ᠰᠤᠷᠭᠠᠨ ᠬᠥᠮᠦᠵᠢᠯ ᠤᠨ ᠶᠠᠮᠤᠨ ᠤ ︽ᠤᠨᠳᠠᠯᠭ᠎ᠠ ᠶᠢᠨ ᠵᠠᠷᠯᠢᠭ︾᠎ ᠨᠢ ᠬᠡᠦᠬᠡᠳ ᠤᠨ ᠤᠨᠲᠠᠯᠭ᠎ᠠ ᠶᠢ ᠠᠪᠤᠷᠠᠵᠤ ᠲᠠᠶᠢᠯᠤᠨ᠎ᠠ ᠤᠤ︖
ᠨᠡᠶᠢᠲᠡᠯᠡᠭᠰᠡᠨ ᠴᠠᠭ᠄
2021/11/15
          ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ ᠠᠴᠠ ︽ᠤᠨᠲᠠᠯᠭ᠎ᠠ ᠶᠢᠨ ᠵᠠᠷᠯᠢᠭ︾᠎ ᠢ ᠪᠠᠭᠤᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠨᠲᠠᠬᠤ ᠴᠠᠭ ᠤᠨ ᠲᠤᠬᠠᠶ ᠲᠣᠳᠣᠷᠬᠠᠶ ᠱᠠᠭᠠᠷᠳᠠᠯᠭ᠎ᠠ ᠭᠠᠷᠭᠠᠵᠤ᠂ ᠬᠡᠷ ᠤᠨ ᠠᠬᠠᠮᠠᠳ ᠤᠨ ᠠᠩᠬᠠᠷᠤᠯ ᠢ ᠶᠡᠬᠡᠳᠡ ᠲᠠᠲᠠᠪᠠ᠃ ᠣᠳᠣᠬᠠᠨ ᠳᠤ ᠰᠢᠨ᠎ᠡ ᠲᠥᠷᠥ ᠶᠢᠨ ᠪᠣᠳᠣᠯᠭ᠎ᠠ ᠨᠢ ᠨᠠᠶᠢᠳᠠᠪᠤᠷᠢᠵᠢᠭᠤᠯᠤᠯᠳᠠ ᠶᠢᠨ ᠱᠠᠲᠤᠨ ᠳᠤ ᠤᠷᠤᠵᠠᠢ᠂ ᠲᠡᠭᠡᠪᠡᠯ ᠰᠤᠷᠭᠠᠭᠤᠯᠢ ᠠᠴᠠ ᠰᠤᠷᠤᠬᠴᠢᠳ ᠤᠨ ᠰᠤᠷᠤᠯᠴᠠᠵᠤ ᠠᠮᠠᠷᠠᠬᠤ ᠴᠠᠭ ᠢ ᠬᠡᠷᠬᠢᠨ ᠲᠣᠬᠢᠷᠠᠭᠤᠯᠬᠤ ᠪᠤᠶ︖ ᠪᠠᠭᠰᠢ ᠠᠴᠠ ᠰᠤᠷᠤᠭᠴᠢᠳ ᠲᠤ ᠳᠠᠰᠬᠠᠯ ᠬᠡᠷᠬᠢᠨ ᠦᠯᠡᠳᠡᠭᠡᠬᠦ ᠦᠦ︖ ᠭᠡᠷ ᠤᠨ ᠠᠬᠠᠮᠠᠳ ᠠᠴᠠ ᠬᠡᠦᠬᠡᠳ ᠤᠨ ᠴᠠᠭ ᠲᠠᠭᠠᠨ ᠤᠨᠲᠠᠬᠤ ᠶᠢ ᠬᠡᠷᠬᠢᠨ ᠱᠠᠭᠠᠷᠳᠠᠬᠤ ᠪᠤᠢ︖ ᠭᠡᠰᠡᠨ ᠠᠰᠠᠭᠤᠳᠠᠯ ᠤᠳ ᠮᠠᠨ ᠤ ᠡᠮᠦᠨ᠎ᠡ ᠲᠠᠯᠪᠢᠬᠳᠠᠵᠠᠢ᠃ᠠᠰᠠᠭᠤᠳᠠᠯ 1ᠬᠡᠦᠬᠡᠳ ᠪᠠᠰᠠ ᠰᠤᠷᠭᠠᠭᠤᠯᠢ ᠳᠠᠭᠠᠨ ᠡᠷᠲᠡ ᠬᠦᠷᠬᠦ ᠴᠢᠬᠤᠯᠠ ᠲᠠᠢ ᠦᠦ︖       ᠰᠤᠷᠭᠠᠭᠤᠯᠢ ᠳᠤ ᠬᠦᠷᠭᠦ ᠴᠠᠭ ᠤᠨ ᠲᠤᠬᠠᠢ ᠮᠠᠰᠢ ᠣᠯᠠᠨ ᠭᠡᠷ ᠤᠨ ᠠᠬᠠᠮᠠᠳ ᠶᠡᠭᠡ ᠰᠠᠨᠠᠭᠠᠰᠢᠷᠠᠵᠦ ᠪᠠᠶᠢᠳᠠᠭ᠃ ᠨᠢᠭᠡ ᠲᠠᠯ᠎ᠠ ᠪᠠᠷ ᠬᠡᠦᠬᠡᠳ ᠤᠨ ᠢᠶᠠᠨ ᠦᠷᠯᠦᠭᠡ ᠳᠡᠭᠡᠨ ᠢᠯᠡᠭᠦᠬᠡᠨ ᠤᠨᠲᠠᠬᠤ ᠶᠢ ᠬᠦᠰᠡᠵᠦ᠂ ᠨᠥᠭᠦᠭᠡ ᠲᠠᠯ᠎ᠠ ᠪᠠᠷ ᠪᠠᠰᠠ ᠪᠠᠭᠰᠢ ᠤᠷᠢᠳᠴᠢᠯᠠᠨ ᠬᠢᠴᠢᠶᠡᠯ ᠣᠷᠣᠬᠰᠠᠨ ᠠᠴᠠ ᠪᠤᠯᠵᠤ ᠬᠡᠤᠭᠡᠳ ᠤᠨ ᠢᠶᠠᠨ ᠰᠤᠷᠤᠯᠭ᠎ᠠ ᠶᠢ ᠰᠠᠭᠠᠲᠠᠭᠠᠬᠤ ᠠᠴᠠ ᠰᠠᠨᠠᠭ᠎ᠠ ᠵᠣᠪᠠᠵᠤ ᠪᠠᠶᠢᠳᠠᠭ᠃ ︽ᠤᠨᠲᠠᠯᠭ᠎ᠠ ᠶᠢᠨ ᠵᠠᠷᠯᠢᠭ︾᠎ ᠢ ᠨᠡᠶᠢᠲᠡᠯᠡᠭᠰᠡᠨ ᠠᠴᠠ ᠬᠤᠶᠢᠰᠢ᠂ ᠰᠤᠷᠭᠠᠭᠤᠯᠢ ᠰᠤᠷᠤᠯᠴᠠᠵᠤ ᠠᠮᠠᠷᠠᠬᠤ ᠴᠠᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠦᠨ᠎ᠡ ᠤᠤ︖ᠰᠤᠷᠤᠯᠴᠠᠵᠤ ᠠᠮᠠᠷᠠᠬᠤ ᠴᠠᠭ ᠢ ᠵᠣᠬᠢᠰᠲᠠᠶ ᠲᠤᠬᠢᠷᠠᠭᠤᠯᠵᠤ᠂ ᠰᠤᠷᠤᠬᠴᠢᠳ ᠤᠨ ᠤᠨᠳᠠᠯᠭ᠎ᠠ ᠶᠢᠨ ᠴᠠᠭ ᠢ ᠪᠠᠳᠤᠯᠠᠬᠤ ᠬᠡᠷᠡᠭᠳᠡᠢ᠃        ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠫᠦ᠋ ᠳ᠋ᠢ ᠰᠤᠷᠭᠠᠭᠤᠯᠢ ᠶᠢᠨ ᠵᠠᠬᠢᠷᠤᠯ ᠳ᠋ᠢᠩ ᠯᠠᠨ᠄ ᠳᠤᠮᠳᠠᠳᠤ ᠪᠠᠭ᠎ᠠ ᠰᠤᠷᠭᠠᠭᠤᠯᠢ ᠶᠢᠨ ᠱᠠᠲᠤ ᠦᠶ᠎ᠡ ᠪᠣᠯ ᠰᠤᠷᠤᠭᠴᠢᠳ ᠤᠨ ᠡᠷᠡᠭᠦᠯ ᠢᠶᠠᠷ ᠥᠰᠦᠨ ᠪᠤᠶᠢᠵᠢᠵᠦ᠂ ᠪᠦᠬᠦ ᠲᠠᠯ᠎ᠠ ᠪᠠᠷ ᠬᠥᠭᠵᠢᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠃ ᠡᠷᠡᠭᠦᠯ ᠴᠢᠭᠢᠷᠠᠭ ᠪᠡᠶ᠎ᠡ ᠮᠠᠬᠠᠪᠣᠳ᠂ ᠪᠠᠶᠠᠷ ᠪᠠᠶᠠᠰᠤᠩᠭᠤᠢ ᠤᠷᠮ᠎ᠠ ᠰᠡᠳᠬᠢᠯᠭᠡ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠨᠢ ᠪᠦᠷ ᠭᠦᠢᠴᠡᠳ ᠤᠨᠲᠠᠬᠤ ᠲᠠᠢ ᠨᠢᠭᠲᠠ ᠬᠤᠯᠪᠣᠭ᠎ᠠ ᠲᠠᠢ᠃ ᠤᠨᠲᠠᠯᠭ᠎ᠠ ᠨᠢ ᠤᠯᠠᠮ ᠭᠦᠶᠴᠡᠳ ᠪᠤᠯ ᠬᠡᠦᠬᠡᠳ ᠤᠨ ᠶᠡᠭᠡ ᠲᠠᠷᠢᠬᠢᠨ ᠤ ᠪᠤᠶᠢᠵᠢᠯᠲᠠ ᠨᠢ ᠤᠯᠠᠮ ᠰᠠᠶᠢᠨ ᠪᠠᠶᠢᠳᠠᠭ᠃ ᠡᠶᠢᠮᠦ ᠠᠴᠠ ᠭᠦᠢᠴᠡᠳ ᠤᠨᠲᠠᠬᠤ ᠪᠣᠯ ᠬᠡᠦᠬᠡᠳ ᠤᠨ ᠥᠨᠳᠥᠷ ᠪᠦᠲᠦᠮᠵᠢᠲᠡᠢ ᠰᠤᠷᠤᠯᠴᠠᠵᠤ᠂ ᠪᠡᠶ᠎ᠡ ᠰᠡᠳᠬᠢᠯ ᠡᠷᠡᠭᠦᠯ ᠢᠶᠠᠷ ᠬᠥᠭᠵᠢᠬᠦ ᠶᠢᠨ ᠤᠷᠢᠲᠠᠯ ᠪᠣᠯᠤᠨ᠎ᠠ᠃         ᠮᠠᠨ ᠤ ᠰᠤᠷᠭᠠᠭᠤᠯᠢ ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠶᠢ ᠢᠳᠡᠪᠬᠢᠳᠡᠢ ᠴᠤᠤᠷᠢᠶᠠᠳᠤᠨ ᠳᠠᠭᠠᠵᠤ ᠂ ᠲᠡᠷᠡ ᠳᠠᠷᠤᠶ ᠳᠤᠨᠢ ᠬᠡᠷ ᠤᠨ ᠠᠬᠠᠮᠠᠳ ᠨᠠᠶᠢᠵᠠ ᠨᠠᠷ ᠲᠤ ᠵᠠᠬᠢᠳᠠᠯ ᠢᠯᠡᠭᠡᠵᠤ᠂ ᠰᠤᠷᠤᠭᠴᠢᠳ ᠤᠨ ᠰᠤᠷᠭᠠᠭᠤᠯᠢ ᠳᠠᠬᠢ ᠰᠤᠷᠤᠯᠴᠠᠵᠤ ᠠᠮᠠᠷᠠᠬᠤ ᠴᠠᠭ᠂ ᠳᠠᠰᠬᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠵᠡᠷᠭᠡ ᠠᠭᠤᠯᠭ᠎ᠠ ᠶᠢᠨ ᠲᠤᠬᠠᠶ ᠬᠡᠷ ᠤᠨ ᠠᠬᠠᠮᠠᠳ ᠲᠤ ᠮᠡᠳᠡᠭᠳᠡᠵᠦ᠂ ᠬᠡᠷ ᠤᠨ ᠠᠬᠠᠮᠠᠳ ᠲᠠᠢ ᠬᠠᠮᠲᠤ ᠶᠢᠨ ᠲᠠᠨᠢᠯᠲᠠ ᠲᠠᠢ ᠪᠣᠯᠵᠣ᠂ ᠬᠡᠷ ᠪᠦᠯᠢ ᠪᠤᠯᠤᠨ ᠰᠤᠷᠭᠠᠭᠤᠯᠢ ᠬᠠᠮᠲᠤ ᠪᠠᠷ ᠬᠥᠮᠦᠵᠢᠭᠦᠯᠦᠨ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠬᠠᠮᠢᠶᠠᠷᠬᠤ ᠶᠢ ᠬᠠᠮᠲᠤ ᠪᠠᠷ ᠠᠬᠢᠭᠤᠯᠪᠠ᠃ ᠰᠤᠷᠭᠠᠭᠤᠯᠢ ᠪᠠᠶᠢᠭᠤᠯᠤᠭᠳᠠᠭᠰᠠᠨ ᠴᠠᠭ ᠠᠴᠠ ᠮᠠᠨ ᠤ ᠰᠤᠷᠭᠠᠭᠤᠯᠢ ᠰᠣᠷᠣᠭᠴᠢ ᠡᠯᠰᠡᠬᠦ ᠳᠡᠭᠡᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠡᠬᠰᠠᠭᠠᠷ ᠢᠷᠡᠵᠡᠢ᠃ ᠣᠳᠣᠬᠠᠨ ᠳᠤ ᠂ ᠮᠠᠨ ᠤ ᠰᠤᠷᠭᠠᠭᠤᠯᠢ ᠶᠢᠨ ᠨᠢᠭᠡ ᠠᠴᠠ ᠶᠢᠰᠦᠳᠦᠭᠡᠷ ᠣᠨ ᠤ ᠰᠣᠷᠣᠭᠴᠢ ᠣᠯᠠᠩᠬᠢ ᠨᠢ ᠰᠤᠷᠭᠠᠭᠤᠯᠢ ᠶᠢᠨ ᠡᠷᠬᠢᠨ ᠲᠣᠭᠤᠷᠢᠨ ᠤ ᠰᠠᠭᠤᠭᠠᠯᠢ ᠲᠣᠭᠤᠷᠢᠭ ᠲᠤ ᠰᠠᠭᠤᠵᠤ᠂ ᠶᠠᠪᠠᠭᠠᠨ ᠢᠶᠠᠷ ᠰᠤᠷᠭᠠᠭᠤᠯᠢ ᠳᠤ ᠬᠥᠷᠬᠦ ᠳᠤ ᠪᠠᠷᠤᠭ 5 ᠮᠢᠨᠦ᠋ᠲ ᠠᠴᠠ 15 ᠮᠢᠨᠦ᠋ᠲ ᠬᠡᠷᠡᠭᠰᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠰᠤᠷᠭᠠᠭᠤᠯᠢ ᠠᠴᠠ ᠪᠦᠯᠦᠭ ᠬᠤᠪᠢᠶᠠᠨ ᠰᠤᠷᠭᠠᠭᠤᠯᠢ ᠳᠠᠭᠠᠨ ᠣᠴᠢᠵᠤ ᠪᠤᠴᠠᠬᠤ ᠪᠠ ᠰᠤᠷᠤᠯᠴᠠᠵᠤ ᠠᠮᠠᠷᠠᠬᠤ ᠲᠥᠰᠦᠯ ᠲᠣᠭᠲᠠᠭᠠᠪᠠ᠃ ᠳᠣᠯᠤᠭ᠎ᠠ ᠠᠴᠠ ᠶᠢᠰᠦᠳᠦᠭᠡᠷ ᠣᠨ ᠤ ᠰᠤᠷᠤᠭᠴᠢᠳ ᠥᠷᠯᠥᠭᠡ ᠶᠢᠨ 7 ᠴᠠᠭ 30 ᠮᠢᠨᠦ᠋ᠲ ᠲᠤ ᠰᠤᠷᠭᠠᠭᠤᠯᠢ ᠳᠤ ᠢᠷᠡᠵᠤ᠂ ᠲᠠᠪᠤ ᠠᠴᠠ ᠵᠢᠷᠭᠤᠳᠤᠭᠠᠷ ᠣᠨ ᠤ ᠰᠤᠷᠤᠭᠴᠢᠳ ᠥᠷᠯᠥᠭᠡ ᠶᠢᠨ 8 ᠴᠠᠭ ᠲᠤ ᠰᠤᠷᠭᠠᠭᠤᠯᠢ ᠳᠤ ᠢᠷᠡᠵᠤ᠂ ᠨᠢᠭᠡ ᠠᠴᠠ ᠳᠥᠷᠪᠡᠳᠦᠭᠡᠷ ᠣᠨ ᠤ ᠰᠤᠷᠤᠭᠴᠢᠳ ᠥᠷᠯᠥᠭᠡ ᠶᠢᠨ 8 ᠴᠠᠭ 15 ᠮᠢᠨᠦ᠋ᠲ ᠲᠤ ᠰᠤᠷᠭᠠᠭᠤᠯᠢ ᠳᠤ ᠢᠷᠡᠨ᠎ᠡ᠃ ᠳᠣᠯᠤᠭ᠎ᠠ ᠠᠴᠠ ᠶᠢᠰᠦᠳᠦᠭᠡᠷ ᠤᠨ ᠤ ᠨᠢᠭᠡᠳᠦᠭᠡᠷ ᠬᠢᠴᠢᠶᠡᠯ ᠥᠷᠯᠥᠭᠡ ᠶᠢᠨ 8 ᠴᠠᠭ ᠠᠴᠠ ᠡᠬᠢᠯᠡᠵᠦ᠂ ᠨᠢᠭᠡ ᠠᠴᠠ ᠵᠢᠷᠭᠤᠳᠤᠭᠠᠷ ᠤᠨ ᠤ ᠨᠢᠭᠡᠳᠦᠭᠡᠷ ᠬᠢᠴᠢᠶᠡᠯ ᠥᠷᠯᠥᠭᠡ ᠶᠢᠨ 8 ᠴᠠᠭ 20 ᠮᠢᠨᠦ᠋ᠲ ᠠᠴᠠ ᠡᠬᠢᠯᠡᠨ᠎ᠡ᠃ ᠬᠢᠴᠢᠶᠡᠯ ᠤᠨ ᠵᠠᠪᠰᠠᠷᠯᠠᠭ᠎ᠠ ᠪᠠ ᠦᠳᠡ ᠳᠤ᠂ ᠡᠯ᠎ᠡ ᠠᠩᠭᠢ ᠠᠳᠠᠯᠢ ᠪᠤᠰᠤ ᠨᠠᠰᠤᠨ ᠤ ᠰᠤᠷᠤᠭᠴᠢᠳ ᠤᠨ ᠣᠨᠴᠠᠯᠢᠭ ᠢ ᠦᠨᠳᠦᠰᠦᠯᠡᠨ᠂ ᠰᠤᠷᠤᠯᠴᠠᠵᠤ ᠠᠮᠠᠷᠠᠬᠤ ᠶᠢ ᠤᠶᠠᠯᠳᠤᠭᠤᠯᠬᠤ᠂ ᠵᠣᠬᠢᠰᠲᠠᠶ ᠪᠡᠶ᠎ᠡ ᠪᠣᠯᠪᠠᠰᠤᠷᠠᠬᠤ ᠵᠠᠷᠴᠢᠮ ᠢ ᠪᠠᠷᠢᠮᠲᠠᠯᠠᠵᠤ᠂ ᠰᠤᠷᠤᠭᠴᠢᠳ ᠤᠨ ᠠᠮᠠᠷᠠᠬᠤ ᠴᠠᠭ ᠢ ᠪᠠᠲᠤᠯᠠᠨ᠂ ᠪᠡᠶ᠎ᠡ ᠰᠡᠳᠬᠢᠯ ᠢ ᠲᠠᠶᠢᠪᠤᠰᠢᠷᠠᠭᠤᠯᠵᠦ ᠪᠠᠶᠢᠨ᠎ᠠ᠃ ᠰᠤᠷᠭᠠᠭᠤᠯᠢ ᠲᠠᠷᠬᠠᠬᠤ ᠶᠢ ᠴᠤ ᠪᠦᠯᠦᠭ ᠬᠤᠪᠢᠶᠠᠨ ᠶᠠᠪᠤᠭᠳᠠᠭᠤᠯᠬᠤ ᠶᠢᠨ ᠬᠠᠮᠲᠤ᠂ ᠰᠤᠷᠤᠭᠴᠢᠳ ᠲᠤ ᠥᠨᠳᠥᠷ ᠦᠷ᠎ᠠ ᠪᠦᠲᠦᠮᠵᠢᠲᠡᠶ ᠬᠤᠶᠠᠳᠤᠭᠠᠷ ᠰᠤᠷᠤᠯᠴᠠᠬᠤ ᠴᠠᠭ ᠬᠠᠩᠭᠠᠵᠤ᠂ ᠬᠡᠷᠡᠭᠴᠡᠭᠡ ᠲᠠᠢ ᠰᠤᠷᠤᠭᠴᠢᠳ ᠢ ᠦᠳᠡ ᠶᠢᠨ ᠬᠤᠶᠢᠨᠠᠬᠢ 5 ᠴᠠᠭ 30 ᠮᠢᠨᠦ᠋ᠲ ᠪᠣᠯᠲᠠᠯ᠎ᠠ ᠰᠤᠷᠭᠠᠭᠤᠯᠢ ᠳᠤ ᠰᠤᠷᠤᠯᠴᠠᠭᠤᠯᠵᠤ ᠪᠣᠢ᠃ᠠᠰᠠᠭᠤᠳᠠᠯ 2ᠪᠠᠭᠰᠢ ᠠᠴᠠ ᠴᠦᠭᠡᠨ ᠲᠠᠰᠬᠠᠯ ᠦᠯᠡᠳᠡᠭᠡᠵᠦ ᠪᠣᠯᠤᠨ᠎ᠠ ᠦᠦ︖        ᠵᠠᠷᠢᠮ ᠭᠡᠷ ᠤᠨ ᠠᠬᠠᠮᠠᠳ ᠪᠠᠭᠰᠢ ᠶᠢᠨ ᠦᠯᠡᠳᠡᠭᠡᠭᠰᠡᠨ ᠳᠠᠰᠬᠠᠯ ᠬᠡᠲᠦᠷᠬᠡᠢ ᠣᠯᠠᠨ ᠠᠴᠠ ᠬᠡᠦᠬᠡᠳ ᠡᠳᠦᠷ ᠪᠦᠷᠢ ᠰᠥᠨᠢ ᠲᠦᠯᠢ ᠪᠣᠯᠲᠠᠯ᠎ᠠ ᠳᠠᠰᠬᠠᠯ ᠬᠢᠵᠦ᠂ ᠨᠦᠢᠷ ᠬᠦᠷᠦᠯᠴᠡᠬᠦ ᠦᠭᠡᠢ ᠪᠠᠶᠢᠨ᠎ᠠ᠂ ᠳᠠᠷᠠᠭ᠎ᠠ ᠡᠳᠦᠷ ᠨᠢ ᠬᠢᠴᠢᠶᠡᠯ ᠰᠣᠨᠣᠰᠬᠤ ᠳᠤ ᠴᠤ ᠤᠷᠮ᠎ᠠ ᠦᠭᠡᠢ ᠪᠣᠯᠵᠤ᠂ ᠵᠠᠷᠢᠮ ᠬᠡᠦᠬᠡᠳ ᠨᠡᠩ ᠬᠢᠴᠢᠶᠡᠯ ᠳᠡᠭᠡᠷ᠎ᠡ ᠤᠨᠲᠠᠴᠢᠬᠠᠳᠠᠭ ᠬᠡᠵᠤ ᠭᠤᠮᠤᠳᠠᠯ ᠲᠤᠭᠠᠴᠢᠵᠤ ᠪᠠᠶᠢᠳᠠᠭ᠃ ᠪᠠᠭᠰᠢ ᠡᠨᠡ ᠲᠠᠯ᠎ᠠ ᠪᠠᠷ ᠬᠠᠯᠠᠨ ᠰᠠᠶᠢᠵᠢᠷᠠᠭᠤᠯᠵᠤ ᠪᠣᠯᠤᠨ᠎ᠠ ᠦᠦ᠂ ᠴᠦᠭᠡᠨ ᠰᠢᠭ ᠳᠠᠰᠬᠠᠯ ᠦᠯᠡᠳᠡᠭᠡᠵᠦ ᠪᠣᠯᠤᠨ᠎ᠠ ᠦᠦ︖ᠳᠠᠰᠬᠠᠯ ᠨᠢ ᠥᠨᠳᠥᠷ ᠦᠷ᠎ᠡ ᠪᠦᠲᠦᠮᠵᠢᠲᠡᠶ ᠮᠥᠷᠲᠡᠭᠡᠨ ᠰᠢᠨ᠎ᠡ ᠶᠢ ᠡᠭᠦᠳᠦᠭᠰᠡᠨ ᠪᠠᠶᠢᠬᠤ ᠬᠡᠷᠡᠭᠲᠡᠶ᠃        ᠪᠡᠭᠡᠵᠢᠩ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠪᠠᠭᠰᠢ ᠵᠤᠤ ᠢ ᠬᠤᠩ᠄ ᠣᠷᠳᠣ ᠬᠤᠭᠤᠴᠠᠭᠠᠨ ᠤ ᠲᠤᠷᠰᠢ᠂ ᠨᠡᠶᠢᠭᠡᠮ ᠳᠡᠭᠡᠷ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠳᠠᠷᠤᠭᠠᠰᠤ ᠶᠢ ᠬᠥᠩᠭᠡᠯᠡᠬᠦ︾ ᠬᠦᠰᠡᠯ ᠱᠠᠭᠠᠷᠳᠠᠯᠭ᠎ᠠ ᠮᠠᠰᠢ ᠥᠨᠳᠥᠷ ᠪᠠᠶᠢᠨ᠎ᠠ᠂ ᠡᠭᠦᠨ ᠤ ᠳᠣᠲᠣᠷᠠᠬᠢ ᠨᠢᠭᠡᠨ ᠴᠢᠬᠤᠯᠠ ᠠᠭᠤᠯᠭ᠎ᠠ ᠪᠣᠯ ᠳᠠᠷᠤᠶ ᠪᠠᠭᠰᠢ ᠠᠴᠠ ᠰᠤᠷᠤᠭᠴᠢᠳ ᠲᠤ ᠳᠠᠰᠬᠠᠯ ᠴᠦᠭᠡᠨ ᠲᠣᠬᠢᠷᠠᠭᠤᠯᠵᠤ ᠥᠭᠬᠦ ᠶᠢ ᠬᠦᠰᠡᠵᠦ ᠪᠠᠶᠢᠨ᠎ᠠ᠃ ᠠᠩᠭᠢ ᠶᠢᠨ ᠡᠷᠬᠢᠯᠡᠭᠴᠢ ᠪᠥᠭᠡᠳ ᠲᠣᠭᠠᠨ ᠤ ᠤᠬᠠᠭᠠᠨ ᠤ ᠪᠠᠭᠰᠢ ᠪᠣᠯᠤᠭᠰᠠᠨ ᠤ ᠬᠤᠪᠢ ᠳᠤ᠂ ᠮᠢᠨᠦ ᠦᠵᠡᠬᠦ ᠪᠠᠷ ᠰᠤᠷᠤᠭᠴᠢᠳ ᠲᠤ ᠵᠣᠬᠢᠬᠤ ᠬᠡᠮᠵᠢᠶᠡᠨ ᠤ ᠪᠥᠭᠡᠳ ᠥᠨᠳᠥᠷ ᠦᠷ᠎ᠡ ᠪᠦᠲᠦᠮᠵᠢᠲᠡᠶ ᠳᠠᠰᠬᠠᠯ ᠲᠣᠬᠢᠷᠠᠭᠤᠯᠵᠤ᠂ ᠮᠧᠬᠠᠨᠢᠭ ᠮᠠᠶ᠋ᠢᠭ ᠤᠨ ᠰᠡᠳᠦᠪ ᠪᠤᠳᠤᠬᠤ ᠶᠢ ᠪᠠᠭᠠᠰᠬᠠᠪᠠᠯ ᠵᠣᠬᠢᠨ᠎ᠠ᠃ ᠡᠭᠦᠨ ᠤ ᠬᠠᠮᠲᠤ᠂ ᠰᠤᠷᠤᠭᠴᠢᠳ ᠪᠠᠰᠠ ᠬᠢᠴᠢᠶᠡᠯ ᠰᠣᠨᠣᠰᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠂ ᠢᠩᠭᠢᠪᠡᠯ ᠰᠠᠶ᠋ᠢ ᠳᠠᠰᠬᠠᠯ ᠬᠢᠬᠦ ᠳᠤ ᠳᠠᠳᠮᠠᠭᠠᠶ ᠪᠣᠯᠵᠣ᠂ ᠶᠡᠭᠡ ᠬᠡᠮᠵᠢᠶᠡᠨ ᠤ ᠴᠠᠭ ᠵᠠᠷᠤᠴᠠᠭᠤᠯᠬᠤ ᠥᠬᠡᠶ ᠪᠠᠶᠢᠵᠤ ᠴᠢᠳᠠᠨ᠎ᠠ᠃     ᠰᠤᠷᠭᠠᠭᠤᠯᠢ ᠠᠴᠠ ᠳᠠᠰᠬᠠᠯ ᠦᠯᠡᠳᠡᠭᠡᠵᠦ ᠪᠠᠶᠢᠭ᠎ᠠ ᠨᠢ ᠬᠢᠴᠢᠶᠡᠯ ᠳᠡᠭᠡᠷ᠎ᠡ ᠰᠤᠷᠤᠭᠰᠠᠨ ᠮᠡᠳᠡᠯᠭᠡ ᠪᠠᠨ ᠪᠠᠲᠤᠳᠬᠠᠬᠤ ᠶᠢᠨ ᠲᠥᠯᠥᠭᠡ ᠶᠤᠮ᠃ ᠡᠶᠢᠮᠦ ᠠᠴᠠ᠂ ᠲᠤᠷᠰᠢᠯᠭ᠎ᠠ ᠲᠠᠢ ᠪᠠᠭᠰᠢ ᠳᠠᠰᠬᠠᠯ ᠦᠯᠡᠳᠡᠭᠡᠬᠦ ᠳᠡᠭᠡᠨ ︽ᠬᠡᠮᠵᠢᠶ᠎ᠡ︾᠎ ᠶᠢ ᠠᠩᠬᠠᠷᠬᠤ ᠬᠡᠷᠡᠭᠲᠡᠶ᠂ ᠵᠥᠪᠬᠡᠨ ᠲᠤᠭ᠎ᠠ ᠪᠠᠷ ᠬᠡᠮᠵᠢᠶᠡᠯᠡᠵᠤ ᠪᠤᠯᠬᠤ ᠦᠭᠡᠢ᠂ ᠢᠯᠠᠩᠭᠤᠶ᠎ᠠ ᠲᠣᠭᠠᠨ ᠤ ᠤᠬᠠᠭᠠᠨ ᠮᠡᠳᠦ ᠡᠶᠢᠮᠦᠷᠭᠦᠦ ᠬᠢᠴᠢᠶᠡᠯ ᠲᠥᠷᠥᠯ ᠢ ᠦᠬᠦᠮᠡᠯ ᠢᠶᠠᠷ ᠴᠡᠭᠡᠵᠢᠯᠡᠬᠦ ᠨᠢ ᠰᠠᠶᠢᠨ ᠪᠢᠰᠢ᠂ ᠰᠡᠳᠬᠢᠮᠵᠢ ᠪᠠ ᠠᠷᠭ᠎ᠠ ᠶᠢ ᠡᠵᠡᠮᠰᠢᠬᠦ ᠨᠢ ᠰᠠᠶ᠋ᠢ ᠵᠥᠪ ᠵᠠᠮ ᠮᠥᠨ᠃ ᠡᠩ ᠤᠨ ᠪᠠᠶᠢᠳᠠᠯ ᠳᠤ᠂ ᠮᠢᠨᠦ ᠡᠳᠦᠷ ᠪᠦᠷᠢ ᠶᠢᠨ ᠰᠤᠷᠤᠭᠴᠢᠳ ᠲᠤ ᠦᠯᠡᠳᠡᠭᠡᠭᠰᠡᠨ ᠳᠠᠰᠬᠠᠯ ᠢ ᠪᠠᠷᠤᠭ 40 ᠮᠢᠨᠦ᠋ᠲ ᠤᠨ ᠳᠣᠲᠣᠷ᠎ᠠ ᠳᠠᠭᠤᠰᠬᠠᠴᠢᠬᠠᠳᠠᠭ᠂ ᠵᠠᠷᠢᠮ ᠳᠠᠭᠠᠨ ᠬᠡᠳᠦᠨ ᠲᠣᠮᠣ ᠰᠡᠳᠦᠪ᠂ ᠵᠠᠷᠢᠮ ᠳᠠᠭᠠᠨ ᠨᠢᠭᠡ ᠬᠤᠪᠢ ᠰᠢᠯᠭᠠᠯᠲᠠ ᠦᠭᠳᠡᠭ᠃ ᠬᠡᠷᠪᠡ ᠰᠤᠷᠤᠭᠴᠢᠳ ᠬᠢᠵᠦ ᠴᠢᠳᠠᠬᠤ ᠦᠭᠡᠢ ᠰᠡᠳᠦᠪ ᠪᠠᠶᠢᠪᠠᠯ᠂ ᠵᠥᠭᠡᠯᠡᠨ ᠲᠣᠨᠤᠭ ᠢᠶᠠᠷ ᠡᠷᠢᠵᠦ ᠬᠠᠷᠢᠭᠤᠯᠬᠤ ᠶᠢ ᠨᠢ ᠬᠦᠰᠡᠬᠦ ᠦᠭᠡᠢ᠂ ᠳᠠᠰᠬᠠᠯ ᠢ ︽ᠬᠤᠭᠤᠰᠣᠨ ᠦᠯᠡᠳᠡᠭᠡᠬᠦ︾᠎ ᠶᠢ ᠵᠥᠪᠰᠢᠶᠡᠷᠡᠨ᠎ᠡ᠂ ᠤᠴᠢᠷ ᠨᠢ ᠰᠡᠳᠬᠢᠯ ᠲᠠᠯᠪᠢᠨ ᠰᠡᠳᠬᠢᠳᠡᠭ ᠯᠡ ᠶᠤᠮ ᠪᠣᠯ᠂ ᠴᠢᠳᠠᠬᠤ ᠦᠭᠡᠢ ᠴᠦ ᠭᠡᠰᠡᠨ᠂ ᠳᠠᠷᠠᠭ᠎ᠠ ᠡᠳᠦᠷ ᠨᠢ ᠪᠠᠭᠰᠢ ᠶᠢᠨ ᠲᠠᠶᠢᠯᠪᠤᠷᠢᠯᠠᠬᠤ ᠶᠢ ᠰᠣᠨᠣᠰᠤᠭᠠᠳ ᠮᠠᠰᠢ ᠲᠦᠷᠭᠡᠨ ᠣᠶᠢᠯᠠᠭᠠᠵᠤ ᠴᠢᠳᠠᠨ᠎ᠠ᠃        ᠪᠢ ᠥᠩᠭᠡᠷᠡᠭᠡᠭᠰᠡᠨ ᠳᠤ ᠰᠤᠷᠤᠭᠴᠢ ᠶᠢᠨ ᠳᠠᠰᠬᠠᠯ ᠤᠨ ᠪᠠᠶᠢᠳᠠᠯ ᠳᠤ ᠪᠠᠶᠢᠴᠠᠭᠠᠯᠲᠠ ᠬᠢᠵᠦ ᠥᠩᠭᠡᠷᠡᠵᠡᠶ᠂ ᠲᠣᠭᠠᠨ ᠤ ᠤᠬᠠᠭᠠᠨ ᠤ ᠬᠢᠴᠢᠶᠡᠯ ᠢᠶᠠᠷ ᠠᠪᠴᠤ ᠬᠡᠯᠡᠪᠡᠯ᠂ ᠣᠯᠠᠩᠬᠢ ᠳᠤ ᠪᠠᠨ ᠬᠤᠷᠳᠤᠨ ᠪᠢᠴᠢᠳᠡᠭ ᠰᠤᠷᠤᠭᠴᠢ 20 ᠮᠢᠨᠦ᠋ᠲ ᠪᠣᠯᠤᠯ ᠦᠭᠡᠢ ᠪᠠᠷ ᠪᠠᠷᠠᠭᠠᠴᠢᠬᠠᠳᠠᠭ᠂ ᠤᠳᠠᠭᠠᠨ ᠪᠢᠴᠢᠳᠡᠭ ᠰᠤᠷᠤᠭᠴᠢ ᠦᠨᠡᠬᠡᠷ ᠳᠠᠷᠠᠭ᠎ᠠ ᠡᠳᠦᠷ ᠤᠨ ᠥᠷᠯᠥᠭᠡ ᠪᠣᠯᠲᠠᠯ᠎ᠠ ᠬᠤᠶᠢᠰᠢᠯᠠᠭᠤᠯᠳᠠᠭ᠃ ᠵᠠᠳᠠᠯᠵᠤ ᠦᠵᠡᠪᠡᠯ᠂ ᠳᠠᠰᠬᠠᠯ ᠢᠶᠠᠨ ᠰᠥᠨᠢ ᠳᠦᠯᠢ ᠪᠣᠯᠲᠠᠯ᠎ᠠ ᠬᠢᠬᠦ ᠨᠢ ᠮᠠᠰᠢ ᠣᠯᠠᠨ ᠰᠢᠯᠲᠠᠭᠠᠨ ᠲᠠᠢ᠃ ᠵᠠᠷᠢᠮ ᠰᠤᠷᠤᠭᠴᠢ ᠶᠢᠨ ᠰᠤᠷᠤᠯᠴᠠᠬᠤ ᠳᠠᠳᠬᠠᠯ ᠨᠢ ᠮᠠᠭᠤ᠂ ᠨᠠᠭᠠᠳᠬᠤ ᠶᠢᠨ ᠳᠠᠭᠠᠤ ᠪᠢᠴᠢᠵᠦ ᠤᠳᠠᠭᠠᠰᠢᠷᠠᠭᠤᠯᠵᠤ ᠰᠤᠨᠵᠢᠷᠠᠭᠤᠯᠤᠨ᠎ᠠ︔ ᠵᠠᠷᠢᠮ ᠰᠤᠷᠤᠭᠴᠢ ᠬᠢᠴᠢᠶᠡᠯ ᠳᠡᠭᠡᠷ᠎ᠡ ᠠᠩᠬᠠᠷᠤᠯ ᠲᠥᠪᠯᠡᠷᠡᠬᠦ ᠦᠭᠡᠢ ᠠᠴᠠ ᠳᠠᠰᠬᠠᠯ ᠢᠶᠠᠨ ᠬᠢᠵᠦ ᠴᠢᠳᠠᠬᠤ ᠦᠭᠡᠢ᠂ ᠢᠩᠬᠢᠵᠤ ᠰᠥᠨᠢᠵᠢᠨ ᠰᠠᠭᠤᠵᠤ ᠨᠥᠬᠦᠪᠥᠷᠢᠯᠡᠳᠡᠭ᠃ ᠬᠡᠯᠡᠯᠭᠡᠨ ᠦᠭᠡᠢ᠂ ᠲᠤᠬᠠᠶ ᠶᠢᠨ ᠡᠳᠦᠷ ᠤᠨ ᠳᠠᠰᠬᠠᠯ ᠦᠨᠡᠬᠡᠷ ᠠᠷᠪᠢᠨ ᠪᠠᠶᠢᠳᠠᠯ ᠢ ᠪᠠᠰᠠ ᠦᠭᠡᠶᠢᠰᠬᠡᠵᠦ ᠪᠣᠯᠬᠤ ᠦᠭᠡᠢ᠂ ᠵᠢᠱᠢᠶᠡᠯᠡᠪᠡᠯ᠂ ᠬᠤᠭᠤᠴᠠᠭᠠᠨ ᠳᠤᠮᠳᠠ᠂ ᠬᠤᠭᠤᠴᠠᠭᠠᠨ ᠡᠴᠦᠰ ᠤᠨ ᠰᠢᠯᠭᠠᠯᠲᠠ ᠠᠴᠠ ᠡᠮᠦᠨ᠎ᠡ᠂ ᠡᠯ᠎ᠡ ᠬᠢᠴᠢᠶᠡᠯ ᠤᠨ ᠪᠠᠭᠰᠢ ᠪᠦᠷ ᠳᠠᠪᠲᠠᠬᠤ ᠮᠠᠲ᠋ᠧᠷᠢᠶᠠᠯ ᠦᠭᠴᠤ᠂ ᠳᠠᠰᠬᠠᠯ ᠤᠨ ᠬᠡᠮᠵᠢᠶ᠎ᠡ ᠬᠠᠷᠢᠴᠠᠩᠭᠤᠶ ᠪᠠᠷ ᠶᠡᠭᠡ ᠪᠤᠯᠳᠠᠭ᠃         ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠮᠠᠨ ᠤ ᠰᠤᠷᠭᠠᠭᠤᠯᠢ ᠪᠠᠭᠰᠢ ᠨᠢᠭᠡᠪᠦᠷᠢ ᠶᠢᠨ ᠬᠢᠴᠢᠶᠡᠯ ᠣᠷᠣᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠱᠠᠭᠠᠷᠳᠠᠬᠤ ᠶᠢᠨ ᠬᠠᠮᠲᠤ ᠳᠠᠰᠬᠠᠯ ᠬᠢᠬᠦ ᠬᠡᠯᠪᠡᠷᠢ ᠶᠢ ᠲᠠᠰᠤᠷᠠᠯᠲᠠ ᠥᠬᠡᠶ ᠰᠢᠨᠡᠴᠢᠯᠡᠵᠦ᠂ ᠰᠤᠷᠤᠭᠴᠢᠳ ᠢ ᠦᠨᠡᠨ ᠬᠦ ᠰᠤᠷᠤᠯᠴᠠᠯᠭ᠎ᠠ ᠶᠢᠨ ᠭᠤᠤᠯ ᠴᠣᠭᠴᠠ ᠪᠤᠯᠭᠠᠵᠤ ᠪᠤᠢ᠃ ᠡᠶᠢᠮᠦ ᠠᠴᠠ᠂ ᠤᠯᠠᠮᠵᠢᠯᠠᠯᠲᠤ ᠬᠡᠯᠪᠡᠷᠢ ᠶᠢᠨ ᠳᠠᠰᠬᠠᠯ ᠦᠯᠡᠳᠡᠭᠡᠬᠦ ᠠᠴᠠ ᠭᠠᠳᠠᠨ᠎ᠠ᠂ ᠪᠢ ᠪᠠᠰᠠ ᠰᠤᠷᠤᠭᠴᠢᠳ ᠲᠤ ᠬᠡᠯᠡᠵᠤ ᠢᠯᠡᠳᠭᠡᠭᠦ ᠲᠠᠰᠬᠠᠯ ᠲᠣᠬᠢᠷᠠᠭᠤᠯᠳᠠᠭ᠃ ᠪᠣᠳᠠᠲᠠᠢ ᠪᠠᠷ ᠬᠡᠯᠡᠪᠡᠯ᠂ ᠰᠤᠷᠤᠭᠴᠢᠳ ᠢᠶᠠᠷ ᠪᠦᠯᠦᠭ ᠬᠡᠰᠡᠭ ᠪᠦᠷᠢ ᠶᠢᠨ ᠰᠤᠷᠤᠯᠴᠠᠬᠤ ᠠᠭᠤᠯᠭ᠎ᠠ ᠶᠢ ᠶᠠᠷᠢᠭᠤᠯᠤᠨ᠎ᠠ᠂ ᠡᠭᠦᠨ ᠳᠤ ᠲᠣᠮᠢᠶᠠᠯᠠᠯ᠂ ᠭᠤᠣᠯᠳᠠᠯᠭ᠎ᠠ ᠲᠠᠢ ᠰᠤᠷᠬᠤ ᠰᠡᠳᠦᠪ ᠵᠡᠷᠭᠡ ᠪᠠᠭᠲᠠᠨ᠎ᠠ᠃ ᠠᠮᠠ ᠪᠠᠷ ᠶᠠᠷᠢᠬᠤ᠂ ᠭᠠᠷ ᠢᠶᠠᠷ ᠵᠢᠷᠤᠬᠤ᠂ ᠴᠢᠬᠢ ᠪᠠᠷ ᠰᠣᠨᠣᠰᠬᠤ᠂ ᠪᠢᠷ ᠢᠶᠠᠷ ᠵᠢᠷᠤᠬᠤ ᠪᠠᠷ ᠳᠠᠮᠵᠢᠨ᠂ ᠰᠤᠷᠤᠭᠴᠢᠳ ᠤᠨ ᠮᠡᠳᠡᠯᠭᠡ ᠲᠤᠬᠳᠠᠭᠠᠬᠤ ᠪᠠ ᠣᠶᠢᠯᠠᠭᠠᠬᠤ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠰᠤᠷᠤᠭᠴᠢ ᠪᠠᠭᠰᠢ ᠳᠤ ᠬᠠᠨᠳᠤᠨ ᠰᠡᠳᠦᠪ ᠶᠠᠷᠢᠬᠤ ᠪᠠᠷ ᠪᠠᠷᠠᠬᠤ ᠦᠭᠡᠢ᠂ ᠰᠤᠷᠤᠭᠴᠢᠳ ᠬᠤᠭᠤᠷᠣᠨᠳᠣ ᠪᠠᠨ ᠪᠠᠰᠠ ᠶᠠᠷᠢᠯᠴᠠᠵᠤ᠂ ᠬᠠᠷᠢᠯᠴᠠᠨ ᠪᠤᠷᠤᠭᠤ ᠪᠠᠨ ᠵᠠᠯᠠᠷᠠᠭᠤᠯᠦᠨ ᠦᠨᠡᠯᠡᠯᠳᠡ ᠬᠢᠳᠡᠭ᠃ ᠡᠶᠢᠮᠦᠷᠬᠦᠦ ᠳᠠᠰᠬᠠᠯ ᠢ ᠰᠤᠷᠭᠠᠭᠤᠯᠢ ᠳᠠᠭᠠᠨ ᠪᠡᠶᠡᠯᠡᠭᠦᠯᠵᠦ ᠪᠤᠯᠳᠠᠭ᠂ ᠲᠡᠭᠡᠭᠡᠳ ᠰᠠᠶᠢᠨ ᠶᠠᠷᠢᠬᠰᠠᠨ ᠰᠤᠷᠤᠬᠴᠢ ᠶᠢ ᠪᠠᠰᠠ ᠤᠷᠮᠠᠰᠢᠭᠤᠯᠳᠠᠭ ᠠᠴᠠ ᠰᠤᠷᠤᠭᠴᠢᠳ ᠬᠢᠴᠢᠶᠡᠯ ᠪᠠᠭᠤᠮᠠᠭᠴᠠ ᠪᠤᠯᠢᠶᠠᠯᠳᠤᠨ ᠰᠡᠳᠦᠪ ᠶᠠᠷᠢᠵᠤ᠂ ᠠᠩᠭᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠪᠡ᠃         ᠶᠡᠷᠦᠩᠬᠡᠶᠢᠯᠡᠬᠡᠳ ᠬᠡᠯᠡᠪᠡᠯ᠂ ᠰᠤᠷᠤᠭᠴᠢᠳ ᠤᠨ ᠭᠦᠢᠴᠡᠳ ᠤᠨᠲᠠᠬᠤ ᠴᠠᠭ ᠢ ᠪᠠᠲᠤᠯᠠᠬᠤ ᠳᠤ ᠡᠷᠬᠡᠪᠰᠢ ᠰᠤᠷᠤᠯᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠨᠡ ᠬᠦ ᠬᠠᠷᠠᠯᠲᠠ ᠶᠢ ᠪᠡᠶᠡᠯᠡᠭᠦᠯᠬᠦ ᠳᠤ ᠪᠠᠭᠰᠢ ᠠᠴᠠ ︽ᠦᠨ᠎ᠡ ᠥᠷᠲᠡᠭ ᠲᠠᠢ ᠳᠠᠰᠬᠠᠯ︾ ᠢᠯᠡᠭᠦᠬᠡᠨ ᠦᠯᠡᠳᠡᠭᠡᠬᠦ ᠶᠢ ᠱᠠᠭᠠᠷᠳᠠᠬᠤ ᠪᠠᠷ ᠪᠠᠷᠠᠬᠤ ᠦᠭᠡᠶ᠂ ᠪᠠᠰᠠ ᠭᠡᠷ ᠤᠨ ᠠᠬᠠᠮᠠᠳ ᠠᠴᠠ ᠬᠡᠦᠬᠡᠳ ᠤᠨ ᠢᠶᠠᠨ ᠪᠤᠷᠤᠭᠤ ᠰᠤᠷᠤᠯᠴᠠᠬᠤ ᠳᠠᠳᠬᠠᠯ ᠢ ᠬᠠᠯᠠᠨ ᠰᠠᠶᠢᠵᠢᠷᠠᠭᠤᠯᠵᠤ᠂ ᠴᠠᠭ ᠢᠶᠠᠨ ᠵᠣᠬᠢᠰᠲᠠᠶ ᠬᠤᠪᠢᠶᠠᠷᠢᠯᠠᠬᠤ ᠶᠢ ᠰᠤᠷᠴᠤ᠂ ᠪᠡᠶ᠎ᠡ ᠪᠠᠨ ᠪᠠᠷᠢᠬᠤ ᠴᠢᠳᠠᠪᠤᠷᠢ ᠵᠠᠩ ᠴᠢᠨᠠᠷ ᠢ ᠪᠦᠷᠢᠯᠳᠦᠭᠦᠯᠬᠦ ᠬᠡᠷᠡᠭᠳᠡᠢ᠃ᠠᠰᠠᠭᠤᠳᠠᠯ 3ᠭᠡᠷ ᠪᠦᠯᠢ ᠶᠢᠨ ᠬᠢᠨ ᠬᠡᠦᠬᠡᠳ ᠤᠨ ᠤᠨᠲᠠᠬᠤ ᠴᠠᠭ ᠢ ᠬᠡᠷᠬᠢᠨ ᠪᠠᠳᠤᠯᠠᠬᠤ ᠪᠤᠢ︖         ᠵᠠᠷᠢᠮ ᠭᠡᠷ ᠤᠨ ᠠᠬᠠᠮᠠᠳ ᠬᠡᠦᠬᠡᠳ ᠢᠶᠠᠨ ᠡᠷᠲᠡᠬᠡᠨ ᠤᠨᠲᠠᠭᠤᠯᠤᠶ᠎ᠠ ᠭᠡᠵᠦ ᠪᠣᠳᠣᠬᠤ ᠳᠤ ᠬᠡᠦᠬᠡᠳ ᠨᠢ ᠬᠠᠷᠢᠨ ᠲᠡᠭᠡᠵᠤ ᠪᠤᠳᠤᠬᠤ ᠦᠭᠡᠢ᠂ ᠬᠡᠳᠡᠷᠡᠭᠦ ᠳᠤ ᠪᠠᠨ ᠡᠵᠢ ᠠᠪᠤ ᠪᠠᠨ ᠶᠠᠩᠰᠢᠵᠤ ᠪᠠᠶᠢᠨ᠎ᠠ ᠬᠡᠳᠡᠭ᠃ ᠡᠳᠡᠭᠡᠷ ᠭᠡᠷ ᠤᠨ ᠠᠬᠠᠮᠠᠳ ᠬᠡᠦᠬᠡᠳ ᠢᠶᠠᠨ ᠶᠠᠭᠠᠬᠢᠵᠤ ᠡᠷᠲᠡᠬᠡᠨ ᠤᠨᠲᠠᠭᠤᠯᠬᠤ ᠪᠠᠨ ᠮᠡᠳᠡᠬᠦ ᠦᠭᠡᠢ ᠪᠠᠶᠢᠳᠠᠭ᠃ᠬᠡᠦᠬᠡᠳ ᠲᠠᠢ ᠪᠠᠨ ᠬᠠᠮᠲᠤ ᠤᠨᠳᠠᠯᠭ᠎ᠠ ᠶᠢ ᠨᠥᠯᠥᠭᠡᠯᠡᠵᠦ ᠪᠠᠶᠢᠭ᠎ᠠ ᠰᠢᠯᠲᠠᠭᠠᠨ ᠢ ᠡᠷᠢᠵᠦ ᠭᠠᠷᠭᠠᠨ᠎ᠠ᠃          ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠼᠦᠢ ᠸᠧᠶ ᠰᠤᠷᠭᠠᠭᠤᠯᠢ ᠶᠢᠨ ᠳᠡᠳ᠋ ᠵᠠᠬᠢᠷᠤᠯ ᠵᠣᠣ ᡁᠢ ᠴᠢᠨ᠄ ᠰᠤᠷᠭᠠᠨ ᠬᠥᠮᠦᠵᠢᠯ ᠤᠨ ᠶᠠᠮᠤᠨ ᠤ ︽ᠤᠨᠲᠠᠯᠭ᠎ᠠ ᠶᠢᠨ ᠵᠠᠷᠯᠢᠭ︾᠎ ᠲᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠤᠨᠲᠠᠬᠤ ᠴᠠᠭ ᠤᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠄ ᠪᠠᠭ᠎ᠠ ᠰᠤᠷᠭᠠᠭᠤᠯᠢ ᠶᠢᠨ ᠰᠣᠷᠣᠭᠴᠢ ᠡᠩ ᠤᠨ ᠪᠠᠶᠢᠳᠠᠯ ᠳᠤ 21 ᠴᠠᠭ 20 ᠮᠢᠨᠦ᠋ᠲ ᠠᠴᠠ ᠣᠷᠣᠶ ᠤᠨᠳᠠᠵᠤ ᠪᠣᠯᠬᠤ ᠥᠬᠡᠶ᠂ ᠠᠩᠬ᠎ᠠ ᠳᠤᠮᠳᠠᠳᠤ ᠶᠢᠨ ᠰᠣᠷᠣᠭᠴᠢ ᠡᠩ ᠤᠨ ᠪᠠᠶᠢᠳᠠᠯ ᠳᠤ 22 ᠴᠠᠭ ᠠᠴᠠ ᠣᠷᠣᠶ ᠪᠠᠶᠢᠵᠤ ᠪᠣᠯᠬᠤ ᠥᠬᠡᠶ᠂ ᠥᠨᠳᠥᠷ ᠳᠤᠮᠳᠠᠳᠤ ᠶᠢᠨ ᠰᠣᠷᠣᠭᠴᠢ ᠡᠩ ᠤᠨ ᠪᠠᠶᠢᠳᠠᠯ ᠳᠤ 23 ᠴᠠᠭ ᠠᠴᠠ ᠣᠷᠣᠶ ᠪᠠᠶᠢᠵᠤ ᠪᠣᠯᠬᠤ ᠥᠬᠡᠶ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠨᠲᠠᠬᠤ ᠴᠠᠭ ᠢ ᠦᠨᠡᠨ ᠬᠦ ᠨᠠᠶᠢᠳᠠᠪᠤᠷᠢᠵᠢᠭᠤᠯᠤᠨ ᠪᠠᠲᠤᠯᠠᠬᠤ ᠳᠤ ᠬᠡᠷ ᠪᠦᠯᠢ ᠪᠤᠯᠤᠨ ᠰᠤᠷᠭᠠᠭᠤᠯᠢ ᠶᠢᠨ ᠬᠠᠮᠲᠤᠷᠠᠯᠴᠠᠭ᠎ᠠ ᠳᠤᠲᠠᠭᠳᠠᠵᠤ ᠪᠣᠯᠤᠰᠢ ᠥᠬᠡᠶ ᠶᠤᠮ᠃ ᠠᠳᠡ ᠪᠢ ᠥᠪᠡᠷ ᠤᠨ ᠵᠢᠭᠠᠨ ᠰᠤᠷᠭᠠᠯᠲᠠ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ ᠭᠡᠷ ᠤᠨ ᠠᠬᠠᠮᠠᠳ ᠲᠤ ᠬᠡᠳᠦᠨ ᠰᠠᠨᠠᠭᠤᠯᠭ᠎ᠠ ᠳᠤᠷᠠᠳᠤᠶ᠎ᠠ᠃      ᠨᠢᠭᠡᠳᠦᠭᠡᠷ ᠲᠤ᠂ ᠭᠡᠷ ᠤᠨ ᠠᠬᠠᠮᠠᠳ ᠬᠡᠦᠬᠡᠳ ᠲᠠᠢ ᠪᠠᠨ ᠶᠠᠷᠢᠯᠴᠠᠵᠤ ᠤᠶᠢᠢᠯᠠᠭᠠᠯᠴᠠᠬᠤ ᠵᠡᠷᠭᠡ ᠠᠷᠭ᠎ᠠ ᠮᠠᠶ᠋ᠢᠭ ᠢᠶᠠᠷ ᠰᠢᠯᠲᠠᠭᠠᠨ ᠢ ᠪᠤᠰᠤᠳᠴᠢ ᠪᠠᠷ ᠶᠡᠷᠦᠩᠬᠡᠶᠢᠯᠡᠨ ᠵᠠᠳᠠᠯᠵᠤ ᠪᠣᠯᠤᠨ᠎ᠠ᠃ ᠵᠢᠱᠢᠶᠡᠯᠡᠪᠡᠯ᠂ ᠳᠠᠰᠬᠠᠯ ᠤᠨ ᠬᠡᠮᠵᠢᠶ᠎ᠡ ᠨᠢ ᠦᠨᠡᠬᠡᠷ ᠶᠡᠭᠡ ᠶᠤᠮ ᠦᠦ᠂ ᠡᠰᠡᠬᠦᠯ᠎ᠡ ᠬᠡᠦᠬᠡᠳ ᠤᠨ ᠳᠠᠰᠬᠠᠯ ᠬᠢᠬᠦ ᠦᠷ᠎ᠡ ᠪᠦᠲᠦᠮᠵᠢ ᠨᠢ ᠳᠣᠣᠷ᠎ᠠ ᠶᠤᠮ ᠦᠦ᠂ ᠬᠡᠦᠬᠡᠳ ᠬᠤᠶᠢᠷᠭᠤᠰᠢᠬᠤ ᠳᠠᠳᠬᠠᠯ ᠲᠠᠢ ᠶᠤᠮ ᠦᠦ᠂ ᠡᠰᠡᠬᠦᠯ᠎ᠡ ᠮᠡᠳᠡᠯᠭᠡ ᠪᠠᠨ ᠪᠠᠲᠤ ᠡᠵᠡᠮᠰᠢᠭᠡ ᠦᠭᠡᠢ ᠶᠤᠮ ᠦᠦ᠂ ᠭᠠᠷ ᠤᠲᠠᠰᠤ ᠵᠡᠷᠭᠡ ᠡᠯᠧᠺᠳ᠋ᠷᠣᠨ ᠪᠦᠲᠦᠭᠡᠭᠳᠡᠬᠦᠨ ᠤ ᠬᠠᠷᠰᠢᠯᠠᠯ ᠶᠤᠮ ᠦᠦ᠂ ᠡᠰᠡᠬᠦᠯ᠎ᠡ ᠳᠠᠰᠬᠠᠯ ᠤᠨ ᠲᠤᠰ ᠪᠡᠶ᠎ᠡ ᠶᠢᠨ ᠬᠦᠴᠢᠷᠳᠡᠯ ᠨᠢ ᠶᠡᠭᠡ ᠶᠤᠮ ᠦᠦ ᠭᠡᠬᠦ ᠮᠡᠲᠦ᠃ ᠭᠡᠷ ᠤᠨ ᠠᠬᠠᠮᠠᠳ ᠪᠠ ᠬᠡᠦᠬᠡᠳ ᠡᠶ᠎ᠡ ᠨᠠᠶᠢᠷᠳᠠᠢ ᠠᠭᠤᠷ ᠠᠮᠢᠰᠬᠤᠯ ᠤᠨ ᠳᠤᠮᠳᠠ ᠬᠠᠮᠲᠤ ᠪᠠᠷ ᠠᠰᠠᠭᠤᠳᠠᠯ ᠢ ᠡᠷᠢᠵᠦ ᠣᠯᠵᠤ᠂ ᠳᠠᠷᠠᠭ᠎ᠠ ᠨᠢ ᠰᠢᠢᠳᠪᠦᠷᠢᠯᠡᠬᠦ ᠠᠷᠭ᠎ᠠ ᠪᠣᠳᠣᠬᠤ ᠬᠡᠷᠡᠭᠲᠡᠶ᠃      ᠬᠤᠶᠠᠳᠤᠭᠠᠷ ᠲᠤ᠂ ᠬᠡᠦᠬᠡᠳ ᠤᠨ ᠰᠤᠷᠤᠯᠴᠠᠬᠤ ᠴᠠᠭ ᠢᠶᠠᠨ ᠵᠣᠬᠢᠰᠲᠠᠶ ᠲᠥᠯᠥᠪᠵᠢᠭᠦᠯᠬᠦ ᠶᠢ ᠬᠥᠲᠥᠯᠥᠨ ᠵᠢᠯᠣᠭᠤᠳᠬᠤ ᠬᠡᠷᠡᠭᠲᠡᠶ᠃ ᠬᠡᠦᠬᠡᠳ ᠢᠶᠠᠨ ᠡᠳᠦᠷ ᠪᠦᠷᠢ ᠳᠠᠰᠬᠠᠯ ᠤᠨ ᠭᠠᠷᠴᠠᠭ ᠢᠶᠠᠨ ᠬᠠᠭᠤᠯᠵᠤ᠂ ᠪᠦᠬᠦ ᠲᠠᠯ᠎ᠠ ᠪᠠᠷ ᠲᠥᠯᠥᠪᠵᠢᠭᠦᠯᠵᠦ᠂ ᠲᠠᠰᠬᠠᠯ ᠬᠢᠭᠦ ᠡᠮᠦᠨ᠎ᠡ ᠬᠤᠶᠢᠨᠠᠬᠢ ᠳᠡᠰ ᠳᠠᠷᠠᠭ᠎ᠠ᠂ ᠵᠢᠱᠢᠭᠰᠡᠨ ᠴᠠᠭ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠤᠷᠢᠳ ᠢᠶᠠᠷ ᠬᠠᠮᠤᠭ ᠤᠨ ᠴᠢᠬᠤᠯᠠ ᠠᠭᠤᠯᠭ᠎ᠠ ᠪᠠᠨ ᠬᠢᠭᠦ ᠶᠢ ᠰᠠᠨᠠᠭᠤᠯᠤᠶ᠎ᠠ᠂ ᠵᠢᠱᠢᠶᠡᠯᠡᠪᠡᠯ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠶᠡᠭᠡ ᠬᠡᠮᠵᠢᠶ᠎ᠡ ᠪᠠᠷ ᠪᠣᠳᠣᠯᠬᠢᠯᠠᠬᠤ ᠴᠢᠬᠤᠯᠠᠲᠠᠶ ᠬᠦᠴᠢᠷ ᠠᠰᠠᠭᠤᠳᠠᠯ ᠢ ᠬᠠᠮᠤᠭ ᠤᠨ ᠰᠡᠷᠭᠡᠭ᠂ ᠣᠶᠤᠨ ᠴᠢᠳᠠᠯ ᠬᠠᠮᠤᠭ ᠤᠨ ᠪᠠᠳᠠᠷᠠᠩᠭᠤᠶ ᠴᠠᠭ ᠲᠤ ᠬᠢᠭᠦ ᠨᠢ ᠴᠠᠭ ᠢ ᠠᠷᠪᠢᠯᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃ ᠬᠡᠷᠪᠡ ᠵᠢᠱᠢᠭᠰᠡᠨ ᠴᠠᠭ ᠨᠢ ᠪᠣᠳᠠᠲᠠᠶ ᠪᠡᠶᠡᠯᠡᠭᠦᠯᠦᠭᠰᠡᠨ ᠴᠠᠭ ᠲᠠᠢ ᠪᠠᠨ ᠨᠡᠯᠢᠶᠡᠳ ᠶᠡᠭᠡ ᠵᠥᠷᠢᠶ᠎ᠡ ᠲᠠᠢ ᠪᠠᠶᠢᠪᠠᠯ᠂ ᠴᠠᠭ ᠲᠤᠬᠠᠶ ᠳᠤᠨᠢ ᠰᠢᠯᠲᠠᠭᠠᠨ ᠢ ᠨᠢ ᠵᠠᠳᠠᠯᠵᠤ᠂ ᠠᠷᠭ᠎ᠠ ᠪᠠᠨ ᠲᠣᠬᠢᠷᠠᠭᠤᠯᠬᠤ ᠬᠡᠷᠡᠭᠲᠡᠶ᠃ ᠲᠣᠭᠲᠠᠭᠰᠠᠨ ᠴᠠᠭ ᠲᠤ ᠳᠠᠰᠬᠠᠯ ᠢᠶᠠᠨ ᠪᠡᠶᠡᠯᠡᠭᠦᠯᠬᠦ ᠪᠣᠯ ᠲᠠᠰᠬᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠴᠢᠬᠤᠯᠠ ᠨᠥᠬᠦᠴᠡᠯ᠂ ᠮᠥᠨ ᠴᠦ ᠡᠩ ᠤᠨ ᠴᠠᠭ ᠲᠤ ᠲᠤᠷᠰᠢᠯᠭ᠎ᠠ ᠬᠤᠷᠠᠮᠳᠤᠭᠤᠯᠬᠤ ᠶᠢᠨ ᠵᠠᠩᠭᠢᠯᠠᠭ᠎ᠠ ᠪᠣᠯᠤᠨ᠎ᠠ᠃        ᠭᠤᠷᠪᠠᠳᠤᠭᠠᠷ ᠲᠤ᠂ ᠬᠡᠷ ᠪᠦᠯᠢ ᠶᠢᠨ ᠣᠷᠴᠢᠨ ᠲᠣᠭᠤᠷᠢᠨ ᠢᠶᠠᠷ ᠬᠡᠦᠬᠡᠳ ᠢ ᠨᠥᠯᠥᠭᠡᠯᠡᠬᠦ ᠬᠡᠷᠡᠭᠲᠡᠶ᠃ ᠬᠡᠦᠬᠡᠳ ᠢ ᠳᠠᠰᠬᠠᠯ ᠬᠢᠬᠦ ᠳᠤ ᠭᠡᠷ ᠤᠨ ᠠᠬᠠᠮᠠᠳ ᠠᠬᠢᠨ ᠳᠠᠬᠢᠨ ᠱᠠᠭᠠᠷᠳᠠᠵᠤ ᠪᠣᠯᠬᠤ ᠦᠭᠡᠢ᠂ ᠴᠢᠳᠠᠯ ᠤᠨ ᠬᠢᠷᠢ ᠪᠠᠷ ᠢᠶᠠᠨ ᠬᠠᠪᠰᠤᠷᠴᠤ᠂ ᠠᠰᠠᠭᠤᠳᠠᠯ ᠢ ᠨᠢ ᠢᠯᠡᠷᠡᠭᠦᠯᠵᠦ ᠥᠭᠬᠦ ᠬᠡᠷᠡᠭᠲᠡᠢ᠃ ᠵᠢᠱᠢᠶᠡᠯᠡᠪᠡᠯ᠂ ᠬᠡᠦᠬᠡᠳ ᠤᠨ ᠴᠡᠭᠡᠵᠢᠯᠡᠬᠦ ᠴᠢᠬᠤᠯᠠᠲᠠᠶ ᠠᠭᠤᠯᠭ᠎ᠠ ᠶᠢ ᠪᠠᠶᠢᠴᠠᠭᠠᠵᠤ᠂ ᠬᠡᠦᠬᠡᠳ ᠤᠨ ᠰᠢᠯᠭᠠᠯᠲᠠ ᠶᠢᠨ ᠰᠡᠳᠦᠪ ᠤᠨ ᠲᠤᠬᠠᠶ ᠵᠠᠳᠠᠯᠤᠯᠲᠠ ᠶᠢ ᠰᠣᠨᠣᠰᠴᠤ᠂ ᠬᠡᠦᠬᠡᠳ ᠲᠠᠢ ᠪᠠᠨ ᠬᠠᠮᠲᠤ ᠪᠠᠷ ᠨᠡᠶᠢᠭᠡᠮ ᠤᠨ ᠬᠠᠯᠠᠮᠰᠢᠯ ᠪᠤᠶᠤ ᠠᠮᠢᠳᠤᠷᠠᠯ ᠤᠨ ᠠᠰᠠᠭᠤᠳᠠᠯ ᠢ ᠶᠠᠷᠢᠯᠴᠠᠵᠤ᠂ ᠨᠡᠭᠡᠭᠡᠯᠲᠡᠲᠦ ᠴᠢᠨᠠᠷᠲᠠᠶ ᠰᠢᠯᠭᠠᠯᠲᠠ ᠶᠢᠨ ᠰᠡᠳᠦᠪ ᠵᠡᠷᠭᠡ ᠶᠢ ᠵᠥᠪᠳᠡᠯᠴᠡᠨ ᠰᠢᠶᠳᠪᠦᠷᠢᠯᠡᠵᠦ ᠪᠣᠯᠤᠨ᠎ᠠ᠃ ᠠᠪᠤ ᠡᠵᠢ ᠶᠢᠨ ᠬᠢᠨᠢ ᠦᠭᠡ ᠶᠠᠷᠢᠶ᠎ᠠ ᠦᠢᠯᠡ ᠠᠵᠢᠯᠯᠠᠭ᠎ᠠ ᠪᠠ ᠵᠠᠩ ᠳᠠᠳᠬᠠᠯ ᠨᠢ ᠬᠡᠦᠬᠡᠳ ᠲᠤ ᠮᠠᠰᠢ ᠶᠡᠭᠡ ᠨᠥᠯᠥᠭᠡ ᠦᠵᠡᠭᠦᠯᠳᠡᠭ᠂ ᠬᠡᠦᠬᠡᠳ ᠢᠶᠠᠨ ᠴᠠᠭ ᠲᠤᠨᠢ ᠤᠨᠲᠠᠭᠤᠯᠬᠤ ᠳᠤ᠂ ᠠᠪᠤ ᠡᠵᠢ ᠨᠢ ᠴᠤ ᠴᠠᠭ ᠲᠠᠭᠠᠨ ᠤᠨᠲᠠᠬᠤ ᠬᠡᠷᠡᠭᠲᠡᠢ᠃ ᠬᠡᠷᠪᠡ ᠠᠪᠤ ᠡᠵᠢ ᠨᠢ ᠡᠷᠲᠡ ᠤᠨᠲᠠᠵᠤ ᠳᠡᠶᠢᠯᠬᠦ ᠦᠭᠡᠢ ᠪᠣᠯ ᠬᠡᠦᠬᠡᠳ ᠤᠨᠲᠠᠬᠤ ᠠᠴᠠ ᠨᠢ ᠡᠮᠦᠨ᠎ᠡ ᠠᠯᠢᠪᠠ ᠱᠤᠤᠭᠢᠶᠠᠨ ᠶᠡᠬᠡᠲᠡᠢ ᠬᠥᠳᠡᠯᠭᠡᠭᠡᠨ ᠢᠶᠠᠨ ᠵᠣᠭᠰᠣᠭᠠᠵᠤ᠂ ᠭᠠᠷ ᠤᠲᠠᠰᠤ ᠨᠠᠭᠠᠳᠬᠤ᠂ ᠲᠣᠭᠯᠠᠭᠠᠮ ᠨᠠᠭᠠᠳᠬᠤ᠂ ᠲᠧᠯᠸᠢᠰ ᠦᠵᠡᠬᠦ ᠵᠡᠷᠭᠡ ᠶᠢ ᠴᠡᠭᠡᠷᠯᠡᠬᠦ ᠬᠡᠷᠡᠭᠲᠡᠢ᠃          ᠳᠥᠷᠪᠡᠳᠦᠭᠡᠷ ᠲᠤ᠂ ᠬᠡᠦᠬᠡᠳ ᠤᠨ ᠬᠢᠴᠢᠶᠡᠯ ᠤᠨ ᠭᠠᠳᠠᠨᠠᠬᠢ ᠳᠠᠷᠤᠭᠠᠰᠤ ᠶᠢ ᠬᠦᠨᠳᠦᠷᠡᠭᠦᠯᠬᠦ ᠦᠭᠡᠢ᠃ ᠭᠡᠷ ᠤᠨ ᠠᠬᠠᠮᠠᠳ ᠬᠡᠦᠬᠡᠳ ᠲᠠᠢ ᠪᠠᠨ ᠰᠤᠷᠤᠯᠴᠠᠵᠤ ᠠᠮᠠᠷᠠᠬᠤ ᠴᠠᠭ᠂ ᠭᠠᠷ ᠤᠲᠠᠰᠤ ᠵᠡᠷᠭᠡ ᠡᠯᠧᠺᠳ᠋ᠷᠣᠨ ᠪᠦᠲᠦᠭᠡᠭᠳᠡᠬᠦᠨ ᠢ ᠬᠡᠷᠡᠭᠯᠡᠬᠦ ᠴᠠᠭ ᠤᠨ ᠤᠷᠲᠤ ᠵᠡᠷᠭᠡ ᠶᠢ ᠪᠠᠭᠲᠠᠭᠠᠭᠰᠠᠨ ᠵᠢᠷᠤᠮᠯᠠᠬᠤ ᠴᠢᠬᠤᠯᠠᠲᠠᠢ ᠳᠦᠷᠢᠮ ᠲᠣᠭᠲᠠᠭᠠᠯ ᠢ ᠰᠠᠶᠢᠲᠤᠷ ᠲᠣᠭᠲᠠᠭᠠᠬᠤ ᠬᠡᠷᠡᠭᠲᠡᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠴᠦ ᠭᠡᠰᠡᠨ ᠳᠦᠷᠢᠮ ᠲᠣᠭᠲᠠᠭᠠᠯ ᠢᠶᠠᠨ ᠬᠢᠯᠪᠠᠷᠬᠠᠨ ᠡᠪᠳᠡᠵᠦ ᠪᠣᠯᠬᠤ ᠦᠭᠡᠢ᠂ ᠢᠩᠬᠢᠪᠠᠯ ᠠᠭᠠᠵᠢᠮ ᠢᠶᠠᠷ ᠵᠢᠮ᠎ᠡ ᠶᠣᠰᠣ ᠲᠠᠢ ᠰᠤᠷᠤᠯᠴᠠᠵᠤ ᠠᠮᠠᠷᠠᠬᠤ ᠲᠠᠳᠬᠠᠯ ᠲᠠᠢ ᠪᠣᠯᠤᠨ᠎ᠠ᠃ ᠤᠨᠲᠠᠬᠤ ᠠᠴᠠ ᠡᠮᠦᠨ᠎ᠡ᠂ ᠭᠡᠷ ᠤᠨ ᠠᠬᠠᠮᠠᠳ ᠬᠡᠦᠬᠡᠳ ᠲᠤ ᠪᠠᠨ ᠦᠨᠢᠶᠡᠨ ᠰᠦ ᠤᠤᠭᠤᠯᠭᠠᠵᠤ᠂ ᠰᠢᠮ᠎ᠡ ᠲᠡᠵᠢᠭᠡᠯ ᠢ ᠨᠢ ᠪᠠᠲᠤᠯᠠᠨ᠂ ᠤᠨᠲᠠᠯᠭ᠎ᠠ ᠶᠢ ᠨᠢ ᠰᠠᠶᠢᠵᠢᠷᠠᠭᠤᠯᠵᠤ ᠪᠣᠯᠤᠨ᠎ᠠ᠂ ᠶᠠᠷᠢᠵᠤ ᠶᠠᠩᠰᠢᠵᠤ ᠪᠣᠯᠬᠤ ᠦᠭᠡᠢ᠃ ᠠᠯᠢ ᠴᠢᠳᠠᠬᠤ ᠪᠠᠷ ᠬᠡᠦᠬᠡᠳ ᠤᠨ ᠬᠢᠴᠢᠶᠡᠯ ᠤᠨ ᠭᠠᠳᠠᠨᠠᠬᠢ ᠰᠤᠷᠤᠯᠭ᠎ᠠ ᠶᠢᠨ ᠳᠠᠷᠤᠭᠠᠰᠤ ᠶᠢ ᠨᠡᠮᠡᠭᠳᠡᠭᠦᠯᠬᠦ ᠥᠬᠡᠶ᠂ ᠵᠢᠱᠢᠶᠡᠯᠡᠪᠡᠯ ᠡᠯ᠎ᠡ ᠵᠦᠶᠯ ᠤᠨ ᠬᠠᠪᠰᠤᠷᠤᠨ ᠵᠢᠯᠣᠭᠤᠳᠬᠤ ᠠᠩᠭᠢ᠂ ᠳᠤᠷ᠎ᠠ ᠰᠣᠨᠢᠷᠬᠠᠯ ᠤᠨ ᠠᠩᠭᠢ ᠵᠡᠷᠭᠡ ᠳᠤ ᠮᠡᠳᠡᠭᠦᠯᠵᠦ᠂ ᠬᠡᠦᠬᠡᠳ ᠤᠳ ᠤᠨ ᠰᠤᠷᠭᠠᠭᠤᠯᠢ ᠶᠢᠨ ᠭᠠᠳᠠᠨᠠᠬᠢ ᠴᠠᠭ ᠪᠤᠶᠤ ᠪᠠᠶᠠᠷ ᠳᠤᠷᠠᠰᠬᠠᠯ ᠠᠮᠠᠷᠠᠯᠲᠠ ᠶᠢᠨ ᠴᠠᠭ ᠢ ᠨᠢ ᠬᠠᠪᠰᠤᠷᠤᠨ ᠵᠢᠯᠣᠭᠤᠳᠬᠤ ᠠᠩᠭᠢ ᠳᠤ ᠥᠩᠭᠡᠷᠡᠭᠦᠯᠬᠦ ᠠᠴᠠ ᠵᠠᠶᠢᠯᠠᠰᠬᠢᠵᠦ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠳᠠᠪᠬᠤᠷ ᠳᠠᠷᠤᠯᠲᠠ ᠶᠢ ᠪᠣᠶ ᠪᠣᠯᠭᠠᠬᠤ ᠠᠴᠠ ᠵᠠᠶᠢᠯᠠᠰᠬᠢᠬᠤ ᠬᠡᠷᠡᠭᠳᠡᠢ᠃      ᠤᠨᠲᠠᠯᠭ᠎ᠠ ᠶᠢᠨ ᠪᠠᠶᠢᠳᠠᠯ ᠨᠢ ᠬᠡᠦᠬᠡᠳ ᠤᠨ ᠰᠤᠷᠤᠯᠭ᠎ᠠ ᠶᠢᠨ ᠬᠢᠷᠢ ᠲᠦᠪᠰᠢᠨ ᠢ ᠰᠢᠭᠤᠳ ᠨᠥᠯᠥᠭᠡᠯᠡᠵᠦ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠯᠪᠣᠭᠳᠠᠵᠤ ᠪᠠᠶᠢᠳᠠᠭ᠂ ᠬᠡᠷ ᠤᠨ ᠠᠬᠠᠮᠠᠳ ᠪᠠ ᠰᠤᠷᠭᠠᠭᠤᠯᠢ ᠶᠢᠨ ᠬᠢᠨ ᠠᠮᠢ ᠨᠠᠰᠤ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠬᠡᠦᠬᠡᠳ ᠤᠨ ᠤᠨᠲᠠᠯᠭ᠎ᠠ ᠶᠢ ᠪᠠᠲᠤᠯᠠᠵᠤ᠂ ᠬᠡᠦᠬᠡᠳ ᠢ ᠴᠤᠭ ᠵᠢᠪᠬᠤᠭ᠎ᠠ ᠲᠡᠭᠦᠯᠳᠡᠷ᠂ ᠡᠷᠡᠭᠦᠯ ᠴᠢᠭᠢᠷᠠᠭ ᠪᠠᠶᠠᠷ ᠬᠥᠷ ᠲᠠᠢ ᠪᠠᠷ ᠦᠰᠦᠨ ᠪᠤᠶᠢᠵᠢᠭᠤᠯᠵᠤ ᠴᠢᠳᠠᠪᠤᠷᠢᠲᠠᠨ ᠪᠣᠯᠭᠠᠬᠤ ᠬᠡᠷᠡᠭᠲᠡᠶ᠃ᠠᠰᠠᠭᠤᠳᠠᠯ 4ᠬᠡᠦᠬᠡᠳ ᠤᠨᠲᠠᠵᠤ ᠣᠷᠣᠬᠤ ᠦᠭᠡᠢ ᠪᠣᠯ ᠶᠠᠭᠠᠬᠢᠬᠤ ᠪᠣᠶ︖          ᠵᠠᠷᠢᠮ ᠭᠡᠷ ᠤᠨ ᠠᠬᠠᠮᠠᠳ ᠤᠨ ᠬᠡᠯᠡᠬᠦ ᠪᠠᠷ᠂ ᠬᠡᠦᠬᠡᠳ ᠤᠨ ᠬᠢᠨᠢ ᠤᠨᠲᠠᠬᠤ ᠴᠠᠭ ᠨᠢ ᠲᠡᠶᠢᠮᠦ ᠣᠷᠣᠢ ᠪᠢᠰᠢ᠂ ᠭᠡᠪᠡᠴᠦ ᠣᠷᠣ ᠳᠡᠭᠡᠷ᠎ᠡ ᠪᠠᠨ ᠨᠡᠯᠢᠶᠡᠳ ᠤᠳᠠᠭᠠᠨ ᠬᠡᠪᠲᠡᠭᠡᠳ ᠪᠠᠰᠠ ᠤᠨᠲᠠᠵᠤ ᠣᠷᠣᠬᠤ ᠦᠭᠡᠢ ᠪᠠᠶᠢᠳᠠᠯ ᠲᠠᠢ᠂ ᠶᠠᠭᠠᠬᠢᠪᠠᠯ ᠵᠣᠬᠢᠬᠤ ᠪᠣᠢ︖ᠪᠠᠶᠠᠷ ᠬᠥᠷ ᠲᠠᠢ ᠬᠥᠳᠡᠯᠭᠡᠭᠡᠨ ᠨᠢ ᠬᠡᠦᠬᠡᠳ ᠤᠨ ᠤᠨᠳᠠᠯᠭ᠎ᠠ ᠳᠤ ᠠᠰᠢᠬᠳᠠᠢ᠃       ᠪᠡᠭᠡᠵᠢᠩ ᠤᠨ ᠮᠥᠩᠭᠦᠨ ᠭᠦᠢᠯᠭᠡᠭᠡᠨ ᠤ ᠵᠡᠭᠡᠯᠢ ᠶᠢᠨ ᠷᠦᠨ ᠽᠧ ᠰᠤᠷᠭᠠᠭᠤᠯᠢ ᠶᠢᠨ ᠲᠠᠮᠢᠷ ᠤᠨ ᠪᠠᠭᠰᠢ ᠵᠠᠩ ᠵᠢᠶᠦ᠋ᠨ᠄ ᠥᠰᠥᠯᠲᠡ ᠪᠤᠶᠢᠵᠢᠯᠲᠠ ᠶᠢᠨ ᠬᠤᠭᠤᠴᠠᠭᠠᠨ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢᠳ ᠲᠤ ᠠᠪᠴᠤ ᠬᠡᠯᠡᠪᠡᠯ᠂ ᠤᠨᠲᠠᠬᠤ ᠨᠢ ᠪᠡᠶ᠎ᠡ ᠶᠢᠨ ᠡᠷᠡᠭᠦᠯ ᠮᠡᠨᠳᠦ ᠳᠤ ᠲᠤᠩ ᠶᠡᠭᠡ ᠨᠥᠯᠥᠭᠡ ᠦᠵᠡᠭᠦᠯᠭᠦ ᠨᠢ ᠳᠠᠮᠵᠢᠭ ᠥᠬᠡᠶ᠃ ᠰᠤᠳᠤᠯᠭᠠᠨ ᠠᠴᠠ ᠦᠵᠡᠪᠡᠯ᠂ ᠤᠳᠤᠮᠰᠢᠯ ᠠᠴᠠ ᠭᠠᠳᠠᠨ᠎ᠠ᠂ ᠣᠷᠴᠢᠨ ᠲᠣᠭᠤᠷᠢᠨ ᠤ ᠡᠯᠧᠮᠧᠨ᠋ᠲ ᠳᠣᠲᠣᠷ᠎ᠠ᠂ ᠤᠨᠲᠠᠯᠭ᠎ᠠ ᠨᠢ ᠬᠡᠦᠬᠡᠳ ᠤᠨ ᠪᠡᠶ᠎ᠡ ᠶᠢᠨ ᠥᠨᠳᠥᠷ ᠲᠤ ᠦᠵᠡᠭᠦᠯᠬᠦ ᠨᠥᠯᠥᠭᠡ ᠲᠡᠷᠢᠭᠦᠨ ᠳᠤ ᠪᠠᠶᠢᠵᠤ᠂ ᠤᠨᠲᠠᠯᠭ᠎ᠠ ᠨᠢ ᠪᠠᠰᠠ ᠬᠡᠦᠬᠡᠳ ᠤᠨ ᠣᠶᠤᠨ ᠤ ᠪᠤᠶᠢᠵᠢᠯᠲᠠ᠂ ᠡᠭᠡᠯᠢᠯᠡᠭᠡ ᠶᠢᠨ ᠴᠢᠳᠠᠪᠤᠷᠢ ᠵᠡᠷᠭᠡ ᠶᠢ ᠴᠦᠮ ᠨᠥᠯᠥᠭᠡᠯᠡᠳᠡᠭ᠃ ᠦᠨᠡᠨ ᠳᠡᠭᠡᠨ ᠰᠠᠶᠢᠨ ᠤᠨᠲᠠᠬᠤ ᠨᠢ ᠲᠠᠮᠢᠷ ᠤᠨ ᠬᠥᠳᠡᠯᠭᠡᠭᠡᠨ ᠠᠴᠠ ᠰᠠᠯᠵᠤ ᠴᠢᠳᠠᠬᠤ ᠦᠭᠡᠢ᠃       ᠶᠠᠭᠤᠨ ᠤ ᠡᠮᠦᠨ᠎ᠡ᠂ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠳᠣᠲᠣᠭᠠᠳᠤ ᠮᠣᠷᠹᠢᠨ ᠫᠧᠫᠲ᠋ᠢᠳ᠋ ᠢ ᠡᠭᠦᠰᠭᠡᠵᠦ᠂ ᠤᠨᠲᠠᠬᠤ ᠳᠤ ᠠᠰᠢᠭᠲᠠᠢ᠃ ᠲᠠᠷᠠᠭ᠎ᠠ ᠳᠤᠨᠢ᠂ ᠵᠢᠮ᠎ᠡ ᠶᠤᠰᠤ ᠲᠠᠢ ᠬᠥᠳᠡᠯᠭᠡᠭᠡᠨ ᠬᠢᠭᠦ ᠨᠢ ᠠᠮᠢᠳᠤ ᠪᠣᠳᠠᠰ ᠤᠨ ᠦᠶᠡᠯᠡᠯ ᠤᠨ ᠬᠡᠮᠨᠡᠯ ᠢ ᠵᠣᠬᠢᠴᠠᠭᠤᠯᠳᠠᠭ᠃ ᠭᠤᠷᠪᠠᠳᠤᠭᠠᠷ ᠲᠤ᠂ ᠤᠨᠲᠠᠬᠤ ᠠᠴᠠ ᠪᠠᠨ ᠡᠮᠦᠨ᠎ᠡ ᠰᠤᠯᠠ ᠠᠯᠬᠤᠬᠤ ᠮᠡᠲᠦ ᠶᠢᠨ ᠬᠥᠩᠭᠡᠨ ᠬᠥᠳᠡᠯᠭᠡᠭᠡᠨ ᠬᠢᠪᠡᠯ᠂ ᠪᠡᠶ᠎ᠡ ᠶᠢᠨ ᠲᠤᠯᠠᠭᠠᠨ ᠢ ᠨᠡᠮᠡᠭᠳᠡᠭᠦᠯᠦᠨ ᠵᠢᠭᠠᠬᠠᠨ ᠬᠥᠯᠥᠰᠥ ᠭᠠᠷᠳᠠᠭ᠂ ᠤᠨᠲᠠᠬᠤ ᠠᠴᠠ ᠪᠠᠨ ᠡᠮᠦᠨ᠎ᠡ ᠳᠠᠬᠢᠨ ᠬᠠᠯᠠᠭᠤᠨ ᠤᠰᠤ ᠪᠠᠷ ᠪᠡᠶ᠎ᠡ ᠪᠠᠨ ᠤᠬᠢᠶᠠᠪᠠᠯ᠂ ᠬᠥᠮᠦᠰ ᠠᠮᠠᠷᠬᠠᠨ ᠭᠦᠨ ᠨᠦᠢᠷᠰᠤᠵᠤ ᠴᠢᠳᠠᠨ᠎ᠠ᠃ ᠳᠥᠷᠪᠡᠳᠦᠭᠡᠷ ᠲᠤ᠂ ᠲᠣᠭᠲᠠᠮᠠᠯ ᠬᠤᠭᠤᠴᠠᠭ᠎ᠠ ᠲᠠᠢ ᠬᠥᠳᠡᠯᠭᠡᠭᠡᠨ ᠬᠢᠬᠦ ᠨᠢ ᠬᠥᠮᠦᠨ ᠤ ᠰᠡᠳᠬᠢᠯ ᠰᠠᠨᠠᠭ᠎ᠠ ᠶᠢ ᠪᠠᠶᠠᠰᠤᠩᠭᠤᠶ ᠪᠣᠯᠭᠠᠵᠤ᠂ ᠳᠠᠷᠤᠯᠲᠠ ᠶᠢ ᠬᠥᠩᠭᠡᠷᠡᠭᠦᠯᠵᠦ ᠴᠢᠳᠠᠬᠤ ᠮᠦᠷᠳᠡᠭᠡᠨ ᠰᠣᠴᠢᠨ ᠰᠡᠷᠡᠬᠦ ᠂ ᠨᠦᠢᠷ ᠬᠤᠯᠵᠢᠬᠤ ᠢᠯᠡᠷᠡᠯ ᠢ ᠪᠠᠭᠠᠰᠬᠠᠳᠠᠭ᠃ ᠲᠠᠪᠤᠳᠤᠭᠠᠷ ᠲᠤ᠂ ᠳᠤᠮᠳᠠ ᠵᠡᠷᠭᠡ ᠠᠴᠠ ᠳᠣᠷᠣᠭᠰᠢᠬᠢ ᠬᠦᠴᠦᠯᠡᠴᠡ ᠲᠠᠢ ᠬᠥᠳᠡᠯᠭᠡᠭᠡᠨ ᠨᠢ ᠬᠥᠮᠦᠨ ᠢ ᠪᠠᠭᠠᠬᠠᠨ ᠶᠠᠳᠠᠷᠠᠵᠤ ᠵᠦᠳᠡᠷᠡᠬᠦ ᠪᠠᠶᠢᠳᠠᠯ ᠲᠠᠢ ᠪᠣᠯᠭᠠᠵᠤ᠂ ᠤᠨᠲᠠᠬᠤ ᠴᠠᠭ ᠢ ᠲᠦᠷᠭᠡᠳᠬᠡᠨ᠂ ᠬᠦᠨ ᠨᠦᠢᠷᠰᠤᠭᠤᠯᠵᠤ ᠴᠢᠳᠠᠨ᠎ᠠ᠃                ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ                    ᠨᠠᠶᠢᠷᠠᠭᠤᠯᠤᠭᠴᠢ᠄ ᠲᠤᠶᠠᠭ᠎ᠠ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2