ᠮᠠᠨ ᠤ ᠬᠤᠲᠠ ᠶᠢᠨ ᠮᠥᠩᠭᠦᠨ ᠬᠦᠢᠯᠬᠡᠬᠡᠨ ᠤ ᠠᠵᠤ ᠠᠬᠤᠢᠢᠯᠠᠯ ᠢ ᠳᠤᠭᠳᠠᠪᠤᠷᠢᠵᠢᠭᠤᠯᠵᠤ ᠠᠵᠢᠯ ᠣᠯᠭᠤᠯᠲᠠ ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠪᠠ
ᠨᠡᠶᠢᠲᠡᠯᠡᠭᠰᠡᠨ ᠴᠠᠭ᠄
2020/8/26
        ᠡᠨᠡ ᠵᠢᠯ ᠠᠴᠠ ᠨᠠᠰᠢ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠭᠠᠨᠴᠠᠪ ᠬᠤᠲᠠ ᠶᠢᠨ ᠲᠥᠪ ᠰᠠᠯᠪᠤᠷᠢ ᠪᠠᠩᠬᠢ ᠨᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠮᠥᠩᠭᠦᠨ ᠬᠦᠢᠯᠬᠡᠬᠡᠨ ᠤ ᠵᠢᠯᠣᠭᠤᠳᠣᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠦᠢᠯᠡᠳᠪᠤᠷᠢᠯᠡᠯ ᠢ ᠨᠢ ᠰᠡᠷᠭᠦᠭᠡᠵᠦ᠂ ᠮᠥᠩᠭᠦᠨ ᠬᠦᠢᠯᠬᠡᠬᠡᠨ ᠤ ᠦᠢᠯᠡᠰ ᠢᠶᠠᠷ ᠠᠵᠤ ᠠᠬᠤᠶᠢᠯᠠᠯ ᠢ ᠳᠤᠭᠳᠠᠪᠤᠷᠢᠵᠢᠭᠤᠯᠵᠤ ᠠᠵᠢᠯ ᠣᠯᠭᠤᠯᠲᠠ ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠬᠤ ᠳᠤ ᠬᠦᠴᠦ ᠨᠡᠮᠡᠷᠢᠯᠡᠪᠡ᠃         ᠲᠣᠰ ᠪᠠᠩᠬᠢ ᠴᠠᠭ ᠲᠤᠬᠠᠶ ᠳᠤᠨᠢ ︽ᠤᠯᠠᠭᠠᠨᠴᠠᠪ ᠬᠤᠲᠠ ᠶᠢᠨ ᠮᠥᠩᠭᠦᠨ ᠬᠦᠢᠯᠬᠡᠬᠡ ᠪᠠᠷ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠲᠣᠭᠲᠠᠭᠤᠨ ᠢ ᠳᠡᠮᠵᠢᠬᠦ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠤᠯᠠᠭᠠᠨᠴᠠᠪ ᠬᠤᠲᠠ ᠶᠢᠨ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠢ ᠲᠣᠭᠲᠠᠭᠤᠨ ᠪᠠᠶᠢᠯᠭᠠᠬᠤ ᠶᠢ ᠳᠡᠮᠵᠢᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠲᠡᠷᠡᠴᠢᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠦᠨᠵᠡᠭᠡᠶ ᠪᠠᠶᠢᠴᠠᠭᠠᠯᠲᠠ ᠬᠢᠵᠦ᠂ ᠬᠠᠷᠢᠶ᠎ᠠ ᠣᠷᠣᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ᠂ ᠲᠤᠬᠠᠶ ᠶᠢᠨ ᠭᠠᠵᠠᠷ ᠤᠨ ᠠᠵᠤ ᠠᠬᠤᠶ ᠳᠤ ᠦᠵᠡᠭᠦᠯᠦᠭᠰᠡᠨ ᠬᠤᠪᠢ ᠨᠡᠮᠡᠷᠢ ᠪᠠᠷ ᠥᠨᠳᠥᠷ᠂ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠤᠯᠭᠠᠮ᠎ᠠ ᠠᠵᠤ ᠠᠬᠤᠶᠢᠯᠠᠯ ᠢ ᠰᠣᠩᠭᠤᠵᠤ᠂ ᠭᠤᠣᠯᠳᠠᠯᠭ᠎ᠠ ᠲᠠᠢ ᠳᠡᠮᠵᠢᠬᠦ ᠠᠵᠤ ᠠᠬᠤᠶᠢᠯᠠᠯ ᠤᠨ ᠬᠥᠮᠥᠷᠭᠡ ᠶᠢ ᠪᠠᠶᠢᠭᠤᠯᠵᠤ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠬᠥᠮᠥᠷᠭᠡ ᠳᠣᠲᠣᠷᠠᠬᠢ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠭᠤᠯᠵᠤ᠂ ᠮᠥᠩᠭᠦᠨ ᠬᠦᠢᠯᠬᠡᠬᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠶ᠃ ᠠᠵᠤ ᠠᠬᠤᠶᠢᠯᠠᠯ ᠤᠨ  ᠦᠢᠯᠡᠳᠪᠤᠷᠢᠯᠡᠯ ᠢᠶᠠᠨ ᠰᠡᠷᠭᠦᠭᠡᠬᠦ ᠪᠡᠯᠡ ᠮᠥᠩᠭᠦ ᠶᠢᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠮᠥᠩᠭᠦᠨ ᠬᠦᠢᠯᠬᠡᠬᠡᠨ ᠤ ᠲᠦᠰᠢᠭ ᠲᠤᠯᠭᠠᠭᠤᠷᠢ ᠬᠠᠩᠭᠠᠪᠠ᠃ ᠡᠭᠦᠨ ᠤ ᠬᠠᠮᠲᠤ᠂ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠤᠨ ᠠᠵᠢᠯ ᠣᠯᠭᠤᠯᠲᠠ ᠶᠢ ᠪᠠᠲᠤᠯᠠᠬᠤ ᠠᠵᠢᠯ ᠤᠨ ᠠᠬᠢᠴᠠ ᠶᠢ ᠳᠠᠮᠵᠢᠵᠤ ᠪᠠᠶᠢᠭ᠎ᠠ ᠪᠠᠶᠢᠳᠠᠯ ᠤᠨ ᠭᠠᠷᠠᠭ ᠤᠨ ᠬᠢᠨᠠᠨ ᠬᠡᠮᠵᠢᠬᠦ ᠳᠦᠷᠢᠮ ᠢ ᠲᠤᠭᠲᠠᠭᠠᠵᠤ᠂ ᠳᠦᠷᠢᠮ ᠶᠣᠰᠣᠭᠠᠷ ᠲᠦᠷᠦᠭᠦᠦ ᠪᠦᠯᠦᠭ ᠤᠨ 385 ᠨᠡᠷᠡᠰ ᠠᠵᠤ ᠠᠬᠤᠶᠢᠯᠠᠯ ᠢ ᠵᠣᠯᠭᠠᠭᠤᠯᠤᠭᠰᠠᠨ ᠪᠠᠶᠢᠳᠠᠯ ᠤᠨ ᠬᠥᠳᠡᠯᠦᠩᠭᠦᠢ ᠮᠥᠷᠳᠡᠯᠲᠡ ᠶᠢ ᠪᠡᠶᠡᠯᠡᠭᠦᠯᠪᠡ᠃        ᠥᠪᠥᠷ ᠮᠣᠩᠭᠤᠯ ᠤᠨ ᠱᠠ ᠵᠧᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠤᠯᠤᠭᠠᠢᠢᠯᠠᠭᠴᠢ ᠠᠵᠤ ᠠᠬᠤᠶᠢᠯᠠᠯ ᠪᠠᠶᠢᠵᠤ᠂ ᠭᠤᠣᠯᠳᠠᠭᠤ ᠮᠠᠯ ᠠᠷᠠᠴᠢᠯᠠᠨ ᠲᠡᠵᠢᠭᠡᠬᠦ᠂ ᠦᠷᠡᠵᠢᠭᠦᠯᠦᠨ ᠪᠤᠶᠢᠵᠢᠭᠤᠯᠬᠤ ᠪᠠ ᠮᠠᠯ ᠤᠨ ᠠᠰᠢᠭ ᠰᠢᠮ᠎ᠠ ᠶᠢ ᠡᠳ᠋ᠰᠢᠬᠦᠯᠵᠤ ᠪᠣᠯᠪᠠᠰᠤᠷᠠᠭᠤᠯᠳᠠᠭ᠃ ᠣᠳᠣᠬᠠᠨ ᠳᠤ ᠺᠣᠮᠫᠠᠨᠢ ᠶᠢᠨ ᠠᠵᠢᠯᠲᠠᠨ 115 ᠬᠥᠮᠦᠨ ᠪᠠᠶᠢᠵᠤ᠂ ᠣᠯᠠᠩᠬᠢ ᠨᠢ ᠦᠢᠷ᠎ᠠ ᠬᠠᠪᠢ ᠶᠢᠨ ᠲᠠᠷᠢᠶᠠᠴᠢᠨ ᠡᠷᠦᠬᠡ ᠪᠤᠯᠤᠨ᠎ᠠ᠃ ᠺᠣᠮᠫᠠᠨᠢ ᠨᠢ ᠠᠵᠢᠯ ᠤᠨ ᠪᠠᠶᠢᠷᠢ ᠦᠯᠡᠳᠡᠭᠡᠬᠦ᠂ ᠤᠷᠢᠳᠠᠪᠠᠷ ᠠᠵᠢᠯᠴᠢᠨ ᠬᠡᠷᠡᠭᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠢᠯᠠᠩᠭᠤᠶ᠎ᠠ ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ ᠶᠢ ᠡᠯᠰᠡᠨ ᠺᠣᠮᠫᠠᠨᠢ ᠳᠤ ᠣᠷᠣᠵᠤ ᠠᠵᠢᠯ ᠬᠢᠬᠦ᠂ ᠲᠠᠷᠢᠶᠠᠴᠢᠨ ᠡᠷᠦᠬᠡ ᠵᠢᠴᠢ ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠣᠷᠣᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ ᠲᠤᠰ ᠠᠵᠤ ᠠᠬᠤᠶᠢᠯᠠᠯ ᠦᠢᠯᠡᠳᠪᠦᠷᠢᠯᠡᠯ ᠢᠶᠠᠨ ᠰᠡᠷᠭᠦᠭᠡᠭᠰᠡᠨ ᠠᠴᠠ ᠨᠠᠭᠠᠰᠢ᠂ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠳᠤᠯᠭᠠᠷᠠᠵᠤ᠂ ᠪᠡᠯᠡ ᠮᠥᠩᠭᠦᠨ ᠤ ᠳᠡᠮᠵᠢᠯᠭᠡ ᠪᠠᠴᠢᠮ ᠱᠠᠭᠠᠷᠳᠠᠭᠳᠠᠪᠠ᠃ ᠠᠵᠤ ᠠᠬᠤᠶᠢᠯᠠᠯ ᠤᠨ ᠬᠦᠴᠢᠷᠳᠡᠯ ᠢ ᠮᠡᠳᠡᠭᠰᠡᠨ ᠤ ᠳᠠᠷᠠᠭ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠰᠠᠨᠠᠭᠠᠴᠢᠯᠠᠭ᠎ᠠ ᠠᠴᠠ ᠪᠠᠨ ᠡᠬᠦᠳᠡᠨ ᠳᠤᠨᠢ ᠬᠦᠷᠴᠤ ᠦᠢᠯᠡᠴᠢᠯᠡᠨ᠂ ᠰᠠᠭᠠᠳ ᠦᠭᠡᠶ ᠨᠡᠪᠲᠡᠷᠡᠬᠦ ᠵᠠᠮ ᠨᠡᠪᠲᠡᠷᠡᠭᠦᠯᠵᠡᠶ᠃ ᠵᠢᠭᠡᠯᠡᠯᠭᠡ ᠶᠢᠨ ᠭᠠᠷᠳᠠᠮ ᠶᠠᠪᠤᠴᠠ ᠶᠢ ᠳᠥᠭᠦᠮᠴᠢᠯᠡᠵᠦ᠂ ᠵᠢᠭᠡᠯᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠲᠤᠯᠠᠨ ᠳᠠᠭᠠᠭᠠᠬᠤ ᠺᠣᠮᠫᠠᠨᠢ ᠲᠠᠢ ᠢᠳᠡᠪᠬᠢᠲᠡᠶ ᠬᠠᠷᠢᠯᠴᠠᠵᠤ ᠪᠠᠲᠤᠯᠠᠨ ᠳᠠᠭᠠᠭᠠᠯᠲᠠ ᠬᠢᠬᠦ ᠳᠤ ᠬᠦᠴᠢᠷᠲᠡᠶ ᠠᠰᠠᠭᠤᠳᠠᠯ ᠢ ᠰᠢᠢᠳᠪᠤᠷᠢᠯᠡᠵᠦ᠂ ᠨᠢᠭᠡ ᠭᠠᠷᠠᠭ ᠤᠨ ᠳᠣᠲᠣᠷ᠎ᠠ 400 ᠲᠦᠮᠡᠨ ᠲᠥᠭᠦᠷᠢᠭ ᠤᠨ ᠲᠠᠷᠢᠶᠠᠯᠠᠩ ᠤᠨ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢ ᠲᠤᠰ ᠠᠵᠤ ᠠᠬᠤᠶᠢᠯᠠᠯ ᠳᠤ ᠣᠯᠭᠤᠵᠠᠶ᠃          ︽ᠮᠠᠨ ᠤ ᠺᠣᠮᠫᠠᠨᠢ ᠪᠠᠶᠢᠭᠤᠯᠤᠭᠳᠠᠭᠰᠠᠨ ᠠᠴᠠ ᠨᠠᠭᠠᠰᠢ ᠶᠡᠷᠦ ᠠᠴᠠ ᠡᠶᠢᠮᠦ ᠲᠦᠷᠭᠡᠨ᠂ ᠪᠦᠷᠢᠨ ᠭᠦᠢᠴᠡᠳ ᠦᠢᠯᠡᠴᠢᠯᠡᠭᠡ ᠬᠦᠷᠲᠡᠵᠦ ᠥᠩᠭᠡᠷᠡᠭᠰᠡᠨ ᠦᠭᠡᠢ᠂ ᠡᠨᠡ ᠬᠦ ᠵᠢᠭᠡᠯᠡᠯᠭᠡ ᠶᠢᠨ ᠵᠢᠯ ᠤᠨ ᠬᠦᠦ ᠮᠥᠩᠭᠦ ᠶᠢᠨ ᠨᠣᠷᠮ᠎ᠠ 2.85% ᠬᠡᠳᠡᠭ ᠢ ᠪᠣᠳᠣᠵᠤ ᠣᠯᠤᠭᠰᠠᠨ ᠦᠭᠡᠢ᠂ ᠠᠷᠠᠳ ᠲᠦᠮᠡᠨ ᠳᠤ ᠦᠨᠡᠨ ᠬᠦ ᠠᠰᠢᠭ ᠬᠦᠷᠲᠡᠭᠡᠵᠤ ᠪᠠᠶᠢᠨ᠎ᠠ︾ ᠬᠡᠵᠤ ᠥᠪᠥᠷ ᠮᠣᠩᠭᠤᠯ ᠤᠨ ᠱᠠ ᠵᠧᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠠᠩᠬᠢ ᠶᠢᠨ ᠲᠥᠷᠥ ᠶᠢᠨ ᠪᠣᠳᠣᠯᠭ᠎ᠠ ᠶᠢᠨ  ᠦᠢᠯᠡᠴᠢᠯᠡᠭᠡ ᠶᠢ ᠮᠠᠭᠳᠠᠨ᠎ᠠ᠃         5 ᠰᠠᠷ᠎ᠠ ᠶᠢᠨ ᠡᠴᠦᠰ ᠪᠣᠯᠲᠠᠯ᠎ᠠ᠂ ᠪᠦᠬᠦ ᠬᠤᠲᠠ ᠶᠢᠨ ᠵᠢᠵᠢᠭ ᠪᠢᠴᠢᠯ ᠠᠵᠤ ᠠᠬᠤᠢᠢᠯᠠᠯ ᠤᠨ ᠵᠢᠭᠡᠯᠡᠯᠭᠡ ᠶᠢᠨ ᠦᠯᠡᠳᠡᠪᠦᠷᠢ 236.67 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.75% ᠨᠡᠮᠡᠭᠳᠡᠵᠤ᠂ ᠵᠢᠯ ᠤᠨ ᠡᠬᠢᠨ ᠤ ᠬᠢ ᠠᠴᠠ 3.66 ᠳ᠋ᠦᠩᠰᠢᠭᠤᠷ ᠲᠥᠭᠦᠷᠢᠭ ᠨᠡᠮᠡᠭᠳᠡᠪᠡ᠃ ᠪᠦᠬᠦ ᠬᠤᠲᠠ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 166.24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.73%᠎ ᠪᠠᠷ ᠨᠡᠮᠡᠭᠳᠡᠵᠦ᠂ ᠵᠢᠯ ᠤᠨ ᠡᠬᠢᠨ ᠤ ᠬᠢ ᠠᠴᠠ 3.86 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3.18 ᠳ᠋ᠦᠩᠰᠢᠭᠤᠷ ᠲᠥᠭᠦᠷᠢᠭ ᠢᠯᠡᠭᠦᠦ ᠨᠡᠮᠡᠭᠳᠡᠪᠡ᠃ ᠣᠳᠣᠬᠠᠨ ᠳᠤ᠂ ᠤᠯᠠᠭᠠᠨᠴᠠᠪ ᠬᠤᠲᠠ ᠶᠢᠨ ᠡᠯ᠎ᠡ ᠮᠥᠩᠭᠦᠨ ᠬᠦᠢᠯᠬᠡᠬᠡᠨ ᠤ ᠪᠠᠶᠢᠭᠤᠯᠤᠮᠵᠢ ᠨᠢᠭᠡᠨᠲᠡ 245 ᠠᠵᠤ ᠠᠬᠤᠶᠢᠯᠠᠯ ᠢ ᠠᠩᠬ᠎ᠠ ᠠᠯᠬᠤᠮ ᠵᠣᠯᠭᠠᠭᠤᠯᠵᠤ᠂ 138 ᠡᠷᠦᠬᠡ ᠳᠤ ᠢᠲᠡᠭᠡᠮᠵᠢ ᠣᠯᠭᠤᠵᠤ᠂ 11.36 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠣᠯᠭᠤᠵᠤ᠂ ᠨᠡᠶᠢᠲᠡ 7.52 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠠᠵᠢᠯ ᠣᠯᠭᠤᠯᠲᠠ ᠶᠢ ᠪᠠᠲᠤᠯᠠᠬᠤ ᠠᠵᠢᠯ ᠢ ᠳᠡᠮᠵᠢᠭᠰᠡᠨ ᠦᠷ᠎ᠡ ᠪᠦᠲᠦᠮᠵᠢ ᠢᠯᠡᠳᠲᠡ ᠪᠣᠯᠪᠠ᠃         ᠠᠷᠠᠳ ᠤᠨ ᠪᠠᠩᠬᠢ ᠶᠢᠨ ᠤᠯᠠᠭᠠᠨᠴᠠᠪ ᠬᠤᠲᠠ ᠶᠢᠨ ᠲᠥᠪ ᠰᠠᠯᠪᠤᠷᠢ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠮᠥᠩᠭᠦᠨ ᠬᠦᠢᠯᠬᠡᠬᠡᠨ ᠤ ᠳᠡᠮᠵᠢᠯᠭᠡ ᠪᠠᠷ ᠠᠵᠤ ᠠᠬᠤᠶᠢᠯᠠᠯ ᠤᠨ ᠠᠵᠢᠯ ᠣᠯᠭᠤᠯᠲᠠ ᠶᠢ ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢᠨ ᠬᠠᠮᠲᠤ ᠶᠢᠨ ᠬᠦᠴᠦᠨ ᠢ ᠬᠦᠢᠴᠡᠳ ᠪᠠᠳᠠᠷᠠᠭᠤᠯᠵᠤ᠂ ᠨᠠᠩ ᠣᠯᠠᠨ ᠮᠥᠩᠭᠦᠨ ᠬᠦᠢᠯᠬᠡᠬᠡᠨ ᠤ ᠡᠬᠢ ᠪᠠᠶᠠᠯᠢᠭ ᠢ ᠬᠥᠲᠥᠯᠦᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠮᠵᠢᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ ᠬᠡᠪᠡ᠃                                       ᠨᠠᠶᠢᠷᠠᠭᠤᠯᠤᠭᠴᠢ᠄  ᠲᠤᠶᠠᠭ᠎ᠠ
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2