ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠡᠭᠦᠷᠭᠡ ᠬᠠᠷᠢᠭᠤᠴᠠᠯᠭ᠎ᠠ ᠪᠠᠷ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2021/10/15
ᠰᠤᠷᠪᠤᠯᠵᠢᠯᠠᠭᠰᠠᠨ ᠴᠠᠭ  ᠄ 2021-10-09 15: 35 ᠰᠤᠷᠪᠤᠯᠵᠢᠯᠠᠭᠰᠠᠨ ᠵᠣᠴᠢᠨ  ᠄ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ    ᠶᠠᠩ ᠰᠢᠶᠤᠤ ᠬᠤᠩ       ᠬᠥᠲᠥᠯᠥᠭᠴᠢ  ᠄ ᠥᠨᠥᠳᠦᠷ᠂ ᠪᠢᠳᠡ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠶᠠᠩ ᠰᠢᠶᠤᠤ ᠬᠤᠩ ᠨᠥᠬᠦᠷ ᠢ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾᠎ ᠳᠤ ᠲᠤᠰᠬᠠᠶᠢᠯᠠᠨ ᠤᠷᠢᠵᠤ ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠬᠠᠮᠲᠤ ᠪᠠᠷ ᠮᠠᠨ ᠤ  ᠲᠤᠭᠤᠷᠢᠭ ᠤᠨ ᠠᠶᠤᠯᠭᠦᠶ ᠦᠶᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠦᠷᠢᠶᠡᠨ ᠳᠠᠬᠢ ᠬᠤᠯᠪᠣᠭᠳᠠᠯ ᠪᠥᠬᠦᠶ ᠠᠰᠠᠭᠤᠳᠠᠯ ᠢ ᠶᠠᠷᠢᠯᠴᠠᠪᠠ᠃ ᠶᠠᠩ ᠲᠣᠪᠴᠢᠶᠠᠨ ᠳᠠᠷᠤᠭ᠎ᠠ ᠲᠠ ᠰᠠᠶᠢᠨ  ᠤᠤ᠂ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠳᠤ ᠢᠷᠡᠭᠰᠡᠨ ᠳᠤ ᠪᠠᠶᠠᠷᠯᠠᠨ ᠤᠭᠲᠤᠵᠤ ᠪᠠᠶᠢᠨ᠎ᠠ᠃        ᠶᠠᠩ ᠰᠢᠶᠤᠤ ᠬᠤᠩ  ᠄ ᠬᠥᠲᠥᠯᠥᠭᠴᠢ ᠰᠠᠶᠢᠨ  ᠤᠤ  ᠂ ᠰᠦᠯᠵᠢᠶᠡᠨ ᠤ ᠠᠨᠳᠠ ᠨᠠᠷ ᠰᠠᠶᠢᠨ  ᠤᠤ︖ ᠥᠨᠥᠳᠦᠷ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠭᠡᠬᠦ ᠲᠠᠪᠴᠠᠩ ᠢ ᠠᠰᠢᠭᠯᠠᠨ ᠥᠷᠭᠡᠨ ᠣᠯᠠᠨ ᠰᠦᠯᠵᠢᠶᠡᠨ ᠤ ᠠᠷᠠᠳ ᠲᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ᠰᠦᠯᠵᠢᠶᠡᠨ ᠤ ᠠᠨᠳᠠ ᠨᠠᠷ ᠵᠢᠨᠢᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠭᠦᠨ ᠤ ᠵᠡᠷᠭᠡ ᠳᠤ ᠪᠠᠰᠠ ᠡᠨᠡ ᠬᠦ ᠲᠣᠬᠢᠶᠠᠯ ᠢ ᠠᠰᠢᠭᠯᠠᠨ᠂ ᠤᠷᠲᠤ ᠬᠤᠭᠤᠴᠠᠭᠠᠨ ᠤ ᠲᠤᠷᠰᠢ ᠮᠠᠨ ᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠣᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃         ᠬᠥᠲᠥᠯᠥᠭᠴᠢ᠄ ᠶᠠᠩ ᠲᠣᠪᠴᠢᠶᠠᠨ ᠳᠠᠷᠤᠭ᠎ᠠ  ᠡ᠂ ᠡᠨᠡ ᠵᠢᠯ ᠠᠴᠠ ᠨᠠᠰᠢ ᠵᠢᠨᠢᠩ ᠲᠣᠭᠤᠷᠢᠭ ᠤᠨ ᠠᠶᠤᠯᠭᠦᠶ ᠦᠶᠯᠡᠳᠪᠦᠷᠢᠯᠡᠯ ᠤᠨ ᠶᠡᠷᠦᠩᠬᠡᠶ ᠪᠠᠶᠢᠳᠠᠯ ᠶᠠᠮᠠᠷ ᠪᠣᠶ︖       ᠶᠠᠩ ᠰᠢᠶᠤᠤ ᠬᠤᠩ᠄  1 — 8 ᠰᠠᠷ᠎ᠠ ᠳᠤ᠂ ᠵᠢᠨᠢᠩ ᠲᠣᠭᠤᠷᠢᠭ ᠲᠤ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠨᠡᠶᠢᠲᠡ 1 ᠤᠳᠠᠭ᠎ᠠ ᠭᠠᠷᠴᠤ᠂ 1 ᠬᠥᠮᠦᠨ ᠥᠭᠦᠵᠡᠶ ︵ᠣᠲᠣ ᠨᠢᠭᠡᠨᠲᠡ ᠠᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠶᠠᠭ ᠪᠠᠶᠢᠴᠠᠭᠠᠵᠤ ᠭᠡᠷᠡᠴᠢ ᠠᠪᠬᠤ ᠱᠠᠲᠤᠨ ᠳᠤ ᠪᠣᠶ︶᠃ ᠭᠠᠯ ᠤᠨᠲᠠᠷᠠᠭᠠᠬᠤ ᠭᠠᠯ ᠤᠨ ᠭᠠᠮᠰᠢᠭ 154 ᠤᠳᠠᠭ᠎ᠠ ᠡᠭᠦᠰᠴᠦ᠂ ᠠᠳᠠᠯᠢ ᠬᠤᠭᠤᠴᠠᠭᠠᠨ ᠤ ᠬᠢ ᠠᠴᠠ 48.9% ᠨᠡᠮᠡᠭᠳᠡᠵᠦ᠂ ᠬᠥᠮᠦᠨ ᠬᠠᠷ᠎ᠠ ᠥᠭᠦᠭᠰᠡᠨ ᠥᠬᠡᠶ  ᠃ 29 ᠠᠶᠤᠯ ᠠᠴᠠ ᠠᠪᠤᠷᠠᠨ ᠲᠤᠰᠠᠯᠠᠵᠤ᠂ 25 ᠨᠡᠶᠢᠭᠡᠮ ᠠᠴᠠ ᠠᠪᠤᠷᠠᠨ ᠲᠤᠰᠠᠯᠠᠵᠤ᠂ 15 ᠬᠠᠰᠢᠭᠳᠠᠭᠰᠠᠨ ᠬᠥᠮᠦᠰ ᠢ ᠠᠪᠤᠷᠠᠨ ᠲᠠᠷᠬᠠᠭᠠᠵᠤ᠂ 528.75 ᠲᠦᠮᠡᠨ ᠲᠥᠭᠦᠷᠢᠭ ᠤᠨ ᠠᠷᠠᠳ ᠣᠯᠠᠨ ᠤ ᠡᠳ᠋ ᠬᠥᠷᠥᠩᠭᠡ ᠶᠢᠨ ᠬᠤᠬᠢᠷᠠᠯ ᠢ ᠠᠪᠤᠷᠠᠵᠤ᠂ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃        ᠬᠥᠲᠥᠯᠥᠭᠴᠢ  ᠄ ᠲᠡᠭᠡᠪᠡᠯ᠂ ᠪᠢᠳᠡ ᠡᠨᠡ ᠵᠢᠯ ᠠᠶᠤᠯᠭᠦᠶ ᠦᠶᠯᠡᠳᠪᠦᠷᠢᠯᠡᠯ ᠤᠨ ᠲᠠᠯ᠎ᠠ ᠪᠠᠷ ᠶᠠᠮᠠᠷ ᠶᠠᠮᠠᠷ ᠠᠵᠢᠯ ᠤᠳ ᠢ ᠭᠤᠤᠯᠳᠠᠯᠭ᠎ᠠ ᠲᠠᠢ ᠬᠢᠭᠰᠡᠨ ᠪᠣᠶ︖ ᠡᠭᠦᠨ ᠢ ᠶᠠᠩ ᠲᠣᠪᠴᠢᠶᠠᠨ ᠳᠠᠷᠤᠭ᠎ᠠ ᠪᠣᠳᠠᠲᠠᠶ ᠲᠠᠨᠢᠯᠴᠠᠭᠤᠯᠵᠤ ᠥᠭᠬᠦ ᠪᠣᠯᠪᠠᠤ᠃         ᠶᠠᠩ ᠰᠢᠶᠣᠤ  ᠬᠤᠨᠭ᠌  ᠄  ᠡᠨᠡ ᠵᠢᠯ ᠠᠴᠠ ᠨᠠᠰᠢ᠂ ᠪᠢᠳᠡ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠃        ᠨᠢᠭᠡ ᠳᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠪᠣᠯᠤᠨ ︽ᠵᠢᠨᠢᠩ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠶᠢᠨ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠲᠣᠭᠲᠠᠭᠠᠯ︾᠎ ᠢ ᠦᠨᠳᠦᠰᠦᠯᠡᠨ᠂ ᠵᠢᠨᠢᠩ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠪᠠ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠵᠠᠯᠭᠠᠪᠡᠷ ᠪᠠᠶᠢᠭᠤᠯᠵᠤ᠂ ᠬᠠᠷᠠᠯᠲᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠢ ᠪᠣᠳᠠᠲᠠᠶᠢᠵᠢᠭᠤᠯᠵᠠᠢ᠃ ᠰᠢᠨ᠎ᠡ ᠵᠢᠯ᠂ ᠴᠠᠭᠠᠨ ᠰᠠᠷ᠎ᠠ᠂ ︽ᠬᠤᠶᠠᠷ ᠬᠤᠷᠠᠯ︾᠂ ᠬᠠᠩᠰᠢ᠂ ᠲᠠᠪᠤᠨ ᠰᠠᠷ᠎ᠠ ᠶᠢᠨ ᠨᠢᠭᠡᠨ᠂ ᠢᠯᠠᠩᠭᠤᠶ᠎ᠠ ᠨᠠᠮ ᠪᠠᠶᠢᠭᠤᠯᠤᠭᠳᠠᠭᠰᠠᠨ 100 ᠵᠢᠯ ᠤᠨ ᠤᠢ ᠵᠡᠷᠭᠡ ᠭᠤᠣᠯᠳᠠᠯᠭ᠎ᠠ ᠲᠠᠢ ᠪᠠᠶᠠᠷ ᠤᠨ ᠡᠳᠦᠷ ᠪᠣᠯᠤᠨ ᠴᠢᠬᠤᠯᠠ ᠴᠠᠭ ᠦᠶ᠎ᠡ ᠳᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ  ᠦᠷᠨᠢᠭᠦᠯᠵᠡᠢ᠃ ︽ᠵᠢᠨᠢᠩ ᠲᠣᠭᠤᠷᠢᠭ ᠤᠨ 2021 ᠣᠨ ᠤ ᠠᠶᠤᠯ ᠥᠬᠡᠶ ᠦᠶᠯᠡᠳᠪᠦᠷᠢᠯᠡᠯ ᠤᠨ ᠠᠵᠢᠯ ᠤᠨ ᠭᠤᠤᠯᠳᠠᠯᠭ᠎ᠠ︾᠎ ᠶᠢ ᠴᠠᠭ ᠲᠤᠬᠠᠶ ᠳᠤᠨᠢ ᠲᠤᠭᠤᠷᠪᠢᠵᠤ᠂ ︽ᠤᠯᠠᠭᠠᠨᠴᠠᠪ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠢᠨᠢᠩ ᠬᠤᠪᠢᠶᠠᠷᠢ ᠲᠣᠪᠴᠢᠶ᠎ᠠ ᠶᠢᠨ 2021 ᠣᠨ ᠤ ᠠᠶᠤᠯᠲᠠᠶ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠮᠢᠶᠠᠷᠴᠤ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠠᠵᠢᠯ ᠤᠨ ᠲᠥᠰᠦᠯ︾᠂ ︽ᠵᠢᠨᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ 2021 ᠣᠨ ᠤ ᠠᠶᠤᠯ ᠥᠬᠡᠶ ᠦᠶᠯᠡᠳᠪᠦᠷᠢᠯᠡᠯ ᠤᠨ ᠠᠵᠢᠯ ᠤᠨ ᠲᠥᠯᠥᠪᠯᠡᠭᠡ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠪᠣᠳᠠᠲᠠᠶ ᠬᠠᠷᠢᠭᠤᠴᠠᠯᠭ᠎ᠠ ᠪᠠ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠪᠠ᠃ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠬᠠᠮᠲᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠷᠢᠰ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠠᠭᠤᠯᠭ᠎ᠠ ᠳᠠᠭᠠᠨ ᠣᠷᠣᠭᠤᠯᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠬᠤᠷᠠᠯ ᠢ ᠲᠣᠭᠲᠠᠭᠰᠠᠨ ᠴᠠᠭ ᠲᠤ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠪᠠ᠃        ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠢᠯ ᠤᠨ ᠡᠴᠦᠰ ᠵᠢᠯ ᠤᠨ ᠡᠬᠢᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠶᠡᠭᠡ ᠪᠠᠶᠢᠴᠠᠭᠠᠯᠲᠠ ᠶᠢᠨ ᠠᠵᠢᠯ ᠤᠨ ᠳᠤᠮᠳᠠ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ 41 ᠵᠤᠷᠪᠤᠰ ᠳᠠᠷᠠᠭᠠᠯᠠᠨ ᠪᠠᠶᠢᠴᠠᠭᠠᠵᠤ᠂ ᠨᠢᠭᠡᠨᠲᠡ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠃ ᠪᠦᠬᠦ ᠲᠤᠭᠤᠷᠢᠭ  ᠤᠨ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠳᠤ ᠬᠤᠶᠠᠷ ᠡᠭᠡᠯᠵᠢ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠦᠬᠡᠳ ᠤᠨ ᠠᠰᠠᠷᠠᠮᠵᠢ ᠶᠢᠨ ᠬᠦᠷᠢᠶᠡᠯᠡᠩ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠳᠤ ᠭᠠᠯ ᠤᠨᠲᠠᠷᠠᠭᠠᠬᠤ ᠬᠠᠮᠲᠤᠷᠠᠭᠰᠠᠨ ᠪᠠᠶᠢᠴᠠᠭᠠᠯᠲᠠ ᠬᠢᠵᠦ᠂ ᠠᠶᠤᠯᠲᠠᠶ ᠬᠠᠶᠠᠭᠳᠠᠮᠠᠯ ᠪᠣᠳᠠᠰ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠡᠮᠨᠡᠯᠭᠡ ᠶᠢᠨ ᠬᠤᠷᠢᠶ᠎ᠠ᠂ ᠭᠤᠤᠯᠳᠠᠯᠭ᠎ᠠ ᠲᠠᠢ ᠭᠠᠯ ᠤᠨᠲᠠᠷᠠᠭᠠᠬᠤ ᠪᠡᠯᠡᠳᠬᠡᠮᠵᠢ ᠳᠤ ᠪᠠᠶᠢᠴᠠᠭᠠᠯᠲᠠ ᠬᠢᠵᠦ᠂ ᠤᠯᠠᠭᠠᠨᠴᠠᠪ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠳᠤ ᠬᠠᠮᠲᠤᠷᠠᠭᠰᠠᠨ ᠪᠠᠶᠢᠴᠠᠭᠠᠯᠲᠠ ᠬᠢᠬᠦ ᠶᠢᠨ ᠬᠠᠮᠲᠤ ᠬᠠᠷᠢᠶ᠎ᠠ ᠣᠷᠣᠨ ᠤ ᠳᠣᠲᠣᠷᠠᠬᠢ ᠬᠥᠳᠡᠭᠡ ᠲᠣᠰᠬᠤᠨ ᠤ ᠵᠠᠰᠠᠮᠠᠯ ᠵᠠᠮ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠥᠷᠨᠢᠭᠦᠯᠵᠦ᠂ ᠵᠠᠮ ᠳᠠᠭᠠᠤ ᠶᠢᠨ ᠰᠡᠷᠡᠮᠵᠢ ᠶᠢᠨ ᠳ᠋ᠧᠩ ᠂ ᠫᠠᠶᠢᠰᠠ᠂  ᠵᠠᠮ ᠤᠨ ᠬᠠᠵᠠᠭᠤ  ᠰᠡᠷᠡᠮᠵᠢ ᠶᠢᠨ ᠪᠠᠭᠠᠨ᠎ᠠ ᠳᠤᠲᠠᠭᠳᠠᠭᠰᠠᠨ ᠵᠡᠷᠭᠡ ᠣᠯᠠᠨ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠬᠢᠪᠠ᠃ ︽ᠬᠤᠶᠠᠷ ᠬᠤᠷᠠᠯ︾᠎ ᠤᠨ ᠬᠤᠭᠤᠴᠠᠭᠠᠨ ᠳᠤ᠂ ᠠᠶᠤᠯᠲᠠᠶ ᠬᠢᠮᠢ ᠶᠢᠨ ᠠᠵᠤ ᠦᠶᠯᠡᠳᠪᠦᠷᠢ ᠶᠢᠨ ᠦᠶᠯᠡᠳᠪᠦᠷᠢᠯᠡᠯ ᠤᠨ ᠠᠵᠤ ᠠᠬᠤᠶᠢᠯᠠᠯ 1᠂ ᠲᠣᠰᠣ ᠨᠡᠮᠡᠬᠦ ᠥᠷᠲᠡᠭᠡ 6᠂ ᠬᠤᠸᠠᠷ ᠫᠤᠤᠵᠢᠩ ᠤᠨ ᠳᠡᠯᠭᠡᠭᠦᠷ 5᠂ ᠠᠵᠤ ᠦᠶᠯᠡᠳᠪᠦᠷᠢ ᠠᠷᠠᠯᠵᠢᠶᠠᠨ ᠤ ᠠᠵᠢᠯ ᠲᠥᠷᠥᠯ ᠳᠤ ᠨᠡᠶᠢᠲᠡ 16 ᠠᠵᠤ ᠠᠬᠤᠶᠢᠯᠠᠯ ᠢ ᠪᠠᠶᠢᠴᠠᠭᠠᠪᠠ᠃ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠭᠠᠵᠠᠷ ᠲᠠᠯᠠᠪᠤᠷ ᠵᠢᠴᠢ ᠬᠥᠳᠡᠯᠮᠦᠷᠢ ᠨᠢᠭᠲᠠᠷᠠᠨ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠳᠤ ᠳᠦᠷᠢᠮᠲᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃ ᠪᠥᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠠᠬᠢ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠵᠢᠭᠦᠷᠯᠡᠬᠦ ᠶᠢ ᠵᠦᠶ ᠵᠣᠬᠢᠰᠲᠠᠶ ᠳᠣᠭᠢᠷᠠᠭᠤᠯᠵᠤ᠂ ᠬᠦᠶᠲᠡᠨ ᠤᠷᠤᠰᠬᠠᠯ᠂ ᠪᠣᠷᠣᠭᠠᠨ ᠴᠠᠰᠤ᠂ ᠬᠢᠷᠠᠭᠤ ᠬᠥᠯᠳᠡᠬᠦ᠂ ᠵᠠᠮ ᠮᠥᠰᠥ ᠬᠥᠯᠳᠡᠬᠦ ᠵᠡᠷᠭᠡ ᠭᠠᠮᠰᠢᠭᠲᠤ ᠴᠠᠭ ᠠᠭᠤᠷ ᠵᠢᠴᠢ ᠡᠭᠦᠰᠦᠮᠡᠯ ᠭᠠᠮᠰᠢᠭ ᠢ ᠨᠠᠷᠢᠯᠢᠬᠵᠢᠭᠤᠯᠤᠨ ᠤᠷᠢᠳᠴᠢᠯᠠᠨ ᠮᠡᠳᠡᠭᠡᠯᠡᠬᠦ ᠦᠶᠯᠡᠴᠢᠯᠡᠭᠡ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠠᠷᠠᠳ ᠣᠯᠠᠨ ᠤ ᠪᠠᠶᠠᠷ ᠤᠨ ᠡᠳᠦᠷ ᠤᠨ ᠲᠣᠬᠢᠷᠠᠭᠤᠯᠤᠯᠲᠠ ᠂ ᠶᠠᠪᠤᠵᠤ ᠰᠠᠭᠤᠬᠤ ᠠᠵᠢᠯᠯᠠᠭ᠎ᠠ ᠵᠡᠷᠭᠡ ᠳᠤ ᠰᠢᠯᠢᠳᠡᠭ ᠦᠶᠯᠡᠴᠢᠯᠡᠭᠡ ᠬᠠᠩᠭᠠᠨ᠎ᠠ᠃ ᠮᠠᠨ ᠤ ᠲᠤᠭᠤᠷᠢᠭ ᠤᠨ ᠠᠵᠤ ᠦᠶᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠵᠢᠨᠢᠩ ᠲᠣᠭᠤᠷᠢᠭ ᠤᠨ ᠠᠵᠤ ᠦᠶᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯᠭᠦᠶ ᠦᠶᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠤᠨ ᠲᠥᠰᠦᠯ︾᠂ ︽ᠵᠢᠨᠢᠩ ᠲᠣᠭᠤᠷᠢᠭ ᠤᠨ ᠠᠵᠤ ᠦᠶᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠤᠨ ᠲᠥᠰᠦᠯ︾᠎ ᠢ ᠲᠣᠭᠲᠠᠭᠠᠵᠤ᠂ ᠣᠲᠣ ᠪᠣᠯᠲᠠᠯ᠎ᠠ᠂ ᠳᠡᠯᠪᠡᠷᠡᠯᠲᠡ ᠳᠤ ᠬᠤᠯᠪᠣᠭᠳᠠᠭᠰᠠᠨ ᠨᠤᠨᠲᠠᠭ ᠲᠣᠭᠤᠰᠣᠨ ᠤ ᠲᠤᠰᠬᠠᠶ ᠵᠦᠶᠯ ᠤᠨ ᠠᠶᠤᠯᠭᠦᠶ ᠶᠢᠨ ᠪᠠᠶᠢᠴᠠᠭᠠᠯᠲᠠ ᠶᠢ 13 ᠤᠳᠠᠭ᠎ᠠ ᠥᠷᠨᠢᠭᠦᠯᠵᠦ᠂ ᠲᠤᠰᠬᠠᠶ ᠮᠡᠷᠭᠡᠵᠢᠯᠲᠡᠨ ᠤ ᠰᠠᠨᠠᠯ ᠤᠨ ᠪᠢᠴᠢᠭ ᠢ 6 ᠬᠤᠪᠢ ᠪᠠᠭᠤᠯᠭᠠᠵᠤ᠂ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ︔ ᠠᠵᠤ ᠦᠢᠯᠡᠳᠪᠦᠷᠢ ᠠᠷᠠᠯᠵᠢᠶᠠᠨ ᠤ 23 ᠠᠵᠤ ᠠᠬᠤᠶᠢᠯᠠᠯ ᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ 40 ᠵᠦᠢᠯ ᠤᠨ ᠳᠠᠯᠳᠠ ᠭᠡᠮ ᠢ ᠴᠡᠭᠴᠡᠯᠡᠨ ᠵᠠᠰᠠᠵᠤ᠂ 6 ᠬᠤᠪᠢ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠬᠤ ᠵᠠᠷᠯᠢᠭ ᠤᠨ ᠪᠢᠴᠢᠭ ᠪᠠᠭᠤᠯᠭᠠᠵᠤ᠂ ᠣᠳᠣᠬᠠᠨ ᠳᠤ 12 ᠵᠦᠢᠯ ᠤᠨ ᠳᠠᠯᠳᠠ ᠭᠡᠮ ᠢ ᠴᠡᠭᠴᠡᠯᠡᠨ ᠵᠠᠰᠠᠵᠤ ᠪᠠᠶᠢᠨ᠎ᠠ᠃       ᠭᠤᠷᠪᠠ ᠳᠤ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠦᠨ᠎ᠡ᠃ ᠣᠳᠣᠬᠠᠨ ᠪᠣᠯᠲᠠᠯ᠎ᠠ᠂ ᠵᠢᠨᠢᠩ ᠲᠣᠭᠤᠷᠢᠭ ᠤᠨ ᠬᠢᠨ ᠭᠤᠷᠪᠠᠨ ᠵᠢᠯ ᠤᠨ ᠠᠵᠢᠯᠯᠠᠭ᠎ᠠ ᠶᠢᠨ ᠠᠶᠤᠯᠭᠦᠢ ᠦᠢᠯᠡᠳᠪᠦᠷᠢᠯᠡᠯ ᠢ 205 ᠤᠳᠠᠭ᠎ᠠ ᠬᠢᠨᠠᠨ ᠵᠢᠯᠣᠭᠤᠳᠴᠤ ᠪᠠᠶᠢᠴᠠᠭᠠᠬᠤ ᠶᠢ ᠥᠷᠨᠢᠭᠦᠯᠵᠦ᠂ 1638 ᠵᠦᠢᠯ ︵ᠬᠤᠳᠠ ᠶᠢᠨ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ 1193 ᠵᠦᠢᠯ ᠢ ᠪᠠᠭᠲᠠᠭᠠᠨ᠎ᠠ︶᠎ ᠢ ᠳᠠᠷᠠᠭᠠᠯᠠᠨ ᠪᠠᠶᠢᠴᠠᠭᠠᠵᠤ᠂ 427 ᠵᠦᠢᠯ ︵ᠬᠤᠳᠠ ᠶᠢᠨ ᠪᠠᠷᠢᠯᠭ᠎ᠠ ᠶᠢᠨ  ᠬᠦᠷᠢᠶ᠎ᠡ ᠴᠠᠷᠠᠭ᠎ᠠ ᠶᠢ ᠪᠠᠭᠲᠠᠭᠠᠬᠤ ᠦᠭᠡᠢ︶᠎ ᠢ ᠴᠡᠭᠴᠡᠯᠡᠨ ᠰᠠᠶᠢᠵᠢᠷᠠᠭᠤᠯᠵᠤ᠂ ᠬᠤᠳᠠ ᠶᠢᠨ ᠪᠠᠷᠢᠯᠭ᠎ᠠ ᠶᠢᠨ ᠬᠦᠷᠢᠶ᠎ᠡ ᠴᠠᠷᠠᠭ᠎ᠠ ᠠᠴᠠ ᠭᠠᠳᠠᠨᠠᠬᠢ ᠴᠡᠭᠴᠡᠯᠡᠨ ᠰᠠᠶᠢᠵᠢᠷᠠᠭᠤᠯᠤᠭᠰᠠᠨ ᠨᠤᠷᠮ᠎ᠠ 95.9%᠂ ᠬᠤᠳᠠ ᠶᠢᠨ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠨᠤᠷᠮ᠎ᠠ 75.2%᠎ ᠲᠤ ᠬᠦᠷᠴᠡᠢ᠃  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠵᠢᠨᠢᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠤᠨ ᠲᠥᠰᠦᠯ︾᠎ ᠢ ᠲᠣᠭᠲᠠᠭᠠᠭᠰᠠᠨ ᠪᠥᠭᠡᠳ ᠡᠯ᠎ᠡ ᠪᠦᠷᠢᠯᠳᠦᠬᠦᠨ ᠨᠢᠭᠡᠴᠡ ᠳᠤ ᠲᠠᠷᠬᠠᠭᠠᠵᠤ᠂ ᠡᠯ᠎ᠡ ᠰᠠᠯᠠᠭ᠎ᠠ ᠮᠥᠴᠢᠷ ᠢ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠲᠤᠰ ᠲᠤᠰ ᠤᠨ ᠠᠵᠢᠯ ᠲᠦᠷᠦᠯ ᠤᠨ ᠬᠦᠷᠢᠶᠡᠨ ᠳᠠᠬᠢ ᠠᠵᠢᠯ ᠤᠨ ᠲᠥᠰᠦᠯ ᠢᠶᠠᠨ ᠲᠣᠭᠲᠠᠭᠠᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠬᠠᠮᠲᠤ ᠰᠠᠶᠢᠢᠨ ᠦᠷ᠎ᠡ ᠪᠦᠲᠦᠮᠵᠢ ᠣᠯᠤᠭᠰᠠᠨ ᠪᠠᠶᠢᠨ᠎ᠠ ᠭᠡᠵᠦ ᠱᠠᠭᠠᠷᠳᠠᠪᠠ᠃ ᠣᠶᠢᠷ᠎ᠠ ᠳᠤ᠂ ᠤᠯᠠᠭᠠᠨᠴᠠᠪ ᠬᠤᠲᠠ ᠶᠢᠨ ᠨᠢᠭᠡᠳᠦᠭᠡᠷ ᠰᠢᠪᠠᠳᠠᠨ ᠪᠠᠶᠢᠴᠠᠭᠠᠬᠤ ᠳᠤᠭᠤᠶᠢᠯᠠᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠠᠶᠤᠯᠭᠦᠶ ᠦᠶᠯᠡᠳᠪᠦᠷᠢᠯᠡᠯ ᠤᠨ ᠰᠢᠪᠠᠳᠠᠨ ᠪᠠᠶᠢᠴᠠᠭᠠᠬᠤ ᠠᠵᠢᠯ ᠤᠨ ᠲᠥᠰᠦᠯ︾᠎ ᠢ ᠦᠨᠳᠦᠰᠦᠯᠡᠨ ᠵᠢᠨᠢᠩ ᠲᠣᠭᠤᠷᠢᠭ ᠤᠨ ᠠᠶᠤᠯᠲᠠᠶ ᠬᠢᠮᠢ ᠶᠢᠨ ᠪᠣᠳᠠᠰ᠂ ᠠᠵᠤ ᠦᠶᠯᠡᠳᠪᠦᠷᠢ ᠠᠷᠠᠯᠵᠢᠶ᠎ᠠ᠂ ᠬᠤᠸᠠᠷ ᠫᠤᠤᠵᠢᠩ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠳᠠᠯᠳᠤᠭᠠᠨ ᠤ ᠲᠠᠯᠠᠪᠤᠷ᠂ ᠬᠥᠮᠦᠨ ᠣᠯᠠᠨ ᠴᠤᠭᠯᠠᠷᠠᠭᠰᠠᠨ ᠲᠠᠯᠠᠪᠤᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠠᠵᠢᠯ ᠲᠥᠷᠥᠯ ᠤᠨ ᠬᠦᠷᠢᠶᠡᠨ ᠳᠤ ᠰᠢᠪᠠᠳᠠᠨ ᠪᠠᠶᠢᠴᠠᠭᠠᠯᠲᠠ ᠬᠢᠵᠡᠶ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠠᠰᠠᠭᠤᠳᠠᠯ ᠢ ᠬᠠᠷᠢᠭᠤ ᠲᠤᠰᠬᠠᠭᠰᠠᠨ ᠤ ᠳᠠᠷᠠᠭ᠎ᠠ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠳᠠᠯᠳᠠ ᠬᠡᠮ ᠢ ᠠᠷᠢᠯᠭᠠᠬᠤ ᠬᠡᠷᠡᠭᠲᠡᠶ᠃     ᠲᠦᠷᠪᠡ ᠳᠤ᠂ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠯ ᠬᠥᠮᠦᠵᠢᠯ ᠢ ᠴᠢᠩᠭᠠᠳᠬᠠᠨ᠎ᠠ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠢᠨ ᠠᠶᠤᠯᠭᠦᠢ ᠦᠢᠯᠡᠳᠪᠦᠷᠢᠯᠡᠯ ᠤᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠬᠤ ᠶᠢᠨ ᠬᠠᠮᠲᠤ ᠤᠬᠠᠭᠤᠯᠭ᠎ᠠ ᠶᠢᠨ ᠪᠤᠯᠤᠩ᠂ LED ᠳᠡᠯᠭᠡᠴᠡ᠂ ᠵᠢᠷᠭᠢᠶ᠎ᠡ ᠵᠡᠷᠭᠡ ᠲᠠᠪᠴᠠᠩ ᠢᠶᠠᠷ ᠳᠠᠮᠵᠢᠭᠤᠯᠵᠤ᠂ ᠺᠠᠷᠲ᠋ᠣᠨ ᠸᠢᠳᠢᠣ᠋ ᠂ ᠵᠢᠷᠤᠭ ᠦᠰᠦᠭ ᠢᠶᠠᠷ ᠤᠬᠠᠭᠤᠯᠤᠨ ᠲᠠᠶᠢᠯᠪᠤᠷᠢᠯᠠᠬᠤ ᠵᠡᠷᠭᠡ ᠤᠯᠠᠨ ᠵᠦᠢᠯ ᠤᠨ ᠬᠡᠯᠪᠡᠷᠢ ᠶᠢ ᠠᠰᠢᠭᠯᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠮᠡᠳᠡᠯᠭᠡ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠣᠨᠴᠠ ᠲᠥᠷᠥᠯ ᠤᠨ ᠠᠵᠢᠯ ᠬᠢᠭᠰᠡᠳ ᠤᠨ ᠠᠮᠤᠷ ᠲᠦᠪᠰᠢᠨ ᠤ ᠮᠡᠷᠭᠡᠵᠢᠯ ᠤᠨ ᠪᠣᠯᠪᠠᠰᠤᠷᠠᠭᠤᠯᠤᠯ ᠪᠠ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠠᠮᠤᠷ ᠲᠦᠪᠰᠢᠨ ᠤ ᠬᠢᠷᠢ ᠬᠡᠮ ᠤᠨ ᠪᠣᠯᠪᠠᠰᠤᠷᠠᠭᠤᠯᠤᠯ ᠢ 2 ᠬᠤᠭᠤᠴᠠᠭ᠎ᠠ ᠡᠷᠭᠢᠯᠡᠵᠦ᠂ 442 ᠬᠥᠮᠦᠨ ᠬᠠᠮᠢᠶ᠎ᠠ ᠪᠥᠬᠦᠶ ᠦᠨᠡᠮᠯᠡᠯ ᠢ ᠤᠯᠪᠠ᠃ ᠬᠤᠳᠠᠯᠳᠤᠭ᠎ᠠ ᠠᠷᠠᠯᠵᠢᠶᠠᠨ  ᠤ ᠭᠦᠢᠯᠭᠡᠭᠡᠨ  ᠤ ᠰᠢᠰᠲ᠋ᠧᠮ ᠤᠨ ᠡᠯ᠎ᠡ ᠲᠥᠷᠥᠯ  ᠤᠨ ᠭᠤᠣᠯᠳᠠᠯᠭ᠎ᠠ ᠲᠠᠢ ᠨᠢᠭᠡᠴᠡ ᠶᠢᠨ 130 ᠭᠠᠷᠤᠶ ᠬᠠᠷᠢᠭᠤᠴᠠᠯᠭᠠᠲᠠᠨ  ᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠟ ᠤᠨ ᠪᠣᠯᠪᠠᠰᠤᠷᠠᠭᠤᠯᠤᠯ ᠟ ᠲᠤ ᠣᠷᠣᠯᠴᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ  ᠤ ᠨᠡᠶᠢᠭᠡᠮ ᠲᠣᠭᠤᠷᠢᠭ ᠲᠤ ᠣᠷᠣᠬᠤ ᠪᠣᠯᠪᠠᠰᠤᠷᠠᠭᠤᠯᠤᠯ ᢭ ᠤᠨ ᠠᠩᠬᠢ ᠶᠢ 9 ᠬᠤᠭᠤᠴᠠᠭ᠎ᠠ ᠡᠷᠬᠢᠯᠡᠵᠤ᠂ ᠪᠣᠯᠪᠠᠰᠤᠷᠠᠭᠤᠯᠤᠯ ᠲᠤ ᠣᠷᠣᠯᠴᠠᠭᠰᠠᠨ ᠬᠥᠮᠦᠨ 600 ᠭᠠᠷᠤᠶ ᠪᠠᠶᠢᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ 100 ᠭᠠᠷᠤᠶ ᠡᠯᠭᠦᠵᠦ᠂ ᠤᠬᠠᠭᠤᠯᠭ᠎ᠠ ᠶᠢᠨ  ᠮᠠᠲ᠋ᠧᠷᠢᠶᠠᠯ 3 ᠲᠦᠮᠡ ᠭᠠᠷᠤᠶ ᠬᠤᠪᠢ ᠲᠠᠷᠬᠠᠭᠠᠵᠤ᠂ 27 ᠠᠵᠤ ᠠᠬᠤᠶᠢᠯᠠᠯ ᠠᠵᠢᠯ ᠦᠢᠯᠡᠰ  ᠤᠨ ᠨᠢᠭᠡᠴᠡ ᠳᠤ ᠭᠦᠨᠵᠡᠭᠡᠶᠢᠷᠡᠨ ᠭᠠᠯ ᠤᠨᠲᠠᠷᠠᠭᠠᠬᠤ ᠰᠣᠷᠢᠯᠲᠠ ᠶᠢ ᠵᠢᠯᠣᠭᠤᠳᠤᠨ ᠥᠷᠨᠢᠭᠦᠯᠵᠦ᠂ ᠡᠷᠡᠭᠦᠯ ᠬᠠᠮᠠᠭᠠᠯᠠᠯ  ᠤᠨ ᠰᠢᠰᠲ᠋ᠧᠮ ᠲᠤ ᠭᠠᠯ ᠤᠨᠲᠠᠷᠠᠭᠠᠬᠤ ᠪᠣᠯᠪᠠᠰᠤᠷᠠᠭᠤᠯᠤᠯ ᠪᠣᠯᠤᠨ ᠰᠣᠷᠢᠯᠲᠠ ᠶᠢ ᠲᠤᠰ ᠪᠦᠷᠢ 1 ᠤᠳᠠᠭ᠎ᠠ ᠥᠷᠨᠢᠭᠦᠯᠪᠡ᠃ 5 ᠳ᠋ᠤᠭᠠᠷ ᠰᠠᠷ᠎ᠠ ᠶᠢᠨ 12᠎ ᠤᠨ ᠡᠳᠦᠷ᠂  ᠲᠤᠭᠤᠷᠢᠭ ᠤᠨ  ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠬᠡᠷ ᠪᠦᠷᠢᠯᠳᠦᠬᠦᠨ ᠨᠢᠭᠡᠴᠡ ᠲᠠᠢ ᠬᠠᠮᠲᠤᠷᠠᠨ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠦᠩᠵᠸᠦ ᠨᠡᠶᠢᠭᠡᠮ ᠲᠣᠭᠤᠷᠢᠭ ᠲᠤ 2021 ᠣᠨ ᠤ ︽5.12︾᠎ ᠤᠨ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂  ᠲᠤᠭᠤᠷᠢᠭ ᠤᠨ ᠭᠠᠮᠰᠢᠭ ᠢ ᠪᠠᠭᠠᠰᠬᠠᠬᠤ ᠵᠥᠪᠯᠡᠯ ᠤᠨ ᠬᠡᠰᠡᠭ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠪᠥᠬᠦ ᠺᠠᠳ᠋ᠷ ᠠᠵᠢᠯᠲᠠᠨ ᠠᠵᠢᠯᠴᠢᠨ ᠪᠠ ᠥᠷᠭᠡᠨ ᠣᠯᠠᠨ ᠬᠤᠲᠠ ᠶᠢᠨ ᠠᠷᠠᠳ ᠲᠦᠮᠡᠨ 500 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ ᠠᠵᠢᠯᠯᠠᠭ᠎ᠠ ᠶᠢᠨ ᠬᠤᠭᠤᠴᠠᠭᠠᠨ ᠳᠤ ᠰᠢᠨᠬᠤᠸᠠ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠦᠩᠵᠸᠦ ᠨᠡᠶᠢᠭᠡᠮ ᠲᠣᠭᠤᠷᠢᠭ ᠲᠤ ︽2020 ᠣᠨ ᠤ ᠪᠦᠬᠦ ᠤᠯᠤᠰ ᠤᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾᠎ ᠤᠨ ᠱᠠᠩᠨᠠᠯ ᠤᠨ ᠮᠧᠳᠠᠯ ᠣᠯᠭᠤᠵᠤ᠂ ᠠᠵᠢᠯᠯᠠᠭ᠎ᠠ ᠶᠢ ᠡᠬᠢᠯᠡᠭᠦᠯᠦᠭᠰᠡᠨ ᠤ ᠳᠠᠷᠠᠭ᠎ᠠ  ᠸᠠᠨ ᠳ᠋ᠠ ᠬᠤᠳᠠᠯᠳᠤᠭᠠᠨ ᠤ ᠲᠠᠯᠠᠪᠤᠷ ᠲᠤ ᠤᠬᠠᠭᠤᠯᠭ᠎ᠠ ᠶᠢᠨ ᠸᠢᠳᠢᠣ᠋ ᠶᠢ ᠵᠡᠷᠭᠡᠪᠡᠷ ᠡᠷᠭᠢᠯᠳᠦᠭᠦᠯᠦᠨ ᠨᠡᠪᠲᠡᠷᠡᠭᠦᠯᠵᠦ᠂ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠠᠩᠬᠢ ᠶᠢᠨ ᠬᠢᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠠᠵᠢᠯᠯᠠᠭ᠎ᠠ ᠳᠤ ᠣᠷᠣᠯᠴᠠᠭᠰᠠᠨ ᠪᠠᠶᠢᠭᠤᠯᠤᠯᠭ᠎ᠠ ᠨᠢᠭᠡᠴᠡ ᠶᠢᠨ ᠬᠢᠨ ᠤᠬᠠᠭᠤᠯᠭ᠎ᠠ ᠶᠢᠨ ᠵᠢᠷᠤᠭ ᠤᠨ ᠰᠠᠮᠪᠠᠷ᠎ᠠ ᠶᠢ ᠵᠡᠷᠭᠡᠪᠡᠷ ᠳᠡᠯᠭᠡᠨ ᠦᠵᠡᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠢ ᠶᠢᠨ ᠲᠠᠯᠠᠪᠠᠢ ᠶᠢᠨ ᠬᠤᠳᠠ ᠶᠢᠨ ᠠᠷᠠᠳ ᠲᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠵᠤ ᠥᠭᠪᠡ᠃ 6 ᠳ᠋ᠤᠭᠠᠷ ᠰᠠᠷ᠎ᠠ ᠶᠢᠨ 1᠎ ᠤ ᠡᠳᠦᠷ᠂  ᠲᠤᠭᠤᠷᠢᠭ ᠤᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠬᠡᠰᠡᠭ ᠪᠦᠷᠢᠯᠳᠦᠬᠦᠨ ᠨᠢᠭᠡᠴᠡ ᠶᠢᠨ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠯᠠᠨ ᠭᠧ  ᠭᠧ ᠰᠦᠨ ᠦᠶᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠵᠢᠨᠢᠩ ᠲᠣᠭᠤᠷᠢᠭ ᠤᠨ 2021 ᠣᠨ ᠤ ︽ᠠᠶᠤᠯᠭᠦᠶ ᠦᠶᠯᠡᠳᠪᠦᠷᠢᠯᠡᠯ ᠤᠨ ᠰᠠᠷ᠎ᠠ︾ ᠵᠢᠴᠢ ︽ᠠᠶᠤᠯᠭᠦᠶ ᠦᠶᠯᠡᠳᠪᠦᠷᠢᠯᠡᠯ ᠤᠨ ᠲᠠᠯ᠎ᠠ ᠨᠤᠲᠤᠭ ᠤᠨ ᠠᠶᠠᠯᠠᠯ︾᠎ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ 6 ᠰᠠᠷ᠎ᠠ ᠶᠢᠨ 17᠎ ᠤ ᠦᠳᠡ ᠶᠢᠨ ᠡᠮᠦᠨ᠎ᠡ᠂ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ 16 ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠵᠤ ᠰᠣᠶᠣᠯ ᠤᠨ ᠵᠠᠮ ᠤᠨ ᠨᠡᠶᠢᠭᠡᠮ ᠲᠣᠭᠤᠷᠢᠭ ᠲᠤ ︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠥᠭᠵᠢᠯᠲᠡ ᠶᠢ ᠠᠬᠢᠭᠤᠯᠬᠤ︾᠎ ᠪᠠᠷ ᠭᠤᠣᠯ ᠰᠡᠳᠦᠪ ᠪᠣᠯᠭᠠᠭᠰᠠᠨ 2021 ᠣᠨ ᠤ ︽6.16︾᠎ ᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃ ᠲᠤᠬᠠᠶ ᠶᠢᠨ ᠲᠠᠯᠠᠪᠤᠷ ᠲᠤ ︽ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ︾᠂ ︽ᠠᠵᠢᠯᠳᠠᠨ ᠢ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠨ ᠶᠠᠪᠤᠭᠤᠯᠬᠤ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠶ ᠳᠡᠪᠲᠡᠷ ᠢ 1000 ᠭᠠᠷᠤᠶ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠢ 5000 ᠭᠠᠷᠤᠶ ᠬᠤᠪᠢ ᠲᠠᠷᠬᠠᠭᠠᠵᠤ᠂ ᠤᠬᠠᠭᠤᠯᠭ᠎ᠠ ᠶᠢᠨ ᠰᠠᠮᠪᠠᠷ᠎ᠠ ᠶᠢ 30 ᠭᠠᠷᠭᠠᠵᠤ᠂ ᠤᠯᠠᠨ ᠲᠦᠮᠡᠨ ᠤ ᠠᠰᠠᠭᠤᠨ ᠯᠠᠪᠯᠠᠯᠲᠠ ᠶᠢ 500 ᠭᠠᠷᠤᠶ ᠬᠥᠮᠦᠨ ᠤᠳᠠᠭ᠎ᠠ ᠬᠦᠯᠢᠶᠡᠨ ᠠᠪᠴᠠᠶ᠃         ᠬᠥᠲᠥᠯᠥᠭᠴᠢ : ᠡᠨᠡ ᠵᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠶᠠᠮᠠᠷ ᠵᠡᠷᠭᠡ ᠪᠠᠶᠢᠬᠤ ᠶᠢ ᠲᠣᠪᠴᠢᠶᠠᠨ ᠳᠠᠷᠤᠭ᠎ᠠ ᠳᠠᠬᠢᠨᠲᠠ ᠪᠢᠳᠡᠨ ᠳᠤ ᠲᠠᠨᠢᠯᠴᠠᠭᠤᠯᠤᠭᠠᠳ ᠥᠭᠭᠦᠨ᠎ᠡ︖          ᠶᠠᠩ ᠰᠢᠶᠤᠤ ᠬᠤᠩ : 8 ᠳ᠋ᠤᠭᠠᠷ ᠰᠠᠷ᠎ᠠ ᠳᠤ ᠵᠢᠨᠢᠩ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠭᠡ ᠠᠩᠭᠢ ᠮᠠᠨ ᠤ ᠲᠣᠪᠴᠢᠶ᠎ᠠ ᠳᠤ ᠬᠠᠷᠢᠶᠠᠯᠠᠭᠳᠠᠭᠰᠠᠨ ᠠᠴᠠ ᠨᠠᠰᠢ᠂ ᠪᠢᠳᠡ ᠭᠠᠷᠴᠤ ᠮᠡᠳᠡᠬᠦ ᠣᠶ ᠰᠢᠭᠤᠶ ᠨᠤᠲᠤᠭ ᠪᠡᠯᠴᠢᠭᠡᠷ ᠤᠨ ᠭᠠᠮᠰᠢᠭ ᠢ ᠨᠠᠷᠢᠨ ᠬᠢᠨᠠᠮᠠᠭᠠᠶ ᠵᠠᠳᠠᠯᠵᠤ᠂ ᠤᠷᠢᠳᠴᠢᠯᠠᠨ ᠲᠥᠯᠥᠪᠯᠡᠨ ᠪᠠᠶᠢᠷᠢᠯᠠᠭᠤᠯᠵᠤ᠂ ᠭᠤᠤᠯᠳᠠᠭᠤ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃        ᠨᠢᠭᠡ ᠳᠤ ᠬᠦᠴᠢᠷ ᠪᠡᠷᠬᠡᠰᠢᠶᠡᠯ ᠢ ᠢᠯᠠᠨ ᠳᠠᠪᠠᠵᠤ ᠪᠡᠯᠡ ᠮᠥᠩᠭᠦ ᠴᠤᠭᠯᠠᠭᠤᠯᠤᠨ᠂ ᠭᠠᠯ ᠰᠡᠷᠭᠡᠶᠢᠯᠡᠨ ᠤᠨᠲᠠᠷᠠᠭᠠᠬᠤ ᠲᠤᠨᠤᠭ ᠲᠥᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠶ᠃ ᠣᠳᠣᠬᠠᠨ ᠳᠤ ᠴᠡᠷᠢᠭ ᠵᠥᠭᠡᠭᠡᠪᠦᠷᠢᠯᠡᠬᠦ ᠲᠡᠷᠭᠡ᠂ ᠭᠠᠯ ᠤᠨᠲᠠᠷᠠᠭᠠᠬᠤ ᠲᠡᠷᠭᠡ ᠵᠡᠷᠭᠡ ᠲᠤᠰᠬᠠᠢ ᠬᠡᠷᠡᠭᠯᠡᠭᠡᠨ ᠤ ᠲᠡᠷᠭᠡ 26 ᠪᠠᠶᠢᠬᠤ ᠶᠢᠨ ᠬᠠᠮᠲᠤ ᠲᠤᠰᠬᠠᠢ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠰᠠᠯᠬᠢᠨ ᠬᠦᠴᠦ ᠪᠠᠷ ᠭᠠᠯ ᠤᠨᠲᠠᠷᠠᠭᠠᠬᠤ ᠮᠠᠰᠢᠨ᠂ ᠬᠤᠶᠠᠳᠤᠭᠠᠷ ᠪᠠᠭᠠᠵᠢ᠂ ᠬᠠᠮ ᠪᠠᠭᠠᠵᠢ᠂ ᠡᠪᠳᠡᠯᠡᠵᠦ ᠵᠠᠳᠠᠯᠬᠤ ᠪᠠᠭᠠᠵᠢ ᠵᠡᠷᠭᠡ 500 ᠭᠠᠷᠤᠢ ᠮᠠᠰᠢᠨ ᠲᠡᠷᠭᠡ ᠲᠠᠢ ᠪᠠᠶᠢᠵᠤ᠂ 104 ᠾᠧᠺᠲ᠋ᠠᠷ ᠡᠪᠡᠰᠦᠲᠦ ᠭᠠᠵᠠᠷ ᠪᠠ 15953.96 ᠾᠧᠺᠲ᠋ᠠᠷ ᠣᠶᠢᠲᠤ ᠭᠠᠵᠠᠷ ᠢ ᠰᠠᠬᠢᠨ ᠬᠠᠮᠠᠭᠠᠯᠠᠵᠤ ᠪᠤᠢ᠃ ᠵᠢᠯ ᠪᠦᠷᠢ ᠶᠢᠨ 9 ᠳ᠋ᠦᠭᠡᠷ ᠰᠠᠷ᠎ᠠ ᠶᠢᠨ 15᠎ ᠤ ᠡᠳᠦᠷ ᠠᠴᠠ ᠳᠠᠷᠠᠭ᠎ᠠ ᠵᠢᠯ ᠤᠨ 6 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯᠠᠬᠢ ᠬᠤᠭᠤᠴᠠᠭ᠎ᠠ ᠪᠣᠯ ᠮᠠᠨ ᠤ ᠲᠤᠭᠤᠷᠢᠭ ᠭᠤᠤᠯᠳᠠᠯᠭ᠎ᠠ ᠲᠠᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠪᠣᠯᠤᠨ᠎ᠠ᠂ ᠭᠠᠯ ᠰᠡᠷᠭᠡᠶᠢᠯᠡᠬᠦ ᠬᠤᠭᠤᠴᠠᠭᠠᠨ ᠳᠤ ᠡᠳᠦᠷ ᠪᠦᠷᠢ ᠮᠠᠨ ᠤ  ᠲᠤᠭᠤᠷᠢᠭ ᠤᠨ ︽ᠭᠤᠷᠪᠠᠨ ᠠᠭᠤᠯᠠ ᠬᠤᠶᠠᠷ ᠭᠤᠤᠯ︾᠎ ᠤᠨ ᠭᠤᠤᠯᠳᠠᠯᠭ᠎ᠠ ᠲᠠᠢ ᠣᠷᠣᠨ ᠪᠦᠰᠡ ᠳᠤ ᠲᠣᠭᠤᠷᠢᠨ ᠪᠠᠶᠢᠴᠠᠭᠠᠯᠲᠠ ᠬᠢᠬᠦ ᠶᠢᠨ ᠬᠠᠮᠲᠤ᠂ ᠬᠠᠪᠤᠷ ᠨᠠᠮᠤᠷ ᠤᠨ ᠤᠯᠠᠷᠢᠯ ᠳᠤ ᠬᠡᠭᠡᠷ᠎ᠡ ᠭᠠᠳᠠᠨ᠎ᠠ ᠭᠠᠯ ᠪᠠᠶᠢᠨ ᠳᠠᠬᠢᠨ ᠬᠡᠷᠡᠭᠯᠡᠳᠡᠭ ᠲᠠᠷᠢᠶᠠᠨ ᠭᠠᠵᠠᠷ ᠤᠨ ᠭᠤᠤᠷᠰᠤ ᠰᠢᠲᠠᠭᠠᠬᠤ᠂ ᠳᠠᠬᠢᠯᠭ᠎ᠠ ᠬᠢᠬᠦ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠭᠤᠯᠠᠨ ᠣᠷᠣᠶ ᠶᠢ ᠬᠠᠷᠠᠬᠤ᠂ ᠪᠤᠯᠠᠰᠢ ᠶᠢ ᠰᠠᠬᠢᠬᠤ᠂ ᠲᠠᠷᠢᠶᠠᠨ ᠣᠷᠣᠶ ᠶᠢ ᠰᠡᠷᠭᠡᠶᠢᠯᠡᠬᠦ ᠠᠷᠭ᠎ᠠ ᠮᠠᠶ᠋ᠢᠭ ᠢᠶᠠᠷ ᠭᠠᠯ ᠤᠨ ᠭᠠᠮᠰᠢᠭ ᠤᠨ ᠳᠠᠯᠳᠠ ᠬᠡᠮ ᠡᠭᠦᠰᠬᠦ ᠶᠢ ᠰᠡᠷᠭᠡᠶᠢᠯᠡᠬᠦ ᠬᠡᠷᠡᠭᠲᠡᠶ᠃ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠰᠡᠷᠭᠡᠶᠢᠯᠡᠬᠦ ᠪᠥᠬᠦ ᠠᠵᠢᠯᠲᠠᠳ 24 ᠴᠠᠭ ᠢᠶᠠᠷ ᠨᠢᠰᠬᠡᠯ ᠢᠶᠠᠨ ᠨᠡᠭᠡᠭᠡᠵᠦ᠂ ᠵᠢᠵᠢᠭᠦᠷ ᠤᠨ ᠲᠠᠰᠤᠭ ᠲᠠᠢ ᠬᠤᠯᠪᠣᠭ᠎ᠠ ᠠᠪᠬᠤ ᠶᠢ ᠴᠠᠭ ᠢᠮᠠᠭᠲᠠ ᠪᠠᠲᠤᠯᠠᠵᠤ᠂ ᠭᠡᠨᠡᠳᠲᠡ ᠶᠢᠨ ᠬᠡᠷᠡᠭ ᠭᠠᠷᠪᠠᠯ ᠬᠡᠵᠢᠶ᠎ᠡ ᠳᠠᠭᠤᠳᠠᠪᠠᠯ ᠬᠡᠵᠢᠶ᠎ᠡ ᠬᠦᠷᠴᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠ ᠲᠦᠷᠭᠡᠨ ᠲᠤᠰᠬᠠᠬᠤ ᠴᠢᠳᠠᠪᠤᠷᠢ ᠶᠢ ᠪᠠᠲᠤᠯᠠᠬᠤ ᠬᠡᠷᠡᠭᠲᠡᠶ᠃         ᠬᠤᠶᠠᠷ ᠲᠤ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠳᠠ ᠦᠭᠡᠢ ᠪᠠᠲᠤᠳᠬᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠯᠪᠣᠭᠠᠯᠠᠨ ᠬᠥᠳᠡᠯᠦᠯᠴᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠵᠢᠨᠢᠩ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠦᠷᠢᠮ ᠢ ᠲᠡᠭᠦᠯᠳᠡᠷᠵᠢᠭᠦᠯᠪᠡ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ︽ᠬᠠᠩᠰᠢ ᠶᠢᠨ ᠡᠳᠦᠷ᠂  ᠲᠡᠷᠭᠡᠯ ᠪᠠᠶᠠᠷ ᠤᠨ ᠡᠳᠦᠷ᠂  ᠴᠠᠰᠤ ᠮᠦᠰᠦᠨ ᠤ ᠪᠠᠶᠠᠷ︾ ᠵᠡᠷᠭᠡ ᠤᠯᠠᠮᠵᠢᠯᠠᠯᠲᠤ ᠲᠠᠬᠢᠯᠭ᠎ᠠ ᠳᠤ ᠴᠢᠭᠯᠡᠭᠦᠯᠦᠨ ᠭᠠᠯ ᠰᠡᠷᠭᠡᠶᠢᠯᠡᠬᠦ ᠠᠵᠢᠯ ᠤᠨ ᠰᠢᠮᠳᠠᠭᠤᠯᠤᠨ ᠪᠠᠶᠢᠴᠠᠭᠠᠬᠤ ᠰᠢᠰᠲ᠋ᠧᠮᠵᠢ ᠶᠢ ᠲᠣᠭᠲᠠᠭᠠᠵᠤ᠂ ᠡᠯ᠎ᠡ ᠬᠠᠮᠢᠶ᠎ᠠ ᠪᠥᠬᠦᠶ ᠨᠢᠭᠡᠴᠡ ᠶᠢ ᠪᠦᠲᠦᠮᠵᠢᠲᠡᠶ ᠪᠥᠭᠡᠳ ᠵᠦᠶ ᠵᠣᠬᠢᠰᠲᠠᠶ ᠬᠤᠪᠢᠶᠠᠷᠢᠯᠠᠨ ᠣᠷᠣᠨ ᠪᠦᠰᠡ ᠬᠤᠪᠢᠶᠠᠨ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠪᠠ᠃ ︽ᠭᠤᠷᠪᠠᠨ ᠠᠭᠤᠯᠠ ᠬᠤᠶᠠᠷ ᠭᠤᠤᠯ︾᠎ ᠤᠨ ᠭᠤᠤᠯᠳᠠᠯᠭ᠎ᠠ ᠲᠠᠢ ᠣᠷᠣᠨ ᠪᠦᠰᠡ ᠳᠤ ᠨᠠᠩ ᠣᠯᠠᠨ ᠣᠷᠣᠬᠤ ᠣᠯᠠᠨ ᠲᠦᠮᠡᠨ ᠳᠤ ᠰᠡᠷᠡᠮᠵᠢᠯᠡᠭᠦᠯᠬᠦ ᠶᠢᠨ ᠲᠤᠰᠠᠳᠠ᠂ ᠭᠠᠯ ᠰᠡᠷᠭᠡᠶᠢᠯᠡᠬᠦ ᠨᠣᠮᠧᠷ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃ ᠨᠢᠭᠡ ᠲᠠᠯ᠎ᠠ ᠪᠠᠷ ᠠᠭᠤᠯᠠᠨ ᠳᠤ ᠤᠷᠤᠭᠰᠠᠨ ᠬᠥᠮᠦᠰ ᠢ ᠲᠦᠷᠭᠡᠨ ᠳᠡᠩᠰᠡᠯᠡᠵᠦ ᠂ ᠲᠡᠳᠡᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ ᠪᠣᠯᠤᠨ᠎ᠠ  ᠃ ᠨᠥᠭᠦᠭᠡ ᠲᠠᠯ᠎ᠠ ᠪᠠᠷ᠂ ᠠᠭᠤᠯᠠᠨ ᠳᠤ ᠣᠷᠣᠵᠤ ᠣᠶ ᠰᠢᠭᠤᠶ ᠳᠤ ᠣᠷᠣᠬᠤ ᠬᠥᠮᠦᠰ ᠤᠨ ᠲᠣᠮᠣ ᠳ᠋ᠠᠶᠢᠲ᠋ᠠ ᠶᠢ ᠪᠠᠶᠢᠭᠤᠯᠵᠤ᠂ ᠠᠷᠤ ᠲᠠᠪᠴᠠᠩ ᠤᠨ ᠬᠠᠮᠢᠶᠠᠷᠤᠯᠲᠠ ᠪᠠᠷ ᠳᠠᠮᠵᠢᠭᠤᠯᠤᠨ ᠴᠠᠭ ᠲᠤᠬᠠᠶ ᠳᠤᠨᠢ ᠪᠠᠶᠢᠴᠠᠭᠠᠨ ᠯᠠᠪᠯᠠᠬᠤ᠂ ᠵᠠᠳᠠᠯᠬᠤ᠂ ᠪᠦᠷᠢᠳᠬᠡᠬᠦ ᠶᠢ ᠪᠡᠶᠡᠯᠡᠭᠦᠯᠵᠦ᠂ ᠵᠣᠷᠢᠭᠤᠳᠠ ᠶᠢᠨ ᠭᠠᠯ ᠤᠨ ᠢᠷᠡᠯᠲᠡ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠵᠦ᠂ ᠭᠠᠯ ᠤᠨ ᠪᠠᠶᠢᠳᠠᠯ ᠤᠨ ᠰᠢᠯᠲᠠᠭᠠᠨ ᠢ ᠵᠠᠳᠠᠯᠬᠤ ᠪᠠ ᠮᠥᠷᠳᠡᠬᠦ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠣᠶ ᠰᠢᠭᠤᠶ ᠶᠢᠨ ᠭᠠᠯ ᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃        ᠭᠤᠷᠪᠠ ᠳᠤ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠶᠢᠯ ᠡᠷᠦᠬᠡ ᠪᠠᠷ ᠶᠠᠪᠤᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠸᠢᠴᠠᠲ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠶᠡᠷᠦ ᠶᠢᠨ ᠮᠡᠳᠡᠯᠭᠡ ᠶᠢ ᠥᠷᠭᠡᠨ ᠢᠶᠠᠷ ᠥᠷᠨᠢᠭᠦᠯᠵᠦ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠬᠡᠷᠡᠭᠲᠡᠶ᠃ ᠣᠲᠣ ᠪᠣᠯᠲᠠᠯ᠎ᠠ᠂ ᠨᠡᠶᠢᠲᠡ 8 ᠰᠤᠷᠭᠠᠭᠤᠯᠢ᠂ 10 ᠭᠠᠷᠤᠶ ᠠᠵᠤ ᠠᠬᠤᠶᠢᠯᠠᠯ ᠳᠤ ᠭᠠᠯ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠪᠠ ᠲᠤᠬᠠᠶ ᠶᠢᠨ ᠲᠠᠯᠠᠪᠤᠷ ᠤᠨ ᠠᠵᠢᠯᠯᠠᠭ᠎ᠠ ᠬᠢᠵᠦ᠂ 4000 ᠭᠠᠷᠤᠶ ᠬᠥᠨᠳᠡᠯᠡᠨ ᠪᠢᠴᠢᠭᠡᠰᠦ ᠶᠢ ᠨᠠᠭᠠᠵᠤ᠂ 5000 ᠭᠠᠷᠤᠶ ᠬᠤᠪᠢ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠭᠰᠠᠨ ᠪᠠᠶᠢᠨ᠎ᠠ᠃      ᠬᠥᠲᠥᠯᠥᠭᠴᠢ  ᠄ ᠶᠠᠩ ᠲᠣᠪᠴᠢᠶᠠᠨ ᠳᠠᠷᠤᠭ᠎ᠠ  ᠡ᠂ ᠪᠥᠬᠦ  ᠲᠤᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ ᠶᠠᠮᠠᠷ ᠶᠠᠮᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠣᠶ︖        ᠶᠠᠩ ᠰᠢᠶᠤᠤ ᠬᠤᠩ  ᠄ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠲᠠᠯ᠎ᠠ ᠪᠠᠷ᠂ ᠪᠢᠳᠡ ᠭᠤᠤᠯᠳᠠᠭᠤ ᠳᠣᠤᠷᠠᠬᠢ ᠮᠡᠲᠦ ᠠᠵᠢᠯ ᠤᠨ ᠪᠠᠶᠢᠷᠢᠯᠠᠭᠤᠯᠤᠯᠲᠠ ᠶᠢ ᠬᠢᠪᠠ᠃       ᠨᠢᠭᠡ ᠳᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠦᠨ᠎ᠠ᠃ ᠡᠨᠡ ᠵᠢᠯ ᠠᠴᠠ ᠨᠠᠰᠢ᠂ ᠮᠠᠨ ᠤ  ᠲᠤᠭᠤᠷᠢᠭ ᠢᠮᠠᠭᠲᠠ ᠰᠢ ᠶᠢᠨ ᠫᠢᠩ ᠶᠡᠷᠦᠩᠬᠡᠶ ᠱᠦᠵᠢ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ᠂ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠲᠣᠭᠤᠷᠢᠭ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠶᠡᠷᠦᠩᠬᠡᠶ ᠺᠣᠮᠠᠨᠳ᠋ᠯᠠᠭᠴᠢ ᠪᠣᠯᠭᠠᠵᠤ᠂ ᠭᠠᠵᠠᠷ ᠤᠨ ᠳᠡᠰ ᠤᠨ 5 ᠤᠳᠤᠷᠢᠳᠤᠯᠭ᠎ᠠ ᠪᠠᠷ ᠳᠡᠳ᠋ ᠶᠡᠷᠦᠩᠬᠡᠶ ᠺᠣᠮᠠᠨᠳ᠋ᠯᠠᠭᠴᠢ ᠪᠣᠯᠭᠠᠵᠤ᠂ 35 ᠪᠦᠷᠢᠯᠳᠦᠬᠦᠨ ᠨᠢᠭᠡᠴᠡ ᠶᠢᠨ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠢ ᠪᠠᠶᠢᠭᠤᠯᠵᠤ᠂ ᠡᠭᠦᠨ ᠤ ᠬᠠᠮᠲᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠣᠰᠣᠭᠠᠷ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠢ ᠵᠢᠨᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠶᠢ ᠲᠣᠰ ᠲᠣᠰ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠪᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ ᠦᠶᠡᠷ  ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠲᠤᠰ ᠲᠤᠰ  ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ  ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠦᠶᠡᠷ  ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ  ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠳᠠ ᠥᠭᠡᠢ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠶ᠃ ᠡᠭᠦᠨ ᠤ ᠬᠠᠮᠲᠤ᠂ ᠮᠠᠨ ᠤ  ᠲᠤᠭᠤᠷᠢᠭ ᠶᠡᠭᠡ ᠦᠶᠡᠷ ᠢ ᠰᠡᠷᠭᠡᠶᠢᠯᠡᠵᠦ ᠶᠡᠭᠡ ᠭᠠᠩ ᠢ ᠡᠰᠡᠷᠭᠦᠴᠡᠵᠦ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠢᠨᠵᠧᠨᠧᠷᠢᠩ ᠢ ᠲᠣᠬᠢᠷᠠᠭᠤᠯᠬᠤ᠂ ᠠᠶᠤᠯ ᠠᠴᠠ ᠠᠪᠤᠷᠠᠨ ᠲᠤᠰᠠᠯᠠᠬᠤ᠂ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ᠂ ᠰᠣᠨᠢᠨ ᠮᠡᠳᠡᠭᠡᠨ ᠤ ᠤᠬᠠᠭᠤᠯᠭ᠎ᠠ ᠪᠣᠯᠤᠨ ᠬᠤᠶᠢᠲᠤᠬᠢ ᠶᠠᠪᠤᠳᠠᠯ ᠢ ᠰᠢᠶᠳᠪᠦᠷᠢᠯᠡᠬᠦ ᠵᠡᠷᠭᠡ 6 ᠲᠤᠰᠬᠠᠶ ᠠᠵᠢᠯ ᠤᠨ ᠳᠤᠭᠤᠶᠢᠯᠠᠩ ᠢ ᠲᠤᠰᠬᠠᠶᠢᠯᠠᠨ ᠪᠠᠶᠢᠭᠤᠯᠤᠭᠰᠠᠨ ᠪᠥᠭᠡᠳ ᠤᠰᠤ ᠭᠠᠩ ᠤᠨ ᠭᠠᠮᠰᠢᠭ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠵᠢᠭᠦᠯᠬᠦ ᠲᠠᠰ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠭᠰᠡᠨ ᠪᠠᠶᠢᠨ᠎ᠠ᠃  ᠲᠤᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠭᠡᠷ ︽ᠵᠢᠨᠢᠩ ᠲᠣᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠵᠤ᠂ ︽ᠵᠢᠨᠢᠩ ᠲᠣᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠵᠢᠯ ᠤᠨ ᠳᠦᠷᠢᠮ︾ ︽ᠵᠢᠨᠢᠩ ᠲᠣᠭᠤᠷᠢᠭ ᠤᠨ ᠬᠤᠲᠠ ᠪᠠᠯᠭᠠᠰᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾ ︽ᠵᠢᠨᠢᠩ ᠲᠣᠭᠤᠷᠢᠭ ᠤᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠲᠥᠰᠦᠯ︾ ︽ᠵᠢᠨᠢᠩ ᠲᠣᠭᠤᠷᠢᠭ ᠤᠨ ᠨᠠᠷᠠᠰᠤᠨ ᠭᠤᠤᠯ ᠤᠰᠤᠨ ᠴᠥᠭᠦᠷᠥᠮ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ︾ ︽ᠵᠢᠨᠢᠩ ᠲᠣᠭᠤᠷᠢᠭ ᠤᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾ ︽ᠵᠢᠨᠢᠩ ᠲᠣᠭᠤᠷᠢᠭ ᠤᠨ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠪᠠ᠃ ᠡᠭᠦᠨ ᠤ ᠬᠠᠮᠲᠤ ᠱᠠᠳᠤ ᠬᠤᠪᠢᠶᠠᠨ ᠬᠠᠮᠢᠶᠠᠷᠬᠤ᠂ ᠱᠠᠳᠤ ᠬᠤᠪᠢᠶᠠᠨ ᠬᠠᠷᠢᠭᠤᠴᠠᠬᠤ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢᠶᠠᠷ ᠭᠤᠣᠯ ᠪᠣᠯᠭᠠᠭᠰᠠᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢᠲᠦ ᠪᠠᠶᠢᠳᠠᠯ ᠭᠠᠷᠬᠤ ᠳᠤ ᠬᠦᠷᠪᠡᠯ᠂ ᠡᠮᠦᠨ᠎ᠡ ᠹᠷᠣᠨᠲ ᠲᠤ ᠵᠢᠯᠣᠭᠤᠳᠴᠤ᠂ ᠡᠷᠡᠰ ᠰᠢᠭᠤᠷᠬᠠᠶ ᠪᠠᠷ ᠰᠢᠶᠳᠪᠦᠷᠢᠯᠡᠬᠦ ᠶᠢ ᠡᠷᠡᠰ ᠪᠡᠶᠡᠯᠡᠭᠦᠯᠬᠦ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠦᠭᠦᠳ ᠦᠶᠡᠷ  ᠤᠨ ᠬᠤᠭᠤᠴᠠᠭᠠᠨ  ᠳᠤ ᠳᠠᠭᠠᠭᠤᠯᠤᠨ ᠵᠢᠵᠢᠭᠦᠷᠯᠡᠬᠦ ᠲᠥᠷᠢᠮ  ᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ᠂ ᠬᠥᠮᠦᠨ ᠲᠣᠭᠲᠠᠭᠠᠬᠤ᠂ ᠴᠠᠭ ᠲᠣᠭᠲᠠᠭᠠᠬᠤ ᠶᠢ ᠪᠡᠶᠡᠯᠡᠭᠦᠯᠵᠦ᠂ 24 ᠴᠠᠭ ᠢᠶᠠᠷ ᠵᠢᠵᠢᠭᠦᠷᠯᠡᠬᠦ ᠲᠥᠷᠢᠮ  ᠢ  ᠪᠠᠷᠢᠮᠲᠠᠯᠠᠨ᠂ ᠦᠶᠡᠷ  ᠤᠨ ᠡᠮᠦᠨ᠎ᠡ ᠪᠠᠶᠢᠴᠠᠭᠠᠬᠤ᠂ ᠰᠡᠯᠪᠢᠨ ᠵᠠᠰᠠᠵᠤ ᠪᠠᠬᠢᠵᠢᠭᠦᠯᠬᠦ ᠠᠴᠠ ᠦᠶᠡᠷ ᠎ ᠤᠨ ᠬᠤᠭᠤᠴᠠᠭᠠᠨ ᠟ ᠲᠤ ᠲᠣᠬᠢᠷᠠᠭᠤᠯᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠮᠰᠢᠭ ᠠᠴᠠ ᠠᠪᠤᠷᠠᠵᠤ ᠲᠥᠪᠬᠢᠨᠡᠭᠦᠯᠬᠦ ᠵᠡᠷᠭᠡ ᠠᠵᠢᠯ ᠢ ᠲᠤᠤᠱᠲᠠᠢ ᠳᠠᠭᠠᠭᠠᠴᠢᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃  ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠤᠰᠤᠨ ᠰᠢᠨᠵᠢᠯᠡᠭᠡᠨ ᠤ ᠥᠷᠲᠡᠭᠡ ᠪᠠ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠴᠠᠭ ᠠᠭᠤᠷ ᠤᠨ ᠬᠢᠨᠠᠨ ᠬᠡᠮᠵᠢᠯᠲᠡ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠥᠮᠦᠨ᠂ ᠡᠳ᠋ ᠪᠣᠳᠠᠰ᠂ ᠪᠠᠯᠠ ᠮᠥᠩᠭᠦ ᠭᠤᠷᠪᠠ ᠶᠢ ᠪᠣᠳᠠᠲᠠᠶᠢᠵᠢᠭᠤᠯᠬᠤ ᠶᠢᠨ ᠬᠠᠮᠲᠤ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠬᠡᠷᠡᠭᠵᠢᠭᠦᠯᠵᠦ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠪᠣᠯᠤᠨ ᠦᠶᠡᠷ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠤᠰᠤᠨ ᠴᠥᠭᠦᠷᠥᠮ ᠤᠨ ᠤᠰᠤ ᠢᠷᠡᠭᠰᠡᠨ ᠪᠠᠶᠢᠳᠠᠯ ᠢ ᠨᠠᠷᠢᠨ ᠬᠢᠨᠠᠮᠠᠭᠠᠶ ᠵᠠᠳᠠᠯᠵᠤ᠂ ᠤᠰᠤᠨ ᠴᠥᠭᠦᠷᠥᠮ ᠤᠨ ᠠᠮᠤᠷ ᠲᠦᠪᠰᠢᠨ ᠤ ᠪᠠᠶᠢᠳᠠᠯ ᠢ ᠦᠨᠳᠦᠰᠦᠯᠡᠨ᠂ ᠤᠰᠤᠨ ᠴᠥᠭᠦᠷᠥᠮ ᠢ ᠵᠦᠶ ᠵᠣᠬᠢᠰᠲᠠᠶ ᠪᠠᠷ ᠬᠠᠳᠠᠭᠠᠯᠠᠵᠤ ᠭᠠᠷᠭᠠᠬᠤ ᠶᠢ ᠪᠡᠶᠡᠯᠡᠭᠦᠯᠵᠦ᠂ ᠮᠠᠨ ᠤ  ᠲᠤᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠣᠯᠤᠨ ᠤᠰᠤ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃       ᠬᠤᠶᠠᠷ ᠲᠤ᠂ ᠲᠤᠰᠬᠠᠶ ᠵᠠᠰᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠳᠤ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ ᠵᠢᠨᠢᠩ ᠲᠣᠭᠤᠷᠢᠭ ᠲᠤ ᠣᠳᠣ 5 ᠤᠰᠤᠨ ᠴᠥᠭᠦᠷᠥᠮ ᠲᠠᠢ᠄ ᠡᠭᠦᠨ ᠳᠤ ᠵᠢᠵᠢᠭ I ᠬᠡᠯᠪᠡᠷᠢ ᠶᠢᠨ ᠤᠰᠤᠨ ᠴᠥᠭᠦᠷᠥᠮ ᠳᠤ ᠨᠠᠷᠠᠰᠤᠨ  ᠭᠤᠤᠯ ᠤᠰᠤᠨ ᠴᠥᠭᠦᠷᠥᠮ᠂ ᠨᠢᠳᠠᠨ ᠭᠤᠣᠯ ᠤᠨ ᠤᠰᠤᠨ ᠴᠥᠭᠦᠷᠥᠮ᠂ ᠰᠢᠶᠤᠤ ᠳ᠋ᠦᠩ ᠬᠤᠤ ᠤᠰᠤᠨ ᠴᠥᠭᠦᠷᠥᠮ᠂ ᠵᠢᠵᠢᠭ Ⅱ ᠬᠡᠯᠪᠡᠷᠢ ᠶᠢᠨ ᠤᠰᠤᠨ ᠴᠥᠭᠦᠷᠥᠮ ᠳᠤ ᠨᠥᠬᠦᠷᠯᠡᠯ ᠤᠰᠤᠨ ᠴᠥᠭᠦᠷᠥᠮ ᠪᠠ ᠵᠠᠩ ᠮᠢᠩ ᠭᠸᠤ ᠤᠰᠤᠨ ᠴᠥᠭᠦᠷᠥᠮ ᠪᠤᠶ᠃ ᠤᠰᠤᠨ ᠴᠥᠭᠦᠷᠥᠮ᠂ ᠭᠤᠣᠯ  ᠤᠨ  ᠵᠠᠮ᠂ ᠬᠠᠰᠢᠯᠭ᠎ᠠ ᠳᠠᠯᠠᠩ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ  ᠶᠢᠨ ᠠᠶᠤᠯ ᠲᠦᠭᠰᠢᠭᠦᠷᠢ  ᠶᠢᠨ ᠲᠠᠯᠳᠠ ᠭᠡᠮ  ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ  ᠶᠢ ᠦᠨᠡᠨᠬᠦ ᠰᠠᠶᠢᠲᠤᠷ ᠬᠢᠬᠦ  ᠶᠢᠨ ᠲᠤᠰᠠᠳᠠ᠂ ᠬᠡᠰᠡᠭ ᠪᠦᠷᠢᠯᠳᠦᠬᠦᠨ ᠨᠢᠭᠡᠴᠡ ᠨᠦᠭᠦᠳ ᠲᠤᠰ ᠲᠤᠰ  ᠤᠨ ᠬᠠᠷᠢᠶ᠎ᠠ ᠣᠷᠣᠨ᠂ ᠲᠤᠰ ᠲᠤᠰ  ᠤᠨ ᠠᠵᠢᠯ ᠲᠦᠷᠦᠯ  ᠤᠨ ᠬᠦᠷᠢᠶᠡᠨ ᠲᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ  ᠶᠢ ᠪᠦᠬᠦ ᠲᠠᠯ᠎ᠠ ᠪᠠᠷ ᠥᠷᠨᠢᠭᠦᠯᠬᠦ  ᠶᠢᠨ ᠬᠠᠮᠲᠤ ᠡᠬᠡ ᠲᠠᠩᠰᠠ ᠪᠠᠶᠢᠭᠤᠯᠵᠤ᠂ ᠨᠣᠮᠧᠷ ᠠᠴᠠ ᠨᠢ ᠬᠠᠰᠤᠵᠤ ᠰᠢᠶᠳᠪᠦᠷᠢᠯᠡᠬᠦ  ᠶᠢ ᠬᠡᠷᠡᠭᠵᠢᠭᠦᠯᠵᠦ᠂ ᠪᠦᠬᠦᠨ  ᠢ ᠴᠡᠭᠴᠡᠯᠡᠨ ᠰᠠᠶᠢᠵᠢᠷᠠᠭᠤᠯᠬᠤ  ᠶᠢ ᠦᠨᠡᠨᠬᠦ ᠪᠠᠲᠤᠯᠠᠨ᠎ᠠ᠃ 4 ᠰᠠᠷ᠎ᠠ ᠶᠢᠨ 24᠎ ᠤ ᠡᠳᠦᠷ ᠠᠴᠠ ᠡᠬᠢᠯᠡᠵᠦ᠂ ᠮᠠᠨ ᠤ  ᠲᠤᠭᠤᠷᠢᠭ ᠠᠭᠤᠯᠠᠨ ᠳᠤᠮᠳᠠᠬᠢ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠪᠤᠰᠤ ᠠᠷᠭ᠎ᠠ ᠬᠡᠮᠵᠢᠶ᠎ᠡ ᠶᠢᠨ ᠲᠥᠷᠥᠯ ᠵᠦᠶᠯ ᠤᠨ 29 ᠠᠦ᠋ᠲ᠋ᠣ᠋ ᠰᠡᠷᠡᠮᠵᠢᠯᠡᠭᠦᠯᠦᠯ ᠤᠨ ᠬᠢᠨᠠᠨ ᠬᠡᠮᠵᠢᠬᠦ ᠥᠷᠲᠡᠭᠡ ᠴᠢᠬ᠂ 48 ᠰᠡᠷᠡᠮᠵᠢᠯᠡᠭᠦᠯᠦᠯ ᠤᠨ ᠷᠠᠳᠢᠣ᠋ ᠨᠡᠪᠲᠡᠷᠡᠭᠦᠯᠭᠡ ᠶᠢᠨ ᠥᠷᠲᠡᠭᠡ᠂ 5 ᠤᠰᠤᠨ ᠴᠥᠭᠦᠷᠥᠮ᠂ 27 ᠠᠦ᠋ᠲ᠋ᠣ᠋ ᠪᠣᠷᠣᠭᠠᠨ ᠤ ᠬᠡᠮᠵᠢᠶ᠎ᠡ ᠶᠢᠨ ᠤᠰᠤᠨ ᠲᠦᠪᠰᠢᠨ ᠤ ᠬᠢᠨᠠᠨ ᠬᠡᠮᠵᠢᠬᠦ ᠥᠷᠲᠡᠭᠡ ᠴᠡᠭ ᠲᠤ ᠨᠢᠭᠡᠳ ᠨᠢᠭᠡ ᠪᠠᠷ ᠪᠠᠶᠢᠴᠠᠭᠠᠯᠲᠠ ᠬᠢᠪᠠ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠢ ᠵᠢᠯᠣᠭᠤᠳᠬᠤ ᠰᠢᠰᠲ᠋ᠧᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠤᠭ᠎ᠠ ᠪᠠᠷᠢᠮᠲᠠ ᠶᠢ ᠴᠤᠭᠯᠠᠭᠤᠯᠬᠤ ᠲᠠᠪᠴᠠᠩ ᠤᠨ ᠠᠵᠢᠯᠯᠠᠭᠠᠨ ᠬᠡᠪ ᠤᠨ ᠪᠠᠶᠢᠳᠠᠯ ᠢᠶᠠᠷ ᠶᠠᠪᠤᠭᠳᠠᠵᠤ᠂ 5 ᠤᠰᠤᠨ ᠴᠥᠭᠦᠷᠥᠮ ᠤᠨ ᠠᠵᠢᠯᠯᠠᠭᠠᠨ ᠮᠠᠰᠢ ᠰᠠᠶᠢᠨ ᠪᠠᠶᠢᠵᠤ᠂ ᠴᠢᠭᠢᠭ ᠤᠨ ᠪᠠᠶᠢᠳᠠᠯ ᠢ ᠬᠢᠨᠠᠨ ᠬᠡᠮᠵᠢᠬᠦ 2 ᠠᠦ᠋ᠲ᠋ᠣ᠋ ᠥᠷᠲᠡᠭᠡ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ ᠰᠡᠭᠦᠳᠡᠷᠯᠡᠬᠦ 2 ᠥᠷᠲᠡᠭᠡ ᠬᠡᠪ ᠤᠨ ᠪᠠᠶᠢᠳᠠᠯ ᠢᠶᠠᠷ ᠬᠡᠷᠡᠭᠯᠡᠭᠳᠡᠵᠦ ᠳᠡᠶᠢᠯᠬᠦ ᠥᠬᠡᠶ᠂ ᠵᠠᠩ ᠮᠢᠩ ᠭᠸᠦ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠴᠢᠬᠤᠯᠠᠲᠠᠶ ᠪᠠᠶᠢᠬᠤ ᠶᠢ ᠣᠯᠵᠤ ᠮᠡᠳᠡᠵᠡᠶ᠃ ᠣᠳᠣᠬᠠᠨ ᠳᠤ᠂ ᠵᠠᠩ ᠮᠢᠩ ᠭᠸᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ 2 ᠰᠡᠭᠦᠳᠡᠷᠯᠡᠬᠦ ᠦᠷᠳᠡᠭᠡ ᠶᠢ ᠰᠡᠯᠪᠢᠨ ᠵᠠᠰᠠᠬᠤ ᠠᠵᠢᠯ ᠢ ᠨᠢᠭᠡᠨᠲᠡ ᠳᠠᠭᠤᠰᠬᠠᠵᠤ᠂ 2 ᠬᠢᠨᠠᠨ ᠬᠡᠮᠵᠢᠬᠦ ᠦᠷᠳᠡᠭᠡ ᠶᠢ ᠶᠠᠭ ᠰᠡᠯᠪᠢᠨ ᠵᠠᠰᠠᠵᠤ ᠪᠤᠢ᠃ ᠭᠤᠤᠯ ᠤᠨ ᠵᠠᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠪᠠᠷ ᠳᠡᠮᠵᠢᠨ᠂ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠲᠣᠭᠲᠠᠴᠠ ᠶᠢ ᠴᠢᠩᠭᠠᠳᠬᠠᠨ ᠪᠦᠷᠢᠨᠰᠢᠬᠦᠯᠵᠦ᠂ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠮᠢᠶᠠᠷᠴᠤ ᠬᠠᠮᠠᠭᠠᠯᠠᠬᠤ ᠣᠷᠣᠨ ᠪᠦᠰᠡ ᠶᠢ ᠪᠦᠷᠢᠨ ᠪᠦᠷᠬᠦᠭᠦᠯᠬᠦ᠂ ᠭᠤᠤᠯ ᠤᠨ ᠳᠠᠷᠤᠭ᠎ᠠ ᠶᠢᠨ ᠲᠦᠷᠢᠮ ᠤᠨ ᠰᠢᠰᠲ᠋ᠧᠮᠵᠢ ᠶᠢᠨ ᠵᠠᠰᠠᠭ ᠵᠠᠬᠢᠷᠭᠠᠨ ᠤ ᠣᠷᠣᠨ ᠪᠦᠰᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠲᠣᠭᠤᠷᠢᠭ ᠤᠨ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠠᠴᠠ ᠡᠯ᠎ᠡ ᠵᠦᠶᠯ ᠤᠨ ᠭᠤᠤᠯ ᠮᠥᠷᠡᠨ ᠤ ᠳᠠᠷᠤᠭ᠎ᠠ ᠶᠢᠨ ᠨᠠᠭᠤᠷ ᠲᠣᠭᠤᠷᠢᠮ ᠤᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠬᠤ ᠭᠦᠶᠴᠡᠳᠬᠡᠯ ᠲᠤᠭ᠎ᠠ ᠶᠢ ᠲᠣᠳᠣᠷᠬᠠᠶᠢᠯᠠᠵᠤ᠂ ᠬᠠᠷᠢᠶ᠎ᠠ ᠣᠷᠣᠨ ᠳᠠᠬᠢ ᠡᠯ᠎ᠡ ᠱᠠᠲᠤᠨ ᠤ ᠭᠤᠤᠯ ᠮᠥᠷᠡᠨ ᠤ ᠳᠠᠷᠤᠭ᠎ᠠ ᠶᠢ ᠰᠢᠮᠳᠠᠭᠤᠯᠵᠤ ᠪᠠᠶᠢᠭᠠᠳ ᠲᠣᠭᠲᠠᠮᠠᠯ ᠬᠤᠭᠤᠴᠠᠭ᠎ᠠ ᠲᠠᠢ ᠪᠠᠷ ᠭᠤᠤᠯ ᠴᠠᠭᠳᠠᠬᠤ ᠠᠵᠢᠯ ᠥᠷᠨᠢᠭᠦᠯᠵᠦ᠂ ᠡᠯ᠎ᠡ ᠱᠠᠲᠤᠨ ᠤ ᠭᠤᠤᠯ ᠮᠥᠷᠡᠨ ᠤ ᠳᠠᠷᠤᠭ᠎ᠠ ᠶᠢ ︽ᠭᠤᠤᠯ ᠢ ᠰᠠᠬᠢᠵᠤ ᠬᠠᠷᠢᠭᠤᠴᠠᠯᠭ᠎ᠠ ᠪᠠᠨ ᠭᠦᠶᠴᠡᠳᠬᠡᠬᠦ︾᠎ ᠶᠢ ᠪᠡᠶᠡᠯᠡᠭᠦᠯᠦᠨ᠂ ᠡᠯ᠎ᠡ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ᠭᠤᠤᠯ ᠲᠣᠭᠤᠷᠢᠮ ᠢ ᠲᠣᠭᠤᠷᠢᠨ ᠴᠠᠭᠳᠠᠭᠰᠠᠨ ᠲᠡᠮᠳᠡᠭᠯᠡᠯ ᠢ ᠨᠠᠷᠢᠨ ᠪᠣᠳᠠᠲᠠᠶ ᠲᠡᠮᠳᠡᠭᠯᠡᠬᠦ ᠶᠢᠨ ᠬᠠᠮᠲᠤ᠂ ᠭᠤᠤᠯ ᠲᠣᠭᠤᠷᠢᠨ ᠴᠠᠭᠳᠠᠬᠤ ᠶᠠᠪᠤᠴᠠ ᠳᠤ ᠢᠯᠡᠷᠡᠭᠦᠯᠦᠭᠰᠡᠨ ᠡᠯ᠎ᠡ ᠲᠥᠷᠥᠯ ᠤᠨ ᠠᠰᠠᠭᠤᠳᠠᠯ ᠢ ᠬᠠᠷᠢᠭᠤ ᠮᠡᠳᠡᠭᠦᠯᠦᠨ᠎ᠡ᠃ ᠪᠠᠶᠢᠴᠠᠭᠠᠨ ᠳᠣᠲᠣᠯᠠᠬᠤ ᠪᠠᠷ ᠳᠡᠮᠵᠢᠨ᠂ ᠨᠠᠷᠠᠰᠤᠨ ᠭᠤᠤᠯ ︵ᠰᠢᠨ ᠲᠢ ᠵᠠᠮ ᠤᠨ ᠬᠡᠰᠡᠭ︶᠎ ᠤᠨ ᠭᠤᠤᠯ ᠤᠨ ᠡᠷᠭᠢ ᠶᠢᠨ ᠬᠤᠭ ᠨᠣᠪᠰᠢ ᠣᠪᠣᠭᠠᠯᠠᠬᠤ ᠠᠰᠠᠭᠤᠳᠠᠯ᠂ ᠨᠠᠨ ᠱᠠ ᠾᠧ ᠭᠤᠤᠯ ᠤᠨ  ᠨᠠᠷᠠᠰᠤᠨ ᠭᠤᠤᠯ ᠤᠨ ᠠᠳᠠᠭ ᠲᠤ ᠴᠢᠳᠬᠤᠬᠤ ᠬᠤᠭ ᠨᠣᠪᠰᠢ ᠡᠷᠦᠶ ᠬᠤᠷᠤᠶ ᠥᠬᠡᠶ ᠣᠪᠣᠭᠠᠯᠠᠬᠤ ᠠᠰᠠᠭᠤᠳᠠᠯ 2 ᠭᠠᠵᠠᠷ ᠢ ᠨᠢᠭᠡᠨᠲᠡ ᠪᠡᠶᠡᠯᠡᠭᠦᠯᠪᠡ︔ ᠥᠪᠡᠷ ᠤᠨ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠯᠢ ᠵᠢᠶᠠ ᠼᠦᠨ ᠲᠣᠰᠬᠤᠨ ᠤ  ᠨᠠᠷᠠᠰᠤᠨ ᠭᠤᠣᠯ ᠤᠨ ᠠᠳᠠᠭ ᠤᠨ ᠦᠶᠡᠷ ᠢ ᠰᠡᠷᠭᠡᠶᠢᠯᠡᠬᠦ ᠬᠠᠰᠢᠯᠭ᠎ᠠ ᠳᠤ ᠴᠢᠭᠯᠡᠭᠦᠯᠦᠨ ᠠᠰᠠᠭᠤᠳᠠᠯ ᠢ ᠨᠢᠭᠡᠨᠲᠡ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠵᠥᠪᠳᠡᠯᠴᠡᠵᠦ ᠪᠠᠶᠢᠭᠠᠳ ᠴᠡᠭᠴᠡᠯᠡᠨ ᠥᠭᠡᠷᠡᠴᠢᠯᠡᠬᠦ ᠠᠵᠢᠯ ᠢ ᠪᠡᠶᠡᠯᠡᠭᠦᠯᠵᠡᠶ᠃        ᠭᠤᠷᠪᠠ ᠳᠤ ᠭᠠᠮᠰᠢᠭ ᠢ ᠰᠡᠷᠭᠡᠶᠢᠯᠡᠨ ᠭᠠᠮᠰᠢᠭ ᠲᠤ ᠪᠡᠯᠡᠳᠬᠡᠬᠦ ᠰᠢᠰᠲ᠋ᠧᠮ ᠢ ᠲᠡᠭᠦᠯᠳᠡᠷᠵᠢᠭᠦᠯᠵᠦ᠂ ᠠᠷᠭᠠᠴᠠᠬᠤ ᠴᠢᠳᠠᠪᠤᠷᠢ ᠪᠠᠨ ᠦᠨᠡᠨ ᠬᠦ ᠴᠢᠩᠭᠠᠳᠬᠠᠨ᠎ᠠ᠃ ᠲᠥᠰᠦᠪ ᠲᠤ  ᠲᠤᠭᠤᠷᠢᠭ ᠤᠨ ᠳᠠᠷᠤᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠᠯᠠ ᠮᠥᠩᠭᠦ ᠶᠢ 3000 ᠲᠦᠮᠡᠨ ᠲᠥᠭᠦᠷᠢᠭ ᠲᠣᠬᠢᠷᠠᠭᠤᠯᠵᠤ᠂ ᠦᠶᠡᠷ ᠤᠨ ᠪᠠᠶᠢᠳᠠᠯ ᠭᠠᠩ ᠤᠨ ᠪᠠᠶᠢᠳᠠᠯ ᠭᠠᠷᠪᠠᠯ ᠪᠠᠯᠠ ᠮᠥᠩᠭᠦ ᠶᠢ ᠴᠠᠭ ᠲᠤᠬᠠᠶ ᠳᠤᠨᠢ ᠬᠡᠷᠡᠭᠯᠡᠵᠦ ᠪᠣᠯᠤᠨ᠎ᠠ᠃ 2021 ᠣᠨ ᠳᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠷᠥᠯ ᠵᠦᠶᠯ ᠤᠨ 19.5 ᠲᠦᠮᠡᠨ ᠲᠥᠭᠦᠷᠢᠭ ᠤᠨ ᠬᠠᠮᠠᠭᠠᠯᠠᠯᠲᠠ ᠶᠢᠨ ᠪᠠᠯᠠ ᠮᠥᠩᠭᠦ ᠶᠢ ᠨᠢᠭᠡᠨᠲᠡ ᠪᠠᠭᠤᠯᠭᠠᠪᠠ᠂ ᠡᠭᠦᠨ ᠳᠤ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠳᠤ 10 ᠲᠦᠮᠡᠨ ᠲᠥᠭᠦᠷᠢᠭ ᠬᠡᠷᠡᠭᠯᠡᠵᠦ᠂ ᠪᠠᠷᠢᠯᠭ᠎ᠠ ᠶᠢᠨ ᠪᠤᠰᠤ ᠠᠷᠭ᠎ᠠ ᠬᠡᠮᠵᠢᠶ᠎ᠡ ᠪᠠᠷ 9.5 ᠲᠦᠮᠡᠨ ᠲᠥᠭᠦᠷᠢᠭ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠳᠤ ᠬᠡᠷᠡᠭᠯᠡᠨ᠎ᠡ᠃ ᠭᠠᠮᠰᠢᠭ ᠠᠴᠠ ᠠᠪᠤᠷᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠳᠤ ᠲᠤᠰᠬᠠᠶ ᠮᠡᠷᠭᠡᠵᠢᠯ ᠤᠨ ᠠᠵᠢᠯᠳᠠᠨ ᠤ ᠲᠤᠭ᠎ᠠ᠂ ᠪᠣᠯᠪᠠᠰᠤᠷᠠᠭᠤᠯᠤᠯ ᠳᠡᠭᠡᠷ᠎ᠡ ᠭᠤᠣᠯᠳᠠᠯᠭ᠎ᠠ ᠪᠠᠨ ᠲᠠᠯᠪᠢᠬᠤ ᠬᠡᠷᠡᠭᠲᠡᠶ᠃ ᠮᠠᠨ ᠤ  ᠲᠤᠭᠤᠷᠢᠭ ᠤᠨ ᠶᠡᠷᠦᠩᠬᠡᠶᠢᠯᠡᠭᠰᠡᠨ ᠴᠢᠨᠠᠷᠲᠠᠶ ᠠᠪᠤᠷᠠᠨ ᠲᠤᠰᠠᠯᠠᠬᠤ ᠡᠩᠨᠡᠭᠡ ᠳᠤ 4 ᠰᠠᠯᠠᠭ᠎ᠠ 1124 ᠬᠥᠮᠦᠨ ᠪᠠᠶᠢᠵᠤ᠂ ᠲᠣᠰ ᠲᠣᠰ  ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠤᠮᠤᠨ ᠤ 1000 ᠬᠥᠮᠦᠨ᠂  ᠲᠤᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠭᠡ ᠠᠩᠭᠢ ᠶᠢᠨ 74 ᠬᠥᠮᠦᠨ᠂  ᠲᠤᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ 50 ᠬᠥᠮᠦᠨ᠂  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠡᠷᠦᠬᠡ ᠶᠢᠨ ᠴᠡᠷᠢᠭ ᠤᠨ ᠠᠶᠤᠯ ᠠᠴᠠ ᠠᠪᠤᠷᠠᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ 30 ᠬᠥᠮᠦᠨ ᠪᠠᠶᠢᠵᠤ ᠂ ᠵᠢᠯᠣᠭᠤᠳᠬᠤ ᠭᠠᠵᠠᠷ ᠠᠴᠠ ᠨᠢᠭᠡᠳᠦᠯᠲᠡᠶ ᠵᠢᠯᠣᠭᠤᠳᠤᠨ ᠲᠣᠬᠢᠷᠠᠭᠤᠯᠵᠤ᠂ ᠨᠢᠭᠡᠳᠦᠯᠲᠡᠶ ᠲᠣᠬᠢᠷᠠᠭᠤᠯᠬᠤ᠂ ᠭᠠᠮᠰᠢᠭ ᠢ ᠰᠡᠷᠭᠡᠶᠢᠯᠡᠬᠦ ᠶᠢ ᠵᠣᠬᠢᠴᠠᠭᠤᠯᠬᠤ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠪᠠ᠃ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠲᠥᠷᠥᠯ ᠵᠦᠶᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠡᠳ᠋ ᠪᠠᠷᠠᠭ᠎ᠠ ᠨᠥᠭᠡᠴᠡᠯᠡᠬᠦ ᠲᠠᠯᠠᠪᠤᠷ ᠭᠠᠵᠠᠷ ᠢ ᠵᠦᠶ ᠵᠣᠬᠢᠰᠲᠠᠶ ᠳᠣᠭᠢᠷᠠᠭᠤᠯᠤᠨ᠂ ᠡᠳ᠋ ᠪᠠᠷᠠᠭ᠎ᠠ ᠨᠥᠭᠡᠴᠡᠯᠡᠬᠦ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠡᠳ᠋ ᠪᠠᠷᠠᠭ᠎ᠠ ᠶᠢᠨ ᠨᠥᠭᠡᠴᠡᠯᠡᠯᠲᠡ ᠭᠦᠶᠴᠡᠳ᠂ ᠬᠡᠷᠡᠭᠯᠡᠬᠦ ᠶᠢᠨ ᠳᠠᠭᠠᠤ ᠳᠤ ᠲᠣᠬᠢᠷᠠᠭᠤᠯᠬᠤ ᠶᠢ ᠦᠨᠡᠨᠬᠦ ᠪᠠᠲᠤᠯᠠᠨ᠎ᠠ᠃ ᠣᠳᠣᠬᠠᠨ ᠳᠤ᠂ ᠮᠠᠨ ᠤ  ᠲᠤᠭᠤᠷᠢᠭ ᠨᠢᠭᠡᠨᠲᠡ 17 ᠲᠥᠷᠥᠯ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠳ᠋ ᠪᠣᠳᠠᠰ ᠨᠥᠭᠡᠴᠡᠯᠡᠵᠦ᠂ 33000 ᠨᠡᠬᠡᠬᠦ ᠤᠭᠤᠲᠠ᠂ 170 ᠪᠣᠬᠢᠷ ᠪᠣᠳᠠᠰ ᠭᠠᠳᠠᠭᠰᠢᠯᠠᠭᠤᠯᠬᠤ ᠬᠥᠭᠡᠷᠭᠡ᠂ 5 ᠴᠠᠶᠢᠶ᠋ᠢᠦ ᠮᠠᠰᠢᠨ ᠤ ᠥᠪᠡᠷᠲᠡᠭᠡᠨ ᠰᠣᠷᠣᠬᠤ ᠬᠥᠭᠡᠷᠭᠡ᠂ 4 ᠱᠤᠩᠭᠤᠯ ᠬᠥᠭᠡᠷᠭᠡ᠂ 107 ᠴᠢᠶ᠋ᠢᠦ ᠶᠢᠨ ᠬᠥᠭᠡᠷᠭᠡ᠂ 14 ᠴᠠᠬᠢᠯᠭᠠᠨ ᠭᠠᠷᠭᠠᠬᠤ ᠮᠠᠰᠢᠨ᠂ 30 ᠵᠢᠵᠢᠭ ᠬᠡᠯᠪᠡᠷᠢ ᠶᠢᠨ ᠰᠦᠷᠴᠢᠨ ᠤᠰᠤᠯᠠᠬᠤ ᠮᠠᠰᠢᠨ ᠴᠣᠭᠴᠠᠯᠠᠪᠤᠷᠢ᠂ 5 ᠮᠠᠶᠢᠬᠠᠨ᠂ 1200 ᠲᠡᠮᠦᠷ ᠬᠦᠷᠵᠡ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠬᠠᠤ ᠮᠠᠢᠬᠠᠨ ᠤ ᠶᠡᠷᠦᠩᠬᠡᠶ ᠬᠡᠮᠵᠢᠶ᠎ᠡ 265᠂ 120 ᠪᠠᠴᠢᠮ ᠪᠠᠶᠢᠳᠠᠯ ᠢ ᠠᠷᠭᠠᠴᠠᠬᠤ ᠳ᠋ᠧᠩ᠂ 100 ᠪᠣᠷᠣᠭᠠᠨ ᠤ ᠴᠤᠪᠠ ᠶᠢᠨ ᠢᠵᠢ ᠬᠡᠷᠡᠭᠰᠡᠯ ᠢ ᠨᠥᠭᠡᠴᠡᠯᠡᠵᠦ᠂ ᠦᠶᠡᠷ ᠤᠨ ᠬᠤᠭᠤᠴᠠᠭᠠᠨ ᠤ ᠭᠠᠶ ᠭᠠᠮᠰᠢᠭ ᠢ ᠠᠷᠭᠠᠴᠠᠬᠤ ᠳᠤ ᠪᠠᠲᠤ ᠪᠠᠲᠤᠯᠠᠭ᠎ᠠ ᠶᠢ ᠬᠠᠩᠭᠠᠵᠤ ᠪᠠᠶᠢᠨ᠎ᠠ᠃        ᠲᠦᠷᠪᠡ ᠳᠤ᠂ ᠤᠬᠠᠭᠤᠯᠭ᠎ᠠ ᠪᠣᠯᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠰᠡᠷᠭᠡᠶᠢᠯᠡᠬᠦ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠰᠢ ᠶᠢᠨ ᠫᠢᠩ ᠶᠡᠷᠦᠩᠬᠡᠶ ᠱᠦᠵᠢ  ᠶᠢᠨ ᠳᠤᠷᠠᠳᠤᠭᠰᠠᠨ ︽ᠭᠠᠮᠰᠢᠭ  ᠢ ᠰᠡᠷᠭᠡᠶᠢᠯᠡᠬᠦ ᠭᠠᠮᠰᠢᠭ  ᠢ ᠪᠠᠭᠠᠰᠬᠠᠬᠤ ᠭᠠᠮᠰᠢᠭ ᠠᠴᠠ ᠠᠪᠤᠷᠠᠬᠤ ᠤᠬᠠᠭᠤᠯᠭ᠎ᠠ ᠬᠥᠮᠦᠵᠢᠯ  ᠤᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ  ᠶᠢ ᠪᠠᠶᠢᠭᠤᠯᠵᠤ᠂ ᠨᠡᠶᠢᠭᠡᠮ  ᠤᠨ ᠬᠦᠴᠦᠨ ᠟ ᠢ ᠬᠥᠲᠥᠯᠥᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠣᠷᠣᠯᠴᠠᠭᠤᠯᠬᠤ︾ ᠴᠢᠬᠤᠯᠠ ᠵᠢᠯᠣᠭᠤᠳᠬᠤ ᠵᠣᠷᠢᠭ ᠰᠠᠨᠠᠭ᠎ᠠ  ᠶᠢ ᠬᠢᠨᠠᠮᠠᠭᠠᠶ ᠲᠤᠤᠱᠯᠠᠭᠤᠯᠤᠨ᠂ ᠦᠶᠡᠷ ᠟ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ  ᠶᠢᠨ ᠪᠤᠳᠤᠯᠢᠶᠠᠨᠲᠠᠶ ᠬᠦᠨᠳᠦ ᠬᠡᠴᠡᠭᠦᠦ ᠪᠠᠶᠢᠳᠠᠯ  ᠢ ᠪᠦᠲᠦᠮᠵᠢᠲᠡᠶ ᠠᠷᠭᠠᠴᠠᠵᠤ᠂ ᠦᠶᠡᠷ  ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠠᠮᠢᠶ᠎ᠠ ᠪᠦᠬᠦᠢ ᠮᠡᠳᠡᠯᠭᠡ ᠟ ᠶᠢ ᠶᠡᠬᠡᠪᠡᠷ ᠲᠦᠭᠡᠮᠡᠯᠵᠢᠭᠦᠯᠦᠨ᠂ ᠨᠡᠶᠢᠭᠡᠮ  ᠤᠨ ᠤᠯᠠᠨ ᠨᠡᠶᠢᠳᠡ  ᠶᠢᠨ ᠭᠠᠮᠰᠢᠭ  ᠢ ᠰᠡᠷᠭᠡᠶᠢᠯᠡᠵᠦ ᠠᠶᠤᠯ ᠠᠴᠠ ᠵᠠᠶᠢᠯᠠᠬᠤ ᠦᠵᠡᠯ ᠤᠬᠠᠮᠰᠠᠷ ᠪᠣᠯᠤᠨ ᠴᠢᠳᠠᠪᠤᠷᠢ  ᠶᠢ ᠳᠡᠭᠡᠭᠰᠢᠯᠡᠭᠦᠯᠬᠦ ᠬᠡᠷᠡᠭᠲᠡᠶ᠃ ᠮᠠᠨ ᠤ  ᠲᠤᠭᠤᠷᠢᠭ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ᠂ ᠲᠣᠳᠣᠷᠬᠠᠶ ᠺᠠᠷᠲ ᠳᠠᠷᠤᠮᠠᠯᠯᠠᠨ ᠲᠠᠷᠬᠠᠭᠠᠬᠤ ᠪᠠᠷ ᠳᠡᠮᠵᠢᠨ᠂ ᠤᠷᠢᠶ᠎ᠠ ᠯᠣᠽᠦ᠋ᠩ ᠨᠠᠭᠠᠵᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠰᠠᠮᠪᠠᠷ᠎ᠠ ᠶᠢ ᠵᠣᠬᠢᠶᠠᠨ ᠪᠠᠶᠢᠭᠤᠯᠤᠨ ᠤᠭᠰᠠᠷᠠᠵᠤ᠂ ᠠᠭᠤᠯᠠᠨ ᠦᠶᠡᠷ ᠤᠨ ᠭᠠᠮᠰᠢᠭ ᠤᠨ ᠰᠦᠷᠳᠡᠭᠦᠯᠦᠯ ᠳᠤ ᠤᠴᠠᠷᠠᠭᠰᠠᠨ ᠣᠷᠣᠨ ᠤ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠯ ᠬᠢᠯᠭᠡᠬᠦ ᠶᠢᠨ ᠬᠠᠮᠲᠤ ᠦᠶᠡᠷ ᠢ ᠰᠡᠷᠭᠡᠶᠢᠯᠡᠬᠦ ᠰᠣᠷᠢᠯᠲᠠ ᠶᠢᠨ ᠦᠶ᠎ᠡ ᠳᠤ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠤᠯᠠᠨ ᠵᠦᠢᠯ ᠤᠨ ᠠᠷᠭ᠎ᠠ ᠬᠡᠯᠪᠡᠷᠢ ᠪᠠᠷ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠤᠬᠠᠭᠤᠯᠭ᠎ᠠ ᠳᠤ ᠢᠳᠡᠪᠬᠢᠲᠡᠢ ᠣᠷᠣᠯᠴᠠᠭᠤᠯᠤᠨ᠎ᠠ᠂ ᠡᠭᠦᠨ ᠤ ᠵᠣᠷᠢᠯᠭ᠎ᠠ ᠨᠢ ᠤᠯᠠᠨ ᠲᠦᠮᠡᠨ ᠤ ᠤᠰᠤ ᠭᠠᠩ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠵᠦ ᠥᠪᠡᠷ ᠢ ᠪᠠᠨ ᠠᠪᠤᠷᠠᠬᠤ ᠬᠠᠷᠢᠯᠴᠠᠨ ᠬᠠᠪᠰᠤᠷᠤᠯᠴᠠᠬᠤ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ ᠶᠤᠮ᠃ ᠣᠳᠣᠬᠠᠨ ᠳᠤ᠂ ᠨᠢᠭᠡᠨᠲᠡ 1000 ᠭᠠᠷᠤᠢ ᠳᠡᠪᠲᠡᠷ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ 3000 ᠺᠠᠷᠲ ᠢ ᠣᠶᠢᠯᠠᠭᠠᠵᠤ᠂ 13 ᠵᠤᠷᠪᠤᠰ ᠪᠢᠴᠢᠭᠡᠰᠦ ᠶᠢ ᠡᠯᠭᠦᠵᠦ᠂ 26 ᠤᠷᠢᠶ᠎ᠠ ᠯᠣᠽᠦ᠋ᠩ ᠤᠨ ᠤᠬᠠᠭᠤᠯᠭ᠎ᠠ ᠶᠢᠨ ᠰᠠᠮᠪᠠᠷ᠎ᠠ ᠶᠢ ᠡᠯᠭᠦᠵᠡᠢ᠃ ᠡᠭᠦᠨ ᠤ ᠬᠠᠮᠲᠤ ᠤᠯᠤᠰ ᠤᠨ ᠦᠶᠡᠷ ᠢ ᠰᠡᠷᠭᠡᠶᠢᠯᠡᠬᠦ ᠶᠡᠷᠦᠩᠬᠡᠶ ᠺᠣᠮᠫᠠᠨᠢ ᠶᠢᠨ ᠥᠪᠡᠷᠲᠡᠭᠡᠨ ᠵᠠᠰᠠᠬᠤ ᠣᠷᠣᠨ ᠤ ︽ᠤᠰᠤ ᠭᠠᠩ ᠤᠨ ᠭᠠᠮᠰᠢᠭ ᠢ ᠪᠦᠷᠢᠳᠬᠡᠨ ᠮᠡᠳᠡᠭᠦᠯᠬᠦ ᠬᠦᠰᠦᠨᠦᠭᠲᠦ ᠶᠢᠨ ᠳᠦᠷᠢᠮ︾᠎ ᠤᠨ ᠱᠠᠭᠠᠷᠳᠠᠯᠭ᠎ᠠ ᠶᠣᠰᠣᠭᠠᠷ᠂ ᠮᠠᠨ ᠤ  ᠲᠤᠭᠤᠷᠢᠭ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠢᠭᠡᠳᠦᠯᠲᠡᠶ ᠵᠢᠷᠤᠮᠵᠢᠭᠤᠯᠵᠤ᠂ ᠴᠠᠭ ᠲᠤᠬᠠᠶ ᠳᠤᠨᠢ ᠮᠡᠳᠡᠭᠦᠯᠬᠦ᠂ ᠰᠠᠷ᠎ᠠ ᠪᠠᠷ ᠮᠡᠳᠡᠭᠦᠯᠬᠦ᠂ ᠣᠨ ᠢᠶᠠᠷ ᠮᠡᠳᠡᠭᠦᠯᠬᠦ ᠠᠵᠢᠯ ᠢ ᠰᠠᠶᠢᠲᠤᠷ ᠬᠢᠵᠦ᠂ ᠪᠣᠷᠣᠭᠠᠨ ᠤᠷᠤᠭᠰᠠᠨ ᠠᠴᠠ ᠪᠣᠯᠵᠣ ᠭᠠᠮᠰᠢᠭ ᠤᠨ ᠪᠠᠶᠢᠳᠠᠯ ᠢ ᠪᠣᠯ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠭᠠᠮᠰᠢᠭ ᠤᠨ ᠪᠠᠶᠢᠳᠠᠯ ᠤᠨ ᠲᠦᠢᠮᠣ ᠪᠠᠶᠢᠳᠠᠯ ᠢ ᠦᠨᠳᠦᠰᠦᠯᠡᠨ ᠮᠡᠳᠡᠭᠦᠯᠦᠨ ᠬᠦᠷᠭᠡᠵᠦ᠂ ᠬᠦᠨᠳᠦ ᠶᠡᠭᠡ ᠭᠠᠮᠰᠢᠭ ᠤᠨ ᠪᠠᠶᠢᠳᠠᠯ ᠲᠠᠢ ᠪᠣᠯ ᠵᠢᠷᠤᠭ ᠪᠠ ᠬᠠᠷᠠᠭᠠᠨ ᠳᠠᠪᠲᠠᠮᠵᠢ ᠶᠢ ᠳᠠᠭᠠᠯᠳᠤᠭᠤᠯᠤᠨ᠂ ᠪᠣᠳᠠᠲᠠᠶ ᠭᠠᠵᠠᠷ ᠢ ᠲᠣᠳᠣᠷᠬᠠᠶᠢᠯᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ᠂ ᠪᠤᠰᠤᠳᠴᠢ ᠪᠠᠷ ᠮᠡᠳᠡᠭᠦᠯᠦᠨ ᠬᠦᠷᠭᠡᠬᠦ ᠶᠢ ᠦᠨᠡᠨᠬᠦ ᠪᠡᠶᠡᠯᠡᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠳᠤ ᠠᠩᠬᠠᠨ ᠤ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠷᠣᠨ ᠤ ᠭᠠᠮᠰᠢᠭ ᠢ ᠪᠠᠭᠠᠰᠬᠠᠬᠤ ᠠᠵᠢᠯ ᠤᠨ ᠠᠯᠪᠠᠨ ᠬᠡᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠵᠢᠨᠢᠩ ᠲᠣᠭᠤᠷᠢᠭ ᠤᠨ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠦᠯ︾ ᠪᠠ ︽ᠵᠢᠨᠢᠩ ᠲᠣᠭᠤᠷᠢᠭ ᠤᠨ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠵᠤ᠂ ᠣᠳᠣᠬᠠᠨ ᠳᠤ ᠢᠯᠭᠠᠷᠠᠭᠤᠯᠤᠨ ᠪᠠᠶᠢᠴᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠶᠠᠭ ᠢᠳᠡᠪᠬᠢᠲᠡᠶ ᠳᠥᠯᠭᠢᠨ ᠠᠬᠢᠭᠤᠯᠵᠤ ᠪᠠᠶᠢᠨ᠎ᠠ᠃ ︽ᠬᠥᠲᠥᠯᠥᠭᠴᠢ︾ ᠰᠠᠶ᠋ᠢ ᠶᠢᠨ ᠶᠠᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠠᠴᠠ ᠦᠵᠡᠪᠡᠯ᠂ ᠮᠠᠨ ᠤ ᠣᠷᠣᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠶᠡᠭᠡ ᠬᠡᠮᠵᠢᠶᠡᠨ ᠤ ᠠᠵᠢᠯ ᠬᠢᠵᠡᠶ᠂ ᠶᠠᠩ ᠲᠣᠪᠴᠢᠶᠠᠨ ᠳᠠᠷᠤᠭ᠎ᠠ ᠶᠢ ᠤᠷᠢᠵᠤ ᠮᠠᠨ ᠤ  ᠲᠤᠭᠤᠷᠢᠭ ᠤᠨ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠶᠠᠷᠢᠭᠤᠯᠬᠤ ᠪᠣᠯᠪᠠ  ᠤᠤ︖    ᠶᠠᠩ ᠰᠢᠶᠣᠤ ᠾᠦᠩ  ᠄ ᠲᠠᠷᠠᠭᠠᠴᠢ ᠶᠢᠨ ᠠᠯᠬᠤᠮ ᠳᠤ᠂ ᠮᠠᠨ ᠤ  ᠲᠤᠭᠤᠷᠢᠭ ᠤᠨ ᠠᠶᠤᠯ ᠥᠬᠡᠶ ᠦᠶᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠭᠤᠤᠯᠳᠠᠯᠭ᠎ᠠ ᠨᠢ ᠮᠥᠨ ᠯᠡ ᠠᠳᠡᠯ ᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠠᠪᠤᠳᠠᠯ ᠪᠣᠯᠤᠨ᠎ᠠ᠂ ᠡᠭᠦᠨ ᠢ ᠥᠴᠦᠬᠡᠨ ᠴᠦ ᠰᠤᠯᠠᠷᠠᠭᠤᠯᠵᠤ ᠪᠣᠯᠬᠤ ᠥᠬᠡᠶ᠂ ᠵᠢᠨᠢᠩ ᠲᠣᠭᠤᠷᠢᠭ ᠤᠨ ᠠᠶᠤᠯ ᠥᠬᠡᠶ ᠦᠶᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠳᠤ ᠮᠥᠨ ᠬᠦ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠃      ᠨᠢᠭᠡ ᠳᠤ᠂ ᠠᠵᠢᠯ ᠤᠨ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠠᠶᠤᠯ ᠥᠭᠡᠢ ᠦᠢᠯᠡᠳᠪᠦᠷᠢᠯᠡᠯ  ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ  ᠤᠨ ᠠᠵᠢᠯᠯᠠᠭ᠎ᠠ ᠶᠢ ᠲᠥᠯᠬᠢᠨ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ ᠠᠵᠢᠯ  ᠤᠨ ᠮᠡᠳᠡᠭᠡ ᠵᠠᠩᠭᠢ ᠶᠢ ᠪᠦᠷᠢᠳᠬᠡᠬᠦ ᠪᠠ ᠮᠡᠳᠡᠭᠦᠯᠦᠨ ᠬᠦᠷᠭᠡᠬᠦ ᠠᠵᠢᠯ  ᠢ ᠴᠢᠩᠭᠠᠳᠬᠠᠬᠤ ᠬᠡᠷᠡᠭᠲᠡᠶ᠃ ᠬᠤᠶᠠᠷ ᠲᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠤᠨ ᠠᠵᠢᠯ ᠢ ᠴᠢᠩᠭᠠᠳᠬᠠᠨ᠎ᠠ᠃ ᠭᠤᠷᠪᠠᠳᠠᠬᠢ ᠡᠲᠡᠭᠡᠳ ᠠᠴᠠ ᠦᠢᠯᠡᠴᠢᠯᠡᠭᠡ ᠬᠤᠳᠠᠯᠳᠤᠨ ᠠᠪᠬᠤ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠢ ᠪᠠᠶᠢᠩᠭᠤᠵᠢᠭᠤᠯᠤᠨ ᠤᠷᠢᠵᠤ᠂ ᠤᠯᠠᠨ ᠰᠠᠯᠠᠭ᠎ᠠ ᠮᠥᠴᠢᠷ ᠤᠯᠠᠨ ᠠᠵᠢᠯ ᠲᠦᠷᠦᠯ ᠤᠨ ᠬᠢᠨ ᠬᠠᠮᠵᠢᠯᠴᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠲᠤᠰᠬᠠᠢ ᠲᠦᠷᠦᠯ ᠤᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠤᠯᠲᠠᠢ ᠬᠢᠮᠢ ᠶᠢᠨ ᠪᠣᠳᠠᠰ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠡᠯ᠎ᠡ ᠲᠥᠷᠥᠯ ᠤᠨ ᠭᠠᠶ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠤᠳᠤᠷᠢᠳᠤᠯᠭ᠎ᠠ ᠡᠭᠡᠯᠵᠢ ᠳᠠᠭᠠᠭᠤᠯᠬᠤ᠂ 24 ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠦᠷᠪᠡ ᠳᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠣᠯᠪᠠᠰᠤᠷᠠᠯ ᠤᠨ ᠠᠵᠢᠯ ᠢ ᠴᠢᠩᠭᠠᠳᠬᠠᠵᠤ᠂ ᠪᠦᠬᠦ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠭᠡᠮ ᠰᠣᠭᠤᠭ ᠢ ᠠᠷᠢᠯᠭᠠᠬᠤ ᠪᠠ ᠠᠩᠬ᠎ᠠ ᠡᠭᠦᠰᠦᠭᠰᠡᠨ ᠠᠶᠤᠯ ᠲᠦᠭᠰᠢᠭᠦᠷᠢ ᠶᠢᠨ ᠪᠠᠶᠢᠳᠠᠯ ᠢ ᠪᠦᠲᠦᠮᠵᠢᠲᠡᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠪᠤ ᠳᠤ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠵᠥᠪᠳᠡᠯᠴᠡᠵᠦ ᠰᠤᠳᠤᠯᠤᠨ ᠮᠠᠭᠠᠳᠯᠠᠬᠤ ᠪᠠ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠭᠠᠮᠰᠢᠭ ᠠᠴᠠ ᠠᠪᠤᠷᠠᠵᠤ ᠠᠪᠤᠷᠠᠨ ᠲᠤᠰᠠᠯᠠᠬᠤ ᠠᠵᠢᠯ ᠢ ᠤᠨᠢᠨ ᠳᠡᠭᠡᠷ᠎ᠡ ᠨᠢ ᠰᠠᠶᠢᠲᠤᠷ ᠬᠢᠨ᠎ᠠ᠃ ᠵᠢᠷᠭᠤᠭ᠎ᠠ ᠳᠤ ᠪᠠᠶᠢᠭᠠᠯᠢ ᠶᠢᠨ ᠭᠠᠶ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ᠂ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠡᠯ᠎ᠡ ᠵᠦᠶᠯ ᠤᠨ ᠬᠠᠷᠠᠯᠲᠠ ᠶᠢᠨ ᠡᠭᠦᠷᠭᠡ ᠶᠢ ᠬᠢᠨᠠᠮᠠᠭᠠᠶ ᠪᠡᠶᠡᠯᠡᠭᠦᠯᠬᠦ ᠬᠡᠷᠡᠭᠲᠡᠶ᠃      ᠬᠥᠲᠥᠯᠥᠭᠴᠢ᠄ ᠶᠠᠩ ᠲᠣᠪᠴᠢᠶᠠᠨ ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠳᠤ ᠮᠠᠰᠢ ᠲᠠᠯᠠᠷᠬᠠᠵᠤ ᠪᠠᠶᠢᠨ᠎ᠠ᠂ ᠪᠢᠳᠡ ᠲᠠᠷᠠᠭᠠᠴᠢ ᠶᠢᠨ ᠬᠤᠭᠤᠴᠠᠭᠠᠨ ᠳᠤ ᠳᠠᠬᠢᠨ ᠠᠭᠤᠯᠵᠠᠶ᠎ᠠ᠃                                ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2