ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠪᠠᠶᠢᠭ᠎ᠠ ᠠᠯᠪᠠᠨ ᠠᠴᠠ ᠡᠷᠬᠢᠯᠡᠭᠰᠡᠨ ᠰᠤᠷᠭᠠᠭᠤᠯᠢ ᠨᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2021/10/25
        ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢ ᠬᠡᠷᠡᠭᠵᠢᠭᠦᠯᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠢ ᠨᠡᠶᠢᠲᠡᠯᠡᠪᠡ᠂ ︽ᠲᠦᠷᠢᠮ︾᠎ ᠳᠤ ᠠᠷᠠᠳ ᠠᠴᠠ ᠡᠷᠭᠢᠯᠡᠭᠰᠡᠨ ᠰᠤᠷᠭᠠᠭᠤᠯᠢ ᠡᠷᠭᠢᠯᠡᠬᠦ ᠶᠢ ᠵᠣᠷᠢᠭᠵᠢᠭᠤᠯᠬᠤ ᠪᠠ ᠬᠢᠵᠠᠭᠠᠷᠯᠠᠬᠤ ᠳᠦᠷᠢᠮᠵᠢᠯ ᠢ ᠲᠣᠳᠣᠷᠬᠠᠶᠢᠯᠠᠵᠤ᠂ ᠣᠨᠴᠠᠭᠠᠶᠢᠯᠠᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠨᠢ ᠠᠷᠠᠳ ᠠᠴᠠ ᠡᠷᠭᠢᠯᠡᠭᠰᠡᠨ ᠰᠤᠷᠭᠠᠭᠤᠯᠢ ᠡᠷᠭᠢᠯᠡᠬᠦ ᠶᠢ ᠬᠢᠵᠠᠭᠠᠷᠯᠠᠬᠤ ᠶᠢ ᠨᠡᠮᠡᠪᠡ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠦᠷᠢᠮ︾᠎ ᠢ 2021 ᠣᠨ ᠤ 9 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ᠂ ᠠᠯᠪᠠᠨ ᠠᠴᠠ ᠡᠷᠬᠢᠯᠡᠭᠰᠡᠨ ᠰᠤᠷᠭᠠᠭᠤᠯᠢ  ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠳᠤ ᠣᠷᠣᠯᠴᠠᠬᠤ ᠶᠢ ᠳᠦᠷᠢᠮᠵᠢᠭᠦᠯᠦᠨ᠎ᠡ         ● ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠪᠠᠶᠢᠭ᠎ᠠ ᠠᠯᠪᠠᠨ ᠠᠴᠠ ᠡᠷᠭᠢᠯᠡᠭᠰᠡᠨ‌‍ᠰᠤᠷᠭᠠᠭᠤᠯᠢ ᠨᠢ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠡᠷᠭᠢᠯᠡᠬᠦ ᠪᠤᠶᠤ ᠡᠷᠭᠢᠯᠡᠬᠦ ᠳᠤ ᠣᠷᠣᠯᠴᠠᠵᠤ ᠪᠣᠯᠬᠤ ᠥᠬᠡᠶ᠂ ᠠᠷᠠᠳ ᠠᠴᠠ ᠡᠷᠭᠢᠯᠡᠭᠰᠡᠨ ᠰᠤᠷᠭᠠᠭᠤᠯᠢ ᠲᠡᠶᠢᠰᠢ ᠰᠢᠯᠵᠢᠵᠦ ᠪᠣᠯᠬᠤ ᠥᠬᠡᠶ᠃ ᠪᠤᠰᠤᠳ ᠠᠯᠪᠠᠨ ᠠᠴᠠ ᠡᠷᠭᠢᠯᠡᠭᠰᠡᠨ ᠰᠤᠷᠭᠠᠭᠤᠯᠢ ᠨᠢ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠡᠷᠭᠢᠯᠡᠬᠦ ᠪᠤᠶᠤ ᠡᠷᠭᠢᠯᠡᠬᠦ ᠳᠤ ᠣᠷᠣᠯᠴᠠᠵᠤ ᠪᠣᠯᠬᠤ ᠥᠬᠡᠶ᠃ ᠭᠡᠪᠡᠴᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠪᠠᠶᠢᠭ᠎ᠠ ᠠᠯᠪᠠᠨ ᠠᠴᠠ ᠡᠷᠭᠢᠯᠡᠭᠰᠡᠨ ᠰᠤᠷᠭᠠᠭᠤᠯᠢ ᠨᠢ ᠠᠵᠤ ᠠᠬᠤᠶᠢᠯᠠᠯ ᠤᠨ ᠬᠥᠷᠥᠩᠭᠡ ᠂ ᠮᠡᠷᠭᠡᠵᠢᠯ᠂ ᠬᠠᠮᠢᠶᠠᠷᠤᠯᠲᠠ ᠵᠡᠷᠭᠡ ᠬᠦᠴᠦᠨ ᠵᠦᠢᠯ ᠢ ᠲᠠᠲᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠪᠠᠶᠢᠭ᠎ᠠ ᠠᠰᠢᠭ ᠬᠤᠨᠵᠢᠪᠣᠷᠢ ᠶᠢᠨ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠡᠷᠭᠢᠯᠡᠬᠦ ᠪᠤᠶᠤ ᠡᠷᠭᠢᠯᠡᠬᠦ ᠳᠤ ᠣᠷᠣᠯᠴᠠᠵᠤ ᠪᠣᠯᠤᠨ᠎ᠠ᠃          ● ᠠᠯᠪᠠᠨ ᠠᠴᠠ ᠡᠷᠬᠢᠯᠡᠭᠰᠡᠨ ᠰᠤᠷᠭᠠᠭᠤᠯᠢ ᠨᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠬᠤ ᠳᠤ ᠪᠠᠨ ᠤᠯᠤᠰ ᠤᠨ ᠡᠳ᠋ ᠤᠨ ᠵᠠᠰᠠᠭ ᠤᠨ ᠴᠢᠨᠠᠷᠲᠠᠶ ᠵᠠᠷᠤᠳᠠᠯ ᠢ ᠠᠰᠢᠭᠯᠠᠵᠤ ᠪᠣᠯᠬᠤ ᠦᠭᠡᠶ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠵᠢᠭᠠᠬᠤ ᠠᠵᠢᠯᠯᠠᠭ᠎ᠠ ᠶᠢ ᠨᠥᠯᠥᠭᠡᠯᠡᠵᠦ ᠪᠣᠯᠬᠤ ᠦᠭᠡᠶ᠂ ᠵᠥᠪᠬᠡᠨ ᠨᠡᠷ᠎ᠡ ᠭᠠᠷᠭᠠᠬᠤ ᠪᠠᠷ ᠰᠤᠷᠭᠠᠭᠤᠯᠢ ᠡᠷᠬᠢᠯᠡᠬᠦ ᠳᠤ ᠣᠷᠣᠯᠴᠠᠵᠤ ᠪᠣᠯᠬᠤ ᠦᠭᠡᠶ ᠪᠥᠭᠡᠳ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ ᠠᠯᠪᠠᠨ ᠠᠴᠠ ᠡᠷᠭᠢᠯᠡᠭᠰᠡᠨ ᠰᠤᠷᠭᠠᠭᠤᠯᠢ ᠨᠢ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠ ᠡᠷᠭᠢᠯᠡᠭᠰᠡᠨ ᠰᠤᠷᠭᠠᠭᠤᠯᠢ ᠡᠷᠭᠢᠯᠡᠬᠦ ᠪᠤᠶᠤ ᠡᠷᠭᠢᠯᠡᠬᠦ ᠳᠤ ᠣᠷᠣᠯᠴᠠᠪᠠᠯ᠂ ᠬᠠᠮᠢᠶᠠᠷᠤᠯᠲᠠ ᠶᠢᠨ ᠰᠦᠢᠳᠭᠡᠯ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ᠡᠷᠭᠢᠯᠡᠭᠰᠡᠨ ᠣᠯᠵᠠ ᠠᠰᠢᠭ ᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠣᠯᠵᠠ ᠠᠰᠢᠭ ᠣᠯᠵᠤ ᠪᠣᠯᠬᠤ ᠥᠬᠡᠶ᠃           ● ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠯᠪᠠᠨ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ ᠪᠣᠯᠬᠤ ᠦᠭᠡᠢ᠃ ᠬᠥᠷᠥᠩᠭᠡ ᠶᠢᠨ ᠡᠵᠡᠩᠨᠡᠯᠲᠡ ᠪᠠᠷ ᠳᠠᠮᠵᠢᠭᠤᠯᠤᠨ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠰᠤᠷᠭᠠᠭᠤᠯᠢ ᠶᠢᠨ ᠣᠯᠵᠠ ᠠᠰᠢᠭ ᠣᠯᠬᠤ ᠠᠵᠢᠯᠯᠠᠭ᠎ᠠ ᠶᠢ ᠬᠢᠵᠠᠭᠠᠷᠯᠠᠨ᠎ᠠ.           ● ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠵᠡᠷᠭᠡ ᠪᠠᠷ ᠡᠷᠬᠢᠯᠡᠭᠰᠡᠨ ᠪᠤᠶᠤ ᠪᠣᠳᠠᠲᠠᠢ ᠡᠵᠡᠮᠳᠡᠭᠰᠡᠨ ᠪᠠᠶᠢᠪᠠᠯ᠂ ᠡᠷᠬᠢᠯᠡᠭᠰᠡᠨ ᠪᠤᠶᠤ ᠪᠣᠳᠠᠲᠠᠢ ᠡᠵᠡᠮᠳᠡᠵᠦ ᠪᠠᠶᠢᠭ᠎ᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠢᠨᠵᠢ ᠴᠢᠨᠠᠷ ᠢ ᠨᠢ ᠬᠤᠪᠢᠷᠠᠭᠤᠯᠵᠤ᠂ ᠰᠤᠷᠭᠠᠭᠤᠯᠢ ᠡᠷᠬᠢᠯᠡᠭᠰᠡᠨ ᠣᠯᠵᠠ ᠠᠰᠢᠭ ᠢ ᠰᠢᠭᠤᠳ ᠪᠤᠶᠤ ᠳᠠᠮ ᠢᠶᠠᠷ ᠣᠯᠵᠤ ᠪᠣᠯᠬᠤ ᠦᠭᠡᠢ︔ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠪᠠᠨ ᠳᠤᠷ᠎ᠠ ᠪᠠᠷ ᠢᠶᠠᠨ ᠬᠡᠷᠡᠭᠯᠡᠵᠦ ᠥᠷᠢᠰᠥᠯᠳᠦᠭᠡᠨ ᠢ ᠭᠠᠳᠠᠭᠤᠷᠴᠢᠯᠠᠵᠤ ᠬᠢᠵᠠᠭᠠᠷᠯᠠᠵᠤ ᠪᠣᠯᠬᠤ ᠦᠭᠡᠢ᠃         ● ᠶᠠᠮᠠᠷᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠨᠡᠶᠢᠯᠡᠭᠦᠯᠦᠨ ᠬᠤᠳᠠᠯᠳᠤᠨᠠᠪᠬᠤ᠂ ᠬᠡᠯᠡᠯᠴᠡᠭᠡᠷ ᠢᠶᠠᠷ ᠬᠢᠵᠠᠭᠠᠷᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠪᠠᠨ ᠵᠢᠷᠤᠮ ᠤᠨ ᠰᠤᠷᠭᠠᠨᠬᠥᠮᠦᠵᠢᠯ ᠢ ᠬᠡᠷᠡᠭᠵᠢᠭᠦᠯᠵᠦ ᠪᠠᠶᠢᠭ᠎ᠠ ᠠᠷᠠᠳ ᠠᠴᠠ ᠡᠷᠭᠢᠯᠡᠭᠰᠡᠨ ᠰᠤᠷᠭᠠᠭᠤᠯᠢ᠂ ᠰᠤᠷᠭᠠᠭᠤᠯᠢ ᠶᠢᠨ ᠨᠠᠰᠤᠨ ᠠᠴᠠᠡᠮᠦᠨᠡᠬᠢ ᠰᠤᠷᠭᠠᠨ ᠬᠥᠮᠦᠵᠢᠯ ᠢ ᠬᠡᠷᠡᠭᠵᠢᠭᠦᠯᠵᠦ ᠪᠠᠶᠢᠭ᠎ᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠᠡᠷᠭᠢᠯᠡᠭᠰᠡᠨ ᠰᠤᠷᠭᠠᠭᠤᠯᠢ ᠶᠢ ᠬᠢᠵᠠᠭᠠᠷᠯᠠᠵᠤ ᠪᠣᠯᠬᠤ ᠥᠬᠡᠶ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠲᠡᠳᠬᠦᠨᠳᠡᠮᠵᠢᠬᠦ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠪᠠ᠃        ● ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳᠵᠠᠰᠠᠭ ᠤᠨ ᠣᠷᠳᠣᠨ ᠠᠴᠠ ᠨᠥᠬᠦᠪᠥᠷᠢᠯᠡᠬᠦ᠂ ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠠᠪᠴᠤ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢᠨᠴᠠᠯᠢᠩ ᠣᠯᠭᠤᠮᠵᠢ ᠶᠢ ᠪᠠᠲᠤᠯᠠᠬᠤ ᠶᠢ ᠵᠣᠷᠢᠭᠵᠢᠭᠤᠯᠤᠨ ᠳᠡᠮᠵᠢᠵᠦ ᠪᠣᠯᠤᠨ᠎ᠠ᠃        ● ᠠᠷᠠᠳ ᠠᠴᠠ ᠡᠷᠭᠢᠯᠡᠭᠰᠡᠨ ᠰᠤᠷᠭᠠᠭᠤᠯᠢ ᠨᠢ ᠤᠯᠤᠰ ᠠᠴᠠ ᠲᠣᠭᠲᠠᠭᠠᠭᠰᠠᠨ ᠭᠠᠶᠢᠯᠢ ᠲᠠᠲᠠᠪᠤᠷᠢ ᠶᠢᠨᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠨ᠎ᠡ︔ ᠡᠭᠦᠨ ᠳᠤ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶᠠᠷᠠᠳ ᠠᠴᠠ ᠡᠷᠭᠢᠯᠡᠭᠰᠡᠨ ᠰᠤᠷᠭᠠᠭᠤᠯᠢ ᠨᠢ ᠠᠯᠪᠠᠨ ᠠᠴᠠ ᠡᠷᠭᠢᠯᠡᠭᠰᠡᠨ ᠰᠤᠷᠭᠠᠭᠤᠯᠢ ᠲᠠᠢ ᠠᠳᠠᠯᠢ ᠲᠡᠭᠰᠢ ᠭᠠᠶᠢᠯᠢᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠨ᠎ᠡ᠃         ● ᠤᠯᠤᠰ ᠠᠴᠠ ᠳᠠᠭᠠᠳᠬᠠᠯ ᠤᠨ ᠪᠠᠶᠢᠭᠤᠯᠤᠮᠵᠢ ᠶᠢᠨ ᠠᠷᠠᠳ ᠠᠴᠠ ᠡᠷᠭᠢᠯᠡᠭᠰᠡᠨ ᠰᠤᠷᠭᠠᠭᠤᠯᠢ ᠳᠤᠳᠣᠭᠢᠷᠠᠬᠤ ᠳᠠᠭᠠᠳᠬᠠᠯ ᠤᠨ ᠦᠢᠯᠡᠳᠭᠦᠨ ᠢ ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠠᠵᠢᠯ ᠲᠥᠷᠥᠯ ᠢᠶᠠᠷ ᠢᠶᠠᠨᠬᠠᠪᠰᠤᠷᠤᠯᠴᠠᠬᠤ ᠳᠠᠭᠠᠳᠬᠠᠯ ᠵᠡᠷᠭᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠷᠠᠳ ᠠᠴᠠ ᠡᠷᠭᠢᠯᠡᠭᠰᠡᠨᠰᠤᠷᠭᠠᠭᠤᠯᠢ ᠶᠢᠨ ᠬᠦᠨᠳᠦ ᠶᠡᠭᠡ ᠠᠳᠠᠯ ᠢ ᠰᠢᠢᠳᠪᠦᠷᠢᠯᠡᠬᠦ᠂ ᠬᠤᠶᠢᠨᠠᠬᠢ ᠠᠰᠠᠭᠤᠳᠠᠯ ᠢ ᠳᠠᠭᠤᠰᠬᠠᠬᠤ᠂ ᠪᠠᠭᠰᠢᠠᠵᠢᠯᠲᠠᠨ ᠠᠵᠢᠯᠴᠢᠨ ᠤ ᠡᠷᠬᠡ ᠠᠰᠢᠭ ᠢ ᠪᠠᠲᠤᠯᠠᠬᠤ ᠵᠡᠷᠭᠡ ᠵᠦᠢᠯᠡᠰ ᠲᠤ ᠲᠦᠭᠰᠢᠭᠦᠷᠢ ᠶᠢᠨ ᠪᠠᠲᠤᠯᠠᠭ᠎ᠠ ᠬᠠᠩᠭᠠᠨ᠎ᠠ        ● ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠦᠭᠰᠢᠭᠦᠷᠢ ᠶᠢ ᠡᠵᠡᠮᠳᠡᠵᠦ ᠳᠡᠶᠢᠯᠬᠦ ᠤᠷᠢᠲᠠᠯ ᠳᠤᠤᠷ᠎ᠠᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠣᠨᠴᠠᠯᠢᠭ ᠲᠤ ᠳᠣᠭᠢᠷᠠᠭᠰᠠᠨ ᠮᠥᠩᠭᠦᠨ ᠭᠦᠢᠯᠭᠡᠭᠡᠨ ᠤ ᠦᠢᠯᠡᠳᠬᠦᠨ᠎ ᠢ ᠨᠡᠭᠡᠭᠡᠨ ᠬᠥᠭᠵᠢᠭᠦᠯᠵᠦ ᠪᠣᠯᠤᠨ᠎ᠠ᠃ ᠠᠷᠠᠳ ᠠᠴᠠ ᠡᠷᠭᠢᠯᠡᠭᠰᠡᠨ ᠰᠤᠷᠭᠠᠭᠤᠯᠢ ᠨᠢ ᠢᠷᠡᠭᠡᠳᠦᠢ ᠶᠢᠨ ᠡᠵᠡᠩᠨᠡᠯᠲᠡ ᠶᠢᠨᠣᠷᠣᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠪᠠᠷ ᠪᠠᠯᠠ ᠲᠣᠬᠢᠷᠠᠭᠤᠯᠭ᠎ᠠ ᠬᠢᠵᠦ ᠪᠣᠯᠤᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2