ᠡᠶᠢᠮᠦᠷᠬᠦ ᠣᠬᠤᠷ ᠮᠡᠳᠡᠭᠡ ᠶᠢ ᠳᠤᠷ᠎ᠠ ᠪᠠᠷ ᠢᠶᠠᠨ ᠶᠠᠪᠤᠭᠤᠯᠵᠤ ᠪᠣᠯᠬᠤ ᠤᠢᠭᠡᠢ︕
ᠨᠡᠶᠢᠲᠡᠯᠡᠭᠰᠡᠨ ᠴᠠᠭ᠄
2021/11/1
       10 ᠰᠠᠷ᠎ᠠ ᠶᠢᠨ 25᠎ ᠤ ᠡᠳᠦᠷ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠲᠠ ᠶᠢᠨ  ᠶᠠᠮᠤᠨ ᠤ  ᠮᠡᠳᠡᠭᠡ  ᠵᠠᠩᠭᠢ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠲᠦᠮᠡᠨ ᠤ ᠲᠤᠰᠬᠠᠯ  ᠴᠢᠩᠭ᠎ᠠ  ᠪᠠᠶᠢᠭ᠎ᠠ  ᠪᠣᠷᠣᠯᠠᠭᠤᠯᠭ᠎ᠠ ᠵᠢᠨ‌ᠣᠬᠤᠷ ᠮᠡᠳᠡᠭᠡ ᠪᠠᠷ ᠠᠷᠠᠳ ᠢ ᠦᠢᠮᠡᠭᠦᠯᠦᠭᠰᠡᠨ ᠠᠰᠠᠭᠤᠳᠠᠯ ᠳᠤ ᠴᠢᠭᠯᠡᠭᠦᠯᠦᠨ  ᠵᠠᠰᠠᠭ  ᠵᠠᠬᠢᠷᠭᠠᠨ ᠤ ᠵᠢᠯᠣᠭᠤᠳᠬᠤ ᠬᠤᠷᠠᠯ ᠬᠤᠷᠠᠯᠳᠤᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠣᠬᠤᠷ ᠮᠡᠳᠡᠭᠡ ᠪᠠᠷ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠵᠢᠷᠤᠮᠵᠢᠭᠤᠯᠪᠠ᠃  ᠬᠤᠷᠠᠯ ᠠᠴᠠ᠄               ᠨᠢᠭᠡ ᠳᠤ ᠡᠯᠧᠺᠲᠷᠣᠨ ᠬᠤᠳᠠᠯᠳᠤᠭᠠᠨ ᠤ ᠲᠠᠪᠴᠠᠩ ᠨᠢ ᠵᠢᠵᠢᠭᠯᠡᠨ ᠬᠤᠳᠠᠯᠳᠤᠬᠤ  ᠪᠠᠷᠠᠭ᠎ᠠ᠂  ᠮᠥᠩᠭᠦᠨ  ᠬᠦᠢᠯᠭᠡᠭᠡ ᠵᠡᠷᠭᠡ ᠶᠢᠨ ᠬᠠᠮᠢᠶ᠎ᠠ ᠪᠥᠬᠦᠶ ᠦᠢᠯᠡᠳᠬᠦᠨ ᠤ  ᠣᠬᠤᠷ  ᠮᠡᠳᠡᠭᠡ ᠪᠠᠷ  ᠡᠵᠡᠩᠨᠡᠨ  ᠪᠣᠷᠣᠯᠠᠭᠤᠯᠬᠤ  ᠠᠵᠢᠯᠯᠠᠭ᠎ᠠ ᠶᠢ  ᠳᠠᠷᠦ᠋ᠢᠬᠠᠨ‌ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠬᠡᠷᠡᠭᠳᠡᠢ᠂ ᠬᠡᠷᠡᠭᠯᠡᠭᠴᠢᠳ ᠤᠨ ᠵᠥᠪᠰᠢᠶᠡᠷᠡᠯ ᠥᠬᠡᠶ ᠪᠤᠶᠤ ᠭᠤᠶᠤᠴᠢᠯᠠᠯ‌ᠥᠬᠡᠶ ᠪᠠᠷ ᠪᠤᠷᠤᠯᠠᠭᠤᠯᠭ᠎ᠠ ᠶᠢᠨ ᠣᠬᠤᠷ ᠮᠡᠳᠡᠭᠡ ᠳᠤᠷ᠎ᠠ ᠪᠠᠷ ᠢᠶᠠᠨ ᠶᠠᠪᠤᠭᠤᠯᠵᠤ ᠪᠣᠯᠬᠤ ᠥᠬᠡᠶ᠂ ᠣᠲᠣ ᠶᠢᠨ ᠪᠠᠶᠢᠭ᠎ᠠ ᠣᠬᠤᠷ‌ᠮᠡᠳᠡᠭᠡ ᠪᠠᠷ ᠡᠵᠡᠩᠨᠡᠨ ᠪᠣᠷᠣᠯᠠᠭᠤᠯᠬᠤ ᠪᠡᠯᠡᠳᠬᠡᠯ  ᠲᠥᠰᠦᠯ ᠢᠶᠠᠨ  ᠲᠡᠭᠦᠯᠳᠡᠷᠵᠢᠭᠦᠯᠵᠦ᠂  ᠠᠵᠢᠯ  ᠲᠥᠷᠥᠯ ᠤᠨ  ᠭᠤᠤᠯᠴᠢᠯᠠᠨ‌ᠬᠠᠮᠢᠶᠠᠷᠬᠤ ᠰᠠᠯᠠᠭ᠎ᠠ ᠮᠥᠴᠢᠷ ᠲᠤ ᠱᠠᠲᠤ ᠦᠶ᠎ᠡ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠴᠠᠭ  ᠲᠤᠬᠠᠶ ᠳᠤᠨᠢ  ᠮᠡᠳᠡᠭᠦᠯᠬᠦ ᠬᠡᠷᠡᠭᠲᠡᠶ᠃             ᠬᠤᠶᠠᠷ ᠲᠤ  ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠪᠠ ᠣᠬᠤᠷ ᠮᠡᠳᠡᠭᠡ  ᠵᠠᠩᠭᠢ ᠵᠢᠨ‌ᠦᠢᠯᠡᠴᠢᠯᠡᠭᠡᠨ ᠤ ᠠᠵᠤ ᠠᠬᠤᠶᠢᠯᠠᠯ ᠨᠢ ᠬᠠᠮᠢᠶᠠᠷᠤᠯᠲᠠ ᠶᠢᠨ ᠲᠦᠷᠢᠮ  ᠪᠠ  ᠮᠡᠷᠭᠡᠵᠢᠯ ᠤᠨ  ᠠᠷᠭ᠎ᠠ  ᠪᠠᠷᠢᠯ ᠢᠶᠠᠨ  ᠳᠠᠷᠦ᠋ᠢᠬᠠᠨ‌‍ᠲ᠋ᠡᠭᠦᠯᠳᠡᠷᠵᠢᠭᠦᠯᠵᠦ᠂ ᠣᠬᠤᠷ ᠮᠡᠳᠡᠭᠡ ᠵᠠᠯᠭᠠᠭᠤᠯᠬᠤ ᠦᠵᠦᠭᠦᠷ ᠤᠨ ᠬᠠᠮᠢᠶᠠᠷᠤᠯᠲᠠ ᠶᠢ  ᠴᠢᠩᠭᠠᠳᠬᠠᠨ᠂ ᠣᠬᠤᠷ  ᠮᠡᠳᠡᠭᠡ ᠳᠤ ᠭᠠᠷ ᠤᠨ  ᠥᠰᠥᠭ  ᠵᠢᠷᠤᠵᠤ  ᠬᠡᠷᠡᠭᠯᠡᠬᠦ ᠶᠢ  ᠵᠢᠷᠤᠮᠵᠢᠭᠤᠯᠬᠤ ᠬᠡᠷᠡᠭᠲᠡᠢ᠂   ᠲᠣᠭᠲᠠᠭᠠᠯ ᠠᠴᠠ   ᠵᠥᠷᠢᠴᠡᠨ   ᠰᠢᠯᠵᠢᠭᠦᠯᠦᠨ‌‍ᠲ᠋ᠦ᠋ᠷᠢᠶᠡᠰᠦᠯᠡᠬᠦ ᠡᠬᠢ ᠪᠠᠶᠠᠯᠢᠭ ᠢ ᠵᠠᠯᠭᠠᠨ ᠣᠷᠣᠭᠤᠯᠵᠤ ᠪᠣᠯᠬᠤ ᠥᠬᠡᠶ᠂  ᠭᠠᠷ ᠤᠨ  ᠥᠰᠥᠭ  ᠵᠢᠷᠤᠵᠤ  ᠬᠡᠷᠡᠭᠯᠡᠬᠦ  ᠬᠦᠷᠢᠶ᠎ᠡ ᠬᠡᠪᠴᠢᠶ᠎ᠡ ᠪᠠᠨ ᠥᠷᠭᠡᠳᠬᠡᠵᠦ ᠪᠣᠯᠬᠤ ᠥᠬᠡᠶ᠂  ︽ᠡᠷᠬᠢᠨ  ᠬᠠᠷᠠᠬᠤ︾᠎ ᠪᠠᠷ  ᠳᠠᠮᠵᠢᠭᠤᠯᠤᠨ᠂  ᠪᠠᠶᠢᠡᠭᠭᠤ  ᠎ ᠶᠢᠨ  ᠵᠠᠰᠠᠯᠲᠠ ᠵᠢ‌ᠠᠬᠢᠭᠤᠯᠬᠤ ᠬᠡᠷᠡᠭᠲᠡᠶ᠃             ᠭᠤᠷᠪᠠ ᠳᠤ 12321 ᠰᠦᠯᠵᠢᠶ᠎ᠡ ᠶᠢᠨ ᠡᠷᠡᠭᠦᠯ ᠪᠤᠰᠤ ᠪᠠ ᠨᠣᠪᠰᠢ ᠮᠡᠳᠡᠭᠡ ᠵᠠᠩᠭᠢ ᠶᠢ ᠢᠯᠡᠴᠢᠯᠡᠨ  ᠮᠡᠳᠡᠭᠦᠯᠬᠦ ᠵᠢ‌‍ᠭᠥ᠋ᠯᠢᠶᠡᠨ ᠠᠪᠴᠤ ᠰᠢᠢᠳᠪᠦᠷᠢᠯᠡᠬᠦ  ᠲᠥᠪ ᠠᠴᠠ  ᠨᠣᠪᠰᠢ ᠶᠢᠨ  ᠮᠡᠳᠡᠭᠡ  ᠵᠠᠩᠭᠢ ᠶᠢᠨ  ᠵᠠᠭᠠᠯᠳᠤᠯᠭ᠎ᠠ ᠶᠢ  ᠭᠥᠯᠢᠶᠡᠨ  ᠠᠪᠴᠤ‌‍ᠰᠢᠢᠳᠪᠦᠷᠢᠯᠡᠬᠦ᠂ ᠰᠦᠪᠡᠭᠴᠢ ᠶᠢ ᠰᠢᠯᠵᠢᠭᠦᠯᠦᠨ ᠬᠦᠢᠴᠡᠳᠭᠡᠬᠦ ᠵᠢᠴᠢ ᠬᠢᠨᠠᠨ ᠰᠢᠨᠵᠢᠵᠦ ᠵᠠᠳᠠᠯᠬᠤ ᠵᠡᠷᠭᠡ ᠠᠵᠢᠯ ᠢ ᠴᠢᠩᠭᠠᠳᠬᠠᠵᠤ᠂ ︽ᠵᠦᠭᠯᠡᠭᠦᠷ︾᠎ ᠤᠨ  ᠦᠢᠯᠡᠳᠦᠯ ᠢ  ᠪᠠᠳᠠᠷᠠᠭᠤᠯᠤᠨ᠂  ᠴᠤᠬᠤᠶᠢᠯᠲᠠ ᠶᠢᠨ  ᠴᠢᠨᠠᠷᠲᠠᠶ   ᠠᠰᠠᠭᠤᠳᠠᠯ ᠢ   ᠢᠯᠡᠷᠡᠭᠦᠯᠪᠡᠯ   ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ᠬᠡᠵᠦ ᠱᠠᠭᠠᠷᠳᠠᠵᠠᠢ᠃                        ᠢᠷᠡᠯᠲᠡ᠄ ᠠᠷᠠᠳ ᠤᠨ ᠰᠦᠯᠵᠢᠶ᠎ᠡ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2