ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ  ᠴᠡᠷᠢᠭ ᠤᠨ ᠶᠠᠪᠤᠳᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2020/9/29
          ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ A5 ᠳ᠋ᠤᠭᠠᠷ ᠠᠰᠠᠷ ᠤᠨ 4 ᠳ᠋ᠦ᠋ᠭᠡᠷ ᠳᠡᠭᠲᠡᠷ ᠲᠤ  ᠪᠠᠶᠢᠷᠢᠯᠡᠵᠦ ᠪᠤᠢ᠃ ᠠᠵᠢᠯᠯᠠᠬᠤ ᠲᠠᠯᠠᠪᠠᠶ ᠨᠢ 210 ᠲᠡᠭᠰᠢ ᠳᠥᠷᠪᠡᠯᠵᠢᠨ ᠮᠧᠲᠷ ᠪᠠᠶᠢᠵᠤ᠂ 8 ᠵᠠᠰᠠᠭ ᠵᠠᠬᠢᠷᠭᠠᠨ ᠤ ᠣᠷᠣᠨ ᠲᠤᠭ᠎ᠠ᠂ 1 ᠲᠣᠪᠴᠢᠶᠠᠨ ᠳᠠᠷᠤᠭ᠎ᠠ᠂ 2 ᠳᠡᠳ᠋ ᠳᠠᠷᠤᠭ᠎ᠠ᠂ 5 ᠲᠠᠰᠤᠭ ᠤᠨ ᠬᠠᠷᠢᠭᠤᠴᠠᠯᠭᠠᠲᠠᠨ ᠲᠠᠢ᠃ ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ  ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠪᠦᠬᠦ ᠲᠤᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ  ᠠᠵᠢᠯ ᠢ ᠵᠢᠯᠣᠭᠤᠳᠬᠤ ᠶᠢ ᠬᠠᠷᠢᠭᠤᠴᠠᠨ᠎ᠠ᠃ ᠭᠤᠤᠯᠳᠠᠭᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠵᠤ ᠦᠶᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠬᠠᠷᠠᠭᠠᠯᠵᠠᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠴᠡᠷᠢᠭ ᠤᠨ ᠠᠯᠪᠠᠨ ᠠᠴᠠ  ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃           ᠣᠲᠣ ᠪᠣᠯᠲᠠᠯ᠎ᠠ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠨᠡᠶᠢᠲᠡ 12571 ᠬᠥᠮᠦᠨ ᠢ ᠳᠡᠩᠰᠡᠯᠡᠵᠦ ᠪᠠᠶᠢᠨ᠎ᠠ᠃ ᠡᠭᠦᠨ ᠳᠤ ᠴᠡᠷᠢᠭ ᠠᠴᠠ ᠬᠠᠯᠠᠭᠳᠠᠭᠰᠠᠨ ᠺᠠᠳ᠋ᠷ 1065 ᠬᠥᠮᠦᠨ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ 10527 ᠬᠥᠮᠦᠨ᠂ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠺᠠᠳ᠋ᠷ ᠪᠠ ᠪᠠᠭ᠎ᠠ ᠣᠹᠢᠼᠧᠷ 53 ᠬᠥᠮᠦᠨ᠂  ᠴᠡᠷᠢᠭ  ᠤᠨ ᠬᠠᠷᠢᠶ᠎ᠠ ᠥᠬᠡᠶ ᠠᠵᠢᠯ ᠠᠴᠠ ᠪᠠᠨ ᠠᠮᠠᠷᠠᠭᠰᠠᠨ ᠠᠵᠢᠯᠲᠠᠨ 50 ᠬᠥᠮᠦᠨ᠂ ᠵᠡᠮᠳᠡᠭ ᠴᠡᠷᠢᠭ 154 ᠬᠥᠮᠦᠨ᠂ ᠵᠡᠮᠳᠡᠭ ᠡᠷᠦᠬᠡ ᠶᠢᠨ ᠴᠡᠷᠢᠭ 1 ᠬᠥᠮᠦᠨ᠂ ᠦᠷᠡᠭᠳᠡᠭᠰᠡᠨ ᠪᠠᠭᠠᠲᠤᠷ ᠤᠨ ᠭᠡᠷ ᠪᠦᠯᠢ 41 ᠬᠥᠮᠦᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ 41 ᠬᠥᠮᠦᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ 24 ᠬᠥᠮᠦᠨ᠂ ᠵᠢᠩᠬᠢᠨᠢ ᠠᠯᠪᠠᠨ ᠤ ᠴᠡᠷᠢᠭ ᠤᠨ ᠭᠡᠷ ᠪᠦᠯᠢ 433 ᠬᠥᠮᠦᠨ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ 648 ᠬᠥᠮᠦᠨ ᠪᠠᠶᠢᠨ᠎ᠠ᠃ ᠨᠠᠮ ᠤᠨ ᠭᠡᠰᠢᠭᠦᠨ 7437 ᠬᠥᠮᠦᠨ᠃ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠱᠠᠲᠤᠨ ᠤ  ᠠᠩᠬ᠎ᠠ ᠬᠢᠨᠠᠬᠤ ᠠᠵᠢᠯ ᠢ  ᠪᠡᠶᠡᠯᠡᠭᠦᠯᠪᠡ᠃          2018 ᠤᠨ᠂ 2017 ᠣᠨ ᠳᠤ ᠴᠡᠷᠢᠭ ᠠᠴᠠ ᠬᠠᠯᠠᠭᠳᠠᠭᠰᠠᠨ ᠤᠶᠤᠲᠠᠳ ᠢ 19 ᠨᠡᠷᠡᠰ ︵2017 ᠣᠨ ᠳᠤ ᠴᠡᠷᠢᠭ ᠠᠴᠠ ᠬᠠᠯᠠᠭᠳᠠᠭᠰᠠᠨ︶᠂ ᠪᠦᠬᠦᠨ ᠢ ᠠᠵᠢᠯ ᠦᠶᠯᠡᠰ ᠤᠨ ᠨᠢᠭᠡᠴᠡ ᠳᠤ ᠳᠣᠭᠢᠷᠠᠭᠤᠯᠪᠠ  ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠲᠥᠪᠯᠡᠷᠡᠭᠦᠯᠦᠨ ᠲᠤᠰᠢᠶᠠᠭᠰᠠᠨ ᠠᠵᠢᠯ ᠠᠴᠠ  ᠰᠢᠯᠵᠢᠭᠰᠡᠨ ᠪᠠᠭ᠎ᠠ ᠣᠹᠢᠼᠧᠷ᠂ ᠬᠠᠯᠠᠭᠳᠠᠭᠰᠠᠨ ᠪᠠᠭ᠎ᠠ ᠣᠹᠢᠼᠧᠷ 1 ᠬᠥᠮᠦᠨ ᠢ ᠬᠦᠯᠢᠶᠡᠨ ᠠᠪᠴᠤ᠂  ᠳᠡᠭᠡᠳᠦ ᠱᠠᠲᠤᠨ ᠤ ᠲᠣᠭᠲᠠᠭᠠᠭᠰᠠᠨ ᠴᠠᠭ ᠤᠨ ᠵᠠᠩᠭᠢᠯᠠᠭ᠎ᠠ ᠶᠢᠨ ᠴᠠᠭ ᠤᠨ ᠶᠣᠰᠣᠭᠠᠷ᠂ ᠡᠳᠦᠭᠡ ᠨᠢᠭᠡᠨᠲᠡ ᠲᠣᠭᠤᠷᠢᠭ  ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠩᠭᠢ ᠶᠢ ᠳᠠᠭᠠᠭᠤᠯᠤᠨ ᠪᠠᠶᠢᠭᠤᠯᠤᠨ ᠲᠦᠪᠬᠢᠨᠡᠭᠦᠯᠪᠡ᠃ 2017  ᠤᠨ ᠤ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠲᠤ ᠣᠷᠣᠨ ᠨᠤᠲᠤᠭ ᠤᠨ ᠠᠵᠤ ᠠᠬᠤᠢ ᠶᠢᠨ ᠨᠥᠬᠦᠪᠥᠷᠢ 61 ᠬᠥᠮᠦᠨ ᠣᠯᠭᠤᠵᠤ᠂ ᠪᠠᠷᠢᠮᠵᠢᠶ᠎ᠠ ᠨᠢ 30877 ᠲᠥᠭᠦᠷᠢᠭ \ ᠵᠢᠯ / ᠬᠥᠮᠦᠨ᠂ ᠨᠡᠶᠢᠲᠡ 386 ᠲᠦᠮᠡᠨ ᠲᠥᠭᠦᠷᠢᠭ ᠲᠠᠷᠬᠠᠭᠠᠪᠠ᠃ ᠨᠡᠶᠢᠲᠡ 50 ᠴᠡᠷᠢᠭ ᠤᠨ ᠠᠯᠪᠠᠨ ᠠᠴᠠ ᠪᠠᠭᠤᠭᠰᠠᠳ ᠠᠵᠢᠯ ᠣᠯᠭᠤᠬᠤ ᠪᠣᠯᠪᠠᠰᠤᠷᠠᠯ ᠳᠤ ᠣᠷᠣᠯᠴᠠᠪᠠ᠂ ᠡᠭᠦᠨ ᠳᠤ᠂ 24 ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ ᠰᠤᠷᠤᠯᠭ᠎ᠠ ᠶᠢᠨ ᠨᠠᠮᠲᠠᠷ ᠤᠨ ᠪᠣᠯᠪᠠᠰᠤᠷᠠᠯ ᠳᠤ ᠣᠷᠣᠯᠴᠠᠵᠤ᠂ 26 ᠪᠠᠶᠢᠯᠳᠤᠭᠴᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠪᠠ᠃ ᠥᠩᠭᠡᠷᠡᠭᠰᠡᠨ ᠵᠢᠯ ᠳᠤ 4 ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠥᠪᠡᠰᠦᠪᠡᠨ ᠠᠵᠢᠯ ᠡᠷᠢᠬᠦ ᠶᠢ  ᠰᠤᠩᠭᠤᠵᠦ᠂ ᠥᠪᠡᠷ ᠲᠡᠭᠡᠨ ᠠᠵᠢᠯ ᠡᠷᠢᠬᠦ ᠨᠥᠬᠦᠪᠥᠷᠢ ᠮᠥᠩᠭᠦ ᠶᠢ 15.16 ᠲᠦᠮᠡᠨ ᠲᠥᠭᠦᠷᠢᠭ ᠲᠠᠷᠬᠠᠭᠠᠵᠠᠶ᠃ 2019  ᠤᠨ᠂ 2017 ᠣᠨ ᠳᠤ ᠴᠡᠷᠢᠭ ᠲᠤ ᠣᠷᠣᠵᠤ᠂ ᠵᠢᠨᠢᠩ ᠳᠤ ᠨᠤᠲᠤᠭ ᠲᠠᠢ ᠠᠯᠪᠠᠨ ᠵᠢᠷᠤᠮ ᠤᠨ ᠴᠡᠷᠢᠭ ᠤᠨ ᠬᠤᠶᠠᠳᠤᠭᠠᠷ ᠵᠢᠯ ᠤᠨ ᠬᠠᠷᠠᠭᠠᠯᠵᠠᠯ ᠤᠨ ᠮᠥᠩᠭᠦ 121 ᠬᠥᠮᠦᠨ ᠲᠠᠷᠬᠠᠭᠠᠵᠤ᠂ ᠪᠠᠷᠢᠮᠵᠢᠶ᠎ᠠ ᠨᠢ 20202 ᠲᠥᠭᠦᠷᠢᠭ \ ᠬᠥᠮᠦᠨ ︵ᠡᠭᠦᠨ  ᠤ ᠳᠣᠲᠣᠷ᠎ᠠ ᠰᠢᠨᠵᠢᠶᠠᠩ ᠂ ᠲᠥᠪᠡᠳ ᠠᠴᠠ ᠴᠡᠷᠢᠭ ᠠᠴᠠ ᠬᠠᠯᠠᠭᠳᠠᠭᠰᠠᠨ  ᠪᠠᠶᠢᠯᠳᠤᠭᠴᠢ 13 ᠬᠥᠮᠦᠨ᠂ ᠪᠠᠷᠢᠮᠵᠢᠶ᠎ᠠ ᠶᠣᠰᠣᠭᠠᠷ 3 ᠳᠠᠬᠢᠨ ᠢᠶᠠᠷ ᠲᠠᠷᠬᠠᠭᠠᠨ᠎ᠠ︶᠂ ᠨᠡᠶᠢᠲᠡ 301 ᠲᠦᠮᠡᠨ ᠲᠥᠭᠦᠷᠢᠭ ᠲᠠᠷᠬᠠᠭᠠᠪᠠ᠃ 2018 ᠣᠨ ᠳᠤ ᠴᠡᠷᠢᠭ ᠲᠤ ᠣᠷᠣᠭᠰᠠᠨ ᠵᠢᠨᠢᠩ ᠤᠨ ᠬᠠᠷᠢᠶᠠᠲᠤ ᠠᠯᠪᠠᠨ ᠵᠢᠷᠤᠮ ᠤᠨ ᠴᠡᠷᠢᠭ ᠤᠨ ᠨᠢᠭᠡᠳᠦᠭᠡᠷ ᠵᠢᠯ ᠤᠨ ᠬᠠᠷᠠᠭᠠᠯᠵᠠᠯ ᠤᠨ ᠮᠥᠩᠭᠦ 121 ᠬᠥᠮᠦᠨ ᠢ ᠲᠠᠷᠬᠠᠭᠠᠵᠤ᠂ ᠪᠠᠷᠢᠮᠵᠢᠶ᠎ᠠ ᠨᠢ 22211 ᠲᠥᠭᠦᠷᠢᠭ / ᠬᠥᠮᠦᠨ᠂ ᠨᠡᠶᠢᠲᠡ 269 ᠲᠦᠮᠡᠨ ᠲᠥᠭᠦᠷᠢᠭ ᠲᠠᠷᠬᠠᠭᠠᠪᠠ᠃           2018 ᠣᠨ ᠤ ᠴᠠᠭᠠᠨ ᠰᠠᠷ᠎ᠠ᠂  ᠬᠠᠷᠢᠶᠠᠲᠤ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠵᠢᠨᠢᠩ ᠲᠣᠭᠤᠷᠢᠭ ᠲᠤ ᠰᠠᠭᠤᠭ᠎ᠠ  ᠴᠡᠷᠢᠭ  ᠠᠩᠭᠢ᠂ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠢ ᠲᠣᠬᠤᠨᠢᠭᠤᠯᠵᠤ᠂ ᠲᠣᠬᠤᠨᠢᠭᠤᠯᠬᠤ ᠮᠥᠩᠭᠦ᠂ ᠲᠣᠬᠤᠨᠢᠭᠤᠯᠬᠤ ᠡᠳ᠋ ᠨᠡᠶᠢᠲᠡ 15 ᠲᠦᠮᠡ ᠭᠠᠷᠤᠶ ᠲᠥᠭᠦᠷᠢᠭ ᠲᠠᠷᠬᠠᠭᠠᠵᠠᠶ᠃ 2018 ᠣᠨ ᠳᠤ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ︵ᠴᠡᠷᠢᠭ ᠠᠴᠠ ᠬᠠᠯᠠᠭᠳᠠᠭᠰᠠᠨ ᠠᠬᠠᠮᠠᠳ  ᠴᠡᠷᠢᠭ᠂ ᠡᠪᠡᠳᠴᠢᠨ  ᠢᠶᠠᠷ ᠨᠤᠲᠤᠭ ᠲᠠᠭᠠᠨ ᠪᠤᠴᠠᠭᠰᠠᠨ ᠴᠡᠷᠢᠭ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ᠂ ᠭᠤᠷᠪᠠᠨ ᠬᠡᠷ ᠪᠦᠯᠢ ᠵᠡᠷᠭᠡ︶ ᠤᠨ ᠵᠡᠮᠳᠡᠭᠴᠦᠳ ᠤᠨ ᠠᠰᠠᠷᠠᠮᠵᠢ ᠶᠢᠨ ᠮᠥᠩᠭᠦ ᠪᠠ ᠲᠣᠭᠲᠠᠮᠠᠯ ᠬᠤᠭᠤᠴᠠᠭ᠎ᠠ ᠲᠠᠢ ᠨᠥᠬᠦᠪᠥᠷᠢ ᠮᠥᠩᠭᠦ 1106 ᠲᠦᠮᠡᠨ ᠲᠥᠭᠦᠷᠢᠭ ᠲᠠᠷᠬᠠᠭᠠᠪᠠ᠃ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠡᠲᠡᠭᠡᠳ ᠤᠨ ᠡᠮ ᠡᠮᠨᠡᠯᠭᠡ ᠶᠢᠨ ᠨᠥᠬᠦᠪᠥᠷᠢ ᠶᠢ 80 ᠲᠦᠮᠡᠨ ᠲᠥᠭᠦᠷᠢᠭ ᠳᠠᠩᠰᠠᠨ ᠠᠴᠠ ᠲᠠᠶᠢᠯᠵᠤ᠂ ᠠᠮᠢᠳᠤᠷᠠᠯ ᠨᠢ ᠬᠦᠴᠢᠷᠳᠡᠯᠲᠡᠶ 30 ᠬᠥᠮᠦᠨ ︵ᠤᠳᠠᠭ᠎ᠠ︶ 5 ᠲᠦᠮᠡ ᠭᠠᠷᠤᠶ ᠲᠥᠭᠦᠷᠢᠭ ᠲᠦᠷ ᠴᠠᠭ ᠠᠪᠤᠷᠠᠨ ᠲᠤᠰᠠᠯᠠᠪᠠ᠃ 2019 ᠣᠨ ᠤ ︽8 · 1︾ ᠤ ᠬᠤᠭᠤᠴᠠᠭᠠᠨ ᠳᠤ᠂  ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢ ᠳᠠᠭᠠᠵᠤ᠂ ᠵᠢᠨᠢᠩ ᠲᠣᠭᠤᠷᠢᠭ ᠲᠤ ᠰᠠᠭᠤᠭ᠎ᠠ ᠴᠡᠷᠢᠭ ᠠᠩᠭᠢ ᠪᠠ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠢ  ᠲᠤᠬᠤᠨᠢᠭᠤᠯᠵᠦ᠂ ᠲᠣᠬᠤᠨᠢᠭᠤᠯᠬᠤ ᠮᠥᠩᠭᠦ᠂ ᠲᠣᠬᠤᠨᠢᠭᠤᠯᠬᠤ ᠪᠣᠳᠠᠰ ᠵᠡᠷᠭᠡ ᠨᠡᠶᠢᠲᠡ 35 ᠲᠦᠮᠡ ᠭᠠᠷᠤᠢ ᠲᠥᠭᠦᠷᠢᠭ  ᠲᠠᠷᠬᠠᠭᠠᠪᠠ᠃          ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠦᠢᠯᠡᠴᠢᠯᠡᠭᠡ ᠶᠢ ᠪᠠᠷᠢᠮᠲᠠᠯᠠᠬᠤ ᠪᠠᠷ ᠵᠣᠷᠢᠯᠲᠠ ᠪᠣᠯᠭᠠᠵᠠᠶ᠃ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ  ᠬᠠᠷᠠᠭᠠᠯᠵᠠᠬᠤ ᠡᠲᠡᠭᠡᠳ ᠲᠤ ᠦᠶᠯᠡᠴᠢᠯᠡᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭᠠᠨ ᠤ ᠬᠡᠪ ᠨᠠᠮᠪᠠ ᠪᠠᠷ ᠤᠳᠤᠷᠢᠳᠤᠮᠵᠢ ᠪᠣᠯᠭᠠᠵᠤ᠂ ᠴᠡᠷᠢᠭ ᠤᠨ ᠠᠯᠪᠠᠨ ᠠᠴᠠ ᠪᠠᠭᠤᠬᠤ ᠶᠠᠪᠤᠳᠠᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2