ᠲᠠᠬᠢᠶᠠᠨ ᠥᠨᠳᠡᠭᠡ ᠰᠢᠮ᠎ᠡ ᠲᠡᠵᠢᠭᠡᠯ ᠡᠯᠪᠡᠭᠲᠡᠢ᠂ ᠪᠠᠵᠠᠭᠠᠵᠤ ᠬᠢᠬᠦ ᠠᠷᠭ᠎ᠠ ᠨᠢ ᠤᠯᠠᠨ᠂ ᠠᠯᠢ ᠨᠢ | ᠬᠠᠮᠤᠭ ᠤᠨ ᠰᠢᠮᠡᠲ᠋ᠡᠵᠢᠭᠡᠯ ᠲᠠᠢ᠂ ᠡᠷᠡᠭᠦᠯ ᠮᠡᠨᠳᠦ ᠳᠤ ᠲᠤᠰᠠ ᠲᠠᠢ ᠪᠤᠢ ᠭᠡᠪᠡᠯ᠂ ᠶᠠᠷᠢᠶᠠᠨ ᠦᠭᠡᠢ ᠴᠢᠨᠠᠭᠰᠠᠨ | ᠲᠠᠬᠢᠶᠠᠨ ᠥᠨᠳᠡᠭᠡ ᠶᠤᠮ᠃ᠭᠡᠪᠡᠴᠦ ᠲᠠᠬᠢᠶᠠᠨ ᠥᠨᠳᠡᠭᠡ ᠴᠢᠨᠠᠬᠤ ᠳᠤ ᠪᠠᠰᠠ ᠠᠩᠬᠠᠷᠬᠤ ᠵᠦᠢᠯ ᠪᠤᠢ᠂ ᠵᠦᠪ | ᠴᠢᠨᠠᠬᠤ ᠦᠭᠡᠢ ᠪᠤᠯ ᠰᠢᠮ᠎ᠡ ᠲᠡᠵᠢᠭᠡᠯ ᠢ ᠨᠢᠶᠡᠭᠡ ᠪᠠᠷ ᠠᠯᠳᠠᠭᠳᠠᠭᠤᠯᠬᠤ ᠪᠠᠷ ᠪᠠᠷᠠᠬᠤ ᠦᠭᠡᠢ᠂ ᠴᠢᠨᠠᠭᠰᠢᠯᠠᠪᠠᠯ ᠪᠠᠰᠠ | ᠬᠤᠣᠷᠲᠠᠢ ᠪᠣᠳᠠᠰ ᠡᠭᠦᠰᠬᠡᠵᠦ ᠮᠡᠳᠡᠨ᠎ᠡ᠃ | ᠲᠠᠬᠢᠶᠠᠨ ᠥᠨᠳᠡᠭᠡ ᠶᠢ ᠴᠢᠨᠠᠵᠤ ᠪᠣᠯᠭᠤᠭᠠᠬᠤ ᠦᠭᠡᠢ ᠪᠤᠯ ᠠᠮᠤᠷ ᠲᠦᠪᠰᠢᠨ ᠪᠤᠰᠤ ᠭᠡᠵᠦ | ᠤᠯᠠᠩᠬᠢ ᠬᠥᠮᠦᠰᠰᠠᠨᠠᠭᠠ ᠵᠤᠪᠠᠳᠠᠭ᠂ ᠲᠡᠭᠡᠭᠡᠳ ᠮᠠᠰᠢ ᠤᠷᠳᠤ ᠴᠠᠭ ᠬᠤᠭᠤᠴᠠᠭ᠎ᠠ ᠴᠢᠨᠠᠵᠤ᠂ | ᠴᠢᠨᠠᠭᠰᠢᠯᠠᠭᠠᠳ ᠵᠠᠷᠢᠮ ᠬᠥᠮᠦᠨ ᠪᠠᠰᠠᠲ᠋ᠤᠰᠬᠠᠶᠢᠯᠠᠨ ᠤᠰᠤᠨ ᠳᠤ ᠤᠳᠠᠭᠠᠨ ᠴᠢᠨᠠᠭᠰᠠᠨ ᠥᠨᠳᠡᠭᠡ᠂ ᠬᠤᠯᠤᠰᠤᠨ | ᠨᠠᠪᠴᠢ ᠲᠠᠢ ᠤᠳᠠᠭᠠᠨ ᠴᠢᠨᠠᠭᠰᠠᠨ ᠥᠨᠳᠡᠭᠡ᠂ᠴᠠᠢ ᠳᠤ ᠤᠳᠠᠭᠠᠨ ᠴᠢᠨᠠᠭᠰᠠᠨ ᠥᠨᠳᠡᠭᠡ ᠵᠡᠷᠭᠡ ᠶᠢ ᠢᠳᠡᠬᠦ | ᠳᠤᠷᠠᠲᠠᠶ ᠪᠠᠶᠢᠳᠠᠭ᠃ ᠭᠡᠲᠡᠯ᠎ᠡ ᠲᠠᠬᠢᠶᠠᠨ ᠥᠨᠳᠡᠭᠡ ᠶᠢ ᠬᠡᠲᠦᠤᠳᠠᠭᠠᠨ ᠴᠢᠨᠠᠪᠠᠯ ᠲᠡᠭᠦᠨ ᠤ ᠳᠣᠲᠣᠷᠠᠬᠢ B | ᠲᠦᠷᠦᠯ ᠤᠨ ᠸᠢᠲ᠋ᠠᠮᠢᠨ᠂ ᠸᠢᠲ᠋ᠠᠮᠢᠨ E ᠵᠡᠷᠭᠡ ᠰᠢᠮ᠎ᠡ ᠲᠡᠵᠢᠭᠡᠯᠲᠦ ᠡᠳ᠋ ᠨᠢᠠᠯᠳᠠᠭᠳᠠᠬᠤ ᠪᠠᠷ ᠪᠠᠷᠠᠬᠤ ᠦᠭᠡᠢ᠂ | ᠪᠠᠰᠠ ᠲᠡᠭᠦᠨ ᠳᠤ ᠠᠭᠤᠯᠤᠭᠳᠠᠬᠤ ᠥᠭᠡᠬᠦᠨ ᠬᠦᠴᠢᠯ᠂ ᠰᠥᠰᠥᠨ ᠤ ᠭᠤᠨᠠᠨ ᠠᠯᠺᠣᠣᠯ ᠢᠢᠰᠦᠯᠳᠦᠭᠦᠯᠳᠡᠭ᠃ | ᠲᠠᠬᠢᠶᠠᠨ ᠥᠨᠳᠡᠭᠡᠨ ᠳᠤ ᠠᠭᠤᠯᠳᠠᠭ ᠰᠠᠶᠢᠨ ᠥᠭᠡᠬᠦ᠂ ᠵᠢᠱᠢᠶᠡᠯᠡᠪᠡᠯ ᠳᠤᠲᠠᠭᠤ ᠲᠣᠰᠣᠨ ᠬᠦᠴᠢᠯ᠂ᠠᠷᠠᠾᠢᠳᠤᠨ | ᠬᠦᠴᠢᠯ ᠪᠠ DHA ︵C22H32O2︶ ᠵᠡᠷᠭᠡ ᠪᠣᠯ ᠪᠦᠷ ᠬᠠᠨᠤᠮᠠᠯ ᠪᠤᠰᠤ ᠥᠭᠡᠬᠦᠨ ᠬᠦᠴᠢᠯ ᠪᠠᠶᠢᠵᠤ᠂ | ᠠᠮᠠᠷᠬᠠᠨ ᠢᠰᠦᠯᠳᠦᠳᠡᠭ᠃ ᠬᠠᠯᠠᠭᠠᠬᠤ ᠶᠠᠪᠤᠴᠠ ᠳᠤ᠂ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠢᠰᠦᠯᠳᠦᠬᠦ | ᠤᠷᠪᠠᠯ ᠤᠨᠬᠤᠷᠳᠤᠴᠠ ᠨᠢ ᠲᠦᠷᠭᠡᠳᠴᠦ᠂ ᠬᠠᠯᠠᠭᠠᠬᠤ ᠴᠠᠭ ᠬᠤᠭᠤᠴᠠᠭ᠎ᠠ ᠨᠢ ᠬᠡᠳᠦᠶ ᠤᠷᠲᠤ ᠪᠤᠯᠬᠤ ᠲᠤᠳᠤᠮ | ᠢᠰᠦᠯᠳᠦᠬᠦ ᠨᠢ ᠲᠡᠳᠦᠶᠢᠯᠡᠭᠦᠦ ᠪᠣᠯᠤᠨ᠎ᠠ᠃ ᠢᠰᠦᠯᠳᠦᠭᠰᠡᠨ ᠤ ᠳᠠᠷᠠᠭᠠᠬᠢ ᠥᠭᠡᠬᠦ ᠨᠢ ︽ᠰᠠᠶᠢᠨ ᠢᠷᠭᠡᠨ︾ | ᠠᠴᠠ ᠪᠠᠨ ︽ᠠᠳᠠ ᠴᠢᠳᠬᠦᠷ︾ ᠪᠤᠯᠤᠨᠬᠤᠪᠢᠷᠠᠵᠤ᠂ ᠬᠥᠮᠦᠨ ᠤ ᠪᠡᠶ᠎ᠡ ᠳᠤ ᠤᠷᠤᠭᠰᠠᠨ ᠤ ᠪᠠᠨ ᠳᠠᠷᠠᠭ᠎ᠠ | ᠴᠢᠯᠥᠭᠡᠲᠦ ᠪᠦᠯᠦᠭ ᠤᠨ ᠪᠤᠢ ᠪᠣᠯᠬᠤ ᠶᠢ ᠨᠡᠮᠡᠭᠳᠡᠭᠦᠯᠵᠦ᠂ᠴᠢᠨᠠᠭᠰᠢᠯᠠᠭᠠᠳ DHA ᠪᠣᠯᠤᠨ ᠡᠰ ᠤᠨ ᠪᠦᠲᠦᠴᠡ | ᠵᠡᠷᠭᠡ ᠶᠢ ᠡᠪᠳᠡᠳᠡᠭ᠃ ᠰᠤᠳᠤᠯᠭᠠᠨ ᠢᠶᠠᠷ ᠢᠯᠡᠷᠡᠭᠦᠯᠦᠭᠰᠡᠨ ᠨᠢ᠂ᠰᠥᠰᠥᠨ ᠤ ᠭᠤᠨᠠᠨ ᠠᠯᠺᠣᠣᠯ ᠨᠢ ᠬᠥᠮᠦᠨ ᠤ | ᠪᠡᠶ᠎ᠡ ᠶᠢᠨ ᠡᠰ ᠤᠨ ᠢᠰᠦᠯᠳᠦᠯ ᠵᠢᠴᠢ ᠦᠷᠪᠢᠰᠦᠯ ᠤᠨ ᠬᠠᠷᠢᠭᠤ ᠲᠤᠰᠬᠠᠯ ᠤᠨᠨᠡᠮᠡᠭᠳᠡᠬᠦ᠂ ᠥᠭᠡᠬᠦᠨ ᠤ | ᠲᠥᠷᠥᠯ ᠤᠨ ᠬᠡᠪ ᠤᠨ ᠪᠤᠰᠤ ᠰᠣᠯᠢᠯᠴᠠᠭ᠎ᠠ᠂ ᠬᠥᠮᠦᠨ ᠤ ᠪᠡᠶ᠎ᠡ ᠶᠢᠨ ᠴᠢᠰᠤᠨ ᠰᠤᠳᠠᠯ ᠤᠨ | ᠳᠣᠲᠣᠷᠪᠦ᠋ᠷᠬᠦᠪᠴᠢ ᠶᠢᠨ ᠭᠡᠮᠲᠦᠯ ᠵᠡᠷᠭᠡ ᠲᠠᠢ ᠬᠤᠯᠪᠣᠭᠳᠠᠯ ᠲᠠᠢ᠃ | ᠲᠡᠭᠡᠪᠡᠯ ᠲᠠᠬᠢᠶᠠᠨ ᠥᠨᠳᠡᠭᠡ ᠶᠢ ᠶᠠᠭᠠᠬᠢᠵᠤ ᠴᠢᠨᠠᠪᠠᠯ ᠨᠡᠩ ᠡᠷᠡᠭᠦᠯ ᠮᠡᠨᠳᠦ ᠳᠤ ᠲᠤᠰᠠᠲᠠᠢ ᠪᠤᠢ︖ | ᠲᠤᠷᠰᠢᠯᠲᠠ ᠵᠢᠦᠨᠳᠦᠰᠦᠯᠡᠪᠡᠯ᠂ ᠬᠠᠯᠠᠭᠤᠨ ᠤᠰᠤ ᠪᠤᠶᠤ ᠬᠦᠢᠲᠡᠨ ᠤᠰᠤᠨ ᠳᠤ ᠴᠢᠨᠠᠭᠠᠳ᠂ ᠪᠤᠴᠠᠯᠤᠮᠠᠯ ᠪᠠᠶᠢᠳᠠᠯ ᠢ | 3 ᠠᠴᠠ 5 ᠮᠢᠨᠦ᠋ᠲᠬᠠᠳᠠᠭᠠᠯᠠᠨᠠ᠂ ᠢᠩᠭᠢᠵᠦ ᠴᠢᠨᠠᠭᠰᠠᠨ ᠲᠠᠬᠢᠶᠠᠨ ᠥᠨᠳᠡᠭᠡ ᠶᠢᠨ ᠪᠠᠶᠢᠳᠠᠯ ᠨᠡᠯᠢᠶᠡᠳ ᠰᠠᠶᠢᠨ | ᠪᠠᠶᠢᠳᠠᠭ᠃ ᠭᠠᠳᠠᠭᠠᠳᠤ ᠶᠢᠨ ᠵᠠᠷᠢᠮᠴᠢᠨᠠᠭᠰᠠᠨ ᠲᠠᠬᠢᠶᠠᠨ ᠥᠨᠳᠡᠭᠡ ᠨᠢ ︽5︾ ᠪᠤᠶᠤ ︽3︾ ᠭᠡᠰᠡᠨ | ᠲᠤᠳᠤᠷᠬᠠᠢᠢᠯᠠᠯᠲᠠ ᠲᠠᠢ ᠪᠠᠶᠢᠳᠠᠭ᠂ ᠲᠡᠷᠡ ᠨᠢ 5 ᠮᠢᠨᠦ᠋ᠲᠪᠤᠶᠤ 3 ᠮᠢᠨᠦ᠋ᠲ ᠴᠢᠨᠠᠭᠰᠠᠨ ᠲᠠᠬᠢᠶᠠᠨ ᠥᠨᠳᠡᠭᠡ ᠶᠢ | ᠵᠢᠭᠠᠵᠤ ᠪᠠᠶᠢᠨ᠎ᠠ᠃ ᠬᠡᠷᠪᠡ ᠬᠢᠷᠢ ᠲᠡᠩᠴᠡᠭᠰᠡᠨ ᠥᠨᠳᠡᠭᠡ ᠴᠢᠨᠠᠬᠤᠪᠠᠭᠠᠵᠢ ᠶᠢ ᠬᠡᠷᠡᠭᠯᠡᠪᠡᠯ᠂ ᠤᠰᠤᠨ ᠤ | ᠬᠡᠮᠵᠢᠶ᠎ᠡ ᠨᠢ ᠲᠣᠬᠢᠷᠠᠮᠵᠢᠲᠠᠶ ᠪᠠᠶᠢᠪᠠᠯ ᠪᠠᠰᠠ ᠡᠶᠢᠮᠦ ᠨᠡᠯᠢᠶᠡᠳ ᠰᠠᠶᠢᠨ ᠪᠠᠶᠢᠳᠠᠯ ᠲᠠᠢᠲ᠋ᠠᠬᠢᠶᠠᠨ ᠥᠨᠳᠡᠭᠡ ᠶᠢ | ᠴᠢᠨᠠᠵᠤ ᠭᠠᠷᠭᠠᠵᠤ ᠴᠢᠳᠠᠨ᠎ᠠ᠃ | ᠨᠠᠶᠢᠷᠠᠭᠤᠯᠤᠭᠴᠢ᠄ ᠪᠤᠥ ᠯᠢᠩ ᠶᠤᠸᠠᠨ | ᠢᠷᠡᠯᠲᠠ᠄ ᠠᠷᠠᠳ ᠤᠨ ᠰᠦᠯᠵᠢᠶ᠎ᠡ | |