ᠵᠢᠨᠢᠩ — ᠳ᠋ᠠᠲ᠋ᠦ᠋ᠩ — ᠶᠤᠸᠠᠨ ᠫᠢᠩ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠤᠨ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠳᠠᠬᠢ ᠨᠦᠭᠡᠨ ᠵᠠᠮ ᠤᠨ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2020/9/22
          9 ᠰᠠᠷ᠎ᠠ ᠶᠢᠨ 16᠎ ᠤ ᠡᠳᠦᠷ ᠵᠢᠨᠢᠩ — ᠳ᠋ᠠᠲ᠋ᠦ᠋ᠩ — ᠶᠤᠸᠠᠨ ᠫᠢᠩ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠤᠨ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠳᠠᠬᠢ ᠨᠦᠭᠡᠨ ᠵᠠᠮ ᠤᠨ ᠪᠠᠷᠢᠯᠭ᠎ᠠ ᠡᠬᠢᠯᠡᠬᠦ ᠶᠤᠰᠤᠯᠠᠯ ᠶᠠᠪᠤᠬᠳᠠᠬᠰᠠᠨ ᠨᠢ ᠵᠢᠨᠢᠩ — ᠳ᠋ᠠᠲ᠋ᠦ᠋ᠩ — ᠶᠤᠸᠠᠨ ᠫᠢᠩ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠤᠨ ᠦᠪᠦᠷ ᠮᠤᠩᠭᠤᠯ ᠳᠠᠬᠢ ᠭᠡᠰᠡᠭ ᠪᠤᠳᠠᠳᠠᠢ ᠪᠦᠳᠦᠭᠡᠨ ᠪᠠᠶᠢᠭᠤᠯᠤᠯᠳᠠ ᠶᠢᠨ ᠱᠠᠳᠤᠨ ᠳᠤ ᠤᠷᠤᠬᠰᠠᠨ ᠢ ᠬᠠᠷᠠᠭᠤᠯᠪᠠ᠃          ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠪᠠᠷᠢᠯᠭ᠎ᠠ ᠡᠬᠢᠯᠡᠬᠦ ᠶᠤᠰᠤᠯᠠᠯ ᠳᠤ ᠤᠷᠤᠯᠴᠠᠬᠤ ᠶᠢᠨ ᠬᠠᠮᠳᠤ ᠪᠠᠷᠢᠯᠭ᠎ᠠ ᠡᠬᠢᠯᠡᠬᠦ ᠶᠢ ᠵᠠᠷᠯᠠᠪᠠ᠃ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠡᠯᠡ ᠤᠷᠤᠭᠤᠯᠤᠯᠳᠠ ᠶᠢᠨ ︵ᠪᠦᠯᠦᠭᠯᠡᠯ︶ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠲᠠᠷᠤᠭ᠎ᠠ ᠵᠧᠩ ᠵᠢᠶᠦ᠋ᠨ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠲᠠᠷᠤᠭ᠎ᠠ ᠹᠸᠢ ᠳ᠋ᠦᠩ ᠪᠢᠨ ᠲᠤᠰ ᠲᠤᠰ ᠶᠠᠷᠢᠶ᠎ᠠ ᠲᠡᠯᠪᠢᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠮᠠᠨ ᠤ ᠬᠤᠳᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠᠷᠢᠯᠭ᠎ᠠ ᠡᠬᠢᠯᠡᠬᠦ ᠶᠤᠰᠤᠯᠠᠯ ᠳᠤ ᠤᠷᠤᠯᠴᠠᠪᠠ᠃         ᠵᠧᠩ ᠵᠢᠶᠦ᠋ᠨ ᠶᠠᠷᠢᠶᠠᠨ ᠳᠠᠭᠠᠨ᠂ ᠦᠪᠦᠷ ᠮᠤᠩᠭᠤᠯ ᠤᠨ ᠲᠦᠷᠭᠡᠨ ᠤ ᠲᠡᠮᠦᠷ ᠵᠠᠮ ᠤᠨ ᠬᠢᠵᠠᠭᠠᠷᠳᠤ ᠺᠤᠮᠫᠠᠨᠢ ᠨᠢ ᠲᠦᠷᠦᠯ ᠵᠦᠢᠯ ᠤᠨ ᠦᠮᠴᠢᠳᠡᠨ ᠪᠠᠶᠢᠭᠤᠯᠭ᠎ᠠ ᠪᠤᠯᠤᠬᠰᠠᠨ ᠤ ᠬᠤᠪᠢ ᠳᠤ ᠯᠠᠪᠳᠠᠢ ᠬᠦᠨᠳᠦ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠤᠳᠤᠭᠠᠯ ᠦᠭᠡᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠶᠠᠷᠦᠩᠬᠡᠢ ᠪᠠᠶᠢᠷᠢᠯᠠᠭᠤᠯᠤᠯᠳᠠ ᠶᠤᠰᠤᠭᠠᠷ᠂ ᠠᠵᠢᠯ ᠤᠨ ᠴᠢᠳᠠᠮᠵᠢ ᠬᠠᠷᠢᠭᠤᠴᠠᠯᠭ᠎ᠠ ᠪᠠᠨ ᠨᠠᠷᠢᠨ ᠨᠢᠮᠪᠠᠢ ᠬᠦᠢᠴᠡᠳᠭᠡᠵᠦ᠂ ᠳᠠᠭᠠᠭᠠᠴᠢᠯᠠᠨ ᠪᠠᠶᠢᠭᠤᠯᠬᠤ ᠪᠠᠶᠢᠭᠤᠯᠭ᠎ᠠ ᠮᠧᠩ ᠢ ᠺᠤᠮᠫᠠᠨᠢ ᠲᠠᠢ ᠬᠠᠮᠳᠤᠷᠠᠵᠤ ᠪᠦᠬᠦ ᠬᠦᠴᠦ ᠪᠠᠷ ᠵᠤᠬᠢᠶᠠᠨ ᠪᠠᠶᠢᠭᠤᠯᠤᠨ ᠠᠬᠢᠭᠤᠯᠵᠤ᠂ ᠪᠠᠷᠢᠯᠭ᠎ᠠ ᠶᠢᠨ ᠶᠠᠪᠤᠴᠠ ᠶᠢᠨ ᠬᠠᠮᠢᠶᠠᠷᠤᠯᠳᠠ ᠪᠠᠨ ᠴᠢᠩᠭᠠᠳᠬᠠᠵᠤ᠂ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠶᠢ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠪᠦᠬᠦ ᠲᠠᠯ᠎ᠠ ᠶᠢᠨ ᠦᠢᠯᠡᠴᠢᠯᠡᠭᠡ ᠪᠤᠯᠤᠨ ᠪᠠᠳᠤᠯᠭ᠎ᠠ ᠬᠠᠩᠭᠠᠵᠤ᠂ ᠲᠦᠷᠦᠯ ᠵᠦᠢᠯ ᠢ ᠲᠤᠬᠳᠠᠬᠰᠠᠨ ᠬᠤᠭᠤᠴᠠᠭᠠᠨ ᠳᠤ ᠪᠦᠳᠦᠭᠡᠨ ᠪᠠᠶᠢᠭᠤᠯᠵᠤ ᠠᠰᠢᠬᠯᠠᠯᠳᠠ ᠳᠤ ᠤᠷᠤᠭᠤᠯᠬᠤ ᠶᠢ ᠪᠠᠳᠤᠯᠠᠨ᠎ᠠ ᠭᠡᠵᠦ ᠢᠯᠡᠷᠭᠡᠶᠢᠯᠡᠪᠡ᠃   ᠦᠪᠡᠷᠳᠡᠭᠡᠨ ᠵᠠᠰᠠᠬᠤ ᠤᠷᠤᠨ ᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠵᠢᠨᠢᠩ — ᠳ᠋ᠠᠲ᠋ᠦ᠋ᠩ — ᠶᠤᠸᠠᠨ ᠫᠢᠩ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠦᠩᠭᠡᠷᠡᠭᠰᠡᠨ ᠲᠠᠢ ᠪᠠᠨ ᠠᠳᠠᠯᠢ ᠲᠡᠮᠵᠢᠵᠦ᠂ ᠤᠯᠠᠭᠠᠨᠴᠠᠪ ᠬᠤᠳᠠ᠂ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ᠂ ᠹᠧᠩᠵᠧᠨ ᠬᠤᠳᠠ ᠨᠢ ᠡᠵᠡᠨ ᠬᠦᠮᠦᠨ ᠤ ᠵᠤᠷᠢᠬ ᠰᠠᠨᠠᠭ᠎ᠠ ᠪᠠᠨ ᠦᠷᠬᠦᠯᠵᠢᠯᠡᠨ ᠪᠠᠳᠠᠷᠠᠭᠤᠯᠵᠤ ᠂ ᠲᠦᠷᠦᠯ ᠵᠦᠢᠯ ᠢ ᠤᠷᠤᠬᠰᠢᠳᠠᠢ ᠪᠦᠳᠦᠭᠡᠨ ᠪᠠᠶᠢᠭᠤᠯᠬᠤ ᠳᠤ ᠰᠠᠭᠤᠷᠢ ᠪᠠᠳᠤᠯᠭ᠎ᠠ ᠬᠠᠩᠭᠠᠬᠤ ᠶᠢ ᠬᠦᠰᠡᠵᠦ ᠪᠠᠶᠢᠨ᠎ᠠ᠃ ᠡᠯ᠎ᠠ ᠪᠠᠷᠢᠯᠭ᠎ᠠ ᠶᠢᠨ ᠪᠠᠶᠢᠭᠤᠯᠭ᠎ᠠ ᠨᠢ ︽ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠤᠢᠢᠯᠠᠭᠠᠬᠳᠠᠬᠤᠨ ᠢ ᠪᠠᠳᠤ ᠱᠤᠭᠤᠵᠤ᠂ ᠢᠨᠵᠧᠨᠧᠷᠢᠩ ᠤᠨ ᠶᠠᠰᠤ ᠴᠢᠨᠠᠷ ᠤᠨ ᠪᠤᠭᠤᠮᠳᠠ ᠶᠢ ᠴᠢᠩᠭ᠎ᠠ ᠠᠳᠬᠤᠵᠤ᠂ ᠶᠠᠰᠤ ᠴᠢᠨᠠᠷ ᠤᠨ ᠤᠬᠠᠮᠰᠠᠷ ᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠡᠯ᠎ᠠ ᠱᠠᠳᠤ᠂ ᠪᠦᠬᠦ ᠶᠠᠪᠤᠴᠠ ᠳᠤ ᠠᠭᠤᠰᠬᠠᠵᠤ᠂ ᠵᠢᠨᠢᠩ — ᠳ᠋ᠠᠲ᠋ᠦ᠋ᠩ — ᠶᠤᠸᠠᠨ ᠫᠢᠩ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠢ ᠰᠤᠳᠤᠨ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ ᠪᠤᠯᠤᠨ ᠠᠷᠠᠳ ᠤᠨ ᠰᠡᠳᠭᠢᠯ ᠤᠨ ᠢᠨᠵᠧᠨᠧᠷᠢᠩ ᠪᠤᠯᠭᠠᠨ ᠪᠦᠳᠦᠭᠡᠨ ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠢᠳᠡᠪᠬᠢᠳᠡᠢ ᠬᠤᠪᠢ ᠨᠡᠮᠡᠷᠢ ᠦᠵᠡᠭᠦᠯᠬᠦ ᠪᠤᠯᠤᠨ᠎ᠠ ᠭᠡᠪᠡ᠃          ᠹᠸᠢ ᠳ᠋ᠦᠩ ᠪᠢᠨ ᠶᠠᠷᠢᠶᠠᠨ ᠳᠠᠭᠠᠨ᠂ ᠵᠢᠨᠢᠩ — ᠳ᠋ᠠᠲ᠋ᠦ᠋ᠩ — ᠶᠤᠸᠠᠨ ᠫᠢᠩ ᠲᠦᠷᠭᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠪᠤᠯ ᠪᠦᠬᠦ ᠬᠤᠳᠠ ᠶᠢᠨ ᠠᠷᠠᠳ ᠲᠦᠮᠡᠨ ᠤ ᠬᠦᠮᠦᠨ ᠪᠤᠯᠭᠠᠨ ᠳᠤ ᠮᠡᠳᠡᠭᠦᠯᠬᠦ ᠨᠢᠭᠡᠨ ᠪᠠᠶᠠᠷ ᠤᠨ ᠶᠠᠪᠤᠳᠠᠯ ᠪᠤᠯᠬᠤ ᠮᠦᠷᠳᠡᠭᠡᠨ ︽ᠵᠢᠷᠭᠤᠭ᠎ᠠ ᠶᠢ ᠲᠤᠬᠳᠠᠪᠤᠷᠢᠵᠢᠭᠤᠯᠬᠤ︾ ︽ᠵᠢᠷᠭᠤᠭ᠎ᠠ ᠶᠢ ᠪᠠᠳᠤᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠨᠢᠭᠡ ᠲᠦᠷᠦᠯ ᠤᠨ ᠪᠤᠳᠠᠳᠤ ᠶᠠᠪᠤᠳᠠᠯ ᠪᠤᠯᠬᠤ ᠪᠦᠭᠡᠳ ᠤᠯᠠᠭᠠᠨᠴᠠᠪ ᠤᠨ ᠬᠦᠭᠵᠢᠯᠳᠡ ᠶᠢᠨ ᠲᠡᠤᠭᠡᠨ ᠲᠡᠭᠡᠷᠡᠬᠢ ᠨᠢᠭᠡᠨ ᠲᠤᠮᠤ ᠶᠠᠪᠤᠳᠠᠯ ᠪᠠᠶᠢᠵᠤ᠂ ᠮᠠᠰᠢ ᠴᠢᠬᠤᠯᠠ ᠪᠡᠯᠭᠡ ᠲᠡᠮᠳᠡᠭ ᠤᠨ ᠠᠴᠢ ᠬᠤᠯᠪᠤᠬᠳᠠᠯ ᠲᠠᠢ ᠶᠤᠮ︕ ᠲᠦᠷᠦᠯ ᠵᠦᠢᠯ ᠪᠠᠶᠢᠭᠤᠯᠤᠬᠳᠠᠬᠰᠠᠨ ᠤ ᠲᠠᠷᠠᠭ᠎ᠠ ᠯᠠᠪᠳᠠᠢ ᠭᠠᠵᠠᠷ ᠤᠷᠤᠨ ᠤ ᠬᠤᠭᠤᠷᠤᠨᠳᠤᠬᠢ ᠬᠦᠮᠦᠰ ᠤᠨ ᠶᠠᠪᠤᠯᠴᠠᠭ᠎ᠠ᠂ ᠪᠠᠷᠠᠭ᠎ᠠ ᠬᠦᠢᠯᠭᠡᠭᠡ᠂ ᠪᠡᠯᠡ ᠮᠦᠩᠬᠦ ᠶᠢᠨ ᠰᠤᠯᠢᠯᠴᠠᠭ᠎ᠠ᠂ ᠰᠤᠷᠠᠬ ᠵᠠᠩᠬᠢ ᠶᠢᠨ ᠰᠤᠯᠢᠯᠴᠠᠭ᠎ᠠ ᠶᠢᠨ ᠦᠨᠳᠦᠷ ᠪᠦᠳᠦᠮᠵᠢᠳᠠᠢ ᠶᠠᠪᠤᠯᠴᠠᠭ᠎ᠠ ᠶᠢ ᠠᠬᠢᠭᠤᠯᠵᠤ᠂ ᠤᠯᠠᠭᠠᠨᠴᠠᠪ ᠢᠶᠠᠨ ᠪᠦᠬᠦ ᠤᠷᠤᠨ ᠤ ᠨᠡᠭᠡᠭᠡᠯᠳᠡᠳᠦ ᠬᠦᠭᠵᠢᠯᠳᠡ ᠶᠢᠨ ᠰᠢᠨ᠎ᠠ ᠦᠨᠳᠦᠷᠯᠢᠭ ᠪᠤᠯᠭᠠᠨ ᠴᠤᠬᠴᠠᠯᠠᠬᠤ ᠳᠤ ᠨᠡᠩ ᠲᠦᠭᠦᠮ ᠲᠦᠳᠡ ᠠᠰᠢᠬᠳᠠᠢ ᠨᠦᠬᠦᠴᠡᠯ ᠬᠠᠩᠭᠠᠵᠤ᠂ ᠴᠢᠨᠠᠷ ᠰᠠᠶᠢᠳᠠᠢ ᠬᠦᠭᠵᠢᠯᠳᠡ ᠶᠢᠨ ︽ᠲᠦᠷᠭᠡᠨ ᠤ ᠵᠠᠮ ︾᠎ ᠳᠤ ᠤᠷᠤᠬᠤ ᠪᠤᠯᠤᠨ᠎ᠠ᠃  ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠬ ᠤᠨ ᠤᠷᠳᠤᠨ ᠵᠠᠪᠠᠯ ᠵᠢᠨᠢᠩ — ᠳ᠋ᠠᠲ᠋ᠦ᠋ᠩ — ᠶᠤᠧᠠᠨ ᠫᠢᠩ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠤᠰ ᠲᠦᠷᠦ ᠶᠢᠨ ᠡᠭᠦᠷᠭᠡ᠂ ᠲᠡᠷᠢᠭᠦᠨ ᠴᠢᠬᠤᠯᠠ ᠳᠤᠮᠤ ᠶᠠᠪᠤᠳᠠᠯ᠂ ᠨᠢᠭᠡᠳᠦᠭᠡᠷ ᠨᠤᠮᠧᠷᠲᠦ ᠢᠨᠵᠧᠨᠧᠷᠢᠩ ᠪᠤᠯᠭᠠᠨ ᠠᠳᠬᠤᠵᠤ᠂ ᠬᠤᠷᠳᠤᠴᠠ ᠪᠠᠨ ᠨᠡᠮᠡᠨ᠂ ᠲᠦᠷᠭᠡᠨ ᠬᠦᠳᠡᠯᠦᠯᠴᠡᠵᠦ᠂ ᠡᠯ᠎ᠡ ᠲᠦᠷᠦᠯ ᠤᠨ ᠬᠠᠪᠰᠤᠷᠤᠯᠴᠠᠭ᠎ᠠ ᠪᠠᠳᠤᠯᠠᠪᠤᠷᠢ ᠶᠢᠨ ᠠᠵᠢᠯ ᠢᠶᠠᠨ ᠪᠦᠬᠦ ᠬᠦᠴᠦ ᠪᠠᠷ ᠰᠠᠶᠢᠳᠤᠷ ᠬᠢᠨ᠎ᠡ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠱᠤᠭᠤᠮ ᠳᠠᠭᠠᠤ ᠡᠯ᠎ᠡ ᠬᠤᠰᠢᠭᠤ ᠰᠢᠶᠠᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠡᠷᠬᠡᠪᠰᠢ ᠦᠷᠬᠦᠯᠵᠢ ᠪᠠᠷᠢᠯᠭ᠎ᠠ ᠶᠢᠨ ᠠᠵᠢᠯ ᠤᠨ ᠨᠢᠭᠡᠳᠦᠭᠡᠷ ᠹᠷᠤᠨᠲ ᠢᠶᠠᠷ ᠭᠦᠨᠵᠡᠭᠡᠶᠢᠷᠡᠨ ᠪᠤᠳᠠᠳᠤ ᠪᠠᠶᠢᠳᠠᠯ ᠢ ᠤᠢᠢᠯᠠᠭᠠᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠴᠠᠬ ᠳᠤᠬᠠᠢ ᠳᠤᠨᠢ ᠬᠦᠴᠦᠲᠡᠢ ᠲᠡᠮᠵᠢᠯᠭᠡ ᠦᠵᠡᠭᠦᠯᠵᠦ᠂ ᠢᠨᠵᠧᠨᠧᠷᠢᠩ ᠡᠷᠳᠡᠬᠡᠨ ᠪᠠᠷᠢᠯᠭ᠎ᠠ ᠪᠠᠨ ᠳᠡᠭᠦᠰᠬᠡᠵᠦ᠂ ᠲᠦᠷᠭᠡᠨ ᠤ ᠲᠡᠮᠦᠷ ᠵᠠᠮ ᠡᠷᠳᠡᠬᠡᠨ ᠨᠡᠪᠳᠡᠷᠡᠵᠦ᠂ ᠤᠯᠠᠨ ᠲᠦᠮᠡᠨ ᠡᠷᠳᠡᠬᠡᠨ ᠠᠰᠢᠬ ᠬᠦᠷᠳᠡᠬᠦ ᠶᠢ ᠴᠢᠷᠮᠠᠶᠢᠨ ᠪᠠᠳᠤᠯᠠᠬᠤ ᠬᠡᠷᠡᠭᠲᠡᠢ᠃ ᠡᠭᠦᠨ ᠤ ᠬᠠᠮᠳᠤ᠂ ᠮᠦᠨᠴᠦ ᠡᠯ᠎ᠡ ᠪᠦᠲᠦᠭᠡᠨ ᠪᠠᠶᠢᠭᠤᠯᠤᠯᠲᠠ ᠳᠤ ᠤᠷᠤᠯᠴᠠᠵᠤ ᠪᠠᠶᠢᠭ᠎ᠠ ᠨᠢᠭᠡᠴᠢ ᠦᠨᠳᠦᠷ ᠪᠠᠷᠢᠮᠵᠢᠶ᠎ᠠ᠂ ᠦᠨᠳᠦᠷ ᠬᠡᠪ ᠴᠢᠨᠠᠷ᠂ ᠦᠨᠳᠦᠷ ᠦᠷ᠎ᠡ ᠪᠦᠲᠦᠮᠵᠢ ᠲᠠᠢ ᠪᠠᠶᠢᠬᠤ ᠵᠠᠷᠴᠢᠮ ᠢ ᠪᠠᠷᠢᠮᠳᠠᠯᠠᠨ᠂ ᠵᠢᠨᠢᠩ — ᠳ᠋ᠠᠲ᠋ᠦ᠋ᠩ — ᠶᠤᠧᠠᠨ ᠫᠢᠩ ᠲᠦᠷᠭᠡᠨ ᠤ ᠲᠡᠮᠦᠷ ᠵᠠᠮ ᠢ ᠰᠤᠳᠤᠨ ᠢᠨᠵᠧᠨᠧᠷᠢᠩ᠂ ᠵᠠᠭᠤᠨ ᠵᠢᠯ ᠤᠨ ᠢᠨᠵᠧᠨᠧᠷᠢᠩ᠂ ᠠᠷᠠᠳ ᠤᠯᠠᠨ ᠤ ᠳᠠᠭᠠᠰᠢᠶᠠᠯ ᠢ ᠤᠯᠤᠬᠰᠠᠨ ᠠᠷᠠᠳ ᠤᠨ ᠰᠡᠳᠬᠢᠯ ᠤᠨ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ ᠪᠤᠯᠭᠠᠨ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃          ᠤᠢᠢᠯᠠᠭᠠᠬᠰᠠᠨ ᠢᠶᠠᠷ᠂ ᠵᠢᠨᠢᠩ — ᠳ᠋ᠠᠲ᠋ᠦ᠋ᠩ — ᠶᠤᠧᠠᠨ ᠫᠢᠩ ᠲᠦᠷᠭᠡᠨ ᠤ ᠲᠡᠮᠦᠷ ᠵᠠᠮ ᠪᠤᠯ ᠤᠯᠤᠰ ᠤᠨ ︽ᠨᠠᠢᠮᠠᠨ ᠭᠤᠯᠳᠤ ᠨᠠᠢᠮᠠᠨ ᠬᠦᠨᠳᠡᠯᠡᠨ︾ ᠲᠦᠷᠭᠡᠨ ᠤ ᠲᠡᠮᠦᠷ ᠵᠠᠮ ᠤᠨ ᠳᠤᠤᠷ ᠤᠨ ᠲᠦᠯᠦᠪᠵᠢᠭᠦᠯᠭᠡ ᠶᠢᠨ ᠴᠢᠬᠤᠯᠠ ᠪᠦᠷᠢᠯᠳᠦᠬᠦᠨ ᠬᠡᠰᠡᠭ᠂ ᠤᠮᠠᠷᠠᠲᠤ ᠲᠠᠯ᠎ᠠ ᠨᠢ ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠤᠨ ᠤᠯᠠᠭᠠᠨᠴᠠᠪ ᠦᠷᠳᠡᠭᠡ ᠠᠴᠠ ᠡᠬᠢᠯᠡᠵᠦ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠹᠧᠩᠵᠧᠨ᠂ ᠳ᠋ᠠᠲ᠋ᠦ᠋ᠩ᠂ ᠰᠦᠧᠧᠵᠧᠦ ᠬᠤᠲᠠ ᠪᠠᠷ ᠳᠠᠭᠠᠷᠢᠨ᠂ ᠤᠷᠤᠬᠰᠢ ᠰᠢᠨᠵᠧᠦ ᠬᠤᠲᠠ ᠳᠤ ᠨᠡᠪᠳᠡᠷᠡᠬᠦ ᠶᠢᠨ ᠬᠠᠮᠳᠤ ᠳ᠋ᠠᠲ᠋ᠦ᠋ᠩ — ᠰᠢ ᠠᠨ ᠠᠶᠠᠨᠴᠢᠳ ᠤᠨ ᠳᠤᠰᠬᠠᠢ ᠱᠤᠭᠤᠮ ᠢᠶᠠᠷ ᠲᠠᠮᠵᠢᠨ ᠳᠠᠶᠢᠶᠤᠧᠠᠨ ᠬᠤᠲᠠ ᠲᠠᠢ ᠨᠡᠪᠳᠡᠷᠡᠯᠴᠡᠨ᠎ᠡ᠃ ᠳᠤᠰ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠶᠢ 339.3 ᠳ᠋ᠦᠩᠰᠢᠭᠤᠷ ᠲᠦᠭᠦᠷᠢᠭ ᠢᠶᠠᠷ ᠲᠦᠰᠦᠪᠯᠡᠵᠦ᠂ ᠪᠦᠬᠦ ᠤᠷᠳᠤ ᠨᠢ 269.6 ᠺᠢᠯᠦᠮᠧᠳ᠋ᠷ᠂ ᠪᠦᠬᠦ ᠱᠤᠭᠤᠮ ᠤᠨ ᠪᠠᠷᠢᠯᠭ᠎ᠠ ᠶᠢᠨ ᠠᠵᠢᠯ ᠤᠨ ᠬᠤᠭᠤᠴᠠᠭ᠎ᠠ ᠨᠢ 4.5 ᠵᠢᠯ ᠪᠤᠯᠤᠨ᠎ᠠ᠂ ᠪᠦᠬᠦ ᠱᠤᠭᠤᠮ ᠲᠡᠭᠡᠷ᠎ᠡ ᠤᠯᠠᠭᠠᠨᠴᠠᠪ᠂ ᠹᠧᠩᠵᠧᠨ ᠤ ᠪᠠᠷᠠᠭᠤᠨ ᠦᠷᠳᠡᠭᠡ᠂ ᠳ᠋ᠠᠲ᠋ᠦ᠋ᠩ ᠤᠨ ᠡᠮᠦᠨᠡᠲᠦ ᠦᠷᠳᠡᠭᠡ᠂ ᠬᠤᠧᠠᠢ ᠷᠧᠨ ᠤ ᠵᠡᠭᠦᠨ ᠦᠷᠳᠡᠭᠡ᠂ ᠶᠢᠩ ᠰᠢᠶᠠᠨ ᠤ ᠪᠠᠷᠠᠭᠤᠨ ᠦᠷᠳᠡᠭᠡ᠂ ᠱᠠᠨ ᠶᠢᠨ ᠤ ᠡᠮᠦᠨᠡᠲᠦ ᠦᠷᠳᠡᠭᠡ᠂ ᠰᠦᠧᠧᠵᠧᠦ ᠶᠢᠨ ᠵᠡᠭᠦᠨ ᠦᠷᠳᠡᠭᠡ᠂ ᠳ᠋ᠠᠢ ᠰᠢᠶᠠᠨ ᠤ ᠪᠠᠷᠠᠭᠤᠨ ᠦᠷᠳᠡᠭᠡ ᠬᠡᠬᠦ 8 ᠦᠷᠳᠡᠭᠡ ᠲᠠᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠡᠭᠦᠰᠴᠦ ᠲᠡᠷᠭᠡ ᠨᠡᠪᠳᠡᠷᠡᠭᠰᠡᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠠᠴᠠ ᠱᠠᠨ ᠰᠢ ᠳᠤ ᠨᠡᠪᠳᠡᠷᠡᠬᠦ ᠲᠦᠷᠭᠡᠨ ᠤ ᠠᠶᠠᠨᠴᠢᠳ ᠤᠨ ᠵᠦᠭᠡᠭᠡᠪᠦᠷᠢ ᠶᠢᠨ ᠨᠡᠪᠳᠡᠷᠡᠯᠴᠡᠭᠡ ᠶᠢ ᠪᠠᠶᠠᠯᠠᠭᠦᠯᠬᠦ ᠶᠢᠨ ᠬᠠᠮᠳᠤ ᠳᠠᠶᠢᠶᠤᠧᠠᠨ᠂ ᠵᠧᠩᠵᠧᠦ᠂ ᠰᠢ ᠠᠨ ᠵᠡᠷᠭᠡ ᠲᠡᠮᠦᠷ ᠵᠠᠮ ᠤᠨ ᠵᠠᠩᠭᠢᠯᠠᠭ᠎ᠠ ᠪᠠᠷ ᠲᠠᠮᠵᠢᠨ ᠬᠦᠬᠡᠮᠦ᠋ᠷᠡᠨ ᠤ ᠭᠤᠷᠪᠠᠯᠵᠢᠨ ᠬᠤᠶᠢᠬ᠂ ᠵᠦᠵᠢᠶᠠᠩ ᠮᠦᠷᠡᠨ ᠤ ᠭᠤᠷᠪᠠᠯᠵᠢᠨ ᠬᠤᠶᠢᠬ ᠪᠠ ᠪᠠᠷᠠᠭᠤᠨ ᠡᠮᠦᠨᠡᠲᠦ ᠤᠷᠤᠨ ᠳᠤ ᠰᠢᠭᠤᠳ ᠨᠡᠪᠳᠡᠷᠡᠵᠦ᠂ ᠦᠪᠡᠷᠳᠡᠭᠡᠨ ᠵᠠᠰᠠᠬᠤ ᠤᠷᠤᠨ ᠢ ᠪᠦᠬᠦ ᠤᠯᠤᠰ ᠤᠨ ᠲᠦᠷᠭᠡᠨ ᠤ ᠳᠡᠮᠦᠷ ᠵᠠᠮ ᠤᠨ ᠳᠤᠤᠷ ᠲᠤ ᠦᠨᠡᠨ ᠬᠦ ᠠᠭᠤᠰᠤᠯᠴᠠᠭᠤᠯᠵᠤ᠂ ᠱᠤᠭᠤᠮ ᠳᠠᠭᠠᠤ ᠤᠯᠠᠨ ᠲᠦᠮᠡᠨ ᠤ ᠶᠠᠪᠤᠵᠤ ᠪᠠᠭᠤᠬᠤ ᠳᠤ ᠶᠡᠬᠡᠬᠡᠨ ᠲᠦᠭᠦᠮ ᠦᠵᠡᠭᠦᠯᠦᠨ᠂ ᠡᠭᠦᠨ ᠤ ᠵᠡᠷᠭᠡᠪᠡᠷ ᠬᠦᠬᠡᠬᠤᠲᠠ ᠪᠤᠭᠤᠳᠤ ᠤᠷᠳᠤᠰ ᠳᠡᠮᠡᠭᠡᠲᠦ ᠬᠤᠲᠠ ᠶᠢᠨ ᠪᠦᠯᠦᠭᠯᠡᠯ ᠬᠢᠭᠡᠳ ᠲᠠᠶᠢᠶᠤᠧᠠᠨ ᠬᠤᠲᠠ ᠶᠢᠨ ᠪᠦᠯᠦᠭᠯᠡᠯ᠂ ᠦᠪᠦᠷ ᠮᠤᠩᠭᠤᠯ ᠱᠠᠨ ᠰᠢ ᠾᠧᠪᠧᠢ ᠤᠷᠳᠤ ᠴᠠᠭᠠᠨ ᠬᠡᠷᠡᠮ ᠤᠨ ᠭᠤᠷᠪᠠᠯᠵᠢᠨ ᠬᠤᠶᠢᠬ ᠤᠨ ᠬᠠᠮᠳᠤᠷᠠᠯᠴᠠᠭᠠᠨ ᠤ ᠤᠷᠤᠨ ᠤ ᠰᠤᠯᠢᠯᠴᠠᠭ᠎ᠠ ᠪᠠ ᠠᠭᠤᠰᠤᠯᠴᠠᠨ ᠬᠦᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠮᠦᠨᠴᠦ ᠦᠪᠡᠷᠳᠡᠭᠡᠨ ᠵᠠᠰᠠᠬᠤ ᠤᠷᠤᠨ ᠤ ᠠᠵᠤ ᠦᠢᠯᠡᠰ ᠤᠨ ᠳᠠᠪᠠᠭᠤᠯᠢᠬ ᠲᠠᠭᠠᠨ ᠲᠦᠰᠢᠭᠯᠡᠨ᠂ ᠠᠵᠤ ᠠᠬᠤᠢ ᠬᠦᠭᠵᠢᠭᠰᠡᠨ ᠭᠠᠵᠠᠷ ᠤᠷᠤᠨ ᠯᠤᠭ᠎ᠠ ᠶᠢᠨ ᠰᠤᠯᠢᠯᠴᠠᠭ᠎ᠠ ᠪᠠᠨ ᠴᠢᠩᠭᠠᠳᠬᠠᠬᠤ᠂ ᠭᠠᠳᠠᠬᠰᠢ ᠨᠡᠭᠡᠭᠡᠯᠲᠡ ᠪᠠᠨ ᠤᠯᠠᠮ ᠨᠢᠭᠡ ᠠᠯᠬᠤᠮ ᠦᠷᠭᠡᠳᠬᠡᠬᠦ᠂ ︽ᠨᠢᠭᠡ ᠪᠦᠰᠡ ᠨᠢᠭᠡ ᠵᠠᠮ︾ ︽ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠭᠦᠯᠬᠦ︾ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠪᠠᠳᠤᠯᠠᠬᠤ ᠳᠤ ᠪᠠᠳᠤ ᠪᠠᠬᠢ ᠰᠠᠭᠤᠷᠢ ᠲᠠᠯᠪᠢᠬᠤ ᠪᠤᠯᠤᠨ᠎ᠠ᠃  
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2