ᠵᠢᠨᠢᠩ ᠤᠨ ᠬᠠᠮ ᠵᠠᠭᠤᠴᠢᠯᠠᠭᠤᠷ ᠪᠥᠬᠦ ᠤᠯᠤᠰ ᠤᠨ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠰᠢᠯᠢᠳᠡᠭ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2021/10/25
      ᠣᠶᠢᠷ᠎ᠠ ᠳᠤ᠂ ᠲᠥᠪ ᠤᠨ ᠤᠬᠠᠭᠤᠯᠬᠤ ᠬᠡᠯᠲᠡᠰ ᠤᠨ ᠰᠣᠨᠢᠨ ᠮᠡᠳᠡᠭᠡᠨ ᠤ ᠲᠣᠪᠴᠢᠶ᠎ᠠ᠂ ᠲᠥᠪ ᠤᠨ ᠤᠬᠠᠭᠤᠯᠬᠤ ᠬᠡᠯᠲᠡᠰ ᠤᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠰᠤᠳᠤᠯᠭᠠᠨ ᠤ ᠲᠥᠪ ᠤᠨ ᠵᠢᠯᠣᠭᠤᠳᠣᠯᠭ᠎ᠠ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠠᠴᠠ ᠭᠤᠤᠯᠯᠠᠨ ᠡᠷᠭᠢᠯᠡᠵᠦ᠂ ᠡᠯ᠎ᠡ ᠮᠤᠵᠢ ︵ᠣᠷᠣᠨ᠂ ᠬᠤᠲᠠ︶ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠤᠷᠤᠯᠴᠠᠯᠭ᠎ᠠ ᠶᠢᠨ ᠲᠠᠪᠴᠠᠩ ᠠᠴᠠ ᠬᠠᠮᠵᠢᠯᠴᠠᠨ ᠵᠣᠬᠢᠶᠠᠨ ᠪᠠᠶᠢᠭᠤᠯᠵᠤ᠂ ᠬᠠᠮᠲᠤ ᠪᠠᠷ ᠬᠡᠷᠡᠭᠵᠢᠭᠦᠯᠦᠭᠰᠡᠨ 2021 ᠣᠨ ᠤ 4 ᠳ᠋ᠤᠭᠡᠷ ᠬᠤᠭᠤᠴᠠᠭᠠᠨ ᠤ ᠪᠥᠬᠦ ᠤᠯᠤᠰ ᠤᠨ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠰᠢᠯᠢᠳᠡᠭ ᠪᠦᠲᠦᠭᠡᠯ ᠤᠨ ᠬᠤᠤᠰ ᠰᠠᠷ᠎ᠠ ᠶᠢᠨ ᠤᠷᠤᠯᠳᠤᠭᠠᠨ ᠤ ᠱᠠᠩᠨᠠᠯ ᠭᠥᠷᠳᠡᠭᠰᠡᠨ ᠪᠦᠲᠦᠭᠡᠯ ᠤᠨ ᠨᠡᠷᠡᠰ ᠢ ᠵᠢᠩᠬᠢᠨᠢ ᠪᠠᠷ ᠨᠡᠶᠢᠲᠡᠯᠡᠪᠡ᠃ ᠡᠯ᠎ᠡ ᠮᠤᠵᠢ ᠶᠢᠨ ᠱᠠᠲᠤᠨ ᠤ ᠰᠤᠷᠤᠯᠴᠠᠯᠭ᠎ᠠ ᠶᠢᠨ ᠲᠠᠪᠴᠠᠩ ᠠᠴᠠ ᠡᠬᠡ ᠪᠢᠴᠢᠭ ᠥᠭᠭᠦᠭᠰᠡᠨ ᠪᠦᠲᠦᠭᠡᠯ ᠳᠤ ᠠᠩᠬᠠᠨ ᠤ ᠦᠨᠡᠯᠡᠯᠲᠡ ᠬᠢᠵᠦ᠂ 298 ᠰᠢᠯᠢᠳᠡᠭ ᠪᠦᠲᠦᠭᠡᠯ ᠢ ᠰᠢᠯᠭᠠᠷᠠᠭᠤᠯᠪᠠ᠃ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠨᠢ ᠲᠤᠰᠬᠠᠶ ᠮᠡᠷᠭᠡᠵᠢᠯᠲᠡᠨ ᠤ ᠰᠢᠯᠭᠠᠷᠠᠭᠤᠯᠬᠤ ᠪᠦᠯᠬᠦᠮ ᠢ ᠵᠣᠬᠢᠶᠠᠨ ᠪᠠᠶᠢᠭᠤᠯᠵᠤ ᠰᠢᠯᠢᠳᠡᠭ ᠪᠦᠲᠦᠭᠡᠯ ᠳᠤ ᠳᠠᠬᠢᠨ ᠦᠨᠡᠯᠡᠯᠲᠡ᠂ ᠡᠴᠦᠰ ᠤᠨ ᠦᠨᠡᠯᠡᠯᠲᠡ ᠬᠢᠵᠦ᠂ ᠬᠠᠮᠤᠭ ᠡᠴᠦᠰ ᠲᠤ 60 ᠬᠤᠪᠢ ᠱᠠᠩᠨᠠᠯ ᠭᠥᠷᠳᠡᠭᠰᠡᠨ ᠪᠦᠲᠦᠭᠡᠯ ᠢ ᠰᠢᠯᠭᠠᠷᠠᠭᠤᠯᠤᠨ ᠭᠠᠷᠭᠠᠪᠠ᠃ ᠡᠭᠦᠨ ᠳᠤ᠂ ᠵᠢᠨᠢᠩ ᠤᠨ ᠬᠠᠮ ᠵᠠᠭᠤᠴᠢᠯᠠᠭᠤᠷ ᠤᠨ ᠬᠢᠨ ᠤ ᠳᠡᠪᠰᠢᠭᠦᠯᠦᠭᠰᠡᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠰᠤᠨᠢᠷᠬᠠᠯ ᠤᠨ ᠰᠤᠷᠭᠠᠯ︾᠎ ᠨᠢ ᠨᠢᠭᠡᠳᠦᠭᠡᠷ ᠳᠡᠰ ᠤᠨ ᠱᠠᠩᠨᠠᠯ ᠢᠶᠠᠷ ᠦᠨᠡᠯᠡᠭᠳᠡᠪᠡ᠃              ᠢᠷᠡᠯᠳᠡ᠄ ᠵᠢᠨᠢᠩ ᠳᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ  
 
ᠢᠷᠡᠯᠲᠡ᠄ ᠵᠢᠨᠢᠩ ᠳᠤᠭᠤᠷᠢᠭ ᠤᠨ ᠵᠠᠰᠠᠭ ᠤᠨ ᠤᠷᠳᠤᠨ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2