ᠡᠯᠡᠰᠦ ᠶᠢ ᠵᠠᠰᠠᠬᠤ ᠳᠤ ᠡᠪ ᠣᠬᠠᠭᠠᠨ ᠬᠡᠷᠡᠭᠲᠡᠢ
ᠨᠡᠶᠢᠲᠡᠯᠡᠭᠰᠡᠨ ᠴᠠᠭ᠄
2021/10/13
     ᠡᠯᠡᠰᠦ ᠮᠠᠩᠬ᠎ᠠ ᠶᠢ ᠵᠠᠰᠠᠬᠤ ᠪᠣᠯ ᠠᠮᠢ ᠠᠬᠤᠢ ᠣᠷᠴᠢᠨ ᠲᠣᠭᠤᠷᠢᠨ ᠢᠶᠠᠨ ᠰᠠᠶᠢᠵᠢᠷᠠᠭᠤᠯᠵᠦ᠂ ᠣᠷᠣᠰᠢᠯ ᠲᠣᠬᠲᠠᠨᠢᠯ ᠢᠶᠠᠨ ᠬᠠᠮᠠᠭᠠᠯᠠᠬᠤ ᠲᠠᠶᠢᠯᠠᠯᠲᠣᠭᠠᠨ ᠪᠣᠯᠬᠤ ᠪᠠᠷ ᠪᠠᠷᠠᠬᠤ ᠦᠭᠡᠢ ᠨᠡᠩ ᠢᠯᠠᠩᠭᠤᠶ᠎ᠠ ᠬᠦᠮᠦᠨ ᠲᠦᠷᠦᠯᠬᠢᠲᠡᠨ ᠬᠢᠬᠡᠳ ᠡᠯᠡᠰᠦ ᠮᠠᠩᠬ᠎ᠠ ᠶᠢᠨ ᠬᠤᠭᠤᠷᠣᠨᠲᠦ ᠣᠶᠣᠨ ᠣᠬᠠᠭᠠᠨ ᠢᠶᠠᠨ ᠰᠢᠯᠭᠠᠵᠦ ᠲᠡᠷ ᠲᠠᠮᠢᠷ ᠰᠣᠷᠢᠬᠰᠠᠨ ᠦᠷᠢᠰᠦᠯᠲᠦᠭᠡᠨ ᠪᠣᠯᠬᠤ ᠶᠣᠮ᠃ ᠦᠷᠢᠰᠦᠯᠲᠦᠭᠡᠨ ᠵᠠᠷᠯᠠᠬᠰᠠᠨ ᠪᠣᠯᠬᠤᠷ ᠬᠡᠨ ᠨᠢ ᠢᠯᠡᠪᠡᠯ ᠲᠠᠷᠣᠢ ᠣᠷᠣᠬᠰᠢᠯᠠᠵᠦ ᠦᠪᠡᠷ ᠢ ᠪᠠᠨ ᠦᠷᠭᠡᠳᠭᠡᠨ᠎ᠡ ᠭᠡᠰᠨᠨ ᠦᠭᠡ᠃   ᠡᠯᠡᠰᠦ ᠶᠢ ᠵᠠᠰᠠᠬᠰᠠᠨ ᠲᠣᠷᠰᠢᠯᠭ᠎ᠠ ᠶᠢ ᠦᠬᠦᠯᠡᠬᠦ ᠠᠴᠠ ᠡᠩ ᠲᠡᠷᠢᠬᠦᠨ ᠳᠤ ᠬᠦᠪᠴᠢ ᠶᠢᠨ ᠵᠠᠬᠪᠣᠷ ᠲᠣᠷᠠᠲᠣᠬᠲᠠᠲᠠᠬ᠃ ᠬᠦᠪᠴᠢ ᠶᠢᠨ ᠵᠠᠬᠪᠣᠷ ᠨᠢ ᠵᠠᠬ᠎ᠠ ᠲᠡᠯᠭᠡᠬᠦᠷᠴᠢᠯᠡᠭᠰᠡᠨ᠂ ᠠᠵᠦ ᠦᠢᠯᠡᠰᠴᠢᠯᠡᠭᠰᠡᠨ ᠡᠯᠡᠰᠦ ᠮᠠᠩᠬ᠎ᠠ ᠶᠢ ᠵᠠᠰᠠᠬᠤ ᠠᠷᠭ᠎ᠠ ᠲᠣᠷᠰᠢᠯᠭ᠎ᠠ ᠶᠢ ᠡᠬᠦᠳᠴᠦ᠂ ᠡᠯᠡᠰᠦ ᠶᠢ ᠵᠠᠰᠠᠬᠤ᠂ ᠠᠮᠢ ᠠᠬᠤᠢ ᠪᠠ ᠠᠷᠠᠳ ᠤᠨ ᠠᠮᠢᠲᠣᠷᠠᠯ᠂ ᠠᠵᠦ ᠠᠬᠤᠢ ᠶᠢ ᠲᠡᠩᠴᠡᠬᠦᠷᠢᠰᠢᠬᠦᠯᠦᠨ ᠬᠦᠭᠵᠢᠬᠦᠯᠵᠦ᠂ ᠠᠷᠭ᠎ᠠ ᠬᠡᠮᠵᠢᠶ᠎ᠡ ᠵᠣᠬᠢᠰᠲᠠᠢ ᠪᠣᠯ ᠠᠷᠲᠠᠬ ᠡᠯᠡᠰᠦ ᠶᠢ ᠨᠣᠮᠣᠬᠠᠳᠬᠠᠵᠦ ᠴᠢᠲᠠᠨ᠎ᠠ ᠭᠡᠲᠡᠭ ᠢ ᠪᠦᠷᠢᠨ ᠭᠡᠷᠡᠴᠢᠯᠡᠪᠡ᠃ ᠡᠶᠢᠨ ᠬᠦ ᠬᠡᠳᠦᠨ ᠦᠶ᠎ᠡ ᠶᠢᠨ ᠬᠦᠮᠦᠰ ᠤᠨ ᠬᠠᠲᠠᠭᠤᠵᠢᠯᠲᠠᠢ ᠴᠢᠷᠮᠠᠶᠢᠯᠭ᠎ᠠ ᠪᠠᠷ᠂ ︽ᠠᠮᠢ ᠠᠬᠤᠢ ᠪᠠ ᠠᠵᠦ ᠦᠢᠯᠡᠰ ᠢ ᠣᠶᠠᠯᠲᠣᠭᠤᠯᠣᠬᠰᠠᠨ︾ ︽ᠠᠵᠦ ᠠᠬᠤᠶᠢᠢᠯᠠᠯ ᠤᠨ ᠬᠦᠭᠵᠢᠯᠲᠡ ᠪᠣᠯᠣᠨ ᠠᠮᠢ ᠠᠬᠤᠢ ᠶᠢᠨ ᠵᠠᠰᠠᠯᠲᠠ ᠶᠢ ᠬᠠᠷᠢᠯᠴᠠᠨ ᠣᠶᠠᠯᠲᠣᠭᠤᠯᠣᠬᠰᠠᠨ︾ ︽ᠨᠣᠭᠤᠭᠠᠷᠠᠭᠤᠯᠣᠯᠲᠠ ᠪᠠ ᠪᠠᠶᠠᠵᠢᠯ ᠢ ᠬᠠᠷᠢᠯᠴᠠᠨ ᠣᠶᠠᠯᠲᠣᠭᠤᠯᠣᠬᠰᠠᠨ︾ ᠬᠦᠪᠴᠢ ᠶᠢᠨ ᠵᠠᠬᠪᠣᠷ ᠤᠨ ᠨᠦᠯᠦᠭᠡ ᠪᠠᠷ ᠣᠷᠢᠳ ᠬᠤᠵᠢᠳ 873.3 ᠲᠦᠮᠡᠨ ᠮᠥ ᠡᠯᠡᠰᠦ ᠮᠠᠩᠬ᠎ᠠ ᠶᠢ ᠰᠡᠷᠭᠦᠭᠡᠨ ᠵᠠᠰᠠᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠳᠡᠭᠡᠷ᠎ᠡ ᠵᠠᠭᠤᠨ ᠤ ᠨᠠᠶᠠᠭᠠᠳ ᠣᠨ ᠳᠤ 3% ᠬᠥᠷᠬᠦ ᠥᠬᠡᠶ ᠪᠠᠶᠢᠭᠰᠠᠨ ᠠᠴᠠ ᠪᠠᠨ 53% ᠪᠣᠯᠵᠣ᠂ 10 ᠲᠦᠮᠡᠨ ᠮᠠᠯᠴᠢᠨ ᠲᠠᠷᠢᠶᠠᠴᠢᠨ ᠡᠷᠦᠭᠡ ᠶᠢ ᠲᠠᠶᠢᠴᠢᠯᠠᠨ ᠶᠠᠲᠠᠭᠤ ᠠᠴᠠ ᠠᠩᠬᠢᠵᠢᠷᠠᠭᠤᠯᠣᠬᠰᠠᠨ ᠠᠤᠭ᠎ᠠ ᠠᠮᠵᠢᠯᠲᠠ ᠶᠢ ᠪᠢᠴᠢᠭᠯᠡᠭᠰᠡᠨ ᠪᠠᠶᠢᠨ᠎ᠠ᠃ ᠬᠦᠪᠴᠢ ᠶᠢᠨ ᠵᠠᠬᠪᠣᠷ ᠤᠨ ᠣᠨᠴᠠᠯᠢᠬ ᠪᠣᠯ ᠡᠬᠡ ᠪᠠᠶᠢᠭᠠᠯᠢ ᠶᠢ ᠲᠡᠭᠡᠲᠦᠯᠡᠵᠦ᠂ ᠪᠠᠶᠢᠭᠠᠯᠢ ᠶᠢ ᠠᠶᠠᠯᠲᠣᠨ᠂ ᠪᠠᠶᠢᠭᠠᠯᠢ ᠶᠢ ᠠᠰᠢᠬᠯᠠᠵᠦ ᠵᠠᠰᠠᠬ ᠤᠨ ᠣᠷᠲᠣᠨ ᠤ ᠲᠦᠷᠦ ᠶᠢᠨ ᠪᠣᠲᠣᠯᠭ᠎ᠠ ᠶᠢᠨ ᠲᠡᠮᠵᠢᠯᠭᠡ᠂ ᠠᠵᠦ ᠠᠬᠤᠶᠢᠢᠯᠠᠯ ᠤᠨ ᠠᠷᠠᠯᠵᠢᠶᠠᠨ ᠤ ᠪᠡᠯᠡ ᠣᠷᠣᠭᠤᠯᠣᠯᠲᠠ᠂ ᠮᠠᠯᠴᠢᠨ ᠲᠠᠷᠢᠶᠠᠴᠢᠳ ᠤᠨ ᠵᠠᠬ᠎ᠠ ᠲᠡᠯᠭᠡᠬᠦᠷᠴᠢᠯᠡᠭᠰᠡᠨ ᠣᠷᠣᠯᠴᠠᠯᠭ᠎ᠠ ᠪᠣᠯᠣᠨ ᠠᠮᠢ ᠠᠬᠤᠢ ᠶᠢᠨ ᠦᠷᠬᠦᠯᠵᠢ ᠶᠢᠨ ᠴᠢᠨᠠᠷᠲᠠᠢ ᠰᠠᠶᠢᠵᠢᠷᠠᠯᠲᠠ ᠪᠠᠷ ᠲᠠᠮᠵᠢᠭᠤᠯᠣᠨ ᠡᠯᠡᠰᠦ ᠮᠠᠩᠬ᠎ᠠ ᠶᠢᠨ ᠠᠰᠠᠭᠤᠲᠠᠯ ᠢ ᠠᠵᠠ ᠲᠣᠬᠢᠶᠠᠯ ᠪᠣᠯᠭᠠᠬᠰᠠᠨ ᠳᠤ ᠣᠷᠣᠰᠢᠬᠤ ᠶᠣᠮ᠃      ᠬᠦᠪᠴᠢ ᠶᠢᠨ ᠵᠠᠬᠪᠣᠷ ᠨᠢ ᠬᠦᠮᠦᠰ ᠲᠤ ᠡᠯᠡᠰᠦ ᠶᠢ ᠵᠠᠰᠠᠬᠤ ᠡᠬᠦᠲᠦᠨ ᠪᠦᠲᠦᠭᠡᠯᠴᠢ ᠬᠦᠭᠵᠢᠯᠲᠡ ᠶᠢᠨ ᠠᠷᠭ᠎ᠠ ᠪᠣᠲᠣᠯᠭ᠎ᠠ ᠶᠢ ᠲᠠᠨᠢᠭᠤᠯᠣᠬᠰᠠᠨ ᠪᠠᠶᠢᠨ᠎ᠠ᠃ ᠡᠯᠡᠰᠦ ᠶᠢ ᠵᠠᠰᠠᠬᠤ ᠳᠤ ᠡᠷᠴᠢ ᠵᠣᠷᠢᠬ ᠢᠶᠠᠨ ᠬᠠᠷᠠᠭᠤᠯᠵᠦ ᠵᠢᠯ ᠪᠣᠯᠭᠠᠨ ᠣᠶᠢᠢᠵᠢᠭᠤᠯᠵᠦ ᠨᠣᠭᠤᠭᠠᠷᠠᠭᠤᠯᠣᠬᠰᠠᠨ ︽ᠲᠤᠭ᠎ᠠ ᠪᠠᠷᠢᠮᠲᠠ︾᠎ ᠪᠠᠨ ᠦᠵᠡᠬᠦᠯᠦᠭᠡᠳ ᠪᠣᠯᠬᠤ ᠪᠢᠰᠢ᠂ ᠬᠠᠷᠢᠨ ᠦᠷ᠎ᠡ ᠪᠦᠲᠦᠮᠵᠢ ᠪᠠᠷ ᠰᠢᠯᠭᠠᠬᠤ ᠬᠡᠷᠡᠭᠲᠡᠢ᠃ ᠣᠷᠣᠨ ᠨᠣᠲᠤᠬ ᠤᠨ ᠪᠣᠲᠠᠲᠣ ᠪᠠᠶᠢᠳᠠᠯ ᠢᠶᠠᠨ ᠦᠨᠳᠦᠰᠦᠯᠡᠵᠦ᠂ ᠬᠠᠮᠠᠭᠠᠯᠠᠬᠤ᠂ ᠵᠠᠰᠠᠬᠤ ᠪᠠ ᠠᠰᠢᠬᠯᠠᠬᠤ ᠶᠢ ᠣᠶᠠᠯᠲᠣᠭᠤᠯᠵᠦ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠣᠷᠣᠨ ᠨᠤᠲᠤᠭ ᠤᠨ ᠠᠵᠤ ᠠᠬᠤᠶ ᠪᠠᠨ ᠬᠥᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠯᠦᠭᠡ ᠨᠢᠭᠲᠠ ᠤᠶᠠᠯᠳᠤᠭᠤᠯᠵᠤ᠂ ᠣᠯᠠᠨ ᠲᠥᠷᠥᠯ ᠬᠡᠯᠪᠡᠷᠢ ᠶᠢᠨ ᠠᠵᠤ ᠦᠢᠯᠡᠰᠵᠢᠯᠲᠡ ᠪᠠᠷ ᠰᠡᠷᠭᠡᠶᠢᠯᠡᠨ ᠵᠠᠰᠠᠬᠤ ᠵᠠᠭᠪᠤᠷ ᠢ ᠰᠦᠪᠡᠭᠴᠢᠯᠡᠨ ᠭᠠᠷᠭᠠᠵᠤ᠂ ᠡᠯᠡᠰᠦᠨ ᠳᠤ ᠤᠷᠭᠤᠬᠤ ᠤᠷᠭᠤᠮᠠᠯ ᠳᠠᠷᠢᠬᠤ ᠪᠠ ᠨᠡᠭᠡᠭᠡᠨ ᠠᠰᠢᠬᠯᠠᠬᠤ᠂ ᠣᠨᠴᠠ ᠲᠥᠷᠥᠯ ᠤᠨ ᠡᠮ ᠳᠤ ᠣᠷᠣᠬᠤ ᠤᠷᠭᠤᠮᠠᠯ ᠳᠠᠷᠢᠬᠤ ᠪᠠ ᠡᠳ᠋ᠰᠢᠭᠦᠯᠦᠨ ᠡᠵᠡᠩᠨᠡᠬᠦ᠂ ᠡᠯᠡᠰᠦ ᠮᠠᠩᠬᠠᠨ ᠤ ᠦᠵᠡᠮᠵᠢ ᠶᠢᠨ ᠵᠢᠭᠤᠯᠴᠢᠯᠠᠯ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ︽ᠵᠠᠰᠠᠭ ᠵᠠᠬᠢᠷᠭᠠᠨ ᠢᠶᠠᠷ ᠠᠬᠢᠭᠤᠯᠬᠤ᠂ ᠲᠥᠷᠥ ᠶᠢᠨ ᠪᠣᠳᠣᠯᠭ᠎ᠠ ᠪᠠᠷ ᠠᠬᠢᠭᠤᠯᠬᠤ᠂ ᠠᠵᠤ ᠦᠢᠯᠡᠰ ᠢᠶᠠᠷ ᠳᠠᠶᠢᠴᠢᠯᠠᠬᠤ᠂ ᠨᠡᠶᠢᠲᠡᠯᠢᠭ ᠵᠢᠱᠢᠶ᠎ᠡ ᠪᠠᠷ ᠳᠠᠶᠢᠴᠢᠯᠠᠬᠤ︾ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠡᠬᠦᠲᠦᠨ ᠪᠦᠲᠦᠭᠡᠯᠴᠢ ᠰᠢᠨ᠎ᠡ ᠵᠠᠮ ᠢ ᠡᠬᠦᠳᠬᠦ ᠬᠡᠷᠡᠭᠲᠡᠢ ᠪᠢᠯᠡ᠃ ᠠᠭᠠᠰᠢ ᠶᠢ ᠠᠷᠭ᠎ᠠ ᠪᠠᠷ ᠲᠡᠶᠢᠯᠦᠨ᠎ᠡ ᠭᠡᠲᠡᠭ᠃ ᠠᠷᠲᠠᠬ ᠡᠯᠡᠰᠦ ᠶᠢ ᠨᠣᠮᠣᠬᠠᠳᠬᠠᠬᠤ ᠳᠤ ᠴᠦ ᠣᠬᠠᠭᠠᠨ ᠲᠡᠮ ᠬᠡᠷᠡᠭᠯᠡᠵᠦ᠂ ᠣᠯᠠᠨ ᠵᠦᠢᠯ ᠢ ᠣᠶᠠᠯᠲᠣᠭᠤᠯᠣᠨ ︽ᠪᠦᠯᠬᠦᠮᠲᠡᠵᠦ ᠪᠣᠯᠬᠤ ᠬᠦᠴᠦᠨ ᠪᠦᠬᠦᠨ ᠲᠠᠢ ᠪᠦᠯᠬᠦᠮᠲᠡᠵᠦ︾ ᠪᠦᠰᠡᠯᠡᠨ ᠲᠠᠭᠠᠷᠢᠪᠠᠯ ᠰᠠᠶ᠋ᠢ ᠢᠯᠠᠯᠲᠠ ᠣᠯᠬᠤ ᠶᠣᠮ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2