ᠡᠳ᠋ ‍ᠤᠨ‌ᠵᠠᠰᠠᠭ ‍ᠤᠨ‌ᠡᠭᠦᠷᠭᠡ‌‍ᠴᠢᠳᠠᠪᠬᠢ ᠶᠢᠨ ᠦᠢᠯᠡᠳᠦᠯ ᠢ ᠪᠠᠳᠠᠷᠠᠭᠤᠯᠵᠤ ᠠᠷᠠᠳ ᠲᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠪᠡ
ᠨᠡᠶᠢᠲᠡᠯᠡᠭᠰᠡᠨ ᠴᠠᠭ᠄
2020/9/18
ᠰᠤᠷᠪᠤᠯᠵᠢᠯᠠᠭᠰᠠᠨ ᠵᠤᠴᠢᠨ᠄ ᠯᠢ ᠰᠢᠶᠠᠩ ᠳ᠋ᠦᠩᠰᠤᠷᠪᠤᠯᠵᠢᠯᠠᠭᠰᠠᠨ  ᠴᠠᠭ  ᠄ 2020.8.21          ︽ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ︿ᠠᠷᠠᠳ‌‍ᠲ᠋ᠦ᠋ᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ﹀᠎ ᠲᠠᠢ ᠨᠢᠭᠲᠠ ᠤᠶᠠᠯᠳᠤᠭᠤᠯᠤᠨ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠵᠢᠷᠤᠭ ᠲᠥᠰᠦᠪ ᠢ ᠲᠥᠰᠦᠪᠯᠡᠨ ᠥᠭᠴᠦ᠂  ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠠᠵᠢᠯ ᠂ ᠠᠷᠠᠳ ᠤᠨ ᠠᠮᠢᠳᠤᠷᠠᠯ ᠳᠤ ᠨᠠᠩ ᠰᠠᠶᠢᠨ ᠦᠢᠯᠡᠴᠢᠯᠡᠬᠦ ᠳᠤ ᠰᠢᠨ᠎ᠡ ᠵᠢᠷᠤᠮᠯᠠᠯ ᠬᠠᠩᠭᠠᠵᠠᠢ᠃ ᠡᠨᠡ ᠵᠢᠯ ᠵᠢᠨᠢᠩ ᠲᠣᠭᠤᠷᠢᠭ ᠡᠳ᠋ ᠤᠨ ᠵᠠᠰᠠᠭ ᠤᠨ ᠲᠥᠪᠯᠡᠷᠡᠭᠦᠯᠦᠨ ᠬᠤᠷᠢᠶᠠᠬᠤ ᠪᠠ ᠥᠭᠬᠦ ᠲᠥᠪ  ᠪᠠᠶᠢᠭᠤᠯᠵᠠᠢ᠂ ᠡᠨᠡ ᠪᠣᠯ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠦᠢᠯᠡᠳᠦᠯᠭᠡ ᠪᠣᠯᠬᠤ ᠪᠥᠭᠡᠳ ᠪᠠᠰᠠ ᠴᠤ ᠵᠢᠨᠢᠩ ᠲᠣᠭᠤᠷᠢᠭ ᠤᠨ ᠠᠵᠤ ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠦᠷᠭᠦᠯᠵᠢᠯᠡᠨ ᠬᠠᠮᠠᠭᠠᠯᠠᠬᠤ ᠴᠢᠬᠤᠯᠠ ᠠᠷᠭ᠎ᠠ  ᠬᠡᠮᠵᠢᠶ᠎ᠡ  ᠪᠣᠯᠤᠨ᠎ᠠ  ᠭᠡᠵᠦ  ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠯᠢ ᠰᠢᠶᠠᠩ ᠳ᠋ᠦᠩ  ᠬᠡᠯᠡᠵᠦ ᠪᠠᠶᠢᠯ᠎ᠠ᠃          ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢᠨ ᠲᠥᠯᠥᠭᠡ᠂ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠬᠠᠮᠢᠶᠠᠷᠤᠯᠲᠠ ᠪᠠ ᠠᠶᠤᠯᠭᠦᠶ ᠵᠢᠷᠤᠮᠵᠢᠭᠰᠠᠨ ᠬᠡᠷᠡᠭᠯᠡᠯᠲᠡ ᠶᠢ ᠴᠢᠩᠭᠠᠳᠬᠠᠵᠤ᠂ ᠪᠡᠯᠡ ᠮᠥᠩᠭᠦ ᠶᠢᠨ ᠵᠠᠷᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ  ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨ᠎ᠡ ᠪᠠᠷ ᠪᠠᠶᠢᠭᠤᠯᠤᠭᠳᠠᠭᠰᠠᠨ ᠡᠳ᠋ ᠤᠨ ᠵᠠᠰᠠᠭ ᠤᠨ ᠲᠥᠪᠯᠡᠷᠡᠭᠦᠯᠦᠨ ᠬᠤᠷᠢᠶᠠᠬᠤ ᠥᠭᠬᠦ ᠲᠥᠪ ᠠᠴᠠ ᠡᠯ᠎ᠡ ᠨᠢᠭᠡᠴᠡ ᠶᠢᠨ ᠫᠢᠶᠣᠣ ᠪᠠᠷᠢᠮᠲᠠ ᠶᠢ ᠡᠳ᠋ ᠤᠨ ᠵᠠᠰᠠᠭ ᠤᠨ ᠨᠢᠭᠡᠳᠦᠯᠲᠡᠶ᠂ ᠵᠢᠷᠤᠮᠵᠢᠭᠰᠠᠨ ᠲᠣᠭᠠᠴᠠᠭ᠎ᠠ ᠬᠢᠬᠦ ᠳᠡᠰ ᠳᠠᠷᠠᠭᠠᠯᠠᠯ ᠪᠠ ᠴᠤᠪᠤᠷᠠᠯ ᠶᠣᠰᠣᠭᠠᠷ ᠨᠢᠭᠲᠠᠯᠠᠨ ᠪᠤᠳᠤᠵᠤ ᠰᠢᠶᠳᠪᠦᠷᠢᠯᠡᠨ᠎ᠡ᠃ ᠨᠢᠭᠲᠠᠯᠠᠨ ᠪᠣᠳᠣᠬᠤ ᠲᠣᠭᠠᠴᠠᠭᠠᠨ ᠤ ᠳᠦᠷᠢᠮᠵᠢᠯᠳᠦ ᠴᠢᠨᠠᠷ᠂ ᠡᠮᠬᠢ ᠴᠡᠭᠴᠡᠲᠦ ᠴᠢᠨᠠᠷ ᠎ ᠢ ᠦᠨᠡᠨᠬᠦ ᠪᠠᠲᠤᠯᠠᠵᠤ᠂ ᠡᠷᠦᠶ ᠬᠤᠷᠤᠶ ᠦᠭᠡᠶ ᠬᠡᠷᠡᠭᠯᠡᠬᠦ ᠪᠠ ᠪᠦᠷᠢᠯᠭᠡᠨ ᠰᠦᠢᠳᠬᠡᠬᠦ ᠶᠢ ᠲᠠᠰᠤ ᠵᠣᠭᠰᠣᠭᠠᠬᠤ ᠳᠦᠷᠢᠮ ᠎ ᠢ ᠴᠢᠩᠭᠠᠯᠠᠬᠤ ᠬᠡᠷᠡᠭᠲᠡᠶ᠃ ᠡᠭᠦᠨ ᠤ ᠬᠠᠮᠲᠤ ᠪᠠᠰᠠ ᠨᠠᠮ ᠤᠨ ᠭᠡᠰᠢᠭᠦᠨ ᠺᠠᠳ᠋ᠷ ᠲᠤ ᠳᠦᠷᠢᠮ ᠤᠨ ︽ ᠪᠠᠬᠢᠵᠢᠭᠦᠯᠦᠯᠲᠡ︾᠎ ᠶᠢ  ᠰᠠᠶᠢᠲᠤᠷ ᠲᠣᠬᠢᠷᠠᠭᠤᠯᠵᠤ ᠥᠭᠴᠡᠶ᠃ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠬᠤ ᠨᠢ ᠲᠦᠷᠢᠮ ᠤᠨ ᠲᠠᠯ᠎ᠠ ᠪᠠᠷ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠠᠷᠠᠳ ᠤᠨ ᠠᠮᠢᠳᠤᠷᠠᠯ ᠳᠤ ᠦᠶᠯᠡᠴᠢᠯᠡᠬᠦ ᠲᠠᠯ᠎ᠠ ᠪᠠᠷ ᠴᠤ ᠬᠠᠶᠢᠷ᠎ᠠ ᠬᠠᠯᠠᠮᠵᠢ ᠶᠢ ᠢᠯᠡᠷᠡᠭᠦᠯᠦᠭᠰᠡᠨ ᠪᠠᠶᠢᠨ᠎ᠠ ᠃ ︽ᠨᠢᠭᠡ ᠬᠡᠰᠡᠭ ᠵᠣᠭᠤᠰ ᠢ ᠣᠷᠣᠨ ᠪᠠᠶᠢᠷᠢ ᠳᠤᠨᠢ ᠪᠠᠭᠤᠯᠭᠠᠵᠤ ᠴᠢᠳᠠᠬᠤ ᠦᠭᠡᠶ ᠪᠠᠶᠢᠭ᠎ᠠ ᠨᠢ ᠶᠠᠮᠠᠷ ᠰᠢᠯᠲᠠᠭᠠᠨ ᠠᠴᠠ ᠪᠣᠯᠤᠭᠰᠠᠨ ᠪᠤᠶ  ᠂᡼ ᠪᠢᠳᠡ ᠡᠳ᠋ ᠤᠨ ᠵᠠᠰᠠᠭ ᠤᠨ ᠲᠥᠪᠯᠡᠷᠡᠭᠦᠯᠦᠨ ᠬᠤᠷᠢᠶᠠᠬᠤ ᠪᠠ ᠥᠭᠬᠦ ᠲᠥᠪ ᠪᠠᠶᠢᠭᠤᠯᠵᠤ᠂ ᠠᠯᠬᠤᠮ ᠳᠠᠷᠠᠭ᠎ᠠ ᠪᠠᠨ ᠲᠦᠬᠦᠮᠴᠢᠯᠡᠵᠦ᠂ ᠢᠯᠠᠩᠭᠤᠶ᠎ᠠ ᠠᠷᠠᠳ ᠣᠯᠠᠨ ᠤ ᠵᠣᠭᠤᠰ ᠢ  ᠠᠷᠪᠢᠯᠠᠨ᠎ᠠ᠃ ᠲᠡᠷᠡ ᠪᠣᠯ ᠴᠥᠮ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠂ ᠡᠷᠬᠡᠪᠰᠢ ᠡᠷᠲᠡᠬᠡᠨ ᠰᠠᠯᠭᠠᠨ ᠥᠭᠴᠦ  ᠪᠤᠳᠠᠳᠠᠶᠢᠵᠢᠭᠤᠯᠬᠤ ᠬᠡᠷᠡᠭᠲᠡᠶ᠂ ᠵᠢᠱᠢᠶᠡᠯᠡᠪᠡᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠭᠤᠰ ᠨᠢ ᠴᠢ ᠪᠢᠳᠡ ᠬᠤᠶᠠᠷ ᠲᠤ ᠠᠪᠴᠤ ᠬᠡᠯᠡᠪᠡᠯ ᠠᠴᠢ ᠬᠤᠯᠪᠣᠭᠳᠠᠯ ᠨᠢ ᠲᠡᠶᠢᠮᠦ ᠶᠡᠭᠡ ᠪᠢᠰᠢ᠂ ᠭᠡᠲᠡᠯ᠎ᠡ ᠡᠨᠡ ᠵᠣᠭᠤᠰ ᠢ ᠬᠡᠷᠡᠭᠰᠡᠬᠦ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠠᠪᠴᠤ ᠬᠡᠯᠡᠪᠡᠯ ᠲᠡᠷᠡ ᠪᠣᠯ ᠪᠠᠴᠢᠮ ᠢ ᠠᠪᠤᠷᠠᠬᠤ ᠴᠢᠨᠠᠭᠰᠢᠯᠠᠪᠠᠯ ᠠᠮᠢ ᠠᠪᠤᠷᠠᠬᠤ ᠵᠣᠭᠤᠰ ᠪᠣᠯᠤᠨ᠎ᠠ᠃ ᠲᠡᠶᠢᠮᠦ ᠠᠴᠠ ᠪᠢᠳᠡ ᠠᠵᠢᠯ ᠬᠢᠬᠦ ᠳᠤ ᠵᠠᠪᠠᠯ ᠣᠯᠠᠨ ᠲᠦᠮᠡᠨ ᠤ ᠲᠥᠯᠥᠭᠡ ᠢᠯᠡᠭᠦᠬᠡᠨ ᠪᠣᠳᠣᠯᠬᠢᠯᠠᠵᠤ᠂ ᠲᠥᠰᠦᠪ ᠎ ᠤᠨ ᠬᠡᠯᠲᠡᠰ ᠤᠨ ᠲᠥᠯᠥᠭᠡ ᠢᠯᠡᠭᠦᠬᠡᠨ ᠦᠶᠯᠡᠴᠢᠯᠡᠭᠡ ᠬᠢᠬᠦ ᠬᠡᠷᠡᠭᠲᠡᠶ  ᠃            ︽ᠡᠳ᠋ ᠤᠨ ᠵᠠᠰᠠᠭ ᠤᠨ ᠲᠥᠪᠯᠡᠷᠡᠭᠦᠯᠦᠨ ᠬᠤᠷᠢᠶᠠᠬᠤ ᠪᠠ ᠥᠭᠬᠦ ᠲᠥᠪ ᠪᠠᠶᠢᠭᠤᠯᠵᠤ᠂ ᠲᠤᠰᠬᠠᠶᠢᠯᠠᠨ ᠬᠢᠨᠠᠨ ᠪᠣᠳᠣᠬᠤ ᠠᠵᠢᠯ ᠬᠢᠵᠦ ᠪᠠᠶᠢᠭ᠎ᠠ ᠠᠵᠢᠯᠲᠠᠨ ᠢ ᠳᠠᠩᠰᠠ ᠲᠠᠶᠢᠯᠬᠤ ᠠᠵᠢᠯ ᠤᠨ ᠦᠨᠡᠨ ᠪᠣᠳᠠᠲᠤ ᠴᠢᠨᠠᠷ᠂ ᠵᠦᠶ ᠵᠣᠬᠢᠰᠲᠠᠶ ᠴᠢᠨᠠᠷ  ᠢ ᠴᠢᠩᠭ᠎ᠠ ᠬᠠᠷᠭᠤᠭᠤᠯᠵᠤ᠂ ᠱᠠᠭᠠᠷᠳᠠᠯᠭ᠎ᠠ ᠳᠤ ᠢᠯᠡᠳᠲᠡ ᠨᠡᠶᠢᠴᠡᠬᠦ ᠦᠭᠡᠢ ᠳᠠᠩᠰᠠ ᠲᠠᠶᠢᠯᠬᠤ ᠫᠢᠶᠣᠣ ᠪᠠᠷᠢᠮᠲᠠ ᠶᠢ ᠶᠠᠭᠠᠬᠢᠭᠰᠠᠨ ᠴᠤ ᠳᠠᠩᠰᠠ ᠲᠠᠶᠢᠯᠬᠤ ᠦᠭᠡᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ︽ᠭᠠᠮᠲᠠᠢ  ᠪᠠᠶᠢᠬᠤ︾ ᠦᠵᠡᠯ ᠰᠠᠨᠠᠭ᠎ᠠ ᠶᠢ ᠪᠠᠲᠤ ᠪᠤᠢ  ᠪᠤᠯᠭᠠᠬᠤ  ᠳᠤ ᠬᠦᠷᠪᠡᠯ᠂ ᠦᠯᠡᠳᠡᠭᠰᠡᠨ ᠵᠣᠭᠤᠰ ᠢ ᠠᠷᠠᠳ ᠤᠨ ᠠᠮᠢᠳᠤᠷᠠᠯ ᠵᠡᠷᠭᠡ ᠬᠦᠷᠢᠶᠡᠨ ᠳᠠᠬᠢ ᠡᠳ᠋ ᠤᠨ ᠵᠠᠰᠠᠭ ᠤᠨ ᠵᠠᠷᠤᠯᠭ᠎ᠠ ᠳᠤ ᠬᠡᠷᠡᠭᠯᠡᠵᠦ ᠪᠣᠯᠤᠨ᠎ᠠ᠃            ︽ᠡᠳ᠋ ᠤᠨ ᠶᠠᠪᠤᠳᠠᠯ ᠤᠨ ᠳᠦᠷᠢᠮ  ᠢ ᠴᠢᠩᠭ᠎ᠠ ᠬᠡᠷᠡᠭᠵᠢᠭᠦᠯᠵᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠠᠵᠢᠯ ᠦᠷᠭᠦᠯᠵᠢᠯᠡᠨ ᠠᠬᠢᠬᠤ ᠶᠠᠪᠤᠴᠠ ᠳᠤ᠂  ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠰᠠ ︽ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ  ᠪᠤᠳᠤᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ︾᠂ ᠡᠯ᠎ᠡ ᠲᠥᠰᠦᠪ ᠤᠨ ᠨᠢᠭᠡᠴᠡ ᠳᠤ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ 100 ᠭᠠᠷᠤᠶ ᠬᠤᠪᠢ ᠲᠠᠷᠬᠠᠭᠠᠵᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢᠨ ᠶᠣᠰᠣᠭᠠᠷ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠲᠠᠷᠬᠠᠭᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠰᠢᠰᠲ᠋ᠧᠮ ᠲᠠᠢ ᠪᠠᠷ ᠡᠮᠬᠢᠯᠡᠵᠦ᠂ ᠬᠢᠨᠠᠮᠠᠭᠠᠶ ᠬᠤᠷᠢᠶᠠᠩᠭᠤᠶᠢᠯᠠᠬᠤ  ᠶᠢᠨ ᠬᠠᠮᠲᠤ ᠬᠠᠯᠠᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠬᠠᠮᠢᠶ᠎ᠠ ᠪᠦᠬᠦᠢ ᠠᠵᠢᠯ ᠤᠨ ᠦᠶᠯᠡᠴᠢᠯᠡᠭᠡᠨ ᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠨᠠᠷᠢᠯᠢᠭᠵᠢᠭᠤᠯᠬᠤ ᠶᠢᠨ ᠬᠠᠮᠲᠤ᠂ ᠬᠠᠮᠢᠶ᠎ᠠ ᠪᠦᠬᠦᠢ ᠠᠵᠢᠯ ᠤᠨ ᠦᠶᠯᠡᠴᠢᠯᠡᠭᠡᠨ ᠤ ᠳᠡᠰ ᠳᠠᠷᠠᠭᠠᠯᠠᠯ ᠢ ᠲᠡᠭᠦᠯᠳᠡᠷᠵᠢᠭᠦᠯᠬᠦ ᠬᠡᠷᠡᠭᠲᠡᠶ᠃ ᠯᠢ ᠰᠢᠶᠠᠩ ᠳ᠋ᠦᠩ ᠢᠯᠡᠷᠬᠡᠶᠢᠯᠡᠬᠦ ᠳᠡᠭᠡᠨ᠂ ᠠᠷᠠᠳ ᠲᠦᠮᠡᠨ ᠳᠤ ᠦᠶᠯᠡᠴᠢᠯᠡᠬᠦ ᠳᠡᠭᠡᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠳᠠᠭᠠᠭᠤᠯᠭ᠎ᠠ ᠳᠣᠤᠷ᠎ᠠ᠂  ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠰᠢᠨ᠎ᠡ ᠠᠶᠠᠨ ᠵᠠᠮ ᠳᠤ  ᠵᠢᠳᠬᠦᠯ ᠴᠢᠷᠮᠠᠶᠢᠯᠭ᠎ᠠ ᠭᠠᠷᠭᠠᠵᠤ᠂ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠴᠢᠷᠮᠠᠶᠢᠨ ᠦᠢᠯᠡᠳᠦᠯᠭᠡᠵᠢᠭᠦᠯᠵᠦ᠂ ᠵᠢᠨᠢᠩ ᠲᠣᠭᠤᠷᠢᠭ ᠤᠨ ᠠᠵᠤ ᠠᠬᠤᠢ ᠶᠢᠨ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠠᠷᠠᠳ ᠤᠯᠠᠨ ᠳᠤ ︽ᠡᠳ᠋ ᠤᠨ ᠵᠠᠰᠠᠭ ᠤᠨ ᠡᠭᠦᠷᠭᠡ ᠴᠢᠳᠠᠪᠬᠢ ᠶᠢᠨ ᠦᠢᠯᠡᠳᠦᠯ︾᠎ ᠢ  ᠲᠦᠷᠢᠮᠵᠢᠯᠡᠯ ᠶᠤᠰᠤᠭᠠᠷ ᠦᠢᠯᠡᠴᠢᠯᠡᠬᠦ ᠬᠡᠷᠡᠭᠲᠡᠢ ᠭᠡᠵᠡᠢ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2