ᠰᠢᠨᠡᠬᠡᠨ ᠰᠤᠳᠤᠯᠭᠠᠨ ᠢᠶᠠᠷ᠂ ᠠᠩᠭ᠍ᠯᠢ ᠶᠢᠨ ᠫᠣᠰᠲᠮᠥᠰ ᠶᠡᠭᠡ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠰᠢᠨᠵᠢᠯᠡᠬᠦᠤᠬᠠᠭᠠᠨ ᠤ ᠰᠠᠯᠪᠤᠷᠢ ᠶᠢᠨ ᠰᠠᠮᠠᠨᠰᠠ · ᠮᠧᠷᠧᠳᠢᠰ ᠳ᠋ᠣᠺᠲ᠋ᠣᠷ ᠵᠢᠴᠢ ᠲᠡᠭᠦᠨ ᠤ | ᠰᠤᠳᠤᠯᠭᠠᠨ ᠤ ᠳᠤᠭᠤᠢᠢᠯᠠᠩ ᠵᠢᠷᠦᠬᠡᠨ ᠤᠡᠪᠡᠳᠴᠢᠲᠡᠨ ᠤ ᠥᠩᠭᠡᠷᠡᠭᠦᠯᠦᠭᠰᠡᠨ ᠰᠡᠳᠬᠢᠯ ᠵᠣᠪᠠᠭ᠋ᠤ᠂ ᠭᠠᠩᠰᠠᠷᠠᠬᠤ᠂ | ᠡᠵᠡᠮᠰᠢᠯ ᠢᠶᠠᠨ ᠠᠯᠳᠠᠬᠤ ᠰᠡᠳᠬᠢᠯᠭᠡ ᠪᠣᠯᠤᠨ ᠪᠤᠰᠤᠳᠥᠪᠡᠷ ᠤᠨ ᠰᠡᠷᠡᠯ ᠵᠡᠷᠭᠡ ᠶᠢ ᠨᠢᠭᠡ ᠵᠢᠯ ᠤᠨ | ᠬᠤᠭᠤᠴᠠᠭ᠎ᠠ ᠲᠠᠢ ᠲᠠᠭᠠᠨ ᠪᠠᠶᠢᠴᠠᠭᠠᠵᠠᠢ᠃ ᠡᠭᠦᠨ ᠤ ᠳ᠋ᠦᠩ ᠳᠤ ᠤᠯᠵᠤᠮᠡᠳᠡᠭᠰᠡᠨ ᠨᠢ᠂ ᠵᠢᠷᠦᠬᠡᠨ ᠤ ᠡᠪᠡᠳᠴᠢᠨ | ᠬᠥᠳᠡᠯᠦᠭᠰᠡᠨ ᠤ ᠳᠠᠷᠠᠭ᠎ᠠ ᠴᠥᠭᠡᠨ ᠪᠤᠰᠤ ᠬᠥᠮᠦᠰ ᠨᠠᠵᠠᠭᠠᠶ ᠰᠡᠳᠬᠢᠴᠡ ᠵᠢᠨᠨᠥ᠋ᠯᠥᠭᠡᠨ ᠳᠤ ᠲᠤᠯᠭᠠᠷᠠᠳᠠᠭ | ᠪᠠᠶᠢᠨ᠎ᠠ᠂ ᠡᠨᠡ ᠨᠢ ᠭᠤᠣᠯᠳᠠᠭᠤ ᠭᠤᠷᠪᠠᠨ ᠵᠦᠢᠯ ᠤᠨ ᠬᠡᠯᠪᠡᠷᠢ ᠲᠠᠢ᠃ ᠨᠢᠭᠡ ᠳᠤ᠂ ᠡᠮᠡᠭᠲᠡᠶᠡᠪᠡᠳᠴᠢᠲᠡᠨ ᠲᠠᠢ | ᠬᠠᠷᠢᠴᠠᠭᠤᠯᠪᠠᠯ᠂ ᠡᠷᠡᠭᠲᠡᠶ ᠶᠢᠨ ᠳᠡᠭᠡᠷᠡᠩᠭᠦᠶ ᠦᠵᠡᠯ ᠲᠠᠢ ᠡᠪᠡᠳᠴᠢᠲᠡᠨ ᠨᠢ ᠡᠪᠡᠳᠴᠢᠨ ᠬᠥᠳᠡᠯᠦᠭᠰᠡᠨ ᠤᠰᠡᠭᠦᠯᠡᠷ | ᠤᠷᠮ᠎ᠠ ᠰᠡᠳᠬᠢᠯᠭᠡ ᠶᠢᠨ ᠭᠡᠮᠲᠦᠯ ᠨᠡᠩ ᠠᠮᠠᠷᠬᠠᠨ ᠡᠭᠦᠰᠳᠡᠭ᠃ ᠡᠳᠡᠭᠡᠷ ᠡᠷᠡᠭᠲᠡᠶ ᠡᠪᠡᠳᠴᠢᠲᠡᠨ | ᠵᠢᠷᠦᠬᠡᠨ ᠤᠡᠪᠡᠳᠴᠢᠨ ᠳᠤ ᠨᠡᠷᠪᠡᠭᠳᠡᠮᠡᠭᠴᠡ ᠥᠪᠡᠷ ᠢ ᠪᠠᠨ ︽ᠬᠡᠷᠡᠭ ᠦᠭᠡᠢ ᠬᠥᠮᠦᠨ︾ ᠭᠡᠵᠦ ᠦᠵᠡᠬᠦ ᠨᠢ | ᠬᠢᠯᠪᠠᠷ ᠪᠠᠶᠢᠵᠤ᠂︽ᠡᠪᠡᠳᠴᠢᠲᠡᠨ︾ ᠭᠡᠰᠡᠨ ᠱᠣᠰᠢᠭ᠎ᠠ ᠲᠠᠢ ᠪᠤᠯᠬᠤ ᠠᠴᠠ ᠠᠶᠤᠳᠠᠭ᠃ ᠡᠭᠦᠨ ᠤ ᠬᠠᠮᠲᠤ᠂ ᠪᠡᠶ᠎ᠡ | ᠮᠠᠬᠠᠪᠣᠳ ᠤᠨ ᠳᠤᠷᠤᠢᠪᠠᠭᠤᠷᠠᠶ ᠪᠠᠶᠢᠳᠠᠯ ᠨᠢ ᠪᠠᠰᠠ ᠲᠡᠳᠡᠨ ᠤ ᠤᠷᠮ᠎ᠠ ᠦᠭᠡᠶᠢᠲᠡᠵᠦ ᠪᠤᠬᠢᠨᠢᠳᠤᠬᠤ ᠰᠡᠳᠬᠢᠯᠭᠡ ᠶᠢ | ᠨᠡᠮᠡᠭᠳᠡᠭᠦᠯᠳᠡᠭ᠃ ᠬᠤᠶᠠᠷ ᠲᠤ᠂ᠵᠢᠷᠦᠬᠡᠨ ᠤ ᠡᠪᠡᠳᠴᠢᠨ ᠬᠥᠳᠡᠯᠦᠭᠰᠡᠨ ᠤ ᠳᠠᠷᠠᠭ᠎ᠠ᠂ ᠵᠠᠷᠢᠮ ᠡᠪᠡᠳᠴᠢᠲᠡᠨ | ᠵᠢᠷᠦᠬᠡᠨ ᠤ ᠠᠰᠠᠭᠤᠳᠠᠯ ᠳᠤ ᠬᠢᠴᠢᠶᠡᠮᠡᠲᠡᠭᠡᠢᠪᠤᠯᠳᠠᠭ᠂ ᠡᠶᠢᠮᠦ ᠤᠷᠮ᠎ᠡ ᠰᠡᠳᠬᠢᠯᠭᠡ ᠶᠢᠨ ᠭᠡᠮᠲᠦᠯ ᠤᠨ ᠨᠢᠭᠡᠨ | ᠨᠡᠶᠢᠲᠡᠯᠢᠭ ᠢᠯᠡᠷᠡᠯ ᠨᠢ ︽ᠵᠢᠷᠦᠬᠡᠨ ᠠᠴᠠ ᠵᠢᠷᠦᠬᠡᠰᠢᠶᠡᠬᠦ ᠭᠡᠮ︾ᠪᠤᠯᠤᠨ᠎ᠠ — ᠵᠢᠷᠦᠬᠡᠨ ᠤ ᠳᠠᠪᠲᠠᠮᠵᠢ | ᠥᠨᠳᠦᠷᠰᠡᠬᠦ ᠠᠴᠠ ᠠᠶᠤᠵᠤ᠂ ᠬᠦᠴᠦ ᠣᠷᠣᠬᠤ ᠶᠠᠮᠠᠷ ᠴᠤ ᠶᠠᠪᠤᠳᠠᠯ ᠢ ᠬᠢᠬᠦ ᠳᠤ ᠴᠥᠮ︽ᠵᠢᠷᠦᠬᠡ ᠪᠠᠨ ᠭᠠᠷ ᠲᠠᠭᠠᠨ | ᠠᠳᠬᠤᠭᠰᠠᠨ︾ ᠪᠠᠶᠢᠳᠠᠯ ᠲᠠᠢ ᠪᠠᠶᠢᠳᠠᠭ᠃ ᠡᠶᠢᠮᠦ ᠰᠠᠨᠠᠭᠠᠰᠢᠷᠠᠯ ᠢ ᠨᠠᠮᠳᠠᠭᠤᠯᠵᠤ ᠴᠢᠳᠠᠬᠤ ᠦᠭᠡᠢᠪᠤᠯ ᠵᠠᠶᠢᠯᠠᠰᠢ | ᠦᠭᠡᠢ ᠡᠪᠡᠳᠴᠢᠲᠡᠨ ᠤ ᠪᠠᠴᠢᠮᠳᠠᠵᠤ ᠵᠣᠪᠠᠨᠢᠬᠤ ᠰᠡᠳᠬᠢᠯᠭᠡ ᠶᠢ ᠨᠡᠮᠡᠭᠳᠡᠭᠦᠯᠳᠡᠭ᠃ ᠭᠤᠷᠪᠠ ᠳᠤ᠂ | ᠬᠡᠰᠡᠭᠡᠪᠡᠳᠴᠢᠲᠡᠨ ᠥᠪᠡᠷ ᠢ ᠪᠠᠨ ᠢᠳᠬᠠᠵᠤ ᠡᠪᠡᠳᠴᠢᠨ ᠡᠭᠦᠰᠦᠭᠰᠡᠨ ᠪᠣᠳᠠᠲᠤ ᠬᠡᠷᠡᠭ ᠢ ᠰᠡᠳᠬᠢᠴᠡ ᠶᠢᠨ | ᠲᠠᠯ᠎ᠠ ᠪᠠᠷ ᠬᠦᠯᠢᠶᠡᠵᠦᠠᠪᠤᠭᠰᠠᠨ ᠴᠤ᠂ ᠡᠪᠡᠳᠴᠢᠨ ᠡᠭᠦᠰᠦᠭᠰᠡᠨ ᠠᠴᠠ ᠪᠤᠯᠵᠤ ᠲᠠᠮᠢᠷ ᠲᠡᠩᠬᠡᠭᠡ ᠪᠠᠭᠤᠷᠠᠭᠰᠠᠨ ᠢ | ᠬᠦᠯᠢᠶᠡᠨ ᠠᠪᠴᠤ ᠴᠢᠳᠠᠬᠤᠦᠭᠡᠢ᠂ ᠨᠡᠯᠢᠶᠡᠳ ᠶᠡᠭᠡ ᠰᠡᠳᠬᠢᠴᠡ ᠶᠢᠨ ᠳᠠᠷᠤᠭᠠᠰᠤ ᠲᠠᠢ ᠪᠣᠯᠳᠠᠭ᠃ | ᠨᠠᠶᠢᠷᠠᠭᠤᠯᠤᠭᠴᠢ᠄ ᠪᠤᠥ ᠯᠢᠩ ᠶᠤᠸᠠᠨ | ᠢᠷᠡᠯᠲᠠ᠄ ᠠᠷᠠᠳ ᠤᠨ ᠰᠦᠯᠵᠢᠶ᠎ᠡ | | |