ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/19
ᠰᠤᠷᠪᠤᠯᠵᠢᠯᠠᠭᠰᠠᠨ ᠴᠠᠭ  ᠄ 2021-10-1810: 45 ᠰᠤᠷᠪᠤᠯᠵᠢᠯᠠᠭᠰᠠᠨ ᠵᠣᠴᠢᠨ  ᠄ ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ ᠨᠠᠮ ᠤᠨ ᠬᠤᠷᠢᠶᠠᠨ ᠤ  ᠱᠦᠵᠢ    ᠪᠠᠶ ᠯᠢ ᠵᠢᠶᠦ᠋ᠨ              ᠬᠥᠲᠥᠯᠥᠭᠴᠢ᠄ ᠥᠨᠥᠳᠦᠷ᠂ ᠪᠢᠳᠡ ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠶ ᠯᠢ ᠵᠢᠶᠦ᠋ᠨ ᠨᠥᠬᠦᠷ ᠢ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾᠎ ᠳᠤ ᠲᠤᠰᠬᠠᠶᠢᠯᠠᠨ ᠤᠷᠢᠵᠤ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠬᠠᠮᠲᠤ ᠪᠠᠷ ᠮᠠᠨ ᠤ  ᠲᠤᠭᠤᠷᠢᠭ ᠤᠨ ᠬᠠᠮᠲᠤ ᠶᠢᠨ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠵᠡᠷᠭᠡ ᠬᠦᠷᠢᠶᠡᠨ ᠳᠠᠬᠢ ᠬᠤᠯᠪᠣᠭᠳᠠᠯ ᠪᠥᠬᠦᠶ ᠠᠰᠠᠭᠤᠳᠠᠯ ᠢ ᠰᠣᠯᠢᠯᠴᠠᠪᠠ᠃ ᠪᠠᠶ ᠱᠦᠵᠢ ᠲᠠ ᠰᠠᠶᠢᠨ ᠤᠤ᠂ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠳᠤ ᠮᠣᠷᠢᠯᠠᠨ ᠰᠠᠭᠠᠲᠠᠭᠰᠠᠨ ᠳᠤ ᠪᠠᠶᠠᠷᠯᠠᠨ ᠤᠭᠲᠤᠵᠤ ᠪᠠᠶᠢᠨ᠎ᠠ᠃        ᠪᠠᠢ ᠯᠢ ᠵᠢᠶᠦ᠋ᠨ᠄ ᠬᠥᠲᠥᠯᠥᠭᠴᠢ ᠰᠠᠶᠢᠨ  ᠤᠤ  ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ ᠃ ᠥᠨᠥᠳᠦᠷ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾᠎ ᠶᠢᠨ ᠲᠠᠪᠴᠠᠩ ᠢ ᠠᠰᠢᠭᠯᠠᠨ ᠥᠷᠭᠡᠨ ᠣᠯᠠᠨ ᠰᠦᠯᠵᠢᠶᠡᠨ ᠤ ᠠᠷᠠᠳ ᠲᠠᠢ ᠬᠠᠮᠲᠤ ᠶᠢᠨ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠦᠷᠢᠶᠡᠨ ᠳᠠᠬᠢ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ᠰᠦᠯᠵᠢᠶᠡᠨ ᠤ ᠠᠨᠳᠠ ᠨᠠᠷ ᠵᠢᠨᠢᠩ ᠲᠣᠭᠤᠷᠢᠭ ᠤᠨ ᠪᠠᠢ ᠬᠠᠢ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠭᠦᠨ ᠤ ᠵᠡᠷᠭᠡ ᠳᠤ ᠪᠠᠰᠠ ᠡᠨᠡ ᠬᠦ ᠲᠣᠬᠢᠶᠠᠯ ᠢ ᠠᠰᠢᠭᠯᠠᠨ᠂ ᠤᠷᠲᠤ ᠬᠤᠭᠤᠴᠠᠭᠠᠨ ᠤ ᠲᠤᠷᠰᠢ ᠮᠠᠨ ᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠣᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃         ᠬᠥᠲᠥᠯᠥᠭᠴᠢ  ᠄ ᠪᠠᠶ ᠱᠦᠵᠢ ᠡ᠂ ᠡᠨᠡ ᠵᠢᠯ ᠠᠴᠠ ᠨᠠᠰᠢ ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢᠶᠠᠨ ᠬᠡᠷᠬᠢᠨ ᠪᠠᠬᠢᠵᠢᠭᠦᠯᠦᠨ ᠥᠷᠭᠡᠳᠬᠡᠭᠰᠡᠨ ᠪᠣᠶ︖         ᠪᠠᠢ ᠯᠢ ᠵᠢᠶᠦ᠋ᠨ᠄ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠠᠵᠢᠯ ᠣᠯᠭᠤᠯᠲᠠ ᠪᠠ ᠠᠵᠤ ᠦᠢᠯᠡᠰ ᠤᠨ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠳᠠᠪᠤᠷᠢ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠵᠣᠷᠢᠭ ᠰᠠᠨᠠᠭ᠎ᠠ ᠤᠶᠤᠨ ᠤᠬᠠᠭᠠᠨ ᠬᠤᠶᠠᠷ ᠢ ᠲᠡᠳᠬᠦᠬᠦ ᠶᠢ ᠭᠦᠨᠵᠡᠭᠡᠶᠢᠷᠡᠭᠦᠯᠵᠦ᠂ ︽ᠨᠠᠮ ᠤᠨ ᠵᠣᠬᠢᠶᠠᠨ ᠪᠠᠶᠢᠭᠤᠯᠤᠯᠲᠠ + ᠬᠤᠷᠰᠢᠶ᠎ᠠ︾᠎ ᠶᠢᠨ ᠲᠡᠰ ᠳᠡᠪᠰᠢᠭᠰᠡᠨ ᠬᠡᠪ ᠵᠠᠭᠪᠤᠷ ᠢ ᠬᠦᠴᠦᠯᠡᠨ ᠡᠭᠦᠳᠴᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ  ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠡᠪᠴᠢᠶ᠎ᠡ ᠶᠢ ᠲᠠᠷᠠᠬᠠᠢ ᠪᠠᠶᠢᠭᠰᠠᠨ ᠠᠴᠠ ᠲᠥᠪᠯᠡᠷᠡᠭᠦᠯᠵᠦ᠂ ᠪᠠᠭ᠎ᠠ ᠠᠴᠠ ᠶᠡᠭᠡ ᠪᠣᠯᠭᠠᠵᠤ᠂ ᠪᠠᠭᠤᠷᠠᠢ ᠠᠴᠠ ᠬᠦᠴᠦᠷᠬᠡᠭ ᠪᠣᠯᠭᠠᠵᠤ᠂ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃      ᠬᠥᠲᠥᠯᠥᠭᠴᠢ᠄ ᠲᠡᠭᠡᠪᠡᠯ᠂ ᠪᠢᠳᠡ ᠡᠨᠡ ᠵᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠶᠠᠮᠠᠷ ᠶᠠᠮᠠᠷ ᠠᠵᠢᠯ ᠢ ᠭᠤᠤᠯᠳᠠᠯᠭ᠎ᠠ ᠲᠠᠢ ᠬᠢᠭᠰᠡᠨ ᠪᠣᠶ︖ ᠪᠠᠶ ᠱᠦᠵᠢ ᠡᠭᠦᠨ ᠢ ᠪᠣᠳᠠᠲᠠᠶ ᠲᠠᠨᠢᠯᠴᠠᠭᠤᠯᠵᠤ ᠥᠭᠬᠦ ᠪᠣᠯᠪᠠᠤ᠃       ᠪᠠᠢ ᠯᠢ ᠵᠢᠶᠦ᠋ᠨ᠄ ᠪᠢᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠲᠥᠬᠦᠭᠡᠷᠦᠮᠵᠢ ᠶᠢᠨ ᠭᠦᠢᠴᠡᠳᠬᠡᠯ ᠲᠤᠭ᠎ᠠ ᠶᠢᠨ  ᠰᠢᠰᠲ᠋ᠧᠮ ᠤᠨ ᠲᠣᠭᠤᠷᠢᠨ ᠳᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ︽ᠭᠤᠷᠪᠠ ᠶᠢ ᠨᠢᠭᠡ ᠴᠤᠬᠴᠠᠵᠢᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠣᠷᠯᠣᠩ ᠤᠨ ᠬᠤᠪᠢᠰᠬᠠᠯ᠂ ᠬᠥᠳᠡᠭᠡ ᠲᠣᠰᠬᠤᠨ ᠤ ︽ᠭᠡᠷᠡᠯᠲᠦᠭᠦᠯᠬᠦ︾᠂ ︽ᠭᠤᠶᠤᠵᠢᠭᠤᠯᠬᠤ︾᠂ ︽ᠨᠣᠭᠤᠭᠠᠷᠠᠭᠤᠯᠬᠤ︾ ᠵᠡᠷᠭᠡ ᠢᠨᠵᠧᠨᠧᠷᠢᠩ ᠢ ᠲᠦᠷᠭᠡᠨ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠲᠦᠬᠦᠮ ᠳᠥᠲᠡ ᠴᠢᠨᠠᠷ ᠢ ᠴᠢᠩᠭᠠᠳᠬᠠᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠪᠠ᠃ 2022 ᠣᠨ ᠳᠤ᠂ ᠮᠠᠨ ᠤ ᠪᠠᠯᠭᠠᠰᠤ ᠱᠧᠩ ᠵᠢᠶᠠ ᠶᠢᠩ ᠤᠨ ᠪᠣᠬᠢᠷ ᠤᠰᠤ ᠶᠢ ᠰᠢᠢᠳᠪᠦᠷᠢᠯᠡᠬᠦ ᠬᠤᠭᠤᠯᠠᠢ ᠶᠢᠨ ᠲᠣᠣᠷ ᠤᠨ ᠢᠨᠵᠧᠨᠧᠷᠢᠩ ᠢ ᠡᠬᠢᠯᠡᠭᠦᠯᠵᠦ᠂ ᠠᠶᠢᠯ ᠲᠣᠰᠬᠤᠨ ᠤ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠡᠷᠴᠢᠮ ᠢ ᠲᠦᠷᠭᠡᠳᠬᠡᠬᠦ ᠪᠠᠷ ᠲᠥᠯᠥᠪᠯᠡᠵᠦ ᠪᠤᠢ᠃ 13 ᠵᠠᠰᠠᠭ ᠵᠠᠬᠢᠷᠭᠠᠨ ᠤ ᠲᠣᠰᠬᠤᠨ ᠳᠤ ᠲᠥᠪᠯᠡᠷᠡᠭᠦᠯᠦᠨ ᠨᠣᠭᠤᠭᠠᠷᠠᠭᠤᠯᠵᠤ ᠭᠤᠶᠤᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ 670 ᠰᠠᠭᠤᠷᠢ ᠵᠠᠮ ᠤᠨ ᠳ᠋ᠧᠩ ᠢ ᠰᠢᠨ᠎ᠡ ᠪᠠᠷ ᠪᠠᠶᠢᠭᠤᠯᠵᠤ᠂ ᠠᠶᠢᠯ ᠲᠣᠰᠬᠤᠨ ᠳᠤ 4.4 ᠺᠢᠯᠣᠮᠧᠲᠷ ᠵᠠᠰᠠᠮᠠᠯ ᠵᠠᠮ ᠨᠡᠪᠲᠡᠷᠡᠭᠦᠯᠦᠨ᠂ 600 ᠮᠧᠲᠷ ᠤᠨ ᠠᠷᠢᠭᠤᠨ ᠴᠡᠪᠡᠷ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠥᠬᠦ ᠲᠠᠯ᠎ᠠ ᠪᠠᠷ  ᠪᠠᠬᠢᠵᠢᠭᠦᠯᠵᠡᠢ᠃        ᠬᠥᠲᠥᠯᠥᠭᠴᠢ᠄ ᠪᠠᠶ ᠱᠦᠵᠢ ᠠᠴᠠ ᠠᠰᠠᠭᠤᠬᠤ ᠨᠢ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠨᠠᠩ ᠰᠠᠶᠢᠨ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ ᠶᠠᠮᠠᠷ ᠶᠠᠮᠠᠷ ᠠᠵᠢᠯ ᠬᠢᠭᠰᠡᠨ ᠪᠣᠶ︖    ᠪᠠᠢ ᠯᠢ ᠵᠢᠶᠦ᠋ᠨ  ᠄ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠣᠰᠬᠤᠨ ᠤ ᠤᠶᠤᠨᠲᠤ ᠲᠠᠪᠴᠠᠩ ᠢ ᠠᠰᠢᠭᠯᠠᠨ ︽ᠪᠠᠯᠭᠠᠰᠤ᠂ ᠲᠣᠰᠬᠤᠨ᠂ ᠳᠤᠭᠤᠶᠢᠯᠠᠩ︾ ᠭᠤᠷᠪᠠᠨ ᠱᠠᠲᠤᠨ ᠤ ᠲᠣᠣᠷᠵᠢᠯ ᠤᠨ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠷᠭ᠎ᠠ ᠬᠡᠯᠪᠡᠷᠢ ᠶᠢ ᠳᠠᠰᠤᠷᠠᠯᠳᠠ ᠦᠭᠡᠢ ᠰᠢᠨᠡᠴᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠲᠤᠳᠬᠠᠪᠠ᠃ ᠣᠳᠣᠬᠠᠨ ᠳᠤ᠂ ᠪᠦᠬᠦ ᠪᠠᠯᠭᠠᠰᠤ ᠪᠠᠷ ᠢᠶᠠᠨ ᠲᠣᠰᠬᠤᠨ ︵ᠨᠡᠶᠢᠭᠡᠮ ᠲᠣᠭᠤᠷᠢᠭ︶᠎ ᠤ ᠲᠣᠣᠷᠵᠢᠯ ᠢ 66᠂ ᠲᠣᠣᠷᠵᠢᠯ ᠤᠨ ᠠᠵᠢᠯᠳᠠᠨ ᠢ 57 ᠬᠤᠪᠢᠶᠠᠵᠤ᠂ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠲᠠᠢ ᠬᠠᠮᠵᠢᠯᠴᠠᠨ ᠲᠦᠷᠦ ᠶᠢᠨ ᠪᠤᠳᠤᠯᠭ᠎ᠠ ᠶᠢᠨ ︽ᠤᠬᠠᠭᠤᠯᠤᠨ ᠲᠠᠶᠢᠯᠪᠤᠷᠢᠯᠠᠭᠴᠢ︾᠂ ᠠᠷᠠᠳ ᠤᠨ ᠪᠠᠶᠢᠳᠠᠯ ᠤᠨ ︽ᠪᠠᠶᠢᠴᠠᠭᠠᠭᠴᠢ︾᠂ ᠵᠥᠷᠢᠴᠡᠯ ᠤᠨ ︽ᠡᠶᠡᠳᠡᠭᠦᠯᠦᠭᠴᠢ︾ ᠪᠠ ᠬᠡᠷᠡᠭ ᠶᠠᠪᠤᠳᠠᠯ ᠤᠨ ︽ᠬᠢᠨᠠᠭᠴᠢ︾ ᠪᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠦᠨᠡᠨᠬᠦ ᠲᠣᠰᠬᠤᠨ ᠲᠤᠭᠤᠶᠢᠯᠠᠩ ᠳᠤ ᠬᠦᠷᠲᠡᠯ᠎ᠡ ᠦᠷᠭᠦᠯᠵᠢᠯᠡᠭᠦᠯᠵᠦ᠂ ᠭᠡᠷ ᠪᠦᠯᠢ ᠳᠤ ᠭᠦᠨᠵᠡᠭᠡᠶᠢᠷᠡᠭᠦᠯᠵᠦ᠂ ᠠᠷᠠᠳ ᠤᠨ ᠰᠡᠳᠬᠢᠯ ᠳᠤ ᠦᠨᠳᠦᠰᠦᠯᠡᠭᠦᠯᠬᠦ ᠶᠢ ᠪᠡᠶᠡᠯᠡᠭᠦᠯᠵᠡᠢ᠃ ᠡᠭᠦᠨ ᠤ ᠬᠠᠮᠲᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠲᠣᠰᠬᠤᠨ ᠤ ᠠᠷᠠᠳ ᠤᠨ ᠵᠥᠪᠳᠡᠯᠴᠡᠨ ᠬᠡᠷᠡᠭ ᠵᠥᠪᠯᠡᠬᠦ ᠲᠣᠭᠲᠠᠴᠠ ᠶᠢ ᠪᠦᠷᠢᠨᠰᠢᠬᠦᠯᠵᠦ᠂ ︽ᠲᠣᠰᠬᠤᠨ ︵ᠰᠠᠭᠤᠭᠠᠯᠢ︶᠎ ᠤ ᠠᠷᠠᠳ ᠤᠨ ᠵᠥᠪᠳᠡᠯᠴᠡᠨ ᠬᠡᠷᠡᠭ ᠵᠥᠪᠯᠡᠬᠦ ᠲᠢᠩᠬᠢᠮ︾᠎ ᠢ ᠪᠦᠬᠦᠨ ᠢ ᠪᠦᠷᠬᠦᠬᠦᠯᠦᠨ ᠪᠠᠶᠢᠭᠤᠯᠵᠤ᠂ ᠠᠬᠠᠮᠠᠳ ᠨᠠᠮ ᠤᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ︽ᠬᠤᠶᠠᠷ ᠵᠥᠪᠯᠡᠯ︾᠎ ᠤᠨ ᠺᠠᠳ᠋ᠷ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠵᠦ᠂ ᠬᠥᠳᠡᠭᠡ ᠲᠣᠰᠬᠤᠨ ᠤ ᠵᠠᠰᠠᠯᠲᠠ ᠶᠢᠨ ᠬᠠᠷᠢᠴᠠᠭ᠎ᠠ ᠶᠢ ᠨᠡᠩ ᠵᠣᠬᠢᠴᠠᠩᠭᠤᠢ᠂ ᠡᠮᠬᠢ ᠳᠢᠭᠯᠢᠮ ᠢ ᠨᠡᠩ ᠵᠢᠷᠤᠮᠵᠢᠭᠤᠯᠬᠤ ᠂ ᠬᠡᠪ ᠰᠤᠷᠲᠠᠯ ᠢ ᠨᠡᠩ ᠪᠣᠯᠪᠠᠰᠤᠨ ᠪᠣᠯᠭᠠᠬᠤ ᠶᠢ ᠪᠠᠲᠤᠯᠠᠬᠤ ᠬᠡᠷᠡᠭᠲᠡᠢ᠃         ᠬᠥᠲᠥᠯᠥᠭᠴᠢ᠄  ᠪᠠᠶ ᠱᠦᠵᠢ ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠶ ᠶᠠᠷᠢᠨ᠎ᠠ ᠤᠣ︖         ᠪᠠᠶ ᠯᠢ ᠵᠢᠶᠦ᠋ᠨ  ᠄ ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠲᠤᠰᠤᠯᠳᠠ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠦ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠲᠣᠰᠬᠤᠨ ᠤ ᠪᠠᠶᠢᠳᠠᠯ ᠳᠤ ᠰᠠᠭᠤᠷᠢᠯᠠᠨ ᠠᠵᠤ ᠠᠬᠤᠢ ᠶᠢᠨ ᠨᠡᠮᠡᠭᠳᠡᠯ ᠤᠨ ᠴᠡᠭ ᠢ ᠠᠭᠤᠳᠠᠯᠵᠤ᠂ ᠡᠯ᠎ᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢ ᠠᠬᠢᠭᠤᠯᠬᠤ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠬᠦᠴᠦᠯᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃  ᠮᠠᠭᠠᠢ ᠲᠣᠰᠬᠤᠨ ᠤ 4 ᠲᠦᠮᠡᠨ ᠪᠠᠷᠢᠮᠵᠢᠶᠠᠲᠤ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠲᠠᠯᠠᠪᠠᠶ ᠶᠢ ᠠᠰᠢᠭᠯᠠᠯᠲᠠ ᠳᠤ ᠣᠷᠣᠭᠤᠯᠵᠤ ᠠᠵᠢᠯᠯᠠᠭᠤᠯᠤᠨ᠎ᠠ  ᠃ ᠶᠡᠭᠡ ᠭᠤᠤᠯ ᠤᠨ ᠪᠤᠯᠤᠩ ᠤᠨ ᠨᠡᠷᠡᠨ ᠬᠡᠷᠡᠯ ᠤᠨ ᠲᠠᠯ᠎ᠠ ᠨᠤᠲᠤᠭ · ᠠᠷᠠᠳ ᠤᠨ ᠣᠷᠣᠨ ᠰᠠᠭᠤᠴᠠ ᠶᠢᠨ ᠰᠠᠭᠤᠷᠢᠰᠢᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠤᠨ ᠠᠮᠢ ᠠᠬᠤᠶ ᠶᠢᠨ ᠵᠢᠭᠤᠯᠴᠢᠯᠠᠯ ᠬᠢᠭᠡᠳ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃  ᠬᠠᠶᠢᠷ ᠲᠣᠰᠬᠤᠨ ᠤ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠪᠡᠶᠡᠯᠡᠭᠦᠯᠵᠦ᠂  ᠬᠠᠶᠢᠷ ᠲᠣᠰᠬᠤᠨ ᠤ ᠨᠢᠭᠤᠴᠠ ᠨᠠᠮ ᠤᠨ ᠡᠭᠦᠷ ᠢ ᠰᠡᠷᠭᠦᠭᠡᠨ ᠪᠠᠶᠢᠭᠤᠯᠵᠤ᠂ ᠬᠤᠪᠢᠰᠬᠠᠯ ᠤᠨ ᠵᠤᠭᠠᠴᠠᠯ᠂ ᠤᠨᠴᠠᠯᠢᠬᠳᠤ ᠳᠠᠷᠢᠵᠤ ᠲᠡᠵᠢᠭᠡᠬᠦ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠶᠢ ᠨᠢᠭᠡ ᠴᠤᠬᠴᠠᠵᠢᠭᠤᠯᠤᠬᠰᠠᠨ ᠠᠵᠤ ᠦᠢᠯᠡᠰ ᠤᠨ  ᠬᠡᠯᠬᠢᠶ᠎ᠡ  ᠶᠢ ᠠᠯᠬᠤᠮ ᠠᠯᠬᠤᠮ ᠢᠶᠠᠷ ᠬᠥᠭᠵᠢᠭᠦᠯᠦᠨ᠎ᠡ  ᠃ ᠴᠢᠤᠸᠠᠨ ᠨᠤᠤ ᠲᠣᠰᠬᠤᠨ ᠤ ᠮᠠᠯ ᠲᠡᠵᠢᠭᠡᠪᠦᠷᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ ᠰᠢᠶᠤᠤ ᠳ᠋ᠦᠩ ᠨᠡᠷᠡᠮᠵᠢᠲᠦ ᠬᠡᠷᠡᠯ ᠴᠡᠨᠡᠭ ᠤᠨ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ  ᠃ ᠬᠥᠳᠡᠭᠡ ᠲᠣᠰᠬᠤᠨ ᠤ ᠣᠨᠴᠠᠯᠢᠭ ᠲᠤ ᠲᠦᠰᠢᠭᠯᠡᠨ᠂ ᠲᠠᠷᠢᠶᠠᠯᠠᠩ ᠤᠨ ᠰᠣᠳᠣᠨ ᠪᠦᠲᠦᠭᠡᠯ ᠤᠨ ᠲᠥᠷᠥᠯ ᠵᠦᠶᠯ ᠢ ᠪᠣᠶ ᠪᠣᠯᠭᠠᠵᠤ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠪᠠ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠤᠨᠴᠠᠯᠢᠭᠳᠤ  ᠲᠡᠭᠦᠬᠦ᠂ ᠲᠠᠷᠢᠶᠠᠨ ᠭᠠᠵᠠᠷ ᠢ ᠲᠠᠨᠢᠵᠤ ᠠᠪᠬᠤ᠂ ᠲᠠᠷᠢᠶᠠᠯᠠᠩ ᠤᠨ ᠰᠠᠭᠤᠷᠢᠨ ᠭᠠᠵᠠᠷ ᠢ ᠲᠣᠭᠤᠷᠢᠨ ᠦᠵᠡᠬᠦ᠂ ᠡᠴᠢᠭᠡ ᠡᠬᠡ ᠦᠷ᠎ᠡ ᠬᠡᠤᠬᠡᠳ ᠤᠨ ᠰᠤᠳᠤᠯᠤᠨ ᠰᠤᠷᠤᠯᠴᠠᠬᠤ ᠲᠠᠷᠢᠶᠠᠴᠢᠨ ᠠᠶᠢᠯ ᠤᠨ ᠵᠤᠭᠠᠴᠠᠯ ᠵᠡᠷᠭᠡ ᠬᠡᠯᠪᠡᠷᠢ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠪᠡᠶᠡᠴᠢᠯᠡᠨ ᠣᠶᠢᠯᠠᠭᠠᠬᠤ ᠬᠡᠷᠡᠭᠯᠡᠭᠡ ᠶᠢ ᠲᠡᠳᠡᠨ ᠠᠪᠴᠢᠷᠠᠵᠤ᠂ ᠲᠠᠷᠢᠶᠠᠯᠠᠩ ᠤᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠠᠢ ᠬᠠᠢ ᠽᠢ ᠪᠠᠯᠭᠠᠰᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠤᠨ ᠲᠣᠭᠤᠷᠢᠭ᠂ ᠠᠮᠢ ᠠᠬᠤᠢ ᠶᠢᠨ ᠪᠣᠯᠪᠠᠰᠤᠨ ᠤ ᠬᠦᠳᠦᠯᠦᠨ ᠳᠠᠭᠠᠭᠤᠯᠬᠤ ᠲᠣᠭᠤᠷᠢᠭ ᠪᠣᠯᠤᠨ ᠨᠡᠶᠢᠭᠡᠮ ᠤᠨ ᠵᠠᠰᠠᠯᠲᠠ ᠶᠢᠨ ᠵᠢᠱᠢᠶᠡᠴᠢ ᠲᠣᠭᠤᠷᠢᠭ ᠪᠣᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃                                         ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2