ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ ᠨᠠᠮ ᠤᠨ ᠬᠤᠷᠢᠶᠠᠨ ᠤ 2021 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ  ᠲᠤᠭᠤᠷᠢᠭ ᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/11
      11 ᠰᠠᠷ᠎ᠠ ᠶᠢᠨ 10᠎ ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ  ᠲᠤᠭᠤᠷᠢᠭ ᠤᠨ ᠬᠤᠷᠢᠶ᠎ᠠ ᠶᠢᠨ 2021 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ᠊· ᠳᠠᠯᠠᠨᠲᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠬᠤᠷᠠᠯ ᠠᠴᠠ ᠬᠤᠳᠠ ᠶᠢᠨ ᠨᠠᠮ ᠤᠨ  ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠤ ᠪᠦᠬᠦ ᠬᠤᠳᠠ ᠶᠢᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋  ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠵᠢᠭᠠᠭᠰᠠᠨ ᠨᠢ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠳᠡᠯᠭᠡᠷᠡᠬᠦ ᠪᠠᠶᠢᠳᠠᠯ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠵᠤ᠂ ᠰᠡᠷᠭᠡᠶᠢᠯᠡᠨ ᠬᠢᠵᠠᠭᠠᠷᠯᠠᠬᠤ ᠡᠭᠦᠷᠭᠡ ᠮᠥᠨ ᠬᠦ ᠬᠠᠲᠠᠭᠤ ᠪᠡᠷᠬᠡ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠪᠠ ᠲᠦᠭᠰᠢᠭᠦᠷᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ ︾᠎ ᠶᠢ ᠴᠢᠩᠭ᠎ᠠ ᠪᠣᠳᠠᠲᠠᠶᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠬᠢᠵᠢᠭᠦᠯᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠪᠠᠲᠤᠯᠠᠭ᠎ᠠ  ᠬᠠᠨᠭ᠍ᠭᠠᠬᠤ ᠬᠡᠷᠡᠭᠲᠡᠢ  ᠃       ᠬᠤᠷᠠᠯ ᠠᠴᠠ᠂ ᠨᠠᠷᠢᠨ ᠨᠢᠮᠪᠠᠢ ᠪᠠᠷ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠬᠢᠴᠠᠭᠤᠯᠤᠨ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠦᠰᠡ ᠶᠢᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠲᠥᠰᠦᠯ ᠢ ᠲᠠᠰᠤᠷᠠᠯᠲᠠ ᠦᠭᠡᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠭᠤᠭᠴᠤᠭ᠎ᠠ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠥᠮ ᠪᠣᠳᠠᠲᠠᠢ ᠠᠳᠬᠤᠨ ᠨᠠᠷᠢᠯᠢᠭ ᠠᠳᠬᠤᠵᠤ᠂ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ︽ᠪᠤᠯᠤᠳ ᠬᠡᠷᠡᠮ ᠪᠤᠯᠤᠳ ᠬᠠᠨ᠎ᠠ︾᠎ ᠶᠢ ᠴᠣᠭᠴᠠᠯᠠᠬᠤ ᠬᠡᠷᠡᠭᠲᠡᠢ  ᠃ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠦ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠢᠯᠳᠠᠨ ᠢ ᠲᠤᠬᠢᠷᠠᠭᠤᠯᠬᠤ᠂ ᠡᠳ᠋ ᠪᠣᠳᠠᠰ ᠢ ᠪᠡᠯᠡᠳᠬᠡᠬᠦ ᠵᠡᠷᠭᠡ ᠲᠥᠰᠦᠯ ᠤᠨ ᠪᠡᠯᠡᠳᠬᠡᠯ ᠲᠥᠰᠦᠯ ᠢ ᠲᠦᠷᠭᠡᠨ ᠲᠡᠭᠦᠯᠳᠡᠷᠵᠢᠭᠦᠯᠵᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠣᠳᠠᠲᠤ ᠪᠠᠶᠢᠯᠳᠤᠭᠠᠨ ᠤ ᠰᠣᠷᠢᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠠᠯᠳᠠᠭᠳᠠᠯ ᠢ ᠴᠠᠭ ᠲᠤᠬᠠᠢ ᠳᠤᠨᠢ ᠪᠠᠶᠢᠴᠠᠭᠠᠨ ᠨᠥᠬᠦᠪᠥᠷᠢᠯᠡᠵᠦ᠂  ᠰᠠᠭᠤᠭᠠᠯᠢ ᠲᠣᠭᠤᠷᠢᠭ ᠢ ᠪᠢᠲᠡᠭᠦᠮᠵᠢᠯᠡᠨ ᠡᠵᠡᠮᠳᠡᠬᠦ᠂ ᠵᠡᠭᠡᠯᠢ ᠲᠣᠭᠤᠷᠢᠭ ᠢ ᠰᠡᠷᠭᠡᠶᠢᠯᠡᠨ ᠡᠵᠡᠮᠳᠡᠬᠦ᠂ ᠪᠦᠬᠦ ᠴᠠᠷᠠᠭ᠎ᠠ ᠶᠢᠨ ᠰᠡᠷᠭᠡᠶᠢᠯᠡᠯᠲᠡ ᠶᠢᠨ ᠡᠯ᠎ᠡ ᠱᠠᠳᠤ ᠳᠠᠪᠬᠤᠷᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠲᠣᠬᠢᠷᠠᠭᠤᠯᠬᠤ ᠶᠢ ᠰᠠᠶᠢᠲᠤᠷ ᠠᠳᠬᠤᠵᠤ᠂ ᠲᠦᠭᠰᠢᠭᠦᠷᠢ ᠶᠢ ᠬᠢᠨᠠᠨ ᠬᠡᠮᠵᠢᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ᠂ ᠬᠢᠨᠠᠨ ᠵᠢᠯᠣᠭᠤᠳᠴᠤ ᠪᠠᠶᠢᠴᠠᠭᠠᠬᠤ ᠵᠡᠷᠭᠡ ᠲᠦᠷᠢᠮ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠤᠳᠤᠯᠤᠨ᠂ ᠵᠢᠯᠣᠭᠤᠳᠣᠯᠭ᠎ᠠ ᠬᠦᠴᠦᠲᠡᠶ᠂ ᠵᠣᠬᠢᠴᠠᠯᠳᠤᠯ ᠨᠡᠪᠲᠡᠷᠡᠭᠰᠡᠨ᠂ ᠲᠦᠷᠭᠡᠨ ᠲᠤᠰᠬᠠᠬᠤ ᠰᠡᠷᠭᠡᠶᠢᠯᠡᠨ ᠡᠵᠡᠮᠳᠡᠬᠦ ᠠᠵᠢᠯ ᠤᠨ ᠰᠢᠰᠲ᠋ᠧᠮᠵᠢ ᠶᠢ ᠦᠨᠡᠨᠬᠦ ᠪᠠᠶᠢᠭᠤᠯᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃        ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠤ ︽ᠭᠤᠷᠪᠠᠨ ᠬᠦᠴᠢᠷᠳᠡᠯ︾᠎ ᠤᠨ ᠠᠰᠠᠭᠤᠳᠠᠯ ᠢ ᠰᠢᠢᠳᠪᠦᠷᠢᠯᠡᠬᠦ᠂ ᠨᠡᠭᠦᠷᠡᠰᠦ ᠰᠤᠯᠠ ᠰᠢᠲᠠᠭᠠᠬᠤ᠂ ᠬᠤᠭᠤᠴᠠᠭ᠎ᠠ ᠰᠣᠯᠢᠬᠤ ᠰᠣᠩᠭᠤᠭᠤᠯᠢ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠤᠯᠠᠨ ᠲᠦᠮᠡᠨ ᠤ ᠰᠠᠨᠠᠭ᠎ᠠ ᠵᠣᠪᠠᠭ᠋ᠤ ᠶᠠᠪᠤᠳᠠᠯ ᠎ ᠢ ᠰᠠᠶᠢᠲᠤᠷ ᠰᠢᠢᠳᠪᠦᠷᠢᠯᠡᠬᠦ ᠡᠨᠡᠬᠦ ᠭᠤᠣᠯ ᠵᠠᠩᠭᠢᠯᠠᠭ᠎ᠠ ᠲᠠᠢ ᠨᠢᠭᠲᠠ ᠤᠶᠠᠯᠳᠤᠭᠤᠯᠵᠤ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾᠎  ᠠᠰᠠᠭᠤᠳᠠᠯ ᠢ ᠰᠠᠶᠢᠲᠤᠷ ᠰᠢᠶᠳᠪᠦᠷᠢᠯᠡᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠺᠠᠳ᠋ᠷ ᠦᠨᠳᠦᠰᠦᠨ ᠱᠠᠲᠤᠨ ᠳᠤ ᠪᠠᠭᠤᠵᠤ ᠠᠷᠠᠳ ᠤᠨ ᠲᠥᠯᠥᠭᠡ ᠪᠣᠳᠠᠲᠠᠶ ᠠᠵᠢᠯ ᠬᠢᠬᠦ︾ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾᠎  ᠠᠰᠠᠭᠤᠳᠠᠯ ᠤᠨ ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠶ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠠᠬᠢᠴᠠ ᠪᠠᠨ ᠲᠠᠰᠤᠷᠠᠯᠲᠠ ᠥᠬᠡᠶ ᠲᠦᠷᠭᠡᠳᠬᠡᠵᠦ᠂ ᠡᠷᠴᠢᠮ ᠢᠶᠠᠨ ᠴᠢᠩᠭᠠᠷᠠᠭᠤᠯᠤᠨ᠂ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠥᠯᠥᠪᠯᠡᠨ ᠳᠣᠭᠢᠷᠠᠭᠤᠯᠬᠤ᠂ ᠲᠤᠰᠬᠠᠶ ᠠᠵᠢᠯ ᠤᠨ ᠳᠤᠭᠤᠶᠢᠯᠠᠩ ᠤᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠠᠵᠢᠯ ᠤᠨ ᠲᠣᠭᠲᠠᠴᠠ ᠶᠢ ᠪᠣᠶ ᠪᠣᠯᠭᠠᠵᠤ᠂ ᠠᠵᠢᠯ ᠤᠨ ᠰᠡᠳᠬᠢᠮᠵᠢ ᠪᠠᠨ ᠲᠣᠳᠣᠷᠬᠠᠶ ᠪᠣᠯᠭᠠᠨ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠠᠷᠭ᠎ᠠ ᠬᠡᠮᠵᠢᠶ᠎ᠡ ᠪᠠ ᠠᠷᠭ᠎ᠠ ᠪᠠᠨ ᠲᠣᠳᠣᠷᠬᠠᠶᠢᠯᠠᠵᠤ᠂ ᠠᠰᠠᠭᠤᠳᠠᠯ ᠢ ᠰᠢᠶᠳᠪᠦᠷᠢᠯᠡᠨ ᠨᠠᠶᠢᠳᠠᠪᠤᠷᠢᠵᠢᠭᠤᠯᠬᠤ ᠶᠢ ᠵᠦᠶᠯ ᠵᠤᠷᠪᠤᠰ ᠳᠠᠷᠠᠭᠠᠯᠠᠨ ᠠᠬᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠬᠦᠴᠦ ᠪᠠᠨ ᠬᠠᠮᠲᠤᠳᠬᠠᠨ ᠨᠠᠷᠢᠯᠢᠭ ᠣᠨᠣᠴᠠᠲᠠᠶ ᠪᠠᠷ ᠰᠢᠶᠳᠪᠦᠷᠢᠯᠡᠨ ᠰᠢᠪᠲᠤᠯᠤᠯᠲᠠ ᠭᠠᠷᠭᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾᠎  ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠰᠢᠶᠳᠪᠦᠷᠢᠯᠡᠬᠦ ᠶᠢ ᠳᠥᠯᠭᠢᠨ ᠠᠬᠢᠭᠤᠯᠬᠤ ᠬᠡᠷᠡᠭᠲᠡᠶ᠃       ᠬᠤᠷᠠᠯ ᠠᠴᠠ ᠴᠢᠬᠤᠯᠠᠴᠢᠯᠠᠭᠰᠠᠨ ᠨᠢ᠂ ᠰᠢᠲᠠᠭᠠᠯᠭ᠎ᠠ ᠶᠢᠨ ᠨᠡᠭᠦᠷᠡᠰᠦ ᠶᠢ ᠲᠠᠷᠠᠬᠠᠶ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠭᠦᠷᠭᠡ ᠬᠠᠲᠠᠭᠤ ᠪᠡᠷᠬᠡ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠪᠠᠶᠢᠳᠠᠯ ᠢ ᠣᠶᠢᠯᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠴᠢᠩᠭ᠎ᠠ ᠬᠠᠮᠢᠶᠠᠷᠤᠨ ᠡᠵᠡᠮᠳᠡᠵᠦ᠂ ᠦᠷᠭᠦᠯᠵᠢᠯᠡᠨ ᠠᠬᠢᠭᠤᠯᠵᠤ᠂ ᠴᠢᠭᠯᠡᠭᠦᠯᠬᠦ ᠴᠢᠨᠠᠷᠲᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠰᠠᠶᠢᠲᠤᠷ ᠠᠳᠬᠤᠵᠤ᠂ ᠪᠠᠷᠢᠮᠵᠢᠶᠠᠵᠢᠭᠤᠯᠤᠨ ᠴᠡᠭᠴᠡᠯᠡᠨ ᠵᠠᠰᠠᠬᠤ ᠲᠥᠰᠦᠯ ᠢ ᠪᠣᠶ ᠪᠣᠯᠭᠠᠵᠤ᠂ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠡᠭᠦᠷᠭᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠪᠠᠨ ᠪᠠᠲᠤᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠪᠠᠭᠤᠷᠠᠶ ᠲᠠᠯ᠎ᠠ ᠶᠢ ᠴᠢᠩᠭ᠎ᠠ ᠠᠳᠬᠤᠨ᠂ ᠰᠢᠲᠠᠭᠠᠯᠭ᠎ᠠ ᠶᠢᠨ ᠨᠡᠭᠦᠷᠡᠰᠦ ᠶᠢ ᠪᠤᠲᠠᠷᠬᠠᠶ ᠪᠠᠷ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂  ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠳᠣᠭᠢᠷᠠᠭᠤᠯᠵᠤ᠂ ᠨᠢᠭᠲᠠ ᠬᠠᠮᠵᠢᠯᠴᠠᠵᠤ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠴᠠᠭ ᠤᠨ ᠳᠠᠷᠠᠭᠠᠯᠠᠯ ᠤᠨ ᠠᠬᠢᠴᠠ ᠶᠢ ᠡᠵᠡᠮᠳᠡᠨ᠂ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠵᠦᠶᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                         ᠵᠢᠷᠤᠭ᠄ ᠭᠦᠸᠧ ᠸᠧᠨ  ᠵᠢᠶᠧ                                         ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2