ᠤᠯᠠᠭᠠᠨᠴᠠᠪ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2021/10/28
       ᠣᠶᠢᠷ᠎ᠠ ᠳᠤ᠂ ᠤᠯᠠᠭᠠᠨᠴᠠᠪ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠬᠤᠲᠠ ᠶᠢᠨ ᠣᠯᠠᠨ ᠠᠷᠠᠳ ᠠᠴᠠ᠂ ᠵᠢᠨᠢᠩ ᠲᠣᠭᠤᠷᠢᠭ ᠤᠨ ᠵᠠᠩ ᠭᠠᠶ ᠶᠢᠩ ᠤᠨ ᠸᠧᠨ ᠾᠦᠢ ᠶᠤᠸᠠᠨ ᠰᠠᠭᠤᠭᠠᠯᠢ ᠲᠣᠭᠤᠷᠢᠭ ᠤᠨ ᠰᠥᠭᠡᠷᠭᠦ ᠬᠤᠶᠠᠳᠤᠭᠠᠷ ᠳᠠᠪᠬᠤᠷᠯᠢᠭ ᠤᠨ ᠭᠠᠵᠠᠷ ᠳᠣᠤᠷᠠᠬᠢ ᠬᠡᠷ ᠲᠤ ᠤᠰᠤ ᠬᠤᠷᠠᠵᠤ᠂ ᠴᠠᠬᠢᠯᠭᠠᠨ ᠱᠠᠲᠤ ᠶᠢᠨ ᠬᠤᠳᠳᠤᠭ ᠲᠤ ᠤᠰᠤ ᠬᠤᠷᠠᠵᠤ᠂ ᠴᠠᠬᠢᠯᠭᠠᠨ ᠱᠠᠲᠤ ᠶᠢ ᠤᠰᠤ ᠳᠠᠭᠠᠭᠤᠯᠤᠨ ᠠᠵᠢᠯᠯᠠᠭᠤᠯᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠵᠦ ᠲᠤᠰᠬᠠᠵᠠᠢ᠃ 12345 ᠬᠠᠯᠠᠮᠰᠢᠯ ᠤᠲᠠᠰᠤ ᠨᠢ ᠲᠣᠰ ᠬᠡᠷᠡᠭ ᠶᠠᠪᠤᠳᠠᠯ ᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠪᠣᠯᠬᠤ ᠵᠢᠨᠢᠩ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠳᠤ ᠰᠢᠯᠵᠢᠭᠦᠯᠦᠨ ᠭᠦᠢᠴᠡᠳᠬᠡᠪᠡ᠃ ᠲᠤᠰ ᠨᠢᠭᠡᠴᠢ 12345 ᠤᠲᠠᠰᠤᠨ ᠳᠤ 2 ᠤᠳᠠᠭ᠎ᠠ ᠬᠠᠷᠢᠭᠤ ᠥᠭᠴᠦ᠂ ᠨᠢᠭᠡᠨᠲᠡ ᠬᠥᠮᠦᠨ ᠲᠣᠮᠢᠯᠠᠨ ᠰᠢᠢᠳᠪᠦᠷᠢᠯᠡᠭᠦᠯᠵᠡᠢ᠃ ᠬᠡᠷᠡᠭ ᠤᠨ ᠳᠠᠷᠠᠭ᠎ᠠ᠂ 12345 ᠬᠠᠯᠠᠮᠰᠢᠯ ᠤᠲᠠᠰᠤ ᠪᠠᠷ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠢ ᠰᠤᠷᠪᠤᠯᠵᠢᠯᠠᠭᠰᠠᠨ ᠳᠤ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠨᠢ ᠭᠠᠵᠠᠷ ᠳᠣᠣᠷᠠᠬᠢ ᠥᠷᠥᠭᠡᠨ ᠤ ᠤᠰᠤ ᠶᠢ ᠯᠠ ᠲᠠᠲᠠᠵᠤ ᠠᠪᠠᠴᠢᠭᠰᠠᠨ ᠠᠴᠠ ᠪᠢᠰᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ ᠴᠢᠳᠠᠭᠰᠠᠨ ᠦᠭᠡᠶ ᠭᠡᠵᠦ ᠰᠠᠭᠤᠭᠠᠯᠢ ᠠᠷᠠᠳ ᠢᠯᠡᠷᠬᠡᠶᠢᠯᠡᠵᠡᠶ᠃ ᠲᠣᠰ ᠬᠡᠷᠡᠭ ᠲᠤ ᠴᠢᠭᠯᠡᠭᠦᠯᠦᠨ᠂ ᠤᠯᠠᠭᠠᠨᠴᠠᠪ ᠬᠤᠲᠠ ᠶᠢᠨ ᠬᠢᠨ ᠵᠠᠭᠤᠴᠢᠯᠠᠭᠤᠷ ᠤᠨ ᠮᠥᠷᠳᠡᠨ ᠮᠡᠳᠡᠭᠡᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠬᠠᠷᠢᠭᠤᠴᠠᠯᠭᠠᠲᠤ ᠨᠢᠭᠡᠴᠢ ᠶᠢᠨ ᠬᠢᠨ ᠡᠴᠦᠰ ᠲᠡᠭᠡᠨ ᠭᠠᠵᠠᠷ ᠳᠣᠤᠷᠠᠬᠢ ᠬᠡᠷ ᠲᠤ ᠤᠰᠤ ᠬᠤᠷᠠᠬᠤ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠪᠠ᠃ ᠡᠨᠡᠬᠦ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ 12345 ᠬᠠᠯᠠᠮᠰᠢᠯ ᠤᠲᠠᠰᠤ ᠴᠢᠬᠤᠯᠠ ᠦᠢᠯᠡᠳᠦᠯ ᠭᠠᠷᠭᠠᠵᠠᠶ᠃ ᠤᠯᠠᠭᠠᠨᠴᠠᠪ ᠬᠤᠲᠠ ᠳᠤ ᠤᠤᠯ ᠨᠢ 33 ᠦᠢᠯᠡᠴᠢᠯᠡᠭᠡᠨ ᠤ ᠬᠠᠯᠠᠮᠰᠢᠯ ᠤᠲᠠᠰᠤ ᠪᠠᠶᠢᠵᠤ᠂ ᠣᠯᠠᠨ ᠲᠦᠮᠡᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠴᠡᠭᠡᠵᠢᠯᠡᠬᠦ ᠪᠠ ᠬᠡᠷᠡᠭᠯᠡᠵᠦ ᠪᠠᠶᠢᠭᠠᠳ ᠠᠰᠠᠭᠤᠳᠠᠯ ᠢ ᠲᠤᠰᠬᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠤᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ 12396᠂ ᠬᠥᠮᠦᠨ ᠠᠮᠠ ᠪᠠ ᠲᠥᠯᠥᠪᠯᠡᠭᠡᠲᠦ ᠦᠷᠡᠵᠢᠯ ᠤᠨ 12356 ᠵᠡᠷᠭᠡ 14 ᠬᠠᠯᠠᠮᠰᠢᠯ ᠤᠲᠠᠰᠤ ᠶᠢ 12345 ᠬᠠᠯᠠᠮᠰᠢᠯ ᠤᠲᠠᠰᠤᠨ ᠳᠤ ᠨᠡᠶᠢᠯᠡᠭᠦᠯᠦᠨ ᠣᠷᠣᠭᠤᠯᠵᠠᠶ᠃ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠥᠬᠡᠶ‌ᠠᠵᠢᠯ ᠤᠨ ᠵᠠᠷᠴᠢᠮ ᠶᠣᠰᠣᠭᠠᠷ᠂ ᠣᠯᠠᠨ ᠲᠦᠮᠡᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠪᠠ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠤᠴᠢᠷ ᠶᠠᠪᠤᠳᠠᠯ ᠨᠢᠭᠡᠪᠦᠷᠢ ᠶᠢ ᠰᠠᠶᠢᠲᠤᠷ ᠬᠢᠬᠦ ᠪᠠᠷ ᠴᠢᠷᠮᠠᠶᠢᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ ᠤᠯᠠᠭᠠᠨᠴᠠᠪ ᠬᠤᠲᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠳᠤᠮᠳᠠ᠂ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ︾᠎ ᠶᠢ ᠦᠷᠭᠦᠯᠵᠢᠯᠡᠨ ᠠᠬᠢᠭᠤᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠬᠥᠭᠵᠢᠭᠡᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠲᠥᠪ ᠭᠤᠤᠯᠴᠢ᠂ ᠥᠨᠳᠥᠷ ᠪᠦᠲᠦᠮᠵᠢᠲᠡᠶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠲᠠᠰᠤᠷᠠᠯᠲᠠ ᠥᠬᠡᠶ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠡᠯ᠎ᠡ ᠲᠠᠯ᠎ᠠ ᠶᠢᠨ ᠬᠦᠴᠦᠨ ᠤ ᠬᠠᠮᠵᠢᠯᠴᠠᠨ ᠠᠬᠢᠭᠤᠯᠬᠤ ᠶᠢ ᠨᠢᠭᠡᠳᠦᠯᠲᠡᠶ ᠲᠥᠯᠥᠪᠯᠡᠵᠦ᠂ ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠪᠠᠷ ᠳᠠᠮᠵᠢᠭᠤᠯᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠡᠯ᠎ᠡ ᠵᠦᠢᠯ ᠤᠨ ᠥᠭᠡᠷᠡᠴᠢᠯᠡᠯᠲᠡ ᠶᠢ ᠤᠷᠤᠭᠰᠢᠲᠠᠶ ᠠᠬᠢᠭᠤᠯᠬᠤ ᠶᠢ ᠪᠠᠲᠤᠯᠠᠵᠤ ᠪᠤᠢ᠃ ᠤᠯᠠᠭᠠᠨᠴᠠᠪ ᠬᠤᠲᠠ ᠶᠢᠨ ᠬᠢᠨ ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠭᠠᠷᠠᠭ︾᠎ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ︽ᠨᠢᠭᠡ ᠴᠡᠭ ᠲᠤ ᠲᠠᠩᠰᠠ ᠡᠪᠬᠡᠮᠡᠯ ᠢ ᠬᠠᠳᠠᠭᠠᠯᠠᠵᠤ᠂ ᠣᠯᠠᠨ ᠴᠡᠭ ᠲᠤ ᠦᠢᠯᠡᠴᠢᠯᠡᠬᠦ︾ ᠵᠠᠭᠪᠤᠷ ᠢ ᠲᠦᠷᠭᠡᠳᠬᠡᠨ ᠬᠡᠷᠡᠭᠵᠢᠭᠦᠯᠵᠦ᠂ ︽ᠢᠲᠡᠭᠡᠮᠵᠢᠲᠦ ᠤᠯᠠᠭᠠᠨᠴᠠᠪ︾᠎ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠲᠠᠮᠵᠢᠭᠤᠯᠤᠨ᠂ ᠬᠤᠷᠸ᠎ᠠ ᠲᠥᠷᠥ ᠶᠢᠨ ᠪᠣᠳᠣᠯᠭ᠎ᠠ ᠶᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠯᠦᠭᠡ ᠪᠦᠲᠦᠮᠵᠢᠲᠡᠶ ᠤᠶᠠᠯᠳᠤᠭᠤᠯᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠬᠤᠭᠤᠴᠠᠭᠠᠲᠤ ᠴᠢᠨᠠᠷ ᠪᠠ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠬᠦᠯᠦᠨ᠎ᠡ︔ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ︽ᠤᠯᠠᠭᠠᠨᠴᠠᠪ ᠬᠤᠲᠠ ᠶᠢᠨ ︿ᠦᠨᠡᠮᠯᠡᠯ ᠪᠠ ᠭᠡᠷᠡᠴᠢ ᠶᠢ ᠰᠠᠯᠭᠠᠬᠤ﹀᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠥᠭᠡᠷᠡᠴᠢᠯᠡᠯᠲᠡ ᠶᠢᠨ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠲᠤᠭᠤᠰᠢᠯᠠᠭᠤᠯᠤᠨ ᠬᠡᠷᠡᠭᠵᠢᠭᠦᠯᠵᠦ᠂ ᠡᠷᠴᠢᠮ ᠢᠶᠠᠨ ᠴᠢᠩᠭᠠᠷᠠᠭᠤᠯᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠠᠬᠢᠭᠤᠯᠤᠨ᠂ ᠵᠠᠬ᠎ᠠ ᠳᠡᠯᠭᠡᠭᠦᠷ ᠠᠴᠠ ᠭᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠯᠠ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠠᠮᠠᠯᠠᠵᠤ ᠤᠷᠢᠳᠴᠢᠯᠠᠨ ᠵᠥᠪᠰᠢᠶᠡᠷᠡᠬᠦ ᠲᠦᠷᠢᠮ︾᠎ ᠢ ᠬᠡᠷᠡᠭᠵᠢᠭᠦᠯᠬᠦ ᠪᠠᠷ ᠳᠠᠮᠵᠢᠭᠤᠯᠤᠨ᠂ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ︾᠎ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠭᠦᠭᠵᠢᠭᠡᠵᠦ ᠪᠠᠶᠢᠨ᠎ᠠ︔ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾᠎ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ ᠠᠬᠢᠭᠤᠯᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠎ ᠶᠢᠨ ᠬᠡᠷᠡᠭᠯᠡᠭᠡᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠷᠬᠡ ᠲᠡᠭᠰᠢ᠂ ᠥᠨᠳᠥᠷ ᠪᠦᠲᠦᠮᠵᠢᠲᠡᠶ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠣᠯᠭᠠᠨ᠎ᠠ︔ ︽ᠮᠦᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ︾᠎ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠮᠦᠩᠬᠡ ᠰᠤᠪᠠᠭ · ᠠᠯᠠᠭᠠᠨ ᠳᠡᠭᠡᠷ᠎ᠡ ᠪᠠᠨ ᠭᠦᠢᠴᠡᠳᠬᠡᠬᠦ︾᠎ ᠶᠢ ᠳᠡᠯᠭᠡᠷᠡᠭᠦᠯᠬᠦ ᠶᠢ ᠴᠢᠩᠭᠠᠳᠬᠠᠵᠤ᠂ ︽ᠮᠦᠩᠬᠡ ᠰᠤᠪᠠᠭ · ᠨᠢᠭᠡ ᠯᠠ ᠤᠳᠠᠭ᠎ᠠ ᠳᠤ ᠭᠦᠢᠴᠡᠳᠬᠡᠬᠦ︾᠎ ᠶᠢ ᠠᠬᠢᠭᠤᠯᠤᠨ᠂ ︽ᠮᠦᠩᠬᠡ ᠰᠤᠪᠠᠭ · ᠲᠠᠨ ᠳᠤ ᠬᠠᠪᠰᠤᠷᠤᠨ ᠭᠦᠢᠴᠡᠳᠬᠡᠬᠦ︾ ᠎ ᠶᠢ ᠰᠠᠶᠢᠲᠤᠷ ᠬᠢᠵᠦ᠂ ︽ᠨᠢᠭᠡ ᠯᠡ ᠡᠭᠦᠳᠡᠨ ᠳᠤ ᠭᠦᠢᠴᠡᠳᠬᠡᠬᠦ︾᠎ ᠶᠢ ᠠᠬᠢᠭᠤᠯᠤᠨ᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠤᠨ ᠬᠡᠷᠡᠭᠯᠡᠯᠲᠡ ᠶᠢ ᠬᠡᠷᠡᠭᠵᠢᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠢᠳᠡᠪᠬᠢᠲᠡᠶ ᠪᠠᠷ ᠡᠭᠦᠳᠴᠦ᠂ ᠬᠢᠨᠠᠨ ᠰᠢᠯᠭᠠᠬᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠮᠡᠳᠡᠭᠦᠯᠦᠨ ᠤᠭᠰᠠᠷᠠᠬᠤ ᠴᠤᠪᠤᠷᠠᠯ ᠢ ᠳᠥᠭᠦᠮᠴᠢᠯᠡᠵᠦ᠂ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠤᠨ᠂ ᠦᠢᠯᠡᠴᠢᠯᠡᠭᠡᠨ ᠤ ᠠᠷᠭ᠎ᠠ ᠮᠠᠶ᠋ᠢᠭ ᠶᠢ ᠲᠠᠰᠤᠷᠠᠯᠲᠠ ᠥᠬᠡᠶ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ︔ ︽ᠰᠠᠶᠢᠨ ᠮᠠᠭᠤ ᠶᠢ ᠦᠨᠡᠯᠡᠬᠦ︾ ᠠᠵᠢᠯ ᠢ ᠠᠬᠢᠭᠤᠯᠵᠤ᠂ ︽ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠢᠮ︾᠎ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠮᠥᠷᠳᠡᠵᠦ ᠪᠣᠯᠬᠤᠶᠢᠴᠠ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠭᠠᠶᠢᠯᠢ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠬᠦᠴᠦᠨ ᠤ ᠬᠠᠮᠵᠢᠯᠴᠠᠨ ᠠᠬᠢᠭᠤᠯᠬᠤ ᠶᠢ ᠨᠢᠭᠡᠳᠦᠯᠲᠡᠶ ᠲᠥᠯᠥᠪᠯᠡᠨ᠂ ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠵᠡᠷᠭᠡ ᠠᠷᠭ᠎ᠠ ᠬᠡᠮᠵᠢᠶ᠎ᠡ ᠪᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠳᠤ ᠬᠦᠴᠦ ᠨᠡᠮᠡᠷᠢᠯᠡᠨ᠎ᠡ᠃ 9 ᠰᠠᠷ᠎ᠠ ᠪᠣᠯᠲᠠᠯ᠎ᠠ᠂ ᠤᠯᠠᠭᠠᠨᠴᠠᠪ ᠬᠤᠲᠠ ᠶᠢᠨ ᠬᠢᠨ ᠵᠠᠰᠠᠭ ᠵᠠᠬᠢᠷᠭᠠᠨ ᠤ ᠡᠷᠬᠡ ᠶᠢ ᠨᠡᠶᠢᠲᠡ 2136 ᠬᠠᠰᠤᠵᠤ᠂ ᠬᠠᠰᠤᠵᠤ ᠴᠣᠮᠬᠠᠳᠬᠠᠭᠰᠠᠨ ᠬᠠᠷᠢᠴᠠᠯ ᠨᠢ 35.37%᠎ ᠳᠤ ᠬᠦᠷᠴᠡᠶ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠠᠪᠴᠠᠩ ᠠᠴᠠ 77928 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡᠯᠡᠵᠦ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠨᠢ ᠨᠢᠭᠡᠨᠲᠡ ᠬᠤᠲᠠ᠂ ᠰᠢᠶᠠᠨ᠂ ᠰᠢᠶᠠᠩ᠂ ᠲᠣᠰᠬᠤᠨ ᠳᠥᠷᠪᠡᠨ ᠱᠠᠲᠤ ᠶᠢ ᠬᠠᠮᠤᠷᠪᠠ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ              
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2