ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠲᠣᠭᠤᠷᠢᠭ ᠤᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠲᠠᠮᠠᠬᠢᠨ ᠤ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠭᠠᠵᠠᠷ ᠤᠨ ᠵᠣᠬᠢᠰᠲᠠᠶ ᠪᠠᠶᠢᠷᠢᠯᠠᠭᠤᠯᠤᠯᠲᠠ ᠶᠢᠨ ᠲᠥᠯᠥᠪᠵᠢᠭ᠊
ᠨᠡᠶᠢᠲᠡᠯᠡᠭᠰᠡᠨ ᠴᠠᠭ᠄
2021/10/28
         ᠨᠢᠭᠡᠳᠦᠭᠡᠷ ᠪᠦᠯᠦᠭ ᠵᠡᠷᠦᠩᠬᠡᠶ ᠲᠦᠷᠢᠮ       ᠨᠢᠭᠡᠳᠦᠭᠡᠷ ᠵᠦᠢᠯ   ᠲᠠᠮᠠᠬᠢ ᠲᠤᠰᠬᠠᠢ ᠬᠤᠳᠠᠯᠳᠤᠬᠤ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠮᠠᠬᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠡᠭ ︵ᠳᠣᠷᠣᠭᠰᠢ ᠵᠢᠵᠢᠭᠯᠡᠨ ᠬᠤᠳᠠᠯᠳᠤᠬᠤ ᠴᠡᠭ ᠭᠡᠵᠦ ᠲᠣᠪᠴᠢᠯᠠᠨ᠎ᠠ︶᠎ ᠢ ᠵᠦᠢ ᠵᠣᠬᠢᠰᠲᠠᠢ ᠪᠠᠶᠢᠷᠢᠯᠠᠭᠤᠯᠵᠤ᠂ ᠭᠤᠣᠯᠴᠢ ᠥᠷᠢᠰᠥᠯᠳᠦᠭᠡᠨ ᠢ ᠬᠠᠮᠠᠭᠠᠯᠠᠨ᠂ ᠲᠠᠮᠠᠬᠢᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠵᠤ᠂ ᠠᠷᠠᠳ ᠢᠷᠭᠡᠨ᠂ ᠬᠠᠤᠯᠢ ᠶᠢᠨ ᠬᠥᠮᠦᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠮᠠᠬᠢ ᠲᠤᠰᠬᠠᠶ ᠬᠤᠳᠠᠯᠳᠤᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠮᠠᠬᠢ ᠲᠤᠰᠬᠠᠶ ᠬᠤᠳᠠᠯᠳᠤᠬᠤ ᠬᠠᠤᠯᠢ ᠶᠢ ᠬᠡᠷᠡᠭᠵᠢᠭᠦᠯᠬᠦ ᠳᠦᠷᠢᠮ︾ ︽ᠲᠠᠮᠠᠬᠢ ᠲᠤᠰᠬᠠᠶ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ︽ᠲᠠᠮᠠᠬᠢ ᠲᠤᠰᠬᠠᠶ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ︽ᠲᠠᠮᠠᠬᠢ ᠲᠤᠰᠬᠠᠶ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠵᠢᠨᠢᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠲᠣᠭᠤᠷᠢᠭ ᠤᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠬᠤ ᠲᠣᠪᠴᠢᠶ᠎ᠠ ᠶᠢᠨ ᠨᠠᠪᠴᠢᠨ ᠲᠠᠮᠠᠬᠢ ᠶᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠢᠬ ᠤᠨ ᠵᠦᠶ ᠵᠣᠬᠢᠰᠲᠠᠶ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ︾ ︵ᠳᠣᠷᠣᠭᠰᠢ ᠲᠥᠯᠥᠪᠵᠢᠭᠦᠯᠭᠡ ᠭᠡᠵᠦ ᠲᠣᠪᠴᠢᠯᠠᠨ᠎ᠠ︶᠎ ᠶᠢ ᠲᠣᠭᠲᠠᠭᠠᠨ᠎ᠠ᠃            ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠵᠢᠵᠢᠭᠯᠡᠨ ᠬᠤᠳᠠᠯᠳᠤᠬᠤ ᠴᠢᠬ ᠤᠨ ᠵᠦᠶ ᠵᠣᠬᠢᠰᠲᠠᠶ ᠪᠠᠶᠢᠷᠢᠰᠢᠭᠤᠯᠤᠯᠲᠠ ᠶᠢᠨ ᠬᠠᠮᠢᠶᠠᠷᠤᠯᠲᠠ ᠳᠤ ᠲᠣᠰ ᠲᠥᠯᠥᠪᠵᠢᠭᠦᠯᠭᠡ ᠳᠣᠭᠢᠷᠠᠨ᠎ᠠ᠃         ᠭᠤᠷᠪᠠᠳᠤᠭᠠᠷ ᠵᠦᠢᠯ  ᠥᠪᠥᠷ ᠮᠣᠩᠭᠤᠯ  ᠤᠨ ᠥᠪᠡᠷᠲᠡᠭᠡᠨ ᠵᠠᠰᠠᠭ ᠣᠷᠣᠨ  ᠤ ᠵᠢᠨᠢᠩ ᠲᠣᠭᠤᠷᠢᠭ ᠟ ᠤᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠨᠢ ᠲᠤᠰ ᠵᠠᠰᠠᠭ ᠵᠠᠬᠢᠷᠭᠠᠨ  ᠤ ᠣᠷᠣᠨ ᠤ ᠳᠣᠲᠣᠷᠠᠬᠢ ᠵᠢᠵᠢᠭᠯᠡᠨ ᠬᠤᠳᠠᠯᠳᠤᠬᠤ ᠴᠢᠬ  ᠤᠨ  ᠵᠦᠢ ᠵᠣᠬᠢᠰᠲᠠᠶ ᠪᠠᠶᠢᠷᠢᠰᠢᠭᠤᠯᠤᠯ  ᠤᠨ ᠲᠥᠯᠥᠪᠵᠢᠭᠦᠯᠭᠡ ᠟ ᠶᠢ ᠬᠡᠷᠡᠭᠵᠢᠭᠦᠯᠬᠦ  ᠶᠢ ᠬᠠᠷᠢᠭᠤᠴᠠᠨ᠎ᠠ᠃          ᠳᠥᠷᠪᠡᠳᠦᠭᠡᠷ ᠵᠦᠢᠯ   ᠲᠤᠰ ᠲᠥᠯᠥᠪᠵᠢᠭᠦᠯᠭᠡ ᠳᠤ ᠬᠡᠯᠡᠵᠦ ᠪᠠᠶᠢᠭ᠎ᠠ ᠵᠢᠵᠢᠭᠯᠡᠨ ᠬᠤᠳᠠᠯᠳᠤᠬᠤ ᠭᠠᠵᠠᠷ ᠭᠡᠳᠡᠭ ᠨᠢ ᠲᠠᠮᠠᠬᠢ ᠲᠤᠰᠬᠠᠢ ᠬᠤᠳᠠᠯᠳᠤᠬᠤ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠠᠮᠠᠬᠢᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠲᠤᠬᠠᠶᠢᠯᠠᠭᠰᠠᠨ ᠠᠵᠢᠯ ᠡᠷᠬᠢᠯᠡᠬᠦ ᠡᠵᠡᠩᠨᠡᠯᠲᠡ ᠶᠢᠨ ᠲᠠᠯᠠᠪᠤᠷ ᠭᠠᠵᠠᠷ ᠢ ᠵᠢᠭᠠᠵᠤ ᠪᠠᠶᠢᠨ᠎ᠠ᠃          ᠲᠤᠰ ᠲᠥᠯᠥᠪᠵᠢᠭᠦᠯᠭᠡ ᠳᠤ ᠬᠡᠯᠡᠵᠦ ᠪᠠᠶᠢᠭ᠎ᠠ ᠵᠦᠢ ᠵᠣᠬᠢᠰᠲᠠᠶ ᠪᠠᠶᠢᠷᠢᠯᠠᠭᠤᠯᠤᠯᠲᠠ ᠭᠡᠳᠡᠭ ᠨᠢ ᠲᠠᠮᠠᠬᠢ ᠲᠤᠰᠬᠠᠶ ᠬᠤᠳᠠᠯᠳᠤᠬᠤ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠪᠠ ᠬᠠᠷᠢᠶ᠎ᠠ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠡᠬᠢ ᠪᠠᠶᠠᠯᠢᠭ ᠤᠨ ᠲᠤᠬᠢᠷᠡᠭᠤᠯᠦᠯᠳᠠ ᠶᠢ ᠦᠨᠳᠦᠰᠦᠯᠡᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠢᠵᠢᠭᠯᠡᠨ ᠬᠤᠳᠠᠯᠳᠤᠬᠤ ᠴᠡᠭ ᠲᠤ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠬᠢᠬᠦ ᠶᠢ ᠵᠢᠭᠠᠵᠤ ᠪᠠᠶᠢᠨ᠎ᠠ᠃          ᠲᠠᠪᠤᠳᠤᠭᠠᠷ ᠵᠦᠢᠯ  ᠲᠤᠰ ᠲᠥᠯᠥᠪᠵᠢᠭᠦᠯᠭᠡ ᠳᠤ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ᠂ ᠨᠡᠶᠢᠭᠡᠮ ᠳᠤ ᠦᠢᠯᠡᠴᠢᠯᠡᠬᠦ᠂ ᠲᠡᠩᠴᠡᠭᠦᠷᠢᠲᠡᠶ ᠬᠥᠭᠵᠢᠭᠦᠯᠬᠦ ᠵᠠᠷᠴᠢᠮ ᠢ ᠵᠢᠷᠤᠮᠯᠠᠵᠤ᠂ ᠬᠠᠷᠢᠶ᠎ᠠ ᠣᠷᠣᠨ ᠤ ᠪᠠᠨ ᠬᠥᠮᠦᠨ ᠠᠮᠠ ᠶᠢᠨ ᠲᠤᠭ᠎ᠠ᠂ ᠵᠠᠮ ᠬᠠᠷᠢᠯᠴᠠᠭᠠᠨ ᠤ ᠪᠠᠶᠢᠳᠠᠯ᠂ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠬᠡᠷᠡᠭᠯᠡᠭᠡᠨ ᠤ ᠴᠢᠳᠠᠪᠤᠷᠢ ᠵᠡᠷᠭᠡ ᠬᠦᠴᠦᠨ ᠵᠦᠢᠯ ᠢ ᠦᠨᠳᠦᠰᠦᠯᠡᠨ ᠲᠠᠮᠠᠬᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠡᠭ ᠤᠨ ᠵᠦᠢ ᠵᠣᠬᠢᠰᠲᠠᠶ ᠪᠠᠶᠢᠷᠢᠯᠠᠭᠤᠯᠤᠯᠲᠠ ᠶᠢ ᠲᠣᠭᠲᠠᠭᠠᠨ᠎ᠠ᠃          ᠬᠤᠶᠠᠳᠤᠭᠠᠷ ᠪᠦᠯᠦᠭ     ᠵᠦᠢ ᠵᠣᠬᠢᠰᠲᠠᠶ ᠪᠠᠶᠢᠷᠢᠯᠠᠭᠤᠯᠤᠯᠲᠠ ᠶᠢᠨ ᠪᠠᠷᠢᠮᠵᠢᠶ᠎ᠠ          ᠵᠢᠷᠭᠤᠳᠤᠭᠠᠷ ᠵᠦᠢᠯ     ᠲᠠᠮᠠᠬᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠡᠭ ᠤᠨ ᠪᠠᠶᠢᠷᠢᠯᠠᠭᠤᠯᠤᠯᠲᠠ ᠶᠢᠨ ᠪᠠᠷᠢᠮᠵᠢᠶ᠎ᠠ         ︵ᠨᠢᠭᠡ︶ ᠬᠤᠲᠠ ᠪᠠᠯᠭᠠᠰᠤ ᠶᠢᠨ ᠬᠡᠪᠴᠢᠶᠡᠨ ᠳᠣᠲᠣᠷᠠᠬᠢ ᠵᠡᠭᠡᠯᠢ᠂ ᠵᠠᠮ᠂ ᠵᠠᠮ᠂ ᠭᠤᠳᠤᠮᠵᠢ᠂ ᠵᠢᠵᠢᠭᠯᠡᠨ ᠬᠤᠳᠠᠯᠳᠤᠬᠤ ᠴᠢᠬ  ᠤᠨ ᠬᠤᠭᠤᠷᠣᠨᠳᠣᠬᠢ ᠵᠠᠶ ᠨᠢ 80 ᠮᠤ᠋ ᠠᠴᠠ ᠳᠡᠭᠡᠭᠰᠢ ᠪᠠᠶᠢᠬᠤ᠃        ︵ᠬᠤᠶᠠᠷ︶  ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠬᠤᠳᠠᠯᠳᠤᠭᠠᠨ ᠳᠤ ᠬᠡᠷᠡᠭᠯᠡᠬᠦ ᠬᠡᠷ ᠪᠠᠶᠢᠰᠢᠩ ︵ᠵᠡᠭᠡᠯᠢ ᠳᠠᠭᠠᠤ ᠭᠠᠳᠠᠭᠰᠢ ᠬᠠᠨᠳᠤᠭᠰᠠᠨ ᠨᠢᠭᠡᠳᠦᠭᠡᠷ ᠳᠠᠪᠬᠤᠷᠯᠢᠭ ᠤᠨ ᠡᠭᠦᠳᠡᠨ ᠬᠡᠷ ᠢ ᠪᠠᠭᠲᠠᠭᠠᠬᠤ ᠥᠬᠡᠶ︶᠂ ᠰᠠᠭᠤᠭᠠᠯᠢ ᠠᠷᠠᠳ ᠤᠨ ᠡᠷᠦᠬᠡ ᠶᠢᠨ ᠲᠤᠭ᠎ᠠ ᠨᠢ 500 ᠡᠷᠦᠬᠡ ᠠᠴᠠ ᠳᠡᠭᠡᠭᠰᠢ ᠪᠠᠶᠢᠪᠠᠯ 1 ᠵᠢᠵᠢᠭᠯᠡᠨ ᠬᠤᠳᠠᠯᠳᠤᠬᠤ ᠴᠢᠬ ᠭᠠᠷᠭᠠᠵᠤ᠂ 500 ᠡᠷᠦᠬᠡ ᠨᠡᠮᠡᠭᠳᠡᠬᠦ ᠪᠦᠷᠢ 1 ᠵᠢᠵᠢᠭᠯᠡᠨ ᠬᠤᠳᠠᠯᠳᠤᠬᠤ ᠴᠢᠬ ᠨᠡᠮᠡᠨ ᠪᠠᠶᠢᠭᠤᠯᠵᠤ ᠪᠣᠯᠤᠨ᠎ᠠ᠂ ᠬᠤᠭᠤᠷᠣᠨᠳᠣᠬᠢ ᠵᠠᠶ ᠨᠢ 50 ᠮᠧᠲᠷ ᠠᠴᠠ ᠳᠡᠭᠡᠭᠰᠢ ᠪᠠᠶᠢᠬᠤ ᠬᠡᠷᠡᠭᠲᠡᠶ  ᠃  500 ᠡᠷᠦᠬᠡ ᠬᠥᠷᠬᠦ ᠥᠬᠡᠶ ᠪᠠᠶᠢᠪᠠᠯ᠂ ᠵᠢᠵᠢᠭᠯᠡᠨ ᠬᠤᠳᠠᠯᠳᠤᠬᠤ ᠴᠢᠬ ᠢ ᠳᠠᠭᠢᠵᠤ ᠰᠢᠨ᠎ᠡ ᠪᠠᠷ ᠪᠠᠶᠢᠭᠤᠯᠬᠤ ᠥᠬᠡᠶ᠃         ︵ᠭᠤᠷᠪᠠ︶ ᠬᠥᠳᠡᠭᠡ ᠲᠣᠰᠬᠤᠨ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠡᠪᠴᠢᠶ᠎ᠡ ᠪᠠᠷ ᠵᠢᠵᠢᠭᠯᠡᠨ ᠬᠤᠳᠠᠯᠳᠤᠬᠤ ᠴᠡᠭ ᠭᠠᠷᠭᠠᠨ᠎ᠠ᠃ ᠪᠠᠶᠢᠩᠭᠤ ᠰᠠᠭᠤᠭ᠎ᠠ ᠬᠥᠮᠦᠨ ᠠᠮᠠ ᠶᠢ 300 ᠡᠷᠦᠬᠡ ᠠᠴᠠ ᠳᠡᠭᠡᠭᠰᠢ ᠪᠣᠯᠭᠠᠬᠤ ᠳᠤ 1 ᠵᠢᠵᠢᠭᠯᠡᠨ ᠬᠤᠳᠠᠯᠳᠤᠬᠤ ᠴᠢᠬ ᠭᠠᠷᠭᠠᠵᠤ᠂ 300 ᠡᠷᠦᠬᠡ ᠨᠡᠮᠡᠭᠳᠡᠬᠦ ᠪᠦᠷᠢ ᠳᠤ 1 ᠵᠢᠵᠢᠭᠯᠡᠨ ᠬᠤᠳᠠᠯᠳᠤᠬᠤ ᠴᠢᠬ ᠨᠡᠮᠡᠵᠦ ᠭᠠᠷᠭᠠᠵᠤ ᠪᠣᠯᠤᠨ᠎ᠠ᠃         ︵ᠳᠥᠷᠪᠡ︶  ᠴᠡᠷᠢᠭ ᠤᠨ ᠶᠠᠪᠤᠳᠠᠯ ᠤᠨ ᠨᠢᠭᠡᠴᠡ᠂ ᠲᠦᠷ ᠬᠤᠷᠢᠬᠤ ᠭᠠᠵᠠᠷ᠂  ᠬᠤᠤᠷ ᠲᠠᠲᠠᠬᠤ ᠶᠢ ᠵᠣᠭᠰᠣᠭᠠᠬᠤ ᠭᠠᠵᠠᠷ ᠵᠡᠷᠭᠡ ᠪᠦᠬᠦᠨ ᠢ ᠪᠢᠲᠡᠭᠦᠮᠵᠢᠯᠡᠭᠰᠡᠨ ᠪᠠᠶᠢᠭᠤᠯᠤᠮᠵᠢ ᠳᠤ ᠨᠢᠭᠡ ᠵᠢᠵᠢᠭᠯᠡᠨ ᠬᠤᠳᠠᠯᠳᠤᠬᠤ ᠭᠠᠵᠠᠷ ᠭᠠᠷᠭᠠᠵᠤ ᠪᠣᠯᠤᠨ᠎ᠠ᠃        ︵ᠲᠠᠪᠤ︶ ᠬᠠᠷᠢᠴᠠᠩᠭᠤᠶ ᠪᠠᠷ ᠪᠡᠶ᠎ᠡ ᠪᠠᠨ ᠳᠠᠭᠠᠭᠠᠭᠰᠠᠨ ᠪᠥᠭᠡᠳ ᠪᠢᠲᠡᠭᠦᠮᠵᠢᠯᠡᠭᠰᠡᠨ ᠣᠳᠣᠨ ᠲᠠᠰ ᠤᠨ ᠵᠣᠴᠢᠳ ᠤᠨ ᠪᠠᠭᠤᠳᠠᠯ᠂ ᠪᠠᠭᠤᠳᠠᠯ ᠨᠢ 3 ᠣᠳᠣᠨ ᠲᠠᠰ ᠠᠴᠠ ᠳᠡᠭᠡᠭᠰᠢ ᠪᠠᠶᠢᠪᠠᠯ᠂ ᠪᠡᠯᠡᠳᠬᠡᠮᠵᠢ ᠶᠢᠨ ᠳᠣᠲᠣᠷᠠᠬᠢ ᠣᠨᠴᠠ ᠲᠣᠭᠲᠠᠭᠰᠠᠨ ᠬᠡᠷᠡᠭᠯᠡᠭᠴᠢᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠡᠵᠡᠩᠨᠡᠯᠲᠡ ᠶᠢᠨ ᠬᠠᠶ᠋ᠢᠭ ᠢᠶᠠᠷ ᠨᠢ 1 ᠵᠢᠵᠢᠭᠯᠡᠨ ᠬᠤᠳᠠᠯᠳᠤᠬᠤ ᠴᠢᠬ ᠭᠠᠷᠭᠠᠵᠤ᠂ ᠵᠠᠶ ᠶᠢᠨ ᠬᠢᠵᠠᠭᠠᠷᠯᠠᠯ ᠢ ᠬᠦᠯᠢᠶᠡᠬᠦ ᠥᠬᠡᠶ᠃           ︵ᠵᠢᠷᠭᠤᠭ᠎ᠠ︶ ᠬᠠᠷᠢᠴᠠᠩᠭᠤᠶ ᠪᠠᠷ ᠪᠡᠶ᠎ᠡ ᠪᠠᠨ ᠳᠠᠭᠠᠭᠠᠭᠰᠠᠨ ᠪᠥᠭᠡᠳ ᠪᠢᠲᠡᠭᠦᠮᠵᠢᠯᠡᠵᠦ᠂ ᠪᠡᠯᠡᠳᠬᠡᠮᠵᠢ ᠶᠢᠨ ᠳᠣᠲᠣᠷᠠᠬᠢ ᠣᠨᠴᠠ ᠲᠣᠭᠲᠠᠭᠰᠠᠨ ᠬᠡᠷᠡᠭᠯᠡᠭᠴᠢᠳ ᠤᠨ ᠬᠡᠷᠡᠭᠯᠡᠭᠡ ᠶᠢ ᠬᠠᠩᠭᠠᠵᠤ ᠳᠡᠶᠢᠯᠬᠦ ᠠᠮᠠᠷᠠᠯᠲᠠ ᠶᠢᠨ ᠲᠣᠰᠬᠤᠨ᠂ ᠵᠣᠴᠢᠳ ᠤᠨ ᠪᠠᠭᠤᠳᠠᠯ᠂ ᠵᠤᠭ᠎ᠠ ᠴᠡᠩᠭᠡᠯ ᠤᠨ ᠭᠠᠵᠠᠷ᠂ ᠰᠠᠩᠨᠠ᠂ ᠤᠬᠢᠶᠠᠯᠭ᠎ᠠ ᠶᠢᠨ ᠭᠠᠵᠠᠷ᠂ KTV ᠵᠡᠷᠭᠡ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠪᠠᠯ᠂ ᠬᠠᠶ᠋ᠢᠭ ᠢᠶᠠᠷ ᠨᠢ ᠨᠢᠭᠡ ᠵᠢᠵᠢᠭᠯᠡᠨ ᠬᠤᠳᠠᠯᠳᠤᠬᠤ ᠴᠢᠬ ᠭᠠᠷᠭᠠᠵᠤ᠂ ᠵᠠᠶ ᠶᠢᠨ ᠬᠢᠵᠠᠭᠠᠷᠯᠠᠯ ᠢ ᠬᠦᠯᠢᠶᠡᠬᠦ ᠥᠬᠡᠶ ᠪᠠᠶᠢᠬᠤ ᠬᠡᠷᠡᠭᠲᠡᠶ᠃           ︵ᠲᠤᠯᠤᠭ᠎ᠠ︶ ᠶᠡᠷᠦᠩᠬᠡᠶᠢᠯᠡᠭᠰᠡᠨ ᠴᠢᠨᠠᠷᠲᠠᠶ ᠠᠷᠠᠯᠵᠢᠶ᠎ᠠ ᠬᠤᠳᠠᠯᠳᠤᠭ᠎ᠠ᠂ ᠲᠠᠷᠢᠶᠠᠯᠠᠩ  ᠤᠨ ᠠᠷᠠᠯᠵᠢᠶᠠᠨ  ᠤ ᠵᠠᠬ᠎ᠠ ᠳᠡᠯᠭᠡᠭᠦᠷ᠂ ᠲᠦᠷᠢᠶᠡᠰᠦᠯᠡᠭᠦᠯᠬᠦ ᠪᠠᠷ ᠭᠤᠣᠯ ᠡᠵᠡᠩᠨᠡᠯᠲᠡ ᠶᠢᠨ ᠠᠷᠭ᠎ᠠ  ᠮᠠᠶ᠋ᠢᠭ ᠪᠣᠯᠭᠠᠭᠰᠠᠨ ᠪᠠᠷᠢᠯᠭ᠎ᠠ ᠶᠢᠨ  ᠮᠠᠲ᠋ᠧᠷᠢᠶᠠᠯ᠟ ᠤᠨ  ᠵᠠᠬ᠎ᠠ ᠳᠡᠯᠭᠡᠭᠦᠷ ᠪᠤᠶᠤ ᠪᠤᠰᠤᠳ ᠪᠢᠲᠡᠭᠦᠮᠵᠢᠯᠡᠭᠰᠡᠨ ᠵᠠᠬ᠎ᠠ ᠳᠡᠯᠭᠡᠭᠦᠷ ᠟ ᠲᠤ ᠵᠢᠵᠢᠭᠯᠡᠨ ᠬᠤᠳᠠᠯᠳᠤᠬᠤ ᠴᠢᠬ  ᠭᠠᠷᠭᠠᠵᠤ ᠪᠣᠯᠤᠨ᠎ᠠ᠃          ︵ ᠨᠠᠢᠮᠠ︶ ᠡᠵᠡᠩᠨᠡᠯᠲᠡ ᠶᠢᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠬᠤ ᠠᠷᠢᠬᠢ ᠲᠠᠮᠠᠬᠢ᠂ ᠢᠳᠡᠭᠡᠨ ᠵᠢᠴᠢ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢ ᠡᠵᠡᠩᠨᠡᠬᠦ ᠲᠣᠮᠣ ᠳᠤᠮᠳᠠ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠤᠳᠠᠯᠳᠤᠭᠠᠨ ᠤ ᠲᠥᠪ ᠵᠡᠷᠭᠡ ᠪᠢᠲᠡᠭᠦᠮᠵᠢᠯᠡᠭᠰᠡᠨ ᠲᠠᠯᠠᠪᠤᠷ ᠲᠤ᠂ ᠪᠡᠯᠡᠳᠬᠡᠮᠵᠢ ᠶᠢᠨ ᠳᠣᠲᠣᠷᠠᠬᠢ ᠣᠨᠴᠠ ᠲᠣᠭᠲᠠᠭᠰᠠᠨ ᠬᠡᠷᠡᠭᠯᠡᠭᠴᠢᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠬᠠᠶ᠋ᠢᠭ ᠢᠶᠠᠷ ᠨᠢ ᠨᠢᠭᠡ ᠵᠢᠵᠢᠭᠯᠡᠨ ᠬᠤᠳᠠᠯᠳᠤᠬᠤ ᠴᠢᠬ 1 ᠭᠠᠷᠭᠠᠵᠤ᠂ ᠵᠠᠶ ᠶᠢᠨ ᠬᠢᠵᠠᠭᠠᠷᠯᠠᠯ ᠢ ᠬᠦᠯᠢᠶᠡᠬᠦ ᠥᠬᠡᠶ᠃           ︵ᠶᠢᠰᠦ︶ ᠬᠡᠪᠴᠢᠶ᠎ᠡ ᠨᠢ 2000 ᠬᠥᠮᠦᠨ ᠠᠴᠠ ᠳᠡᠭᠡᠭᠰᠢ ᠪᠠᠶᠢᠬᠤ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠨᠤᠭᠤᠳ ᠵᠢᠵᠢᠭᠯᠡᠨ ᠬᠤᠳᠠᠯᠳᠤᠬᠤ ᠴᠢᠬ 1 ᠭᠠᠷᠭᠠᠵᠤ ᠪᠣᠯᠤᠨ᠎ᠠ᠂ 2000 ᠬᠥᠮᠦᠨ ᠨᠡᠮᠡᠭᠳᠡᠬᠦ ᠪᠦᠷᠢ ᠵᠢᠵᠢᠭᠯᠡᠨ ᠬᠤᠳᠠᠯᠳᠤᠬᠤ ᠴᠢᠬ 1 ᠨᠡᠮᠡᠵᠦ ᠭᠠᠷᠭᠠᠵᠤ ᠪᠣᠯᠤᠨ᠎ᠠ᠂ ᠭᠡᠬᠦ ᠳᠡᠭᠡᠨ ᠵᠢᠵᠢᠭᠯᠡᠨ ᠬᠤᠳᠠᠯᠳᠤᠬᠤ ᠴᠢᠬ ᠤᠨ ᠶᠡᠷᠦᠩᠬᠡᠶ ᠲᠤᠭ᠎ᠠ ᠶᠢ ᠬᠠᠮᠤᠭ  ᠤᠨ ᠠᠷᠪᠢᠨ ᠳᠠᠭᠠᠨ 3᠎ ᠠᠴᠠ ᠬᠡᠲᠦᠷᠡᠭᠦᠯᠵᠦ ᠪᠣᠯᠬᠤ ᠥᠭᠡᠢ᠃          ︵ᠠᠷᠪᠠ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷᠠᠬᠢ ᠵᠢᠭᠤᠯᠴᠢᠯᠠᠭᠴᠢᠳ ᠤᠨ ᠦᠶᠯᠡᠴᠢᠯᠡᠭᠡᠨ ᠤ ᠲᠥᠪ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠵᠢᠵᠢᠭᠯᠡᠨ ᠬᠤᠳᠠᠯᠳᠤᠬᠤ ᠴᠢᠬ 1 ᠳᠣᠭᠢᠷᠠᠭᠤᠯᠵᠤ ᠪᠣᠯᠤᠨ᠎ᠠ᠃           ︵ᠠᠷᠪᠠᠨ ᠨᠢᠭᠡ︶ 1000 ᠬᠥᠮᠦᠨ ᠠᠴᠠ ᠳᠡᠭᠡᠭᠰᠢ ᠬᠡᠪᠴᠢᠶ᠎ᠡ ᠲᠠᠢ ᠲᠣᠮᠣ ᠬᠡᠯᠪᠡᠷᠢ ᠶᠢᠨ ᠦᠶᠯᠡᠳᠪᠦᠷᠢ᠂ ᠠᠵᠤ ᠠᠬᠤᠶᠢᠯᠠᠯ ᠵᠡᠷᠭᠡ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠳᠤ᠂ ᠲᠡᠭᠦᠨ ᠤ ᠠᠵᠢᠯᠯᠠᠬᠤ ᠲᠣᠭᠤᠷᠢᠭ᠂ ᠠᠮᠢᠳᠤᠷᠠᠯ ᠤᠨ ᠲᠣᠭᠤᠷᠢᠭ ᠲᠤ ᠵᠢᠵᠢᠭᠯᠡᠨ ᠬᠤᠳᠠᠯᠳᠤᠬᠤ ᠴᠢᠬ ᠢ 1 ᠳᠣᠭᠢᠷᠠᠭᠤᠯᠵᠤ ᠪᠣᠯᠤᠨ᠎ᠠ᠃            ᠳᠣᠯᠣᠳᠤᠭᠠᠷ ᠵᠦᠶᠯ   ᠳᠣᠤᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠵᠡᠭᠡᠯᠢ ᠭᠤᠳᠤᠮᠵᠢ ᠶᠢᠨ ᠬᠤᠭᠤᠷᠣᠨᠳᠣᠬᠢ ᠵᠠᠶ ᠶᠢ 40 ᠮᠧᠲᠷ ᠠᠴᠠ ᠳᠡᠭᠡᠭᠰᠢ ᠪᠣᠯᠲᠠᠯ᠎ᠠ ᠠᠭᠤᠵᠢᠭᠤ ᠲᠠᠯᠪᠢᠨ᠎ᠠ  ᠃ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠤᠭᠤᠷᠣᠨᠳᠣᠬᠢ ᠵᠠᠶ ᠶᠢ 30 ᠮᠧᠲᠷ ᠠᠴᠠ ᠳᠡᠭᠡᠭᠰᠢ ᠪᠣᠯᠲᠠᠯ᠎ᠠ ᠠᠭᠤᠵᠢᠭᠤ ᠲᠠᠯᠪᠢᠨ᠎ᠠ᠃               ︵ᠨᠢᠭᠡ︶ ᠵᠠᠮ  ᠤᠨ ᠲᠥᠯᠥᠪᠵᠢᠭᠦᠯᠭᠡ᠂ ᠬᠤᠳᠠ ᠶᠢᠨ ᠪᠥᠳᠥᠭᠡᠨ ᠪᠠᠶᠢᠭᠤᠯᠤᠯᠲᠠ ᠵᠡᠷᠭᠡ ᠪᠤᠰᠤᠳᠴᠢ ᠰᠢᠯᠲᠠᠭᠠᠨ ᠠᠴᠠ ᠪᠣᠯᠣᠭᠠᠳ ᠬᠢᠨᠠᠨ ᠲᠣᠭᠲᠠᠭᠠᠭᠰᠠᠨ ᠡᠵᠡᠩᠨᠡᠯᠲᠡ ᠶᠢᠨ ᠬᠠᠶ᠋ᠢᠭ ᠲᠤ ᠡᠵᠡᠩᠨᠡᠬᠦ ᠶᠢᠨ ᠠᠷᠭ᠎ᠠ ᠥᠭᠡᠢ ᠪᠣᠯᠤᠭᠰᠠᠨ᠂ ᠦᠨᠡᠮᠯᠡᠯ ᠠᠪᠴᠤ ᠪᠠᠶᠢᠭ᠎ᠠ ᠬᠥᠮᠦᠨ ᠨᠢ ᠤᠤᠯ  ᠤᠨ ᠦᠨᠡᠮᠯᠡᠯ ᠣᠯᠭᠤᠭᠰᠠᠨ ᠪᠠᠶᠢᠭᠤᠯᠤᠯᠭ᠎ᠠ ᠶᠢᠨ ᠬᠠᠷᠢᠶ᠎ᠠ ᠣᠷᠣᠨ  ᠤ ᠪᠤᠰᠤᠳ ᠬᠠᠶ᠋ᠢᠭ ᠲᠤ ᠬᠤᠪᠢᠷᠠᠭᠤᠯᠤᠨ ᠡᠵᠡᠩᠨᠡᠬᠦ ᠪᠠᠷ ᠭᠤᠶᠤᠴᠢᠯᠠᠭᠰᠠᠨ᠃              ︵ᠬᠤᠶᠠᠷ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠥᠭᠡᠳ ᠪᠡᠶ᠎ᠡ ᠪᠠᠨ ᠳᠠᠭᠠᠭᠠᠵᠤ ᠡᠵᠡᠩᠨᠡᠬᠦ ᠴᠢᠳᠠᠪᠤᠷᠢ ᠲᠠᠢ ᠵᠡᠮᠳᠡᠭᠴᠦᠳ᠂ ᠬᠦᠴᠦᠨ ᠪᠦᠬᠦᠢ ᠵᠡᠮᠳᠡᠭᠴᠦᠳ ᠤᠨ ᠦᠨᠡᠮᠯᠡᠯ ᠢᠶᠠᠷ ᠢᠶᠠᠨ ᠵᠥᠪᠰᠢᠶᠡᠷᠡᠯ ᠤᠨ ᠦᠨᠡᠮᠯᠡᠯ ᠠᠪᠤᠭᠰᠠᠨ᠃              ︵ᠭᠤᠷᠪᠠ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠵᠡᠮᠳᠡᠭ ᠴᠡᠷᠢᠭ᠂ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ ᠪᠦᠷᠢᠯᠳᠦᠬᠦᠨ ︵ᠡᠴᠢᠭᠡ ᠡᠭᠡ᠂ ᠬᠤᠯᠪᠣᠰᠤ᠂ ᠦᠷ᠎ᠡ ᠬᠡᠦᠬᠡᠳ︶ ᠬᠦᠴᠦᠨ ᠪᠦᠬᠦᠢ ᠦᠨᠡᠮᠯᠡᠯ ︵ᠡᠰᠡᠬᠦᠯ᠎ᠡ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠭᠠᠷᠭᠠᠵᠤ ᠥᠭᠭᠦᠭᠰᠡᠨ︶᠎ ᠢᠶᠠᠷ ᠵᠥᠪᠰᠢᠶᠡᠷᠡᠯ ᠤᠨ ᠦᠨᠡᠮᠯᠡᠯ ᠠᠪᠤᠭᠰᠠᠨ᠃                ︵ᠲᠥᠷᠪᠡ︶ ᠪᠥᠬᠦ ᠤᠯᠤᠰ  ᠤᠨ ᠬᠠᠷᠠᠭᠠᠯᠵᠠᠯ  ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠲᠤ ᠪᠠᠶᠢᠭ᠎ᠠ ᠬᠦᠴᠢᠷᠳᠡᠯᠲᠡᠶ ᠬᠠᠷᠠᠭᠠᠯᠵᠠᠯ ᠬᠥᠷᠳᠡᠬᠦ ᠡᠲᠡᠭᠡᠳ ᠪᠣᠯᠤᠨ ᠠᠵᠢᠯ  ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠠᠳ ᠠᠮᠢᠳᠤᠷᠠᠯ ᠨᠢ ᠬᠦᠴᠢᠷᠳᠡᠯᠲᠡᠶ ᠴᠡᠷᠢᠭ ᠤᠨ ᠠᠯᠪᠠᠨ ᠠᠴᠠ ᠪᠠᠭᠤᠭᠰᠠᠳ ᠲᠤ ᠴᠡᠷᠢᠭ ᠎ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ  ᠤᠨ ᠲᠣᠪᠴᠢᠶ᠎ᠠ ᠠᠴᠠ ᠭᠡᠷᠡᠴᠢ ᠬᠢᠵᠦ ᠥᠭᠭᠦᠭᠡᠳ᠂ ᠵᠥᠪᠰᠢᠶᠡᠷᠡᠯ  ᠤᠨ ᠦᠨᠡᠮᠯᠡᠯ ᠬᠢᠵᠦ ᠥᠭᠭᠦᠭᠰᠡᠨ᠃           ︵ᠲᠠᠪᠤ︶ ᠲᠤᠰ ᠲᠥᠯᠥᠪᠵᠢᠭᠦᠯᠭᠡ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠪᠠᠶᠢᠭᠤᠯᠤᠭᠰᠠᠨ ᠪᠤᠶᠤ ᠪᠤᠰᠤᠳᠴᠢ ᠰᠢᠯᠲᠠᠭᠠᠨ ᠠᠴᠠ ᠪᠤᠯᠵᠤ ᠲᠠᠮᠠᠬᠢᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠭᠠᠵᠠᠷ ᠨᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠣᠷᠣᠵᠤ ᠭᠠᠷᠬᠤ ᠭᠠᠵᠠᠷ ᠤᠨ 100 ᠮᠧᠲᠷ ᠤᠨ ᠳᠣᠲᠣᠷ᠎ᠠ ᠪᠠᠶᠢᠵᠤ᠂ ᠰᠠᠨᠠᠭᠠᠴᠢᠯᠠᠭ᠎ᠠ ᠠᠴᠠ ᠪᠠᠨ ᠭᠠᠵᠠᠷ ᠢᠶᠠᠨ ᠰᠢᠯᠵᠢᠭᠦᠯᠦᠨ ᠡᠵᠡᠩᠨᠡᠵᠦ᠂ ᠲᠤᠰ ᠬᠠᠷᠢᠶ᠎ᠠ ᠣᠷᠣᠨ ᠤ ᠳᠣᠲᠣᠷ᠎ᠠ ᠪᠠᠨ ᠵᠥᠪᠰᠢᠶᠡᠷᠡᠯ ᠤᠨ ᠦᠨᠡᠮᠯᠡᠯ ᠢ ᠲᠠᠬᠢᠵᠤ ᠭᠤᠶᠤᠴᠢᠯᠠᠨ ᠠᠪᠤᠭᠰᠠᠨ᠃                ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤ ᠬᠡᠷᠡᠭᠴᠡᠭᠡ ᠲᠠᠢ ᠪᠤᠰᠤᠳ ᠪᠠᠶᠢᠳᠠᠯ ᠤᠳ᠃                ᠳᠡᠭᠡᠷ᠎ᠡ ᠳᠤᠷᠠᠳᠤᠭᠰᠠᠨ ︵ᠬᠤᠶᠠᠷ︶ ︵ᠭᠤᠷᠪᠠ︶ ︵ ᠳᠦᠷᠪᠡ︶ ᠳ᠋ᠤᠭᠠᠷ ᠵᠤᠷᠪᠤᠰ ᠤᠨ ᠭᠤᠶᠤᠴᠢᠯᠠᠭᠴᠢ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠨᠢᠭᠡ ᠯᠡ ᠤᠳᠠᠭ᠎ᠠ ᠭᠦᠢᠴᠡᠳᠬᠡᠬᠦ ᠬᠠᠷᠠᠭᠠᠯᠵᠠᠯ ᠤᠨ ᠲᠦᠷᠦ ᠶᠢᠨ ᠪᠤᠳᠦᠯᠭ᠎ᠠ ᠶᠢ ᠬᠦᠷᠳᠡᠵᠦ ᠪᠣᠯᠬᠤ ᠪᠥᠭᠡᠳ ᠵᠥᠪᠬᠡᠨ ᠲᠤᠰ ᠬᠥᠮᠦᠨ ᠢᠶᠠᠷ ᠨᠢ ᠡᠵᠡᠩᠨᠡᠭᠦᠯᠦᠨ᠎ᠡ᠃                ᠨᠠᠢᠮᠠᠳᠤᠭᠠᠷ ᠵᠦᠢᠯ  ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠵᠢᠵᠢᠭᠯᠡᠨ ᠬᠤᠳᠠᠯᠳᠤᠬᠤ ᠭᠠᠵᠠᠷ ᠭᠠᠷᠭᠠᠵᠤ ᠥᠭᠬᠦ ᠦᠭᠡᠢ᠄              1.  ᠨᠣᠴᠣᠮᠠᠲᠠᠭᠠᠶ᠂ ᠳᠡᠯᠪᠡᠷᠡᠮᠡᠲᠡᠭᠡᠶ᠂ ᠬᠤᠣᠷᠲᠠᠢ᠂ ᠬᠥᠨᠥᠭᠡᠯ ᠲᠠᠢ ᠵᠡᠷᠭᠡ ᠲᠠᠸᠠᠷ ᠢ ᠡᠵᠡᠩᠨᠡᠬᠦ ᠪᠤᠶᠤ ᠬᠠᠳᠠᠭᠠᠯᠠᠬᠤ ᠳᠠᠭᠠᠨ ᠠᠶᠤᠯᠭᠦᠶ ᠶᠢᠨ ᠬᠦᠴᠦᠨ ᠵᠦᠢᠯ ᠳᠤ ᠰᠠᠭᠤᠷᠢᠯᠠᠨ ᠲᠠᠮᠠᠬᠢᠨ ᠪᠦᠲᠦᠭᠡᠭᠳᠡᠬᠦᠨ ᠢ ᠡᠵᠡᠩᠨᠡᠬᠦ ᠳᠤ ᠲᠣᠬᠢᠷᠠᠮᠵᠢ ᠦᠭᠡᠢ ᠪᠠᠶᠢᠬᠤ ᠲᠠᠯᠠᠪᠤᠷ  ᠃        2. ᠨᠡᠭᠦᠳᠡᠯ ᠳᠡᠯᠭᠡᠭᠡ ᠮᠠᠶᠢᠮᠠᠶ ᠶᠢᠨ ᠭᠠᠵᠠᠷ᠂ ᠵᠠᠮ ᠡᠵᠡᠯᠡᠨ ᠡᠵᠡᠩᠨᠡᠬᠦ᠂ ᠰᠣᠨᠢᠨ ᠰᠡᠳᠬᠦᠯ  ᠤᠨ ᠮᠤᠬᠤᠯᠠᠭ᠂ ᠬᠥᠳᠡᠯᠦᠩᠭᠦᠶ ᠬᠠᠪᠲᠠᠰᠤᠨ ᠭᠡᠷ᠂ ᠲᠥᠷ ᠴᠠᠭ ᠤᠨ ᠪᠠᠷᠢᠯᠭ᠎ᠠ᠂ ᠲᠥᠷᠢᠮ ᠠᠴᠠ ᠵᠥᠷᠢᠴᠡᠭᠰᠡᠨ ᠪᠠᠷᠢᠯᠭ᠎ᠠ ᠂ ᠨᠤᠷᠠᠬᠤ ᠠᠶᠤᠯᠲᠠᠶ ᠭᠡᠷ ᠪᠠᠶᠢᠰᠢᠩ ᠪᠤᠶᠤ ᠬᠤᠳᠠ ᠶᠢᠨ ᠶᠠᠪᠤᠳᠠᠯ  ᠤᠨ ᠲᠥᠯᠥᠪᠵᠢᠭᠦᠯᠭᠡ ᠳᠤ ᠨᠤᠷᠠᠭᠠᠵᠤ ᠨᠡᠭᠦᠯᠭᠡᠬᠦ ᠪᠠᠷ ᠪᠠᠶᠢᠭ᠎ᠠ ᠬᠡᠪᠴᠢᠶᠡᠨ ᠳᠣᠲᠣᠷᠠᠬᠢ ᠪᠠᠷᠢᠯᠭ᠎ᠠ ᠶᠢ ᠨᠢᠭᠡᠨᠲᠡ ᠲᠣᠳᠣᠷᠬᠠᠶᠢᠯᠠᠭᠰᠠᠨ ᠪᠤᠶᠤ ᠵᠠᠷᠯᠠᠨ ᠨᠡᠶᠢᠲᠡᠯᠡᠭᠰᠡᠨ ᡾  ᠃        3.  ᠳᠤᠮᠳᠠᠳᠤ᠂ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠪᠲᠡᠷᠡᠬᠦ ᠵᠠᠮ ︵ᠬᠠᠵᠠᠭᠤ ᠶᠢᠨ ᠡᠭᠦᠳᠡ᠂ ᠠᠷᠤ ᠡᠭᠦᠳᠡ᠂ ᠬᠠᠵᠠᠭᠤ ᠶᠢᠨ ᠡᠭᠦᠳᠡ ᠵᠢᠴᠢ ᠭᠠᠯ ᠤᠨᠲᠠᠷᠠᠭᠠᠬᠤ ᠨᠡᠪᠲᠡᠷᠡᠬᠦ ᠵᠠᠮ ᠪᠠᠭᠲᠠᠨ᠎ᠠ︶᠎ ᠤᠨ 100 ᠮᠧᠲᠷ ᠤᠨ ᠳᠣᠲᠣᠷ᠎ᠠ ᠪᠠᠶᠢᠬᠤ  ᠃          4. ᠡᠵᠡᠩᠨᠡᠯᠲᠡ ᠶᠢᠨ ᠲᠠᠯᠠᠪᠤᠷ ᠭᠠᠵᠠᠷ ᠨᠢ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ ᠤᠨ ᠴᠡᠩᠭᠡᠯ ᠤᠨ ᠬᠦᠷᠢᠶᠡᠯᠡᠩ ᠵᠡᠷᠭᠡ ᠵᠠᠯᠠᠭᠤᠴᠤᠳ ᠪᠠᠭᠠᠴᠤᠳ ᠢᠶᠠᠷ ᠭᠤᠣᠯ ᠪᠣᠯᠭᠠᠭᠰᠠᠨ ᠠᠵᠢᠯᠯᠠᠭᠠᠨ ᠤ ᠲᠠᠯᠠᠪᠤᠷ ᠤᠨ ᠳᠣᠲᠣᠭᠠᠳᠤ ᠳᠤ ᠪᠠᠶᠢᠬᠤ  ᠃        5. ᠪᠠᠷᠠᠭ᠎ᠠ ᠬᠤᠳᠠᠯᠳᠤᠬᠤ ᠠᠦ᠋ᠲ᠋ᠣ᠋ ᠮᠠᠰᠢᠨ ︵ᠬᠤᠷᠭᠤ︶ ᠪᠤᠶᠤ ᠪᠠᠷᠠᠭ᠎ᠠ ᠬᠤᠳᠠᠯᠳᠤᠬᠤ ᠪᠤᠰᠤᠳ ᠠᠦ᠋ᠲ᠋ᠣ᠋ ᠬᠡᠯᠪᠡᠷᠢ ᠶᠢ ᠠᠰᠢᠭᠯᠠᠨ᠂ ᠲᠠᠮᠠᠬᠢᠨ ᠪᠦᠲᠦᠭᠡᠭᠳᠡᠬᠦᠨ ᠢ ᠪᠣᠷᠣᠯᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠬᠤ ᠡᠵᠡᠩᠨᠡᠯᠲᠡ ᠶᠢᠨ ᠭᠠᠵᠠᠷ  ᠃           6. ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠠᠰᠢᠭᠯᠠᠨ ᠲᠠᠮᠠᠬᠢᠨ ᠪᠦᠲᠦᠭᠡᠭᠳᠡᠬᠦᠨ ᠡᠵᠡᠩᠨᠡᠭᠰᠡᠨ  ᠃       7. ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠵᠢᠵᠢᠭᠯᠡᠨ ᠬᠤᠳᠠᠯᠳᠤᠬᠤ ᠴᠡᠭ ᠭᠠᠷᠭᠠᠵᠤ ᠥᠭᠬᠦ ᠦᠭᠡᠢ ᠪᠤᠰᠤᠳ ᠪᠠᠶᠢᠳᠠᠯ ᠤᠳ᠃            ᠭᠤᠷᠪᠠᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ          ᠶᠢᠰᠦᠳᠦᠭᠡᠷ ᠵᠦᠢᠯ   ᠲᠤᠰ ᠲᠥᠯᠥᠪᠵᠢᠭᠦᠯᠭᠡ ᠳᠤ ᠬᠡᠯᠡᠵᠦ ᠪᠠᠶᠢᠭ᠎ᠠ ︽ᠵᠠᠶ︾ ᠭᠡᠳᠡᠭ ᠨᠢ ᠵᠢᠵᠢᠭᠯᠡᠨ ᠬᠤᠳᠠᠯᠳᠤᠬᠤ ᠪᠠᠷ ᠭᠤᠶᠤᠴᠢᠯᠠᠬᠤ ᠭᠡᠵᠦ ᠪᠠᠶᠢᠭ᠎ᠠ ᠭᠠᠵᠠᠷ ᠬᠢᠭᠡᠳ ᠲᠡᠭᠦᠨ  ᠤ ᠡᠷᠬᠢᠨ ᠲᠣᠭᠤᠷᠢᠨ  ᠤ ᠬᠠᠮᠤᠭ ᠤᠨ ᠤᠶᠢᠷ᠎ᠠ ᠵᠢᠵᠢᠭᠯᠡᠨ ᠬᠤᠳᠠᠯᠳᠤᠬᠤ ᠭᠠᠵᠠᠷ  ᠤᠨ ᠬᠤᠭᠤᠷᠣᠨᠳᠣ ᠡᠵᠡᠩᠨᠡᠯᠲᠡ ᠶᠢᠨ ᠲᠠᠯᠠᠪᠤᠷ ᠭᠠᠵᠠᠷ ᠢᠶᠠᠷ ᠣᠷᠣᠵᠤ ᠭᠠᠷᠬᠤ ᠨᠡᠪᠳᠡᠷᠡᠯ ᠵᠠᠮ᠂ ᠬᠤᠶᠠᠷ ᠡᠭᠦᠳᠡᠨ  ᠤ ᠲᠥᠪ ᠴᠡᠭ  ᠤᠨ ᠬᠤᠭᠤᠷᠣᠨᠳᠣᠬᠢ ᠰᠢᠯᠤᠭᠤᠨ ᠵᠠᠶ ᠶᠢ ᠵᠢᠭᠠᠵᠤ ᠪᠤᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠲᠣᠭᠤᠷᠢᠭ ᠤᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠲᠠᠮᠠᠬᠢᠨ ᠤ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠭᠠᠵᠠᠷ ᠤᠨ ᠵᠣᠬᠢᠰᠲᠠᠶ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ          ᠨᠢᠭᠡᠳᠦᠭᠡᠷ ᠪᠦᠯᠦᠭ ᠵᠡᠷᠦᠩᠬᠡᠶ ᠲᠦᠷᠢᠮ       ᠨᠢᠭᠡᠳᠦᠭᠡᠷ ᠵᠦᠢᠯ   ᠲᠠᠮᠠᠬᠢ ᠲᠤᠰᠬᠠᠢ ᠬᠤᠳᠠᠯᠳᠤᠬᠤ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠮᠠᠬᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠡᠭ ︵ᠳᠣᠷᠣᠭᠰᠢ ᠵᠢᠵᠢᠭᠯᠡᠨ ᠬᠤᠳᠠᠯᠳᠤᠬᠤ ᠴᠡᠭ ᠭᠡᠵᠦ ᠲᠣᠪᠴᠢᠯᠠᠨ᠎ᠠ︶᠎ ᠢ ᠵᠦᠢ ᠵᠣᠬᠢᠰᠲᠠᠢ ᠪᠠᠶᠢᠷᠢᠯᠠᠭᠤᠯᠵᠤ᠂ ᠭᠤᠣᠯᠴᠢ ᠥᠷᠢᠰᠥᠯᠳᠦᠭᠡᠨ ᠢ ᠬᠠᠮᠠᠭᠠᠯᠠᠨ᠂ ᠲᠠᠮᠠᠬᠢᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠵᠤ᠂ ᠠᠷᠠᠳ ᠢᠷᠭᠡᠨ᠂ ᠬᠠᠤᠯᠢ ᠶᠢᠨ ᠬᠥᠮᠦᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠮᠠᠬᠢ ᠲᠤᠰᠬᠠᠶ ᠬᠤᠳᠠᠯᠳᠤᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠮᠠᠬᠢ ᠲᠤᠰᠬᠠᠶ ᠬᠤᠳᠠᠯᠳᠤᠬᠤ ᠬᠠᠤᠯᠢ ᠶᠢ ᠬᠡᠷᠡᠭᠵᠢᠭᠦᠯᠬᠦ ᠳᠦᠷᠢᠮ︾ ︽ᠲᠠᠮᠠᠬᠢ ᠲᠤᠰᠬᠠᠶ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ︽ᠲᠠᠮᠠᠬᠢ ᠲᠤᠰᠬᠠᠶ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ︽ᠲᠠᠮᠠᠬᠢ ᠲᠤᠰᠬᠠᠶ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠵᠢᠨᠢᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠲᠣᠭᠤᠷᠢᠭ ᠤᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠬᠤ ᠲᠣᠪᠴᠢᠶ᠎ᠠ ᠶᠢᠨ ᠨᠠᠪᠴᠢᠨ ᠲᠠᠮᠠᠬᠢ ᠶᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠢᠬ ᠤᠨ ᠵᠦᠶ ᠵᠣᠬᠢᠰᠲᠠᠶ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ︾ ︵ᠳᠣᠷᠣᠭᠰᠢ ᠲᠥᠯᠥᠪᠵᠢᠭᠦᠯᠭᠡ ᠭᠡᠵᠦ ᠲᠣᠪᠴᠢᠯᠠᠨ᠎ᠠ︶᠎ ᠶᠢ ᠲᠣᠭᠲᠠᠭᠠᠨ᠎ᠠ᠃            ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠵᠢᠵᠢᠭᠯᠡᠨ ᠬᠤᠳᠠᠯᠳᠤᠬᠤ ᠴᠢᠬ ᠤᠨ ᠵᠦᠶ ᠵᠣᠬᠢᠰᠲᠠᠶ ᠪᠠᠶᠢᠷᠢᠰᠢᠭᠤᠯᠤᠯᠲᠠ ᠶᠢᠨ ᠬᠠᠮᠢᠶᠠᠷᠤᠯᠲᠠ ᠳᠤ ᠲᠣᠰ ᠲᠥᠯᠥᠪᠵᠢᠭᠦᠯᠭᠡ ᠳᠣᠭᠢᠷᠠᠨ᠎ᠠ᠃         ᠭᠤᠷᠪᠠᠳᠤᠭᠠᠷ ᠵᠦᠢᠯ  ᠥᠪᠥᠷ ᠮᠣᠩᠭᠤᠯ  ᠤᠨ ᠥᠪᠡᠷᠲᠡᠭᠡᠨ ᠵᠠᠰᠠᠭ ᠣᠷᠣᠨ  ᠤ ᠵᠢᠨᠢᠩ ᠲᠣᠭᠤᠷᠢᠭ ᠟ ᠤᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠨᠢ ᠲᠤᠰ ᠵᠠᠰᠠᠭ ᠵᠠᠬᠢᠷᠭᠠᠨ  ᠤ ᠣᠷᠣᠨ ᠤ ᠳᠣᠲᠣᠷᠠᠬᠢ ᠵᠢᠵᠢᠭᠯᠡᠨ ᠬᠤᠳᠠᠯᠳᠤᠬᠤ ᠴᠢᠬ  ᠤᠨ  ᠵᠦᠢ ᠵᠣᠬᠢᠰᠲᠠᠶ ᠪᠠᠶᠢᠷᠢᠰᠢᠭᠤᠯᠤᠯ  ᠤᠨ ᠲᠥᠯᠥᠪᠵᠢᠭᠦᠯᠭᠡ ᠟ ᠶᠢ ᠬᠡᠷᠡᠭᠵᠢᠭᠦᠯᠬᠦ  ᠶᠢ ᠬᠠᠷᠢᠭᠤᠴᠠᠨ᠎ᠠ᠃          ᠳᠥᠷᠪᠡᠳᠦᠭᠡᠷ ᠵᠦᠢᠯ   ᠲᠤᠰ ᠲᠥᠯᠥᠪᠵᠢᠭᠦᠯᠭᠡ ᠳᠤ ᠬᠡᠯᠡᠵᠦ ᠪᠠᠶᠢᠭ᠎ᠠ ᠵᠢᠵᠢᠭᠯᠡᠨ ᠬᠤᠳᠠᠯᠳᠤᠬᠤ ᠭᠠᠵᠠᠷ ᠭᠡᠳᠡᠭ ᠨᠢ ᠲᠠᠮᠠᠬᠢ ᠲᠤᠰᠬᠠᠢ ᠬᠤᠳᠠᠯᠳᠤᠬᠤ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠠᠮᠠᠬᠢᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠲᠤᠬᠠᠶᠢᠯᠠᠭᠰᠠᠨ ᠠᠵᠢᠯ ᠡᠷᠬᠢᠯᠡᠬᠦ ᠡᠵᠡᠩᠨᠡᠯᠲᠡ ᠶᠢᠨ ᠲᠠᠯᠠᠪᠤᠷ ᠭᠠᠵᠠᠷ ᠢ ᠵᠢᠭᠠᠵᠤ ᠪᠠᠶᠢᠨ᠎ᠠ᠃          ᠲᠤᠰ ᠲᠥᠯᠥᠪᠵᠢᠭᠦᠯᠭᠡ ᠳᠤ ᠬᠡᠯᠡᠵᠦ ᠪᠠᠶᠢᠭ᠎ᠠ ᠵᠦᠢ ᠵᠣᠬᠢᠰᠲᠠᠶ ᠪᠠᠶᠢᠷᠢᠯᠠᠭᠤᠯᠤᠯᠲᠠ ᠭᠡᠳᠡᠭ ᠨᠢ ᠲᠠᠮᠠᠬᠢ ᠲᠤᠰᠬᠠᠶ ᠬᠤᠳᠠᠯᠳᠤᠬᠤ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠪᠠ ᠬᠠᠷᠢᠶ᠎ᠠ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠡᠬᠢ ᠪᠠᠶᠠᠯᠢᠭ ᠤᠨ ᠲᠤᠬᠢᠷᠡᠭᠤᠯᠦᠯᠳᠠ ᠶᠢ ᠦᠨᠳᠦᠰᠦᠯᠡᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠢᠵᠢᠭᠯᠡᠨ ᠬᠤᠳᠠᠯᠳᠤᠬᠤ ᠴᠡᠭ ᠲᠤ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠬᠢᠬᠦ ᠶᠢ ᠵᠢᠭᠠᠵᠤ ᠪᠠᠶᠢᠨ᠎ᠠ᠃          ᠲᠠᠪᠤᠳᠤᠭᠠᠷ ᠵᠦᠢᠯ  ᠲᠤᠰ ᠲᠥᠯᠥᠪᠵᠢᠭᠦᠯᠭᠡ ᠳᠤ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ᠂ ᠨᠡᠶᠢᠭᠡᠮ ᠳᠤ ᠦᠢᠯᠡᠴᠢᠯᠡᠬᠦ᠂ ᠲᠡᠩᠴᠡᠭᠦᠷᠢᠲᠡᠶ ᠬᠥᠭᠵᠢᠭᠦᠯᠬᠦ ᠵᠠᠷᠴᠢᠮ ᠢ ᠵᠢᠷᠤᠮᠯᠠᠵᠤ᠂ ᠬᠠᠷᠢᠶ᠎ᠠ ᠣᠷᠣᠨ ᠤ ᠪᠠᠨ ᠬᠥᠮᠦᠨ ᠠᠮᠠ ᠶᠢᠨ ᠲᠤᠭ᠎ᠠ᠂ ᠵᠠᠮ ᠬᠠᠷᠢᠯᠴᠠᠭᠠᠨ ᠤ ᠪᠠᠶᠢᠳᠠᠯ᠂ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠬᠡᠷᠡᠭᠯᠡᠭᠡᠨ ᠤ ᠴᠢᠳᠠᠪᠤᠷᠢ ᠵᠡᠷᠭᠡ ᠬᠦᠴᠦᠨ ᠵᠦᠢᠯ ᠢ ᠦᠨᠳᠦᠰᠦᠯᠡᠨ ᠲᠠᠮᠠᠬᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠡᠭ ᠤᠨ ᠵᠦᠢ ᠵᠣᠬᠢᠰᠲᠠᠶ ᠪᠠᠶᠢᠷᠢᠯᠠᠭᠤᠯᠤᠯᠲᠠ ᠶᠢ ᠲᠣᠭᠲᠠᠭᠠᠨ᠎ᠠ᠃          ᠬᠤᠶᠠᠳᠤᠭᠠᠷ ᠪᠦᠯᠦᠭ     ᠵᠦᠢ ᠵᠣᠬᠢᠰᠲᠠᠶ ᠪᠠᠶᠢᠷᠢᠯᠠᠭᠤᠯᠤᠯᠲᠠ ᠶᠢᠨ ᠪᠠᠷᠢᠮᠵᠢᠶ᠎ᠠ          ᠵᠢᠷᠭᠤᠳᠤᠭᠠᠷ ᠵᠦᠢᠯ     ᠲᠠᠮᠠᠬᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠴᠡᠭ ᠤᠨ ᠪᠠᠶᠢᠷᠢᠯᠠᠭᠤᠯᠤᠯᠲᠠ ᠶᠢᠨ ᠪᠠᠷᠢᠮᠵᠢᠶ᠎ᠠ         ︵ᠨᠢᠭᠡ︶ ᠬᠤᠲᠠ ᠪᠠᠯᠭᠠᠰᠤ ᠶᠢᠨ ᠬᠡᠪᠴᠢᠶᠡᠨ ᠳᠣᠲᠣᠷᠠᠬᠢ ᠵᠡᠭᠡᠯᠢ᠂ ᠵᠠᠮ᠂ ᠵᠠᠮ᠂ ᠭᠤᠳᠤᠮᠵᠢ᠂ ᠵᠢᠵᠢᠭᠯᠡᠨ ᠬᠤᠳᠠᠯᠳᠤᠬᠤ ᠴᠢᠬ  ᠤᠨ ᠬᠤᠭᠤᠷᠣᠨᠳᠣᠬᠢ ᠵᠠᠶ ᠨᠢ 80 ᠮᠤ᠋ ᠠᠴᠠ ᠳᠡᠭᠡᠭᠰᠢ ᠪᠠᠶᠢᠬᠤ᠃        ︵ᠬᠤᠶᠠᠷ︶  ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠬᠤᠳᠠᠯᠳᠤᠭᠠᠨ ᠳᠤ ᠬᠡᠷᠡᠭᠯᠡᠬᠦ ᠬᠡᠷ ᠪᠠᠶᠢᠰᠢᠩ ︵ᠵᠡᠭᠡᠯᠢ ᠳᠠᠭᠠᠤ ᠭᠠᠳᠠᠭᠰᠢ ᠬᠠᠨᠳᠤᠭᠰᠠᠨ ᠨᠢᠭᠡᠳᠦᠭᠡᠷ ᠳᠠᠪᠬᠤᠷᠯᠢᠭ ᠤᠨ ᠡᠭᠦᠳᠡᠨ ᠬᠡᠷ ᠢ ᠪᠠᠭᠲᠠᠭᠠᠬᠤ ᠥᠬᠡᠶ︶᠂ ᠰᠠᠭᠤᠭᠠᠯᠢ ᠠᠷᠠᠳ ᠤᠨ ᠡᠷᠦᠬᠡ ᠶᠢᠨ ᠲᠤᠭ᠎ᠠ ᠨᠢ 500 ᠡᠷᠦᠬᠡ ᠠᠴᠠ ᠳᠡᠭᠡᠭᠰᠢ ᠪᠠᠶᠢᠪᠠᠯ 1 ᠵᠢᠵᠢᠭᠯᠡᠨ ᠬᠤᠳᠠᠯᠳᠤᠬᠤ ᠴᠢᠬ ᠭᠠᠷᠭᠠᠵᠤ᠂ 500 ᠡᠷᠦᠬᠡ ᠨᠡᠮᠡᠭᠳᠡᠬᠦ ᠪᠦᠷᠢ 1 ᠵᠢᠵᠢᠭᠯᠡᠨ ᠬᠤᠳᠠᠯᠳᠤᠬᠤ ᠴᠢᠬ ᠨᠡᠮᠡᠨ ᠪᠠᠶᠢᠭᠤᠯᠵᠤ ᠪᠣᠯᠤᠨ᠎ᠠ᠂ ᠬᠤᠭᠤᠷᠣᠨᠳᠣᠬᠢ ᠵᠠᠶ ᠨᠢ 50 ᠮᠧᠲᠷ ᠠᠴᠠ ᠳᠡᠭᠡᠭᠰᠢ ᠪᠠᠶᠢᠬᠤ ᠬᠡᠷᠡᠭᠲᠡᠶ  ᠃  500 ᠡᠷᠦᠬᠡ ᠬᠥᠷᠬᠦ ᠥᠬᠡᠶ ᠪᠠᠶᠢᠪᠠᠯ᠂ ᠵᠢᠵᠢᠭᠯᠡᠨ ᠬᠤᠳᠠᠯᠳᠤᠬᠤ ᠴᠢᠬ ᠢ ᠳᠠᠭᠢᠵᠤ ᠰᠢᠨ᠎ᠡ ᠪᠠᠷ ᠪᠠᠶᠢᠭᠤᠯᠬᠤ ᠥᠬᠡᠶ᠃         ︵ᠭᠤᠷᠪᠠ︶ ᠬᠥᠳᠡᠭᠡ ᠲᠣᠰᠬᠤᠨ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠡᠪᠴᠢᠶ᠎ᠡ ᠪᠠᠷ ᠵᠢᠵᠢᠭᠯᠡᠨ ᠬᠤᠳᠠᠯᠳᠤᠬᠤ ᠴᠡᠭ ᠭᠠᠷᠭᠠᠨ᠎ᠠ᠃ ᠪᠠᠶᠢᠩᠭᠤ ᠰᠠᠭᠤᠭ᠎ᠠ ᠬᠥᠮᠦᠨ ᠠᠮᠠ ᠶᠢ 300 ᠡᠷᠦᠬᠡ ᠠᠴᠠ ᠳᠡᠭᠡᠭᠰᠢ ᠪᠣᠯᠭᠠᠬᠤ ᠳᠤ 1 ᠵᠢᠵᠢᠭᠯᠡᠨ ᠬᠤᠳᠠᠯᠳᠤᠬᠤ ᠴᠢᠬ ᠭᠠᠷᠭᠠᠵᠤ᠂ 300 ᠡᠷᠦᠬᠡ ᠨᠡᠮᠡᠭᠳᠡᠬᠦ ᠪᠦᠷᠢ ᠳᠤ 1 ᠵᠢᠵᠢᠭᠯᠡᠨ ᠬᠤᠳᠠᠯᠳᠤᠬᠤ ᠴᠢᠬ ᠨᠡᠮᠡᠵᠦ ᠭᠠᠷᠭᠠᠵᠤ ᠪᠣᠯᠤᠨ᠎ᠠ᠃         ︵ᠳᠥᠷᠪᠡ︶  ᠴᠡᠷᠢᠭ ᠤᠨ ᠶᠠᠪᠤᠳᠠᠯ ᠤᠨ ᠨᠢᠭᠡᠴᠡ᠂ ᠲᠦᠷ ᠬᠤᠷᠢᠬᠤ ᠭᠠᠵᠠᠷ᠂  ᠬᠤᠤᠷ ᠲᠠᠲᠠᠬᠤ ᠶᠢ ᠵᠣᠭᠰᠣᠭᠠᠬᠤ ᠭᠠᠵᠠᠷ ᠵᠡᠷᠭᠡ ᠪᠦᠬᠦᠨ ᠢ ᠪᠢᠲᠡᠭᠦᠮᠵᠢᠯᠡᠭᠰᠡᠨ ᠪᠠᠶᠢᠭᠤᠯᠤᠮᠵᠢ ᠳᠤ ᠨᠢᠭᠡ ᠵᠢᠵᠢᠭᠯᠡᠨ ᠬᠤᠳᠠᠯᠳᠤᠬᠤ ᠭᠠᠵᠠᠷ ᠭᠠᠷᠭᠠᠵᠤ ᠪᠣᠯᠤᠨ᠎ᠠ᠃        ︵ᠲᠠᠪᠤ︶ ᠬᠠᠷᠢᠴᠠᠩᠭᠤᠶ ᠪᠠᠷ ᠪᠡᠶ᠎ᠡ ᠪᠠᠨ ᠳᠠᠭᠠᠭᠠᠭᠰᠠᠨ ᠪᠥᠭᠡᠳ ᠪᠢᠲᠡᠭᠦᠮᠵᠢᠯᠡᠭᠰᠡᠨ ᠣᠳᠣᠨ ᠲᠠᠰ ᠤᠨ ᠵᠣᠴᠢᠳ ᠤᠨ ᠪᠠᠭᠤᠳᠠᠯ᠂ ᠪᠠᠭᠤᠳᠠᠯ ᠨᠢ 3 ᠣᠳᠣᠨ ᠲᠠᠰ ᠠᠴᠠ ᠳᠡᠭᠡᠭᠰᠢ ᠪᠠᠶᠢᠪᠠᠯ᠂ ᠪᠡᠯᠡᠳᠬᠡᠮᠵᠢ ᠶᠢᠨ ᠳᠣᠲᠣᠷᠠᠬᠢ ᠣᠨᠴᠠ ᠲᠣᠭᠲᠠᠭᠰᠠᠨ ᠬᠡᠷᠡᠭᠯᠡᠭᠴᠢᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠡᠵᠡᠩᠨᠡᠯᠲᠡ ᠶᠢᠨ ᠬᠠᠶ᠋ᠢᠭ ᠢᠶᠠᠷ ᠨᠢ 1 ᠵᠢᠵᠢᠭᠯᠡᠨ ᠬᠤᠳᠠᠯᠳᠤᠬᠤ ᠴᠢᠬ ᠭᠠᠷᠭᠠᠵᠤ᠂ ᠵᠠᠶ ᠶᠢᠨ ᠬᠢᠵᠠᠭᠠᠷᠯᠠᠯ ᠢ ᠬᠦᠯᠢᠶᠡᠬᠦ ᠥᠬᠡᠶ᠃           ︵ᠵᠢᠷᠭᠤᠭ᠎ᠠ︶ ᠬᠠᠷᠢᠴᠠᠩᠭᠤᠶ ᠪᠠᠷ ᠪᠡᠶ᠎ᠡ ᠪᠠᠨ ᠳᠠᠭᠠᠭᠠᠭᠰᠠᠨ ᠪᠥᠭᠡᠳ ᠪᠢᠲᠡᠭᠦᠮᠵᠢᠯᠡᠵᠦ᠂ ᠪᠡᠯᠡᠳᠬᠡᠮᠵᠢ ᠶᠢᠨ ᠳᠣᠲᠣᠷᠠᠬᠢ ᠣᠨᠴᠠ ᠲᠣᠭᠲᠠᠭᠰᠠᠨ ᠬᠡᠷᠡᠭᠯᠡᠭᠴᠢᠳ ᠤᠨ ᠬᠡᠷᠡᠭᠯᠡᠭᠡ ᠶᠢ ᠬᠠᠩᠭᠠᠵᠤ ᠳᠡᠶᠢᠯᠬᠦ ᠠᠮᠠᠷᠠᠯᠲᠠ ᠶᠢᠨ ᠲᠣᠰᠬᠤᠨ᠂ ᠵᠣᠴᠢᠳ ᠤᠨ ᠪᠠᠭᠤᠳᠠᠯ᠂ ᠵᠤᠭ᠎ᠠ ᠴᠡᠩᠭᠡᠯ ᠤᠨ ᠭᠠᠵᠠᠷ᠂ ᠰᠠᠩᠨᠠ᠂ ᠤᠬᠢᠶᠠᠯᠭ᠎ᠠ ᠶᠢᠨ ᠭᠠᠵᠠᠷ᠂ KTV ᠵᠡᠷᠭᠡ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠪᠠᠯ᠂ ᠬᠠᠶ᠋ᠢᠭ ᠢᠶᠠᠷ ᠨᠢ ᠨᠢᠭᠡ ᠵᠢᠵᠢᠭᠯᠡᠨ ᠬᠤᠳᠠᠯᠳᠤᠬᠤ ᠴᠢᠬ ᠭᠠᠷᠭᠠᠵᠤ᠂ ᠵᠠᠶ ᠶᠢᠨ ᠬᠢᠵᠠᠭᠠᠷᠯᠠᠯ ᠢ ᠬᠦᠯᠢᠶᠡᠬᠦ ᠥᠬᠡᠶ ᠪᠠᠶᠢᠬᠤ ᠬᠡᠷᠡᠭᠲᠡᠶ᠃           ︵ᠲᠤᠯᠤᠭ᠎ᠠ︶ ᠶᠡᠷᠦᠩᠬᠡᠶᠢᠯᠡᠭᠰᠡᠨ ᠴᠢᠨᠠᠷᠲᠠᠶ ᠠᠷᠠᠯᠵᠢᠶ᠎ᠠ ᠬᠤᠳᠠᠯᠳᠤᠭ᠎ᠠ᠂ ᠲᠠᠷᠢᠶᠠᠯᠠᠩ  ᠤᠨ ᠠᠷᠠᠯᠵᠢᠶᠠᠨ  ᠤ ᠵᠠᠬ᠎ᠠ ᠳᠡᠯᠭᠡᠭᠦᠷ᠂ ᠲᠦᠷᠢᠶᠡᠰᠦᠯᠡᠭᠦᠯᠬᠦ ᠪᠠᠷ ᠭᠤᠣᠯ ᠡᠵᠡᠩᠨᠡᠯᠲᠡ ᠶᠢᠨ ᠠᠷᠭ᠎ᠠ  ᠮᠠᠶ᠋ᠢᠭ ᠪᠣᠯᠭᠠᠭᠰᠠᠨ ᠪᠠᠷᠢᠯᠭ᠎ᠠ ᠶᠢᠨ  ᠮᠠᠲ᠋ᠧᠷᠢᠶᠠᠯ᠟ ᠤᠨ  ᠵᠠᠬ᠎ᠠ ᠳᠡᠯᠭᠡᠭᠦᠷ ᠪᠤᠶᠤ ᠪᠤᠰᠤᠳ ᠪᠢᠲᠡᠭᠦᠮᠵᠢᠯᠡᠭᠰᠡᠨ ᠵᠠᠬ᠎ᠠ ᠳᠡᠯᠭᠡᠭᠦᠷ ᠟ ᠲᠤ ᠵᠢᠵᠢᠭᠯᠡᠨ ᠬᠤᠳᠠᠯᠳᠤᠬᠤ ᠴᠢᠬ  ᠭᠠᠷᠭᠠᠵᠤ ᠪᠣᠯᠤᠨ᠎ᠠ᠃          ︵ ᠨᠠᠢᠮᠠ︶ ᠡᠵᠡᠩᠨᠡᠯᠲᠡ ᠶᠢᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠬᠤ ᠠᠷᠢᠬᠢ ᠲᠠᠮᠠᠬᠢ᠂ ᠢᠳᠡᠭᠡᠨ ᠵᠢᠴᠢ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢ ᠡᠵᠡᠩᠨᠡᠬᠦ ᠲᠣᠮᠣ ᠳᠤᠮᠳᠠ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠤᠳᠠᠯᠳᠤᠭᠠᠨ ᠤ ᠲᠥᠪ ᠵᠡᠷᠭᠡ ᠪᠢᠲᠡᠭᠦᠮᠵᠢᠯᠡᠭᠰᠡᠨ ᠲᠠᠯᠠᠪᠤᠷ ᠲᠤ᠂ ᠪᠡᠯᠡᠳᠬᠡᠮᠵᠢ ᠶᠢᠨ ᠳᠣᠲᠣᠷᠠᠬᠢ ᠣᠨᠴᠠ ᠲᠣᠭᠲᠠᠭᠰᠠᠨ ᠬᠡᠷᠡᠭᠯᠡᠭᠴᠢᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠬᠠᠶ᠋ᠢᠭ ᠢᠶᠠᠷ ᠨᠢ ᠨᠢᠭᠡ ᠵᠢᠵᠢᠭᠯᠡᠨ ᠬᠤᠳᠠᠯᠳᠤᠬᠤ ᠴᠢᠬ 1 ᠭᠠᠷᠭᠠᠵᠤ᠂ ᠵᠠᠶ ᠶᠢᠨ ᠬᠢᠵᠠᠭᠠᠷᠯᠠᠯ ᠢ ᠬᠦᠯᠢᠶᠡᠬᠦ ᠥᠬᠡᠶ᠃           ︵ᠶᠢᠰᠦ︶ ᠬᠡᠪᠴᠢᠶ᠎ᠡ ᠨᠢ 2000 ᠬᠥᠮᠦᠨ ᠠᠴᠠ ᠳᠡᠭᠡᠭᠰᠢ ᠪᠠᠶᠢᠬᠤ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠨᠤᠭᠤᠳ ᠵᠢᠵᠢᠭᠯᠡᠨ ᠬᠤᠳᠠᠯᠳᠤᠬᠤ ᠴᠢᠬ 1 ᠭᠠᠷᠭᠠᠵᠤ ᠪᠣᠯᠤᠨ᠎ᠠ᠂ 2000 ᠬᠥᠮᠦᠨ ᠨᠡᠮᠡᠭᠳᠡᠬᠦ ᠪᠦᠷᠢ ᠵᠢᠵᠢᠭᠯᠡᠨ ᠬᠤᠳᠠᠯᠳᠤᠬᠤ ᠴᠢᠬ 1 ᠨᠡᠮᠡᠵᠦ ᠭᠠᠷᠭᠠᠵᠤ ᠪᠣᠯᠤᠨ᠎ᠠ᠂ ᠭᠡᠬᠦ ᠳᠡᠭᠡᠨ ᠵᠢᠵᠢᠭᠯᠡᠨ ᠬᠤᠳᠠᠯᠳᠤᠬᠤ ᠴᠢᠬ ᠤᠨ ᠶᠡᠷᠦᠩᠬᠡᠶ ᠲᠤᠭ᠎ᠠ ᠶᠢ ᠬᠠᠮᠤᠭ  ᠤᠨ ᠠᠷᠪᠢᠨ ᠳᠠᠭᠠᠨ 3᠎ ᠠᠴᠠ ᠬᠡᠲᠦᠷᠡᠭᠦᠯᠵᠦ ᠪᠣᠯᠬᠤ ᠥᠭᠡᠢ᠃          ︵ᠠᠷᠪᠠ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷᠠᠬᠢ ᠵᠢᠭᠤᠯᠴᠢᠯᠠᠭᠴᠢᠳ ᠤᠨ ᠦᠶᠯᠡᠴᠢᠯᠡᠭᠡᠨ ᠤ ᠲᠥᠪ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠵᠢᠵᠢᠭᠯᠡᠨ ᠬᠤᠳᠠᠯᠳᠤᠬᠤ ᠴᠢᠬ 1 ᠳᠣᠭᠢᠷᠠᠭᠤᠯᠵᠤ ᠪᠣᠯᠤᠨ᠎ᠠ᠃           ︵ᠠᠷᠪᠠᠨ ᠨᠢᠭᠡ︶ 1000 ᠬᠥᠮᠦᠨ ᠠᠴᠠ ᠳᠡᠭᠡᠭᠰᠢ ᠬᠡᠪᠴᠢᠶ᠎ᠡ ᠲᠠᠢ ᠲᠣᠮᠣ ᠬᠡᠯᠪᠡᠷᠢ ᠶᠢᠨ ᠦᠶᠯᠡᠳᠪᠦᠷᠢ᠂ ᠠᠵᠤ ᠠᠬᠤᠶᠢᠯᠠᠯ ᠵᠡᠷᠭᠡ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠳᠤ᠂ ᠲᠡᠭᠦᠨ ᠤ ᠠᠵᠢᠯᠯᠠᠬᠤ ᠲᠣᠭᠤᠷᠢᠭ᠂ ᠠᠮᠢᠳᠤᠷᠠᠯ ᠤᠨ ᠲᠣᠭᠤᠷᠢᠭ ᠲᠤ ᠵᠢᠵᠢᠭᠯᠡᠨ ᠬᠤᠳᠠᠯᠳᠤᠬᠤ ᠴᠢᠬ ᠢ 1 ᠳᠣᠭᠢᠷᠠᠭᠤᠯᠵᠤ ᠪᠣᠯᠤᠨ᠎ᠠ᠃            ᠳᠣᠯᠣᠳᠤᠭᠠᠷ ᠵᠦᠶᠯ   ᠳᠣᠤᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠵᠡᠭᠡᠯᠢ ᠭᠤᠳᠤᠮᠵᠢ ᠶᠢᠨ ᠬᠤᠭᠤᠷᠣᠨᠳᠣᠬᠢ ᠵᠠᠶ ᠶᠢ 40 ᠮᠧᠲᠷ ᠠᠴᠠ ᠳᠡᠭᠡᠭᠰᠢ ᠪᠣᠯᠲᠠᠯ᠎ᠠ ᠠᠭᠤᠵᠢᠭᠤ ᠲᠠᠯᠪᠢᠨ᠎ᠠ  ᠃ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠤᠭᠤᠷᠣᠨᠳᠣᠬᠢ ᠵᠠᠶ ᠶᠢ 30 ᠮᠧᠲᠷ ᠠᠴᠠ ᠳᠡᠭᠡᠭᠰᠢ ᠪᠣᠯᠲᠠᠯ᠎ᠠ ᠠᠭᠤᠵᠢᠭᠤ ᠲᠠᠯᠪᠢᠨ᠎ᠠ᠃               ︵ᠨᠢᠭᠡ︶ ᠵᠠᠮ  ᠤᠨ ᠲᠥᠯᠥᠪᠵᠢᠭᠦᠯᠭᠡ᠂ ᠬᠤᠳᠠ ᠶᠢᠨ ᠪᠥᠳᠥᠭᠡᠨ ᠪᠠᠶᠢᠭᠤᠯᠤᠯᠲᠠ ᠵᠡᠷᠭᠡ ᠪᠤᠰᠤᠳᠴᠢ ᠰᠢᠯᠲᠠᠭᠠᠨ ᠠᠴᠠ ᠪᠣᠯᠣᠭᠠᠳ ᠬᠢᠨᠠᠨ ᠲᠣᠭᠲᠠᠭᠠᠭᠰᠠᠨ ᠡᠵᠡᠩᠨᠡᠯᠲᠡ ᠶᠢᠨ ᠬᠠᠶ᠋ᠢᠭ ᠲᠤ ᠡᠵᠡᠩᠨᠡᠬᠦ ᠶᠢᠨ ᠠᠷᠭ᠎ᠠ ᠥᠭᠡᠢ ᠪᠣᠯᠤᠭᠰᠠᠨ᠂ ᠦᠨᠡᠮᠯᠡᠯ ᠠᠪᠴᠤ ᠪᠠᠶᠢᠭ᠎ᠠ ᠬᠥᠮᠦᠨ ᠨᠢ ᠤᠤᠯ  ᠤᠨ ᠦᠨᠡᠮᠯᠡᠯ ᠣᠯᠭᠤᠭᠰᠠᠨ ᠪᠠᠶᠢᠭᠤᠯᠤᠯᠭ᠎ᠠ ᠶᠢᠨ ᠬᠠᠷᠢᠶ᠎ᠠ ᠣᠷᠣᠨ  ᠤ ᠪᠤᠰᠤᠳ ᠬᠠᠶ᠋ᠢᠭ ᠲᠤ ᠬᠤᠪᠢᠷᠠᠭᠤᠯᠤᠨ ᠡᠵᠡᠩᠨᠡᠬᠦ ᠪᠠᠷ ᠭᠤᠶᠤᠴᠢᠯᠠᠭᠰᠠᠨ᠃              ︵ᠬᠤᠶᠠᠷ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠥᠭᠡᠳ ᠪᠡᠶ᠎ᠡ ᠪᠠᠨ ᠳᠠᠭᠠᠭᠠᠵᠤ ᠡᠵᠡᠩᠨᠡᠬᠦ ᠴᠢᠳᠠᠪᠤᠷᠢ ᠲᠠᠢ ᠵᠡᠮᠳᠡᠭᠴᠦᠳ᠂ ᠬᠦᠴᠦᠨ ᠪᠦᠬᠦᠢ ᠵᠡᠮᠳᠡᠭᠴᠦᠳ ᠤᠨ ᠦᠨᠡᠮᠯᠡᠯ ᠢᠶᠠᠷ ᠢᠶᠠᠨ ᠵᠥᠪᠰᠢᠶᠡᠷᠡᠯ ᠤᠨ ᠦᠨᠡᠮᠯᠡᠯ ᠠᠪᠤᠭᠰᠠᠨ᠃              ︵ᠭᠤᠷᠪᠠ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠵᠡᠮᠳᠡᠭ ᠴᠡᠷᠢᠭ᠂ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ ᠪᠦᠷᠢᠯᠳᠦᠬᠦᠨ ︵ᠡᠴᠢᠭᠡ ᠡᠭᠡ᠂ ᠬᠤᠯᠪᠣᠰᠤ᠂ ᠦᠷ᠎ᠡ ᠬᠡᠦᠬᠡᠳ︶ ᠬᠦᠴᠦᠨ ᠪᠦᠬᠦᠢ ᠦᠨᠡᠮᠯᠡᠯ ︵ᠡᠰᠡᠬᠦᠯ᠎ᠡ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠭᠠᠷᠭᠠᠵᠤ ᠥᠭᠭᠦᠭᠰᠡᠨ︶᠎ ᠢᠶᠠᠷ ᠵᠥᠪᠰᠢᠶᠡᠷᠡᠯ ᠤᠨ ᠦᠨᠡᠮᠯᠡᠯ ᠠᠪᠤᠭᠰᠠᠨ᠃                ︵ᠲᠥᠷᠪᠡ︶ ᠪᠥᠬᠦ ᠤᠯᠤᠰ  ᠤᠨ ᠬᠠᠷᠠᠭᠠᠯᠵᠠᠯ  ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠲᠤ ᠪᠠᠶᠢᠭ᠎ᠠ ᠬᠦᠴᠢᠷᠳᠡᠯᠲᠡᠶ ᠬᠠᠷᠠᠭᠠᠯᠵᠠᠯ ᠬᠥᠷᠳᠡᠬᠦ ᠡᠲᠡᠭᠡᠳ ᠪᠣᠯᠤᠨ ᠠᠵᠢᠯ  ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠠᠳ ᠠᠮᠢᠳᠤᠷᠠᠯ ᠨᠢ ᠬᠦᠴᠢᠷᠳᠡᠯᠲᠡᠶ ᠴᠡᠷᠢᠭ ᠤᠨ ᠠᠯᠪᠠᠨ ᠠᠴᠠ ᠪᠠᠭᠤᠭᠰᠠᠳ ᠲᠤ ᠴᠡᠷᠢᠭ ᠎ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ  ᠤᠨ ᠲᠣᠪᠴᠢᠶ᠎ᠠ ᠠᠴᠠ ᠭᠡᠷᠡᠴᠢ ᠬᠢᠵᠦ ᠥᠭᠭᠦᠭᠡᠳ᠂ ᠵᠥᠪᠰᠢᠶᠡᠷᠡᠯ  ᠤᠨ ᠦᠨᠡᠮᠯᠡᠯ ᠬᠢᠵᠦ ᠥᠭᠭᠦᠭᠰᠡᠨ᠃           ︵ᠲᠠᠪᠤ︶ ᠲᠤᠰ ᠲᠥᠯᠥᠪᠵᠢᠭᠦᠯᠭᠡ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠪᠠᠶᠢᠭᠤᠯᠤᠭᠰᠠᠨ ᠪᠤᠶᠤ ᠪᠤᠰᠤᠳᠴᠢ ᠰᠢᠯᠲᠠᠭᠠᠨ ᠠᠴᠠ ᠪᠤᠯᠵᠤ ᠲᠠᠮᠠᠬᠢᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠭᠠᠵᠠᠷ ᠨᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠣᠷᠣᠵᠤ ᠭᠠᠷᠬᠤ ᠭᠠᠵᠠᠷ ᠤᠨ 100 ᠮᠧᠲᠷ ᠤᠨ ᠳᠣᠲᠣᠷ᠎ᠠ ᠪᠠᠶᠢᠵᠤ᠂ ᠰᠠᠨᠠᠭᠠᠴᠢᠯᠠᠭ᠎ᠠ ᠠᠴᠠ ᠪᠠᠨ ᠭᠠᠵᠠᠷ ᠢᠶᠠᠨ ᠰᠢᠯᠵᠢᠭᠦᠯᠦᠨ ᠡᠵᠡᠩᠨᠡᠵᠦ᠂ ᠲᠤᠰ ᠬᠠᠷᠢᠶ᠎ᠠ ᠣᠷᠣᠨ ᠤ ᠳᠣᠲᠣᠷ᠎ᠠ ᠪᠠᠨ ᠵᠥᠪᠰᠢᠶᠡᠷᠡᠯ ᠤᠨ ᠦᠨᠡᠮᠯᠡᠯ ᠢ ᠲᠠᠬᠢᠵᠤ ᠭᠤᠶᠤᠴᠢᠯᠠᠨ ᠠᠪᠤᠭᠰᠠᠨ᠃                ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤ ᠬᠡᠷᠡᠭᠴᠡᠭᠡ ᠲᠠᠢ ᠪᠤᠰᠤᠳ ᠪᠠᠶᠢᠳᠠᠯ ᠤᠳ᠃                ᠳᠡᠭᠡᠷ᠎ᠡ ᠳᠤᠷᠠᠳᠤᠭᠰᠠᠨ ︵ᠬᠤᠶᠠᠷ︶ ︵ᠭᠤᠷᠪᠠ︶ ︵ ᠳᠦᠷᠪᠡ︶ ᠳ᠋ᠤᠭᠠᠷ ᠵᠤᠷᠪᠤᠰ ᠤᠨ ᠭᠤᠶᠤᠴᠢᠯᠠᠭᠴᠢ ᠵᠢᠵᠢᠭᠯᠡᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠨᠢᠭᠡ ᠯᠡ ᠤᠳᠠᠭ᠎ᠠ ᠭᠦᠢᠴᠡᠳᠬᠡᠬᠦ ᠬᠠᠷᠠᠭᠠᠯᠵᠠᠯ ᠤᠨ ᠲᠦᠷᠦ ᠶᠢᠨ ᠪᠤᠳᠦᠯᠭ᠎ᠠ ᠶᠢ ᠬᠦᠷᠳᠡᠵᠦ ᠪᠣᠯᠬᠤ ᠪᠥᠭᠡᠳ ᠵᠥᠪᠬᠡᠨ ᠲᠤᠰ ᠬᠥᠮᠦᠨ ᠢᠶᠠᠷ ᠨᠢ ᠡᠵᠡᠩᠨᠡᠭᠦᠯᠦᠨ᠎ᠡ᠃                ᠨᠠᠢᠮᠠᠳᠤᠭᠠᠷ ᠵᠦᠢᠯ  ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠵᠢᠵᠢᠭᠯᠡᠨ ᠬᠤᠳᠠᠯᠳᠤᠬᠤ ᠭᠠᠵᠠᠷ ᠭᠠᠷᠭᠠᠵᠤ ᠥᠭᠬᠦ ᠦᠭᠡᠢ᠄              1.  ᠨᠣᠴᠣᠮᠠᠲᠠᠭᠠᠶ᠂ ᠳᠡᠯᠪᠡᠷᠡᠮᠡᠲᠡᠭᠡᠶ᠂ ᠬᠤᠣᠷᠲᠠᠢ᠂ ᠬᠥᠨᠥᠭᠡᠯ ᠲᠠᠢ ᠵᠡᠷᠭᠡ ᠲᠠᠸᠠᠷ ᠢ ᠡᠵᠡᠩᠨᠡᠬᠦ ᠪᠤᠶᠤ ᠬᠠᠳᠠᠭᠠᠯᠠᠬᠤ ᠳᠠᠭᠠᠨ ᠠᠶᠤᠯᠭᠦᠶ ᠶᠢᠨ ᠬᠦᠴᠦᠨ ᠵᠦᠢᠯ ᠳᠤ ᠰᠠᠭᠤᠷᠢᠯᠠᠨ ᠲᠠᠮᠠᠬᠢᠨ ᠪᠦᠲᠦᠭᠡᠭᠳᠡᠬᠦᠨ ᠢ ᠡᠵᠡᠩᠨᠡᠬᠦ ᠳᠤ ᠲᠣᠬᠢᠷᠠᠮᠵᠢ ᠦᠭᠡᠢ ᠪᠠᠶᠢᠬᠤ ᠲᠠᠯᠠᠪᠤᠷ  ᠃        2. ᠨᠡᠭᠦᠳᠡᠯ ᠳᠡᠯᠭᠡᠭᠡ ᠮᠠᠶᠢᠮᠠᠶ ᠶᠢᠨ ᠭᠠᠵᠠᠷ᠂ ᠵᠠᠮ ᠡᠵᠡᠯᠡᠨ ᠡᠵᠡᠩᠨᠡᠬᠦ᠂ ᠰᠣᠨᠢᠨ ᠰᠡᠳᠬᠦᠯ  ᠤᠨ ᠮᠤᠬᠤᠯᠠᠭ᠂ ᠬᠥᠳᠡᠯᠦᠩᠭᠦᠶ ᠬᠠᠪᠲᠠᠰᠤᠨ ᠭᠡᠷ᠂ ᠲᠥᠷ ᠴᠠᠭ ᠤᠨ ᠪᠠᠷᠢᠯᠭ᠎ᠠ᠂ ᠲᠥᠷᠢᠮ ᠠᠴᠠ ᠵᠥᠷᠢᠴᠡᠭᠰᠡᠨ ᠪᠠᠷᠢᠯᠭ᠎ᠠ ᠂ ᠨᠤᠷᠠᠬᠤ ᠠᠶᠤᠯᠲᠠᠶ ᠭᠡᠷ ᠪᠠᠶᠢᠰᠢᠩ ᠪᠤᠶᠤ ᠬᠤᠳᠠ ᠶᠢᠨ ᠶᠠᠪᠤᠳᠠᠯ  ᠤᠨ ᠲᠥᠯᠥᠪᠵᠢᠭᠦᠯᠭᠡ ᠳᠤ ᠨᠤᠷᠠᠭᠠᠵᠤ ᠨᠡᠭᠦᠯᠭᠡᠬᠦ ᠪᠠᠷ ᠪᠠᠶᠢᠭ᠎ᠠ ᠬᠡᠪᠴᠢᠶᠡᠨ ᠳᠣᠲᠣᠷᠠᠬᠢ ᠪᠠᠷᠢᠯᠭ᠎ᠠ ᠶᠢ ᠨᠢᠭᠡᠨᠲᠡ ᠲᠣᠳᠣᠷᠬᠠᠶᠢᠯᠠᠭᠰᠠᠨ ᠪᠤᠶᠤ ᠵᠠᠷᠯᠠᠨ ᠨᠡᠶᠢᠲᠡᠯᠡᠭᠰᠡᠨ ᡾  ᠃        3.  ᠳᠤᠮᠳᠠᠳᠤ᠂ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠪᠲᠡᠷᠡᠬᠦ ᠵᠠᠮ ︵ᠬᠠᠵᠠᠭᠤ ᠶᠢᠨ ᠡᠭᠦᠳᠡ᠂ ᠠᠷᠤ ᠡᠭᠦᠳᠡ᠂ ᠬᠠᠵᠠᠭᠤ ᠶᠢᠨ ᠡᠭᠦᠳᠡ ᠵᠢᠴᠢ ᠭᠠᠯ ᠤᠨᠲᠠᠷᠠᠭᠠᠬᠤ ᠨᠡᠪᠲᠡᠷᠡᠬᠦ ᠵᠠᠮ ᠪᠠᠭᠲᠠᠨ᠎ᠠ︶᠎ ᠤᠨ 100 ᠮᠧᠲᠷ ᠤᠨ ᠳᠣᠲᠣᠷ᠎ᠠ ᠪᠠᠶᠢᠬᠤ  ᠃          4. ᠡᠵᠡᠩᠨᠡᠯᠲᠡ ᠶᠢᠨ ᠲᠠᠯᠠᠪᠤᠷ ᠭᠠᠵᠠᠷ ᠨᠢ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ ᠤᠨ ᠴᠡᠩᠭᠡᠯ ᠤᠨ ᠬᠦᠷᠢᠶᠡᠯᠡᠩ ᠵᠡᠷᠭᠡ ᠵᠠᠯᠠᠭᠤᠴᠤᠳ ᠪᠠᠭᠠᠴᠤᠳ ᠢᠶᠠᠷ ᠭᠤᠣᠯ ᠪᠣᠯᠭᠠᠭᠰᠠᠨ ᠠᠵᠢᠯᠯᠠᠭᠠᠨ ᠤ ᠲᠠᠯᠠᠪᠤᠷ ᠤᠨ ᠳᠣᠲᠣᠭᠠᠳᠤ ᠳᠤ ᠪᠠᠶᠢᠬᠤ  ᠃        5. ᠪᠠᠷᠠᠭ᠎ᠠ ᠬᠤᠳᠠᠯᠳᠤᠬᠤ ᠠᠦ᠋ᠲ᠋ᠣ᠋ ᠮᠠᠰᠢᠨ ︵ᠬᠤᠷᠭᠤ︶ ᠪᠤᠶᠤ ᠪᠠᠷᠠᠭ᠎ᠠ ᠬᠤᠳᠠᠯᠳᠤᠬᠤ ᠪᠤᠰᠤᠳ ᠠᠦ᠋ᠲ᠋ᠣ᠋ ᠬᠡᠯᠪᠡᠷᠢ ᠶᠢ ᠠᠰᠢᠭᠯᠠᠨ᠂ ᠲᠠᠮᠠᠬᠢᠨ ᠪᠦᠲᠦᠭᠡᠭᠳᠡᠬᠦᠨ ᠢ ᠪᠣᠷᠣᠯᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠬᠤ ᠡᠵᠡᠩᠨᠡᠯᠲᠡ ᠶᠢᠨ ᠭᠠᠵᠠᠷ  ᠃           6. ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠠᠰᠢᠭᠯᠠᠨ ᠲᠠᠮᠠᠬᠢᠨ ᠪᠦᠲᠦᠭᠡᠭᠳᠡᠬᠦᠨ ᠡᠵᠡᠩᠨᠡᠭᠰᠡᠨ  ᠃       7. ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠵᠢᠵᠢᠭᠯᠡᠨ ᠬᠤᠳᠠᠯᠳᠤᠬᠤ ᠴᠡᠭ ᠭᠠᠷᠭᠠᠵᠤ ᠥᠭᠬᠦ ᠦᠭᠡᠢ ᠪᠤᠰᠤᠳ ᠪᠠᠶᠢᠳᠠᠯ ᠤᠳ᠃            ᠭᠤᠷᠪᠠᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ          ᠶᠢᠰᠦᠳᠦᠭᠡᠷ ᠵᠦᠢᠯ   ᠲᠤᠰ ᠲᠥᠯᠥᠪᠵᠢᠭᠦᠯᠭᠡ ᠳᠤ ᠬᠡᠯᠡᠵᠦ ᠪᠠᠶᠢᠭ᠎ᠠ ︽ᠵᠠᠶ︾ ᠭᠡᠳᠡᠭ ᠨᠢ ᠵᠢᠵᠢᠭᠯᠡᠨ ᠬᠤᠳᠠᠯᠳᠤᠬᠤ ᠪᠠᠷ ᠭᠤᠶᠤᠴᠢᠯᠠᠬᠤ ᠭᠡᠵᠦ ᠪᠠᠶᠢᠭ᠎ᠠ ᠭᠠᠵᠠᠷ ᠬᠢᠭᠡᠳ ᠲᠡᠭᠦᠨ  ᠤ ᠡᠷᠬᠢᠨ ᠲᠣᠭᠤᠷᠢᠨ  ᠤ ᠬᠠᠮᠤᠭ ᠤᠨ ᠤᠶᠢᠷ᠎ᠠ ᠵᠢᠵᠢᠭᠯᠡᠨ ᠬᠤᠳᠠᠯᠳᠤᠬᠤ ᠭᠠᠵᠠᠷ  ᠤᠨ ᠬᠤᠭᠤᠷᠣᠨᠳᠣ ᠡᠵᠡᠩᠨᠡᠯᠲᠡ ᠶᠢᠨ ᠲᠠᠯᠠᠪᠤᠷ ᠭᠠᠵᠠᠷ ᠢᠶᠠᠷ ᠣᠷᠣᠵᠤ ᠭᠠᠷᠬᠤ ᠨᠡᠪᠳᠡᠷᠡᠯ ᠵᠠᠮ᠂ ᠬᠤᠶᠠᠷ ᠡᠭᠦᠳᠡᠨ  ᠤ ᠲᠥᠪ ᠴᠡᠭ  ᠤᠨ ᠬᠤᠭᠤᠷᠣᠨᠳᠣᠬᠢ ᠰᠢᠯᠤᠭᠤᠨ ᠵᠠᠶ ᠶᠢ ᠵᠢᠭᠠᠵᠤ ᠪᠤᠢ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2