠨ᠂ ᠪᠥᠬᠦ ᠣᠷᠣᠨ ᠪᠦᠰᠡ ᠶᠢᠨ | ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ | ᠵᠠᠭᠪᠤᠷ ᠢ ᠴᠢᠷᠮᠠᠶᠢᠨ ᠪᠠᠶᠢᠭᠤᠯᠤᠨ᠎ᠠ᠃ ᠨᠠᠢᠮᠠᠨ ᠶᠡᠭᠡ ᠬᠥᠮᠥᠷᠭᠡ᠂ ᠮᠢᠬᠠᠨ ᠤ ᠬᠤᠯᠪᠣᠭᠠᠲᠤ ᠦᠢᠯᠡᠳᠪᠦᠷᠢ ᠵᠢᠴᠢ | ᠵᠢᠨᠢᠩ ᠤᠨ ᠡᠷᠲᠡᠨ ᠤ ᠬᠤᠲᠠ ᠵᠡᠷᠭᠡ ᠠᠰᠢᠭᠯᠠᠵᠤ ᠪᠣᠯᠬᠤ ᠡᠬᠢ ᠪᠠᠶᠠᠯᠢᠭ ᠢ ᠭᠦᠨ ᠠᠭᠤᠳᠠᠯᠵᠤ᠂ ᠵᠠᠩ | ᠦᠢᠯᠡ ᠶᠢᠨ ᠠᠷᠠᠳ ᠤᠨ ᠣᠷᠣᠨ ᠰᠠᠭᠤᠴᠠ᠂ ᠬᠤᠲᠠ ᠶᠢᠨ ᠳᠤᠷᠠᠰᠤᠮᠵᠢ᠂ ᠠᠵᠤ ᠦᠶᠯᠡᠳᠪᠦᠷᠢ ᠶᠢᠨ ᠪᠣᠯᠪᠠᠰᠤᠨ᠂ | ᠰᠡᠬᠡᠭᠡᠲᠡᠨ ᠵᠠᠯᠠᠭᠤᠴᠤᠳ ᠤᠨ ᠰᠣᠶᠣᠯ ᠵᠡᠷᠭᠡ ᠰᠢᠷᠢᠰ ᠭᠤᠤᠯ ᠰᠡᠳᠦᠪᠲᠦ ᠮᠦᠽᠧᠶ ᠶᠢᠨ ᠰᠦᠷᠦᠭᠵᠢᠯ ᠢ ᠪᠠᠶᠢᠭᠤᠯᠵᠤ | ᠂ ᠰᠣᠶᠣᠯ ᠵᠢᠭᠤᠯᠴᠢᠯᠠᠯ ᠤᠨ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠴᠠᠯᠢᠩ ᠢᠶᠠᠨ ᠠᠪᠴᠤ | ᠠᠮᠠᠷᠠᠬᠤ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ᠂ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ | ᠬᠥᠭᠵᠢᠭᠡᠨ᠎ᠡ᠃ ᠿᠢ ᠱᠧᠩ ᠱᠠᠨ ᠮᠸᠡᠭ᠂ ᠥᠪᠥᠷ ᠮᠣᠩᠭᠤᠯ ᠤᠨ ᠪᠠᠩᠬᠢ ᠶᠢᠨ ᠭᠤᠣᠯ ᠰᠡᠳᠦᠪᠲᠦ ᠵᠣᠴᠢᠳ ᠤᠨ | ᠪᠠᠭᠤᠳᠠᠯ ᠢ ᠪᠠᠶᠢᠭᠤᠯᠬᠤ ᠪᠠᠨ ᠲᠦᠷᠭᠡᠳᠬᠡᠵᠦ᠂ ᠺᠠᠩ ᠲᠠᠢ ᠷᠦᠢ ᠨᠢᠩ ᠪᠠᠭᠤᠳᠠᠯ ᠢ ᠰᠢᠨ᠎ᠡ ᠪᠠᠷ ᠪᠠᠶᠢᠭᠤᠯᠵᠤ᠂ | ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠯ᠂ ᠵᠤᠭ᠎ᠠ ᠴᠡᠩᠭᠡᠯ ᠵᠡᠷᠭᠡ ᠵᠢᠭᠤᠯᠴᠢᠯᠠᠯ ᠤᠨ | ᠢᠵᠢ ᠪᠦᠷᠢᠳᠦᠭᠦᠯᠬᠦ ᠡᠵᠡᠩᠨᠡᠯᠲᠡ ᠶᠢᠨ ᠪᠠᠶᠢᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠪ ᠬᠤᠲᠠ ᠶᠢᠨ | ᠲᠣᠭᠤᠷᠢᠭ ᠢ ᠦᠨᠡᠨᠬᠦ ︽ᠪᠡᠭᠡᠵᠢᠩ ᠤᠨ ᠪᠠᠷᠠᠭᠤᠨᠰᠢ ᠨᠢᠭᠡ ᠠᠯᠬᠤᠮ ᠤᠷᠤᠭᠰᠢᠯᠠᠬᠤ︾ ᠥᠪᠥᠷ ᠮᠤᠩᠭᠤᠯ ᠤᠨ | ᠡᠭᠦᠳᠡ ᠬᠤᠲᠠ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠨ ᠪᠠᠶᠢᠭᠤᠯᠤᠨ᠎ᠠ᠃ ᠶᠡᠭᠡ | ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠬᠥᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠶ ᠵᠡᠷᠭᠡ ᠡᠷᠭᠢᠨ | ᠲᠣᠭᠤᠷᠢᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠶᠠᠩᠵᠤᠯᠠᠭᠰᠠᠨ ᠡᠷᠡᠭᠦᠯ ᠴᠢᠭᠢᠷᠠᠭ ᠪᠡᠶ᠎ᠡ ᠰᠤᠪᠢᠯᠠᠬᠤ | ᠬᠡᠷᠡᠭᠴᠡᠭᠡ ᠳᠤ ᠲᠦᠰᠢᠭᠯᠡᠨ᠂ ᠮᠠᠨ ᠤ ᠲᠤᠭᠤᠷᠢᠭ ᠤᠨ ᠪᠦᠬᠦ ᠵᠢᠯ ᠳᠤ ᠪᠣᠬᠢᠷ ᠮᠠᠨᠠᠨ ᠦᠭᠡᠢ᠂ ᠵᠤᠨ ᠤ | ᠤᠯᠠᠷᠢᠯ ᠳᠤ ᠳᠤᠮᠳᠠᠴᠢ ᠪᠠᠷ 18.8℃ ᠤᠨ ᠣᠷᠴᠢᠨ ᠲᠣᠭᠤᠷᠢᠨ ᠤ ᠠᠭᠤᠷ ᠠᠮᠢᠰᠬᠤᠯ ᠤᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠪᠠᠢ ᠸᠠᠩ᠂ ᠯᠠᠨ ᠴᠧᠩ᠂ ᠬᠤᠩ ᠬᠠᠢ ᠽᠢ ᠵᠡᠷᠭᠡ ᠡᠷᠡᠭᠡᠯᠵᠡᠯ ᠤᠨ ᠲᠥᠷᠥᠯ ᠵᠦᠢᠯ ᠢ | ᠲᠦᠷᠭᠡᠳᠬᠡᠨ ᠠᠬᠢᠭᠤᠯᠤᠨ᠎ᠠ᠃ ᠵᠢᠯ ᠤᠨ ᠳᠣᠲᠣᠷ᠎ᠠ ᠪᠡᠶ᠎ᠡ ᠰᠤᠪᠢᠯᠠᠯᠲᠠ ᠨᠠᠰᠤᠵᠢᠯ ᠤᠨ ᠠᠰᠠᠷᠠᠮᠵᠢ᠂ ᠡᠮ ᠡᠮᠨᠡᠯᠭᠡ | ᠡᠷᠡᠭᠦᠯᠵᠢᠯ᠂ ᠰᠡᠯᠡᠭᠦᠴᠡᠯ ᠠᠮᠠᠷᠠᠯᠲᠠ ᠶᠢ ᠨᠢᠭᠡ ᠴᠣᠭᠴᠠᠵᠢᠭᠤᠯᠤᠭᠰᠠᠨ ᠥᠨᠳᠥᠷ ᠪᠠᠷᠢᠮᠵᠢᠶᠠᠲᠤ ᠡᠷᠡᠭᠦᠯᠵᠢᠯ | ᠰᠤᠪᠢᠯᠠᠯᠲᠠ ᠶᠢᠨ ᠪᠠᠶᠢᠭᠤᠯᠤᠮᠵᠢ ᠶᠢ ᠡᠬᠢᠯᠡᠭᠦᠯᠬᠦ ᠪᠠᠷ ᠴᠢᠷᠮᠠᠶᠢᠵᠤ᠂ ︽ᠲᠣᠮᠣ ᠡᠷᠡᠭᠦᠯ ᠮᠡᠨᠳᠦ︾ ᠠᠵᠤ ᠦᠢᠯᠡᠰ ᠢ | ᠬᠥᠭᠵᠢᠭᠦᠯᠬᠦ ᠲᠠᠯ᠎ᠠ ᠪᠠᠷ ᠵᠠᠩᠭᠢᠯᠠᠭ᠎ᠠ ᠶᠢᠨ ᠠᠯᠬᠤᠮ ᠢ ᠠᠯᠬᠤᠪᠠ᠃ ᠲᠣᠮᠣ ᠪᠣᠳᠠᠰ ᠤᠨ ᠭᠦᠢᠯᠭᠡᠭᠡ ᠶᠢ ᠪᠦᠬᠦ | ᠬᠦᠴᠦᠨ ᠢᠶᠠᠷ ᠬᠥᠭᠵᠢᠭᠦᠯᠦᠨ᠎ᠡ᠃ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠶᠢᠨ | ᠭᠦᠢᠯᠭᠡᠭᠡᠨ ᠤ ᠬᠦᠢᠰᠦ ᠶᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠳᠣᠯᠣᠭᠠᠨ ᠰᠤᠮᠤᠨ ᠤ | ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠵᠤ᠂ ᠭᠠᠶᠢᠯᠢ ᠪᠠᠲᠤᠯᠠᠬᠤ | ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠢᠶᠡᠨ | ᠬᠤᠲᠠ ᠶᠢᠨ ᠪᠣᠭᠤᠮᠲᠠ ᠶᠢᠨ ᠴᠢᠳᠠᠮᠵᠢ ᠶᠢ ᠵᠠᠯᠭᠠᠨ ᠠᠪᠴᠤ᠂ ᠬᠤᠤᠰ ᠴᠢᠭᠯᠡᠯᠲᠦ ᠪᠠᠷᠠᠭ᠎ᠠ ᠶᠢᠨ ᠢᠷᠡᠯᠲᠡ ᠶᠢ | ᠢᠳᠡᠪᠬᠢᠲᠡᠶ ᠪᠠᠷ ᠥᠷᠭᠡᠳᠬᠡᠨ᠂ ᠵᠢᠰᠢᠶᠠᠨ ᠤ ᠭᠠᠯᠲᠤ ᠲᠡᠷᠭᠡ ᠶᠢ ︽ᠳᠠᠬᠢᠨ ᠬᠠᠰᠤᠵᠤ ᠳᠠᠬᠢᠨ ᠪᠤᠴᠠᠭᠠᠬᠤ︾ | ᠬᠡᠪᠰᠢᠭᠰᠡᠨ ᠠᠵᠢᠯᠯᠠᠭᠠᠨ ᠢ ᠪᠡᠶᠡᠯᠡᠭᠦᠯᠦᠨ᠎ᠡ ᠃ᠳᠤᠮᠳᠠᠳᠤ ᠤᠯᠤᠰ ᠠᠴᠠ ᠭᠠᠳᠠᠭᠰᠢ ᠲᠡᠭᠡᠭᠡᠪᠦᠷᠢᠯᠡᠬᠦ᠂ ᠵᠥᠩ ᠶᠤᠸᠠᠨ | ᠳᠠᠯᠠᠢ ᠶᠢᠨ ᠲᠡᠭᠡᠭᠡᠪᠦᠷᠢ ᠵᠡᠷᠭᠡ ᠪᠠᠷᠠᠭ᠎ᠠ ᠶᠢᠨ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠶᠢᠩ ᠽᠧ᠂ ᠡᠦ ᠬᠤᠸᠠ᠂ ᠶᠢᠨ ᠶᠧ ᠵᠡᠷᠭᠡ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ | ᠭᠦᠶᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠦᠨᠵᠡᠭᠡᠶ | ᠡᠳ᠋ᠰᠢᠭᠦᠯᠬᠦ ᠠᠵᠤ ᠠᠬᠤᠶᠢᠯᠠᠯ ᠢ ᠪᠦᠬᠦ ᠬᠦᠴᠦᠨ ᠢᠶᠠᠷ ᠲᠡᠳᠬᠦᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠶᠢᠨ ᠨᠠᠰᠢ ᠴᠠᠰᠢ ᠶᠠᠪᠤᠬᠤ ᠪᠠᠷᠠᠭ᠎ᠠ ᠶᠢ ᠡᠳ᠋ᠰᠢᠭᠦᠯᠦᠨ ᠪᠣᠭᠤᠳᠠᠯᠯᠠᠵᠤ᠂ ︽ ᠰᠠᠭᠠᠳ ᠦᠭᠡᠢ ᠨᠡᠪᠲᠡᠷᠡᠬᠦ︾ | ᠦᠵᠡᠭᠳᠡᠯ ᠢ ᠬᠦᠴᠦᠯᠡᠨ ᠰᠢᠶᠳᠪᠦᠷᠢᠯᠡᠨ᠎ᠡ᠃ ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ ᠤᠨ TIR ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠶᠢᠴᠠᠭᠠᠨ ᠰᠢᠯᠭᠠᠬᠤ ᠣᠷᠣᠨ᠂ ᠮᠢᠬᠠᠨ ᠤ ᠲᠥᠷᠥᠯ ᠤᠨ ᠰᠢᠨ᠎ᠡ | ᠰᠣᠷᠭᠤᠭ ᠴᠢᠭ ᠲᠣᠭᠲᠠᠭᠠᠭᠰᠠᠨ ᠣᠷᠣᠨ᠂ ᠮᠠᠰᠢᠨ ᠳᠡᠭᠡᠭᠡᠪᠦᠷᠢ ᠶᠢᠨ ᠲᠤᠰᠬᠠᠶ ᠱᠤᠭᠤᠮ ᠤᠨ ᠲᠣᠤᠷ ᠢ ᠪᠠᠶᠢᠭᠤᠯᠤᠨ | ᠡᠵᠡᠩᠨᠡᠬᠦ ᠶᠢ ᠪᠦᠬᠦ ᠬᠦᠴᠦᠨ ᠢᠶᠠᠷ ᠢᠶᠠᠨ ᠳᠡᠳᠬᠦᠬᠦ ᠬᠡᠷᠡᠭᠲᠡᠶ᠃ ᠣᠷᠣᠨ ᠪᠦᠰᠡ ᠶᠢᠨ ᠴᠢᠨᠠᠷᠲᠠᠢ ᠪᠠᠷᠠᠭ᠎ᠠ ᠶᠢᠨ | ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠬᠦᠴᠦᠯᠡᠨ ᠪᠠᠶᠢᠭᠤᠯᠤᠨ᠎ᠠ᠃ ᠠᠭᠠᠷ ᠤᠨ ᠠᠵᠤ ᠦᠢᠯᠡᠰ ᠤᠨ | ᠬᠦᠷᠢᠶᠡᠯᠡᠩ᠂ ᠰᠢᠤᠳᠠᠨ ᠤ ᠶᠠᠪᠤᠳᠠᠯ ᠲᠦᠷᠭᠡᠨ ᠬᠦᠷᠭᠡᠬᠦ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠤᠨ | ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠮᠠᠨ ᠤ ᠲᠤᠭᠤᠷᠢᠭ ᠢᠶᠠᠨ ᠦᠨᠡᠨᠬᠦ ᠬᠥᠬᠡᠬᠤᠲᠠ ᠪᠤᠭᠤᠲᠤ ᠣᠷᠳᠣᠰ ᠲᠤ | ᠲᠦᠰᠢᠭᠯᠡᠭᠰᠡᠨ᠂ ᠪᠡᠭᠡᠵᠢᠩ ᠲᠢᠶᠠᠨᠵᠢᠨ ᠾᠧᠪᠧᠶ ᠳᠤ ᠠᠭᠤᠰᠤᠯᠴᠠᠭᠰᠠᠨ᠂ ᠣᠷᠣᠰ ᠥᠪᠥᠷ ᠮᠣᠩᠭᠤᠯ ᠡᠸᠦ᠋ᠷᠦᠫᠡ ᠶᠢ | ᠬᠤᠯᠪᠣᠭᠰᠠᠨ ᠤᠮᠠᠷᠠᠲᠤ ᠶᠢᠨ ᠴᠢᠬᠤᠯᠠ ᠪᠠᠷᠠᠭ᠎ᠠ ᠶᠢᠨ ᠭᠦᠶᠯᠭᠡᠭᠡᠨ ᠤ ᠳᠠᠮᠵᠢᠭᠤᠯᠬᠤ ᠰᠠᠭᠤᠷᠢᠨ ᠭᠠᠵᠠᠷ ᠪᠣᠯᠭᠠᠨ | ᠪᠦᠲᠦᠭᠡᠨ ᠪᠠᠶᠢᠭᠤᠯᠤᠨ᠎ᠠ᠃ ᠬᠤᠷᠠᠯ ᠦᠵᠡᠰᠬᠦᠯᠡᠩ ᠤᠨ ᠠᠵᠤ ᠠᠬᠤᠶ ᠶᠢ ᠪᠦᠬᠦ ᠬᠦᠴᠦᠨ ᠢᠶᠠᠷ ᠢᠶᠠᠨ | ᠬᠥᠭᠵᠢᠭᠦᠯᠦᠨ᠎ᠡ᠃ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ᠂ ᠬᠤᠷᠠᠯ ᠤᠨ ᠲᠥᠪ᠂ ᠲᠠᠯ᠎ᠠ ᠨᠤᠲᠤᠭ ᠤᠨ | ᠲᠣᠷᠭᠠᠨ ᠵᠠᠮ ᠤᠨ ᠦᠵᠡᠭᠦᠯᠭᠡ ᠠᠷᠠᠯᠵᠢᠶᠠᠨ ᠤ ᠲᠥᠪ ᠢᠶᠠᠷ ᠲᠦᠰᠢᠭ ᠪᠣᠯᠭᠠᠵᠤ᠂ ᠲᠣᠣᠷ ᠪᠥᠮᠪᠦᠭᠡ ᠶᠢᠨ ᠣᠷᠳᠣᠨ᠂ | ᠤᠮᠪᠠᠯᠲᠠ ᠶᠢᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠣᠮᠣ | ᠬᠡᠯᠪᠡᠷᠢ ᠶᠢᠨ ᠲᠠᠯᠠᠪᠤᠷ ᠣᠷᠳᠣᠨ ᠢ ᠠᠮᠢᠳᠤᠯᠢᠭ ᠢᠶᠠᠷ ᠬᠡᠷᠡᠭᠯᠡᠵᠦ᠂ ᠬᠤᠷᠠᠯ ᠦᠵᠡᠰᠬᠦᠯᠡᠩ ᠤᠨ ᠠᠵᠤ ᠠᠬᠤᠶ᠂ | ᠤᠷᠤᠯᠳᠤᠭᠠᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠬᠡᠷᠡᠭᠯᠡᠭᠡ ᠶᠢ ᠤᠯᠠᠮ ᠨᠢᠭᠡ ᠠᠯᠬᠤᠮ | ᠳᠠᠶᠢᠴᠢᠯᠠᠵᠤ᠂ ᠬᠤᠲᠠ ᠶᠢᠨ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠠ᠃ | ︵ᠲᠠᠪᠤ︶ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠬᠤᠲᠠ ᠶᠢᠨ | ᠴᠢᠳᠠᠮᠵᠢ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠶᠠᠰᠤ ᠴᠢᠨᠠᠷ ᠢᠶᠠᠷ ᠣᠷᠦ᠋ᠢᠯᠠᠬᠤ︾ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠴᠢᠳᠠᠪᠬᠢ ᠲᠡᠭᠦᠯᠳᠡᠷ᠂ ᠪᠦᠬᠢᠷᠳᠤᠯ ᠦᠭᠡᠢ ᠣᠶᠤᠨᠴᠢ᠂ ᠬᠠᠮᠢᠶᠠᠷᠤᠯᠲᠠ | ᠰᠢᠨᠵᠢᠯᠡᠬᠦ ᠤᠬᠠᠭᠠᠨᠴᠢ ᠣᠳᠣᠬᠢᠴᠢᠯᠠᠭᠰᠠᠨ ᠲᠥᠪ ᠬᠤᠲᠠ ᠲᠣᠭᠤᠷᠢᠭ ᠢ ᠬᠦᠴᠦᠯᠡᠨ ᠪᠠᠶᠢᠭᠤᠯᠵᠤ᠂ ᠬᠤᠲᠠ ᠶᠢᠨ | ᠴᠢᠳᠠᠮᠵᠢ ᠶᠢ ᠴᠢᠩᠭᠠᠳᠬᠠᠨ᠎ᠠ᠃ ᠵᠢᠨᠢᠩ ᠲᠣᠭᠤᠷᠢᠭ ᠪᠠ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ | ᠵᠠᠬᠢᠷᠭᠠᠨ ᠤ ᠣᠷᠣᠨ ᠤ ᠵᠠᠭᠠᠭ ᠢ ᠰᠢᠯᠤᠭᠤᠳᠬᠠᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠪᠦᠬᠦ | ᠲᠠᠯ᠎ᠠ ᠪᠠᠷ ᠠᠬᠢᠭᠤᠯᠵᠤ᠂ ᠪᠠᠢ ᠬᠠᠢ ᠽᠢ ᠪᠠᠯᠭᠠᠰᠤᠨ ᠤ ᠰᠢᠨ᠎ᠡ ᠭᠠᠵᠠᠷ ᠤᠨ ᠶᠡᠷᠦᠩᠬᠡᠢ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠵᠢᠴᠢ ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠷᠣᠨ | ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠶᠢ ᠪᠡᠶᠡᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠤᠨ | ᠲᠣᠬᠢᠷᠠᠭᠤᠯᠤᠯᠲᠠ ᠬᠢᠵᠦ ᠬᠤᠪᠢᠶᠠᠷᠢᠯᠠᠨ ᠲᠣᠭᠲᠠᠭᠠᠬᠤ ᠶᠢ ᠲᠦᠷᠭᠡᠳᠭᠡᠵᠦ᠂ ᠡᠯ᠎ᠡ ᠲᠥᠷᠥᠯ ᠤᠨ ᠭᠠᠵᠠᠷ ᠬᠡᠷᠡᠭᠯᠡᠬᠦ | ᠪᠠᠶᠢᠷᠢᠰᠢᠯ ᠢ ᠲᠣᠳᠣᠷᠬᠠᠶ ᠪᠣᠯᠭᠠᠵᠤ᠂ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠵᠤ ᠬᠠᠮᠢᠶᠠᠷᠤᠨ ᠡᠵᠡᠮᠳᠡᠬᠦ | ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠵᠠᠮ᠂ ᠤᠰᠤ᠂ ᠳᠤᠯᠠᠭᠠᠨ᠂ ᠬᠡᠢ᠂ ᠴᠠᠬᠢᠯᠭᠠᠨ ︽ᠲᠠᠪᠤᠨ ᠲᠣᠣᠷ ᠢ | ᠬᠠᠮᠲᠤ ᠳᠤᠨᠢ ᠵᠠᠰᠠᠬᠤ︾ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠮᠥᠩᠭᠦᠨ ᠭᠦᠢᠯᠭᠡᠭᠡᠨ ᠤ ᠶᠡᠭᠡ ᠵᠡᠭᠡᠯᠢ᠂ ᠬᠦᠭᠵᠢᠯᠲᠡ ᠵᠡᠭᠦᠨ ᠵᠡᠭᠡᠯᠢ | ᠵᠡᠷᠭᠡ 7 ᠵᠤᠷᠪᠤᠰ ᠵᠠᠮ ᠤᠨ ᠪᠦᠲᠦᠭᠡᠨ ᠪᠠᠶᠢᠭᠤᠯᠤᠯᠲᠠ ᠵᠢᠴᠢ 195 ᠺᠢᠯᠤᠮᠧᠲᠷ ᠤᠨ ᠢᠯᠴᠢ ᠬᠠᠩᠭᠠᠬᠤ᠂ ᠤᠰᠤ | ᠬᠠᠩᠭᠠᠬᠤ᠂ ᠤᠰᠤ ᠵᠠᠯᠠᠬᠤ᠂ ᠪᠠᠶᠢᠭᠠᠯᠢ ᠶᠢᠨ ᠰᠢᠲᠠᠮᠠᠬᠠᠢ ᠬᠡᠢ᠂ ᠵᠦᠩ ᠱᠦᠢ ᠵᠡᠷᠭᠡ ᠬᠤᠭᠤᠯᠠᠢ ᠲᠣᠣᠷ ᠳᠡᠪᠢᠰᠬᠦ | ᠢᠨᠵᠧᠨᠧᠷᠢᠩ ᠢ ᠪᠡᠶᠡᠯᠡᠭᠦᠯᠦᠨ᠎ᠡ᠃ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠲᠣᠬᠢᠷᠠᠭᠤᠯᠬᠤ | ᠢᠨᠵᠧᠨᠧᠷᠢᠩ ᠢ ᠲᠦᠷᠭᠡᠳᠬᠡᠨ ᠠᠬᠢᠭᠤᠯᠵᠦ᠂ ᠮᠠ ᠯᠢᠶᠠᠨ ᠲᠠᠨ ᠤᠰᠤᠨ ᠰᠤᠷᠪᠤᠯᠵᠢ ᠶᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠦᠯᠦᠪᠯᠡᠨ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠤᠰᠤ | ᠬᠠᠩᠭᠠᠬᠤ ᠬᠦᠴᠢᠷᠳᠡᠯ ᠢ ᠪᠠᠭᠠᠰᠬᠠᠨ᠎ᠠ᠃ ᠠᠷᠠᠳ ᠠᠴᠠ ᠡᠵᠡᠩᠨᠡᠭᠰᠡᠨ ᠢᠯᠴᠢ ᠬᠠᠩᠭᠠᠬᠤ ᠠᠵᠤ ᠠᠬᠤᠶᠢᠯᠠᠯ ᠤᠨ | ᠳᠦᠷᠢᠮ ᠢᠶᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠢᠯᠴᠢ ᠰᠣᠯᠢᠯᠴᠠᠬᠤ ᠥᠷᠲᠡᠭᠡᠨ ᠤ ᠥᠪᠡᠷᠲᠡᠭᠡᠨ | ᠡᠵᠡᠮᠳᠡᠬᠦ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠵᠦ᠂ ᠢᠯᠴᠢ ᠬᠠᠩᠭᠠᠬᠤ ᠤᠶᠤᠨᠴᠢᠯᠠᠯᠲᠠ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ ᠃ ᠳᠤᠮᠳᠠᠳᠤ ᠤᠯᠤᠰ ᠤᠨ ᠰᠢᠲᠠᠯᠲᠠ᠂ ᠲᠢᠶᠠᠨᠵᠢᠨ ᠤ ᠰᠢᠲᠠᠯᠲᠠ ᠶᠢᠨ ᠺᠣᠮᠫᠠᠨᠢ ᠯᠤᠭ᠎ᠠ | ᠬᠠᠮᠲᠤᠷᠠᠯᠴᠠᠬᠤ ᠡᠷᠴᠢᠮ ᠢ ᠴᠢᠩᠭᠠᠷᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠡᠷᠦᠬᠡ ᠳᠤ ᠣᠷᠣᠬᠤ | ᠨᠣᠷᠮ᠎ᠠ ᠶᠢ 50% ᠪᠣᠯᠲᠠᠯ᠎ᠠ ᠳᠡᠭᠡᠭᠰᠢᠯᠡᠭᠦᠯᠦᠨ᠎ᠡ ᠃ ᠶᠦᠩ ᠠᠨ᠂ ᠺᠠᠩ ᠨᠢᠩ ᠵᠡᠷᠭᠡ 110kV ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ 6 ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠲᠠ ᠶᠢᠨ | ᠲᠣᠭᠤᠷᠢᠭ ᠤᠨ ᠴᠠᠬᠢᠯᠭᠠᠨ ᠬᠡᠷᠡᠭᠯᠡᠬᠦ ᠳᠠᠷᠤᠯᠲᠠ ᠶᠢ ᠦᠨᠡᠨᠬᠦ ᠬᠥᠩᠭᠡᠷᠡᠭᠦᠯᠦᠨ᠎ᠡ᠃ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠱᠤᠭᠤᠮ ᠢ 10 ᠵᠤᠷᠪᠤᠰ ᠰᠢᠨ᠎ᠡ ᠪᠠᠷ ᠨᠡᠮᠡᠭᠳᠡᠭᠦᠯᠦᠨ ᠰᠢᠯᠢᠳᠡᠭᠵᠢᠭᠦᠯᠵᠦ᠂ ᠨᠡᠶᠢᠲᠡ ᠶᠢᠨ ᠮᠠᠰᠢᠨ ᠲᠡᠷᠭᠡᠨ ᠤ | ᠥᠷᠲᠡᠭᠡ 10 ᠶᠢ ᠨᠡᠮᠡᠨ ᠪᠠᠶᠢᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ︽ᠬᠠᠮᠤᠭ ᠤᠨ | ᠰᠡᠭᠦᠯᠴᠢ ᠶᠢᠨ ᠨᠢᠭᠡ ᠺᠢᠯᠣᠮᠧᠲᠷ︾ ᠢ ᠦᠨᠡᠨᠬᠦ ᠰᠢᠶᠳᠪᠦᠷᠢᠯᠡᠨ᠎ᠡ᠃ ᠬᠤᠲᠠ ᠶᠢᠨ ᠳᠦᠷᠢ ᠲᠥᠷᠬᠦ ᠶᠢ | ᠳᠡᠭᠡᠭᠰᠢᠯᠡᠭᠦᠯᠦᠨ᠎ᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠪᠠᠶᠢᠴᠠᠭᠠᠯᠲᠠ ᠪᠠᠷ ᠠᠵᠠ ᠲᠣᠬᠢᠶᠠᠯ | ᠪᠣᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠥᠬᠦ ᠬᠦᠴᠦᠨ ᠢᠶᠠᠷ | ᠰᠢᠪᠲᠤᠯᠤᠯᠲᠠ ᠭᠠᠷᠭᠠᠪᠠ᠃ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ | ᠥᠷᠨᠢᠭᠦᠯᠵᠦ᠂ ᠬᠤᠭᠤᠯᠠᠶ ᠱᠤᠭᠤᠮ ᠢ ᠡᠮᠬᠢᠯᠡᠨ ᠨᠡᠶᠢᠯᠡᠭᠦᠯᠬᠦ᠂ ᠵᠠᠷ ᠮᠡᠳᠡᠭᠡ ᠶᠢ ᠬᠡᠷᠡᠮ ᠳᠤ ᠨᠠᠭᠠᠬᠤ᠂ ᠮᠠᠰᠢᠨ | ᠲᠡᠷᠭᠡ ᠶᠢ ᠣᠷᠣᠨ ᠪᠠᠶᠢᠷᠢ ᠳᠤ ᠣᠷᠣᠭᠤᠯᠬᠤ ᠶᠢ ᠠᠬᠢᠭᠤᠯᠵᠤ᠂ ᠵᠠᠮ ᠬᠠᠷᠢᠯᠴᠠᠭ᠎ᠠ ᠲᠦᠭᠵᠢᠷᠡᠬᠦ ᠵᠡᠷᠭᠡ ᠲᠣᠪᠤᠶᠢᠮ᠎ᠠ | ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ ᠪᠡᠭᠡᠵᠢᠩ ᠠᠴᠠ ᠬᠥᠬᠡᠬᠤᠲᠠ ᠬᠦᠷᠬᠦ ᠳᠡᠭᠡᠳᠦ ᠬᠤᠷᠳᠤᠴᠠᠲᠤ ᠲᠡᠮᠦᠷ | ᠵᠠᠮ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ | ᠴᠢᠤᠸᠠᠨ ᠢᠦᠶ ᠯᠢᠩ ᠭᠤᠤᠯ ᠤᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡ ᠶᠢ ᠡᠬᠢᠯᠡᠭᠦᠯᠵᠦ᠂ ᠨᠠᠨ ᠱᠠ ᠾᠧ ᠭᠤᠤᠯ ᠢ ᠶᠡᠷᠦᠩᠬᠡᠶᠢᠯᠡᠨ ᠵᠠᠰᠠᠬᠤ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ ᠨᠣᠭᠤᠭᠠᠨ ᠬᠥᠷᠥᠰᠥ᠂ ᠪᠠᠶᠠᠨ ᠬᠦᠴᠦ᠂ ᠾᠧᠩ ᠳ᠋ᠡ ᠵᠡᠷᠭᠡ ᠭᠠᠵᠠᠷ ᠬᠥᠷᠥᠩᠭᠡ ᠶᠢᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠯᠦᠩ ᠬᠦ᠋ ᠨᠠᠭᠤᠷ᠂ ᠯᠠᠨ ᠴᠧᠩ ᠵᠡᠷᠭᠡ ᠲᠥᠷᠥᠯ ᠵᠦᠢᠯ ᠢ | ᠢᠳᠡᠪᠬᠢᠲᠡᠢ ᠵᠣᠯᠭᠠᠭᠤᠯᠵᠤ᠂ ᠵᠢᠨᠢᠩ ᠳᠤ ᠡᠷᠦᠬᠡ ᠠᠮᠠ ᠤᠷᠤᠭᠤᠯᠵᠤ ᠂ ᠬᠤᠲᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠲᠣᠭᠤᠷᠢᠭ ᠲᠤ ᠣᠷᠣᠭᠤᠯᠬᠤ ᠶᠢ ᠢᠳᠡᠪᠬᠢᠲᠡᠶ ᠪᠠᠷ | ᠲᠦᠯᠬᠢᠨ ᠠᠬᠢᠭᠤᠯᠵᠤ᠂ ᠲᠣᠤᠷᠵᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠤᠷᠲᠤᠳᠬᠠᠨ᠎ᠠ | ᠃ ᠠᠳᠠᠯ ᠠᠬᠤᠶ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠲᠠᠰ ᠳᠡᠪᠰᠢᠬᠦ ᠶᠢ ᠦᠷᠭᠦᠯᠵᠢᠯᠡᠨ ᠰᠠᠶᠢᠲᠤᠷ | ᠠᠳᠬᠤᠨ᠎ᠠ᠃ ᠬᠦᠴᠦᠨ ᠢᠶᠠᠨ ᠲᠥᠪᠯᠡᠷᠡᠭᠦᠯᠦᠨ ᠬᠤᠶᠠᠳᠤᠭᠠᠷ ᠪᠦᠯᠦᠭ ᠤᠨ 7 ᠬᠡᠰᠡᠭ ᠲᠣᠭᠤᠷᠢᠭ᠂ 45 | ᠰᠠᠭᠤᠭᠠᠯᠢ ᠲᠣᠭᠤᠷᠢᠭ᠂ 65.82 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠬᠦ ᠡᠭᠦᠷᠭᠡ ᠶᠢ ᠠᠬᠢᠭᠤᠯᠵᠤ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ | ᠬᠡᠢ ᠬᠠᠩᠭᠠᠬᠤ ᠵᠡᠷᠭᠡ ᠬᠤᠭᠤᠯᠠᠶ ᠲᠣᠤᠷ ᠬᠠᠭᠤᠴᠢᠷᠠᠭᠰᠠᠨ ᠵᠢᠴᠢ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ | ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ ᠠᠳᠠᠯ ᠠᠬᠤᠶ᠂ ᠨᠡᠶᠢᠭᠡᠮ ᠲᠣᠭᠤᠷᠢᠭ ᠤᠨ ᠨᠠᠰᠤᠲᠠᠨ ᠳᠤ ᠨᠠᠶᠢᠳᠠᠵᠤ | ᠬᠡᠤᠬᠡᠳ ᠰᠠᠭᠠᠲᠠᠭᠤᠯᠬᠤ᠂ ᠲᠦᠷᠭᠡᠨ ᠬᠦᠷᠭᠡᠯᠲᠡ ᠬᠦᠷᠭᠡᠬᠦ᠂ ᠠᠷᠠᠳ ᠲᠤ ᠳᠥᠭᠦᠮ ᠦᠵᠡᠭᠦᠯᠬᠦ ᠬᠤᠳᠠᠯᠳᠤᠭᠠᠨ ᠤ | ᠬᠡᠲᠦ ᠳᠡᠯᠭᠡᠭᠦᠷ ᠵᠡᠷᠭᠡ ᠦᠶᠯᠡᠴᠢᠯᠡᠭᠡᠨ ᠤ ᠴᠢᠳᠠᠮᠵᠢ ᠶᠢ ᠲᠥᠬᠦᠷᠵᠢᠭᠦᠯᠦᠨ ᠲᠡᠭᠦᠯᠳᠡᠷᠵᠢᠭᠦᠯᠵᠦ᠂ 9046 ᠡᠷᠦᠬᠡ | ᠰᠠᠭᠤᠭᠠᠯᠢ ᠠᠷᠠᠳ ᠲᠤ ᠠᠰᠢᠭ ᠬᠦᠷᠲᠡᠭᠡᠵᠦ᠂ 2.5 ᠲᠦᠮᠡ ᠭᠠᠷᠤᠶ ᠬᠥᠮᠦᠨ ᠳᠤ ᠠᠰᠢᠭ ᠬᠦᠷᠲᠡᠭᠡᠪᠡ᠃ | ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠠᠮᠢᠳᠤᠷᠠᠯ ᠤᠨ ᠬᠤᠭ | ᠨᠣᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠪᠠ ᠬᠤᠤᠷ ᠦᠭᠡᠶᠢᠳᠡᠭᠦᠯᠬᠦ ᠶᠢ ᠲᠦᠷᠭᠡᠳᠬᠡᠨ ᠪᠡᠶᠡᠯᠡᠭᠦᠯᠦᠨ᠎ᠡ᠃ | ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠵᠤ᠂ 21 ᠨᠡᠶᠢᠲᠡ ᠶᠢᠨ ᠵᠣᠷᠯᠣᠩ ᠢ ᠰᠢᠨ᠎ᠡ ᠪᠠᠷ | ᠲᠤᠬᠢᠷᠠᠭᠤᠯᠤᠨ ᠪᠠᠶᠢᠭᠤᠯᠤᠨ᠎ᠠ᠃ ︽ᠣᠶᠤᠨᠯᠢᠭ ᠬᠤᠲᠠ︾ ᠶᠢ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠤᠶᠤᠨᠲᠤ ᠠᠳᠠᠯ ᠠᠬᠤᠶ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠵᠠᠮ ᠬᠠᠷᠢᠯᠴᠠᠭ᠎ᠠ ᠵᠡᠷᠭᠡ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠬᠠᠮᠢᠶᠠᠷᠤᠯᠲᠠ ᠶᠢᠨ ᠵᠢᠷᠤᠮᠵᠢᠭᠰᠠᠨ᠂ ᠨᠠᠷᠢᠯᠢᠭᠵᠢᠭᠰᠠᠨ᠂ | ᠣᠶᠤᠨᠴᠢᠯᠠᠭᠰᠠᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ | ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠯᠥᠪᠵᠢᠭᠦᠯᠦᠨ ᠪᠠᠶᠢᠷᠢᠰᠢᠭᠤᠯᠵᠤ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠥᠭᠡᠴᠡ ᠬᠦᠴᠦᠨ ᠢ ᠬᠤᠷᠠᠮᠳᠤᠭᠤᠯᠤᠨ᠎ᠠ᠃ ᠥᠭᠡᠷᠡᠴᠢᠯᠡᠯᠲᠡ | ᠨᠡᠭᠡᠭᠡᠯᠲᠡ ᠪᠠ ᠡᠯᠧᠮᠧᠨ᠋ᠲ ᠤᠨ ᠪᠠᠲᠤᠯᠠᠭ᠎ᠠ ᠪᠠᠷ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ | ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠨ᠎ᠡ᠃ ᠥᠭᠡᠷᠡᠴᠢᠯᠡᠯᠲᠡ ᠶᠢ ᠨᠠᠩ ᠶᠡᠭᠡ ᠡᠷᠴᠢᠮ ᠢᠶᠠᠷ ᠭᠦᠨᠵᠡᠭᠡᠶᠢᠷᠡᠭᠦᠯᠦᠨ᠎ᠡ᠃ ᠰᠢᠶᠠᠩ ᠪᠠᠯᠭᠠᠰᠤ | ᠪᠠ ᠵᠡᠭᠡᠯᠢ ᠭᠤᠳᠤᠮᠵᠢ ᠶᠢ ᠡᠮᠬᠢᠯᠡᠨ ᠨᠡᠶᠢᠯᠡᠭᠦᠯᠵᠦ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠠᠤᠯᠢ ᠬᠡᠷᠡᠭᠵᠢᠭᠦᠯᠬᠦ | ᠬᠦᠴᠦᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠡᠵᠡᠩᠨᠡᠯᠲᠡ ᠶᠢᠨ ᠴᠢᠨᠠᠷᠲᠠᠶ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠲᠥᠪᠯᠡᠷᠡᠩᠭᠦᠶ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ | ᠤᠯᠤᠰ ᠤᠨ ᠥᠮᠴᠢᠯᠡᠯᠲᠡ ᠠᠵᠤ ᠠᠬᠤᠶᠢᠯᠠᠯ ᠤᠨ ᠴᠢᠬᠤᠯᠠ ᠶᠡᠭᠡ ᠡᠵᠡᠩᠨᠡᠯᠲᠡ ᠶᠢᠨ ᠰᠢᠶᠳᠪᠦᠷᠢᠲᠦ ᠪᠣᠳᠣᠯᠭ᠎ᠠ᠂ | ᠪᠡᠯᠡ ᠣᠷᠣᠭᠤᠯᠤᠯᠲᠠ ᠶᠢᠨ ᠦᠷ᠎ᠡ ᠠᠰᠢᠭ ᠢ ᠦᠨᠡᠯᠡᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ | ᠵᠡᠷᠭᠡ ᠳᠤ ᠰᠢᠰᠲ᠋ᠧᠮᠲᠦ ᠴᠢᠨᠠᠷᠲᠠᠶ ᠥᠭᠡᠷᠡᠴᠢᠯᠡᠯᠲᠡ ᠬᠢᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠬᠥᠮᠦᠨ᠂ ᠡᠳ᠋᠂ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ᠃ | ︽ᠣᠯᠠᠨ ᠦᠨᠡᠮᠯᠡᠯ ᠢ ᠨᠢᠭᠡᠳᠬᠡᠬᠦ︾᠂ ︽ᠦᠨᠡᠮᠯᠡᠯ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠬᠦᠨᠵᠡᠭᠡᠢ | ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠶᠢᠷ᠎ᠠ ᠬᠠᠪᠢ ᠳᠤᠨᠢ | ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠦᠬᠦ ᠬᠦᠴᠦᠨ ᠢᠶᠠᠷ ᠬᠡᠷᠡᠭᠵᠢᠭᠦᠯᠵᠦ᠂ ︽ᠨᠢᠭᠡ | ᠴᠣᠩᠬᠤ ᠪᠠᠷ ᠬᠦᠯᠢᠶᠡᠨ ᠠᠪᠴᠤ ᠰᠢᠶᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠰᠢᠶᠳᠪᠦᠷᠢᠯᠡᠬᠦ᠂ ᠨᠢᠭᠡ | ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠠᠵᠤ | ᠠᠬᠤᠶᠢᠯᠠᠯ ᠡᠷᠬᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠠᠭᠠᠰᠬᠠᠵᠤ᠂ ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢ 5 ᠡᠳᠦᠷ ᠬᠢᠵᠦ ᠳᠠᠭᠤᠰᠬᠠᠭᠠᠳ᠂ ᠥᠨᠳᠥᠷ ᠳᠠᠪᠲᠠᠮᠵᠢᠲᠤ ᠬᠡᠷᠡᠭ ᠶᠠᠪᠤᠳᠠᠯ ᠢ ︽ᠬᠠᠮᠤᠭ | ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ ᠶᠢ 95% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠳᠠᠶᠠᠭᠠᠷ ᠤᠨ ᠢᠲᠡᠭᠡᠮᠵᠢ | ᠶᠢᠨ ᠤᠬᠠᠮᠰᠠᠷ ᠪᠠ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢᠶᠠᠷ ᠬᠥᠳᠡᠯᠭᠡᠭᠦᠷ | ᠪᠣᠯᠭᠠᠵᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠬᠥᠲᠥᠯᠥᠨ ᠳᠠᠭᠠᠭᠤᠯᠤᠨ᠎ᠠ᠃ ᠴᠢᠳᠠᠪᠤᠷᠢᠲᠠᠨ ᠤ | ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠲᠤ ᠪᠠᠬᠢ | ᠲᠣᠭᠲᠠᠭᠠᠵᠤ᠂ ᠣᠷᠣᠨ ᠰᠠᠭᠤᠴᠠ ᠶᠢᠨ ᠨᠥᠬᠦᠪᠥᠷᠢ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠥᠷᠢ᠂ | ᠰᠤᠳᠤᠯᠤᠨ ᠨᠡᠭᠡᠭᠡᠬᠦ ᠰᠠᠭᠤᠷᠢ ᠮᠥᠩᠭᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ | ᠨᠡᠶᠢᠲᠡᠯᠡᠵᠦ᠂ ᠨᠢᠭᠡ ᠪᠦᠯᠦᠭ ︽ᠬᠤᠤᠰ ᠲᠡᠷᠢᠭᠦᠨ ᠵᠡᠷᠭᠡ ᠶᠢᠨ︾ ᠳᠡᠭᠡᠳᠦ ᠰᠤᠷᠭᠠᠭᠤᠯᠢ ᠲᠡᠭᠦᠰᠦᠭᠰᠡᠳ ᠢ ᠠᠵᠤ | ᠠᠬᠤᠶᠢᠯᠠᠯ ᠠᠵᠢᠯ ᠦᠶᠯᠡᠰ ᠤᠨ ᠨᠢᠭᠡᠴᠡ ᠪᠠ ᠡᠮᠴᠢᠯᠡᠭᠡ᠂ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ | ᠦᠶᠯᠡᠴᠢᠯᠡᠭᠡᠨ ᠤ ᠬᠦᠷᠢᠶᠡᠨ ᠳᠤ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠴᠢᠳᠠᠪᠤᠷᠢ ᠪᠠ ᠤᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠭᠠᠳᠠᠭᠰᠢ ᠨᠡᠭᠡᠭᠡᠯᠳᠡ ᠬᠢᠬᠦ ︽ᠨᠠᠶᠢᠵᠠ ᠶᠢᠨ ᠬᠦᠷᠢᠶ᠎ᠡ︾ ᠶᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ | ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ | ᠭᠦᠨᠵᠡᠭᠡᠶ ᠠᠭᠤᠰᠤᠯᠴᠠᠵᠤ᠂ ᠡᠷᠢᠶᠡᠨ ᠬᠤᠲᠠ᠂ ᠤᠯᠠᠭᠠᠨᠴᠠᠪ ᠬᠤᠲᠠ ᠬᠤᠶᠠᠷ ᠭᠠᠵᠠᠷ ᠤᠨ ᠠᠵᠤ ᠠᠬᠤᠢ ᠶᠢᠨ | ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠬᠤᠲᠠ ᠶᠢᠨ ᠭᠠᠳᠠᠭᠠᠳᠤ ᠠᠵᠤ ᠠᠬᠤᠢ ᠠᠷᠠᠯᠵᠢᠶ᠎ᠠ | ᠂ ᠠᠽᠢᠶ᠎ᠠ ᠧᠦ᠋ᠷᠣᠫᠠ ᠣᠯᠠᠨ ᠤᠯᠤᠰ᠂ ᠤᠮᠠᠷᠠᠲᠤ ᠶᠢᠨ ᠡᠬᠡ ᠬᠠᠭᠤᠷᠠᠢ ᠶᠢᠨ ᠭᠠᠷᠠᠮ ᠵᠡᠷᠭᠡ ᠠᠵᠤ ᠠᠬᠤᠶᠢᠯᠠᠯ | ᠧᠦ᠋ᠷᠣᠫᠠ ᠲᠢᠪ ᠤᠨ ᠲᠤᠬᠠᠢ ᠶᠢᠨ ᠭᠠᠵᠠᠷ ᠤᠨ ᠪᠠᠷᠠᠭ᠎ᠠ ᠶᠢᠨ ᠭᠦᠢᠯᠭᠡᠭᠡ᠂ ᠪᠠᠷᠠᠭ᠎ᠠ ᠣᠷᠣᠯᠠᠭᠤᠯᠬᠤ ᠵᠡᠷᠭᠡ ᠠᠵᠤ | ᠠᠬᠤᠶᠢᠯᠠᠯ ᠯᠤᠭ᠎ᠠ ᠨᠢᠭᠲᠠ ᠬᠠᠷᠢᠯᠴᠠᠬᠤ ᠶᠢ ᠵᠤᠷᠢᠭᠵᠢᠭᠤᠯᠤᠨ᠎ᠠ ᠃ ᠥᠨᠳᠥᠷ ᠨᠡᠮᠡᠯᠲᠡ ᠦᠷᠳᠡᠭ ᠪᠦᠬᠦᠢ | ᠲᠠᠸᠠᠷ ᠤᠨ ᠨᠠᠰᠢ ᠴᠠᠰᠢ ᠲᠡᠭᠡᠭᠡᠪᠦᠷᠢᠯᠡᠬᠦ ᠬᠡᠮᠵᠢᠶ᠎ᠡ ᠶᠢ ᠦᠨᠡᠨᠬᠦ | ᠨᠡᠮᠡᠭᠳᠡᠭᠦᠯᠦᠨ᠎ᠡ ᠃ ᠳᠡᠭᠡᠳᠦ ᠬᠤᠷᠳᠤᠴᠠᠲᠤ ᠲᠡᠮᠦᠷ ᠵᠠᠮ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠪᠡᠭᠡᠵᠢᠩ | ᠲᠢᠶᠠᠨᠵᠢᠨ ᠾᠧᠪᠧᠶ᠂ ᠬᠥᠬᠡᠬᠤᠲᠠ ᠪᠤᠭᠤᠲᠤ ᠣᠷᠳᠣᠰ᠂ ᠤᠯᠠᠭᠠᠨᠴᠠᠪ ᠶᠡᠭᠡ ᠵᠠᠩ ᠵᠡᠷᠭᠡ ᠣᠷᠣᠨ ᠪᠦᠰᠡ ᠶᠢᠨ | ᠬᠠᠮᠲᠤᠷᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠢᠳᠡᠪᠬᠢᠲᠡᠢ ᠨᠡᠮᠡᠭᠳᠡᠭᠦᠯᠬᠦ ᠶᠢᠨ ᠬᠠᠮᠲᠤ ᠲᠣᠰ ᠭᠠᠵᠠᠷ ᠤᠨ ᠳᠠᠪᠠᠭᠤᠯᠢᠭ ᠡᠬᠢ ᠪᠠᠶᠠᠯᠢᠭ᠂ ᠴᠢᠨᠠᠷ ᠰᠠᠶᠢᠲᠠᠶ | ᠦᠶᠯᠡᠳᠬᠦᠨ ᠢ ᠬᠦᠴᠦᠨ ᠥᠬᠡᠶ ᠪᠣᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ | ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠰᠢᠯᠠᠵᠤ | ᠪᠠᠶᠢᠭ᠎ᠠ ︽ᠲᠦᠭᠵᠢᠷᠡᠯ︾ ᠢ ᠡᠷᠡᠰ ᠴᠡᠪᠡᠷᠯᠡᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ | ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠨᠠᠨ ᠵᠥᠪᠰᠢᠶᠡᠷᠡᠬᠦ | ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ | ᠲᠠᠯ᠎ᠠ ᠪᠠᠷ ᠨᠢᠭᠡ ᠯᠡ ᠠᠳᠠᠯᠢ ᠪᠠᠷ ᠦᠵᠡᠵᠦ᠂ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠬᠤ ᠳᠤ | ᠬᠦᠴᠢᠷᠲᠡᠶ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠰᠢᠶᠳᠪᠦᠷᠢᠯᠡᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠳᠤ ᠭᠦᠶᠴᠡᠳ ᠵᠠᠬ᠎ᠠ ᠳᠡᠯᠭᠡᠭᠦᠷ ᠤᠨ ᠣᠷᠣᠨ | ᠵᠠᠶ ᠶᠢ ᠪᠤᠢ ᠪᠣᠯᠭᠠᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ | ᠬᠠᠷᠢᠴᠠᠭ᠎ᠠ ᠶᠢ ᠢᠳᠡᠪᠬᠢᠲᠡᠶ ᠪᠠᠶᠢᠭᠤᠯᠵᠤ ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠠᠵᠤ ᠠᠬᠤᠶᠢᠯᠠᠯᠲᠠᠨ ᠢ ᠵᠢᠨᠢᠩ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠡᠳᠬᠢᠯ | ᠠᠭᠤᠵᠢᠷᠠᠭᠤᠯᠤᠨ ᠠᠳᠠᠯ ᠦᠶᠯᠡᠰ ᠴᠣᠭᠴᠠᠯᠠᠵᠤ᠂ ᠰᠡᠳᠬᠢᠯ ᠠᠮᠤᠷ ᠬᠥᠭᠵᠢᠭᠦᠯᠦᠨ᠎ᠡ᠃ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠤᠳᠤᠷᠢᠳᠬᠤ ᠺᠠᠳ᠋ᠷ ᠤᠨ ︽ᠠᠵᠤ ᠦᠢᠯᠡᠰ ᠢ | ᠳᠠᠭᠠᠭᠠᠴᠢᠯᠠᠬᠤ᠂ ᠬᠤᠳᠠᠯᠳᠤᠭᠠᠴᠢᠨ ᠤᠷᠢᠬᠤ᠂ ᠠᠬᠢᠭᠤᠯᠬᠤ ᠶᠢ ᠳᠠᠭᠠᠭᠠᠴᠢᠯᠠᠬᠤ︾ ᠳᠦᠷᠢᠮ ᠢ ᠬᠡᠷᠡᠭᠵᠢᠭᠦᠯᠵᠦ᠂ | ᠬᠠᠮᠲᠤ ᠪᠠᠷ ᠡᠳ᠋ᠯᠡᠬᠦ᠂ ᠵᠥᠪᠳᠡᠯᠴᠡᠬᠦ ᠪᠠ ᠮᠥᠷᠳᠡᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠶᠯ ᠢ ᠬᠢᠨᠠᠨ ᠰᠢᠯᠭᠠᠬᠤ ᠬᠠᠮᠢᠶᠠᠷᠤᠯᠲᠠ᠂ | ᠤᠷᠮᠠᠰᠢᠭᠤᠯᠬᠤ ᠱᠠᠩᠨᠠᠬᠤ ᠠᠷᠭ᠎ᠠ ᠶᠢ ᠲᠡᠭᠦᠯᠳᠡᠷᠵᠢᠭᠦᠯᠵᠦ᠂ ᠲᠥᠷᠥᠯ ᠵᠦᠶᠯ ᠤᠨ ᠠᠵᠢᠯ ᠳᠠᠭᠤᠰᠬᠤ ᠨᠣᠷᠮ᠎ᠠ ᠤᠨ | ᠭᠠᠷᠤᠯᠲᠠ ᠳᠤ ᠬᠦᠷᠬᠦ ᠨᠣᠷᠮ᠎ᠠ ᠶᠢᠨ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ | ᠴᠢᠩᠭ᠎ᠠ ᠠᠩᠬᠠᠷᠴᠤ᠂ ᠢᠯᠠᠩᠭᠤᠶ᠎ᠠ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢᠨ ᠠᠵᠤ ᠦᠶᠯᠡᠰ ᠤᠨ | ᠰᠢᠯᠵᠢᠯᠲᠡ ᠶᠢ ᠠᠳᠬᠤᠵᠤ᠂ ᠠᠵᠤ ᠦᠶᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ | ᠶᠢ ᠪᠦᠬᠦ ᠲᠠᠯ᠎ᠠ ᠪᠠᠷ ᠥᠷᠨᠢᠭᠦᠯᠵᠡᠶ᠃ ᠨᠢᠭᠡ ᠪᠦᠯᠦᠭ ᠴᠢᠬᠤᠯᠠ ᠶᠡᠭᠡ ᠲᠥᠷᠥᠯ ᠵᠦᠶᠯ ᠢ ᠳᠠᠭᠠᠵᠤ᠂ ᠭᠡᠷ᠎ᠡ | ᠲᠣᠭᠲᠠᠵᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃ ᠵᠢᠨᠢᠩ ᠪᠣᠯᠤᠨ ᠪᠦᠬᠦ ᠥᠪᠡᠷᠲᠡᠭᠡᠨ ᠵᠠᠰᠠᠬᠤ | ᠣᠷᠣᠨ ᠤ ᠪᠦᠬᠦ ᠪᠥᠮᠪᠥᠷᠴᠡᠭ ᠢ ᠬᠠᠷᠠᠬᠤ ᠳᠤ ᠰᠠᠭᠤᠷᠢᠯᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠵᠢᠮ᠎ᠡ ᠶᠣᠰᠣ | ᠪᠣᠯᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠪᠦᠬᠦ ᠲᠤᠭᠤᠷᠢᠭ ᠤᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ ᠪᠠ | ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠭᠦᠨᠵᠡᠭᠡᠶ ᠲᠥᠯᠥᠪᠵᠢᠭᠦᠯᠵᠦ᠂ ᠮᠠᠨ ᠤ ᠲᠤᠭᠤᠷᠢᠭ ᠤᠨ | ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠪᠠᠶᠢᠴᠠᠭᠠᠨ ᠰᠤᠳᠤᠯᠤᠯᠲᠠ ᠶᠢ ᠥᠷᠭᠡᠨ ᠢᠶᠠᠷ ᠥᠷᠨᠢᠭᠦᠯᠵᠡᠶ᠃ ᠡᠯ᠎ᠡ ᠡᠲᠡᠭᠡᠳ ᠤᠨ ᠣᠶᠤᠨ | ᠤᠬᠠᠭᠠᠨ ᠢ ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠢᠷᠡᠬᠦ ᠲᠠᠪᠤᠨ ᠵᠢᠯ ᠵᠢᠴᠢ ᠨᠡᠩ ᠤᠷᠲᠤ | ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠠᠶ᠃ ᠪᠠᠰᠠ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠵᠤ᠂ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠬᠤ ᠪᠤᠯᠠᠬᠤ ᠶᠢ ᠦᠨᠡᠨᠬᠦ ᠪᠡᠶᠡᠯᠡᠭᠦᠯᠵᠦ᠂ ᠮᠠᠨ ᠤ | ᠲᠤᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠲᠥᠪ᠂ ᠥᠪᠡᠷᠲᠡᠭᠡᠨ ᠵᠠᠰᠠᠬᠤ | ᠣᠷᠣᠨ᠂ ᠤᠯᠠᠭᠠᠨᠴᠠᠪ ᠬᠤᠲᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ᠮᠥᠷᠲᠡᠭᠡᠨ ᠵᠢᠨᠢᠩ ᠤᠨ ᠪᠣᠳᠠᠲᠤ | ᠪᠠᠶᠢᠳᠠᠯ ᠳᠤ ᠨᠡᠶᠢᠴᠡᠨ᠎ᠡ᠃ | ︵ᠳᠣᠯᠤᠭ᠎ᠠ︶ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠲᠥᠯᠥᠭᠡ ᠲᠥᠷᠥ ᠪᠠᠷᠢᠵᠤ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠥᠬᠦ ᠬᠦᠴᠦᠨ ᠢᠶᠠᠷ ᠢᠶᠠᠨ ᠨᠡᠮᠡᠭᠳᠡᠭᠦᠯᠦᠨ᠎ᠡ᠃ ᠠᠷᠠᠳ ᠣᠯᠠᠨ ᠤ | ᠬᠦᠴᠢᠷ ᠲᠦᠪᠡᠭᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠡᠯ᠎ᠡ | ᠵᠦᠶᠯ ᠤᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠨ | ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ᠂ ᠬᠥᠯᠥᠰᠥᠨ | ᠠᠵᠢᠯᠴᠢᠨ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠤᠯᠬᠤ ᠲᠤᠰᠠᠯᠠᠮᠵᠢ ᠶᠢ ᠴᠢᠩᠭᠠᠳᠬᠠᠨ᠂ ᠠᠳᠠᠯ | ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠳᠤ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠬᠤᠲᠠ ᠪᠠᠯᠭᠠᠰᠤᠨ ᠳᠤ 4600 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠨᠢᠭᠡ ᠴᠦ ᠠᠵᠢᠯ ᠤᠯᠤᠭᠰᠠᠨ | ᠥᠬᠡᠶ ᠬᠡᠷ ᠪᠦᠯᠢ ᠶᠢᠨ ᠬᠥᠳᠡᠯᠦᠩᠭᠦᠶ ᠪᠠᠷ ᠠᠵᠢᠯ ᠤᠯᠬᠤ ᠶᠢ ᠦᠨᠡᠨᠬᠦ ᠪᠠᠲᠤᠯᠠᠪᠠ᠃ ᠨᠠᠰᠤᠵᠢᠯ ᠤᠨ | ᠠᠰᠠᠷᠠᠮᠵᠢ ᠶᠢᠨ ᠮᠥᠩᠭᠦ᠂ ᠠᠵᠢᠯ ᠠᠯᠳᠠᠯᠲᠠ ᠶᠢᠨ ᠮᠥᠩᠭᠦ ᠪᠠ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠪᠤᠨ ᠪᠠᠲᠤᠯᠠᠭᠠᠲᠤ ᠡᠷᠦᠬᠡ᠂ | ᠵᠡᠮᠳᠡᠭᠴᠦᠳ᠂ ᠥᠨᠥᠴᠢᠨ ᠬᠡᠦᠬᠡᠳ ᠵᠡᠷᠭᠡ ᠣᠨᠴᠠᠭᠠᠢ ᠬᠦᠴᠢᠷᠳᠡᠯᠲᠡᠢ ᠬᠥᠮᠦᠰ ᠤᠨ ᠪᠠᠲᠤᠯᠠᠭ᠎ᠠ ᠶᠢᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠣᠯᠭᠤᠮᠵᠢ ᠶᠢ ᠳᠡᠭᠡᠭᠰᠢᠯᠡᠭᠦᠯᠬᠦ᠂ | ᠬᠢᠨᠠᠨ ᠰᠢᠯᠭᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠲᠤᠬᠠᠶ ᠬᠢᠨᠠᠮᠠᠭᠠᠶ ᠰᠤᠳᠤᠯᠤᠨ ᠨᠡᠶᠢᠲᠡᠯᠡᠬᠦ | ᠬᠡᠷᠡᠭᠲᠡᠶ᠃ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠤ ᠠᠵᠢᠯ ᠦᠢᠯᠡᠰ ᠤᠨ ᠨᠢᠭᠡᠴᠡ ᠳᠤ ᠣᠷᠣᠬᠤ ᠰᠢᠨ᠎ᠡ | ᠠᠷᠭ᠎ᠠ ᠵᠠᠮ ᠪᠠ ᠠᠵᠢᠯ ᠦᠢᠯᠡᠰ ᠤᠨ ᠠᠵᠢᠯᠲᠠᠨ ᠤ ᠬᠠᠮᠢᠶᠠᠷᠤᠯᠲᠠ ᠪᠠᠷ ᠯᠠᠪᠯᠠᠯᠲᠠ ᠪᠣᠯᠭᠠᠬᠤ ᠰᠢᠨ᠎ᠡ ᠠᠷᠭ᠎ᠠ ᠶᠢ | ᠢᠳᠡᠪᠬᠢᠲᠡᠢ ᠰᠦᠪᠡᠭᠴᠢᠯᠡᠵᠦ᠂ ᠲᠡᠳᠡᠨ ᠢ ᠨᠡᠶᠢᠭᠡᠮ ᠲᠣᠭᠤᠷᠢᠭ᠂ ᠣᠯᠠᠨ ᠲᠦᠮᠡᠨ ᠳᠤ ᠨᠡᠩ ᠰᠡᠳᠬᠢᠯ ᠠᠮᠤᠷ | ᠦᠶᠯᠡᠴᠢᠯᠡᠭᠦᠯᠬᠦ ᠬᠡᠷᠡᠭᠲᠡᠶ ᠭᠡᠵᠡᠶ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ︽ᠣᠷᠣᠨ ᠰᠠᠭᠤᠴᠠ ᠶᠢ ᠰᠠᠭᠤᠬᠤ ᠠᠴᠠ ᠪᠢᠰᠢ ᠰᠠᠷᠢᠭᠠᠯᠠᠬᠤ ᠥᠬᠡᠶ︾ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠪᠠᠶᠢᠭᠤᠯᠬᠤ ᠠᠵᠢᠯ ᠳᠤ ᠬᠠᠮᠵᠢᠯᠴᠠᠨ᠎ᠠ᠂ 500 ᠡᠷᠦᠬᠡ ᠶᠢᠨ ᠳᠥᠭᠦᠮ ᠪᠦᠲᠦᠴᠡᠲᠦ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠢᠨ ᠱᠠᠩ ᠭᠡᠷ | ᠣᠷᠣᠨ᠂ ᠵᠢᠶᠠᠩ ᠳ᠋ᠦᠩ ᠵᠢᠶᠦ᠋ᠨ ᠤ E ᠲᠣᠭᠤᠷᠢᠭ ᠵᠡᠷᠭᠡ ᠲᠥᠪᠬᠢᠨᠡᠭᠦᠯᠬᠦ 8 ᠪᠠᠭ᠎ᠠ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ | ᠰᠠᠭᠤᠭᠠᠯᠢ ᠠᠷᠠᠳ ᠤᠨ ︽ᠬᠢᠮᠳᠠ ᠣᠷᠣᠨ ᠰᠠᠭᠤᠴᠠ ᠶᠢᠨ ᠵᠡᠭᠦᠳᠦ︾ ᠪᠠᠨ ᠡᠷᠲᠡᠬᠡᠨ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠬᠠᠭᠠᠰ ᠳᠤᠲᠠᠭᠤ ᠪᠠᠷᠢᠯᠭ᠎ᠠ᠂ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠬᠤ | ᠵᠡᠷᠭᠡ ᠠᠰᠠᠭᠤᠳᠠᠯ ᠢ ᠰᠢᠶᠳᠪᠦᠷᠢᠯᠡᠬᠦ ᠶᠢ ᠵᠡᠷᠭᠡᠪᠡᠷ ᠠᠬᠢᠭᠤᠯᠵᠤ᠂ ᠦᠯᠡᠳᠡᠭᠰᠡᠨ 425 ᠡᠷᠦᠬᠡ ᠶᠢᠨ ︽ᠨᠤᠷᠠᠭᠠᠵᠤ | ᠨᠡᠭᠦᠬᠦ ᠳᠤ ᠬᠦᠴᠢᠷ︾ ᠠᠰᠠᠭᠤᠳᠠᠯ ᠢ ᠲᠦᠢᠯᠪᠤᠷᠢᠲᠠᠶ ᠰᠢᠶᠳᠪᠦᠷᠢᠯᠡᠨ᠎ᠡ᠃ ᠳᠤᠮᠳᠠ ᠳᠣᠤᠷ᠎ᠠ ᠣᠷᠣᠯᠭ᠎ᠠ ᠲᠠᠢ ᠬᠡᠷ | ᠪᠦᠯᠢ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠷ ᠨᠠᠩ ᠣᠯᠠᠨ ᠬᠤᠲᠠ ᠪᠠᠯᠭᠠᠰᠤᠨ ᠤ ᠳᠤᠮᠳᠠ ᠵᠢᠴᠢ | ᠲᠡᠭᠦᠨ ᠠᠴᠠ ᠳᠣᠷᠣᠭᠰᠢᠬᠢ ᠣᠷᠣᠯᠭ᠎ᠠ ᠲᠠᠢ ᠬᠡᠷ ᠪᠦᠯᠢ ᠳᠤ ᠠᠰᠢᠭ ᠬᠦᠷᠲᠡᠭᠡᠨ᠎ᠡ᠃ ᠰᠤᠷᠭᠠᠨ ᠬᠥᠮᠦᠵᠢᠯ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠭᠤᠷᠪᠠᠨ ᠨᠡᠷ᠎ᠡ | ︾ ᠶᠢᠨ ᠢᠨᠵᠧᠨᠧᠷᠢᠩ ᠢ ᠭᠦᠨᠵᠡᠭᠡᠶ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ | ᠪᠣᠯᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠲᠦᠪ ᠤᠨ | ᠪᠠᠭᠰᠢ ᠶᠢᠨ ᠶᠡᠭᠡ ᠰᠤᠷᠭᠠᠭᠤᠯᠢ᠂ ᠰᠧᠴᠤᠸᠠᠨ ᠤ ᠲᠢᠶᠠᠨ ᠯᠢ ᠵᠡᠷᠭᠡ ᠨᠡᠷᠡᠲᠦ ᠰᠤᠷᠭᠠᠭᠤᠯᠢ ᠯᠤᠭ᠎ᠠ ᠬᠠᠮᠲᠤᠷᠠᠨ | ᠠᠵᠢᠯᠯᠠᠬᠤ ᠠᠯᠬᠤᠴᠠ ᠪᠠᠨ ᠲᠦᠷᠭᠡᠳᠬᠡᠵᠦ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠬᠦᠯᠬᠦ ᠶᠢ ᠳᠠᠶᠢᠴᠢᠯᠠᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ | ᠶᠡᠬᠡᠪᠡᠷ ᠬᠥᠭᠵᠢᠭᠦᠯᠵᠦ᠂ ᠬᠥᠯ ᠪᠥᠮᠪᠦᠭᠡ᠂ ᠮᠥᠰᠥ ᠴᠠᠰᠤ᠂ ᠲᠣᠤᠷ ᠪᠦᠮᠪᠦᠭᠡ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠵᠡᠷᠭᠡ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠰᠤᠷᠭᠠᠨ ᠬᠥᠮᠦᠵᠢᠯ ᠤᠨ | ᠪᠠᠶᠢᠷᠢᠯᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠸᠡᠭ ᠹᠸᠢ᠂ ᠾᠧᠩ ᠳ᠋ᠡ ᠲᠤᠷᠰᠢᠯᠲᠠ ᠶᠢᠨ | ᠰᠤᠷᠭᠠᠭᠤᠯᠢ ᠵᠡᠷᠭᠡ 10 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ | ᠪᠠᠶᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠡᠰᠡᠭ ᠭᠠᠵᠠᠷ ᠤᠨ ᠬᠡᠰᠡᠭ ᠲᠤᠭᠤᠷᠢᠭ ᠤᠨ | ᠰᠤᠷᠭᠠᠭᠤᠯᠢ ᠳᠤ ᠣᠷᠣᠬᠤ ᠳᠤ ᠬᠦᠴᠢᠷᠲᠡᠶ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ ᠡᠮ ᠡᠮᠨᠡᠯᠭᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ | ᠡᠮᠨᠡᠯᠭᠡ ︽ᠭᠤᠷᠪᠠᠨ ᠡᠮᠴᠢᠯᠡᠭᠡ︾ ᠶᠢᠨ ᠬᠤᠯᠪᠣᠭᠠᠯᠠᠨ ᠬᠦᠳᠡᠯᠦᠯᠴᠡᠬᠦ ᠶᠢ ᠭᠦᠨᠵᠡᠭᠡᠶᠢᠷᠡᠭᠦᠯᠵᠦ᠂ ᠤᠯᠤᠰ ᠤᠨ | ᠲᠠᠰ ᠤᠨ ᠡᠷᠡᠭᠦᠯ ᠮᠡᠨᠳᠦ ᠶᠢ ᠠᠬᠢᠭᠤᠯᠬᠤ ᠣᠷᠣᠨ ᠪᠠ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠢ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠰᠢᠯᠭᠠᠨ ᠠᠪᠬᠤ ᠠᠵᠢᠯ ᠢ | ᠰᠠᠶᠢᠲᠤᠷ ᠬᠢᠨ᠎ᠠ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠵᠤ᠂ ᠤᠳᠤᠷᠢᠳᠬᠤ ᠪᠠᠭ ᠤᠨ ᠡᠩᠨᠡᠭᠡ ᠶᠢ | ᠴᠢᠩᠭᠠᠳᠬᠠᠵᠤ ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠰᠠᠭᠤᠷᠢ ᠲᠥᠬᠦᠭᠡᠷᠦᠮᠵᠢ ᠪᠠ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ | ᠪᠡᠭᠡᠵᠢᠩ ᠤᠨ ᠴᠠᠩ ᠴᠦᠨ ᠲᠧᠩ ᠠᠨᠠᠭᠠᠬᠤ ᠤᠬᠠᠭᠠᠨ ᠳᠡᠭᠡᠳᠦ ᠲᠡᠰ ᠤᠨ ᠴᠢᠳᠠᠪᠤᠷᠢᠲᠠᠨ ᠤ ᠬᠤᠯᠪᠣᠭ᠎ᠠ ᠶᠢᠨ | ᠪᠣᠳᠠᠲᠠᠶ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠣᠯᠠᠨ ᠲᠦᠮᠡᠨ ᠳᠤ ᠪᠡᠭᠡᠵᠢᠩ ᠤᠨ ᠨᠡᠷᠡᠲᠦ ᠲᠤᠰᠬᠠᠶ | ᠮᠡᠷᠭᠡᠵᠢᠯᠲᠡᠨ ᠤ ᠡᠮᠴᠢᠯᠡᠭᠡᠨ ᠤ ᠦᠶᠯᠡᠴᠢᠯᠡᠭᠡ ᠬᠦᠷᠲᠡᠭᠡᠨ᠎ᠡ᠃ ᠠᠮᠤᠷ ᠲᠦᠪᠰᠢᠨ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ᠎ᠠ᠃ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ | ᠬᠢᠵᠢᠭ ᠤᠨ ᠪᠠᠶᠢᠳᠠᠯ ᠢ ᠬᠤᠷᠢᠭᠯᠠᠨ ᠡᠵᠡᠮᠳᠡᠬᠦ ᠳᠠᠶᠢᠨ ᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠳ᠋ᠦᠡᠭᠨᠡᠵᠦ᠂ | ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ | ᠲᠤᠭᠤᠷᠢᠭ ᠤᠨ ᠠᠵᠢᠯᠲᠠᠨ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠤ ᠬᠤᠰᠢᠭᠤᠴᠢ | ᠠᠩᠭᠢ᠂ ᠪᠠᠶᠢᠭᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠺᠠᠳ᠋ᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠮᠦᠨ᠎ᠡ ᠹᠷᠣᠨᠲ ᠲᠤ ᠦᠵᠡᠭᠦᠯᠦᠭᠰᠡᠨ ᠬᠤᠪᠢ ᠨᠡᠮᠡᠷᠢ ᠶᠢ ᠭᠦᠶᠴᠡᠳ ᠨᠤᠲᠠᠯᠠᠵᠤ᠂ ᠠᠵᠢᠯᠲᠠᠨ ᠤ | ᠣᠯᠭᠤᠮᠵᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠵᠠᠰᠠᠬᠤ᠂ ᠵᠠᠬ᠎ᠠ | ᠳᠡᠯᠭᠡᠭᠦᠷ ᠤᠨ ᠬᠠᠩᠭᠠᠯᠭ᠎ᠠ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ᠂ ᠠᠮᠤ ᠪᠤᠳᠠᠭᠠᠨ ᠤ ᠠᠮᠤᠷ ᠲᠦᠪᠰᠢᠨ | ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠠᠶᠢᠭᠤᠯᠤᠯᠲᠠ ᠶᠢ ᠰᠦᠪᠡᠭᠴᠢᠯᠡᠨ ᠪᠠᠶᠢᠭᠤᠯᠤᠨ᠎ᠠ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠣᠯᠠᠨ ᠨᠡᠶᠢᠢᠲᠡ ᠶᠢᠨ ᠡᠷᠡᠭᠦᠯ ᠬᠠᠮᠠᠭᠠᠯᠠᠯ | ᠤᠨ ᠬᠡᠷᠡᠭ ᠢ ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠢᠳᠡᠭᠡᠨ ᠪᠠ | ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ ᠠᠮᠤᠷ ᠲᠦᠪᠰᠢᠨ ᠤ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠭ᠎ᠠ ᠶᠢᠨ ᠲᠣᠪᠤᠶᠢᠮ᠎ᠠ ᠠᠰᠠᠭᠤᠳᠠᠯ ᠪᠠ | ᠣᠯᠠᠨ ᠲᠦᠮᠡᠨ ᠤ ᠵᠦᠶ ᠵᠣᠬᠢᠰᠲᠠᠶ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠠᠶᠢᠲᠤᠷ | ᠰᠢᠶᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ | ᠢᠮᠠᠭᠲᠠ ᠪᠠᠷᠢᠮᠲᠠᠯᠠᠵᠤ᠂ ︽ᠬᠠᠷᠢᠴᠠᠭᠠᠨ ᠤ ᠰᠦᠯᠵᠢᠶ᠎ᠡ︾ ᠪᠠ ︽ᠬᠠᠮᠠᠭᠠᠯᠠᠭᠴᠢ︾ ᠶᠢ ᠭᠦᠨᠵᠡᠭᠡᠶ ᠠᠭᠤᠳᠠᠯᠤᠨ | ᠲᠦᠢᠯᠪᠤᠷᠢᠲᠠᠶ ᠪᠠᠶᠢᠴᠠᠭᠠᠵᠤ ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ᠡᠭᠦᠨ ᠤ ᠬᠠᠮᠲᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠪᠠ ᠪᠦᠬᠦ ᠤᠯᠤᠰ ᠤᠨ | ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠳᠣᠯᠣᠳᠤᠭᠠᠷ ᠤᠳᠠᠭᠠᠨ ᠤ ᠪᠦᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠦᠨ᠎ᠡ᠃ ᠱᠠᠰᠢᠨ | ᠰᠤᠷᠲᠠᠬᠤᠨ᠂ ᠭᠠᠳᠠᠭᠠᠳᠤ ᠶᠠᠪᠤᠳᠠᠯ᠂ ᠴᠠᠭ ᠠᠭᠤᠷ᠂ ᠲᠤᠭ᠎ᠠ ᠪᠦᠷᠢᠳᠬᠡᠯ᠂ ᠠᠮᠤ ᠪᠤᠳᠠᠭ᠎ᠠ᠂ ᠪᠠᠷᠠᠭ᠎ᠠ ᠶᠢᠨ ᠦᠨ᠎ᠡ᠂ | ᠳᠠᠩᠰᠠ ᠡᠪᠬᠡᠮᠡᠯ᠂ ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ | ᠤᠷᠠᠯᠢᠭ ᠤᠨ ᠬᠤᠯᠪᠣᠭ᠎ᠠ᠂ ᠠᠵᠤ ᠦᠶᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠠᠬᠠᠮᠠᠳ ᠺᠠᠳ᠋ᠷ | ᠵᠡᠷᠭᠡ ᠠᠵᠢᠯ ᠦᠢᠯᠡᠰ ᠤᠨ ᠡᠷᠡᠭᠦᠯ ᠢᠶᠠᠷ ᠬᠥᠭᠵᠢᠬᠦ ᠶᠢ ᠳᠠᠮᠵᠢᠨ᠎ᠠ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ | ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠲᠤᠭ ᠲᠡᠮᠳᠡᠭ | ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠤᠯᠭᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ | ᠢᠮᠠᠭᠲᠠ ᠪᠠᠷᠢᠮᠲᠠᠯᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠤᠬᠠᠮᠰᠠᠷ ᠠᠴᠠ ᠪᠠᠨ ᠲᠡᠭᠦᠨ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠶᠯᠡᠳᠦᠯᠭᠡ ᠶᠢ ᠵᠢᠯᠣᠭᠤᠳᠴᠤ᠂ | ᠠᠵᠢᠯ ᠢᠶᠠᠨ ᠲᠦᠯᠬᠢᠨ ᠠᠬᠢᠭᠤᠯᠤᠨ᠎ᠠ᠃ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ | ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠦᠭᠡᠯᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ | ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠭᠡᠯᠴᠢ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠵᠠᠰᠠᠭ ᠤᠨ ᠵᠠᠷᠯᠢᠭ ᠤᠨ ᠰᠠᠭᠠᠳ ᠦᠭᠡᠢ ᠨᠡᠪᠲᠡᠷᠡᠵᠦ ᠂ ᠵᠠᠷᠯᠢᠭ ᠴᠠᠭᠠᠵᠠ ᠶᠢ ᠳᠠᠭᠠᠬᠤ ᠶᠢ | ᠦᠨᠡᠨᠬᠦ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ | ᠠᠵᠢᠯ ᠢ ᠬᠠᠤᠯᠢᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠵᠠᠮ ᠳᠡᠭᠡᠷ᠎ᠡ ᠠᠵᠢᠯᠯᠠᠬᠤ ᠶᠢ ᠦᠨᠡᠨᠬᠦ ᠪᠠᠲᠤᠯᠠᠨ᠎ᠠ᠃ | ︽ᠭᠤᠷᠪᠠᠨ ᠴᠢᠬᠤᠯᠠ ᠨᠢᠭᠡ ᠶᠡᠭᠡ︾ ᠵᠢᠴᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ | ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ | ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠬᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠤᠯᠢ ᠶᠢ ᠴᠢᠩᠭ᠎ᠠ | ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠷᠬᠡ ᠶᠢ ᠢᠯᠡ ᠪᠠᠷ ᠶᠠᠪᠤᠭᠤᠯᠬᠤ ᠶᠢ ᠦᠨᠡᠨᠬᠦ ᠪᠠᠲᠤᠯᠠᠨ᠎ᠠ | ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠭᠠᠷᠭᠠᠭᠰᠠᠨ | ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠵᠦᠶᠯᠡᠰ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠬᠦ ᠵᠡᠷᠭᠡ ᠲᠦᠷᠢᠮ ᠢ ᠪᠠᠷᠢᠮᠲᠠᠯᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠠᠭ | ᠲᠤᠬᠠᠶ ᠳᠤᠨᠢ ᠰᠢᠶᠳᠪᠦᠷᠢᠯᠡᠨ᠎ᠡ᠃ ᠦᠨᠡᠨᠴᠢ ᠢᠲᠡᠭᠡᠮᠵᠢᠲᠡᠶ ᠪᠠᠷ ᠵᠠᠰᠠᠭ ᠶᠠᠪᠤᠭᠤᠯᠬᠤ ᠶᠢ ᠴᠢᠬᠤᠯᠠ ᠪᠠᠷᠢᠮᠵᠢᠶ᠎ᠠ | ᠪᠣᠯᠭᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠬᠥᠲᠥᠯᠥᠨ | ᠳᠠᠭᠠᠭᠤᠯᠤᠨ᠎ᠠ᠃ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠪᠠ᠃ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ︽ᠪᠠᠷᠢᠮᠵᠢᠶ᠎ᠠ︾ ︽ᠳᠦᠷᠢᠮ︾ ᠢ ᠲᠦᠷᠦᠭᠦᠯᠡᠨ ᠵᠢᠷᠤᠮᠯᠠᠵᠤ᠂ ︽ᠨᠢᠭᠡ ᠠᠵᠢᠯ ᠤᠨ ᠪᠠᠶᠢᠷᠢ | ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠬᠡᠯᠪᠡᠷᠢ ᠶᠢᠨ ᠦᠵᠡᠯ᠂ | ᠨᠣᠶᠠᠨᠴᠢ ᠰᠤᠷᠲᠠᠯ ᠢ ᠡᠷᠡᠰ ᠠᠷᠢᠯᠭᠠᠬᠤ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ | ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ᠂ ᠡᠯ᠎ᠡ ᠵᠦᠶᠯ ᠤᠨ ᠪᠤᠷᠤᠭᠤ ᠦᠭᠡ ᠶᠠᠷᠢᠶ᠎ᠠ ᠶᠢ ᠡᠷᠡᠰ ᠡᠰᠡᠷᠭᠦᠴᠡᠨ | ᠬᠤᠷᠢᠭᠯᠠᠬᠤ ᠬᠡᠷᠡᠭᠲᠡᠶ᠃ ᠬᠢᠨᠠᠨ ᠪᠣᠳᠣᠵᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ | ᠵᠦᠶᠯ ᠤᠨ ᠠᠯᠪᠠᠨ︾ ᠤ ᠵᠠᠷᠤᠳᠠᠯ ᠪᠣᠯᠤᠨ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ | ᠣᠷᠳᠣᠨ ᠤ ︽ᠭᠠᠮᠲᠠᠶ ᠡᠳᠦᠷ︾ ᠢᠶᠠᠷ ᠤᠯᠠᠨ ᠲᠦᠮᠡᠨ ᠤ ︽ ᠰᠠᠶᠢᠨ ᠡᠳᠦᠷ︾ ᠢ ᠰᠣᠯᠢᠵᠤ ᠠᠪᠤᠨ᠎ᠠ᠃ | ᠢᠯᠵᠠᠷᠠᠯ ᠢ ᠡᠰᠡᠷᠭᠦᠴᠡᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠲᠤᠯᠠᠵᠤ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠢᠯᠵᠠᠷᠠᠯ | ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ | ᠰᠢᠢᠳᠪᠦᠷᠢᠯᠡᠵᠦ᠂ ᠠᠷᠢᠭᠤᠨ ᠴᠢᠬᠡᠴᠢ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ | ᠳᠡᠪᠢᠰᠬᠡᠷ ᠦᠡᠭᠭᠡ ᠪᠣᠯᠭᠠᠨ᠎ᠠ᠃ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠪᠡ᠃ | ᠰᠢᠨ᠎ᠡ ᠠᠶᠠᠨ ᠵᠠᠮ ᠲᠡᠭᠰᠢ ᠳᠠᠷᠳᠠᠩ ᠪᠠᠶᠢᠵᠤ ᠴᠢᠳᠠᠬᠤ ᠦᠭᠡᠢ᠂ ᠤᠷᠤᠭᠰᠢᠯᠠᠯᠲᠠ ᠶᠢᠨ ᠵᠠᠮ ᠥᠷᠢᠰᠥᠯᠳᠦᠭᠡᠨ ᠢᠶᠠᠷ | ᠳᠦᠭᠦᠷᠴᠦ᠂ ᠪᠢᠳᠡ ᠬᠥᠭᠵᠢᠯᠲᠡ ᠳᠤ ᠬᠠᠷᠢᠭᠤᠴᠠᠬᠤ᠂ ᠲᠡᠦᠬᠡ ᠳᠤ ᠬᠠᠷᠢᠭᠤᠴᠠᠬᠤ᠂ ᠠᠷᠠᠳ ᠲᠦᠮᠡᠨ ᠳᠤ | ᠬᠠᠷᠢᠭᠤᠴᠠᠬᠤ ᠣᠪᠣᠷ ᠢᠶᠠᠷ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠢ | ᠵᠣᠷᠢᠭ ᠰᠠᠨᠠᠭᠠᠨ ᠤ ᠳᠦᠷᠰᠦ ᠪᠠᠶᠢᠳᠠᠯ ᠪᠠ ᠵᠣᠷᠢᠭᠲᠠᠢ ᠬᠢᠵᠦ ᠵᠣᠷᠢᠭᠲᠠᠢ ᠠᠵᠢᠯᠯᠠᠬᠤ᠂ ᠪᠤᠴᠠᠯᠲᠠ ᠦᠭᠡᠢ | ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠵᠣᠷᠢᠭᠲᠠᠶ ᠪᠠᠷ | ᠵᠥᠷᠢᠴᠡᠯ ᠳᠤ ᠰᠢᠭᠤᠳ ᠬᠠᠨᠳᠤᠵᠤ᠂ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠶ ᠪᠠᠷ ᠬᠠᠮᠤᠭ ᠤᠨ ᠬᠦᠨᠳᠦ | ᠡᠭᠦᠷᠭᠡ ᠶᠢ ᠡᠭᠦᠷᠭᠡᠯᠡᠵᠦ᠂ ᠬᠠᠮᠤᠭ ᠤᠨ ᠬᠠᠲᠠᠭᠤ ᠠᠰᠠᠭᠤᠳᠠᠯ ᠢ ᠰᠢᠢᠳᠪᠤᠷᠢᠯᠡᠵᠦ᠂ ᠠᠷᠭ᠎ᠠ ᠰᠦᠪᠡᠭᠴᠢᠯᠡᠵᠦ᠂ | ᠪᠣᠳᠠᠲᠠᠶ ᠠᠷᠭ᠎ᠠ ᠬᠡᠮᠵᠢᠶ᠎ᠡ ᠠᠪᠴᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠶᠳᠪᠦᠷᠢᠯᠡᠬᠦ ᠳᠡᠭᠡᠨ ᠴᠢᠳᠠᠮᠠᠭᠠᠶ ᠪᠠᠶᠢᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠦᠨ᠎ᠡ᠃ | ᠲᠥᠯᠥᠭᠡᠯᠡᠭᠴᠢᠳ ᠡ︕ | ᠴᠠᠭ ᠦᠶ᠎ᠡ ᠪᠣᠯ ᠰᠢᠯᠭᠠᠯᠲᠠ ᠭᠠᠷᠭᠠᠭᠴᠢ ᠮᠥᠨ᠂ ᠪᠢᠳᠡ ᠪᠣᠯ ᠰᠢᠯᠭᠠᠯᠲᠠ ᠬᠠᠷᠢᠭᠤᠯᠤᠭᠴᠢ ᠮᠥᠨ᠂ | ᠠᠷᠠᠳ ᠲᠦᠮᠡᠨ ᠪᠣᠯ ᠰᠢᠯᠭᠠᠯᠲᠠ ᠬᠢᠨᠠᠭᠴᠢ ᠮᠥᠨ᠃ ᠰᠢᠨ᠎ᠡ ᠴᠠᠭ ᠦᠶ᠎ᠡ ᠶᠢᠨ ᠵᠢᠨᠢᠩ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠳᠤ᠂ ᠳᠥᠲᠡ ᠵᠠᠮ ᠪᠠᠶᠢᠬᠤ ᠦᠭᠡᠢ᠂ | ᠲᠡᠮᠡᠴᠡᠯ ᠪᠠᠶᠢᠬᠤ ᠬᠡᠷᠡᠭᠲᠡᠢ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ ᠂ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ︽13 · 5︾ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠳᠡᠪᠰᠢᠭᠦᠯᠵᠦ ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | | | | | | | | | | | 2020 ᠤᠨ ᠤ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ | ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ | ᠠᠵᠢᠯ ᠤᠨ ᠢᠯᠡᠳᠭᠡᠯ ᠬᠢᠶ᠎ᠡ ᠂ ᠬᠢᠨᠠᠨ ᠵᠦᠪᠯᠡᠬᠦ ᠪᠣᠯᠪᠠᠤ᠂ ᠮᠦᠨ ᠴᠦ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠡᠷᠬᠢᠮ ᠨᠠᠨᠳᠢᠨ ᠰᠠᠨᠠᠯ ᠢᠶᠠᠨ | ᠳᠤᠷᠠᠳᠬᠤ ᠪᠣᠯᠪᠠᠤ᠃ | ᠨᠢᠭᠡ ᠂ 2019 ᠣᠨ ᠤ ᠠᠵᠢᠯ ᠤᠨ ᠡᠷᠭᠢᠴᠡᠭᠦᠯᠦᠯ | ᠦᠡᠭᠭᠡᠷᠡᠭᠰᠡᠨ ᠨᠢᠭᠡ ᠵᠢᠯ ᠪᠣᠯ ᠮᠠᠨ ᠤ ᠲᠤᠭᠤᠷᠢᠭ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ | ᠠᠳᠬᠤᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠶᠳᠪᠦᠷᠢᠲᠦ ᠢᠯᠠᠯᠲᠠ ᠶᠢ ᠤᠯᠬᠤ | ᠳᠤ ᠴᠢᠬᠤᠯᠠ ᠠᠬᠢᠴᠠ ᠲᠠᠢ ᠪᠣᠯᠤᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠲᠤᠭᠤᠷᠢᠭ ᠤᠨ | ᠨᠠᠮ ᠤᠨ ᠬᠤᠷᠢᠶᠠᠨ ᠤ ᠤᠳᠤᠷᠢᠳᠤᠯᠭ᠎ᠠ᠂ ᠲᠤᠭᠤᠷᠢᠭ ᠤᠨᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠠᠶ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠢᠨ᠎ᠡ | ᠬᠥᠭᠵᠢᠯᠲᠡ ᠶᠢᠨ ᠤᠶᠢᠯᠠᠭᠠᠭᠳᠠᠬᠤᠨ ᠢ ᠭᠤᠶᠢᠪᠢᠰᠢ ᠥᠬᠡᠶ ᠲᠤᠤᠱᠯᠠᠭᠤᠯᠵᠤ᠂ ᠮᠠᠨ ᠤ ᠲᠤᠭᠤᠷᠢᠭ ᠤᠨ ︽ | 1345︾ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠠᠵᠤ ᠠᠬᠤᠶ ᠨᠡᠶᠢᠭᠡᠮ ᠲᠣᠭᠲᠠᠭᠤᠨ ᠬᠦᠭᠵᠢᠵᠦ ᠰᠠᠶᠢᠨ ᠰᠠᠶᠢᠬᠠᠨ ᠪᠠᠶᠢᠳᠠᠯ ᠢᠯᠡᠷᠡᠪᠡ᠃ ᠪᠦᠬᠦ ᠵᠢᠯ ᠳᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 210.84 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7. | 5% ᠪᠠᠷ ᠨᠡᠮᠡᠭᠳᠡᠵᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ 19.6% ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 63.3 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 25.6% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 103.09 ᠲᠥᠭᠦᠷᠢᠭ ᠳ᠋ᠦᠩᠰᠢᠭᠤᠷ ᠪᠡᠶᠡᠯᠡᠭᠦᠯᠵᠦ᠂ 5. | 7% ᠪᠠᠷ ᠨᠡᠮᠡᠭᠳᠡᠵᠡᠢ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 12.71 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 5.9% ᠪᠠᠷ ᠨᠡᠮᠡᠭᠳᠡᠵᠡᠢ ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 35334 ᠲᠦᠭᠦᠷᠢᠭ ᠲᠤ ᠬᠦᠷᠴᠦ᠂ 6.5% ᠪᠠᠷ ᠨᠡᠮᠡᠭᠳᠡᠪᠡ ᠃ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17928 | ᠲᠦᠭᠦᠷᠢᠭ ᠲᠤ ᠬᠦᠷᠴᠦ᠂ 10.9% ᠪᠠᠷ ᠨᠡᠮᠡᠭᠳᠡᠵᠦ᠂ ᠡᠯ᠎ᠡ ᠵᠦᠶᠯ ᠤᠨ ᠠᠵᠤ ᠠᠬᠤᠶ ᠶᠢᠨ ᠭᠦᠶᠴᠡᠳᠬᠡᠬᠦ ᠲᠤᠭ᠎ᠠ | ᠴᠥᠮ ᠪᠦᠬᠦ ᠬᠤᠲᠠ ᠳᠤ ᠡᠮᠦᠨ᠎ᠡ ᠡᠩᠨᠡᠭᠡᠨ ᠳᠤ ᠤᠷᠤᠵᠠᠢ᠃ | ᠨᠢᠭᠡ ᠵᠢᠯ ᠤᠨ ᠲᠤᠷᠰᠢ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠬᠠᠷᠢᠭᠤᠴᠠᠯᠭ᠎ᠠ ᠪᠠᠨ ᠴᠢᠩᠭᠠᠳᠬᠠᠵᠤ᠂ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠷᠪᠠᠨ ᠶᠡᠭᠡ ᠪᠡᠷᠬᠡ ᠰᠡᠳᠦᠪ ᠢ ᠰᠢᠶᠳᠪᠦᠷᠢᠯᠡᠬᠦ ᠳᠠᠶᠢᠨ | ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠡᠢ᠃ ︽ | ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠪᠠ | ᠠᠯᠪᠠᠨ ᠤ ᠭᠤᠷᠪᠠᠨ ᠵᠠᠷᠤᠳᠠᠯ ᠢ ᠲᠤᠰ ᠲᠤᠰ 20% ᠪᠠ 30% ᠪᠠᠷ ᠪᠠᠭᠠᠰᠬᠠᠪᠠ᠃ ᠦᠯᠡᠳᠡᠭᠡᠯ ᠭᠠᠵᠠᠷ | ᠰᠢᠷᠣᠶ ᠶᠢ ᠬᠢᠮᠳᠠ ᠦᠨ᠎ᠡ ᠪᠠᠷ ᠬᠤᠳᠠᠯᠳᠤᠬᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠰᠢᠶᠳᠪᠦᠷᠢᠯᠡᠬᠦ᠂ | ᠠᠵᠤ ᠠᠬᠤᠶᠢᠯᠠᠯ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠥᠭᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠵᠠᠰᠠᠭ ᠤᠨ ᠣᠷᠳᠣᠨ ᠤ ᠥᠷᠢ ᠥᠭᠴᠡᠭᠡ ᠶᠢ 41.19 ᠳ᠋ᠦᠩᠰᠢᠭᠤᠷ ᠲᠥᠭᠦᠷᠢᠭ ᠰᠢᠢᠳᠪᠦᠷᠢᠯᠡᠵᠦ | ᠂ ᠡᠭᠦᠷᠭᠡ ᠪᠠᠨ 116% ᠪᠠᠷ ᠪᠡᠶᠡᠯᠡᠭᠦᠯᠪᠡ᠃ ᠵᠤᠷᠢᠭᠤᠳᠠ ᠮᠥᠩᠭᠦᠨ ᠭᠦᠢᠯᠭᠡᠭᠡᠨ ᠤ ᠥᠷᠢ ᠥᠭᠴᠡᠭᠡ ᠠᠴᠠ | ᠵᠠᠶᠢᠯᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠨᠡᠶᠢᠲᠡ 706 ᠲᠦᠮᠡᠨ ᠲᠥᠭᠦᠷᠢᠭ ᠤᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ᠂ ᠰᠢᠰᠲ᠋ᠧᠮ ᠤᠨ | ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠦᠲᠦᠮᠵᠢᠲᠡᠢ | ᠰᠠᠬᠢᠪᠠ᠃ ᠡᠭᠦᠨ ᠳᠤ ︽ᠠᠷᠪᠠ ᠶᠢ ᠪᠦᠷᠢᠨ ᠪᠥᠷᠬᠦᠭᠦᠯᠬᠦ︾ ᠢᠨᠵᠧᠨᠧᠷᠢᠩ ᠤᠨ ᠵᠣᠭᠤᠰ ᠢ ᠪᠦᠬᠦᠨ ᠢ ᠲᠥᠯᠥᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠭᠰᠡᠨ ᠵᠣᠭᠤᠰ | 74% ᠶᠢ ᠲᠥᠯᠥᠵᠦ᠂ ᠣᠨᠴᠠᠭᠠᠶᠢᠯᠠᠨ ᠢᠯᠡ ᠪᠠᠷ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠᠷ | ᠳᠠᠮᠵᠢᠨ ᠵᠢᠩ ᠨᠧᠩ ᠢᠯᠴᠢ ᠶᠢᠨ ᠬᠦᠴᠦᠨ ᠪᠦᠯᠦᠭᠯᠡᠯ ᠤᠨ ᠢᠯᠴᠢ ᠶᠢᠨ ᠬᠦᠴᠦᠨ ᠺᠣᠮᠫᠠᠨᠢ ᠳᠤ 25 ᠵᠢᠯ ᠤᠨ | ᠡᠵᠡᠩᠨᠡᠯᠲᠡ ᠶᠢᠨ ᠡᠷᠬᠡ ᠪᠠᠨ ᠰᠢᠯᠵᠢᠭᠦᠯᠦᠨ ᠥᠭᠴᠦ᠂ 7.5 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠶᠢ | ᠥᠷᠢ ᠥᠭᠴᠡᠭᠡ ᠶᠢ ᠠᠷᠢᠯᠭᠠᠬᠤ ᠳᠤ ᠬᠡᠷᠡᠭᠯᠡᠵᠦ᠂ ᠡᠳ᠋ | ᠬᠦᠷᠦᠩᠭᠡ ᠶᠢᠨ ᠡᠬᠢ ᠪᠠᠶᠠᠯᠢᠭ ᠢ ᠪᠠᠯᠠ ᠮᠥᠩᠭᠦ ᠪᠣᠯᠭᠠᠬᠤ ᠪᠦᠲᠦᠮᠵᠢᠲᠡᠶ ᠠᠵᠢᠯᠯᠠᠭ᠎ᠠ ᠶᠢ ᠪᠡᠶᠡᠯᠡᠭᠦᠯᠪᠡ᠃ | ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠨᠠᠷᠢᠯᠢᠭ ᠣᠨᠣᠴᠠᠲᠠᠶ ᠪᠠᠷ | ᠶᠠᠳᠠᠭᠤ ᠶᠢ ᠲᠡᠳᠬᠦᠬᠦ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ | ᠪᠣᠳᠣᠯᠭ᠎ᠠ ᠶᠢ ᠪᠠᠷᠢᠮᠲᠠᠯᠠᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠠᠷᠠᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ | ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ | ᠪᠠᠲᠤᠯᠠᠬᠤ᠂ ᠠᠵᠤ ᠦᠢᠯᠡᠰ ᠤᠨ ᠠᠵᠢᠯ ᠣᠯᠭᠤᠯᠲᠠ᠂ ᠠᠮᠢ ᠠᠬᠤᠢ ᠶᠢᠨ ᠨᠥᠬᠦᠪᠥᠷᠢ᠂ ᠰᠤᠷᠭᠠᠨ ᠬᠥᠮᠦᠵᠢᠯ ᠢᠶᠠᠷ | ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠲᠤᠭᠤᠷᠢᠭ ᠤᠨ 813 ᠡᠷᠦᠬᠡ᠂ | ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 1535 ᠶᠠᠳᠠᠭᠤ ᠬᠦᠴᠢᠷᠳᠡᠯᠲᠡᠶ ᠬᠥᠮᠦᠨ ᠠᠮᠠ ᠶᠢ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ 1430 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠳᠡᠭᠡ ᠲᠣᠰᠬᠤᠨ ᠤ ᠤᠤᠭᠤᠬᠤ | ᠤᠰᠤᠨ ᠤ ᠠᠮᠤᠷ ᠲᠦᠪᠰᠢᠨ ᠤ ᠪᠠᠶᠢᠭᠤᠯᠤᠯᠲᠠ ᠪᠠ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠨᠡᠶᠢᠳᠡᠮ | ᠬᠡᠷᠡᠭᠵᠢᠭᠦᠯᠪᠡ᠃ ᠨᠡᠶᠢᠲᠡ 4770 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠣᠰᠬᠤᠨ ᠤ ᠬᠠᠮᠲᠤ ᠶᠢᠨ | ᠠᠵᠤ ᠦᠢᠯᠡᠰ ᠢᠶᠠᠷ ᠶᠠᠳᠠᠭᠤ ᠶᠢ ᠲᠡᠳᠬᠦᠬᠦ 50 ᠲᠥᠷᠦᠯ ᠵᠦᠢᠯ ᠢ ᠬᠡᠷᠡᠭᠵᠢᠭᠦᠯᠪᠡ᠃ ᠲᠥᠪ ᠤᠨ ᠲᠣᠭᠤᠷᠢᠨ | ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠮᠵᠢ ᠶᠢ ᠰᠢᠯᠭᠠᠨ ᠬᠢᠨᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠤᠷᠢᠳ ᠡᠮᠦᠨ᠎ᠡ ᠭᠠᠷᠤᠭ᠎ᠠ ᠦᠭᠡᠢ ᠴᠢᠩᠭᠠᠷᠠᠪᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠤᠨ | ᠤᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ᠲᠡᠭᠦᠨ ᠤ ︽ ᠪᠤᠴᠠᠵᠤ ᠪᠠᠶᠢᠴᠠᠭᠠᠨ | ᠦᠵᠡᠬᠦ︾᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠲᠤᠰᠬᠠᠶ ᠰᠢᠪᠠᠳᠠᠨ ᠪᠠᠶᠢᠴᠠᠭᠠᠯᠲᠠ ᠪᠠ | ︽ᠭᠤᠷᠪᠠᠨ ᠶᠡᠭᠡ ᠬᠠᠤᠯᠢ ᠬᠡᠷᠡᠭᠵᠢᠭᠦᠯᠬᠦ ᠤᠨ︾ ᠤ ᠡᠯ᠎ᠡ ᠵᠦᠶᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠬᠢᠨᠠᠮᠠᠭᠠᠶ ᠰᠠᠶᠢᠲᠤᠷ ᠠᠳᠬᠤᠨ᠎ᠠ᠃ ᠹᠦ᠋ ᠯᠸᠢ᠂ ᠫᠦ᠋ ᠶᠤᠸᠠᠨ᠂ ᠴᠠᠬᠠᠷ ᠬᠠᠯᠠᠭᠤᠨ ᠡᠬᠢ ᠶᠢᠨ ᠦᠶᠯᠡᠳᠪᠦᠷᠢ ᠶᠢᠨ | ᠬᠠᠭᠤᠷᠠᠶ ᠨᠡᠭᠦᠷᠡᠰᠦᠨ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠰᠢᠨ᠎ᠡ ᠪᠠᠷ | ᠨᠡᠮᠡᠭᠳᠡᠭᠰᠡᠨ ᠴᠡᠪᠡᠷ ᠡᠨᠧᠷᠭᠢ ᠢᠯᠴᠢ ᠬᠠᠩᠭᠠᠬᠤ ᠲᠠᠯᠠᠪᠠᠢ 60 ᠲᠦᠮᠡᠨ ᠲᠡᠭᠰᠢ ᠲᠦᠷᠪᠡᠯᠵᠢᠨ ᠮᠧᠲᠷ ᠲᠤ | ᠬᠦᠷᠴᠦ᠂ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ ᠤᠨ ᠲᠤᠭ᠎ᠠ 338 ᠡᠳᠦᠷ ᠲᠤ ᠬᠦᠷᠴᠡᠢ ᠃ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠰᠤᠨ ᠰᠤᠷᠪᠤᠯᠵᠢ ᠶᠢᠨ ᠭᠠᠵᠠᠷ ᠤᠨ ᠲᠦᠯᠦᠪᠵᠢᠭᠦᠯᠭᠡ | ᠲᠤᠬᠢᠷᠠᠭᠤᠯᠤᠯᠲᠠ ᠶᠢ ᠢᠳᠡᠪᠬᠢᠲᠡᠢ ᠲᠡᠭᠦᠯᠳᠡᠷᠵᠢᠭᠦᠯᠵᠦ᠂ ᠪᠠᠶᠠᠨ ᠤᠰᠤᠨ ᠰᠤᠷᠪᠤᠯᠵᠢ ᠶᠢᠨ ᠭᠠᠵᠠᠷ ᠢ | ᠠᠰᠢᠭᠯᠠᠯᠲᠠ ᠳᠤ ᠣᠷᠣᠭᠤᠯᠵᠤ᠂ ᠭᠠᠵᠠᠷ ᠳᠣᠤᠷᠠᠬᠢ ᠤᠰᠤᠨ ᠬᠤᠳᠳᠤᠭ 66 ᠶᠢ ᠪᠢᠲᠡᠭᠦᠮᠵᠢᠯᠡᠨ ᠵᠣᠭᠰᠣᠭᠠᠪᠠ᠃ | ᠰᠢᠶᠣᠤ ᠳ᠋ᠦᠩ ᠲᠠᠨ᠂ ᠴᠡᠩᠬᠡᠷ ᠤᠰᠤ ᠬᠥᠬᠡ ᠣᠭᠲᠠᠷᠭᠤᠶ᠂ ᠪᠠᠶᠠᠨ ᠪᠣᠬᠢᠷ ᠤᠰᠤ ᠰᠢᠶᠳᠪᠦᠷᠢᠯᠡᠬᠦ | ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠸᠠ ᠯᠢ | ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠲᠦᠷᠭᠡᠳᠭᠡᠨ | ᠠᠬᠢᠭᠤᠯᠪᠠ ᠃ ᠬᠥᠷᠥᠰᠥ ᠰᠢᠷᠣᠶ ᠶᠢᠨ ᠪᠣᠬᠢᠷᠲᠤᠯ ᠢ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠯᠠᠪᠳᠠᠭᠤᠨ | ᠪᠠᠲᠤᠲᠠᠶ ᠦᠷᠨᠢᠭᠦᠯᠵᠦ ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠬᠠᠶᠠᠭᠳᠠᠮᠠᠯ | ᠰᠢᠭᠠᠷᠤ ᠶᠢᠨ ᠲᠠᠯᠠᠪᠠᠶ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠠᠷᠢᠶᠠᠯᠠᠩ ᠤᠨ ᠣᠯᠠᠨ ᠡᠬᠢᠲᠦ | ᠪᠣᠬᠢᠷᠲᠤᠯ ᠢ ᠦᠨᠳᠦᠰᠦᠨ ᠠᠴᠠ ᠨᠢ ᠵᠠᠰᠠᠪᠠ᠃ ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠰᠢᠷᠣᠶ ᠨᠢ ᠴᠡᠪᠡᠷ | ᠠᠮᠢ ᠠᠬᠤᠶ ᠶᠢᠨ ᠣᠷᠴᠢᠨ ᠨᠥᠬᠦᠴᠡᠯ ᠤᠯᠠᠮ ᠨᠢᠭᠡ ᠠᠯᠬᠤᠮ ᠪᠡᠶᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠶ ᠬᠥᠭ ᠠᠶᠠᠰ ᠢ ᠪᠠᠲᠤ ᠡᠵᠡᠮᠰᠢᠵᠦ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠪᠠᠨ | ᠲᠣᠬᠢᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠵᠢᠯ ᠯᠠᠪᠳᠠᠭᠤᠨ ᠪᠠᠲᠤᠲᠠᠶ ᠠᠯᠬᠤᠮ ᠢ | ᠠᠯᠬᠤᠪᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠶᠡᠬᠡᠪᠡᠷ | ᠬᠡᠷᠡᠭᠵᠢᠭᠦᠯᠦᠨ᠎ᠡ᠃ ᠤᠮᠠᠷᠠᠲᠤ ᠬᠡᠰᠡᠭ ᠤᠨ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠤᠨ ᠲᠥᠷᠥᠯ | ᠵᠦᠢᠯ ᠢ ᠯᠠᠪᠳᠠᠭᠤᠨ ᠢᠶᠠᠷ ᠠᠬᠢᠭᠤᠯᠵᠤ᠂ ︽ᠨᠢᠭᠡ ᠬᠤᠩᠬᠢᠯ ᠬᠤᠶᠠᠷ ᠴᠠᠭᠠᠷᠢᠭ︾ ᠬᠥᠳᠡᠭᠡ ᠠᠵᠤ ᠠᠬᠤᠢ ᠶᠢᠨ | ᠵᠤᠭᠠᠴᠠᠯ ᠤᠨ ᠪᠦᠰᠡ ᠠᠩᠬ᠎ᠠ ᠠᠯᠬᠤᠮ ᠤᠨ ᠦᠷ᠎ᠡ ᠪᠦᠳᠤᠮᠵᠢ ᠣᠯᠵᠤ᠂ ᠶᠡᠭᠡ ᠠᠷᠪᠠᠳᠤᠭᠠᠷ ᠲᠣᠰᠬᠤᠨ᠂ ᠰᠠᠨ | ᠱᠧᠩ ᠲᠣᠰᠬᠤᠨ᠂ ᠴᠠᠬᠠᠷ ᠬᠤᠸᠠᠷᠠᠨ ᠤᠨᠴᠠᠯᠢᠬᠳᠤ ᠲᠣᠰᠬᠤᠨ ᠶᠠᠭ ᠰᠠᠶᠢᠬᠠᠨ ᠠᠷᠠᠯᠵᠢᠶᠠᠴᠢᠨ ᠤᠷᠢᠬᠤ ᠪᠠᠷ | ᠲᠥᠯᠥᠪᠯᠡᠵᠦ ᠪᠤᠢ ᠃ ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠦᠨ ᠮᠥᠰᠥ | ᠴᠠᠰᠤ ᠳᠤ ᠭᠠᠷᠬᠤ︾ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳ᠋ᠠ ᠾᠧ ᠸᠠᠨ ᠣᠯᠠᠨ | ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠶᠢᠨ ᠴᠠᠰᠤᠨ ᠪᠠᠭᠠᠵᠢ ᠶᠢᠨ ᠲᠢᠩᠬᠢᠮ᠂ ᠪᠠᠭᠤᠳᠠᠯ ᠤᠨ ᠨᠡᠶᠢᠲᠡ ᠶᠢᠨ | ᠪᠠᠶᠢᠷᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠬᠤ ᠤᠬᠠᠭᠠᠨ᠂ ᠠᠵᠤ ᠠᠬᠤᠶᠢᠯᠠᠯ ᠤᠨ | ᠪᠦᠯᠬᠦᠮ ᠤᠨ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠵᠡᠷᠭᠡ ᠢᠵᠢ ᠪᠥᠷᠢᠳᠦᠭᠰᠡᠨ ᠪᠡᠯᠡᠳᠬᠡᠮᠵᠢ ᠶᠢ ᠪᠥᠬᠦ | ᠲᠠᠯ᠎ᠠ ᠪᠠᠷ ᠳᠡᠭᠦᠯᠳᠡᠷᠵᠢᠭᠦᠯᠵᠡᠢ᠃ ᠲᠥᠮᠥᠰᠥᠨ ᠤ ᠭᠤᠣᠯ ᠠᠮᠤ ᠪᠤᠳᠠᠭ᠎ᠠ ᠶᠢ ᠪᠦᠬᠦ ᠤᠯᠤᠰ ᠤᠨ ᠲᠤᠷᠰᠢᠯᠲᠠ ᠶᠢᠨ | ᠴᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠬᠤᠣᠷ ᠢ ᠨᠢ ᠠᠷᠢᠯᠭᠠᠭᠰᠠᠨ | ᠦᠷ᠎ᠡ ᠶᠢᠨ ᠲᠥᠮᠥᠰᠥ ᠶᠢᠨ ᠪᠦᠷᠬᠦᠴᠡ ᠶᠢᠨ ᠨᠣᠷᠮ᠎ᠠ 95% ᠳᠤ ᠬᠦᠷᠴᠦ᠂ ᠲᠠᠷᠢᠮᠠᠯ ᠤᠨ | ᠮᠧᠬᠠᠨᠢᠭᠵᠢᠭᠤᠯᠤᠯᠲᠠ ᠶᠢᠨ ᠨᠣᠷᠮ᠎ᠠ 93% ᠳᠤ ᠬᠦᠷᠪᠡ᠃ ᠬᠤᠲᠠ ᠬᠥᠳᠡᠭᠡ ᠶᠢᠨ ︽ᠭᠤᠷᠪᠠ ᠶᠢ ᠨᠢᠭᠡ | ᠴᠣᠭᠴᠠᠵᠢᠭᠤᠯᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠯ ᠵᠢᠭᠦᠷᠲᠡᠨ ᠤ ᠪᠠᠭᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠡᠬᠢᠯᠡᠭᠦᠯᠵᠦ᠂ ︽ᠵᠣᠷᠯᠣᠩ ᠤᠨ ᠬᠤᠪᠢᠰᠬᠠᠯ︾ ᠤᠨ | ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ | ᠠᠶᠢᠯ ᠲᠣᠰᠬᠤᠨ ᠤ ᠠᠮᠢᠳᠤᠷᠠᠯ ᠤᠨ ᠬᠤᠭ ᠨᠣᠪᠰᠢ ︽ᠳᠦᠭᠦᠷᠪᠡᠯ ᠳᠠᠷᠤᠶ ᠴᠡᠪᠡᠷᠯᠡᠬᠦ︾ ᠶᠢ ᠪᠡᠶᠡᠯᠡᠭᠦᠯᠵᠦ᠂ | ᠶᠡᠷᠦᠩᠬᠡᠶ ᠤᠷᠲᠤ ᠨᠢ 63 ᠺᠢᠯᠣᠮᠧᠲᠷ ᠪᠦᠬᠦᠢ 8 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠢ ᠠᠰᠢᠭᠯᠠᠯᠲᠠ | ᠳᠤ ᠤᠷᠤᠭᠤᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠰᠢᠨ᠎ᠡ ᠦᠷ᠎ᠡ | ᠪᠦᠲᠦᠮᠵᠢ ᠣᠯᠪᠠ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠪᠴᠢᠯᠡᠨ ᠠᠬᠢᠭᠤᠯᠤᠨ᠎ᠠ | ᠃ ︽ᠲᠡᠷᠢᠭᠦᠨ ᠵᠡᠷᠭᠡ ᠶᠢᠨ ᠬᠦᠷᠢᠶᠡᠯᠡᠩ ᠲᠣᠭᠤᠷᠢᠭ︾ ᠤᠨ ᠬᠥᠭᠵᠢᠯᠲᠡ ᠶᠢᠨ ᠬᠠᠷᠠᠯᠲᠠ ᠲᠠᠢ ᠨᠢᠭᠲᠠ | ᠤᠶᠠᠯᠳᠤᠭᠤᠯᠤᠨ᠂ ᠶᠡᠭᠡ ᠬᠦᠴᠦ ᠣᠷᠣᠭᠤᠯᠤᠨ ᠰᠠᠭᠤᠷᠢ ᠲᠦᠭᠦᠭᠡᠷᠦᠮᠵᠢ ᠶᠢ ᠴᠢᠩᠭᠠᠳᠬᠠᠵᠤ᠂ ᠲᠥᠷᠥᠯ ᠵᠦᠢᠯ ᠢ | ᠠᠳᠬᠤᠵᠤ᠂ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠩ ᠭᠠᠢ ᠶᠢᠩ ᠵᠡᠭᠡᠯᠢ ᠵᠡᠷᠭᠡ 25 ᠵᠤᠷᠪᠤᠰ᠂ | 48.8 ᠺᠢᠯᠤᠮᠧᠲᠷ ᠤᠨ ᠵᠠᠮ ᠤᠨ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠨ | ᠬᠡᠷᠡᠭᠵᠢᠭᠦᠯᠪᠡ᠃ ᠬᠤᠩ ᠬᠠᠢ ᠽᠢ᠂ ᠠᠯᠮᠤᠷᠠᠳ ᠵᠡᠷᠭᠡ ᠲᠦᠷᠪᠡᠨ 220kV᠂ ᠲᠠᠪᠤᠨ 110kV ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ᠬᠦᠷᠢᠶᠡᠯᠡᠩ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠪᠬᠢ ᠢᠯᠡᠳᠲᠡ ᠳᠡᠭᠡᠭᠰᠢᠯᠡᠪᠡ᠃ ᠬᠤᠸᠠ | ᠸᠧᠶ᠂ ᠠᠯᠮᠤᠷᠠᠳ᠂ ᠠᠯᠢᠪᠠᠪᠠ ᠵᠡᠷᠭᠡ ᠪᠠᠶᠢᠭᠤᠯᠵᠤ ᠪᠠᠶᠢᠭ᠎ᠠ ᠲᠣᠮᠣ ᠳ᠋ᠠᠶᠢᠲ᠋ᠠ ᠶᠢᠨ ᠠᠵᠤ ᠠᠬᠤᠶᠢᠯᠠᠯ 10 ᠪᠣᠯᠤᠨ | ᠨᠡᠮᠡᠭᠳᠡᠵᠦ᠂ ᠦᠢᠯᠡᠴᠢᠯᠡᠭᠦᠷ ᠤᠨ ᠵᠢᠷᠤᠭ ᠲᠥᠯᠥᠪᠯᠡᠭᠡ ᠶᠢᠨ ᠬᠡᠪᠴᠢᠶ᠎ᠡ 110 ᠲᠦᠮᠡ ᠶᠢ ᠳᠠᠪᠠᠵᠤ᠂ ᠪᠥᠸᠧ ᠶᠤᠸᠠᠢ | ᠂ ᠡᠦ ᠲᠦᠩ ᠮᠦ ᠵᠡᠷᠭᠡ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ | ᠬᠦᠭᠵᠢᠵᠦ᠂ ᠪᠠᠢ ᠳ᠋ᠦ᠋ ᠰᠢᠨ᠎ᠡ ᠶᠢ ᠡᠭᠦᠳᠬᠦ᠂ ᠵᠥᠭᠡᠯᠡᠨ ᠨᠡᠪᠲᠡᠷᠡᠬᠦ ᠬᠥᠳᠡᠯᠭᠡᠬᠦ ᠬᠦᠴᠦᠨ ᠨᠢ ᠨᠡᠪᠴᠢᠭᠦᠯᠬᠦ ᠠᠵᠤ | ᠠᠬᠤᠶᠢᠯᠠᠯ ᠳᠤ 80 ᠬᠦᠷᠦᠭᠰᠡᠨ ᠪᠠᠶᠢᠨ᠎ᠠ᠃ ᠴᠡᠭ ᠠᠴᠠ ᠴᠡᠭ ᠲᠤ ᠬᠦᠷᠬᠦ ᠬᠤᠣᠰ ᠪᠤᠴᠠᠯ ᠵᠠᠮ ᠤᠨ ᠲᠤᠰᠬᠠᠢ | ᠬᠡᠷᠡᠭᠯᠡᠭᠡᠨ ᠤ ᠭᠡᠷᠡᠯᠯᠢᠭ ᠳᠡᠭᠡᠰᠦ ᠨᠢ ᠨᠡᠶᠢᠰᠯᠡᠯ ᠳᠤ ᠰᠢᠭᠤᠳ ᠨᠡᠪᠲᠡᠷᠡᠵᠦ᠂ ᠬᠤᠷᠣᠮᠬᠠᠨ ᠵᠠᠭᠤᠷ᠎ᠠ ᠪᠦᠬᠦ | ᠪᠥᠮᠪᠥᠷᠴᠡᠭ ᠲᠠᠢ ᠵᠠᠯᠭᠠᠯᠳᠤᠵᠤ᠂ ︽ᠡᠮᠦᠨᠡᠲᠦ ᠭᠦᠢᠵᠧᠦ ᠤᠮᠠᠷᠠᠲᠤ ᠤᠯᠠᠭᠠᠨᠴᠠᠪ ︾ ᠤᠯᠤᠰ ᠤᠨ ᠲᠤᠮᠤ | ᠳ᠋ᠠᠶᠢᠲ᠋ᠠ ᠶᠢᠨ ᠲᠥᠪ ᠤᠨ ᠪᠠᠶᠢᠷᠢ ᠰᠠᠭᠤᠷᠢ ᠳᠤᠪᠤᠶᠢᠮ᠎ᠠ ᠪᠠᠶᠢᠨ᠎ᠠ ᠃ ᠵᠢᠩ ᠨᠢᠩ 2 × 66 ᠲᠦᠮᠡᠨ | ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠠᠵᠢᠯ ᠢ ᠲᠦᠷᠭᠡᠳᠭᠡᠨ ᠠᠬᠢᠭᠤᠯᠵᠤ᠂ ᠬᠠᠶ | ᠯᠢ ᠶᠢᠨ ᠬᠤᠶᠠᠳᠤᠭᠠᠷ ᠬᠤᠭᠤᠴᠠᠭ᠎ᠠ᠂ ᠳ᠋ᠦᠩ ᠶᠠᠩ ᠭᠤᠸᠠᠩ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠬᠤᠸᠠ ᠴᠸᠡᠭ ᠪᠦᠸᠧ ᠦᠶᠯᠡᠳᠪᠦᠷᠢᠯᠡᠬᠦ ᠴᠢᠳᠠᠮᠵᠢ ᠨᠢ ᠪᠦᠬᠦ ᠳᠡᠯᠡᠬᠡᠶ ᠶᠢᠨ 40% ᠠᠴᠠ | ᠳᠡᠭᠡᠭᠰᠢ ᠶᠢ ᠡᠵᠡᠯᠡᠵᠡᠶ᠃ ᠰᠠᠨ ᠰᠢᠨ ᠯᠢᠲ᠋ᠢ ᠳ᠋ᠢᠶᠠᠨ ᡂᠢ ᠶᠢᠨ ᠪᠢᠯᠢᠭ ᠲᠦᠢᠯᠰᠢᠷᠠᠩᠭᠤᠶ ᠮᠠᠲ᠋ᠧᠷᠢᠶᠠᠯ᠂ ᠬᠤᠸᠠ | ᠷᠦᠢ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠳᠠᠩ ᠪᠡᠶᠡᠲᠦ ᠪᠠᠯ ᠴᠢᠯᠠᠭᠤᠵᠢᠬᠤ ᠦᠶᠯᠡᠳᠪᠦᠷᠢᠯᠡᠬᠦ ᠴᠢᠳᠠᠮᠵᠢ | ᠴᠥᠮ ᠤᠯᠤᠰ ᠤᠨ ᠳᠤᠲᠤᠭᠠᠳᠤ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠠᠶ᠃ ᠰᠢᠨ᠎ᠡ | ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠠᠩᠬ᠎ᠠ ᠠᠯᠬᠤᠮ ᠬᠡᠪᠴᠢᠶᠡᠵᠢᠪᠡ ᠃ ᠲᠦᠩ ᠱᠧᠩ ᠲᠠ ᠲᠦᠩ ᠂ | ᠮᠢᠩ ᠶᠠᠩ ᠰᠠᠯᠬᠢᠨ ᠬᠦᠴᠦᠨ ᠤ ᠴᠠᠬᠢᠯᠭᠠᠨ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠮᠵᠢ | ᠲᠠᠰᠤᠷᠠᠯᠲᠠ ᠦᠭᠡᠢ ᠥᠷᠭᠡᠳᠴᠦ᠂ ᠴᠢᠩ ᠬᠤᠸᠠ ᠲᠦᠩ ᠹᠠᠩ᠂ ᠢ ᠮᠢᠩ ᠴᠠᠬᠢᠯᠭᠠᠨ ᠬᠦᠴᠦᠨ ᠵᠡᠷᠭᠡ ᠲᠥᠷᠥᠯ | ᠵᠦᠶᠯ ᠢ ᠲᠦᠷᠭᠡᠳᠬᠡᠨ ᠬᠡᠷᠡᠭᠵᠢᠭᠦᠯᠵᠦ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ | ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ ᠃ ᠴᠢᠦ ᠱᠢ ᠠᠮᠢᠳᠤ | ᠪᠣᠳᠠᠰ ᠢ ᠠᠰᠢᠭᠯᠠᠯᠲᠠ ᠳᠤ ᠣᠷᠣᠭᠤᠯᠵᠤ᠂ ᠮᠧᠩ ᠭᠧᠨ ᠱᠠᠨ ᠦᠭᠡᠬᠦ ᠲᠣᠰᠣ᠂ ᠰᠢᠨ ᠰᠢᠶᠠᠨ ᠶᠦᠸᠧ ᠵᠡᠷᠭᠡ | ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠲᠥᠷᠥᠯ ᠵᠦᠢᠯ ᠢ ᠤᠷᠤᠭᠰᠢᠲᠠᠢ ᠠᠬᠢᠭᠤᠯᠪᠠ᠃ ᠵᠢᠩ ᠳ᠋ᠦᠩ᠂ | ᠲᠢᠶᠠᠨ ᠢᠦᠶ ᠳ᠋ᠡ ᠵᠡᠷᠭᠡ ᠪᠠᠷ ᠲᠥᠯᠥᠭᠡᠯᠡᠭᠦᠯᠦᠭᠰᠡᠨ ᠡᠮ ᠡᠮᠨᠡᠯᠭᠡ ᠶᠢᠨ ᠠᠵᠤ ᠦᠶᠯᠡᠰ ᠤᠨ ᠬᠦᠷᠢᠶᠡᠯᠡᠩ ᠢ | ᠲᠦᠷᠭᠡᠳᠬᠡᠨ ᠪᠠᠶᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾ ᠤᠨ ᠵᠡᠷᠭᠡᠪᠡᠷ ᠬᠦᠴᠦᠯᠡᠵᠦ᠂ ᠥᠷᠢᠰᠥᠯᠳᠦᠨ | ᠬᠥᠭᠵᠢᠬᠦ ᠪᠠᠶᠢᠷᠢᠰᠢᠯ ᠠᠩᠬ᠎ᠠ ᠠᠯᠬᠤᠮ ᠪᠦᠷᠢᠯᠳᠦᠪᠡ᠃ ᠣᠳᠣ ᠦᠶ᠎ᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ | ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠲᠤᠯᠤᠭᠠᠨ ᠰᠤᠮᠤ ᠶᠢᠨ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠳᠤ | ᠪᠠᠶᠢᠭᠤᠯᠤᠨ ᠠᠰᠢᠭᠯᠠᠯᠲᠠ ᠳᠤ ᠣᠷᠣᠵᠤ᠂ ᠪᠦᠬᠦ ᠵᠢᠯ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ | 112 ᠴᠤᠪᠤᠭ᠎ᠠ ᠲᠡᠷᠭᠡ ᠠᠶᠠᠯᠠᠪᠠ᠃ ᠤᠯᠠᠭᠠᠨᠴᠠᠪ — ᠡᠷᠢᠶᠡᠨ ᠬᠤᠲᠠ ᠶᠢᠨ ᠪᠠᠷᠠᠭ᠎ᠠ ᠶᠢᠨ ᠭᠦᠶᠯᠭᠡᠭᠡᠨ ᠤ | ᠬᠦᠶᠰᠦ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠬᠦᠶᠰᠦ ᠪᠦᠲᠦᠭᠡᠨ ᠪᠠᠶᠢᠭᠤᠯᠤᠯᠲᠠ ᠶᠢᠨ ᠨᠡᠷᠡᠰ ᠲᠤ | ᠰᠣᠩᠭᠤᠭᠳᠠᠨ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶ ᠶᠢᠨ ᠲᠤᠬᠠᠶ ᠶᠢᠨ | ᠵᠢᠯ ᠳᠤ ᠭᠤᠶᠤᠴᠢᠯᠠᠯ ᠭᠠᠷᠭᠠᠵᠤ᠂ ᠲᠤᠬᠠᠶ ᠶᠢᠨ ᠵᠢᠯ ᠳᠤ ᠴᠣᠬᠤᠯᠪᠣᠷᠢᠯᠠᠨ ᠬᠠᠷᠢᠭᠤᠯᠵᠤ᠂ ᠲᠤᠬᠠᠶ ᠶᠢᠨ ᠵᠢᠯ ᠳᠤ | ᠰᠢᠯᠭᠠᠨ ᠠᠪᠬᠤ ᠪᠦᠬᠦ ᠲᠤᠭᠤᠷᠢᠭ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠤᠭ᠎ᠠ 13.3 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠃ ᠤᠮᠠᠷᠠᠲᠤ ᠣᠷᠣᠨ ᠤ ᠡᠬᠡ ᠬᠠᠭᠤᠷᠠᠶ ᠶᠢᠨ | ᠭᠠᠷᠠᠮ ᠤᠨ ᠨᠢᠭᠡᠳᠦᠭᠡᠷ ᠬᠤᠭᠤᠴᠠᠭ᠎ᠠ᠂ ︽ ᠤᠯᠠᠭᠠᠨ ᠦᠳᠡ᠂ ᠤᠯᠠᠭᠠᠨᠪᠠᠭᠠᠲᠤᠷ᠂ ᠤᠯᠠᠭᠠᠨᠴᠠᠪ︾ ᠣᠯᠠᠨ ᠤᠯᠤᠰ | ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠭᠤᠣᠯ ᠱᠤᠭᠤᠮ ᠨᠢ ᠡᠵᠡᠩᠨᠡᠬᠦ ᠨᠥᠬᠦᠴᠡᠯ ᠢ ᠪᠦᠷᠢᠯᠳᠦᠭᠦᠯᠵᠦ᠂ | ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠥᠨᠳᠦᠷᠯᠢᠭ ᠭᠠᠵᠠᠷ ᠢ | ᠪᠠᠶᠢᠭᠤᠯᠵᠦ ᠢᠳᠡᠷᠡᠭᠦᠨ ᠠᠯᠬᠤᠭ᠎ᠠ ᠶᠢ ᠠᠯᠬᠤᠨ᠎ᠠ᠃ ᠨᠡᠶᠢᠲᠡ 45 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠸᠠᠨ ᠳ᠋ᠠ ᠠᠭᠤᠳᠠᠮ ᠲᠠᠯᠠᠪᠠᠢ ᠵᠢᠨᠢᠩ ᠳᠤ ᠰᠠᠭᠤᠷᠢᠰᠢᠵᠦ᠂ ᠸᠧᠢ ᠳ᠋ᠦᠸᠧ ᠯᠢ ᠮᠦᠸᠧ ᠡᠯ | ᠴᠸᠡᠭ ᠬᠤᠲᠠ ᠶᠢᠨ ᠲᠥᠷᠥᠯ ᠵᠦᠢᠯ ᠲᠦᠷᠭᠡᠨ ᠠᠬᠢᠪᠠ᠃ ᠿᠢ ᠱᠧᠩ ᠶᠢᠨ ᠮᠸᠡᠭ᠂ ᠥᠪᠥᠷ ᠮᠣᠩᠭᠤᠯ ᠤᠨ | ᠪᠠᠩᠬᠢ ᠶᠢᠨ ᠭᠤᠣᠯ ᠰᠡᠳᠦᠪᠲᠦ ᠪᠠᠭᠤᠳᠠᠯ ᠤᠨ ᠪᠦᠳᠦᠭᠡᠨ ᠪᠠᠶᠢᠭᠤᠯᠤᠯᠲᠠ ᠶᠢᠨ ᠬᠤᠳᠠᠯᠳᠤᠭᠠᠴᠢᠨ ᠤᠷᠢᠬᠤ ᠶᠢ ᠪᠦᠬᠦ | ᠬᠦᠴᠦᠨ ᠢᠶᠠᠷ ᠠᠬᠢᠭᠤᠯᠵᠤ᠂ ᠰᠧ ᠵᠢᠶ ᠪᠠᠭᠤᠳᠠᠯ᠂ ᠯᠢ ᠽᠢ ᠪᠦᠸᠧ ᠡᠯ ᠮᠠᠨ ᠵᠡᠷᠭᠡ ᠨᠢᠭᠡ ᠪᠦᠯᠦᠭ | ᠬᠤᠳᠠᠯᠳᠤᠭᠠᠨ ᠤ ᠶᠠᠪᠤᠳᠠᠯ ᠤᠨ ᠪᠠᠭᠤᠳᠠᠯ ᠢ ᠪᠠᠶᠢᠭᠤᠯᠤᠨ ᠡᠵᠡᠩᠨᠡᠵᠦ᠂ ᠵᠢᠭᠤᠯᠴᠢᠯᠠᠯ ᠤᠨ ᠳᠠᠭᠠᠭᠠᠴᠠ ᠶᠢᠨ | ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠡᠷᠡᠭᠦᠯ ᠮᠡᠨᠳᠦ ᠶᠢᠨ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠯᠠᠨ ᠴᠧᠩ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ᠂ ᠪᠠᠢ ᠸᠠᠩ᠂ ᠬᠤᠩ | ᠬᠠᠢ ᠽᠢ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠡᠮᠬᠢ ᠵᠢᠷᠤᠮ ᠲᠠᠢ ᠠᠬᠢᠪᠠ᠃ ᠤᠯᠠᠭᠠᠨᠴᠠᠪ ᠤᠨ ᠬᠤᠷᠠᠯ | ᠦᠵᠡᠰᠬᠦᠯᠡᠩ ᠤᠨ ᠲᠥᠪ ᠤᠨ ᠵᠡᠭᠦᠨ ᠪᠠᠷᠠᠭᠤᠨ ᠣᠷᠳᠣᠨ ᠪᠦᠬᠦ ᠲᠠᠯ᠎ᠠ ᠪᠠᠷ ᠪᠠᠶᠢᠭᠤᠯᠤᠭᠳᠠᠪᠠ ᠂ ᠳᠥᠷᠪᠡᠳᠦᠭᠡᠷ | ᠬᠤᠭᠤᠴᠠᠭᠠᠨ ᠤ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠵᠢᠭᠤᠯᠴᠢᠯᠠᠯ ᠤᠨ ᠰᠠᠶᠢᠳ ᠨᠠᠷ ᠤᠨ ᠬᠤᠷᠠᠯ᠂ | ᠭᠤᠷᠪᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠳᠦᠷᠪᠡᠳᠦᠭᠡᠷ | ᠬᠤᠭᠤᠴᠠᠭᠠᠨ ᠤ ᠳᠤᠮᠳᠠᠳᠤ ᠤᠯᠤᠰ ᠤᠨ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠦᠵᠡᠰᠬᠦᠯᠡᠩ᠂ | ᠨᠠᠢᠮᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠠᠮᠲᠠᠲᠤ ᠢᠳᠡᠭᠡᠨ ᠤ ᠨᠠᠶᠢᠷ᠂ ᠲᠠᠪᠤᠳᠤᠭᠠᠷ | ᠬᠤᠭᠤᠴᠠᠭᠠᠨ ᠤ ᠭᠡᠷ ᠪᠠᠶᠢᠰᠢᠩ ᠤᠨ ᠦᠵᠡᠭᠦᠯᠦᠯᠭᠡ ᠶᠢᠨ ᠴᠤᠭᠯᠠᠭᠠᠨ ᠵᠢᠴᠢ ᠲᠠᠯ᠎ᠠ ᠨᠤᠲᠤᠭ ᠤᠨ ᠳᠠᠭᠤᠤ | ᠬᠥᠭᠵᠢᠮ ᠤᠨ ᠱᠠᠩᠨᠠᠯ ᠣᠯᠭᠤᠬᠤ ᠦᠪᠡᠳᠡᠭᠰᠢ ᠶᠣᠰᠣᠯᠠᠯ ᠢ ᠠᠮᠵᠢᠯᠲᠠ ᠲᠠᠢ ᠡᠷᠬᠢᠯᠡᠵᠦ᠂ ᠬᠤᠲᠠ ᠶᠢᠨ ᠨᠥᠯᠥᠭᠡᠯᠡᠬᠦ | ᠬᠦᠴᠦᠨ ᠪᠠ ᠲᠠᠲᠠᠬᠤ ᠬᠦᠴᠦᠨ ᠶᠡᠬᠡᠪᠡᠷ ᠳᠡᠭᠡᠭᠰᠢᠯᠡᠪᠡ᠃ | ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠴᠢᠳᠠᠮᠵᠢ ᠶᠢᠨ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠵᠦ | ᠂ ᠰᠠᠭᠤᠷᠢ ᠶᠢ ᠴᠢᠩᠭᠠᠳᠬᠠᠵᠤ᠂ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠤᠲᠠ ᠶᠢᠨ ᠠᠮᠢᠳᠤᠷᠠᠯ ᠤᠨ ᠣᠷᠴᠢᠨ | ᠲᠤᠭᠤᠷᠢᠨ ᠢ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ ᠪᠤᠯᠭᠠᠵᠠᠢ᠃ ᠬᠤᠳᠠ ᠶᠢᠨ ᠣᠷᠣᠨ ᠵᠠᠶ ᠶᠢᠨ | ᠪᠠᠶᠢᠷᠢᠰᠢᠯ ᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ | ᠠᠬᠢᠭᠤᠯᠵᠤ᠂ ︽ᠤᠯᠠᠭᠠᠨᠴᠠᠪ ᠬᠤᠲᠠ ᠶᠢᠨ ᠬᠤᠲᠠ ᠶᠢᠨ ᠶᠡᠷᠦᠩᠬᠡᠶ ᠲᠥᠯᠥᠪᠵᠢᠭᠦᠯᠭᠡ ︵2011 — 2030︶ | ︾᠂ ︽ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠭᠠᠵᠠᠷ ᠰᠢᠷᠣᠶ ᠠᠰᠢᠭᠯᠠᠬᠤ ᠶᠡᠷᠦᠩᠬᠡᠶ | ᠲᠥᠯᠥᠪᠵᠢᠭᠦᠯᠭᠡ ︵2009 — 2020︶︾᠂ ︽ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ | ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ︵2009 — 2020︶︾ ᠶᠢ ᠵᠠᠰᠠᠨ | ᠨᠠᠶᠢᠷᠠᠭᠤᠯᠵᠤ ᠳᠠᠭᠤᠰᠬᠠᠪᠠ ᠃ ᠾᠧ ᠳ᠋ᠦᠩ ᠤᠨ ᠡᠮᠦᠨ᠎ᠡ ᠤᠮᠠᠷ᠎ᠠ ᠶᠢᠨ ᠵᠠᠯᠭᠠᠯᠳᠤᠭᠰᠠᠨ ᠣᠷᠣᠨ 39 ᠲᠡᠭᠰᠢ | ᠳᠥᠷᠪᠡᠯᠵᠢᠨ ᠺᠢᠯᠤᠮᠧᠲᠷ᠂ ᠴᠢᠶᠣᠤ ᠰᠢ ᠲᠠᠢ ᠵᠠᠯᠭᠠᠯᠳᠤᠭᠰᠠᠨ ᠣᠷᠣᠨ ᠪᠣᠯᠤᠨ ᠤᠳᠤ ᠦᠶ᠎ᠡ ᠶᠢᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠡᠰᠡᠭ ᠭᠠᠵᠠᠷ 19.9 ᠲᠡᠭᠰᠢ ᠳᠥᠷᠪᠡᠯᠵᠢᠨ ᠺᠢᠯᠤᠮᠧᠲᠷ ᠤᠨ | ᠬᠦᠷᠢᠶᠡᠨ ᠲᠤᠲᠤᠷ᠎ᠠ ᠬᠢᠵᠠᠭᠠᠷᠯᠠᠬᠤ ᠠᠵᠢᠯ ᠦᠷ᠎ᠡ ᠪᠦᠲᠦᠭᠡᠯ ᠤᠯᠪᠠ ᠃ ᠮᠠ ᠯᠢᠶᠠᠨ ᠴᠢᠦᠶ ᠰᠢᠶᠠᠩ ᠤᠨ ᠰᠢᠨ | ᠵᠢᠶ ᠪᠠᠯᠭᠠᠰᠤᠨ ᠤ ᠲᠦᠪ ᠲᠣᠭᠤᠷᠢᠭ ᠤᠨ ᠬᠢᠵᠠᠭᠠᠷᠯᠠᠬᠤ ᠠᠵᠢᠯ ᠢ ᠡᠬᠢᠯᠡᠭᠦᠯᠵᠦ᠂ ᠪᠥᠬᠦ ᠣᠷᠣᠨ ᠪᠦᠰᠡ ᠶᠢᠨ | ᠲᠥᠯᠥᠪᠵᠢᠭᠦᠯᠭᠡ ᠶᠢᠨ ᠰᠢᠰᠲ᠋ᠧᠮ ᠲᠡᠭᠦᠯᠳᠡᠷᠵᠢᠪᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ | ᠶᠡᠬᠡᠪᠡᠷ ᠲᠦᠯᠬᠢᠨ ᠠᠬᠢᠭᠤᠯᠵᠠᠢ᠃ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠦᠬᠦ | ᠱᠤᠭᠤᠮ ᠢᠶᠠᠷ ᠢᠶᠠᠨ ᠲᠡᠷᠭᠡ ᠨᠡᠪᠲᠡᠷᠡᠵᠦ᠂ ᠵᠢᠨᠢᠩ ᠳ᠋ᠠᠲ᠋ᠤᠩ ᠲᠦᠷᠭᠡᠨ ᠤ ᠲᠡᠮᠦᠷ ᠵᠠᠮ ᠡᠬᠢᠯᠡᠨ ᠬᠡᠷᠡᠭᠵᠢᠭᠦᠯᠦᠭᠳᠡᠵᠦ | ᠂ ︽ᠨᠡᠶᠢᠰᠯᠡᠯ ᠠᠴᠠ ᠤᠶᠢᠷᠠᠬᠠᠨ ᠨᠢᠭᠡ ᠴᠠᠭ ᠤᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠬᠤ︾ ᠪᠠ ︽ | ᠲᠦᠷᠭᠡᠨ ᠤ ᠲᠡᠮᠦᠷ ᠵᠠᠮ ᠤᠨ ᠠᠵᠤ ᠠᠬᠤᠢ ᠶᠢ ᠬᠤᠪᠢᠶᠠᠯᠴᠠᠬᠤ︾ ᠬᠦᠰᠡᠯ ᠵᠡᠭᠦᠳᠦ ᠨᠢ ᠪᠣᠳᠠᠲᠤ ᠠᠬᠤᠢ ᠪᠣᠯᠤᠨ | ᠬᠤᠪᠢᠷᠠᠪᠠ᠃ ᠮᠥᠩᠭᠦᠨ ᠭᠦᠢᠯᠭᠡᠭᠡᠨ ᠤ ᠬᠤᠶᠢᠲᠤ ᠵᠡᠭᠡᠯᠢ ᠵᠡᠷᠭᠡ 13 ᠵᠤᠷᠪᠤᠰ ᠵᠠᠮ ᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ᠂ ᠲᠠᠶᠢᠴᠠᠩ ᠵᠠᠮ ᠵᠡᠷᠭᠡ 6 ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ ᠢᠯᠴᠢ ᠬᠠᠩᠭᠠᠬᠤ᠂ ᠤᠰᠤ | ᠭᠠᠳᠠᠭᠰᠢᠯᠠᠭᠤᠯᠬᠤ᠂ ᠰᠢᠲᠠᠮᠠᠬᠠᠶ ᠬᠡᠢ ᠶᠢᠨ ᠲᠣᠤᠷ ᠢ 150 ᠺᠢᠯᠣᠮᠧᠲᠷ ᠳᠡᠪᠢᠰᠴᠡᠶ᠃ ᠬᠤᠳᠠ ᠶᠢᠨ ᠪᠠᠶᠢᠭᠠᠯᠢ ᠶᠢᠨ | ᠰᠢᠲᠠᠮᠠᠬᠠᠶ ᠬᠡᠢ ᠶᠢᠨ ᠳᠤᠮᠳᠠ ᠳᠠᠷᠤᠯᠲᠠᠲᠤ ᠬᠤᠭᠤᠯᠠᠶ ᠱᠤᠭᠤᠮ ᠢ ᠱᠠᠨᠰᠢ ᠪᠡᠭᠡᠵᠢᠩ ᠤᠨ ᠳᠥᠷᠪᠡᠳᠦᠭᠡᠷ | ᠱᠤᠭᠤᠮ ᠲᠠᠢ ᠠᠮᠵᠢᠯᠲᠠ ᠲᠠᠢ ᠪᠠᠷ ᠵᠣᠯᠭᠠᠭᠤᠯᠪᠠ᠃ ᠨᠠᠨ ᠱᠠ ᠾᠧ ᠶᠢᠨ ᠶᠡᠷᠦᠩᠬᠡᠶᠢᠯᠡᠭᠰᠡᠨ ᠵᠠᠰᠠᠯᠲᠠ ᠶᠢ | ᠲᠦᠷᠭᠡᠳᠬᠡᠨ ᠬᠡᠷᠡᠭᠵᠢᠭᠦᠯᠵᠦ᠂ ᠬᠠᠭᠤᠴᠢᠨ ᠬᠤᠲᠠ ᠲᠤᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ | ᠰᠠᠶᠢᠵᠢᠷᠠᠪᠠ᠃ ᠬᠦᠳᠡᠯᠭᠡᠭᠴᠢ ᠲᠥᠪ᠂ ᠭᠤᠸᠠᠩ ᠮᠢᠩ ᠵᠡᠷᠭᠡ 110kV ᠬᠦᠴᠦᠳᠡᠯ ᠥᠭᠡᠷᠡᠴᠢᠯᠡᠬᠦ 6 | ᠢᠨᠵᠧᠨᠧᠷᠢᠩ ᠢ ᠡᠬᠢᠯᠡᠭᠦᠯᠵᠦ᠂ ᠤᠰᠤᠨ ᠤ ᠰᠤᠷᠪᠤᠯᠵᠢ ᠶᠢᠨ ᠭᠠᠵᠠᠷ᠂ ᠢᠯᠴᠢ ᠶᠢᠨ ᠰᠤᠷᠪᠤᠯᠵᠢ ᠶᠢᠨ | ᠦᠶᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠵᠡᠷᠭᠡ ᠪᠠᠷ ᠲᠦᠯᠬᠢᠨ ᠠᠬᠢᠭᠤᠯᠵᠤ᠂ ᠬᠤᠲᠠ ᠶᠢᠨ ᠴᠢᠳᠠᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠯᠢᠦᠢ ᠳ᠋ᠢ᠂ ᠹᠦ᠋ ᠯᠢ᠂ ᠸᠠᠨ ᠳ᠋ᠠ᠂ ᠾᠧᠩ ᠳ᠋ᠡ ᠵᠡᠷᠭᠡ ᠨᠡᠷᠡᠲᠦ | ᠲᠡᠮᠳᠡᠭᠲᠦ ᠭᠠᠵᠠᠷ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠤᠲᠠ ᠶᠢᠨ | ᠠᠷᠠᠳ ᠤᠨ ᠴᠢᠨᠠᠷ ᠰᠠᠶᠢᠲᠠᠶ ᠣᠷᠣᠰᠢᠨ ᠰᠠᠭᠤᠬᠤ ᠬᠡᠷᠡᠭᠴᠡᠭᠡ ᠶᠢ ᠤᠯᠠᠮ ᠨᠢᠭᠡ ᠠᠯᠬᠤᠮ ᠬᠠᠨᠭ᠍ᠭᠠᠵᠠᠢ᠃ 11 | ᠵᠤᠷᠪᠤᠰ ᠨᠡᠶᠢᠲᠠ ᠶᠢᠨ ᠮᠠᠰᠢᠨ ᠲᠡᠷᠭᠡᠨ ᠤ ᠵᠠᠮ ᠱᠤᠭᠤᠮ ᠢ ᠰᠢᠨ᠎ᠡ ᠪᠠᠷ ᠨᠡᠮᠡᠭᠳᠡᠭᠦᠯᠦᠨ ᠰᠢᠯᠢᠳᠡᠭᠵᠢᠭᠦᠯᠵᠦ᠂ ︽ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠨᠣᠮᠧᠷ︾ ᠤᠨ 7 ᠵᠤᠷᠪᠤᠰ ᠱᠤᠭᠤᠮ ᠢ ᠪᠣᠶ ᠪᠣᠯᠭᠠᠵᠤ᠂ | ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠣᠯᠪᠠ᠃ ᠬᠤᠲᠠ ᠶᠢᠨ ᠬᠠᠮᠢᠶᠠᠷᠤᠯᠲᠠ ᠶᠢᠨ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠡᠷᠴᠢᠮ ᠤᠷᠢᠳᠤ ᠭᠠᠷᠤᠭ᠎ᠠ ᠦᠭᠡᠢ ᠴᠢᠩᠭᠠᠷᠠᠵᠤ᠂ ᠨᠡᠶᠢᠲᠡ 2.3 ᠲᠦᠮᠡ ᠭᠠᠷᠤᠶ ᠰᠠᠶᠢᠨ ᠳᠤᠷ᠎ᠠ ᠶᠢᠨ | ᠠᠵᠢᠯᠯᠠᠭᠴᠢ ᠪᠠ ᠥᠷᠭᠡᠨ ᠣᠯᠠᠨ ᠬᠤᠲᠠ ᠶᠢᠨ ᠠᠷᠠᠳ ᠢ ᠳᠠᠶᠢᠴᠢᠯᠠᠵᠤ᠂ ︽ᠨᠡᠶᠢᠭᠡᠮ ᠲᠣᠭᠤᠷᠢᠭ ᠤᠨ ᠰᠠᠭᠤᠭᠠᠯᠢ | ᠲᠣᠭᠤᠷᠢᠭ ᠢ ᠳᠠᠭᠠᠭᠠᠴᠢᠯᠠᠨ ᠬᠤᠯᠪᠣᠭᠠᠯᠠᠬᠤ︾ ᠪᠠ ︽ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ | ᠦᠶᠯᠡᠴᠢᠯᠡᠭᠡ︾ ᠳᠤ ᠢᠳᠡᠪᠬᠢᠲᠡᠶ ᠤᠷᠤᠯᠴᠠᠭᠤᠯᠪᠠ᠃ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠦ᠂ ᠪᠠᠷᠢᠯᠭ᠎ᠠ ᠶᠢᠨ ᠳᠦᠷᠢᠮ ᠢ ᠵᠦᠷᠢᠴᠡᠭᠰᠡᠨ ᠢ ᠨᠡᠶᠢᠲᠡ 7.6 ᠲᠦᠮᠡᠨ ᠲᠡᠭᠰᠢ | ᠳᠥᠷᠪᠡᠯᠵᠢᠨ ᠬᠡᠰᠡᠭ ᠨᠤᠷᠠᠭᠠᠵᠤ᠂ ᠪᠦᠯᠬᠦᠮᠳᠡᠯ ᠶᠡᠭᠡ ᠵᠡᠭᠡᠯᠢ᠂ ᠰᠢᠨ ᠲᠢ ᠶᠡᠭᠡ ᠵᠡᠭᠡᠯᠢ ᠵᠡᠷᠭᠡ 10 ᠵᠤᠷᠪᠤᠰ | ᠭᠤᠣᠯ ᠵᠠᠮ ᠤᠨ ᠳᠡᠯᠭᠡᠭᠦᠷ ᠤᠨ ᠫᠠᠶᠢᠰᠠ ᠶᠢ ᠳᠡᠰ ᠳᠡᠪᠰᠢᠭᠦᠯᠬᠦ ᠵᠢᠴᠢ ᠡᠮᠦᠨ᠎ᠡ ᠤᠮᠠᠷ᠎ᠠ ᠣᠷᠣᠵᠤ ᠭᠠᠷᠬᠤ | ᠭᠠᠵᠠᠷ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠦᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ ᠠ ᠳᠤ ᠬᠦᠷᠦᠭᠰᠡᠨ ᠬᠤᠰᠢᠭᠤ ᠰᠢᠶᠠᠨ | ᠲᠣᠭᠤᠷᠢᠭ ᠤᠨ ᠰᠢᠯᠭᠠᠨ ᠠᠪᠬᠤ ᠶᠢ ᠠᠮᠵᠢᠯᠲᠠ ᠲᠠᠢ ᠪᠡᠶᠡᠯᠡᠭᠦᠯᠪᠡ᠃ ︽ᠵᠣᠷᠯᠣᠩ ᠤᠨ ᠬᠤᠪᠢᠰᠬᠠᠯ︾ ᠢ | ᠲᠦᠷᠭᠡᠳᠬᠡᠨ ᠠᠬᠢᠭᠤᠯᠵᠤ᠂ 42 ᠰᠠᠭᠤᠷᠢ ᠤᠰᠤ ᠪᠠᠷ ᠴᠡᠪᠡᠷᠰᠢᠭᠦᠯᠬᠦ ᠨᠡᠶᠢᠲᠡ ᠶᠢᠨ ᠵᠣᠷᠯᠣᠩ ᠡᠮᠬᠢ ᠵᠢᠷᠤᠮ ᠲᠠᠢ | ᠠᠬᠢᠵᠤ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠰᠢᠢᠳᠪᠦᠷᠢᠯᠡᠬᠦ ᠨᠣᠷᠮ᠎ᠠ ᠶᠢ | 100% ᠳᠤ ᠬᠦᠡᠭᠡᠵᠡᠢ᠃ ᠪᠦᠬᠦ ᠤᠯᠤᠰ ᠤᠨ ᠵᠣᠬᠢᠶᠠᠮᠠᠯ ᠤᠶᠤᠯᠢᠭ ᠬᠤᠳᠠ ᠶᠢᠨ ᠲᠦᠷᠦᠭᠦᠤ ᠪᠦᠯᠦᠭ ᠤᠨ | ᠦᠯᠢᠭᠡᠷ ᠳᠠᠭᠤᠷᠢᠶᠠᠯ ᠵᠢᠱᠢᠶ᠎ᠡ ᠦᠵᠡᠬᠦᠯᠬᠦ ᠣᠷᠣᠨ ᠤ ᠪᠦᠳᠦᠭᠡᠨ ᠪᠠᠶᠢᠭᠤᠯᠤᠯᠲᠠ ᠱᠠᠳᠤ ᠦᠶ᠎ᠡ ᠶᠢᠨ ᠴᠢᠨᠠᠷᠲᠠᠶ | ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠬᠦ | ᠬᠦᠴᠦᠨ ᠢᠶᠠᠷ ᠢᠶᠠᠨ ᠬᠥᠭᠵᠢᠭᠡᠵᠦ᠂ ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠰᠢᠨ᠎ᠡ ᠶᠢ ᠡᠭᠦᠳᠬᠦ ᠶᠢ ᠠᠬᠢᠭᠤᠯᠵᠤ | ᠂ ᠡᠯ᠎ᠡ ᠵᠦᠶᠯ ᠤᠨ ᠥᠭᠡᠷᠡᠴᠢᠯᠡᠯᠲᠡ ᠴᠢᠬᠤᠯᠠ ᠰᠢᠪᠲᠤᠯᠤᠯᠲᠠ ᠲᠠᠢ ᠪᠣᠯᠪᠠ᠃ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ | ᠶᠠᠪᠤᠳᠠᠯ ᠤᠨ ᠦᠶᠯᠡᠴᠢᠯᠡᠭᠡ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠵᠡᠷᠭᠡ ᠰᠠᠯᠠᠭ᠎ᠠ | ᠮᠥᠴᠢᠷ ᠢ ᠪᠠᠶᠢᠭᠤᠯᠵᠤ᠂ ᠵᠠᠰᠠᠭ ᠤᠨ ᠣᠷᠳᠣᠨ ᠤ ᠦᠶᠯᠡᠳᠦᠯ ᠴᠢᠳᠠᠪᠤᠷᠢ ᠶᠢ ᠦᠷᠬᠦᠯᠵᠢᠯᠡᠨ ᠳᠡᠭᠡᠭᠰᠢᠯᠡᠭᠦᠯᠪᠡ᠃ | ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ᠂ ᠡᠭᠦᠷᠭᠡ | ᠴᠢᠳᠠᠪᠤᠷᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠲᠠᠪᠤᠨ ᠶᠡᠭᠡ ᠰᠠᠭᠤᠷᠢᠨ | ᠭᠠᠵᠠᠷ︾ ᠤᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ︽ᠲᠠᠪᠤᠨ ᠶᠠᠮᠤᠨ᠂ ᠨᠢᠭᠡ ᠠᠯᠪᠠᠨ ᠭᠡᠷ᠂ | ᠬᠤᠶᠠᠷ ᠲᠣᠪᠴᠢᠶ᠎ᠠ︾ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠠᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ | ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠲᠥᠰᠦᠯ︾ ᠢ ᠲᠣᠭᠲᠠᠭᠠᠨ | ᠨᠡᠶᠢᠲᠡᠯᠡᠵᠦ᠂ ᠬᠢᠨᠠᠨ ᠵᠥᠪᠰᠢᠶᠡᠷᠡᠬᠦ ᠦᠶᠯᠡᠴᠢᠯᠡᠭᠡ ᠶᠢ ︽ᠳᠠᠷᠦ᠋ᠢᠬᠠᠨ ᠭᠦᠶᠴᠡᠳᠬᠡᠬᠦ᠂ ᠰᠦᠯᠵᠢᠶᠡᠨ ᠳᠡᠭᠡᠷ᠎ᠡ | ᠭᠦᠶᠴᠡᠳᠬᠡᠬᠦ᠂ ᠤᠶᠢᠷ᠎ᠠ ᠬᠠᠪᠢ ᠳᠤᠨᠢ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠪᠥᠬᠦ | ᠬᠦᠴᠦᠨ ᠢᠶᠠᠷ ᠢᠶᠠᠨ ᠬᠡᠷᠡᠭᠵᠢᠭᠦᠯᠵᠦ᠂ ᠣᠯᠠᠨ ᠲᠦᠮᠡᠨ ᠳᠤ ᠦᠶᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ | ᠦᠨᠡᠨᠬᠦ ᠰᠢᠢᠳᠪᠦᠷᠢᠯᠡᠵᠡᠢ᠃ ᠠᠵᠤ ᠠᠬᠤᠶᠢᠯᠠᠯ ᠤᠨ ᠣᠷᠣᠯᠠᠨ ᠭᠦᠢᠴᠡᠳᠬᠡᠬᠦ ᠲᠥᠪ ᠪᠠᠶᠢᠭᠤᠯᠵᠤ᠂ ᠠᠵᠤ | ᠠᠬᠤᠶᠢᠯᠠᠯ ᠤᠨ ᠲᠥᠷᠥᠯ ᠵᠦᠶᠯ ᠢ ᠲᠣᠭᠲᠠᠭᠠᠬᠤ ᠠᠴᠠ ᠪᠠᠷᠢᠯᠭ᠎ᠠ ᠳᠠᠭᠤᠰᠬᠤ ᠬᠦᠷᠲᠡᠯᠡᠬᠢ ᠭᠠᠷᠳᠠᠮ ᠢ ᠪᠥᠬᠦ ᠶᠠᠪᠤᠴᠠ | ᠳᠤ ᠣᠷᠣᠯᠠᠨ ᠭᠦᠶᠴᠡᠳᠬᠡᠬᠦ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠴᠠᠭ ᠲᠤᠬᠠᠶ ᠳᠤᠨᠢ | ᠭᠦᠶᠴᠡᠳᠬᠡᠵᠦ ᠳᠠᠭᠤᠰᠬᠠᠭᠰᠠᠨ ᠨᠣᠷᠮ᠎ᠠ ᠶᠢ 100% ᠳᠤ ᠬᠦᠷᠦᠭᠦᠯᠵᠡᠢ᠃ ᠬᠤᠳᠠᠯᠳᠤᠭᠠᠨ ᠤ ᠶᠠᠪᠤᠳᠠᠯ ᠤᠨ | ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ︽ ᠤᠯᠠᠨ ᠦᠨᠡᠮᠯᠡᠯ ᠢ ᠨᠡᠶᠢᠯᠡᠭᠦᠯᠦᠨ | ᠨᠢᠭᠡ ᠪᠣᠯᠭᠠᠬᠤ︾᠂ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾᠂ ︽ᠦᠨᠡᠮᠯᠡᠯ ᠢ ᠠᠰ ᠳᠤᠨᠢ | ᠰᠠᠯᠭᠠᠬᠤ︾ ᠪᠠ ᠪᠦᠬᠦ ᠶᠠᠪᠤᠴᠠ ᠶᠢᠨ ᠰᠦᠯᠵᠢᠶᠡᠨ ᠳᠡᠭᠡᠷ᠎ᠡ ᠡᠯᠧᠺᠲᠷᠣᠨ ᠢᠶᠠᠷ ᠳᠠᠩᠰᠠᠯᠠᠬᠤ ᠶᠢ ᠪᠦᠬᠦ ᠲᠠᠯ᠎ᠠ ᠪᠠᠷ | ᠬᠡᠷᠡᠭᠵᠢᠭᠦᠯᠵᠡᠢ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢᠨ ᠲᠦᠷᠢᠮ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠵᠤ᠂ ᠪᠦᠬᠦ ᠵᠢᠯ ᠳᠤ 4797 ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠢᠨ᠎ᠡ ᠪᠠᠷ | ᠨᠡᠮᠡᠭᠳᠡᠭᠦᠯᠪᠡ᠃ ᠤᠯᠤᠰ ᠤᠨ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ | ᠪᠦᠲᠦᠮᠵᠢᠲᠡᠶ ᠨᠠᠶᠢᠳᠠᠪᠤᠷᠢᠵᠢᠭᠤᠯᠵᠤ᠂ 4.87 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ ᠬᠡᠯᠲᠦᠷᠢᠭᠦᠯᠪᠡ | ᠃ ᠪᠦᠬᠦ ᠬᠤᠲᠠ ᠳᠤ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ | ᠵᠦᠶᠯ ᠤᠨ ᠳᠦᠷᠢᠮ ᠪᠣᠯᠤᠨ ᠢᠨᠵᠧᠨᠧᠷᠢᠩ ᠤᠨ ᠬᠦᠷᠢᠶᠡᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠡᠩ | ᠲᠡᠷᠢᠭᠦᠨ ᠳᠤ ᠬᠡᠷᠡᠭᠵᠢᠭᠦᠯᠵᠡᠶ᠃ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ | ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠬᠦᠯᠵᠡᠢ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ | ᠵᠢᠴᠢ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠥᠷᠨᠢᠭᠦᠯᠵᠦ᠂ ᠨᠢᠭᠡ ᠰᠢᠶᠠᠩ ᠨᠢᠭᠡ | ᠪᠠᠯᠭᠠᠰᠤᠨ ᠤ 25 ᠲᠣᠰᠬᠤᠨ ᠤ ᠬᠠᠮᠲᠤ ᠳᠤ ᠴᠥᠮ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠡ | ᠪᠠᠶᠢᠭᠤᠯᠵᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠨᠣᠷᠮ᠎ᠠ 99.1% ᠳᠤ ᠬᠦᠷᠴᠡᠶ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠪᠠᠲᠤᠯᠠᠬᠤ ᠰᠢᠰᠲ᠋ᠧᠮ ᠢ ᠦᠨᠡᠨᠬᠦ | ᠪᠠᠶᠢᠭᠤᠯᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ | ᠲᠥᠷᠥᠭᠳᠡᠯ ᠢᠯᠡᠳᠲᠡ ᠴᠢᠩᠭᠠᠷᠠᠪᠠ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ | ᠴᠢᠩᠭᠠᠷᠠᠪᠠ᠃ ᠬᠤᠳᠠ ᠪᠠᠯᠭᠠᠰᠤᠨ ᠤ 5000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ 1.7 ᠲᠦᠮᠡᠨ ᠬᠥᠮᠦᠨ ᠳᠤ ᠠᠵᠢᠯ ᠣᠯᠭᠤᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠤᠯᠤᠭᠰᠠᠨ ᠨᠤᠷᠮ᠎ᠠ ᠶᠢ 4.0% ᠬᠦᠷᠴᠡᠢ᠃ ᠶᠡᠭᠡ ᠬᠦᠴᠦ | ᠣᠷᠣᠭᠤᠯᠵᠤ ᠪᠠᠶᠢᠭᠠᠳ ᠡᠳ᠋ ᠤᠨ ᠵᠠᠰᠠᠭ ᠤᠨ ᠵᠠᠷᠤᠯᠭ᠎ᠠ ᠶᠢ ᠰᠢᠯᠢᠳᠡᠭᠵᠢᠭᠦᠯᠵᠦ᠂ ᠡᠳ᠋ ᠤᠨ ᠬᠦᠴᠦᠨ ᠢ ᠠᠷᠪᠢᠯᠠᠵᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠬᠡᠷᠡᠭᠯᠡᠵᠦ᠂ ᠠᠵᠤ ᠠᠬᠤᠶᠢᠯᠠᠯ ᠤᠨ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 15 ᠵᠢᠯ ᠳᠠᠷᠠᠭᠠᠯᠠᠨ ᠳᠡᠭᠡᠭᠰᠢᠯᠡᠭᠦᠯᠵᠦ᠂ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠯᠲᠠ ᠶᠢᠨ ᠨᠤᠷᠮ᠎ᠠ ᠶᠢ | 100% ᠪᠠᠷ ᠨᠡᠮᠡᠭᠳᠡᠭᠦᠯᠪᠡ ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡ | ᠴᠣᠭᠴᠠᠵᠢᠭᠤᠯᠤᠨ ᠠᠵᠢᠯᠯᠠᠭᠤᠯᠵᠤ᠂ ᠬᠤᠲᠠ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠠᠮᠤᠭ ᠤᠨ ᠥᠨᠳᠥᠷ ᠪᠠᠷᠢᠮᠵᠢᠶ᠎ᠠ ᠶᠢ ᠲᠣᠰ ᠲᠣᠰ 5.9% ᠪᠠ 6.0% ᠢᠶᠠᠷ ᠨᠡᠮᠡᠭᠳᠡᠭᠦᠯᠦᠨ᠎ᠡ ᠃ | ᠪᠥᠬᠦ ᠵᠢᠯ ᠳᠤ 2014 ᠣᠨ ᠠᠴᠠ ᠨᠠᠰᠢ ᠲᠤᠰᠢᠶᠠᠭᠠᠳᠤᠶ ᠺᠠᠳ᠋ᠷ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠮᠥᠩᠭᠦ᠂ ᠠᠵᠢᠯ ᠮᠡᠷᠭᠡᠵᠢᠯ ᠤᠨ ᠣᠨ ᠤ ᠮᠥᠩᠭᠦ 2.16 ᠳ᠋ᠦᠩᠰᠢᠭᠤᠷ ᠲᠥᠭᠦᠷᠢᠭ ᠨᠥᠬᠦᠨ | ᠲᠤᠰᠢᠶᠠᠵᠠᠢ᠃ 1262 ᠴᠡᠷᠢᠭ ︵ᠦᠷᠡᠭᠳᠡᠭᠰᠡᠨ ᠪᠠᠭᠠᠲᠤᠷ︶ ᠤᠨ ᠬᠠᠷᠢᠶᠠᠨ ᠳᠤ 2466 ᠲᠦᠮᠡᠨ | ᠲᠥᠭᠦᠷᠢᠭ ᠤᠨ ᠠᠰᠠᠷᠠᠮᠵᠢ ᠶᠢᠨ ᠮᠦᠡᠭᠭᠦ ᠲᠠᠷᠬᠠᠭᠠᠵᠤ᠂ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ᠂ ᠥᠨᠥᠴᠢᠨ | ᠬᠡᠤᠬᠡᠳ ᠵᠡᠷᠭᠡ ᠬᠦᠴᠢᠷᠳᠡᠯᠲᠡᠶ ᠬᠠᠮᠲᠤᠯᠢᠭ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠲᠣᠭᠲᠠᠭᠤᠨ ᠢᠶᠠᠷ ᠳᠡᠭᠡᠭᠰᠢᠯᠡᠭᠦᠯᠪᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠲᠠᠰᠤᠷᠠᠯᠲᠠ ᠦᠭᠡᠢ | ᠴᠢᠩᠭᠠᠷᠠᠪᠠ᠃ ᠶᠡᠷᠦᠩᠬᠡᠶ ᠰᠠᠶᠢᠳ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠂ | ᠤᠯᠠᠭᠠᠨᠴᠠᠪ ᠬᠤᠲᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠲᠤᠭᠤᠷᠢᠭ ᠤᠨ 1.2 ᠲᠦᠮᠡᠨ ᠡᠷᠦᠬᠡ ᠳᠥᠭᠦᠮ | ᠪᠦᠳᠦᠴᠡᠳᠦ ᠣᠷᠣᠨ ᠰᠠᠭᠤᠴᠠᠲᠤ ᠲᠣᠭᠤᠷᠢᠭ ᠢ ᠦᠭᠡᠷᠡᠴᠢᠯᠡᠨ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠰᠠᠷ᠎ᠠ ᠳᠤ ᠭᠡᠷ᠎ᠡ ᠲᠣᠭᠲᠠᠭᠰᠠᠨ ᠲᠦᠮᠡᠨ ᠡᠷᠦᠬᠡ ᠶᠢᠨ ︽ᠵᠢᠨᠢᠩ ᠤᠨ ᠳᠥᠭᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠬᠦ ᠬᠤᠷᠳᠤᠴᠠ︾ ᠶᠢ ᠡᠭᠦᠳᠴᠦ᠂ ᠲᠥᠪ ᠲᠧᠯᠸᠢᠰ ᠤᠨ ᠰᠢᠷᠢᠰ ᠲᠤᠰᠬᠠᠶ ᠰᠡᠳᠦᠪᠲᠦ | ᠹᠢᠯᠢᠮ ︽ᠳᠤᠮᠳᠠᠳᠤ ᠤᠯᠤᠰ ᠲᠤ ᠨᠤᠲᠤᠭᠰᠢᠪᠠ︾ ᠭᠡᠬᠦ ᠺᠢᠨᠣ᠋ ᠳᠤ ᠰᠣᠩᠭᠤᠭᠳᠠᠪᠠ᠃ ᠰᠢᠨ ᠱᠠᠩ ᠭᠡᠷ ᠣᠷᠣᠨ | ᠵᠡᠷᠭᠡ 12634 ᠢᠵᠢ᠂ 166 ᠲᠦᠮᠡᠨ ᠲᠡᠭᠰᠢ ᠳᠥᠷᠪᠡᠯᠵᠢᠨ ᠮᠧᠲᠷ ᠤᠨ ᠨᠤᠷᠠᠭᠠᠨ ᠨᠡᠭᠦᠯᠭᠡᠵᠦ | ᠲᠦᠪᠬᠢᠨᠡᠬᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠠᠬᠢᠭᠤᠯᠵᠠᠢ᠃ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠲᠦᠷᠦᠭᠦᠦ ᠪᠦᠯᠦᠭ ᠤᠳᠠᠭ᠎ᠠ | 20 ᠪᠠᠭ᠎ᠠ ᠲᠣᠭᠤᠷᠢᠭ᠂ 37.3 ᠲᠦᠮᠡᠨ ᠲᠡᠭᠰᠢ ᠳᠥᠷᠪᠡᠯᠵᠢᠨ ᠮᠧᠲᠷ ᠤᠨ ᠥᠭᠡᠷᠡᠴᠢᠯᠡᠯᠲᠡ ᠶᠢᠨ ᠡᠭᠦᠷᠭᠡ ᠶᠢ | ᠪᠦᠬᠦᠨ ᠢ ᠳᠠᠭᠤᠰᠬᠠᠪᠠ᠃ 2.6 ᠲᠦᠮᠡᠨ ᠢᠵᠢ ᠬᠡᠷ ᠪᠠᠶᠢᠰᠢᠩ ᠤᠨ ︽ᠦᠨᠡᠮᠯᠡᠯ ᠭᠦᠶᠴᠡᠳᠬᠡᠬᠦ ᠳᠤ ᠬᠦᠴᠢᠷᠲᠡᠶ︾ | ᠂ 3807 ᠡᠷᠦᠬᠡ ︽ᠨᠤᠷᠠᠭᠠᠵᠤ ᠨᠡᠭᠦᠬᠦ ᠳᠤ ᠬᠦᠴᠢᠷᠲᠡᠶ︾ ᠲᠡᠤᠬᠡ ᠶᠢᠨ ᠦᠯᠡᠳᠡᠭᠳᠡᠯ ᠠᠰᠠᠭᠤᠳᠠᠯ ᠢ ᠲᠣᠬᠢᠲᠠᠶ | ᠰᠢᠶᠳᠪᠦᠷᠢᠯᠡᠵᠦ᠂ ᠣᠯᠠᠨ ᠲᠦᠮᠡᠨ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠠᠮᠤᠭᠤᠯᠠᠩ ᠰᠠᠭᠤᠴᠠ ᠶᠢᠨ ᠵᠡᠭᠦᠳᠦ | ᠲᠣᠭᠲᠠᠭᠤᠨ ᠢᠶᠠᠷ ᠪᠡᠶᠡᠯᠡᠭᠳᠡᠪᠡ᠃ ᠪᠦᠬᠦ ᠵᠢᠯ ᠳᠤ ᠨᠡᠶᠢᠲᠡ 1087 ᠨᠡᠶᠢᠲᠡ ᠶᠢᠨ ᠲᠦᠷᠢᠶᠡᠰᠦᠨ ᠭᠡᠷ ᠬᠤᠪᠢᠶᠠᠵᠤ᠂ | 281 ᠲᠦᠮᠡᠨ ᠲᠥᠭᠦᠷᠢᠭ ᠤᠨ ᠲᠦᠷᠢᠶᠡᠰᠦᠨ ᠨᠥᠬᠦᠪᠥᠷᠢ ᠮᠥᠩᠭᠦ ᠲᠠᠷᠬᠠᠭᠠᠵᠤ᠂ ᠣᠷᠣᠨ ᠰᠠᠭᠤᠴᠠ ᠨᠢ | ᠬᠦᠴᠢᠷᠳᠡᠯᠲᠡᠢ ᠭᠡᠷ ᠪᠦᠯᠢ ᠶᠢᠨ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠠᠢ᠃ ᠰᠤᠷᠭᠠᠨ ᠬᠥᠮᠦᠵᠢᠯ ᠤᠨ | ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ︽ᠭᠤᠷᠪᠠᠨ ᠨᠡᠷ᠎ᠡ︾ ᠶᠢᠨ ᠢᠨᠵᠧᠨᠧᠷᠢᠩ ᠢ | ᠯᠠᠪᠳᠠᠭᠤᠨ ᠢᠶᠠᠷ ᠠᠬᠢᠭᠤᠯᠵᠠᠢ ᠃ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠶᠢᠨ 2 ᠰᠣᠷᠣᠭᠴᠢ ᠰᠢᠯᠢᠳᠡᠭ ᠬᠢᠷᠢ ᠪᠦᠲᠦᠮᠵᠢ ᠪᠠᠷ ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠨ᠂ | 11 ᠵᠢᠯ ᠤᠨ ᠲᠤᠷᠰᠢ ᠤᠯᠠᠭᠠᠨᠴᠠᠪ ᠤᠷᠤᠨ ᠤ ᠨᠢᠴᠦᠭᠦᠨ ᠬᠤᠪᠢ ᠪᠠᠷ ᠴᠢᠩᠬᠤᠸᠠ ᠶᠡᠭᠡ ᠰᠤᠷᠭᠠᠭᠤᠯᠢ᠂ | ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠭᠰᠡᠨ ︽ᠦᠭᠡᠢ ᠪᠠᠶᠢᠭᠰᠠᠨ ᠰᠢᠪᠲᠤᠯᠤᠯᠲᠠ︾ ᠶᠢ ᠪᠡᠶᠡᠯᠡᠭᠦᠯᠪᠡ᠃ ᠬᠥᠯ | ᠪᠥᠮᠪᠦᠭᠡ᠂ ᠲᠣᠣᠷ ᠪᠥᠮᠪᠦᠭᠡ᠂ ᠮᠥᠰᠥ ᠴᠠᠰᠤᠨ ᠤ ᠭᠤᠯᠭᠤᠯᠲᠠ ᠰᠤᠷᠭᠠᠭᠤᠯᠢ ᠶᠢᠨ ᠬᠦᠷᠢᠶᠡᠨ ᠳᠤ ᠣᠷᠣᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠦᠬᠦ ᠲᠤᠭᠤᠷᠢᠭ ᠵᠢᠴᠢ ᠡᠷᠭᠢᠨ ᠲᠣᠭᠤᠷᠢᠨ ᠤ ᠬᠤᠰᠢᠭᠤ ᠰᠢᠶᠠᠨ ᠤ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ 8.5 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ | ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠵᠠᠩ ᠭᠠᠶ ᠶᠢᠩ᠂ ᠪᠠᠶ | ᠸᠠᠩ ᠬᠡᠤᠬᠡᠳ ᠤᠨ ᠴᠡᠴᠡᠷᠯᠢᠭ ᠪᠦᠬᠦ ᠲᠠᠯ᠎ᠠ ᠪᠠᠷ ᠪᠠᠷᠢᠯᠭ᠎ᠠ ᠳᠠᠭᠤᠰᠴᠤ᠂ ᠵᠢᠶ᠋ᠨ ᠾᠧ ᠰᠢᠨ ᠶᠤᠸᠠᠨ B | ᠲᠣᠭᠤᠷᠢᠭ᠂ ᠰᠢᠶᠠᠩ ᠾᠧ ᠳ᠋ᠦᠩ ᠹᠠᠩ᠂ ᠵᠢᠶᠠᠩ ᠳ᠋ᠦᠩ ᠵᠢᠶᠦ᠋ᠨ ᠬᠡᠤᠬᠡᠳ ᠤᠨ ᠴᠡᠴᠡᠷᠯᠢᠭ ᠳᠣᠲᠣᠭᠠᠳᠤ ᠵᠠᠰᠠᠯ | ᠴᠢᠮᠡᠭᠯᠡᠯ ᠤᠨ ᠱᠠᠲᠤᠨ ᠳᠤ ᠣᠷᠣᠵᠠᠶ᠃ ᠵᠠᠩ ᠭᠠᠶ ᠶᠢᠩ᠂ ᠾᠧᠩ ᠳ᠋ᠡ ᠲᠤᠷᠰᠢᠯᠲᠠ ᠶᠢᠨ ᠪᠠᠭ᠎ᠠ ᠰᠤᠷᠭᠠᠭᠤᠯᠢ ᠶᠢ | ᠲᠦᠷᠭᠡᠳᠬᠡᠨ ᠪᠠᠶᠢᠭᠤᠯᠪᠠ᠃ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠤᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ | ᠤᠳᠤᠷᠢᠳᠬᠤ ᠪᠠᠭ ᠤᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠡᠶ᠃ ᠪᠡᠭᠡᠵᠢᠩ ᠤᠨ ᠴᠠᠩ | ᠴᠦᠨ ᠲᠧᠩ ᠠᠨᠠᠭᠠᠬᠤ ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠤ ᠬᠤᠯᠪᠣᠭ᠎ᠠ ᠲᠠᠢ ᠢᠳᠡᠪᠬᠢᠲᠡᠶ ᠬᠠᠮᠲᠤᠷᠠᠨ | ᠠᠵᠢᠯᠯᠠᠵᠤ᠂ ᠪᠡᠭᠡᠵᠢᠩ ᠤᠨ ᠹᠦ᠋ ᠸᠠᠶ ᠵᠡᠷᠭᠡ ᠡᠮᠨᠡᠯᠭᠡ ᠶᠢᠨ ᠬᠤᠷᠢᠶᠠᠨ ᠤ ᠨᠡᠷᠡᠲᠦ ᠲᠤᠰᠬᠠᠶ ᠮᠡᠷᠭᠡᠵᠢᠯᠲᠡᠨ ᠢ ᠲᠡᠳᠡᠨ | ᠠᠪᠴᠢᠷᠠᠵᠤ ᠮᠠᠨ ᠤ ᠲᠤᠭᠤᠷᠢᠭ ᠲᠤ ᠣᠯᠠᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠡᠭᠦᠳᠦᠨ | ᠪᠠᠶᠢᠭᠤᠯᠵᠠᠢ᠃ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠬᠢᠵᠠᠭᠠᠷᠯᠠᠵᠤ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ | ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠰᠣᠶᠣᠯ ᠪᠡᠶ᠎ᠡ ᠶᠢᠨ ᠲᠠᠮᠢᠷ ᠤᠨ ᠦᠶᠯᠡᠰ ᠲᠦᠷᠭᠡᠪᠴᠢᠯᠡᠨ | ᠬᠥᠭᠵᠢᠪᠡ᠃ ᠵᠢᠨᠢᠩ ᠤᠨ ᠳᠠᠶᠢᠯᠠᠯᠳᠤᠭᠠᠨ ᠤ ᠪᠠᠭᠤᠷᠢ ᠨᠢ ︽ ᠨᠠᠢᠮᠠᠳᠤᠭᠠᠷ ᠪᠦᠯᠦᠭ ᠪᠦᠬᠦ ᠤᠯᠤᠰ ᠤᠨ | ᠲᠡᠤᠬᠡ ᠶᠢᠨ ᠳᠤᠷᠠᠰᠬᠠᠯᠲᠤ ᠵᠦᠶᠯ ᠢ ᠬᠠᠮᠠᠭᠠᠯᠠᠬᠤ ᠨᠢᠭᠡᠴᠡ︾ ᠪᠠᠷ ᠦᠨᠡᠯᠡᠭᠳᠡᠪᠡ᠃ ᠳᠡᠯᠡᠬᠡᠶ ᠶᠢᠨ ᠡᠮᠡᠭᠲᠡᠶ ᠶᠢᠨ | ᠲᠣᠣᠷ ᠪᠥᠮᠪᠦᠭᠡ ᠶᠢᠨ ᠲᠣᠭᠤᠷᠢᠨ ᠦᠵᠡᠬᠦ ᠤᠷᠤᠯᠳᠤᠭᠠᠨ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠥᠯ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠬᠠᠳᠠ ᠠᠪᠠᠷᠢᠬᠤ ᠬᠤᠯᠪᠣᠭᠠᠲᠤ ᠤᠷᠤᠯᠳᠤᠭᠠᠨ ᠵᠡᠷᠭᠡ ᠨᠢᠭᠡ | ᠪᠦᠯᠦᠭ ᠰᠣᠶᠣᠯ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠪᠡ ᠃ ᠴᠡᠴᠡᠷᠯᠢᠭ᠂ ᠠᠭᠤᠳᠠᠮ ᠲᠠᠯᠠᠪᠠᠢ | ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠰᠣᠶᠣᠯ ᠲᠠᠮᠢᠷ ᠤᠨ ᠲᠦᠬᠦᠭᠡᠷᠤᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠤᠯᠠᠭᠠᠨᠮᠥ᠋ᠴᠢᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ | ᠣᠶᠤᠨ ᠤ ᠠᠮᠢᠳᠤᠷᠠᠯ ᠢ ᠨᠠᠩ ᠪᠠᠶᠠᠯᠢᠭ ᠰᠠᠶᠢᠬᠠᠨ ᠪᠤᠯᠭᠠᠵᠠᠢ᠃ ᠠᠮᠤᠷ ᠠᠮᠤᠭᠤᠯᠠᠩ ᠵᠢᠨᠢᠩ ᠤᠨ ᠪᠦᠲᠦᠭᠡᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠦᠨᠵᠡᠬᠡᠢ ᠥᠷᠨᠢᠭᠦᠯᠪᠡ᠃ ᠪᠦᠬᠦ ᠲᠤᠭᠤᠷᠢᠭ ᠤᠨ | ᠭᠤᠷᠪᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠬᠤᠷᠠᠯ ᠢ | ᠠᠮᠵᠢᠯᠲᠠ ᠲᠠᠢ ᠬᠤᠷᠠᠯᠳᠤᠭᠤᠯᠪᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ | ᠠᠶᠤᠯ ᠦᠭᠡᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠠᠢ ᠃ ᠠᠶᠤᠯ | ᠦᠭᠡᠢ ᠦᠶᠯᠡᠳᠪᠦᠷᠢᠯᠡᠯ᠂ ᠢᠳᠡᠭᠡᠨ ᠪᠠ ᠡᠮ ᠤᠨ ᠵᠦᠶᠯ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠰᠠᠶᠢᠵᠢᠷᠠᠪᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠯᠠᠪᠳᠠᠭᠤᠨ ᠪᠠᠲᠤᠲᠠᠶ ᠥᠷᠨᠢᠭᠦᠯᠵᠦ᠂ | ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠤᠨ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ | ᠲᠥᠯᠥᠭᠡᠯᠡᠭᠴᠢᠳ ᠡ︕ | 2019 ᠣᠨ ᠢ ᠡᠷᠭᠢᠴᠡᠭᠦᠯᠪᠡᠯ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠵᠢᠱᠢᠯᠲᠡ ᠠᠴᠠ ᠨᠠᠩ | ᠬᠦᠨᠳᠦ ᠨᠤᠴᠢᠲᠠᠢ ᠪᠠᠶᠢᠵᠤ᠂ ᠲᠤᠯᠭᠠᠷᠠᠭᠰᠠᠨ ᠬᠦᠴᠢᠷᠳᠡᠯ ᠨᠢ ᠤᠤᠯ ᠤᠨ ᠪᠣᠳᠣᠭᠰᠠᠨ ᠠᠴᠠ ᠨᠠᠩ ᠪᠤᠳᠤᠯᠢᠶᠠᠨᠲᠠᠢ᠂ | ᠶᠠᠪᠤᠵᠤ ᠥᠩᠭᠡᠷᠡᠭᠰᠡᠨ ᠵᠠᠮ ᠨᠢ ᠥᠩᠭᠡᠷᠡᠭᠰᠡᠨ ᠠᠴᠠ ᠨᠠᠩ ᠶᠡᠷᠦ ᠪᠤᠰᠤ ᠶᠢᠨ ᠶᠤᠮ᠃ ᠡᠨᠡ ᠨᠢᠭᠡ ᠵᠢᠯ ᠳᠤ ᠪᠢᠳᠡ | ᠲᠤᠭᠤᠷᠢᠭ ᠤᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠳᠠᠷᠤᠯᠲᠠ ᠥᠷᠢᠰᠥᠯᠳᠦᠭᠡᠨ ᠢ ᠲᠤᠯᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠨᠢᠭᠡ ᠪᠦᠯᠦᠭ ᠪᠤᠳᠠᠳᠤ ᠶᠠᠪᠤᠳᠠᠯ ᠢ ᠬᠢᠵᠦ᠂ ᠬᠠᠷᠢᠭᠤᠴᠠᠯᠭ᠎ᠠ | ᠡᠭᠦᠷᠭᠡᠯᠡᠯ ᠢᠶᠠᠷ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠭᠦᠷᠭᠡ ᠶᠢᠨ ᠤᠭ ᠰᠠᠨᠠᠭ᠎ᠠ ᠪᠠᠷ | ᠠᠮᠠᠯᠠᠯᠲᠠ ᠪᠠᠨ ᠪᠡᠶᠡᠯᠡᠭᠦᠯᠵᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ | ᠥᠭᠪᠡ᠃ ᠨᠢᠭᠡ ᠵᠢᠯ ᠤᠨ ᠲᠤᠷᠰᠢ᠂ ᠪᠢᠳᠡ ᠨᠠᠮ ᠤᠨ ᠲᠥᠪ ᠬᠤᠷᠢᠶᠠᠨ ᠤ ᠪᠥᠬᠦ ᠲᠠᠯ᠎ᠠ ᠪᠠᠷ ᠬᠠᠤᠯᠢ ᠶᠣᠰᠣᠭᠠᠷ | ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠡᠩ | ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠳᠤ ︽ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠶᠢ ᠡᠬᠢᠯᠡᠭᠦᠯᠪᠡ᠃ ᠳᠡᠭᠡᠳᠦ | ᠱᠠᠲᠤᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠲᠥᠪ ᠤᠨ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠰᠢᠮᠳᠠᠭᠤᠯᠤᠨ ᠵᠢᠯᠣᠭᠤᠳᠬᠤ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ᠂ ᠲᠥᠪ ᠤᠨ ᠱᠠᠰᠢᠨ ᠰᠤᠷᠲᠠᠬᠤᠨ ᠤ ᠠᠵᠢᠯ ᠤᠨ ᠰᠢᠮᠳᠠᠭᠤᠯᠤᠨ | ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠵᠡᠷᠭᠡ | ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ︽ | ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠤᠨ ︽ᠳᠥᠷᠪᠡᠨ ᠤᠬᠠᠮᠰᠠᠷ︾ ᠨᠠᠩ ᠪᠠᠲᠤ ᠪᠠᠬᠢ ᠪᠣᠯᠵᠣ᠂ ︽ᠳᠥᠷᠪᠡᠨ ᠢᠲᠡᠭᠡᠯ︾ | ᠨᠠᠩ ᠡᠷᠡᠰ ᠪᠠᠲᠤ ᠪᠣᠯᠵᠣ᠂ ︽ᠬᠤᠶᠠᠷ ᠢ ᠬᠠᠮᠠᠭᠠᠯᠠᠬᠤ︾ ᠨᠠᠩ ᠤᠬᠠᠮᠰᠠᠷᠲᠠᠶ ᠪᠣᠯᠪᠠ᠃ ᠢᠯᠵᠠᠷᠠᠯ ᠤᠨ ᠬᠡᠷᠡᠭ ᠠᠴᠠ | ᠭᠦᠨᠵᠡᠭᠡᠶ ᠰᠤᠷᠭᠠᠮᠵᠢ ᠠᠪᠴᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠺᠠᠳ᠋ᠷ ᠤᠨ ᠰᠤᠷᠲᠠᠯ | ᠢᠯᠡᠳᠲᠡ ᠰᠠᠶᠢᠵᠢᠷᠠᠪᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠢ ᠴᠢᠩᠭ᠎ᠠ ᠵᠠᠰᠠᠬᠤ ᠡᠯ᠎ᠡ ᠵᠦᠶᠯ ᠤᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ | ᠰᠢᠶᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ︽ᠭᠤᠷᠪᠠᠨ ᠭᠤᠤᠯᠳᠠᠯᠭ᠎ᠠ ᠨᠢᠭᠡ ᠶᠡᠭᠡ︾ ᠶᠢᠨ ᠬᠡᠷᠡᠭ ᠵᠥᠪᠯᠡᠬᠦ | ᠲᠦᠷᠢᠮ ᠢ ᠬᠢᠨᠠᠮᠠᠭᠠᠶ ᠬᠡᠷᠡᠭᠵᠢᠭᠦᠯᠦᠨ᠎ᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ | ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠲᠣᠭᠤᠷᠢᠭ ᠤᠨ | ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 132 | ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ 47 ᠬᠤᠪᠢ᠂ ᠰᠢᠢᠳᠪᠦᠷᠢᠯ ᠡᠵᠦ | ᠳᠠᠭᠤᠰᠬᠠᠭᠰᠠᠨ ᠨᠣᠷᠮ᠎ᠠ 100% ᠳᠤ ᠬᠦᠷᠴᠡᠢ ᠃ ᠠᠷᠠᠳ ᠤᠨ ᠰᠡᠳᠬᠢᠯ ᠤᠨ ᠰᠦᠯᠵᠢᠶ᠎ᠡ ᠶᠢ 235 ᠬᠤᠪᠢ | ᠰᠢᠯᠵᠢᠭᠦᠯᠦᠨ ᠭᠦᠢᠴᠡᠳᠬᠡᠵᠦ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠢ 27 ᠬᠤᠪᠢ᠂ | ᠲᠣᠭᠤᠷᠢᠭ ᠤᠨ ᠳᠠᠷᠤᠭ᠎ᠠ ᠶᠢᠨ ᠵᠠᠬᠢᠲᠠᠯ ᠤᠨ ᠬᠠᠶᠢᠷᠴᠠᠭ 436 ᠬᠤᠪᠢ ᠶᠢ 100% ᠪᠠᠷ ᠰᠢᠶᠳᠪᠦᠷᠢᠯᠡᠵᠦ | ᠳᠠᠭᠤᠰᠬᠠᠵᠠᠢ ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ | ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠰᠣᠨᠢᠨ | ᠮᠡᠳᠡᠭᠡᠨ ᠤ ᠵᠠᠭᠤᠴᠢᠯᠠᠭᠤᠷ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠬᠠᠩᠭᠠᠨ ᠪᠣᠷᠣᠯᠠᠭᠤᠯᠬᠤ | ᠬᠠᠮᠲᠤᠷᠠᠯᠴᠠᠭ᠎ᠠ᠂ ᠴᠠᠭ ᠠᠭᠤᠷ᠂ ᠠᠮᠤ ᠪᠤᠳᠠᠭ᠎ᠠ᠂ ᠪᠠᠷᠠᠭᠠᠨ ᠤ ᠦᠨ᠎ᠡ᠂ ᠬᠤᠶᠠᠷ ᠢ ᠬᠦᠷᠢᠶᠡᠯᠡᠬᠦ᠂ ᠬᠢᠨᠠᠨ ᠪᠤᠳᠤᠬᠤ | ᠂ ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ | ᠵᠠᠭᠠᠯᠮᠠᠶᠢᠲᠠᠨ ᠤ ᠠᠵᠢᠯ ᠲᠠᠰᠤᠷᠠᠯᠲᠠ ᠦᠭᠡᠢ ᠰᠢᠨ᠎ᠡ ᠳᠠᠪᠰᠢᠯᠲᠠ ᠲᠠᠢ ᠪᠣᠯᠬᠤ ᠶᠢ ᠨᠢᠭᠡᠳᠦᠯᠲᠡᠢ ᠳᠤ ᠲᠥᠯᠥᠪᠯᠡᠨ | ᠠᠬᠢᠭᠤᠯᠵᠠᠢ᠃ | | ᠲᠥᠯᠥᠭᠡᠯᠡᠭᠴᠢᠳ ᠡ︕ | ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠡᠨᠡ | ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ | ᠨᠠᠮ ᠤᠨ | ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠲᠠᠯᠪᠢᠵᠤ᠂ ᠬᠦᠴᠦᠯᠡᠨ ᠳᠡᠮᠵᠢᠭᠰᠡᠨ ᠤ | ᠦᠷ᠎ᠡ ᠳ᠋ᠦᠩ ᠮᠥᠨ᠂ ᠨᠡᠩ ᠴᠤ ᠪᠦᠬᠦ ᠲᠤᠭᠤᠷᠢᠭ ᠤᠨ ᠠᠷᠠᠳ ᠲᠦᠮᠡᠨ ᠤ ᠬᠠᠮᠲᠤᠪᠠᠷ ᠴᠢᠷᠮᠠᠶᠢᠵᠤ᠂ ᠰᠡᠳᠬᠢᠯ | ᠨᠢᠭᠡᠳᠦᠨ ᠬᠦᠰᠡᠯ ᠵᠡᠭᠦᠳᠦ ᠪᠠᠨ ᠬᠥᠭᠡᠭᠡᠴᠡᠯᠳᠦᠭᠰᠡᠨ ᠤ ᠦᠷ᠎ᠡ ᠳ᠋ᠦᠩ ᠮᠥᠨ᠃ ᠠᠳᠡ ᠪᠢ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠣᠷᠣᠨ ᠤ ᠠᠷᠠᠳ ᠲᠦᠮᠡᠨ ᠵᠠᠰᠠᠭ ᠤᠨ ᠣᠷᠳᠣᠨ ᠤ | ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ | ᠵᠢᠨᠢᠩ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ ᠪᠤᠶ | ᠪᠦᠬᠦᠢ ᠨᠥᠬᠦᠳ᠂ ᠨᠠᠶᠢᠵᠠ ᠨᠠᠷ ᠲᠤ᠂ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠠᠮᠤᠷ ᠲᠦᠪᠰᠢᠨ ᠪᠣᠯ ᠠᠶᠤᠯ ᠲᠦᠭᠰᠢᠭᠦᠷᠢ ᠶᠢ ᠮᠠᠷᠲᠠᠬᠤ ᠦᠭᠡᠢ᠂ ᠲᠣᠭᠲᠠᠭᠤᠨ ᠪᠣᠯ ᠵᠣᠪᠠᠭᠤᠷᠢ | ᠵᠦᠳᠡᠭᠦᠷᠢ ᠶᠢ ᠮᠠᠷᠲᠠᠬᠤ ᠦᠭᠡᠢ︕ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠠᠰᠠ ᠰᠡᠷᠭᠡᠭ ᠢᠶᠠᠷ ᠲᠠᠨᠢᠵᠤ | ᠣᠯᠪᠠ᠃ ᠪᠦᠬᠦ ᠲᠤᠭᠤᠷᠢᠭ ᠤᠨ ᠬᠥᠭᠵᠢᠯᠲᠡ ᠪᠣᠯ ᠨᠢᠭᠡ ᠵᠠᠮ ᠤᠨ ᠲᠡᠭᠰᠢ ᠳᠠᠷᠳᠠᠩ ᠵᠠᠮ ᠤᠭᠲᠤ ᠪᠢᠰᠢ᠂ | ᠤᠷᠤᠭᠰᠢᠯᠠᠯᠲᠠ ᠶᠢᠨ ᠵᠠᠮ ᠳᠡᠭᠡᠷ᠎ᠡ᠂ ᠮᠥᠨ ᠬᠦ ᠮᠠᠰᠢ ᠤᠯᠠᠨ ᠰᠢᠯᠭᠠᠯᠲᠠ ᠲᠤᠯᠭᠠᠷᠠᠵᠤ ᠪᠠᠶᠢᠨ᠎ᠠ᠂ ᠬᠥᠭᠵᠢᠯᠲᠡ | ᠲᠡᠩᠴᠡᠭᠦᠷᠢ ᠦᠭᠡᠢ ᠪᠠᠶᠢᠬᠤ ᠨᠢ ᠮᠥᠨ ᠯᠡ ᠣᠳᠣᠬᠠᠨ ᠤ ᠭᠤᠤᠯ ᠵᠥᠷᠢᠴᠡᠯ ᠪᠤᠯᠵᠤ ᠪᠠᠶᠢᠨ᠎ᠠ᠃ ᠠᠵᠤ | ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠬᠡᠪᠴᠢᠶ᠎ᠡ ᠪᠠᠭ᠎ᠠ᠂ ᠪᠦᠲᠦᠴᠡ ᠨᠢ ᠰᠢᠯᠢᠳᠡᠭ ᠪᠤᠰᠤ᠂ ᠠᠭᠤᠰᠤᠯᠴᠠᠬᠤ | ᠬᠡᠮᠵᠢᠶ᠎ᠡ ᠨᠢ ᠥᠨᠳᠥᠷ ᠪᠢᠰᠢ᠂ ᠬᠥᠲᠥᠯᠬᠦ ᠬᠦᠴᠦᠨ ᠨᠢ ᠴᠢᠩᠭ᠎ᠠ ᠪᠢᠰᠢ᠂ ᠲᠣᠮᠣ ᠳᠠᠭᠠᠭᠤᠯᠤᠭᠴᠢ ᠠᠵᠤ | ᠠᠬᠤᠶᠢᠯᠠᠯ ᠤᠨ ᠳᠠᠶᠢᠴᠢᠯᠠᠯᠲᠠ ᠳᠤᠲᠠᠭᠳᠠᠵᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠪᠠᠰᠠ | ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠃ ᠲᠥᠷᠥᠯ ᠵᠦᠢᠯ ᠤᠨ ᠠᠰᠢᠭᠯᠠᠯᠲᠠ ᠳᠤ | ᠤᠷᠤᠭᠰᠠᠨ ᠦᠷ᠎ᠡ ᠪᠦᠲᠦᠮᠵᠢ ᠥᠨᠳᠥᠷ ᠪᠢᠰᠢ᠂ ᠭᠠᠶᠢᠯᠢ ᠲᠠᠲᠠᠪᠤᠷᠢ ᠶᠢᠨ ᠨᠡᠮᠡᠭᠳᠡᠯ ᠤᠨ ᠬᠥᠳᠡᠯᠭᠡᠬᠦ ᠬᠦᠴᠦᠨ | ᠬᠦᠷᠦᠯᠴᠡᠬᠦ ᠦᠭᠡᠢ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠡᠷᠬᠡ ᠬᠠᠲᠠᠭᠤᠵᠢᠯᠲᠠᠶ | ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠳᠤᠪᠤᠶᠢᠮ᠎ᠠ ᠪᠠᠶᠢᠨ᠎ᠠ ᠃ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠦᠢᠯᠡᠰ ᠵᠡᠷᠭᠡ | ᠬᠦᠷᠢᠶᠡᠨ ᠳᠠᠬᠢ ᠥᠷᠢ ᠰᠢᠷᠢ ᠣᠯᠠᠨ᠂ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠴᠡᠭ᠂ ᠬᠦᠴᠢᠷ | ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠬᠦ ᠴᠢᠬᠤᠯᠠᠲᠠᠢ ᠪᠠᠶᠢᠵᠤ᠂ ᠤᠯᠠᠨ ᠨᠡᠶᠢᠲᠡ ᠶᠢᠨ | ᠦᠢᠯᠡᠴᠢᠯᠡᠭᠡ ᠶᠢ ᠴᠢᠨᠠᠷ ᠰᠠᠶᠢᠲᠠᠢ ᠬᠠᠩᠭᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ | ᠪᠠᠶᠢᠨ᠎ᠠ︔ ᠴᠥᠭᠡᠨ ᠲᠣᠭᠠᠨ ᠤ ᠺᠠᠳ᠋ᠷ ᠤᠨ ᠴᠢᠳᠠᠪᠤᠷᠢ ᠬᠦᠷᠦᠯᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠪᠠᠷ | ᠬᠦᠷᠦᠯᠴᠡᠬᠦ ᠦᠭᠡᠢ ᠪᠠᠶᠢᠵᠤ᠂ ᠠᠯᠵᠠᠭᠤ ᠬᠤᠶᠢᠷᠭᠤ ᠵᠠᠰᠠᠭ ᠬᠤᠶᠢᠷᠭᠤᠰᠢᠬᠤ ᠵᠡᠷᠭᠡ ᠦᠵᠡᠭᠳᠡᠯ ᠮᠥᠨ ᠯᠡ | ᠣᠷᠣᠰᠢᠭᠰᠠᠭᠠᠷ ᠪᠠᠶᠢᠨ᠎ᠠ᠃ ᠠᠰᠠᠭᠤᠳᠠᠯ ᠪᠣᠯ ᠴᠠᠭ ᠦᠶ᠎ᠡ ᠶᠢᠨ ᠳᠠᠭᠤᠨ᠂ ᠬᠥᠭᠵᠢᠯᠲᠡ ᠪᠣᠯ ᠴᠠᠭ ᠦᠶ᠎ᠡ ᠶᠢᠨ | ᠱᠠᠭᠠᠷᠳᠠᠯᠭ᠎ᠠ ᠮᠥᠨ᠂ ᠪᠢᠳᠡ ᠠᠰᠠᠭᠤᠳᠠᠯ ᠤᠨ ᠡᠬᠢᠯᠡᠯᠲᠡ᠂ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ | ᠬᠤᠶᠢᠰᠢᠳᠠ ᠶᠢᠨ ᠠᠵᠢᠯ ᠤᠨ ᠳᠤᠮᠳᠠ ᠨᠡᠩ ᠶᠡᠭᠡ ᠰᠥᠰᠥ ᠵᠣᠷᠢᠭ ᠪᠠ ᠨᠡᠩ ᠪᠣᠳᠠᠲᠠᠶ ᠠᠷᠭ᠎ᠠ ᠬᠡᠮᠵᠢᠶ᠎ᠡ ᠠᠪᠴᠤ | ᠰᠢᠶᠳᠪᠦᠷᠢᠯᠡᠬᠦ ᠬᠡᠷᠡᠭᠲᠡᠶ᠃ | | ᠬᠤᠶᠠᠷ᠂ 2020 ᠣᠨ ᠤ ᠭᠤᠤᠯ ᠬᠠᠷᠠᠯᠲᠠ ᠡᠭᠦᠷᠭᠡ ᠪᠠ ᠭᠤᠤᠯᠳᠠᠯᠭ᠎ᠠ ᠲᠠᠢ ᠠᠵᠢᠯ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ ᠵᠢᠯ ᠪᠣᠯᠤᠨ᠎ᠠ᠃ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠶᠡᠭᠡ ᠰᠢᠯᠭᠠᠯᠲᠠ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠵᠠᠩᠭᠢᠯᠠᠭ᠎ᠠ ᠶᠢᠨ ᠵᠢᠯ ᠮᠥᠨ᠃ ᠭᠡᠨᠡᠳᠲᠡ ᠡᠭᠦᠰᠦᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ᠂ ᠪᠦᠬᠦ ᠲᠤᠭᠤᠷᠢᠭ ᠳᠠᠶᠠᠭᠠᠷ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠠᠢ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠲᠤᠭᠤᠷᠢᠭ ᠤᠨ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠠᠷᠠᠳ | ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠲᠡᠷᠢᠭᠦᠨ ᠪᠠᠶᠢᠷᠢᠨ ᠳᠤ | ᠲᠠᠯᠪᠢᠵᠤ᠂ ᠤᠯᠤᠰ ᠲᠦᠷᠦ ᠶᠢᠨ ᠴᠢᠩᠭ᠎ᠠ ᠡᠭᠦᠷᠭᠡᠯᠡᠯ ᠢᠶᠠᠷ ᠰᠢᠨᠵᠢᠯᠡᠬᠦ ᠤᠬᠠᠭᠠᠨᠴᠢ ᠪᠠᠷ ᠵᠠᠰᠠᠵᠤ᠂ ᠤᠨᠢᠨ ᠳᠡᠭᠡᠷ᠎ᠡ | ᠨᠢ ᠠᠷᠭ᠎ᠠ ᠪᠤᠳᠤᠯᠭ᠎ᠠ ᠬᠡᠷᠡᠭᠵᠢᠭᠦᠯᠦᠭᠡᠳ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠭᠡᠪᠡᠴᠦ ᠡᠨᠡ | ᠤᠳᠠᠭᠠᠨ ᠤ ᠬᠢᠵᠢᠭ ᠴᠦ ᠠᠵᠤ ᠠᠬᠤᠶ ᠨᠡᠶᠢᠭᠡᠮ ᠤᠨ ᠬᠥᠭᠵᠢᠯᠲᠡ ᠳᠤ ᠵᠠᠶᠢᠯᠠᠰᠢ ᠦᠭᠡᠶ ᠳᠠᠭᠠᠷᠢᠯᠲᠠ ᠪᠣᠯᠵᠠᠶ᠃ | ᠪᠢᠳᠡ ᠳᠠᠷᠤᠯᠲᠠ ᠯᠤᠲᠤ ᠶᠡᠭᠡ ᠪᠠᠶᠢᠬᠤ ᠶᠢ ᠭᠦᠨ ᠣᠶᠢᠯᠠᠭᠠᠵᠤ ᠪᠠᠶᠢᠬᠤ ᠪᠥᠭᠡᠳ ᠤᠷᠤᠭᠰᠢᠯᠠᠬᠤ ᠵᠠᠮ ᠤᠨ ᠬᠦᠴᠢᠷ | ᠪᠡᠷᠬᠡᠰᠢᠶᠡᠯ ᠢ ᠴᠦ ᠮᠡᠳᠡᠵᠤ ᠪᠠᠶᠢᠨ᠎ᠠ᠂ ᠭᠡᠪᠡᠴᠦ ᠬᠥᠭᠵᠢᠯᠲᠡ ᠶᠢᠨ ᠢᠲᠡᠭᠡᠯ ᠵᠣᠷᠢᠭ ᠪᠣᠯᠤᠨ ᠡᠷᠡᠰ ᠵᠣᠷᠢᠭ ᠨᠢ | ᠶᠡᠷᠦ ᠠᠴᠠ ᠥᠨᠥᠳᠦᠷ ᠤᠨ ᠰᠢᠭ ᠡᠶᠢᠮᠦ ᠡᠷᠡᠰ ᠪᠠᠲᠤ ᠪᠢᠰᠢ ᠶᠤᠮ᠃ ᠪᠦᠬᠦ ᠲᠤᠭᠤᠷᠢᠭ ᠤᠨ ᠠᠷᠠᠳ ᠲᠦᠮᠡᠨ | ᠰᠡᠳᠬᠢᠯ ᠨᠢᠭᠡᠳᠴᠦ᠂ ᠵᠠᠮ ᠨᠡᠭᠡᠭᠡᠨ ᠤᠷᠤᠭᠰᠢᠯᠠᠳᠠᠭ ᠯᠠ ᠶᠤᠮ ᠪᠣᠯ ᠯᠠᠪᠲᠠᠢ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠠᠵᠠ ᠲᠣᠬᠢᠶᠠᠯ ᠢ ᠠᠮᠵᠢᠵᠤ᠂ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ ᠴᠢᠳᠠᠨ᠎ᠠ ᠭᠡᠳᠡᠭ ᠢ | ᠪᠢᠳᠡ ᠢᠲᠡᠭᠡᠵᠦ ᠪᠠᠶᠢᠨ᠎ᠠ︕ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ | ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠠᠶ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠤᠭᠤᠷᠢᠭ ᠤᠨ ᠨᠠᠮ ᠤᠨ | ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠠᠶ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ | ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ | ᠲᠤᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨᠬᠦ ᠪᠠᠲᠤᠯᠠᠨ᠎ᠠ᠃ | ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5. | 5% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ 15.0% ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6.0% ᠪᠠᠷ ᠨᠡᠮᠡᠭᠳᠡᠭᠦᠯᠦᠨ᠎ᠡ ᠃ | ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ ᠶᠢ 3.0% ᠪᠠᠷ ᠨᠡᠮᠡᠭᠳᠡᠵᠡᠢ | ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.1 ᠳ᠋ᠦᠩᠰᠢᠭᠤᠷ ᠲᠥᠭᠦᠷᠢᠭ ᠲᠤ ᠬᠦᠷᠴᠦ᠂ 3. | 1% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ ᠲᠣᠰᠪᠣᠷᠢ 5.0% ᠪᠠ 8.0% ᠨᠡᠮᠡᠭᠳᠡᠵᠡᠢ ᠃ | ᠳᠡᠭᠡᠷ᠎ᠡ ᠳᠤᠷᠠᠳᠤᠭᠰᠠᠨ ᠬᠠᠷᠠᠯᠲᠠ ᠳᠤ᠂ ᠪᠢᠳᠡ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠡᠷᠡᠰ | ᠭᠤᠶᠢᠪᠢᠰᠢ ᠦᠭᠡᠢ ᠬᠠᠶᠢᠨ ᠰᠦᠪᠡᠭᠴᠢᠯᠡᠵᠦ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠄ | ︵ᠨᠢᠭᠡ︶ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠤᠨ᠎ᠠ᠃ ᠭᠤᠷᠪᠠᠨ | ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠨᠢ ᠠᠵᠤ ᠠᠬᠤᠶ ᠶᠢᠨ ᠬᠥᠭᠵᠢᠯᠲᠡ ᠶᠢᠨ ᠶᠠᠰᠤ | ᠴᠢᠨᠠᠷ ᠪᠣᠯᠤᠨ ᠴᠢᠨᠡᠭᠡᠯᠢᠭ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠬᠤᠯᠪᠤᠭᠳᠠᠨ᠎ᠠ᠃ | ᠡᠷᠬᠡᠪᠰᠢ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠢᠭᠡ ᠯᠡ ᠠᠮᠢᠰᠬᠤᠭ᠎ᠠ ᠪᠠᠷ ᠴᠢᠷᠮᠠᠶᠢᠵᠤ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠂ ᠬᠤᠷᠢᠭ᠎ᠠ | ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠨᠡᠮᠡᠭᠳᠡᠬᠦᠯᠵᠦ ᠂ ᠤᠯᠤᠰ | ᠲᠦᠷᠦ᠂ ᠠᠵᠤ ᠠᠬᠤᠶ ᠪᠠ ᠨᠡᠶᠢᠭᠡᠮ ᠵᠡᠷᠭᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠠᠵᠢᠯ ᠢ ᠪᠣᠳᠠᠲᠠᠶ ᠪᠥᠭᠡᠳ ᠨᠠᠷᠢᠯᠢᠭ ᠰᠠᠶᠢᠲᠤᠷ ᠬᠢᠨ᠎ᠡ᠃ ᠠᠷᠤ ᠡᠭᠦᠳᠡ ᠶᠢ ᠲᠦᠭᠵᠢᠬᠦ᠂ ᠡᠮᠦᠨ᠎ᠡ | ᠡᠭᠦᠳᠡ ᠶᠢ ᠨᠡᠭᠡᠭᠡᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠤᠨ ᠥᠷᠢ ᠰᠢᠷᠢ ᠶᠢ ᠢᠯᠭᠠᠷᠠᠭᠤᠯᠬᠤ ᠠᠵᠢᠯ ᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠲᠥᠰᠦᠪ ᠤᠨ ᠲᠣᠬᠢᠷᠠᠭᠤᠯᠤᠯᠲᠠ᠂ ᠭᠠᠵᠠᠷ ᠰᠢᠷᠣᠶ ᠶᠢ ᠬᠢᠮᠳᠠ | ᠦᠨ᠎ᠡ ᠪᠠᠷ ᠬᠤᠳᠠᠯᠳᠤᠬᠤ᠂ ᠡᠳ᠋ ᠬᠥᠷᠥᠩᠭᠡ ᠶᠢ ᠰᠢᠢᠳᠪᠦᠷᠢᠯᠡᠬᠦ᠂ ᠡᠵᠡᠩᠨᠡᠯᠲᠡ ᠶᠢᠨ ᠡᠷᠬᠡ ᠶᠢ ᠰᠢᠯᠵᠢᠭᠦᠯᠦᠨ | ᠥᠭᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠥᠷᠢ ᠰᠢᠷᠢ ᠪᠠᠨ ᠠᠷᠢᠯᠭᠠᠬᠤ ᠡᠭᠦᠷᠭᠡ ᠶᠢ ᠴᠢᠩᠭ᠎ᠠ ᠵᠢᠷᠤᠮᠯᠠᠨ | ᠪᠡᠶᠡᠯᠡᠭᠦᠯᠦᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠠᠭᠤ ᠰᠠᠨᠠᠭ᠎ᠠ ᠲᠠᠢ ᠪᠠᠷ ᠥᠷᠢ ᠰᠢᠷᠢ ᠠᠴᠠ ᠵᠠᠶᠢᠯᠠᠬᠤ | ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ | ᠴᠢᠨᠠᠷᠲᠠᠶ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠶᠢ ᠦᠨᠡᠨᠬᠦ ᠪᠠᠲᠤᠯᠠᠨ᠎ᠠ᠃ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ ᠪᠤᠴᠠᠵᠤ | ᠪᠠᠶᠢᠴᠠᠭᠠᠨ ᠦᠵᠡᠬᠦ︾᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠲᠤᠰᠬᠠᠢ ᠱᠠᠯᠠᠪᠳᠠᠭᠤᠯᠤᠨ | ᠪᠠᠶᠢᠴᠠᠭᠠᠯᠲᠠ ᠪᠠ ︽ᠭᠤᠷᠪᠠᠨ ᠶᠡᠭᠡ ᠬᠠᠤᠯᠢ ᠬᠡᠷᠡᠭᠵᠢᠭᠦᠯᠬᠦ ᠣᠨ︾ ᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠦ ᠰᠢᠯᠭᠠᠨ ᠠᠪᠬᠤ ᠶᠢ ᠪᠦᠬᠦ ᠬᠦᠴᠦᠨ ᠢᠶᠠᠷ ᠤᠭᠲᠤᠪᠠ᠃ | ᠴᠢᠭᠯᠡᠯ ᠢ ᠬᠤᠪᠢᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠪᠣᠬᠢᠷᠲᠤᠯ ᠢ | ᠨᠠᠷᠢᠯᠢᠭ ᠣᠨᠣᠴᠠᠲᠠᠶ ᠪᠠᠷ ᠵᠠᠰᠠᠬᠤ᠂ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ ᠪᠤᠬᠢᠷᠳᠤᠯ ᠢ ᠬᠠᠤᠯᠢ | ᠶᠣᠰᠣᠭᠠᠷ ᠵᠠᠰᠠᠬᠤ ᠶᠢ ᠳᠤᠪᠤᠶᠢᠯᠠᠭᠠᠵᠤ᠂ ᠬᠦᠬᠡ ᠣᠭᠲᠠᠷᠭᠤᠶ᠂ ᠨᠣᠮᠢᠨ ᠤᠰᠤ᠂ ᠠᠷᠢᠭᠤᠨ ᠬᠥᠷᠥᠰᠥ ᠶᠢ | ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠳᠥᠷᠪᠡ ᠶᠢ ᠠᠷᠢᠯᠭᠠᠬᠤ ᠦᠭᠡᠢ | ︾ ᠪᠠᠶᠢᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠬᠦ᠂ ᠶᠠᠳᠠᠭᠤ ᠬᠦᠴᠢᠷᠳᠡᠯ ᠢ ᠬᠥᠳᠡᠯᠦᠩᠭᠦᠢ ᠬᠢᠨᠠᠨ ᠬᠡᠮᠵᠢᠬᠦ᠂ ᠲᠠᠬᠢᠨ ᠶᠠᠳᠠᠭᠤᠷᠠᠬᠤ ᠶᠢ ᠤᠷᠢᠳᠴᠢᠯᠠᠨ | ᠰᠡᠷᠡᠮᠵᠢᠯᠡᠭᠦᠯᠬᠦ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠦᠬᠦ ᠲᠠᠯ᠎ᠠ ᠪᠠᠷ ᠴᠢᠨᠡᠭᠡᠯᠢᠭᠵᠢᠬᠦ ᠵᠠᠮ ᠳᠡᠭᠡᠷ᠎ᠡ ᠶᠠᠭᠠᠬᠢᠭᠰᠠᠨ ᠴᠤ | ᠬᠤᠴᠣᠷᠤᠭᠤᠯᠬᠤ ᠦᠭᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ᠂ ᠥᠪᠡᠷᠲᠡᠭᠡᠨ | ᠵᠠᠰᠠᠬᠤ ᠣᠷᠣᠨ᠂ ᠤᠯᠠᠭᠠᠨᠴᠠᠪ ᠬᠤᠲᠠ ᠵᠡᠷᠭᠡ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠳᠤ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠠᠰᠤ ᠴᠢᠨᠠᠷ ᠪᠣᠯᠤᠨ ᠶᠠᠰᠤ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠨ᠎ᠠ᠃ | ︵ᠬᠤᠶᠠᠷ︶ ᠬᠠᠷᠠᠯᠲᠠ ᠪᠠᠨ ᠪᠠᠲᠤ ᠰᠠᠬᠢᠵᠤ᠂ ᠡᠷᠴᠢ ᠵᠣᠷᠢᠭ ᠢᠶᠠᠨ ᠬᠥᠪᠴᠢᠯᠡᠵᠦ᠂ ᠪᠣᠳᠠᠲᠤ | ᠴᠣᠭᠴᠠ ᠶᠢᠨ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠴᠠᠬᠠᠷ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠭᠤᠣᠯ ᠳᠠᠶᠢᠨ ᠤ ᠲᠠᠯᠠᠪᠤᠷ︾ ᠤᠨ ᠪᠠᠶᠢᠷᠢ ᠰᠠᠭᠤᠷᠢ ᠶᠢ | ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠰᠠᠭᠤᠷᠢ ᠶᠢ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ | ᠂ ᠪᠡᠯᠡ ᠤᠷᠤᠭᠤᠯᠤᠯᠲᠠ ᠶᠢ ᠬᠥᠲᠥᠯᠥᠨ ᠣᠷᠣᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠭᠤᠤᠯᠯᠠᠬᠤ ᠠᠵᠤ ᠦᠶᠯᠡᠰ ᠨᠢ ᠲᠤᠳᠤᠷᠬᠠᠢ᠂ ᠬᠠᠷᠢᠴᠠᠭᠤᠯᠤᠭᠰᠠᠨ ᠳᠠᠪᠠᠭᠤᠯᠢᠭ ᠨᠢ ᠢᠯᠡᠷᠬᠡᠶ᠂ ᠲᠥᠪᠯᠡᠷᠡᠯ ᠤᠨ | ᠦᠶᠯᠡᠳᠦᠯ ᠨᠢ ᠲᠣᠪᠣᠶᠢᠮ᠎ᠠ ᠪᠣᠳᠠᠲᠤ ᠴᠣᠭᠴᠠ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ | ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠵᠢᠩ ᠠᠨ | ᠵᠠᠮ ᠵᠡᠷᠭᠡ 20 ᠵᠤᠷᠪᠤᠰ ᠵᠠᠮ ᠤᠨ ᠬᠤᠭᠤᠯᠠᠶ ᠲᠣᠤᠷ ᠵᠢᠴᠢ ᠬᠤᠩ ᠬᠠᠶ ᠽᠢ᠂ ᠠᠯᠢᠪᠠᠪᠠ ᠵᠡᠷᠭᠡ 220kV᠂ | 110kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 3 ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠪᠡᠶᠡᠯᠡᠭᠦᠯᠵᠦ᠂ ᠢ ᠡᠤ ᠲᠠᠩ᠂ ᠲᠤᠩ ᠹᠸᠢ ᠵᠡᠷᠭᠡ 220kV᠂ 110kV ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ 2 ᠢᠨᠵᠧᠨᠧᠷᠢᠩ ᠵᠢᠴᠢ ᠬᠤᠩ ᠬᠠᠶ ᠽᠢ ᠤᠰᠤᠨ ᠤ ᠦᠶᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠪᠡ᠃ ᠠᠭᠤᠷ᠂ ᠪᠠᠶᠢᠭᠠᠯᠢ ᠶᠢᠨ ᠰᠢᠲᠠᠮᠠᠬᠠᠶ ᠬᠡᠶ᠂ ᠵᠦᠡᠭ ᠱᠦᠢ ᠵᠡᠷᠭᠡ ᠶᠢᠨ | ᠬᠦᠷᠢᠶᠡᠯᠡᠩ ᠳᠤ ᠣᠷᠣᠬᠤ ᠶᠢ ᠨᠡᠶᠢᠳᠡᠮ ᠬᠠᠮᠤᠷᠬᠤ ᠶᠢ ᠶᠡᠬᠡᠪᠡᠷ ᠠᠬᠢᠭᠤᠯᠵᠤ᠂ ᠬᠦᠷᠢᠶᠡᠯᠡᠩ ᠲᠣᠭᠤᠷᠢᠭ ᠤᠨ | ᠴᠢᠬᠤᠯᠠ ᠬᠦᠴᠦᠨ ᠵᠦᠶᠯ ᠢ ᠪᠠᠳᠤᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠣᠷᠴᠢᠯ | ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠶᠢ | ᠲᠦᠷᠭᠡᠳᠭᠡᠵᠦ ᠂ ᠠᠵᠤ ᠦᠶᠯᠡᠳᠪᠦᠷᠢᠵᠢᠯᠲᠡ ᠶᠢ ᠠᠭᠤᠰᠤᠯᠴᠠᠭᠤᠯᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠤᠶᠤᠨᠲᠤ ᠬᠦᠷᠢᠶᠡᠯᠡᠩ ᠲᠣᠭᠤᠷᠢᠭ ᠤᠨ ᠰᠢᠯᠭᠠᠨ ᠠᠪᠬᠤ ᠶᠢ ᠪᠠᠲᠤᠯᠠᠵᠤ᠂ ᠥᠪᠡᠷᠲᠡᠭᠡᠨ ᠵᠠᠰᠠᠬᠤ | ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠮᠡᠳᠡᠭᠦᠯᠦᠨ᠎ᠡ᠃ ︽ | ᠦᠷ᠎ᠡ ᠪᠦᠳᠦᠮᠵᠢ ᠪᠠᠷ ᠠᠮᠵᠢᠯᠲᠠ ᠶᠢ ᠬᠠᠷᠠᠬᠤ ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠵᠤ | ᠠᠬᠤᠶᠢᠯᠠᠯ ᠤᠨ ᠰᠡᠭᠦᠯᠴᠢ ᠶᠢᠨ ᠣᠷᠣᠨ ᠪᠠᠶᠢᠷᠢ ᠶᠢ ᠰᠢᠯᠢᠭᠳᠡᠭᠦᠯᠬᠦ ᠲᠣᠭᠲᠠᠴᠠ ᠶᠢ ᠪᠠᠶᠢᠭᠤᠯᠤᠨ ᠳᠡᠭᠦᠯᠳᠡᠷᠵᠢᠭᠦᠯᠵᠦ | ᠂ ᠰᠤᠯᠠ ᠭᠠᠵᠠᠷ ᠬᠡᠷᠡᠭᠯᠡᠬᠦ᠂ ︽ᠦᠬᠦᠰᠢᠷᠡᠮᠡᠯ ᠠᠵᠤ ᠠᠬᠤᠶᠢᠯᠠᠯ︾ ᠪᠣᠯᠤᠨ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ | ᠦᠭᠡᠶ ᠪᠣᠬᠢᠷᠲᠤᠯ ᠲᠠᠢ ᠠᠵᠤ ᠠᠬᠤᠶᠢᠯᠠᠯ ᠢ ᠢᠯᠭᠠᠷᠠᠭᠤᠯᠤᠨ ᠠᠮᠢᠯᠠᠭᠤᠯᠬᠤ ᠡᠷᠴᠢᠮ ᠢᠶᠠᠨ ᠨᠡᠮᠡᠭᠳᠡᠭᠦᠯᠵᠦ ᠂ | ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠰᠤᠯᠠ ᠪᠠᠶᠢᠯᠭᠠᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠬᠤᠸᠠ ᠸᠧᠶ ᠶᠢᠨ ᠬᠤᠶᠠᠳᠤᠭᠠᠷ ᠭᠤᠷᠪᠠᠳᠤᠭᠠᠷ ᠬᠤᠭᠤᠴᠠᠭ᠎ᠠ᠂ ᠠᠯᠮᠤᠷᠠᠳ᠂ ᠠᠯᠢᠪᠠᠪᠠ ᠶᠢᠨ ᠳ᠋ᠠᠶᠢᠲ᠋ᠠ ᠶᠢᠨ ᠲᠥᠪ | ᠢ ᠪᠠᠶᠢᠭᠤᠯᠤᠨ ᠠᠵᠢᠯᠯᠠᠭᠤᠯᠬᠤ ᠶᠢ ᠲᠦᠷᠭᠡᠳᠬᠡᠨ ᠠᠬᠢᠭᠤᠯᠵᠤ᠂ ᠸᠠᠨ ᠭᠦᠸᠧ᠂ ᠫᠢ ᠶᠦᠨ᠂ ᠶᠢᠦ ᠺᠧ ᠳ᠋ᠧ᠂ | ᠵᠥᠩ ᠪᠦᠦ ᠰᠢᠨ ᠵᠡᠷᠭᠡ ᠲᠤᠭ᠎ᠠ ᠪᠠᠷᠢᠮᠲᠠ ᠶᠢᠨ ᠲᠥᠷᠥᠯ ᠵᠦᠢᠯ ᠢ ᠡᠬᠢᠯᠡᠭᠦᠯᠵᠦ᠂ ᠳᠠᠭᠤᠳᠠᠯᠭ᠎ᠠ ᠶᠢ ᠭᠠᠳᠠᠭᠰᠢ | ᠳᠠᠭᠠᠭᠠᠴᠢᠯᠠᠭᠤᠯᠬᠤ ᠠᠵᠢᠯ ᠲᠥᠷᠥᠯ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ | ᠪᠡᠭᠡᠵᠢᠩ ᠤᠨ ᠲᠦᠷᠭᠡᠨ ᠭᠠᠷ᠂ ᠳᠤᠮᠳᠠᠳᠤ ᠤᠯᠤᠰ ᠤᠨ ᠠᠷᠠᠳ ᠤᠨ ᠨᠠᠰᠤᠨ ᠪᠠᠶᠠᠷ ᠵᠡᠷᠭᠡ ᠲᠥᠷᠥᠯ ᠵᠦᠶᠯ ᠲᠠᠢ | ᠢᠳᠡᠭᠬᠢᠲᠡᠢ ᠵᠣᠯᠭᠠᠭᠤᠯᠵᠤ᠂ ᠵᠦᠩ ᠭᠤᠸᠠᠨ ᠼᠦᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠲᠠᠢ | ᠬᠠᠮᠵᠢᠯᠴᠠᠭ᠎ᠠ ᠪᠠᠨ ᠴᠢᠩᠭᠠᠳᠬᠠᠵᠠᠢ᠃ 5G ᠶᠢᠨ ᠮᠡᠳᠡᠭᠡ ᠬᠤᠯᠪᠣᠭ᠎ᠠ᠂ ᠬᠡᠰᠡᠭ ᠪᠦᠯᠦᠭ ᠤᠨ ᠬᠡᠯᠬᠢᠶ᠎ᠡ᠂ | ᠪᠤᠳᠠᠰ ᠤᠨ ᠬᠤᠯᠪᠣᠭᠠᠲᠤ ᠰᠦᠯᠵᠢᠶ᠎ᠡ ᠵᠡᠷᠭᠡ ᠲᠣᠭᠠᠴᠢᠯᠠᠭᠰᠠᠨ ᠠᠵᠤ ᠦᠢᠯᠡᠰ ᠢ ᠪᠦᠬᠦ ᠲᠠᠯ᠎ᠠ ᠪᠠᠷ ᠪᠠᠶᠢᠷᠢᠯᠠᠭᠤᠯᠵᠤ᠂ | ︽ᠤᠯᠠᠭᠠᠨᠴᠠᠪ ᠤᠨ ᠵᠥᠩ ᠭᠤᠸᠠᠨ ᠽᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠶᠯᠡᠰ ᠤᠨ | ᠬᠦᠷᠢᠶᠡᠯᠡᠩ︾ ᠤᠨ ᠨᠠᠷᠠᠲᠤ ᠲᠥᠷᠥᠯ ᠲᠡᠮᠳᠡᠭᠲᠦ ᠶᠢ ᠳᠡᠯᠭᠡᠨ ᠦᠵᠡᠭᠦᠯᠵᠦ᠂ ᠲᠣᠮᠣ ᠳ᠋ᠠᠶᠢᠲ᠋ᠠ ᠶᠢᠨ ᠠᠵᠤ | ᠦᠶᠯᠡᠰ ᠤᠨ ᠬᠡᠷᠡᠭᠯᠡᠬᠦ᠂ ᠦᠶᠯᠡᠴᠢᠯᠡᠬᠦ ᠴᠢᠭᠯᠡᠯ ᠳᠠᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠳ᠋ᠦᠩ ᠶᠠᠩ | ᠭᠤᠸᠠᠩ ᠂ ᠬᠠᠢ ᠯᠢ ᠡᠯᠧᠺᠳ᠋ᠷᠣᠨᠴᠢᠯᠡᠭᠰᠡᠨ ᠴᠠᠭᠠᠰᠤ ᠪᠣᠯᠭᠠᠨ ᠦᠢᠯᠡᠳᠪᠦᠷᠢᠯᠡᠬᠦ ᠬᠡᠪᠴᠢᠶ᠎ᠡ ᠶᠢ ᠦᠷᠭᠡᠳᠭᠡᠵᠦ ᠂ | ᠬᠡᠲᠦ ᠴᠠᠬᠢᠯᠭᠠᠨ ᠪᠠᠭᠲᠠᠭᠠᠭᠴᠢ ᠵᠡᠷᠭᠡ ᠦᠢᠯᠡᠳᠬᠦᠨ ᠢ ᠦᠷᠭᠦᠯᠵᠢᠯᠡᠨ ᠬᠦᠭᠵᠢᠭᠦᠯᠦᠨ᠎ᠡ ᠃ ᠶᠡᠷᠦᠩᠬᠡᠶ ᠪᠡᠯᠡ | ᠣᠷᠣᠭᠤᠯᠤᠯᠲᠠ ᠨᠢ 52.8 ᠳ᠋ᠦᠩᠰᠢᠭᠤᠷ ᠲᠥᠭᠦᠷᠢᠭ ᠲᠤ ᠬᠦᠷᠦᠭᠰᠡᠨ ᠵᠢᠨᠢᠩ ᠤᠨ 2 × 66 ᠲᠦᠮᠡᠨ | ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ | ᠡᠷᠴᠢᠮᠵᠢᠭᠰᠡᠨ᠂ ᠬᠡᠪᠴᠢᠶᠡᠵᠢᠭᠰᠡᠨ ᠴᠢᠭᠯᠡᠯ ᠳᠠᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠢ ᠮᠢᠨ ᠴᠠᠬᠢᠯᠭᠠᠨ | ᠬᠦᠴᠦᠨ᠂ ᠶᠢᠨ ᠾᠧ ᠰᠢᠨ᠎ᠡ ᠡᠨᠧᠷᠭᠢ᠂ ᠴᠢᠩ ᠬᠤᠸᠠ ᠲᠦᠡᠭ ᠹᠠᠨᠭ᠌ ᠤᠨ ᠪᠦᠲᠦᠭᠡᠨ ᠪᠠᠶᠢᠭᠤᠯᠤᠯᠲᠠ ᠶᠢ | ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠯᠢ ᠲᠠᠢ ᠲᠡᠮᠦᠷᠯᠢᠭ᠂ ᠯᠢ ᠲᠦᠸᠧ ᠬᠤᠸᠠᠨ ᠴᠢᠦ᠂ ᠯᠢ ᡁᠢ | ᠬᠤᠭᠤᠯᠠᠶ ᠶᠢᠨ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ᠬᠠᠢ ᠳ᠋ᠧ ᠰᠢᠨ᠎ᠡ | ᠡᠨᠧᠷᠭᠢ ᠶᠢᠨ ᠰᠤᠷᠪᠤᠯᠵᠢ᠂ ᠭᠦᠸᠧ ᠷᠦᠨ ᠡᠨᠧᠷᠭᠢ ᠶᠢᠨ ᠰᠤᠷᠪᠤᠯᠵᠢ᠂ ᠵᠢᠩ ᠺᠧ ᠡᠨᠧᠷᠭᠢ ᠶᠢᠨ ᠰᠤᠷᠪᠤᠯᠵᠢ | ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠵᠤ᠂ ᠰᠢᠨ ᠰᠦᠩ ᠮᠠᠰᠢᠨ ᠬᠥᠮᠦᠨ ᠤ | ᠲᠥᠷᠥᠯ ᠵᠦᠶᠯ ᠢ ᠢᠳᠡᠪᠬᠢᠲᠡᠢ ᠵᠣᠯᠭᠠᠭᠤᠯᠵᠤ᠂ ᠲᠣᠨᠤᠭ ᠲᠥᠬᠦᠭᠡᠷᠦᠮᠵᠢ ᠦᠶᠯᠡᠳᠬᠦ ᠠᠵᠦ ᠦᠢᠯᠡᠰ ᠤᠨ | ᠳᠡᠭᠡᠳᠦ ᠲᠡᠰ ᠤᠨ᠂ ᠪᠦᠯᠦᠭᠵᠢᠯ ᠤᠨ ᠴᠢᠭᠯᠡᠯ ᠲᠡᠰᠢ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠴᠢᠦ ᠱᠢ ᠠᠮᠢᠳᠤ | ᠪᠣᠳᠠᠰ ᠤᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠮᠧᠩ ᠭᠧᠨ ᠱᠠᠨ ᠦᠭᠡᠬᠦ ᠲᠤᠰᠤ ᠶᠢᠨ | ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠮᠸᠡᠭ ᠨᠦᠩ ᠲᠧ᠂ ᠨᠠᠷᠠᠰᠤᠨ᠂ ᠰᠢᠨ | ᠰᠢᠶᠠᠨ ᠶᠦᠸᠧ᠂ ᠶᠧ ᠶᠢᠩ ᠮᠸᠢ ᠵᠡᠷᠭᠡ ᠲᠦᠷᠦᠯ ᠵᠦᠶᠯ ᠤᠨ ᠠᠵᠢᠯ ᠡᠬᠢᠯᠡᠭᠦᠯᠦᠨ ᠪᠠᠶᠢᠭᠤᠯᠬᠤ ᠶᠢ ᠠᠬᠢᠭᠤᠯᠵᠤ᠂ | ᠱᠤᠸᠠᠩ ᠬᠦᠶ ᠮᠢᠬᠠᠨ ᠢᠳᠡᠭᠡᠨ᠂ ᠯᠠᠨ ᠸᠧᠶ ᠰᠧ ᠳ᠋ᠦᠨ ᠲᠥᠮᠥᠰᠥᠨ ᠵᠦᠰᠦᠮ᠂ ᠭᠦᠸᠧ ᠰᠢ ᠲᠥᠮᠥᠰᠥ ᠶᠢᠨ | ᠪᠦᠷᠢᠨ ᠨᠤᠨᠲᠠᠭ ᠵᠡᠷᠭᠡ ᠢᠳᠡᠭᠡᠨ ᠢ ᠭᠦᠨᠵᠡᠭᠡᠶ ᠡᠳᠡᠰᠢᠭᠦᠯᠵᠦ ᠂ ᠲᠥᠷᠥᠯ ᠵᠦᠶᠯ ᠢ ᠢᠳᠡᠪᠬᠢᠲᠡᠶ ᠪᠠᠷ | ᠣᠷᠣᠭᠤᠯᠤᠨ ᠠᠪᠴᠢᠷᠠᠨ᠎ᠠ ᠃ ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ ᠤᠨ ᠲᠠᠷᠢᠶᠠᠯᠠᠩ ᠤᠨ | ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ ᠢᠶᠠᠷ ᠭᠠᠷᠳᠠᠴᠠ ᠪᠣᠯᠭᠠᠵᠤ᠂ ᠤᠯᠠᠭᠠᠨᠴᠠᠪ ᠴᠢᠨᠠᠭᠰᠢᠯᠠᠪᠠᠯ | ᠥᠪᠡᠷᠲᠡᠭᠡᠨ ᠵᠠᠰᠠᠬᠤ ᠣᠷᠣᠨ ᠤ ︽ᠮᠣᠩᠭᠤᠯ ᠨᠡᠷ᠎ᠡ︾ ᠲᠠᠷᠢᠶᠠᠯᠠᠩ ᠤᠨ ᠣᠨᠴᠠ ᠪᠦᠲᠦᠭᠡᠭᠳᠡᠭᠦᠨ ᠢ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠢ ᠪᠠᠶᠢᠭᠤᠯᠵᠤ᠂ ᠪᠣᠬᠢᠷᠲᠤᠯ ᠥᠬᠡᠶ ᠢᠳᠡᠭᠡᠨ ᠡᠳᠡᠰᠢᠬᠦᠯᠬᠦ ᠠᠵᠤ ᠦᠶᠯᠡᠰ ᠢ | ᠬᠡᠯᠬᠢᠶᠡᠵᠢᠭᠦᠯᠬᠦ᠂ ᠨᠠᠷᠠᠲᠤ ᠲᠥᠷᠥᠯ ᠲᠡᠮᠳᠡᠭᠵᠢᠭᠦᠯᠬᠦ ᠴᠢᠭᠯᠡᠯ ᠢᠶᠠᠷ ᠬᠥᠭᠵᠢᠭᠦᠯᠬᠦ ᠶᠢ ᠬᠦᠴᠦᠯᠡᠨ ᠠᠬᠢᠭᠤᠯᠤᠨ᠎ᠠ᠃ | ᠬᠢᠮᠢ ᠶᠢᠨ ᠠᠵᠤ ᠦᠶᠯᠡᠳᠪᠦᠷᠢ ᠶᠢᠨ ᠪᠤᠰᠤ ᠲᠥᠷᠥᠯ ᠤᠨ ᠪᠣᠬᠢᠷᠲᠤᠯ ᠦᠭᠡᠢ ᠨᠠᠶᠢᠷᠠᠯᠲᠠ᠂ ᠡᠮ ᠬᠢᠬᠦ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠲᠢᠶᠠᠨ ᠢᠦᠶ ᠬᠤᠩ ᠷᠦᠢ᠂ ᠱᠧᠩ ᠺᠠᠩ ᠡᠮ ᠡᠮᠨᠡᠯᠭᠡ᠂ ᠭᠧ ᠷᠦᠢ ᠳᠡᠭᠡᠳᠦ | ᠰᠢᠨ᠎ᠡ ᠮᠡᠷᠭᠡᠵᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠵᠦ᠂ ᠷᠧᠨ ᠽᠢ ᠡᠮ ᠤᠨ ᠦᠶᠯᠡᠰ᠂ | ᠪᠡᠭᠡᠵᠢᠩ ᠤᠨ ᠴᠧᠩ ᠢᠦᠶ ᠡᠮ ᠡᠮᠨᠡᠯᠭᠡ᠂ ᠶᠢᠩ ᠺᠧ ᠰᠢᠨᠵᠢᠯᠡᠬᠦ ᠤᠬᠠᠭᠠᠨ ᠮᠡᠷᠭᠡᠵᠢᠯ ᠡᠮ ᠡᠮᠨᠡᠯᠭᠡ ᠶᠢᠨ | ᠵᠠᠪᠰᠠᠷ ᠤᠨ ᠴᠣᠭᠴᠠ ᠵᠡᠷᠭᠡ ᠲᠥᠷᠥᠯ ᠵᠦᠶᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠤᠨ ᠢᠵᠢ ᠪᠦᠷᠢᠳᠦᠭᠦᠯᠬᠦ᠂ ᠨᠠᠷᠢᠯᠢᠭᠵᠢᠭᠤᠯᠬᠤ ᠴᠢᠭᠯᠡᠯ ᠲᠠᠢ ᠬᠥᠭᠵᠢᠬᠦ ᠶᠢ | ᠬᠦᠴᠦᠯᠡᠨ ᠠᠬᠢᠭᠤᠯᠤᠨ᠎ᠠ᠃ | ︵ᠭᠤᠷᠪᠠ︶ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠦᠨᠡᠨᠬᠦ ᠪᠣᠳᠠᠲᠠᠶ | ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ | ᠪᠤᠢ ᠪᠣᠯᠭᠠᠵᠤ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠠᠮᠢ ᠠᠬᠤᠢ ᠶᠢᠨ ᠵᠤᠭᠠᠴᠠᠯ᠂ ᠤᠳᠤ ᠦᠶ᠎ᠡ ᠶᠢᠨ ᠬᠥᠳᠡᠭᠡ ᠠᠵᠤ | ᠠᠬᠤᠢ᠂ ᠰᠣᠶᠣᠯ ᠤᠨ ᠰᠡᠯᠡᠭᠦᠴᠡᠯ ᠢ ᠨᠢᠭᠡ ᠴᠤᠬᠴᠠᠵᠢᠭᠤᠯᠤᠬᠰᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠪᠠᠶᠢᠷᠢᠰᠢᠯ ᠢ ᠪᠦᠬᠦ ᠬᠦᠴᠦ ᠪᠠᠷ ᠢᠶᠠᠨ ᠴᠣᠭᠴᠠᠯᠠᠨ᠎ᠠ᠃ ᠬᠤᠳᠠ ᠶᠢᠨ ᠲᠡᠭᠦᠷᠭᠡ ᠶᠢᠨ | ᠬᠡᠯᠪᠡᠷᠢ ᠶᠢᠨ ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠵᠦ᠂ ᠤᠮᠠᠷᠠᠲᠤ ᠬᠡᠰᠡᠭ ᠤᠨ ᠲᠠᠯ᠎ᠠ | ᠨᠤᠲᠤᠭ ᠤᠨ ᠰᠠᠶᠢᠨ ᠰᠠᠶᠢᠬᠠᠨ ᠠᠮᠢ ᠠᠬᠤᠶ ᠶᠢᠨ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ᠵᠠᠮ | ᠳᠠᠭᠠᠤ ᠶᠢᠨ ᠲᠦᠮᠡᠨ ᠮᠦ ᠶᠢᠨ ᠲᠣᠭᠤᠷᠢᠨ ᠦᠵᠡᠬᠦ ᠲᠠᠷᠢᠶᠠᠯᠠᠩ ᠤᠨ ᠪᠦᠰᠡ ᠪᠣᠯᠤᠨ ᠪᠡᠯᠭᠡ ᠲᠡᠮᠳᠡᠭ ᠤᠨ ᠴᠢᠨᠠᠷᠲᠠᠶ | ᠦᠵᠡᠮᠵᠢ ᠶᠢᠨ ᠣᠷᠣᠨ ᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠰᠠᠨ ᠬᠥ᠋ ᠴᠢᠤᠸᠠᠨ ᠶᠡᠭᠡ ᠠᠷᠪᠠᠳᠤᠭᠠᠷ᠂ ᠴᠠᠬᠠᠷ ᠬᠤᠸᠠᠷᠠᠨ᠂ ᠡᠯ ᠲᠠ ᠬᠦᠷᠢᠶ᠎ᠡ᠂ ᠰᠠᠨ ᠱᠧᠩ ᠲᠣᠰᠬᠤᠨ ᠵᠡᠷᠭᠡ | ᠣᠨᠴᠠᠯᠢᠭᠲᠤ ᠵᠢᠵᠢᠭ ᠪᠠᠯᠭᠠᠰᠤ᠂ ᠣᠨᠴᠠᠯᠢᠭᠲᠤ ᠲᠤᠰᠬᠤᠨ ᠢ ᠪᠠᠶᠢᠭᠤᠯᠵᠤ᠂ ᠠᠮᠢ ᠠᠬᠤᠢ ᠶᠢᠨ ᠲᠠᠷᠢᠶᠠᠯᠠᠩ᠂ | ᠦᠵᠡᠭᠦᠯᠦᠯᠭᠡ ᠶᠢᠨ ᠲᠠᠷᠢᠶᠠᠯᠠᠩ᠂ ᠲᠡᠭᠦᠬᠦ ᠲᠠᠷᠢᠶᠠᠯᠠᠩ᠂ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ | ᠰᠡᠯᠡᠭᠦᠴᠡᠨ ᠲᠣᠭᠤᠷᠢᠬᠤ᠂ ᠰᠣᠶᠣᠯ ᠤᠨ ᠪᠡᠶᠡᠴᠢᠯᠡᠨ ᠣᠶᠢᠯᠠᠭᠠᠬᠤ᠂ ᠮᠥᠰᠥ ᠴᠠᠰᠤᠨ ᠤ ᠵᠢᠭᠤᠯᠴᠢᠯᠠᠯ ᠢᠶᠠᠷ ᠭᠤᠤᠯ | ᠪᠤᠯᠭᠠᠭᠰᠠᠨ ︽ᠲᠠᠷᠢᠶᠠᠯᠠᠩ + ᠵᠢᠭᠤᠯᠴᠢᠯᠠᠯ︾ ᠤᠨ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ | ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠡᠯ᠎ᠡ ᠬᠦᠷᠢᠶᠡᠨ ᠤ ᠥᠭᠡᠷᠡᠴᠢᠯᠡᠯᠲᠡ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ︽ᠭᠤᠷᠪᠠᠨ ᠡᠷᠬᠡ ᠶᠢ | ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠡᠷᠭᠢᠯᠲᠡ ᠳᠤ | ᠣᠷᠣᠭᠤᠯᠬᠤ ᠳᠠᠩᠰᠠᠯᠠᠯ ᠤᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ | ᠂ ᠬᠡᠷᠡᠭᠯᠡᠬᠦ ᠡᠷᠬᠡ ᠶᠢ ᠵᠣᠬᠢᠰᠲᠠᠶ ᠠᠮᠢᠳᠤᠯᠢᠭ ᠪᠣᠯᠭᠠᠵᠤ᠂ ᠲᠠᠷᠢᠶᠠᠴᠢᠳ ᠤᠨ ᠡᠳ᠋ ᠬᠦᠷᠦᠩᠭᠡ ᠶᠢᠨ ᠡᠷᠬᠡ ᠶᠢ ᠦᠨᠡᠨᠬᠦ | ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ | ᠠᠵᠢᠯ ᠢ ᠲᠦᠷᠭᠡᠳᠬᠡᠨ ᠠᠬᠢᠭᠤᠯᠵᠤ᠂ ᠤᠰᠤ ᠠᠷᠪᠢᠯᠠᠬᠤ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠨᠢᠭᠡ | ᠰᠢᠶᠠᠩ ᠨᠢᠭᠡ ᠪᠠᠯᠭᠠᠰᠤᠨ ᠤ ᠲᠥᠪ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ | ᠨᠠᠶᠢᠷᠠᠭᠤᠯᠤᠨ ᠵᠤᠬᠢᠶᠠᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠵᠣᠷᠯᠣᠩ ᠤᠨ | ᠬᠤᠪᠢᠰᠬᠠᠯ᠂ ᠬᠥᠳᠡᠭᠡ ᠲᠣᠰᠬᠤᠨ ᠤ ᠵᠠᠰᠠᠮᠠᠯ ᠵᠠᠮ ᠵᠡᠷᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠮᠠᠯ ᠵᠢᠭᠦᠷᠲᠡᠨ ᠤ ᠪᠠᠭᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ ᠶᠢᠨ 75% ᠳᠤ ᠬᠦᠷᠦᠭᠦᠯᠬᠦ ᠪᠠᠷ ᠴᠢᠷᠮᠠᠶᠢᠵᠤ᠂ 3000 ᠡᠷᠦᠬᠡ ᠠᠴᠠ ᠳᠡᠭᠡᠭᠰᠢ ᠠᠷᠢᠭᠤᠨ | ᠴᠡᠪᠡᠷ ᠵᠣᠷᠯᠣᠩ ᠢ ᠥᠭᠡᠷᠡᠴᠢᠯᠡᠨ᠎ᠡ᠃ ᠤᠰᠤ ᠪᠠᠷ ᠨᠣᠭᠤᠭᠠᠷᠠᠭᠤᠯᠤᠯ ᠢ ᠲᠣᠭᠲᠠᠭᠠᠵᠤ᠂ ᠲᠣᠬᠢᠷᠠᠮᠵᠢᠲᠠᠶ ᠭᠠᠵᠠᠷ ᠲᠤ | ᠮᠣᠳᠣ ᠲᠠᠷᠢᠬᠤ ᠶᠢ ᠪᠠᠷᠢᠮᠲᠠᠯᠠᠵᠤ᠂ ᠶᠡᠭᠡ ᠠᠷᠪᠠᠳᠤᠭᠠᠷ ᠲᠤᠰᠬᠤᠨ ᠵᠡᠷᠭᠡ 12 ᠵᠠᠰᠠᠭ ᠵᠠᠬᠢᠷᠭᠠᠨ ᠤ ᠲᠣᠰᠬᠤᠨ ᠤ | ᠨᠣᠭᠤᠭᠠᠷᠠᠭᠤᠯᠤᠯᠲᠠ ᠭᠤᠶᠤᠵᠢᠭᠤᠯᠤᠯᠳᠡ ᠶᠢᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠠᠮᠢ ᠠᠬᠤᠢ | ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠦᠲᠦᠭᠡᠨ | ᠪᠠᠶᠢᠭᠤᠯᠤᠨ᠎ᠠ᠃ | ︵ᠳᠦᠷᠪᠡ︶ ᠪᠣᠳᠠᠲᠤ ᠪᠠᠶᠢᠳᠠᠯ ᠳᠤ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠣᠳᠣ | ᠦᠶ᠎ᠡ ᠶᠢᠨ ᠦᠢᠯᠡᠴᠢᠯᠡᠭᠡᠨ ᠤ ᠦᠶᠯᠡᠰ ᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ | ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢᠨ | ᠳᠡᠭᠡᠳᠦ ᠳᠡᠰ ᠲᠡᠰᠢ ᠤᠷᠲᠤᠳᠬᠠᠬᠤ ᠶᠢ ᠪᠠᠷᠢᠮᠲᠠᠯᠠᠵᠤ᠂ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ | ᠥᠨᠳᠥᠷ ᠶᠠᠰᠤ ᠴᠢᠨᠠᠷ ᠪᠠ ᠣᠯᠠᠨ ᠶᠠᠩᠵᠤᠯᠠᠬᠤ ᠲᠡᠰᠢ ᠳᠡᠰ ᠳᠡᠪᠰᠢᠭᠦᠯᠬᠦ ᠶᠢ ᠪᠠᠷᠢᠮᠲᠠᠯᠠᠨ᠎ᠠ᠃ ᠲᠣᠮᠣ | ᠬᠤᠳᠠᠯᠳᠤᠭ᠎ᠠ ᠶᠢ ᠪᠦᠬᠦ ᠬᠦᠴᠦᠨ ᠢᠶᠠᠷ ᠬᠥᠭᠵᠢᠭᠦᠯᠦᠨ᠎ᠡ᠃ ᠸᠠᠨ ᠳ᠋ᠠ ᠠᠭᠤᠳᠠᠮ ᠲᠠᠯᠠᠪᠠᠢ᠂ ᠮᠦᠸᠧ ᠡᠯ ᠴᠸᠡᠭ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ ᠠᠬᠢᠭᠤᠯᠵᠤ᠂ ᠴᠠᠬᠠᠷ ᠮᠥᠩᠭᠦᠨ | ᠰᠠᠭᠤᠳᠠᠯ᠂ ᠡᠷᠡᠨ ᠵᠠᠭᠤᠨ ᠠᠭᠤᠳᠠᠮ ᠲᠠᠯᠠᠪᠠᠢ᠂ ᠰᠢᠨ ᠰᠢᠶᠠ ᠰᠢᠨ ᠰᠣᠶᠣᠯ ᠤᠨ ᠲᠠᠯᠠᠪᠠᠢ ᠶᠢ ᠠᠮᠢᠯᠠᠭᠤᠯᠤᠨ | ᠡᠬᠢᠯᠡᠭᠦᠯᠵᠦ᠂ ᠮᠦᠸᠧ ᠡᠯ ᠴᠸᠡᠭ ᠠᠭᠤᠳᠠᠮ ᠲᠠᠯᠠᠪᠠᠶ ᠶᠢ ᠪᠦᠲᠦᠭᠡᠨ ᠪᠠᠶᠢᠭᠤᠯᠤᠨ᠎ᠠ᠃ ᠣᠯᠠᠨ ᠤᠯᠤᠰ ᠤᠨ | ᠠᠷᠠᠰᠤ ᠰᠢᠷᠢ ᠶᠢᠨ ᠬᠤᠲᠠ᠂ ᠰᠢᠶᠠᠩ ᠾᠧ ᠭᠡᠷ ᠤᠨ ᠡᠳ᠋ᠯᠡᠯ ᠤᠨ ᠬᠤᠲᠠ᠂ ᠤᠤ ᠸᠧᠶ᠂ ᠡᠦ ᠵᠸᠦ᠂ ᠴᠦᠨ | ᠲᠢᠶᠠᠨ ᠵᠡᠷᠭᠡ ᠨᠢᠭᠡᠨᠲᠡ ᠪᠠᠶᠢᠭ᠎ᠠ ᠬᠤᠳᠠᠯᠳᠤᠭᠠᠨ ᠤ ᠲᠠᠯᠠᠪᠤᠷ ᠢ ᠳᠡᠰ ᠳᠡᠪᠰᠢᠭᠦᠯᠦᠨ ᠥᠭᠡᠷᠡᠴᠢᠯᠡᠨ ᠰᠢᠨᠡᠳᠭᠡᠬᠦ ᠶᠢ | ᠬᠥᠲᠥᠯᠥᠨ ᠵᠢᠯᠣᠭᠤᠳᠴᠤ᠂ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠬᠡᠯᠬᠢᠶᠡᠵᠢᠭᠰᠡᠨ ᠡᠵᠡᠩᠨᠡᠯᠲᠡ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ ᠥᠷᠭᠡᠳᠬᠡᠵᠦ᠂ ᠸᠠᠨ ᠳ᠋ᠠ᠂ ᠸᠧᠢ | ᠳ᠋ᠦᠸᠧ ᠯᠢ᠂ ᠠᠷᠠᠰᠤ ᠰᠢᠷᠢ ᠶᠢᠨ ᠬᠤᠳᠠ ᠪᠠᠷ ᠭᠤᠣᠯ ᠪᠣᠯᠭᠠᠭᠰᠠᠨ ︽ᠨᠢᠭᠡ ᠬᠤᠳᠠ ᠭᠤᠷᠪᠠᠨ ᠲᠣᠭᠤᠷᠢᠭ︾ ᠤᠨ | ᠬᠤᠳᠠᠯᠳᠤᠭᠠᠨ ᠤ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠶᠡᠭᠡ ᠵᠢᠭᠤᠯᠴᠢᠯᠠᠯ ᠢ ᠪᠦᠬᠦ | ᠬᠦᠴᠦᠨ ᠢᠶᠠᠷ ᠬᠥᠭᠵᠢᠭᠦᠯᠦᠨ᠎ᠡ᠃ ᠪᠡᠭᠡᠵᠢᠩ ᠠᠴᠠ ᠬᠥᠬᠡᠬᠤᠲᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ | ᠪᠦᠬᠦ ᠱᠤᠭᠤᠮ ᠢᠶᠠᠷ ᠲᠡᠷᠭᠡ ᠨᠡᠪᠲᠡᠷᠡᠬᠦ ᠪᠠᠷ ᠲᠣᠬᠢᠶᠠᠯ ᠪᠣᠯᠭᠠᠵᠤ᠂ ᠤᠮᠠᠷᠠᠲᠤ ᠬᠡᠰᠡᠭ ᠤᠨ ᠲᠠᠯ᠎ᠠ ᠨᠤᠲᠤᠭ᠂ ︽ | ᠭᠤᠷᠪᠠᠨ ᠠᠭᠤᠯᠠ ᠬᠤᠶᠠᠷ ᠭᠤᠤᠯ︾᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ | ᠬᠦᠷᠢᠶᠡᠯᠡᠩ᠂ ᠳ᠋ᠠ ᠾᠧ ᠸᠠᠨ ᠣᠯᠠᠨ ᠤᠯᠤᠰ ᠤᠨ ᠴᠠᠰᠤ ᠭᠤᠯᠭᠤᠬᠤ ᠲᠠᠯᠠᠪᠠᠶ᠂ ᠶᠦᠩ ᠯᠢᠶᠠᠩ ᠬᠠᠯᠠᠭᠤᠨ | ᠷᠠᠰᠢᠶᠠᠨ ᠵᠡᠷᠭᠡ ᠵᠢᠭᠤᠯᠴᠢᠯᠠᠯ ᠤᠨ ᠡᠬᠢ ᠪᠠᠶᠠᠯᠢᠭ ᠲᠤ ᠨᠢᠭᠲᠠ ᠲᠦᠰᠢᠭᠯᠡᠨ᠂ ᠪᠥᠬᠦ ᠣᠷᠣᠨ ᠪᠦᠰᠡ ᠶᠢᠨ | ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ | ᠵᠠᠭᠪᠤᠷ ᠢ ᠴᠢᠷᠮᠠᠶᠢᠨ ᠪᠠᠶᠢᠭᠤᠯᠤᠨ᠎ᠠ᠃ ᠨᠠᠢᠮᠠᠨ ᠶᠡᠭᠡ ᠬᠥᠮᠥᠷᠭᠡ᠂ ᠮᠢᠬᠠᠨ ᠤ ᠬᠤᠯᠪᠣᠭᠠᠲᠤ ᠦᠢᠯᠡᠳᠪᠦᠷᠢ ᠵᠢᠴᠢ | ᠵᠢᠨᠢᠩ ᠤᠨ ᠡᠷᠲᠡᠨ ᠤ ᠬᠤᠲᠠ ᠵᠡᠷᠭᠡ ᠠᠰᠢᠭᠯᠠᠵᠤ ᠪᠣᠯᠬᠤ ᠡᠬᠢ ᠪᠠᠶᠠᠯᠢᠭ ᠢ ᠭᠦᠨ ᠠᠭᠤᠳᠠᠯᠵᠤ᠂ ᠵᠠᠩ | ᠦᠢᠯᠡ ᠶᠢᠨ ᠠᠷᠠᠳ ᠤᠨ ᠣᠷᠣᠨ ᠰᠠᠭᠤᠴᠠ᠂ ᠬᠤᠲᠠ ᠶᠢᠨ ᠳᠤᠷᠠᠰᠤᠮᠵᠢ᠂ ᠠᠵᠤ ᠦᠶᠯᠡᠳᠪᠦᠷᠢ ᠶᠢᠨ ᠪᠣᠯᠪᠠᠰᠤᠨ᠂ | ᠰᠡᠬᠡᠭᠡᠲᠡᠨ ᠵᠠᠯᠠᠭᠤᠴᠤᠳ ᠤᠨ ᠰᠣᠶᠣᠯ ᠵᠡᠷᠭᠡ ᠰᠢᠷᠢᠰ ᠭᠤᠤᠯ ᠰᠡᠳᠦᠪᠲᠦ ᠮᠦᠽᠧᠶ ᠶᠢᠨ ᠰᠦᠷᠦᠭᠵᠢᠯ ᠢ ᠪᠠᠶᠢᠭᠤᠯᠵᠤ | ᠂ ᠰᠣᠶᠣᠯ ᠵᠢᠭᠤᠯᠴᠢᠯᠠᠯ ᠤᠨ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠴᠠᠯᠢᠩ ᠢᠶᠠᠨ ᠠᠪᠴᠤ | ᠠᠮᠠᠷᠠᠬᠤ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ᠂ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ | ᠬᠥᠭᠵᠢᠭᠡᠨ᠎ᠡ᠃ ᠿᠢ ᠱᠧᠩ ᠱᠠᠨ ᠮᠸᠡᠭ᠂ ᠥᠪᠥᠷ ᠮᠣᠩᠭᠤᠯ ᠤᠨ ᠪᠠᠩᠬᠢ ᠶᠢᠨ ᠭᠤᠣᠯ ᠰᠡᠳᠦᠪᠲᠦ ᠵᠣᠴᠢᠳ ᠤᠨ | ᠪᠠᠭᠤᠳᠠᠯ ᠢ ᠪᠠᠶᠢᠭᠤᠯᠬᠤ ᠪᠠᠨ ᠲᠦᠷᠭᠡᠳᠬᠡᠵᠦ᠂ ᠺᠠᠩ ᠲᠠᠢ ᠷᠦᠢ ᠨᠢᠩ ᠪᠠᠭᠤᠳᠠᠯ ᠢ ᠰᠢᠨ᠎ᠡ ᠪᠠᠷ ᠪᠠᠶᠢᠭᠤᠯᠵᠤ᠂ | ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠯ᠂ ᠵᠤᠭ᠎ᠠ ᠴᠡᠩᠭᠡᠯ ᠵᠡᠷᠭᠡ ᠵᠢᠭᠤᠯᠴᠢᠯᠠᠯ ᠤᠨ | ᠢᠵᠢ ᠪᠦᠷᠢᠳᠦᠭᠦᠯᠬᠦ ᠡᠵᠡᠩᠨᠡᠯᠲᠡ ᠶᠢᠨ ᠪᠠᠶᠢᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠪ ᠬᠤᠲᠠ ᠶᠢᠨ | ᠲᠣᠭᠤᠷᠢᠭ ᠢ ᠦᠨᠡᠨᠬᠦ ︽ᠪᠡᠭᠡᠵᠢᠩ ᠤᠨ ᠪᠠᠷᠠᠭᠤᠨᠰᠢ ᠨᠢᠭᠡ ᠠᠯᠬᠤᠮ ᠤᠷᠤᠭᠰᠢᠯᠠᠬᠤ︾ ᠥᠪᠥᠷ ᠮᠤᠩᠭᠤᠯ ᠤᠨ | ᠡᠭᠦᠳᠡ ᠬᠤᠲᠠ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠨ ᠪᠠᠶᠢᠭᠤᠯᠤᠨ᠎ᠠ᠃ ᠶᠡᠭᠡ | ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠬᠥᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠶ ᠵᠡᠷᠭᠡ ᠡᠷᠭᠢᠨ | ᠲᠣᠭᠤᠷᠢᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠶᠠᠩᠵᠤᠯᠠᠭᠰᠠᠨ ᠡᠷᠡᠭᠦᠯ ᠴᠢᠭᠢᠷᠠᠭ ᠪᠡᠶ᠎ᠡ ᠰᠤᠪᠢᠯᠠᠬᠤ | ᠬᠡᠷᠡᠭᠴᠡᠭᠡ ᠳᠤ ᠲᠦᠰᠢᠭᠯᠡᠨ᠂ ᠮᠠᠨ ᠤ ᠲᠤᠭᠤᠷᠢᠭ ᠤᠨ ᠪᠦᠬᠦ ᠵᠢᠯ ᠳᠤ ᠪᠣᠬᠢᠷ ᠮᠠᠨᠠᠨ ᠦᠭᠡᠢ᠂ ᠵᠤᠨ ᠤ | ᠤᠯᠠᠷᠢᠯ ᠳᠤ ᠳᠤᠮᠳᠠᠴᠢ ᠪᠠᠷ 18.8℃ ᠤᠨ ᠣᠷᠴᠢᠨ ᠲᠣᠭᠤᠷᠢᠨ ᠤ ᠠᠭᠤᠷ ᠠᠮᠢᠰᠬᠤᠯ ᠤᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠪᠠᠢ ᠸᠠᠩ᠂ ᠯᠠᠨ ᠴᠧᠩ᠂ ᠬᠤᠩ ᠬᠠᠢ ᠽᠢ ᠵᠡᠷᠭᠡ ᠡᠷᠡᠭᠡᠯᠵᠡᠯ ᠤᠨ ᠲᠥᠷᠥᠯ ᠵᠦᠢᠯ ᠢ | ᠲᠦᠷᠭᠡᠳᠬᠡᠨ ᠠᠬᠢᠭᠤᠯᠤᠨ᠎ᠠ᠃ ᠵᠢᠯ ᠤᠨ ᠳᠣᠲᠣᠷ᠎ᠠ ᠪᠡᠶ᠎ᠡ ᠰᠤᠪᠢᠯᠠᠯᠲᠠ ᠨᠠᠰᠤᠵᠢᠯ ᠤᠨ ᠠᠰᠠᠷᠠᠮᠵᠢ᠂ ᠡᠮ ᠡᠮᠨᠡᠯᠭᠡ | ᠡᠷᠡᠭᠦᠯᠵᠢᠯ᠂ ᠰᠡᠯᠡᠭᠦᠴᠡᠯ ᠠᠮᠠᠷᠠᠯᠲᠠ ᠶᠢ ᠨᠢᠭᠡ ᠴᠣᠭᠴᠠᠵᠢᠭᠤᠯᠤᠭᠰᠠᠨ ᠥᠨᠳᠥᠷ ᠪᠠᠷᠢᠮᠵᠢᠶᠠᠲᠤ ᠡᠷᠡᠭᠦᠯᠵᠢᠯ | ᠰᠤᠪᠢᠯᠠᠯᠲᠠ ᠶᠢᠨ ᠪᠠᠶᠢᠭᠤᠯᠤᠮᠵᠢ ᠶᠢ ᠡᠬᠢᠯᠡᠭᠦᠯᠬᠦ ᠪᠠᠷ ᠴᠢᠷᠮᠠᠶᠢᠵᠤ᠂ ︽ᠲᠣᠮᠣ ᠡᠷᠡᠭᠦᠯ ᠮᠡᠨᠳᠦ︾ ᠠᠵᠤ ᠦᠢᠯᠡᠰ ᠢ | ᠬᠥᠭᠵᠢᠭᠦᠯᠬᠦ ᠲᠠᠯ᠎ᠠ ᠪᠠᠷ ᠵᠠᠩᠭᠢᠯᠠᠭ᠎ᠠ ᠶᠢᠨ ᠠᠯᠬᠤᠮ ᠢ ᠠᠯᠬᠤᠪᠠ᠃ ᠲᠣᠮᠣ ᠪᠣᠳᠠᠰ ᠤᠨ ᠭᠦᠢᠯᠭᠡᠭᠡ ᠶᠢ ᠪᠦᠬᠦ | ᠬᠦᠴᠦᠨ ᠢᠶᠠᠷ ᠬᠥᠭᠵᠢᠭᠦᠯᠦᠨ᠎ᠡ᠃ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭ᠎ᠠ ᠶᠢᠨ | ᠭᠦᠢᠯᠭᠡᠭᠡᠨ ᠤ ᠬᠦᠢᠰᠦ ᠶᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠳᠣᠯᠣᠭᠠᠨ ᠰᠤᠮᠤᠨ ᠤ | ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠵᠤ᠂ ᠭᠠᠶᠢᠯᠢ ᠪᠠᠲᠤᠯᠠᠬᠤ | ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠢᠶᠡᠨ | ᠬᠤᠲᠠ ᠶᠢᠨ ᠪᠣᠭᠤᠮᠲᠠ ᠶᠢᠨ ᠴᠢᠳᠠᠮᠵᠢ ᠶᠢ ᠵᠠᠯᠭᠠᠨ ᠠᠪᠴᠤ᠂ ᠬᠤᠤᠰ ᠴᠢᠭᠯᠡᠯᠲᠦ ᠪᠠᠷᠠᠭ᠎ᠠ ᠶᠢᠨ ᠢᠷᠡᠯᠲᠡ ᠶᠢ | ᠢᠳᠡᠪᠬᠢᠲᠡᠶ ᠪᠠᠷ ᠥᠷᠭᠡᠳᠬᠡᠨ᠂ ᠵᠢᠰᠢᠶᠠᠨ ᠤ ᠭᠠᠯᠲᠤ ᠲᠡᠷᠭᠡ ᠶᠢ ︽ᠳᠠᠬᠢᠨ ᠬᠠᠰᠤᠵᠤ ᠳᠠᠬᠢᠨ ᠪᠤᠴᠠᠭᠠᠬᠤ︾ | ᠬᠡᠪᠰᠢᠭᠰᠡᠨ ᠠᠵᠢᠯᠯᠠᠭᠠᠨ ᠢ ᠪᠡᠶᠡᠯᠡᠭᠦᠯᠦᠨ᠎ᠡ ᠃ᠳᠤᠮᠳᠠᠳᠤ ᠤᠯᠤᠰ ᠠᠴᠠ ᠭᠠᠳᠠᠭᠰᠢ ᠲᠡᠭᠡᠭᠡᠪᠦᠷᠢᠯᠡᠬᠦ᠂ ᠵᠥᠩ ᠶᠤᠸᠠᠨ | ᠳᠠᠯᠠᠢ ᠶᠢᠨ ᠲᠡᠭᠡᠭᠡᠪᠦᠷᠢ ᠵᠡᠷᠭᠡ ᠪᠠᠷᠠᠭ᠎ᠠ ᠶᠢᠨ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠶᠢᠩ ᠽᠧ᠂ ᠡᠦ ᠬᠤᠸᠠ᠂ ᠶᠢᠨ ᠶᠧ ᠵᠡᠷᠭᠡ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ | ᠭᠦᠶᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠦᠨᠵᠡᠭᠡᠶ | ᠡᠳ᠋ᠰᠢᠭᠦᠯᠬᠦ ᠠᠵᠤ ᠠᠬᠤᠶᠢᠯᠠᠯ ᠢ ᠪᠦᠬᠦ ᠬᠦᠴᠦᠨ ᠢᠶᠠᠷ ᠲᠡᠳᠬᠦᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠶᠢᠨ ᠨᠠᠰᠢ ᠴᠠᠰᠢ ᠶᠠᠪᠤᠬᠤ ᠪᠠᠷᠠᠭ᠎ᠠ ᠶᠢ ᠡᠳ᠋ᠰᠢᠭᠦᠯᠦᠨ ᠪᠣᠭᠤᠳᠠᠯᠯᠠᠵᠤ᠂ ︽ ᠰᠠᠭᠠᠳ ᠦᠭᠡᠢ ᠨᠡᠪᠲᠡᠷᠡᠬᠦ︾ | ᠦᠵᠡᠭᠳᠡᠯ ᠢ ᠬᠦᠴᠦᠯᠡᠨ ᠰᠢᠶᠳᠪᠦᠷᠢᠯᠡᠨ᠎ᠡ᠃ ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ ᠤᠨ TIR ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠠᠶᠢᠴᠠᠭᠠᠨ ᠰᠢᠯᠭᠠᠬᠤ ᠣᠷᠣᠨ᠂ ᠮᠢᠬᠠᠨ ᠤ ᠲᠥᠷᠥᠯ ᠤᠨ ᠰᠢᠨ᠎ᠡ | ᠰᠣᠷᠭᠤᠭ ᠴᠢᠭ ᠲᠣᠭᠲᠠᠭᠠᠭᠰᠠᠨ ᠣᠷᠣᠨ᠂ ᠮᠠᠰᠢᠨ ᠳᠡᠭᠡᠭᠡᠪᠦᠷᠢ ᠶᠢᠨ ᠲᠤᠰᠬᠠᠶ ᠱᠤᠭᠤᠮ ᠤᠨ ᠲᠣᠤᠷ ᠢ ᠪᠠᠶᠢᠭᠤᠯᠤᠨ | ᠡᠵᠡᠩᠨᠡᠬᠦ ᠶᠢ ᠪᠦᠬᠦ ᠬᠦᠴᠦᠨ ᠢᠶᠠᠷ ᠢᠶᠠᠨ ᠳᠡᠳᠬᠦᠬᠦ ᠬᠡᠷᠡᠭᠲᠡᠶ᠃ ᠣᠷᠣᠨ ᠪᠦᠰᠡ ᠶᠢᠨ ᠴᠢᠨᠠᠷᠲᠠᠢ ᠪᠠᠷᠠᠭ᠎ᠠ ᠶᠢᠨ | ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠬᠦᠴᠦᠯᠡᠨ ᠪᠠᠶᠢᠭᠤᠯᠤᠨ᠎ᠠ᠃ ᠠᠭᠠᠷ ᠤᠨ ᠠᠵᠤ ᠦᠢᠯᠡᠰ ᠤᠨ | ᠬᠦᠷᠢᠶᠡᠯᠡᠩ᠂ ᠰᠢᠤᠳᠠᠨ ᠤ ᠶᠠᠪᠤᠳᠠᠯ ᠲᠦᠷᠭᠡᠨ ᠬᠦᠷᠭᠡᠬᠦ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠤᠨ | ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠮᠠᠨ ᠤ ᠲᠤᠭᠤᠷᠢᠭ ᠢᠶᠠᠨ ᠦᠨᠡᠨᠬᠦ ᠬᠥᠬᠡᠬᠤᠲᠠ ᠪᠤᠭᠤᠲᠤ ᠣᠷᠳᠣᠰ ᠲᠤ | ᠲᠦᠰᠢᠭᠯᠡᠭᠰᠡᠨ᠂ ᠪᠡᠭᠡᠵᠢᠩ ᠲᠢᠶᠠᠨᠵᠢᠨ ᠾᠧᠪᠧᠶ ᠳᠤ ᠠᠭᠤᠰᠤᠯᠴᠠᠭᠰᠠᠨ᠂ ᠣᠷᠣᠰ ᠥᠪᠥᠷ ᠮᠣᠩᠭᠤᠯ ᠡᠸᠦ᠋ᠷᠦᠫᠡ ᠶᠢ | ᠬᠤᠯᠪᠣᠭᠰᠠᠨ ᠤᠮᠠᠷᠠᠲᠤ ᠶᠢᠨ ᠴᠢᠬᠤᠯᠠ ᠪᠠᠷᠠᠭ᠎ᠠ ᠶᠢᠨ ᠭᠦᠶᠯᠭᠡᠭᠡᠨ ᠤ ᠳᠠᠮᠵᠢᠭᠤᠯᠬᠤ ᠰᠠᠭᠤᠷᠢᠨ ᠭᠠᠵᠠᠷ ᠪᠣᠯᠭᠠᠨ | ᠪᠦᠲᠦᠭᠡᠨ ᠪᠠᠶᠢᠭᠤᠯᠤᠨ᠎ᠠ᠃ ᠬᠤᠷᠠᠯ ᠦᠵᠡᠰᠬᠦᠯᠡᠩ ᠤᠨ ᠠᠵᠤ ᠠᠬᠤᠶ ᠶᠢ ᠪᠦᠬᠦ ᠬᠦᠴᠦᠨ ᠢᠶᠠᠷ ᠢᠶᠠᠨ | ᠬᠥᠭᠵᠢᠭᠦᠯᠦᠨ᠎ᠡ᠃ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ᠂ ᠬᠤᠷᠠᠯ ᠤᠨ ᠲᠥᠪ᠂ ᠲᠠᠯ᠎ᠠ ᠨᠤᠲᠤᠭ ᠤᠨ | ᠲᠣᠷᠭᠠᠨ ᠵᠠᠮ ᠤᠨ ᠦᠵᠡᠭᠦᠯᠭᠡ ᠠᠷᠠᠯᠵᠢᠶᠠᠨ ᠤ ᠲᠥᠪ ᠢᠶᠠᠷ ᠲᠦᠰᠢᠭ ᠪᠣᠯᠭᠠᠵᠤ᠂ ᠲᠣᠣᠷ ᠪᠥᠮᠪᠦᠭᠡ ᠶᠢᠨ ᠣᠷᠳᠣᠨ᠂ | ᠤᠮᠪᠠᠯᠲᠠ ᠶᠢᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠣᠮᠣ | ᠬᠡᠯᠪᠡᠷᠢ ᠶᠢᠨ ᠲᠠᠯᠠᠪᠤᠷ ᠣᠷᠳᠣᠨ ᠢ ᠠᠮᠢᠳᠤᠯᠢᠭ ᠢᠶᠠᠷ ᠬᠡᠷᠡᠭᠯᠡᠵᠦ᠂ ᠬᠤᠷᠠᠯ ᠦᠵᠡᠰᠬᠦᠯᠡᠩ ᠤᠨ ᠠᠵᠤ ᠠᠬᠤᠶ᠂ | ᠤᠷᠤᠯᠳᠤᠭᠠᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠬᠡᠷᠡᠭᠯᠡᠭᠡ ᠶᠢ ᠤᠯᠠᠮ ᠨᠢᠭᠡ ᠠᠯᠬᠤᠮ | ᠳᠠᠶᠢᠴᠢᠯᠠᠵᠤ᠂ ᠬᠤᠲᠠ ᠶᠢᠨ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠠ᠃ | ︵ᠲᠠᠪᠤ︶ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠬᠤᠲᠠ ᠶᠢᠨ | ᠴᠢᠳᠠᠮᠵᠢ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠶᠠᠰᠤ ᠴᠢᠨᠠᠷ ᠢᠶᠠᠷ ᠣᠷᠦ᠋ᠢᠯᠠᠬᠤ︾ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠴᠢᠳᠠᠪᠬᠢ ᠲᠡᠭᠦᠯᠳᠡᠷ᠂ ᠪᠦᠬᠢᠷᠳᠤᠯ ᠦᠭᠡᠢ ᠣᠶᠤᠨᠴᠢ᠂ ᠬᠠᠮᠢᠶᠠᠷᠤᠯᠲᠠ | ᠰᠢᠨᠵᠢᠯᠡᠬᠦ ᠤᠬᠠᠭᠠᠨᠴᠢ ᠣᠳᠣᠬᠢᠴᠢᠯᠠᠭᠰᠠᠨ ᠲᠥᠪ ᠬᠤᠲᠠ ᠲᠣᠭᠤᠷᠢᠭ ᠢ ᠬᠦᠴᠦᠯᠡᠨ ᠪᠠᠶᠢᠭᠤᠯᠵᠤ᠂ ᠬᠤᠲᠠ ᠶᠢᠨ | ᠴᠢᠳᠠᠮᠵᠢ ᠶᠢ ᠴᠢᠩᠭᠠᠳᠬᠠᠨ᠎ᠠ᠃ ᠵᠢᠨᠢᠩ ᠲᠣᠭᠤᠷᠢᠭ ᠪᠠ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ | ᠵᠠᠬᠢᠷᠭᠠᠨ ᠤ ᠣᠷᠣᠨ ᠤ ᠵᠠᠭᠠᠭ ᠢ ᠰᠢᠯᠤᠭᠤᠳᠬᠠᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠪᠦᠬᠦ | ᠲᠠᠯ᠎ᠠ ᠪᠠᠷ ᠠᠬᠢᠭᠤᠯᠵᠤ᠂ ᠪᠠᠢ ᠬᠠᠢ ᠽᠢ ᠪᠠᠯᠭᠠᠰᠤᠨ ᠤ ᠰᠢᠨ᠎ᠡ ᠭᠠᠵᠠᠷ ᠤᠨ ᠶᠡᠷᠦᠩᠬᠡᠢ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠵᠢᠴᠢ ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠷᠣᠨ | ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠶᠢ ᠪᠡᠶᠡᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠤᠨ | ᠲᠣᠬᠢᠷᠠᠭᠤᠯᠤᠯᠲᠠ ᠬᠢᠵᠦ ᠬᠤᠪᠢᠶᠠᠷᠢᠯᠠᠨ ᠲᠣᠭᠲᠠᠭᠠᠬᠤ ᠶᠢ ᠲᠦᠷᠭᠡᠳᠭᠡᠵᠦ᠂ ᠡᠯ᠎ᠡ ᠲᠥᠷᠥᠯ ᠤᠨ ᠭᠠᠵᠠᠷ ᠬᠡᠷᠡᠭᠯᠡᠬᠦ | ᠪᠠᠶᠢᠷᠢᠰᠢᠯ ᠢ ᠲᠣᠳᠣᠷᠬᠠᠶ ᠪᠣᠯᠭᠠᠵᠤ᠂ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠵᠤ ᠬᠠᠮᠢᠶᠠᠷᠤᠨ ᠡᠵᠡᠮᠳᠡᠬᠦ | ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠵᠠᠮ᠂ ᠤᠰᠤ᠂ ᠳᠤᠯᠠᠭᠠᠨ᠂ ᠬᠡᠢ᠂ ᠴᠠᠬᠢᠯᠭᠠᠨ ︽ᠲᠠᠪᠤᠨ ᠲᠣᠣᠷ ᠢ | ᠬᠠᠮᠲᠤ ᠳᠤᠨᠢ ᠵᠠᠰᠠᠬᠤ︾ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠮᠥᠩᠭᠦᠨ ᠭᠦᠢᠯᠭᠡᠭᠡᠨ ᠤ ᠶᠡᠭᠡ ᠵᠡᠭᠡᠯᠢ᠂ ᠬᠦᠭᠵᠢᠯᠲᠡ ᠵᠡᠭᠦᠨ ᠵᠡᠭᠡᠯᠢ | ᠵᠡᠷᠭᠡ 7 ᠵᠤᠷᠪᠤᠰ ᠵᠠᠮ ᠤᠨ ᠪᠦᠲᠦᠭᠡᠨ ᠪᠠᠶᠢᠭᠤᠯᠤᠯᠲᠠ ᠵᠢᠴᠢ 195 ᠺᠢᠯᠤᠮᠧᠲᠷ ᠤᠨ ᠢᠯᠴᠢ ᠬᠠᠩᠭᠠᠬᠤ᠂ ᠤᠰᠤ | ᠬᠠᠩᠭᠠᠬᠤ᠂ ᠤᠰᠤ ᠵᠠᠯᠠᠬᠤ᠂ ᠪᠠᠶᠢᠭᠠᠯᠢ ᠶᠢᠨ ᠰᠢᠲᠠᠮᠠᠬᠠᠢ ᠬᠡᠢ᠂ ᠵᠦᠩ ᠱᠦᠢ ᠵᠡᠷᠭᠡ ᠬᠤᠭᠤᠯᠠᠢ ᠲᠣᠣᠷ ᠳᠡᠪᠢᠰᠬᠦ | ᠢᠨᠵᠧᠨᠧᠷᠢᠩ ᠢ ᠪᠡᠶᠡᠯᠡᠭᠦᠯᠦᠨ᠎ᠡ᠃ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠲᠣᠬᠢᠷᠠᠭᠤᠯᠬᠤ | ᠢᠨᠵᠧᠨᠧᠷᠢᠩ ᠢ ᠲᠦᠷᠭᠡᠳᠬᠡᠨ ᠠᠬᠢᠭᠤᠯᠵᠦ᠂ ᠮᠠ ᠯᠢᠶᠠᠨ ᠲᠠᠨ ᠤᠰᠤᠨ ᠰᠤᠷᠪᠤᠯᠵᠢ ᠶᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠦᠯᠦᠪᠯᠡᠨ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠤᠰᠤ | ᠬᠠᠩᠭᠠᠬᠤ ᠬᠦᠴᠢᠷᠳᠡᠯ ᠢ ᠪᠠᠭᠠᠰᠬᠠᠨ᠎ᠠ᠃ ᠠᠷᠠᠳ ᠠᠴᠠ ᠡᠵᠡᠩᠨᠡᠭᠰᠡᠨ ᠢᠯᠴᠢ ᠬᠠᠩᠭᠠᠬᠤ ᠠᠵᠤ ᠠᠬᠤᠶᠢᠯᠠᠯ ᠤᠨ | ᠳᠦᠷᠢᠮ ᠢᠶᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠢᠯᠴᠢ ᠰᠣᠯᠢᠯᠴᠠᠬᠤ ᠥᠷᠲᠡᠭᠡᠨ ᠤ ᠥᠪᠡᠷᠲᠡᠭᠡᠨ | ᠡᠵᠡᠮᠳᠡᠬᠦ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠵᠦ᠂ ᠢᠯᠴᠢ ᠬᠠᠩᠭᠠᠬᠤ ᠤᠶᠤᠨᠴᠢᠯᠠᠯᠲᠠ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ ᠃ ᠳᠤᠮᠳᠠᠳᠤ ᠤᠯᠤᠰ ᠤᠨ ᠰᠢᠲᠠᠯᠲᠠ᠂ ᠲᠢᠶᠠᠨᠵᠢᠨ ᠤ ᠰᠢᠲᠠᠯᠲᠠ ᠶᠢᠨ ᠺᠣᠮᠫᠠᠨᠢ ᠯᠤᠭ᠎ᠠ | ᠬᠠᠮᠲᠤᠷᠠᠯᠴᠠᠬᠤ ᠡᠷᠴᠢᠮ ᠢ ᠴᠢᠩᠭᠠᠷᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠡᠷᠦᠬᠡ ᠳᠤ ᠣᠷᠣᠬᠤ | ᠨᠣᠷᠮ᠎ᠠ ᠶᠢ 50% ᠪᠣᠯᠲᠠᠯ᠎ᠠ ᠳᠡᠭᠡᠭᠰᠢᠯᠡᠭᠦᠯᠦᠨ᠎ᠡ ᠃ ᠶᠦᠩ ᠠᠨ᠂ ᠺᠠᠩ ᠨᠢᠩ ᠵᠡᠷᠭᠡ 110kV ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ 6 ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠲᠠ ᠶᠢᠨ | ᠲᠣᠭᠤᠷᠢᠭ ᠤᠨ ᠴᠠᠬᠢᠯᠭᠠᠨ ᠬᠡᠷᠡᠭᠯᠡᠬᠦ ᠳᠠᠷᠤᠯᠲᠠ ᠶᠢ ᠦᠨᠡᠨᠬᠦ ᠬᠥᠩᠭᠡᠷᠡᠭᠦᠯᠦᠨ᠎ᠡ᠃ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠱᠤᠭᠤᠮ ᠢ 10 ᠵᠤᠷᠪᠤᠰ ᠰᠢᠨ᠎ᠡ ᠪᠠᠷ ᠨᠡᠮᠡᠭᠳᠡᠭᠦᠯᠦᠨ ᠰᠢᠯᠢᠳᠡᠭᠵᠢᠭᠦᠯᠵᠦ᠂ ᠨᠡᠶᠢᠲᠡ ᠶᠢᠨ ᠮᠠᠰᠢᠨ ᠲᠡᠷᠭᠡᠨ ᠤ | ᠥᠷᠲᠡᠭᠡ 10 ᠶᠢ ᠨᠡᠮᠡᠨ ᠪᠠᠶᠢᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ︽ᠬᠠᠮᠤᠭ ᠤᠨ | ᠰᠡᠭᠦᠯᠴᠢ ᠶᠢᠨ ᠨᠢᠭᠡ ᠺᠢᠯᠣᠮᠧᠲᠷ︾ ᠢ ᠦᠨᠡᠨᠬᠦ ᠰᠢᠶᠳᠪᠦᠷᠢᠯᠡᠨ᠎ᠡ᠃ ᠬᠤᠲᠠ ᠶᠢᠨ ᠳᠦᠷᠢ ᠲᠥᠷᠬᠦ ᠶᠢ | ᠳᠡᠭᠡᠭᠰᠢᠯᠡᠭᠦᠯᠦᠨ᠎ᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠪᠠᠶᠢᠴᠠᠭᠠᠯᠲᠠ ᠪᠠᠷ ᠠᠵᠠ ᠲᠣᠬᠢᠶᠠᠯ | ᠪᠣᠯᠭᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠥᠬᠦ ᠬᠦᠴᠦᠨ ᠢᠶᠠᠷ | ᠰᠢᠪᠲᠤᠯᠤᠯᠲᠠ ᠭᠠᠷᠭᠠᠪᠠ᠃ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ | ᠥᠷᠨᠢᠭᠦᠯᠵᠦ᠂ ᠬᠤᠭᠤᠯᠠᠶ ᠱᠤᠭᠤᠮ ᠢ ᠡᠮᠬᠢᠯᠡᠨ ᠨᠡᠶᠢᠯᠡᠭᠦᠯᠬᠦ᠂ ᠵᠠᠷ ᠮᠡᠳᠡᠭᠡ ᠶᠢ ᠬᠡᠷᠡᠮ ᠳᠤ ᠨᠠᠭᠠᠬᠤ᠂ ᠮᠠᠰᠢᠨ | ᠲᠡᠷᠭᠡ ᠶᠢ ᠣᠷᠣᠨ ᠪᠠᠶᠢᠷᠢ ᠳᠤ ᠣᠷᠣᠭᠤᠯᠬᠤ ᠶᠢ ᠠᠬᠢᠭᠤᠯᠵᠤ᠂ ᠵᠠᠮ ᠬᠠᠷᠢᠯᠴᠠᠭ᠎ᠠ ᠲᠦᠭᠵᠢᠷᠡᠬᠦ ᠵᠡᠷᠭᠡ ᠲᠣᠪᠤᠶᠢᠮ᠎ᠠ | ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ ᠪᠡᠭᠡᠵᠢᠩ ᠠᠴᠠ ᠬᠥᠬᠡᠬᠤᠲᠠ ᠬᠦᠷᠬᠦ ᠳᠡᠭᠡᠳᠦ ᠬᠤᠷᠳᠤᠴᠠᠲᠤ ᠲᠡᠮᠦᠷ | ᠵᠠᠮ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ | ᠴᠢᠤᠸᠠᠨ ᠢᠦᠶ ᠯᠢᠩ ᠭᠤᠤᠯ ᠤᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡ ᠶᠢ ᠡᠬᠢᠯᠡᠭᠦᠯᠵᠦ᠂ ᠨᠠᠨ ᠱᠠ ᠾᠧ ᠭᠤᠤᠯ ᠢ ᠶᠡᠷᠦᠩᠬᠡᠶᠢᠯᠡᠨ ᠵᠠᠰᠠᠬᠤ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ ᠨᠣᠭᠤᠭᠠᠨ ᠬᠥᠷᠥᠰᠥ᠂ ᠪᠠᠶᠠᠨ ᠬᠦᠴᠦ᠂ ᠾᠧᠩ ᠳ᠋ᠡ ᠵᠡᠷᠭᠡ ᠭᠠᠵᠠᠷ ᠬᠥᠷᠥᠩᠭᠡ ᠶᠢᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠯᠦᠩ ᠬᠦ᠋ ᠨᠠᠭᠤᠷ᠂ ᠯᠠᠨ ᠴᠧᠩ ᠵᠡᠷᠭᠡ ᠲᠥᠷᠥᠯ ᠵᠦᠢᠯ ᠢ | ᠢᠳᠡᠪᠬᠢᠲᠡᠢ ᠵᠣᠯᠭᠠᠭᠤᠯᠵᠤ᠂ ᠵᠢᠨᠢᠩ ᠳᠤ ᠡᠷᠦᠬᠡ ᠠᠮᠠ ᠤᠷᠤᠭᠤᠯᠵᠤ ᠂ ᠬᠤᠲᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠲᠣᠭᠤᠷᠢᠭ ᠲᠤ ᠣᠷᠣᠭᠤᠯᠬᠤ ᠶᠢ ᠢᠳᠡᠪᠬᠢᠲᠡᠶ ᠪᠠᠷ | ᠲᠦᠯᠬᠢᠨ ᠠᠬᠢᠭᠤᠯᠵᠤ᠂ ᠲᠣᠤᠷᠵᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠤᠷᠲᠤᠳᠬᠠᠨ᠎ᠠ | ᠃ ᠠᠳᠠᠯ ᠠᠬᠤᠶ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠲᠠᠰ ᠳᠡᠪᠰᠢᠬᠦ ᠶᠢ ᠦᠷᠭᠦᠯᠵᠢᠯᠡᠨ ᠰᠠᠶᠢᠲᠤᠷ | ᠠᠳᠬᠤᠨ᠎ᠠ᠃ ᠬᠦᠴᠦᠨ ᠢᠶᠠᠨ ᠲᠥᠪᠯᠡᠷᠡᠭᠦᠯᠦᠨ ᠬᠤᠶᠠᠳᠤᠭᠠᠷ ᠪᠦᠯᠦᠭ ᠤᠨ 7 ᠬᠡᠰᠡᠭ ᠲᠣᠭᠤᠷᠢᠭ᠂ 45 | ᠰᠠᠭᠤᠭᠠᠯᠢ ᠲᠣᠭᠤᠷᠢᠭ᠂ 65.82 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠬᠦ ᠡᠭᠦᠷᠭᠡ ᠶᠢ ᠠᠬᠢᠭᠤᠯᠵᠤ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ | ᠬᠡᠢ ᠬᠠᠩᠭᠠᠬᠤ ᠵᠡᠷᠭᠡ ᠬᠤᠭᠤᠯᠠᠶ ᠲᠣᠤᠷ ᠬᠠᠭᠤᠴᠢᠷᠠᠭᠰᠠᠨ ᠵᠢᠴᠢ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ | ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ ᠠᠳᠠᠯ ᠠᠬᠤᠶ᠂ ᠨᠡᠶᠢᠭᠡᠮ ᠲᠣᠭᠤᠷᠢᠭ ᠤᠨ ᠨᠠᠰᠤᠲᠠᠨ ᠳᠤ ᠨᠠᠶᠢᠳᠠᠵᠤ | ᠬᠡᠤᠬᠡᠳ ᠰᠠᠭᠠᠲᠠᠭᠤᠯᠬᠤ᠂ ᠲᠦᠷᠭᠡᠨ ᠬᠦᠷᠭᠡᠯᠲᠡ ᠬᠦᠷᠭᠡᠬᠦ᠂ ᠠᠷᠠᠳ ᠲᠤ ᠳᠥᠭᠦᠮ ᠦᠵᠡᠭᠦᠯᠬᠦ ᠬᠤᠳᠠᠯᠳᠤᠭᠠᠨ ᠤ | ᠬᠡᠲᠦ ᠳᠡᠯᠭᠡᠭᠦᠷ ᠵᠡᠷᠭᠡ ᠦᠶᠯᠡᠴᠢᠯᠡᠭᠡᠨ ᠤ ᠴᠢᠳᠠᠮᠵᠢ ᠶᠢ ᠲᠥᠬᠦᠷᠵᠢᠭᠦᠯᠦᠨ ᠲᠡᠭᠦᠯᠳᠡᠷᠵᠢᠭᠦᠯᠵᠦ᠂ 9046 ᠡᠷᠦᠬᠡ | ᠰᠠᠭᠤᠭᠠᠯᠢ ᠠᠷᠠᠳ ᠲᠤ ᠠᠰᠢᠭ ᠬᠦᠷᠲᠡᠭᠡᠵᠦ᠂ 2.5 ᠲᠦᠮᠡ ᠭᠠᠷᠤᠶ ᠬᠥᠮᠦᠨ ᠳᠤ ᠠᠰᠢᠭ ᠬᠦᠷᠲᠡᠭᠡᠪᠡ᠃ | ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠠᠮᠢᠳᠤᠷᠠᠯ ᠤᠨ ᠬᠤᠭ | ᠨᠣᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠪᠠ ᠬᠤᠤᠷ ᠦᠭᠡᠶᠢᠳᠡᠭᠦᠯᠬᠦ ᠶᠢ ᠲᠦᠷᠭᠡᠳᠬᠡᠨ ᠪᠡᠶᠡᠯᠡᠭᠦᠯᠦᠨ᠎ᠡ᠃ | ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠵᠤ᠂ 21 ᠨᠡᠶᠢᠲᠡ ᠶᠢᠨ ᠵᠣᠷᠯᠣᠩ ᠢ ᠰᠢᠨ᠎ᠡ ᠪᠠᠷ | ᠲᠤᠬᠢᠷᠠᠭᠤᠯᠤᠨ ᠪᠠᠶᠢᠭᠤᠯᠤᠨ᠎ᠠ᠃ ︽ᠣᠶᠤᠨᠯᠢᠭ ᠬᠤᠲᠠ︾ ᠶᠢ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠤᠶᠤᠨᠲᠤ ᠠᠳᠠᠯ ᠠᠬᠤᠶ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠵᠠᠮ ᠬᠠᠷᠢᠯᠴᠠᠭ᠎ᠠ ᠵᠡᠷᠭᠡ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠬᠠᠮᠢᠶᠠᠷᠤᠯᠲᠠ ᠶᠢᠨ ᠵᠢᠷᠤᠮᠵᠢᠭᠰᠠᠨ᠂ ᠨᠠᠷᠢᠯᠢᠭᠵᠢᠭᠰᠠᠨ᠂ | ᠣᠶᠤᠨᠴᠢᠯᠠᠭᠰᠠᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ | ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠯᠥᠪᠵᠢᠭᠦᠯᠦᠨ ᠪᠠᠶᠢᠷᠢᠰᠢᠭᠤᠯᠵᠤ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠥᠭᠡᠴᠡ ᠬᠦᠴᠦᠨ ᠢ ᠬᠤᠷᠠᠮᠳᠤᠭᠤᠯᠤᠨ᠎ᠠ᠃ ᠥᠭᠡᠷᠡᠴᠢᠯᠡᠯᠲᠡ | ᠨᠡᠭᠡᠭᠡᠯᠲᠡ ᠪᠠ ᠡᠯᠧᠮᠧᠨ᠋ᠲ ᠤᠨ ᠪᠠᠲᠤᠯᠠᠭ᠎ᠠ ᠪᠠᠷ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ | ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠨ᠎ᠡ᠃ ᠥᠭᠡᠷᠡᠴᠢᠯᠡᠯᠲᠡ ᠶᠢ ᠨᠠᠩ ᠶᠡᠭᠡ ᠡᠷᠴᠢᠮ ᠢᠶᠠᠷ ᠭᠦᠨᠵᠡᠭᠡᠶᠢᠷᠡᠭᠦᠯᠦᠨ᠎ᠡ᠃ ᠰᠢᠶᠠᠩ ᠪᠠᠯᠭᠠᠰᠤ | ᠪᠠ ᠵᠡᠭᠡᠯᠢ ᠭᠤᠳᠤᠮᠵᠢ ᠶᠢ ᠡᠮᠬᠢᠯᠡᠨ ᠨᠡᠶᠢᠯᠡᠭᠦᠯᠵᠦ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠠᠤᠯᠢ ᠬᠡᠷᠡᠭᠵᠢᠭᠦᠯᠬᠦ | ᠬᠦᠴᠦᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠡᠵᠡᠩᠨᠡᠯᠲᠡ ᠶᠢᠨ ᠴᠢᠨᠠᠷᠲᠠᠶ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠲᠥᠪᠯᠡᠷᠡᠩᠭᠦᠶ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ | ᠤᠯᠤᠰ ᠤᠨ ᠥᠮᠴᠢᠯᠡᠯᠲᠡ ᠠᠵᠤ ᠠᠬᠤᠶᠢᠯᠠᠯ ᠤᠨ ᠴᠢᠬᠤᠯᠠ ᠶᠡᠭᠡ ᠡᠵᠡᠩᠨᠡᠯᠲᠡ ᠶᠢᠨ ᠰᠢᠶᠳᠪᠦᠷᠢᠲᠦ ᠪᠣᠳᠣᠯᠭ᠎ᠠ᠂ | ᠪᠡᠯᠡ ᠣᠷᠣᠭᠤᠯᠤᠯᠲᠠ ᠶᠢᠨ ᠦᠷ᠎ᠡ ᠠᠰᠢᠭ ᠢ ᠦᠨᠡᠯᠡᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ | ᠵᠡᠷᠭᠡ ᠳᠤ ᠰᠢᠰᠲ᠋ᠧᠮᠲᠦ ᠴᠢᠨᠠᠷᠲᠠᠶ ᠥᠭᠡᠷᠡᠴᠢᠯᠡᠯᠲᠡ ᠬᠢᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠬᠥᠮᠦᠨ᠂ ᠡᠳ᠋᠂ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ᠃ | ︽ᠣᠯᠠᠨ ᠦᠨᠡᠮᠯᠡᠯ ᠢ ᠨᠢᠭᠡᠳᠬᠡᠬᠦ︾᠂ ︽ᠦᠨᠡᠮᠯᠡᠯ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠬᠦᠨᠵᠡᠭᠡᠢ | ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠶᠢᠷ᠎ᠠ ᠬᠠᠪᠢ ᠳᠤᠨᠢ | ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠦᠬᠦ ᠬᠦᠴᠦᠨ ᠢᠶᠠᠷ ᠬᠡᠷᠡᠭᠵᠢᠭᠦᠯᠵᠦ᠂ ︽ᠨᠢᠭᠡ | ᠴᠣᠩᠬᠤ ᠪᠠᠷ ᠬᠦᠯᠢᠶᠡᠨ ᠠᠪᠴᠤ ᠰᠢᠶᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠰᠢᠶᠳᠪᠦᠷᠢᠯᠡᠬᠦ᠂ ᠨᠢᠭᠡ | ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠠᠵᠤ | ᠠᠬᠤᠶᠢᠯᠠᠯ ᠡᠷᠬᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠠᠭᠠᠰᠬᠠᠵᠤ᠂ ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢ 5 ᠡᠳᠦᠷ ᠬᠢᠵᠦ ᠳᠠᠭᠤᠰᠬᠠᠭᠠᠳ᠂ ᠥᠨᠳᠥᠷ ᠳᠠᠪᠲᠠᠮᠵᠢᠲᠤ ᠬᠡᠷᠡᠭ ᠶᠠᠪᠤᠳᠠᠯ ᠢ ︽ᠬᠠᠮᠤᠭ | ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ ᠶᠢ 95% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠳᠠᠶᠠᠭᠠᠷ ᠤᠨ ᠢᠲᠡᠭᠡᠮᠵᠢ | ᠶᠢᠨ ᠤᠬᠠᠮᠰᠠᠷ ᠪᠠ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢᠶᠠᠷ ᠬᠥᠳᠡᠯᠭᠡᠭᠦᠷ | ᠪᠣᠯᠭᠠᠵᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠬᠥᠲᠥᠯᠥᠨ ᠳᠠᠭᠠᠭᠤᠯᠤᠨ᠎ᠠ᠃ ᠴᠢᠳᠠᠪᠤᠷᠢᠲᠠᠨ ᠤ | ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠲᠤ ᠪᠠᠬᠢ | ᠲᠣᠭᠲᠠᠭᠠᠵᠤ᠂ ᠣᠷᠣᠨ ᠰᠠᠭᠤᠴᠠ ᠶᠢᠨ ᠨᠥᠬᠦᠪᠥᠷᠢ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠥᠷᠢ᠂ | ᠰᠤᠳᠤᠯᠤᠨ ᠨᠡᠭᠡᠭᠡᠬᠦ ᠰᠠᠭᠤᠷᠢ ᠮᠥᠩᠭᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ | ᠨᠡᠶᠢᠲᠡᠯᠡᠵᠦ᠂ ᠨᠢᠭᠡ ᠪᠦᠯᠦᠭ ︽ᠬᠤᠤᠰ ᠲᠡᠷᠢᠭᠦᠨ ᠵᠡᠷᠭᠡ ᠶᠢᠨ︾ ᠳᠡᠭᠡᠳᠦ ᠰᠤᠷᠭᠠᠭᠤᠯᠢ ᠲᠡᠭᠦᠰᠦᠭᠰᠡᠳ ᠢ ᠠᠵᠤ | ᠠᠬᠤᠶᠢᠯᠠᠯ ᠠᠵᠢᠯ ᠦᠶᠯᠡᠰ ᠤᠨ ᠨᠢᠭᠡᠴᠡ ᠪᠠ ᠡᠮᠴᠢᠯᠡᠭᠡ᠂ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ | ᠦᠶᠯᠡᠴᠢᠯᠡᠭᠡᠨ ᠤ ᠬᠦᠷᠢᠶᠡᠨ ᠳᠤ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠴᠢᠳᠠᠪᠤᠷᠢ ᠪᠠ ᠤᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠭᠠᠳᠠᠭᠰᠢ ᠨᠡᠭᠡᠭᠡᠯᠳᠡ ᠬᠢᠬᠦ ︽ᠨᠠᠶᠢᠵᠠ ᠶᠢᠨ ᠬᠦᠷᠢᠶ᠎ᠡ︾ ᠶᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ | ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ | ᠭᠦᠨᠵᠡᠭᠡᠶ ᠠᠭᠤᠰᠤᠯᠴᠠᠵᠤ᠂ ᠡᠷᠢᠶᠡᠨ ᠬᠤᠲᠠ᠂ ᠤᠯᠠᠭᠠᠨᠴᠠᠪ ᠬᠤᠲᠠ ᠬᠤᠶᠠᠷ ᠭᠠᠵᠠᠷ ᠤᠨ ᠠᠵᠤ ᠠᠬᠤᠢ ᠶᠢᠨ | ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠬᠤᠲᠠ ᠶᠢᠨ ᠭᠠᠳᠠᠭᠠᠳᠤ ᠠᠵᠤ ᠠᠬᠤᠢ ᠠᠷᠠᠯᠵᠢᠶ᠎ᠠ | ᠂ ᠠᠽᠢᠶ᠎ᠠ ᠧᠦ᠋ᠷᠣᠫᠠ ᠣᠯᠠᠨ ᠤᠯᠤᠰ᠂ ᠤᠮᠠᠷᠠᠲᠤ ᠶᠢᠨ ᠡᠬᠡ ᠬᠠᠭᠤᠷᠠᠢ ᠶᠢᠨ ᠭᠠᠷᠠᠮ ᠵᠡᠷᠭᠡ ᠠᠵᠤ ᠠᠬᠤᠶᠢᠯᠠᠯ | ᠧᠦ᠋ᠷᠣᠫᠠ ᠲᠢᠪ ᠤᠨ ᠲᠤᠬᠠᠢ ᠶᠢᠨ ᠭᠠᠵᠠᠷ ᠤᠨ ᠪᠠᠷᠠᠭ᠎ᠠ ᠶᠢᠨ ᠭᠦᠢᠯᠭᠡᠭᠡ᠂ ᠪᠠᠷᠠᠭ᠎ᠠ ᠣᠷᠣᠯᠠᠭᠤᠯᠬᠤ ᠵᠡᠷᠭᠡ ᠠᠵᠤ | ᠠᠬᠤᠶᠢᠯᠠᠯ ᠯᠤᠭ᠎ᠠ ᠨᠢᠭᠲᠠ ᠬᠠᠷᠢᠯᠴᠠᠬᠤ ᠶᠢ ᠵᠤᠷᠢᠭᠵᠢᠭᠤᠯᠤᠨ᠎ᠠ ᠃ ᠥᠨᠳᠥᠷ ᠨᠡᠮᠡᠯᠲᠡ ᠦᠷᠳᠡᠭ ᠪᠦᠬᠦᠢ | ᠲᠠᠸᠠᠷ ᠤᠨ ᠨᠠᠰᠢ ᠴᠠᠰᠢ ᠲᠡᠭᠡᠭᠡᠪᠦᠷᠢᠯᠡᠬᠦ ᠬᠡᠮᠵᠢᠶ᠎ᠡ ᠶᠢ ᠦᠨᠡᠨᠬᠦ | ᠨᠡᠮᠡᠭᠳᠡᠭᠦᠯᠦᠨ᠎ᠡ ᠃ ᠳᠡᠭᠡᠳᠦ ᠬᠤᠷᠳᠤᠴᠠᠲᠤ ᠲᠡᠮᠦᠷ ᠵᠠᠮ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠪᠡᠭᠡᠵᠢᠩ | ᠲᠢᠶᠠᠨᠵᠢᠨ ᠾᠧᠪᠧᠶ᠂ ᠬᠥᠬᠡᠬᠤᠲᠠ ᠪᠤᠭᠤᠲᠤ ᠣᠷᠳᠣᠰ᠂ ᠤᠯᠠᠭᠠᠨᠴᠠᠪ ᠶᠡᠭᠡ ᠵᠠᠩ ᠵᠡᠷᠭᠡ ᠣᠷᠣᠨ ᠪᠦᠰᠡ ᠶᠢᠨ | ᠬᠠᠮᠲᠤᠷᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠢᠳᠡᠪᠬᠢᠲᠡᠢ ᠨᠡᠮᠡᠭᠳᠡᠭᠦᠯᠬᠦ ᠶᠢᠨ ᠬᠠᠮᠲᠤ ᠲᠣᠰ ᠭᠠᠵᠠᠷ ᠤᠨ ᠳᠠᠪᠠᠭᠤᠯᠢᠭ ᠡᠬᠢ ᠪᠠᠶᠠᠯᠢᠭ᠂ ᠴᠢᠨᠠᠷ ᠰᠠᠶᠢᠲᠠᠶ | ᠦᠶᠯᠡᠳᠬᠦᠨ ᠢ ᠬᠦᠴᠦᠨ ᠥᠬᠡᠶ ᠪᠣᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ | ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠰᠢᠯᠠᠵᠤ | ᠪᠠᠶᠢᠭ᠎ᠠ ︽ᠲᠦᠭᠵᠢᠷᠡᠯ︾ ᠢ ᠡᠷᠡᠰ ᠴᠡᠪᠡᠷᠯᠡᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ | ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠨᠠᠨ ᠵᠥᠪᠰᠢᠶᠡᠷᠡᠬᠦ | ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ | ᠲᠠᠯ᠎ᠠ ᠪᠠᠷ ᠨᠢᠭᠡ ᠯᠡ ᠠᠳᠠᠯᠢ ᠪᠠᠷ ᠦᠵᠡᠵᠦ᠂ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠬᠤ ᠳᠤ | ᠬᠦᠴᠢᠷᠲᠡᠶ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠰᠢᠶᠳᠪᠦᠷᠢᠯᠡᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠳᠤ ᠭᠦᠶᠴᠡᠳ ᠵᠠᠬ᠎ᠠ ᠳᠡᠯᠭᠡᠭᠦᠷ ᠤᠨ ᠣᠷᠣᠨ | ᠵᠠᠶ ᠶᠢ ᠪᠤᠢ ᠪᠣᠯᠭᠠᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ | ᠬᠠᠷᠢᠴᠠᠭ᠎ᠠ ᠶᠢ ᠢᠳᠡᠪᠬᠢᠲᠡᠶ ᠪᠠᠶᠢᠭᠤᠯᠵᠤ ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠠᠵᠤ ᠠᠬᠤᠶᠢᠯᠠᠯᠲᠠᠨ ᠢ ᠵᠢᠨᠢᠩ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠡᠳᠬᠢᠯ | ᠠᠭᠤᠵᠢᠷᠠᠭᠤᠯᠤᠨ ᠠᠳᠠᠯ ᠦᠶᠯᠡᠰ ᠴᠣᠭᠴᠠᠯᠠᠵᠤ᠂ ᠰᠡᠳᠬᠢᠯ ᠠᠮᠤᠷ ᠬᠥᠭᠵᠢᠭᠦᠯᠦᠨ᠎ᠡ᠃ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠤᠳᠤᠷᠢᠳᠬᠤ ᠺᠠᠳ᠋ᠷ ᠤᠨ ︽ᠠᠵᠤ ᠦᠢᠯᠡᠰ ᠢ | ᠳᠠᠭᠠᠭᠠᠴᠢᠯᠠᠬᠤ᠂ ᠬᠤᠳᠠᠯᠳᠤᠭᠠᠴᠢᠨ ᠤᠷᠢᠬᠤ᠂ ᠠᠬᠢᠭᠤᠯᠬᠤ ᠶᠢ ᠳᠠᠭᠠᠭᠠᠴᠢᠯᠠᠬᠤ︾ ᠳᠦᠷᠢᠮ ᠢ ᠬᠡᠷᠡᠭᠵᠢᠭᠦᠯᠵᠦ᠂ | ᠬᠠᠮᠲᠤ ᠪᠠᠷ ᠡᠳ᠋ᠯᠡᠬᠦ᠂ ᠵᠥᠪᠳᠡᠯᠴᠡᠬᠦ ᠪᠠ ᠮᠥᠷᠳᠡᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠶᠯ ᠢ ᠬᠢᠨᠠᠨ ᠰᠢᠯᠭᠠᠬᠤ ᠬᠠᠮᠢᠶᠠᠷᠤᠯᠲᠠ᠂ | ᠤᠷᠮᠠᠰᠢᠭᠤᠯᠬᠤ ᠱᠠᠩᠨᠠᠬᠤ ᠠᠷᠭ᠎ᠠ ᠶᠢ ᠲᠡᠭᠦᠯᠳᠡᠷᠵᠢᠭᠦᠯᠵᠦ᠂ ᠲᠥᠷᠥᠯ ᠵᠦᠶᠯ ᠤᠨ ᠠᠵᠢᠯ ᠳᠠᠭᠤᠰᠬᠤ ᠨᠣᠷᠮ᠎ᠠ ᠤᠨ | ᠭᠠᠷᠤᠯᠲᠠ ᠳᠤ ᠬᠦᠷᠬᠦ ᠨᠣᠷᠮ᠎ᠠ ᠶᠢᠨ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ | ᠴᠢᠩᠭ᠎ᠠ ᠠᠩᠬᠠᠷᠴᠤ᠂ ᠢᠯᠠᠩᠭᠤᠶ᠎ᠠ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢᠨ ᠠᠵᠤ ᠦᠶᠯᠡᠰ ᠤᠨ | ᠰᠢᠯᠵᠢᠯᠲᠡ ᠶᠢ ᠠᠳᠬᠤᠵᠤ᠂ ᠠᠵᠤ ᠦᠶᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ | ᠶᠢ ᠪᠦᠬᠦ ᠲᠠᠯ᠎ᠠ ᠪᠠᠷ ᠥᠷᠨᠢᠭᠦᠯᠵᠡᠶ᠃ ᠨᠢᠭᠡ ᠪᠦᠯᠦᠭ ᠴᠢᠬᠤᠯᠠ ᠶᠡᠭᠡ ᠲᠥᠷᠥᠯ ᠵᠦᠶᠯ ᠢ ᠳᠠᠭᠠᠵᠤ᠂ ᠭᠡᠷ᠎ᠡ | ᠲᠣᠭᠲᠠᠵᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃ ᠵᠢᠨᠢᠩ ᠪᠣᠯᠤᠨ ᠪᠦᠬᠦ ᠥᠪᠡᠷᠲᠡᠭᠡᠨ ᠵᠠᠰᠠᠬᠤ | ᠣᠷᠣᠨ ᠤ ᠪᠦᠬᠦ ᠪᠥᠮᠪᠥᠷᠴᠡᠭ ᠢ ᠬᠠᠷᠠᠬᠤ ᠳᠤ ᠰᠠᠭᠤᠷᠢᠯᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠵᠢᠮ᠎ᠡ ᠶᠣᠰᠣ | ᠪᠣᠯᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠪᠦᠬᠦ ᠲᠤᠭᠤᠷᠢᠭ ᠤᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ ᠪᠠ | ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠭᠦᠨᠵᠡᠭᠡᠶ ᠲᠥᠯᠥᠪᠵᠢᠭᠦᠯᠵᠦ᠂ ᠮᠠᠨ ᠤ ᠲᠤᠭᠤᠷᠢᠭ ᠤᠨ | ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠪᠠᠶᠢᠴᠠᠭᠠᠨ ᠰᠤᠳᠤᠯᠤᠯᠲᠠ ᠶᠢ ᠥᠷᠭᠡᠨ ᠢᠶᠠᠷ ᠥᠷᠨᠢᠭᠦᠯᠵᠡᠶ᠃ ᠡᠯ᠎ᠡ ᠡᠲᠡᠭᠡᠳ ᠤᠨ ᠣᠶᠤᠨ | ᠤᠬᠠᠭᠠᠨ ᠢ ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠢᠷᠡᠬᠦ ᠲᠠᠪᠤᠨ ᠵᠢᠯ ᠵᠢᠴᠢ ᠨᠡᠩ ᠤᠷᠲᠤ | ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠠᠶ᠃ ᠪᠠᠰᠠ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠵᠤ᠂ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠬᠤ ᠪᠤᠯᠠᠬᠤ ᠶᠢ ᠦᠨᠡᠨᠬᠦ ᠪᠡᠶᠡᠯᠡᠭᠦᠯᠵᠦ᠂ ᠮᠠᠨ ᠤ | ᠲᠤᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠲᠥᠪ᠂ ᠥᠪᠡᠷᠲᠡᠭᠡᠨ ᠵᠠᠰᠠᠬᠤ | ᠣᠷᠣᠨ᠂ ᠤᠯᠠᠭᠠᠨᠴᠠᠪ ᠬᠤᠲᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ᠮᠥᠷᠲᠡᠭᠡᠨ ᠵᠢᠨᠢᠩ ᠤᠨ ᠪᠣᠳᠠᠲᠤ | ᠪᠠᠶᠢᠳᠠᠯ ᠳᠤ ᠨᠡᠶᠢᠴᠡᠨ᠎ᠡ᠃ | ︵ᠳᠣᠯᠤᠭ᠎ᠠ︶ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠲᠥᠯᠥᠭᠡ ᠲᠥᠷᠥ ᠪᠠᠷᠢᠵᠤ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠥᠬᠦ ᠬᠦᠴᠦᠨ ᠢᠶᠠᠷ ᠢᠶᠠᠨ ᠨᠡᠮᠡᠭᠳᠡᠭᠦᠯᠦᠨ᠎ᠡ᠃ ᠠᠷᠠᠳ ᠣᠯᠠᠨ ᠤ | ᠬᠦᠴᠢᠷ ᠲᠦᠪᠡᠭᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠡᠯ᠎ᠡ | ᠵᠦᠶᠯ ᠤᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠨ | ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ᠂ ᠬᠥᠯᠥᠰᠥᠨ | ᠠᠵᠢᠯᠴᠢᠨ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠤᠯᠬᠤ ᠲᠤᠰᠠᠯᠠᠮᠵᠢ ᠶᠢ ᠴᠢᠩᠭᠠᠳᠬᠠᠨ᠂ ᠠᠳᠠᠯ | ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠳᠤ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠬᠤᠲᠠ ᠪᠠᠯᠭᠠᠰᠤᠨ ᠳᠤ 4600 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠨᠢᠭᠡ ᠴᠦ ᠠᠵᠢᠯ ᠤᠯᠤᠭᠰᠠᠨ | ᠥᠬᠡᠶ ᠬᠡᠷ ᠪᠦᠯᠢ ᠶᠢᠨ ᠬᠥᠳᠡᠯᠦᠩᠭᠦᠶ ᠪᠠᠷ ᠠᠵᠢᠯ ᠤᠯᠬᠤ ᠶᠢ ᠦᠨᠡᠨᠬᠦ ᠪᠠᠲᠤᠯᠠᠪᠠ᠃ ᠨᠠᠰᠤᠵᠢᠯ ᠤᠨ | ᠠᠰᠠᠷᠠᠮᠵᠢ ᠶᠢᠨ ᠮᠥᠩᠭᠦ᠂ ᠠᠵᠢᠯ ᠠᠯᠳᠠᠯᠲᠠ ᠶᠢᠨ ᠮᠥᠩᠭᠦ ᠪᠠ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠪᠤᠨ ᠪᠠᠲᠤᠯᠠᠭᠠᠲᠤ ᠡᠷᠦᠬᠡ᠂ | ᠵᠡᠮᠳᠡᠭᠴᠦᠳ᠂ ᠥᠨᠥᠴᠢᠨ ᠬᠡᠦᠬᠡᠳ ᠵᠡᠷᠭᠡ ᠣᠨᠴᠠᠭᠠᠢ ᠬᠦᠴᠢᠷᠳᠡᠯᠲᠡᠢ ᠬᠥᠮᠦᠰ ᠤᠨ ᠪᠠᠲᠤᠯᠠᠭ᠎ᠠ ᠶᠢᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠣᠯᠭᠤᠮᠵᠢ ᠶᠢ ᠳᠡᠭᠡᠭᠰᠢᠯᠡᠭᠦᠯᠬᠦ᠂ | ᠬᠢᠨᠠᠨ ᠰᠢᠯᠭᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠲᠤᠬᠠᠶ ᠬᠢᠨᠠᠮᠠᠭᠠᠶ ᠰᠤᠳᠤᠯᠤᠨ ᠨᠡᠶᠢᠲᠡᠯᠡᠬᠦ | ᠬᠡᠷᠡᠭᠲᠡᠶ᠃ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠤ ᠠᠵᠢᠯ ᠦᠢᠯᠡᠰ ᠤᠨ ᠨᠢᠭᠡᠴᠡ ᠳᠤ ᠣᠷᠣᠬᠤ ᠰᠢᠨ᠎ᠡ | ᠠᠷᠭ᠎ᠠ ᠵᠠᠮ ᠪᠠ ᠠᠵᠢᠯ ᠦᠢᠯᠡᠰ ᠤᠨ ᠠᠵᠢᠯᠲᠠᠨ ᠤ ᠬᠠᠮᠢᠶᠠᠷᠤᠯᠲᠠ ᠪᠠᠷ ᠯᠠᠪᠯᠠᠯᠲᠠ ᠪᠣᠯᠭᠠᠬᠤ ᠰᠢᠨ᠎ᠡ ᠠᠷᠭ᠎ᠠ ᠶᠢ | ᠢᠳᠡᠪᠬᠢᠲᠡᠢ ᠰᠦᠪᠡᠭᠴᠢᠯᠡᠵᠦ᠂ ᠲᠡᠳᠡᠨ ᠢ ᠨᠡᠶᠢᠭᠡᠮ ᠲᠣᠭᠤᠷᠢᠭ᠂ ᠣᠯᠠᠨ ᠲᠦᠮᠡᠨ ᠳᠤ ᠨᠡᠩ ᠰᠡᠳᠬᠢᠯ ᠠᠮᠤᠷ | ᠦᠶᠯᠡᠴᠢᠯᠡᠭᠦᠯᠬᠦ ᠬᠡᠷᠡᠭᠲᠡᠶ ᠭᠡᠵᠡᠶ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ︽ᠣᠷᠣᠨ ᠰᠠᠭᠤᠴᠠ ᠶᠢ ᠰᠠᠭᠤᠬᠤ ᠠᠴᠠ ᠪᠢᠰᠢ ᠰᠠᠷᠢᠭᠠᠯᠠᠬᠤ ᠥᠬᠡᠶ︾ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠪᠠᠶᠢᠭᠤᠯᠬᠤ ᠠᠵᠢᠯ ᠳᠤ ᠬᠠᠮᠵᠢᠯᠴᠠᠨ᠎ᠠ᠂ 500 ᠡᠷᠦᠬᠡ ᠶᠢᠨ ᠳᠥᠭᠦᠮ ᠪᠦᠲᠦᠴᠡᠲᠦ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠢᠨ ᠱᠠᠩ ᠭᠡᠷ | ᠣᠷᠣᠨ᠂ ᠵᠢᠶᠠᠩ ᠳ᠋ᠦᠩ ᠵᠢᠶᠦ᠋ᠨ ᠤ E ᠲᠣᠭᠤᠷᠢᠭ ᠵᠡᠷᠭᠡ ᠲᠥᠪᠬᠢᠨᠡᠭᠦᠯᠬᠦ 8 ᠪᠠᠭ᠎ᠠ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ | ᠰᠠᠭᠤᠭᠠᠯᠢ ᠠᠷᠠᠳ ᠤᠨ ︽ᠬᠢᠮᠳᠠ ᠣᠷᠣᠨ ᠰᠠᠭᠤᠴᠠ ᠶᠢᠨ ᠵᠡᠭᠦᠳᠦ︾ ᠪᠠᠨ ᠡᠷᠲᠡᠬᠡᠨ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠬᠠᠭᠠᠰ ᠳᠤᠲᠠᠭᠤ ᠪᠠᠷᠢᠯᠭ᠎ᠠ᠂ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠬᠤ | ᠵᠡᠷᠭᠡ ᠠᠰᠠᠭᠤᠳᠠᠯ ᠢ ᠰᠢᠶᠳᠪᠦᠷᠢᠯᠡᠬᠦ ᠶᠢ ᠵᠡᠷᠭᠡᠪᠡᠷ ᠠᠬᠢᠭᠤᠯᠵᠤ᠂ ᠦᠯᠡᠳᠡᠭᠰᠡᠨ 425 ᠡᠷᠦᠬᠡ ᠶᠢᠨ ︽ᠨᠤᠷᠠᠭᠠᠵᠤ | ᠨᠡᠭᠦᠬᠦ ᠳᠤ ᠬᠦᠴᠢᠷ︾ ᠠᠰᠠᠭᠤᠳᠠᠯ ᠢ ᠲᠦᠢᠯᠪᠤᠷᠢᠲᠠᠶ ᠰᠢᠶᠳᠪᠦᠷᠢᠯᠡᠨ᠎ᠡ᠃ ᠳᠤᠮᠳᠠ ᠳᠣᠤᠷ᠎ᠠ ᠣᠷᠣᠯᠭ᠎ᠠ ᠲᠠᠢ ᠬᠡᠷ | ᠪᠦᠯᠢ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠷ ᠨᠠᠩ ᠣᠯᠠᠨ ᠬᠤᠲᠠ ᠪᠠᠯᠭᠠᠰᠤᠨ ᠤ ᠳᠤᠮᠳᠠ ᠵᠢᠴᠢ | ᠲᠡᠭᠦᠨ ᠠᠴᠠ ᠳᠣᠷᠣᠭᠰᠢᠬᠢ ᠣᠷᠣᠯᠭ᠎ᠠ ᠲᠠᠢ ᠬᠡᠷ ᠪᠦᠯᠢ ᠳᠤ ᠠᠰᠢᠭ ᠬᠦᠷᠲᠡᠭᠡᠨ᠎ᠡ᠃ ᠰᠤᠷᠭᠠᠨ ᠬᠥᠮᠦᠵᠢᠯ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠭᠤᠷᠪᠠᠨ ᠨᠡᠷ᠎ᠡ | ︾ ᠶᠢᠨ ᠢᠨᠵᠧᠨᠧᠷᠢᠩ ᠢ ᠭᠦᠨᠵᠡᠭᠡᠶ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ | ᠪᠣᠯᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠲᠦᠪ ᠤᠨ | ᠪᠠᠭᠰᠢ ᠶᠢᠨ ᠶᠡᠭᠡ ᠰᠤᠷᠭᠠᠭᠤᠯᠢ᠂ ᠰᠧᠴᠤᠸᠠᠨ ᠤ ᠲᠢᠶᠠᠨ ᠯᠢ ᠵᠡᠷᠭᠡ ᠨᠡᠷᠡᠲᠦ ᠰᠤᠷᠭᠠᠭᠤᠯᠢ ᠯᠤᠭ᠎ᠠ ᠬᠠᠮᠲᠤᠷᠠᠨ | ᠠᠵᠢᠯᠯᠠᠬᠤ ᠠᠯᠬᠤᠴᠠ ᠪᠠᠨ ᠲᠦᠷᠭᠡᠳᠬᠡᠵᠦ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠬᠦᠯᠬᠦ ᠶᠢ ᠳᠠᠶᠢᠴᠢᠯᠠᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ | ᠶᠡᠬᠡᠪᠡᠷ ᠬᠥᠭᠵᠢᠭᠦᠯᠵᠦ᠂ ᠬᠥᠯ ᠪᠥᠮᠪᠦᠭᠡ᠂ ᠮᠥᠰᠥ ᠴᠠᠰᠤ᠂ ᠲᠣᠤᠷ ᠪᠦᠮᠪᠦᠭᠡ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠵᠡᠷᠭᠡ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠰᠤᠷᠭᠠᠨ ᠬᠥᠮᠦᠵᠢᠯ ᠤᠨ | ᠪᠠᠶᠢᠷᠢᠯᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠸᠡᠭ ᠹᠸᠢ᠂ ᠾᠧᠩ ᠳ᠋ᠡ ᠲᠤᠷᠰᠢᠯᠲᠠ ᠶᠢᠨ | ᠰᠤᠷᠭᠠᠭᠤᠯᠢ ᠵᠡᠷᠭᠡ 10 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ | ᠪᠠᠶᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠡᠰᠡᠭ ᠭᠠᠵᠠᠷ ᠤᠨ ᠬᠡᠰᠡᠭ ᠲᠤᠭᠤᠷᠢᠭ ᠤᠨ | ᠰᠤᠷᠭᠠᠭᠤᠯᠢ ᠳᠤ ᠣᠷᠣᠬᠤ ᠳᠤ ᠬᠦᠴᠢᠷᠲᠡᠶ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ ᠡᠮ ᠡᠮᠨᠡᠯᠭᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ | ᠡᠮᠨᠡᠯᠭᠡ ︽ᠭᠤᠷᠪᠠᠨ ᠡᠮᠴᠢᠯᠡᠭᠡ︾ ᠶᠢᠨ ᠬᠤᠯᠪᠣᠭᠠᠯᠠᠨ ᠬᠦᠳᠡᠯᠦᠯᠴᠡᠬᠦ ᠶᠢ ᠭᠦᠨᠵᠡᠭᠡᠶᠢᠷᠡᠭᠦᠯᠵᠦ᠂ ᠤᠯᠤᠰ ᠤᠨ | ᠲᠠᠰ ᠤᠨ ᠡᠷᠡᠭᠦᠯ ᠮᠡᠨᠳᠦ ᠶᠢ ᠠᠬᠢᠭᠤᠯᠬᠤ ᠣᠷᠣᠨ ᠪᠠ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠢ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠰᠢᠯᠭᠠᠨ ᠠᠪᠬᠤ ᠠᠵᠢᠯ ᠢ | ᠰᠠᠶᠢᠲᠤᠷ ᠬᠢᠨ᠎ᠠ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠵᠤ᠂ ᠤᠳᠤᠷᠢᠳᠬᠤ ᠪᠠᠭ ᠤᠨ ᠡᠩᠨᠡᠭᠡ ᠶᠢ | ᠴᠢᠩᠭᠠᠳᠬᠠᠵᠤ ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠰᠠᠭᠤᠷᠢ ᠲᠥᠬᠦᠭᠡᠷᠦᠮᠵᠢ ᠪᠠ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ | ᠪᠡᠭᠡᠵᠢᠩ ᠤᠨ ᠴᠠᠩ ᠴᠦᠨ ᠲᠧᠩ ᠠᠨᠠᠭᠠᠬᠤ ᠤᠬᠠᠭᠠᠨ ᠳᠡᠭᠡᠳᠦ ᠲᠡᠰ ᠤᠨ ᠴᠢᠳᠠᠪᠤᠷᠢᠲᠠᠨ ᠤ ᠬᠤᠯᠪᠣᠭ᠎ᠠ ᠶᠢᠨ | ᠪᠣᠳᠠᠲᠠᠶ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃ ᠣᠯᠠᠨ ᠲᠦᠮᠡᠨ ᠳᠤ ᠪᠡᠭᠡᠵᠢᠩ ᠤᠨ ᠨᠡᠷᠡᠲᠦ ᠲᠤᠰᠬᠠᠶ | ᠮᠡᠷᠭᠡᠵᠢᠯᠲᠡᠨ ᠤ ᠡᠮᠴᠢᠯᠡᠭᠡᠨ ᠤ ᠦᠶᠯᠡᠴᠢᠯᠡᠭᠡ ᠬᠦᠷᠲᠡᠭᠡᠨ᠎ᠡ᠃ ᠠᠮᠤᠷ ᠲᠦᠪᠰᠢᠨ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ᠎ᠠ᠃ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ | ᠬᠢᠵᠢᠭ ᠤᠨ ᠪᠠᠶᠢᠳᠠᠯ ᠢ ᠬᠤᠷᠢᠭᠯᠠᠨ ᠡᠵᠡᠮᠳᠡᠬᠦ ᠳᠠᠶᠢᠨ ᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠳ᠋ᠦᠡᠭᠨᠡᠵᠦ᠂ | ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ | ᠲᠤᠭᠤᠷᠢᠭ ᠤᠨ ᠠᠵᠢᠯᠲᠠᠨ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ᠂ ᠨᠠᠮ ᠤᠨ ᠭᠡᠰᠢᠭᠦᠨ ᠤ ᠬᠤᠰᠢᠭᠤᠴᠢ | ᠠᠩᠭᠢ᠂ ᠪᠠᠶᠢᠭᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠺᠠᠳ᠋ᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠮᠦᠨ᠎ᠡ ᠹᠷᠣᠨᠲ ᠲᠤ ᠦᠵᠡᠭᠦᠯᠦᠭᠰᠡᠨ ᠬᠤᠪᠢ ᠨᠡᠮᠡᠷᠢ ᠶᠢ ᠭᠦᠶᠴᠡᠳ ᠨᠤᠲᠠᠯᠠᠵᠤ᠂ ᠠᠵᠢᠯᠲᠠᠨ ᠤ | ᠣᠯᠭᠤᠮᠵᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠵᠠᠰᠠᠬᠤ᠂ ᠵᠠᠬ᠎ᠠ | ᠳᠡᠯᠭᠡᠭᠦᠷ ᠤᠨ ᠬᠠᠩᠭᠠᠯᠭ᠎ᠠ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ᠂ ᠠᠮᠤ ᠪᠤᠳᠠᠭᠠᠨ ᠤ ᠠᠮᠤᠷ ᠲᠦᠪᠰᠢᠨ | ᠵᠡᠷᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠠᠶᠢᠭᠤᠯᠤᠯᠲᠠ ᠶᠢ ᠰᠦᠪᠡᠭᠴᠢᠯᠡᠨ ᠪᠠᠶᠢᠭᠤᠯᠤᠨ᠎ᠠ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠣᠯᠠᠨ ᠨᠡᠶᠢᠢᠲᠡ ᠶᠢᠨ ᠡᠷᠡᠭᠦᠯ ᠬᠠᠮᠠᠭᠠᠯᠠᠯ | ᠤᠨ ᠬᠡᠷᠡᠭ ᠢ ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠢᠳᠡᠭᠡᠨ ᠪᠠ | ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ ᠠᠮᠤᠷ ᠲᠦᠪᠰᠢᠨ ᠤ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠭ᠎ᠠ ᠶᠢᠨ ᠲᠣᠪᠤᠶᠢᠮ᠎ᠠ ᠠᠰᠠᠭᠤᠳᠠᠯ ᠪᠠ | ᠣᠯᠠᠨ ᠲᠦᠮᠡᠨ ᠤ ᠵᠦᠶ ᠵᠣᠬᠢᠰᠲᠠᠶ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠠᠶᠢᠲᠤᠷ | ᠰᠢᠶᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ | ᠢᠮᠠᠭᠲᠠ ᠪᠠᠷᠢᠮᠲᠠᠯᠠᠵᠤ᠂ ︽ᠬᠠᠷᠢᠴᠠᠭᠠᠨ ᠤ ᠰᠦᠯᠵᠢᠶ᠎ᠡ︾ ᠪᠠ ︽ᠬᠠᠮᠠᠭᠠᠯᠠᠭᠴᠢ︾ ᠶᠢ ᠭᠦᠨᠵᠡᠭᠡᠶ ᠠᠭᠤᠳᠠᠯᠤᠨ | ᠲᠦᠢᠯᠪᠤᠷᠢᠲᠠᠶ ᠪᠠᠶᠢᠴᠠᠭᠠᠵᠤ ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ᠡᠭᠦᠨ ᠤ ᠬᠠᠮᠲᠤ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠪᠠ ᠪᠦᠬᠦ ᠤᠯᠤᠰ ᠤᠨ | ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠳᠣᠯᠣᠳᠤᠭᠠᠷ ᠤᠳᠠᠭᠠᠨ ᠤ ᠪᠦᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠦᠨ᠎ᠡ᠃ ᠱᠠᠰᠢᠨ | ᠰᠤᠷᠲᠠᠬᠤᠨ᠂ ᠭᠠᠳᠠᠭᠠᠳᠤ ᠶᠠᠪᠤᠳᠠᠯ᠂ ᠴᠠᠭ ᠠᠭᠤᠷ᠂ ᠲᠤᠭ᠎ᠠ ᠪᠦᠷᠢᠳᠬᠡᠯ᠂ ᠠᠮᠤ ᠪᠤᠳᠠᠭ᠎ᠠ᠂ ᠪᠠᠷᠠᠭ᠎ᠠ ᠶᠢᠨ ᠦᠨ᠎ᠡ᠂ | ᠳᠠᠩᠰᠠ ᠡᠪᠬᠡᠮᠡᠯ᠂ ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ | ᠤᠷᠠᠯᠢᠭ ᠤᠨ ᠬᠤᠯᠪᠣᠭ᠎ᠠ᠂ ᠠᠵᠤ ᠦᠶᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠠᠬᠠᠮᠠᠳ ᠺᠠᠳ᠋ᠷ | ᠵᠡᠷᠭᠡ ᠠᠵᠢᠯ ᠦᠢᠯᠡᠰ ᠤᠨ ᠡᠷᠡᠭᠦᠯ ᠢᠶᠠᠷ ᠬᠥᠭᠵᠢᠬᠦ ᠶᠢ ᠳᠠᠮᠵᠢᠨ᠎ᠠ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ | ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠲᠤᠭ ᠲᠡᠮᠳᠡᠭ | ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠤᠯᠭᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ | ᠢᠮᠠᠭᠲᠠ ᠪᠠᠷᠢᠮᠲᠠᠯᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠤᠬᠠᠮᠰᠠᠷ ᠠᠴᠠ ᠪᠠᠨ ᠲᠡᠭᠦᠨ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠶᠯᠡᠳᠦᠯᠭᠡ ᠶᠢ ᠵᠢᠯᠣᠭᠤᠳᠴᠤ᠂ | ᠠᠵᠢᠯ ᠢᠶᠠᠨ ᠲᠦᠯᠬᠢᠨ ᠠᠬᠢᠭᠤᠯᠤᠨ᠎ᠠ᠃ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ | ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠦᠭᠡᠯᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ | ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠭᠡᠯᠴᠢ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠵᠠᠰᠠᠭ ᠤᠨ ᠵᠠᠷᠯᠢᠭ ᠤᠨ ᠰᠠᠭᠠᠳ ᠦᠭᠡᠢ ᠨᠡᠪᠲᠡᠷᠡᠵᠦ ᠂ ᠵᠠᠷᠯᠢᠭ ᠴᠠᠭᠠᠵᠠ ᠶᠢ ᠳᠠᠭᠠᠬᠤ ᠶᠢ | ᠦᠨᠡᠨᠬᠦ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ | ᠠᠵᠢᠯ ᠢ ᠬᠠᠤᠯᠢᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠵᠠᠮ ᠳᠡᠭᠡᠷ᠎ᠡ ᠠᠵᠢᠯᠯᠠᠬᠤ ᠶᠢ ᠦᠨᠡᠨᠬᠦ ᠪᠠᠲᠤᠯᠠᠨ᠎ᠠ᠃ | ︽ᠭᠤᠷᠪᠠᠨ ᠴᠢᠬᠤᠯᠠ ᠨᠢᠭᠡ ᠶᠡᠭᠡ︾ ᠵᠢᠴᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ | ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ | ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠬᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠤᠯᠢ ᠶᠢ ᠴᠢᠩᠭ᠎ᠠ | ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠷᠬᠡ ᠶᠢ ᠢᠯᠡ ᠪᠠᠷ ᠶᠠᠪᠤᠭᠤᠯᠬᠤ ᠶᠢ ᠦᠨᠡᠨᠬᠦ ᠪᠠᠲᠤᠯᠠᠨ᠎ᠠ | ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠭᠠᠷᠭᠠᠭᠰᠠᠨ | ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠵᠦᠶᠯᠡᠰ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠬᠦ ᠵᠡᠷᠭᠡ ᠲᠦᠷᠢᠮ ᠢ ᠪᠠᠷᠢᠮᠲᠠᠯᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠠᠭ | ᠲᠤᠬᠠᠶ ᠳᠤᠨᠢ ᠰᠢᠶᠳᠪᠦᠷᠢᠯᠡᠨ᠎ᠡ᠃ ᠦᠨᠡᠨᠴᠢ ᠢᠲᠡᠭᠡᠮᠵᠢᠲᠡᠶ ᠪᠠᠷ ᠵᠠᠰᠠᠭ ᠶᠠᠪᠤᠭᠤᠯᠬᠤ ᠶᠢ ᠴᠢᠬᠤᠯᠠ ᠪᠠᠷᠢᠮᠵᠢᠶ᠎ᠠ | ᠪᠣᠯᠭᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠬᠥᠲᠥᠯᠥᠨ | ᠳᠠᠭᠠᠭᠤᠯᠤᠨ᠎ᠠ᠃ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠪᠠ᠃ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ︽ᠪᠠᠷᠢᠮᠵᠢᠶ᠎ᠠ︾ ︽ᠳᠦᠷᠢᠮ︾ ᠢ ᠲᠦᠷᠦᠭᠦᠯᠡᠨ ᠵᠢᠷᠤᠮᠯᠠᠵᠤ᠂ ︽ᠨᠢᠭᠡ ᠠᠵᠢᠯ ᠤᠨ ᠪᠠᠶᠢᠷᠢ | ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠬᠡᠯᠪᠡᠷᠢ ᠶᠢᠨ ᠦᠵᠡᠯ᠂ | ᠨᠣᠶᠠᠨᠴᠢ ᠰᠤᠷᠲᠠᠯ ᠢ ᠡᠷᠡᠰ ᠠᠷᠢᠯᠭᠠᠬᠤ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ | ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ᠂ ᠡᠯ᠎ᠡ ᠵᠦᠶᠯ ᠤᠨ ᠪᠤᠷᠤᠭᠤ ᠦᠭᠡ ᠶᠠᠷᠢᠶ᠎ᠠ ᠶᠢ ᠡᠷᠡᠰ ᠡᠰᠡᠷᠭᠦᠴᠡᠨ | ᠬᠤᠷᠢᠭᠯᠠᠬᠤ ᠬᠡᠷᠡᠭᠲᠡᠶ᠃ ᠬᠢᠨᠠᠨ ᠪᠣᠳᠣᠵᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ | ᠵᠦᠶᠯ ᠤᠨ ᠠᠯᠪᠠᠨ︾ ᠤ ᠵᠠᠷᠤᠳᠠᠯ ᠪᠣᠯᠤᠨ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ | ᠣᠷᠳᠣᠨ ᠤ ︽ᠭᠠᠮᠲᠠᠶ ᠡᠳᠦᠷ︾ ᠢᠶᠠᠷ ᠤᠯᠠᠨ ᠲᠦᠮᠡᠨ ᠤ ︽ ᠰᠠᠶᠢᠨ ᠡᠳᠦᠷ︾ ᠢ ᠰᠣᠯᠢᠵᠤ ᠠᠪᠤᠨ᠎ᠠ᠃ | ᠢᠯᠵᠠᠷᠠᠯ ᠢ ᠡᠰᠡᠷᠭᠦᠴᠡᠬᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠲᠤᠯᠠᠵᠤ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠢᠯᠵᠠᠷᠠᠯ | ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ | ᠰᠢᠢᠳᠪᠦᠷᠢᠯᠡᠵᠦ᠂ ᠠᠷᠢᠭᠤᠨ ᠴᠢᠬᠡᠴᠢ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ | ᠳᠡᠪᠢᠰᠬᠡᠷ ᠦᠡᠭᠭᠡ ᠪᠣᠯᠭᠠᠨ᠎ᠠ᠃ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠪᠡ᠃ | ᠰᠢᠨ᠎ᠡ ᠠᠶᠠᠨ ᠵᠠᠮ ᠲᠡᠭᠰᠢ ᠳᠠᠷᠳᠠᠩ ᠪᠠᠶᠢᠵᠤ ᠴᠢᠳᠠᠬᠤ ᠦᠭᠡᠢ᠂ ᠤᠷᠤᠭᠰᠢᠯᠠᠯᠲᠠ ᠶᠢᠨ ᠵᠠᠮ ᠥᠷᠢᠰᠥᠯᠳᠦᠭᠡᠨ ᠢᠶᠠᠷ | ᠳᠦᠭᠦᠷᠴᠦ᠂ ᠪᠢᠳᠡ ᠬᠥᠭᠵᠢᠯᠲᠡ ᠳᠤ ᠬᠠᠷᠢᠭᠤᠴᠠᠬᠤ᠂ ᠲᠡᠦᠬᠡ ᠳᠤ ᠬᠠᠷᠢᠭᠤᠴᠠᠬᠤ᠂ ᠠᠷᠠᠳ ᠲᠦᠮᠡᠨ ᠳᠤ | ᠬᠠᠷᠢᠭᠤᠴᠠᠬᠤ ᠣᠪᠣᠷ ᠢᠶᠠᠷ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠢ | ᠵᠣᠷᠢᠭ ᠰᠠᠨᠠᠭᠠᠨ ᠤ ᠳᠦᠷᠰᠦ ᠪᠠᠶᠢᠳᠠᠯ ᠪᠠ ᠵᠣᠷᠢᠭᠲᠠᠢ ᠬᠢᠵᠦ ᠵᠣᠷᠢᠭᠲᠠᠢ ᠠᠵᠢᠯᠯᠠᠬᠤ᠂ ᠪᠤᠴᠠᠯᠲᠠ ᠦᠭᠡᠢ | ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠵᠣᠷᠢᠭᠲᠠᠶ ᠪᠠᠷ | ᠵᠥᠷᠢᠴᠡᠯ ᠳᠤ ᠰᠢᠭᠤᠳ ᠬᠠᠨᠳᠤᠵᠤ᠂ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠶ ᠪᠠᠷ ᠬᠠᠮᠤᠭ ᠤᠨ ᠬᠦᠨᠳᠦ | ᠡᠭᠦᠷᠭᠡ ᠶᠢ ᠡᠭᠦᠷᠭᠡᠯᠡᠵᠦ᠂ ᠬᠠᠮᠤᠭ ᠤᠨ ᠬᠠᠲᠠᠭᠤ ᠠᠰᠠᠭᠤᠳᠠᠯ ᠢ ᠰᠢᠢᠳᠪᠤᠷᠢᠯᠡᠵᠦ᠂ ᠠᠷᠭ᠎ᠠ ᠰᠦᠪᠡᠭᠴᠢᠯᠡᠵᠦ᠂ | ᠪᠣᠳᠠᠲᠠᠶ ᠠᠷᠭ᠎ᠠ ᠬᠡᠮᠵᠢᠶ᠎ᠡ ᠠᠪᠴᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠶᠳᠪᠦᠷᠢᠯᠡᠬᠦ ᠳᠡᠭᠡᠨ ᠴᠢᠳᠠᠮᠠᠭᠠᠶ ᠪᠠᠶᠢᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂᠂ ᠠᠵᠢᠯ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠦᠨ᠎ᠡ᠃ | ᠲᠥᠯᠥᠭᠡᠯᠡᠭᠴᠢᠳ ᠡ︕ | ᠴᠠᠭ ᠦᠶ᠎ᠡ ᠪᠣᠯ ᠰᠢᠯᠭᠠᠯᠲᠠ ᠭᠠᠷᠭᠠᠭᠴᠢ ᠮᠥᠨ᠂ ᠪᠢᠳᠡ ᠪᠣᠯ ᠰᠢᠯᠭᠠᠯᠲᠠ ᠬᠠᠷᠢᠭᠤᠯᠤᠭᠴᠢ ᠮᠥᠨ᠂ | ᠠᠷᠠᠳ ᠲᠦᠮᠡᠨ ᠪᠣᠯ ᠰᠢᠯᠭᠠᠯᠲᠠ ᠬᠢᠨᠠᠭᠴᠢ ᠮᠥᠨ᠃ ᠰᠢᠨ᠎ᠡ ᠴᠠᠭ ᠦᠶ᠎ᠡ ᠶᠢᠨ ᠵᠢᠨᠢᠩ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠳᠤ᠂ ᠳᠥᠲᠡ ᠵᠠᠮ ᠪᠠᠶᠢᠬᠤ ᠦᠭᠡᠢ᠂ | ᠲᠡᠮᠡᠴᠡᠯ ᠪᠠᠶᠢᠬᠤ ᠬᠡᠷᠡᠭᠲᠡᠢ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ ᠂ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ︽13 · 5︾ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠳᠡᠪᠰᠢᠭᠦᠯᠵᠦ ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | | | | | | | | | | | |