ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/9/29
        ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ ᠤᠨ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︿ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ  ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾᠎ ᠢ ᠦᠨᠳᠦᠰᠦᠯᠡᠨ᠂ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 2019 ᠣᠨ ᠤ 3 ᠰᠠᠷ᠎ᠠ ᠳᠤ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃            ᠭᠤᠣᠯ ᠡᠭᠦᠷᠭᠡ ᠬᠠᠷᠢᠭᠤᠴᠠᠯᠭ᠎ᠠ ᠪᠣᠯ᠄         ︵ᠨᠢᠭᠡ︶ ᠪᠦᠬᠦ  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠤᠨ ᠠᠶᠤᠯ ᠦᠭᠡᠶ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ  ᠪᠠᠭᠠᠰᠬᠠᠵᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠬᠤ ᠬᠡᠷᠡᠭᠲᠡᠶ᠃ ᠠᠶᠤᠯ ᠦᠭᠡᠢ ᠦᠶᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠶᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃         ︵ᠬᠤᠶᠠᠷ︶ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯ  ᠦᠭᠡᠢ ᠦᠶᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠦᠯᠦᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ ᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ  ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠢᠨᠢᠩ ᠲᠣᠭᠤᠷᠢᠭ ᠤᠨ ᠬᠠᠮᠢᠶ᠎ᠠ ᠪᠥᠬᠦᠶ ᠵᠢᠷᠤᠮᠵᠢᠯ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃           ︵ᠭᠤᠷᠪᠠ︶ ᠪᠦᠬᠦ  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ  ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠠᠳᠡᠯ ᠤᠨ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ᠪᠣᠯᠤᠨ ᠠᠶᠤᠯ ᠦᠭᠡᠶ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ  ᠲᠤᠰᠬᠠᠢ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃          ︵ ᠳᠦᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠵᠣᠬᠢᠶᠠᠨ ᠪᠠᠶᠢᠭᠤᠯᠤᠨ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ  ᠪᠠᠶᠢᠳᠠᠯ  ᠢ ᠮᠡᠳᠡᠭᠦᠯᠬᠦ ᠳᠦᠷᠢᠮ  ᠢ ᠪᠠᠶᠢᠭᠤᠯᠵᠤ ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ  ᠬᠠᠮᠲᠤ ᠪᠠᠷ ᠡᠳ᠋ᠯᠡᠬᠦ  ᠲᠤᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃           ︵ᠲᠠᠪᠤ︶ ᠵᠢᠨᠢᠩ ᠲᠣᠭᠤᠷᠢᠭ ᠤᠨ ᠠᠶᠤᠯ ᠦᠭᠡᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ  ᠲᠦᠷᠦᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ  ᠂ ᠵᠢᠨᠢᠩ ᠲᠣᠭᠤᠷᠢᠭ ᠤᠨ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠡᠭᠦᠰᠬᠦ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ  ᠬᠤᠷᠢᠶ᠎ᠠ  ᠂ ᠵᠠᠰᠠᠭ ᠤᠨ ᠣᠷᠳᠣᠨ ᠪᠣᠯᠤᠨ  ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃       ︵ᠵᠢᠷᠭᠤᠭ᠎ᠠ︶ ᠡᠷᠬᠡ ᠶᠢᠨ ᠬᠡᠪᠴᠢᠶ᠎ᠡ ᠶᠣᠰᠣᠭᠠᠷ ᠵᠢᠨᠢᠩ ᠲᠣᠭᠤᠷᠢᠭ ᠤᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠦᠬᠦ  ᠲᠤᠭᠤᠷᠢᠭ ᠤᠨ  ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠦ᠂ ᠵᠢᠯᠣᠭᠤᠳᠬᠤ ᠲᠠᠪᠴᠠᠩ ᠤᠨ ᠵᠣᠯᠭᠠᠭᠤᠯᠤᠯᠲᠠ ᠶᠢ ᠠᠬᠢᠭᠤᠯᠤᠨ᠂ ᠭᠠᠯ ᠤᠨᠲᠠᠷᠠᠭᠠᠬᠤ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠯᠭᠠᠭᠤᠯᠤᠨ ᠮᠠᠨ ᠤ ᠣᠷᠣᠨ ᠤ ᠪᠠᠴᠢᠮ ᠪᠠᠶᠢᠳ ᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠬᠤ ᠬᠡᠷᠡᠭᠲᠡᠶ᠃ ᠪᠦᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠲᠦᠯᠲᠡᠢ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠶᠣᠰᠣᠭᠠᠷ ᠭᠠᠯ ᠤᠨᠲᠠᠷᠠᠭᠠᠬᠤ᠂ ᠣᠢ ᠰᠢᠭᠤᠶ ᠪᠣᠯᠤᠨ ᠨᠤᠲᠤᠭ  ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠣᠯᠤᠨ ᠭᠠᠵᠠᠷ ᠤᠨ ᠭᠠᠮᠰᠢᠭ ᠢ ᠠᠪᠤᠷᠠᠨ ᠲᠤᠰᠠᠯᠠᠬᠤ᠂ ᠦᠶᠯᠡᠳᠪᠦᠷᠢᠯᠡᠯ ᠤᠨ ᠠᠶᠤᠯ ᠦᠭᠡᠢ ᠶᠢᠨ ᠠᠳᠡᠯ ᠤᠨ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ  ᠵᠤᠬᠢᠶᠠᠨ ᠪᠠᠶᠢᠭᠤᠯᠤᠨ ᠵᠢᠯᠣᠭᠤᠳᠴᠤ᠂ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃         ︵ᠳᠣᠯᠤᠭ᠎ᠠ︶ ᠡᠷᠬᠡ ᠮᠡᠳᠡᠯ ᠤᠨ ᠶᠣᠰᠣᠭᠠᠷ ᠵᠢᠨᠢᠩ ᠲᠣᠭᠤᠷᠢᠭ ᠤᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠲᠦᠢᠮᠡᠷ ᠢ ᠤᠨᠲᠠᠷᠠᠭᠠᠬᠤ ᠵᠡᠷᠭᠡ ᠠᠵᠢᠯ ᠢ ᠵᠤᠬᠢᠴᠠᠭᠤᠯᠤᠨ ᠵᠢᠯᠣᠭᠤᠳᠤᠨ᠎ᠠ᠃         ︵ᠨᠠᠢᠮᠠ︶ ᠵᠢᠨᠢᠩ ᠲᠤᠭᠤᠷᠢᠭ ᠤᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ᠂ ᠤᠰᠤ ᠭᠠᠩ ᠤᠨ  ᠭᠠᠮᠰᠢᠭ ᠪᠣᠯᠤᠨ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠦᠬᠦ ᠲᠤᠭᠤᠷᠢᠭ ᠤᠨ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ  ᠬᠠᠷᠢᠭᠤᠴᠠᠨ᠎ᠠ᠃           ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠵᠤ ᠲᠤᠰᠠᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠥᠪ ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠲᠣᠭᠤᠷᠢᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠯᠡᠬᠦ ᠬᠡᠷᠡᠭᠲᠡᠶ᠃        ︵ᠠᠷᠪᠠ︶ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ  ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯ ᠦᠭᠡᠢ ᠦᠶᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠢ ᠦᠶᠯᠡᠳᠪᠦᠷᠢᠯᠡᠯ ᠤᠨ ᠪᠠᠶᠢᠴᠠᠭᠠᠯᠲᠠ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃          ︵ᠠᠷᠪᠠᠨ ᠨᠢᠭᠡ  ︶ ᠱᠠᠲᠤ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠶᠣᠰᠣᠭᠠᠷ᠂ ᠦᠶᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠶᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ  ᠢ ᠬᠢᠨᠠᠨ ᠵᠢᠯᠤᠭᠤᠳᠤᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2