| | | ᠡᠨᠡ ᠵᠢᠯ ᠠᠴᠠ ᠨᠠᠰᠢ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠤᠯᠠᠭᠠᠨᠴᠠᠪ ᠬᠤᠲᠠ ᠶᠢᠨ ᠲᠥᠪ ᠰᠠᠯᠪᠤᠷᠢ ᠪᠠᠩᠬᠢ ᠨᠢ ᠲᠥᠷᠥ ᠶᠢᠨ ᠪᠣᠳᠣᠯᠭ᠎ᠠ ᠶᠢᠨ | ᠳᠡᠮᠵᠢᠯᠭᠡ ᠪᠠ ᠮᠥᠩᠭᠦᠨ ᠬᠦᠢᠯᠬᠡᠬᠡᠨ ᠤ ᠵᠢᠯᠣᠭᠤᠳᠣᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ | ᠢᠳᠡᠪᠬᠢᠲᠡᠶ ᠪᠠᠷ ᠬᠠᠪᠰᠤᠷᠤᠨ ᠦᠢᠯᠡᠳᠪᠤᠷᠢᠯᠡᠯ ᠢ ᠨᠢ ᠰᠡᠷᠭᠦᠭᠡᠵᠦ᠂ ᠮᠥᠩᠭᠦᠨ ᠬᠦᠢᠯᠬᠡᠬᠡᠨ ᠤ ᠦᠢᠯᠡᠰ ᠢᠶᠠᠷ ᠠᠵᠤ | ᠠᠬᠤᠶᠢᠯᠠᠯ ᠢ ᠳᠤᠭᠳᠠᠪᠤᠷᠢᠵᠢᠭᠤᠯᠵᠤ ᠠᠵᠢᠯ ᠣᠯᠭᠤᠯᠲᠠ ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠬᠤ ᠳᠤ ᠬᠦᠴᠦ | ᠨᠡᠮᠡᠷᠢᠯᠡᠪᠡ᠃ | ᠲᠣᠰ ᠪᠠᠩᠬᠢ ᠴᠠᠭ ᠲᠤᠬᠠᠶ ᠳᠤᠨᠢ ︽ᠤᠯᠠᠭᠠᠨᠴᠠᠪ ᠬᠤᠲᠠ ᠶᠢᠨ ᠮᠥᠩᠭᠦᠨ ᠬᠦᠢᠯᠬᠡᠬᠡ ᠪᠠᠷ ᠠᠵᠤ | ᠠᠬᠤᠶᠢᠯᠠᠯ ᠤᠨ ᠠᠵᠢᠯ ᠣᠯᠭᠤᠯᠲᠠ ᠶᠢᠨ ᠲᠣᠭᠲᠠᠭᠤᠨ ᠢ ᠳᠡᠮᠵᠢᠬᠦ ᠠᠵᠢᠯ ᠤᠨ ᠲᠥᠰᠦᠯ︾ ᠢ ᠳᠠᠷᠤᠮᠠᠯᠯᠠᠨ | ᠲᠠᠷᠬᠠᠭᠠᠵᠤ᠂ ᠤᠯᠠᠭᠠᠨᠴᠠᠪ ᠬᠤᠲᠠ ᠶᠢᠨ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠢ ᠲᠣᠭᠲᠠᠭᠤᠨ | ᠪᠠᠶᠢᠯᠭᠠᠬᠤ ᠶᠢ ᠳᠡᠮᠵᠢᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠲᠡᠷᠡᠴᠢᠯᠡᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠭᠦᠨᠵᠡᠭᠡᠶ ᠪᠠᠶᠢᠴᠠᠭᠠᠯᠲᠠ ᠬᠢᠵᠦ᠂ ᠬᠠᠷᠢᠶ᠎ᠠ ᠣᠷᠣᠨ ᠤ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠶ | ᠨᠥᠯᠥᠭᠡᠯᠡᠭᠳᠡᠭᠰᠡᠨ᠂ ᠲᠤᠬᠠᠶ ᠶᠢᠨ ᠭᠠᠵᠠᠷ ᠤᠨ ᠠᠵᠤ ᠠᠬᠤᠶ ᠳᠤ ᠦᠵᠡᠭᠦᠯᠦᠭᠰᠡᠨ ᠬᠤᠪᠢ ᠨᠡᠮᠡᠷᠢ ᠪᠠᠷ ᠥᠨᠳᠥᠷ᠂ | ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠤᠯᠭᠠᠮ᠎ᠠ ᠠᠵᠤ ᠠᠬᠤᠶᠢᠯᠠᠯ ᠢ ᠰᠣᠩᠭᠤᠵᠤ᠂ ᠭᠤᠣᠯᠳᠠᠯᠭ᠎ᠠ ᠲᠠᠢ | ᠳᠡᠮᠵᠢᠬᠦ ᠠᠵᠤ ᠠᠬᠤᠶᠢᠯᠠᠯ ᠤᠨ ᠬᠥᠮᠥᠷᠭᠡ ᠶᠢ ᠪᠠᠶᠢᠭᠤᠯᠵᠤ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ | ᠵᠣᠷᠢᠭᠵᠢᠭᠤᠯᠤᠨ ᠬᠥᠮᠥᠷᠭᠡ ᠳᠣᠲᠣᠷᠠᠬᠢ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠭᠤᠯᠵᠤ᠂ ᠮᠥᠩᠭᠦᠨ | ᠬᠦᠢᠯᠬᠡᠬᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠶ᠃ ᠠᠵᠤ | ᠠᠬᠤᠶᠢᠯᠠᠯ ᠤᠨ ᠦᠢᠯᠡᠳᠪᠤᠷᠢᠯᠡᠯ ᠢᠶᠠᠨ ᠰᠡᠷᠭᠦᠭᠡᠬᠦ ᠪᠡᠯᠡ ᠮᠥᠩᠭᠦ ᠶᠢᠨ ᠬᠡᠷᠡᠭᠴᠡᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠩᠭᠠᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠠ | ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠮᠥᠩᠭᠦᠨ ᠬᠦᠢᠯᠬᠡᠬᠡᠨ ᠤ ᠲᠦᠰᠢᠭ | ᠲᠤᠯᠭᠠᠭᠤᠷᠢ ᠬᠠᠩᠭᠠᠪᠠ᠃ ᠡᠭᠦᠨ ᠤ ᠬᠠᠮᠲᠤ᠂ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠵᠤ | ᠠᠬᠤᠶᠢᠯᠠᠯ ᠤᠨ ᠠᠵᠢᠯ ᠣᠯᠭᠤᠯᠲᠠ ᠶᠢ ᠪᠠᠲᠤᠯᠠᠬᠤ ᠠᠵᠢᠯ ᠤᠨ ᠠᠬᠢᠴᠠ ᠶᠢ ᠳᠠᠮᠵᠢᠵᠤ ᠪᠠᠶᠢᠭ᠎ᠠ ᠪᠠᠶᠢᠳᠠᠯ ᠤᠨ | ᠭᠠᠷᠠᠭ ᠤᠨ ᠬᠢᠨᠠᠨ ᠬᠡᠮᠵᠢᠬᠦ ᠳᠦᠷᠢᠮ ᠢ ᠲᠤᠭᠲᠠᠭᠠᠵᠤ᠂ ᠳᠦᠷᠢᠮ ᠶᠣᠰᠣᠭᠠᠷ ᠲᠦᠷᠦᠭᠦᠦ ᠪᠦᠯᠦᠭ ᠤᠨ 385 ᠨᠡᠷᠡᠰ | ᠠᠵᠤ ᠠᠬᠤᠶᠢᠯᠠᠯ ᠢ ᠵᠣᠯᠭᠠᠭᠤᠯᠤᠭᠰᠠᠨ ᠪᠠᠶᠢᠳᠠᠯ ᠤᠨ ᠬᠥᠳᠡᠯᠦᠩᠭᠦᠢ ᠮᠥᠷᠳᠡᠯᠲᠡ ᠶᠢ ᠪᠡᠶᠡᠯᠡᠭᠦᠯᠪᠡ᠃ | ᠥᠪᠥᠷ ᠮᠣᠩᠭᠤᠯ ᠤᠨ ᠱᠠ ᠵᠧᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠲᠡ ᠶᠢᠨ ᠲᠤᠯᠤᠭᠠᠢᠢᠯᠠᠭᠴᠢ ᠠᠵᠤ ᠠᠬᠤᠶᠢᠯᠠᠯ ᠪᠠᠶᠢᠵᠤ᠂ ᠭᠤᠣᠯᠳᠠᠭᠤ ᠮᠠᠯ ᠠᠷᠠᠴᠢᠯᠠᠨ ᠲᠡᠵᠢᠭᠡᠬᠦ᠂ | ᠦᠷᠡᠵᠢᠭᠦᠯᠦᠨ ᠪᠤᠶᠢᠵᠢᠭᠤᠯᠬᠤ ᠪᠠ ᠮᠠᠯ ᠤᠨ ᠠᠰᠢᠭ ᠰᠢᠮ᠎ᠠ ᠶᠢ ᠡᠳ᠋ᠰᠢᠬᠦᠯᠵᠤ ᠪᠣᠯᠪᠠᠰᠤᠷᠠᠭᠤᠯᠳᠠᠭ᠃ ᠣᠳᠣᠬᠠᠨ ᠳᠤ | ᠺᠣᠮᠫᠠᠨᠢ ᠶᠢᠨ ᠠᠵᠢᠯᠲᠠᠨ 115 ᠬᠥᠮᠦᠨ ᠪᠠᠶᠢᠵᠤ᠂ ᠣᠯᠠᠩᠬᠢ ᠨᠢ ᠦᠢᠷ᠎ᠠ ᠬᠠᠪᠢ ᠶᠢᠨ ᠲᠠᠷᠢᠶᠠᠴᠢᠨ ᠡᠷᠦᠬᠡ | ᠪᠤᠯᠤᠨ᠎ᠠ᠃ ᠺᠣᠮᠫᠠᠨᠢ ᠨᠢ ᠠᠵᠢᠯ ᠤᠨ ᠪᠠᠶᠢᠷᠢ ᠦᠯᠡᠳᠡᠭᠡᠬᠦ᠂ ᠤᠷᠢᠳᠠᠪᠠᠷ ᠠᠵᠢᠯᠴᠢᠨ ᠬᠡᠷᠡᠭᠯᠡᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠲᠠᠷᠢᠶᠠᠴᠢᠨ ᠡᠷᠦᠬᠡ ᠢᠯᠠᠩᠭᠤᠶ᠎ᠠ ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ ᠶᠢ ᠡᠯᠰᠡᠨ | ᠺᠣᠮᠫᠠᠨᠢ ᠳᠤ ᠣᠷᠣᠵᠤ ᠠᠵᠢᠯ ᠬᠢᠬᠦ᠂ ᠲᠠᠷᠢᠶᠠᠴᠢᠨ ᠡᠷᠦᠬᠡ ᠵᠢᠴᠢ ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ ᠶᠢᠨ | ᠭᠡᠷ ᠪᠦᠯᠢ ᠶᠢᠨ ᠣᠷᠣᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ ᠲᠤᠰ ᠠᠵᠤ ᠠᠬᠤᠶᠢᠯᠠᠯ | ᠦᠢᠯᠡᠳᠪᠦᠷᠢᠯᠡᠯ ᠢᠶᠠᠨ ᠰᠡᠷᠭᠦᠭᠡᠭᠰᠡᠨ ᠠᠴᠠ ᠨᠠᠭᠠᠰᠢ᠂ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠳᠤᠯᠭᠠᠷᠠᠵᠤ᠂ | ᠪᠡᠯᠡ ᠮᠥᠩᠭᠦᠨ ᠤ ᠳᠡᠮᠵᠢᠯᠭᠡ ᠪᠠᠴᠢᠮ ᠱᠠᠭᠠᠷᠳᠠᠭᠳᠠᠪᠠ᠃ ᠠᠵᠤ ᠠᠬᠤᠶᠢᠯᠠᠯ ᠤᠨ ᠬᠦᠴᠢᠷᠳᠡᠯ ᠢ ᠮᠡᠳᠡᠭᠰᠡᠨ ᠤ | ᠳᠠᠷᠠᠭ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ | ᠰᠠᠨᠠᠭᠠᠴᠢᠯᠠᠭ᠎ᠠ ᠠᠴᠠ ᠪᠠᠨ ᠡᠬᠦᠳᠡᠨ ᠳᠤᠨᠢ ᠬᠦᠷᠴᠤ ᠦᠢᠯᠡᠴᠢᠯᠡᠨ᠂ ᠰᠠᠭᠠᠳ ᠦᠭᠡᠶ ᠨᠡᠪᠲᠡᠷᠡᠬᠦ ᠵᠠᠮ ᠨᠡᠪᠲᠡᠷᠡᠭᠦᠯᠵᠡᠶ᠃ | ᠵᠢᠭᠡᠯᠡᠯᠭᠡ ᠶᠢᠨ ᠭᠠᠷᠳᠠᠮ ᠶᠠᠪᠤᠴᠠ ᠶᠢ ᠳᠥᠭᠦᠮᠴᠢᠯᠡᠵᠦ᠂ ᠵᠢᠭᠡᠯᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠪᠠᠲᠤᠯᠠᠨ ᠳᠠᠭᠠᠭᠠᠬᠤ ᠺᠣᠮᠫᠠᠨᠢ ᠲᠠᠢ ᠢᠳᠡᠪᠬᠢᠲᠡᠶ ᠬᠠᠷᠢᠯᠴᠠᠵᠤ ᠪᠠᠲᠤᠯᠠᠨ ᠳᠠᠭᠠᠭᠠᠯᠲᠠ ᠬᠢᠬᠦ ᠳᠤ ᠬᠦᠴᠢᠷᠲᠡᠶ | ᠠᠰᠠᠭᠤᠳᠠᠯ ᠢ ᠰᠢᠢᠳᠪᠤᠷᠢᠯᠡᠵᠦ᠂ ᠨᠢᠭᠡ ᠭᠠᠷᠠᠭ ᠤᠨ ᠳᠣᠲᠣᠷ᠎ᠠ 400 ᠲᠦᠮᠡᠨ ᠲᠥᠭᠦᠷᠢᠭ ᠤᠨ ᠲᠠᠷᠢᠶᠠᠯᠠᠩ ᠤᠨ | ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢ ᠲᠤᠰ ᠠᠵᠤ ᠠᠬᠤᠶᠢᠯᠠᠯ ᠳᠤ ᠣᠯᠭᠤᠵᠠᠶ᠃ | ︽ᠮᠠᠨ ᠤ ᠺᠣᠮᠫᠠᠨᠢ ᠪᠠᠶᠢᠭᠤᠯᠤᠭᠳᠠᠭᠰᠠᠨ ᠠᠴᠠ ᠨᠠᠭᠠᠰᠢ ᠶᠡᠷᠦ ᠠᠴᠠ ᠡᠶᠢᠮᠦ ᠲᠦᠷᠭᠡᠨ᠂ ᠪᠦᠷᠢᠨ | ᠭᠦᠢᠴᠡᠳ ᠦᠢᠯᠡᠴᠢᠯᠡᠭᠡ ᠬᠦᠷᠲᠡᠵᠦ ᠥᠩᠭᠡᠷᠡᠭᠰᠡᠨ ᠦᠭᠡᠢ᠂ ᠡᠨᠡ ᠬᠦ ᠵᠢᠭᠡᠯᠡᠯᠭᠡ ᠶᠢᠨ ᠵᠢᠯ ᠤᠨ ᠬᠦᠦ ᠮᠥᠩᠭᠦ ᠶᠢᠨ | ᠨᠣᠷᠮ᠎ᠠ 2.85% ᠬᠡᠳᠡᠭ ᠢ ᠪᠣᠳᠣᠵᠤ ᠣᠯᠤᠭᠰᠠᠨ ᠦᠭᠡᠢ᠂ ᠠᠷᠠᠳ ᠲᠦᠮᠡᠨ ᠳᠤ ᠦᠨᠡᠨ ᠬᠦ ᠠᠰᠢᠭ ᠬᠦᠷᠲᠡᠭᠡᠵᠤ | ᠪᠠᠶᠢᠨ᠎ᠠ︾ ᠬᠡᠵᠤ ᠥᠪᠥᠷ ᠮᠣᠩᠭᠤᠯ ᠤᠨ ᠱᠠ ᠵᠧᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠠᠩᠬᠢ ᠶᠢᠨ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ | ᠮᠠᠭᠳᠠᠨ᠎ᠠ᠃ | 5 ᠰᠠᠷ᠎ᠠ ᠶᠢᠨ ᠡᠴᠦᠰ ᠪᠣᠯᠲᠠᠯ᠎ᠠ᠂ ᠪᠦᠬᠦ ᠬᠤᠲᠠ ᠶᠢᠨ ᠵᠢᠵᠢᠭ ᠪᠢᠴᠢᠯ ᠠᠵᠤ ᠠᠬᠤᠢᠢᠯᠠᠯ ᠤᠨ | ᠵᠢᠭᠡᠯᠡᠯᠭᠡ ᠶᠢᠨ ᠦᠯᠡᠳᠡᠪᠦᠷᠢ 236.67 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 3.75% ᠨᠡᠮᠡᠭᠳᠡᠵᠤ᠂ ᠵᠢᠯ ᠤᠨ ᠡᠬᠢᠨ ᠤ ᠬᠢ ᠠᠴᠠ 3.66 ᠳ᠋ᠦᠩᠰᠢᠭᠤᠷ ᠲᠥᠭᠦᠷᠢᠭ ᠨᠡᠮᠡᠭᠳᠡᠪᠡ᠃ ᠪᠦᠬᠦ | ᠬᠤᠲᠠ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 166. | 24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.73% ᠪᠠᠷ ᠨᠡᠮᠡᠭᠳᠡᠵᠦ᠂ | ᠵᠢᠯ ᠤᠨ ᠡᠬᠢᠨ ᠤ ᠬᠢ ᠠᠴᠠ 3.86 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3. | 18 ᠳ᠋ᠦᠩᠰᠢᠭᠤᠷ ᠲᠥᠭᠦᠷᠢᠭ ᠢᠯᠡᠭᠦᠦ ᠨᠡᠮᠡᠭᠳᠡᠪᠡ᠃ ᠣᠳᠣᠬᠠᠨ ᠳᠤ᠂ ᠤᠯᠠᠭᠠᠨᠴᠠᠪ ᠬᠤᠲᠠ ᠶᠢᠨ ᠡᠯ᠎ᠡ ᠮᠥᠩᠭᠦᠨ | ᠬᠦᠢᠯᠬᠡᠬᠡᠨ ᠤ ᠪᠠᠶᠢᠭᠤᠯᠤᠮᠵᠢ ᠨᠢᠭᠡᠨᠲᠡ 245 ᠠᠵᠤ ᠠᠬᠤᠶᠢᠯᠠᠯ ᠢ ᠠᠩᠬ᠎ᠠ ᠠᠯᠬᠤᠮ ᠵᠣᠯᠭᠠᠭᠤᠯᠵᠤ᠂ 138 | ᠡᠷᠦᠬᠡ ᠳᠤ ᠢᠲᠡᠭᠡᠮᠵᠢ ᠣᠯᠭᠤᠵᠤ᠂ 11.36 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠣᠯᠭᠤᠵᠤ᠂ | ᠨᠡᠶᠢᠲᠡ 7.52 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠤᠨ ᠠᠵᠢᠯ ᠣᠯᠭᠤᠯᠲᠠ ᠶᠢ ᠪᠠᠲᠤᠯᠠᠬᠤ ᠠᠵᠢᠯ ᠢ ᠳᠡᠮᠵᠢᠭᠰᠡᠨ ᠦᠷ᠎ᠡ ᠪᠦᠲᠦᠮᠵᠢ ᠢᠯᠡᠳᠲᠡ ᠪᠣᠯᠪᠠ᠃ | ᠠᠷᠠᠳ ᠤᠨ ᠪᠠᠩᠬᠢ ᠶᠢᠨ ᠤᠯᠠᠭᠠᠨᠴᠠᠪ ᠬᠤᠲᠠ ᠶᠢᠨ ᠲᠥᠪ ᠰᠠᠯᠪᠤᠷᠢ ᠪᠠᠩᠬᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠮᠥᠩᠭᠦᠨ ᠬᠦᠢᠯᠬᠡᠬᠡᠨ ᠤ ᠳᠡᠮᠵᠢᠯᠭᠡ ᠪᠠᠷ ᠠᠵᠤ ᠠᠬᠤᠶᠢᠯᠠᠯ ᠤᠨ ᠠᠵᠢᠯ | ᠣᠯᠭᠤᠯᠲᠠ ᠶᠢ ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ | ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢᠨ ᠬᠠᠮᠲᠤ ᠶᠢᠨ ᠬᠦᠴᠦᠨ ᠢ ᠬᠦᠢᠴᠡᠳ | ᠪᠠᠳᠠᠷᠠᠭᠤᠯᠵᠤ᠂ ᠨᠠᠩ ᠣᠯᠠᠨ ᠮᠥᠩᠭᠦᠨ ᠬᠦᠢᠯᠬᠡᠬᠡᠨ ᠤ ᠡᠬᠢ ᠪᠠᠶᠠᠯᠢᠭ ᠢ ᠬᠥᠲᠥᠯᠦᠨ ᠵᠢᠯᠣᠭᠤᠳᠴᠤ ᠪᠠᠶᠢᠭᠠᠳ | ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠮᠵᠢᠵᠦ᠂ ᠲᠥᠷᠥ ᠶᠢᠨ ᠪᠣᠳᠣᠯᠭ᠎ᠠ ᠶᠢᠨ | ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ ᠬᠡᠪᠡ᠃ | | | ᠨᠠᠶᠢᠷᠠᠭᠤᠯᠤᠭᠴᠢ᠄ ᠲᠤᠶᠠᠭ᠎ᠠ |