ᠵᠢᠨᠢᠩ ᠲᠣᠭᠤᠷᠢᠭ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠢ ᠲᠣᠭᠲᠠᠭᠤᠨ ᠢᠶᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2021/10/29
    ᠨᠢᠭᠡ ᠳᠤ ᠰᠢᠨ ᠱᠠᠩ ᠵᠢᠶᠠ ᠶᠤᠸᠠᠨ ᠵᠡᠷᠭᠡ 8 ᠰᠠᠭᠤᠭᠠᠯᠢ ᠳᠤᠭᠤᠷᠢᠭ᠂ 8570 ᠢᠵᠢ ᠥᠪᠡᠷᠲᠡᠭᠡᠨ ᠪᠠᠶᠢᠭᠤᠯᠤᠭᠰᠠᠨ ᠲᠥᠪᠬᠢᠨᠡᠭᠦᠯᠬᠦ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠲᠣ ᠨᠢᠭᠡᠨᠲᠡ 5 ᠰᠠᠭᠤᠭᠠᠯᠢ ᠲᠣᠭᠤᠷᠢᠭ᠂ 3990 ᠢᠵᠢ ᠶᠢ ᠲᠤᠰᠢᠶᠠᠨ ᠥᠭᠴᠦ ᠬᠡᠷᠡᠭᠯᠡᠭᠦᠯᠪᠡ᠃    ᠬᠤᠶᠠᠷ ᠲᠤ 2.04 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 61 ᠰᠠᠭᠤᠭᠠᠯᠢ ᠲᠣᠭᠤᠷᠢᠭ᠂ 149 ᠰᠠᠭᠤᠷᠢ ᠠᠰᠠᠷ᠂ 53.78 ᠲᠦᠮᠡᠨ ᠲᠡᠭᠰᠢ ᠳᠥᠷᠪᠡᠯᠵᠢᠨ ᠮᠧᠳ᠋ᠷ ᠤᠨ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢ ᠡᠬᠢᠯᠡᠭᠦᠯᠵᠦ᠂ 5478 ᠡᠷᠤᠭᠡ ᠶᠢᠨ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠭᠤᠷᠪᠠ ᠳᠤ ᠪᠥᠬᠦ ᠵᠢᠯ ᠳᠤ ᠨᠡᠶᠢᠲᠡ 1100 ᠢᠵᠢ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠢ ᠬᠤᠪᠢᠶᠠᠷᠢᠯᠠᠵᠤ᠂ 98 ᠲᠦᠮᠡᠨ ᠲᠥᠭᠦᠷᠢᠭ ᠤᠨ ᠲᠦᠷᠢᠶᠡᠰᠦᠯᠡᠯ ᠤᠨ ᠨᠥᠬᠦᠪᠥᠷᠢ ᠣᠯᠭᠤᠵᠤ᠂ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ ᠲᠦᠷᠪᠡ ᠳᠤ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷᠳᠡᠯ︾ ᠎ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠵᠠᠰᠠᠭ ᠤᠨ ᠣᠷᠳᠣᠨ ᠠᠴᠠ ᠪᠡᠯᠡ ᠮᠥᠩᠭᠦ ᠣᠷᠣᠭᠤᠯᠵᠤ ᠪᠡᠯᠡ ᠮᠥᠩᠭᠦ ᠶᠢ ᠣᠷᠣᠯᠠᠨ ᠥᠭᠬᠦ᠂ ᠣᠨᠳᠣᠣ ᠭᠠᠵᠠᠷ ᠲᠤ ᠲᠥᠪᠬᠢᠨᠡᠭᠦᠯᠬᠦ᠂ ᠲᠤᠰᠬᠠᠶ ᠡᠭᠡᠯᠵᠢ ᠪᠠᠷ ᠣᠷᠣᠵᠤ ᠰᠠᠭᠤᠬᠤ᠂ ᠭᠠᠷ ᠭᠦᠢᠴᠡᠳᠬᠡᠯ ᠬᠢᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠢ ᠬᠠᠪᠰᠤᠷᠤᠨ ᠲᠠᠲᠠᠪᠤᠷᠢᠯᠠᠨ ᠨᠤᠷᠠᠭᠠᠬᠤ᠂ ᠪᠦᠳᠦᠭᠡᠨ ᠪᠠᠶᠢᠭᠤᠯᠬᠤ ᠠᠬᠢᠴᠠ ᠶᠢ ᠨᠢ ᠲᠦᠷᠭᠡᠳᠬᠡᠵᠦ᠂ ᠨᠢᠭᠡᠨᠲᠡ ︽ᠪᠤᠴᠠᠭᠠᠨ ᠨᠡᠭᠦᠯᠭᠡᠬᠦ ᠳᠤ ᠬᠦᠴᠢᠷᠲᠡᠶ︾ 2800 ᠭᠠᠷᠤᠶ ᠡᠷᠦᠭᠡ᠂ ︽ᠤᠷᠤᠵᠤ ᠰᠠᠭᠤᠬᠤ ᠳᠤ ᠬᠦᠴᠢᠷᠳᠡᠢ︾ 8800 ᠭᠠᠷᠤᠶ ᠡᠷᠦᠭᠡ᠂ ︽ᠦᠨᠡᠮᠯᠡᠯ ᠠᠪᠬᠤ ᠳᠤ ᠬᠦᠴᠢᠷᠳᠡᠢ︾ 6 ᠲᠦᠮᠡ ᠭᠠᠷᠤᠶ ᠡᠷᠦᠭᠡ ᠶᠢᠨ ᠠᠰᠠᠭᠤᠳᠠᠯ ᠢ ᠲᠣᠬᠢᠲᠠᠶ ᠰᠢᠢᠳᠪᠦᠷᠢᠯᠡᠪᠡ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2