ᠵᠢᠨᠢᠩ ᠲᠣᠭᠤᠷᠢᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠬᠦ ᠶᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2021/10/15
ᠨᠢᠭᠡ ᠳᠤ᠂ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠪᠥᠬᠦ ᠲᠣᠭᠤᠷᠢᠭ ᠤᠨ 6288 ᠡᠷᠥᠭᠡ ᠰᠠᠭᠤᠭᠠᠯᠢ ᠲᠠᠷᠢᠶᠠᠯᠠᠬᠤ ᠮᠠᠯᠵᠢᠬᠤ ᠡᠷᠥᠭᠡ ᠶᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠵᠦ ᠪᠠᠶᠢᠳᠠᠯ ᠢ ᠨᠢ ᠣᠶᠢᠯᠠᠭᠠᠬᠤ ᠠᠵᠢᠯ ᠢ ᠪᠡᠶᠡᠯᠡᠭᠦᠯᠵᠦ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠥᠭᠡ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠪᠤᠷᠢ ᠥᠭᠡᠢ ᠡᠷᠥᠭᠡ ᠪᠣᠯᠤᠨ ᠬᠦᠨᠳᠦ ᠨᠣᠴᠢᠲᠠᠢ ᠬᠦᠴᠢᠷᠳᠡᠯᠲᠡᠢ ᠡᠷᠥᠭᠡ ᠲᠤ ᠲᠣᠰᠬᠤᠨ ᠪᠠ ᠡᠷᠥᠭᠡ ᠳᠠᠷᠠᠭᠠᠯᠠᠨ ᠬᠥᠮᠦᠨ ᠳᠠᠷᠠᠭᠠᠯᠠᠨ ᠵᠢᠭᠰᠠᠭᠠᠨ ᠪᠠᠶᠢᠴᠠᠭᠠᠯᠲᠠ ᠬᠢᠪᠡ᠃     ᠬᠤᠶᠠᠷ ᠲᠤ᠂ ᠰᠤᠷᠭᠠᠨ ᠬᠥᠮᠦᠵᠢᠯ᠂ ᠡᠮ ᠡᠮᠨᠡᠯᠭᠡ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠷᠢᠶᠠᠨ ᠤ ᠲᠤᠰᠬᠠᠶ ᠮᠡᠷᠭᠡᠵᠢᠯ ᠤᠨ ᠠᠵᠢᠯᠲᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠶᠯᠡᠴᠢᠯᠡᠬᠦ ᠶᠢ ᠵᠣᠷᠢᠭᠵᠢᠭᠤᠯᠵᠤ᠂ ᠨᠢᠭᠡ ᠰᠢᠶᠠᠩ ᠨᠢᠭᠡ ᠪᠠᠯᠭᠠᠰᠤᠨ ᠤ 25 ᠵᠠᠰᠠᠭ ᠵᠠᠬᠢᠷᠭᠠᠨ ᠤ ᠲᠣᠰᠬᠤᠨ ᠳᠤ ᠰᠠᠭᠤᠬᠤ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠬᠤ 76 ᠺᠠᠳ᠋ᠷ ᠢ ᠰᠣᠩᠭᠤᠨ ᠲᠣᠮᠢᠯᠠᠪᠠ᠃ 25 ᠵᠠᠰᠠᠭ ᠵᠠᠬᠢᠷᠭᠠᠨ ᠤ ᠲᠣᠰᠬᠤᠨ ᠤ 24᠎ ᠨᠢ ᠬᠡᠷᠡᠭᠯᠡᠭᠡᠨ ᠤ ᠴᠢᠨᠠᠷᠲᠠᠶ ᠵᠠᠰᠠᠭ ᠵᠠᠬᠢᠷᠭᠠᠨ ᠤ ᠲᠣᠰᠬᠤᠨ ᠤ ᠲᠥᠯᠥᠪᠵᠢᠭᠦᠯᠭᠡ ᠣᠷᠣᠨ ᠲᠤᠭ᠎ᠠ ᠳᠤ ᠪᠠᠶᠢᠵᠤ᠂ 1᠎ ᠨᠢ ᠬᠤᠲᠠ ᠶᠢᠨ ᠶᠡᠷᠦᠩᠬᠡᠶ ᠲᠥᠯᠥᠪᠵᠢᠭᠦᠯᠭᠡ ᠳᠤ ᠵᠢᠭᠰᠠᠭᠠᠨ ᠣᠷᠣᠭᠤᠯᠪᠠ᠃       ᠭᠤᠷᠪᠠ ᠳᠤ᠂ ᠬᠤᠲᠠ ᠬᠥᠳᠡᠭᠡ ᠶᠢᠨ ︽ᠭᠤᠷᠪᠠ ᠶᠢ ᠨᠢᠭᠡ ᠴᠤᠭᠴᠠᠵᠢᠭᠤᠯᠬᠤ︾᠎ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠲᠣᠭᠤᠷᠢᠭ ᠢᠶᠠᠷ ᠠᠬᠢᠭᠤᠯᠬᠤ ᠲᠥᠷᠥᠯ ᠵᠦᠶᠯ ᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠨᠡᠶᠢᠳᠡᠮ ᠪᠥᠷᠬᠦᠭᠦᠯᠬᠦ ᠶᠢ ᠪᠡᠶᠡᠯᠡᠭᠦᠯᠵᠦ᠂ 2956 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠣᠣ ᠵᠢᠶᠠ ᠲᠣᠰᠬᠤᠨ ᠵᠡᠷᠭᠡ 6 ᠰᠢᠯᠢᠳᠡᠭ ᠵᠢᠱᠢᠶ᠎ᠡ ᠦᠵᠡᠭᠦᠯᠬᠦ ᠲᠣᠰᠬᠤᠨ ᠤ ᠨᠣᠭᠤᠭᠠᠷᠠᠭᠤᠯᠤᠯᠲᠠ ᠭᠤᠸᠠᠵᠢᠭᠤᠯᠤᠯᠲᠠ ᠶᠢᠨ ᠢᠨᠵᠧᠨᠧᠷᠢᠩ ᠢ ᠪᠦᠬᠦᠨ ᠢ ᠳᠠᠭᠤᠰᠬᠠᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃       ᠳᠥᠷᠪᠡ ᠳᠤ ︽ᠨᠢᠭᠡ ᠬᠤᠩᠭᠢᠯ ᠬᠤᠶᠠᠷ ᠲᠣᠭᠤᠷᠢᠯ︾᠎ ᠤᠨ ᠲᠠᠷᠢᠶᠠᠯᠠᠩ ᠤᠨ ᠵᠢᠭᠤᠯᠴᠢᠯᠠᠯ ᠤᠨ ᠪᠦᠰᠡ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠨᠢᠭᠡ ᠰᠢᠶᠠᠩ ᠨᠢᠭᠡ ᠪᠠᠯᠭᠠᠰᠤᠨ ᠤ 30000 ᠮᠥ ᠭᠠᠵᠠᠷ ᠢ ᠡᠷᠭᠢᠯᠲᠡ ᠳᠤ ᠣᠷᠣᠭᠤᠯᠵᠤ᠂ 20000 ᠮᠥ ᠰᠢᠰᠢ ᠳᠠᠷᠢᠵᠤ᠂ 6000 ᠮᠥ ᠲᠥᠮᠥᠰᠥ᠂ ᠨᠡᠷᠡᠨ ᠬᠤᠸᠠᠷ ᠳᠠᠷᠢᠵᠤ ᠂ 4000 ᠮᠥ ᠰᠢᠯᠢᠮᠳᠡᠭ ᠤᠨ ᠴᠡᠴᠡᠭ ᠳᠠᠷᠢᠵᠤ᠂ ᠬᠤᠲᠠ ᠶᠢᠨ ᠠᠷᠠᠳ ᠪᠣᠯᠣᠨ ᠰᠦᠯᠵᠢᠶᠡᠨ ᠤ ᠴᠤᠤᠲᠤ ᠶᠢᠨ ᠬᠤᠷᠠᠨ ᠴᠤᠭᠯᠠᠷᠠᠬᠤ ᠬᠠᠯᠠᠮᠰᠢᠯ ᠤᠨ ᠭᠠᠵᠠᠷ ᠪᠣᠯᠵᠤ᠂ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠳᠤ ᠲᠦᠰᠢᠭᠯᠡᠨ᠂ ᠯᠢ ᠯᠤᠤ ᠬᠥ᠋ ᠲᠣᠰᠬᠤᠨ ᠤ ᠠᠷᠠᠳ ᠤᠨ ᠪᠠᠭᠤᠳᠠᠯ ᠤᠨ ᠰᠠᠭᠤᠷᠢᠰᠢᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ 2021 ᠣᠨ ᠳᠤ 1 ᠲᠦᠮᠡᠨ ᠮᠥ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠡᠬᠢᠯᠡᠭᠦᠯᠦᠨ ᠬᠡᠷᠡᠭᠵᠢᠭᠦᠯᠵᠦ᠂ ᠮᠠ ᠯᠢᠶᠠᠨ ᠴᠢᠦᠶ ᠰᠢᠶᠠᠩ ᠤᠨ ᠨᠠᠷᠠᠰᠤᠠᠭᠤᠣᠯ ᠲᠣᠰᠬᠤᠨ᠂ ᠱᠢ ᠵᠢᠶᠠ ᠲᠣᠰᠬᠤᠨ ᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠬᠦᠯᠡᠮᠵᠢ ᠶᠢᠨ ᠲᠠᠷᠢᠮᠠᠯ ᠤᠨ ᠬᠦᠷᠢᠶᠡᠯᠡᠩ ᠲᠣᠭᠤᠷᠢᠭ᠂ ᠪᠠᠶ ᠬᠠᠶ ᠽᠢ ᠪᠠᠯᠭᠠᠰᠤᠨ ᠤ ᠱᠧᠩ ᠵᠢᠶᠠ ᠶᠢᠩ ᠲᠦᠮᠡᠨ ᠲᠣᠨ ᠤ ᠬᠦᠢᠲᠡᠨ ᠬᠥᠮᠥᠷᠭᠡ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠲᠥᠷᠥᠯ ᠵᠦᠶᠯ ᠢ ᠲᠦᠷᠭᠡᠨ ᠬᠡᠷᠡᠭᠵᠢᠭᠦᠯᠦᠨ᠎ᠡ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2