| ᠣᠶᠢᠷ᠎ᠠ ᠳᠤ᠂ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠡᠭᠡ | ᠳᠡᠭᠡᠳᠦᠰᠤᠷᠭᠠᠭᠤᠯᠢ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠬᠢᠨᠣᠯᠠᠨ ᠲᠦᠮᠡᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠵᠦ᠂ | ᠠᠷᠠᠳ ᠣᠯᠠᠨ ᠤ ᠰᠤᠷᠭᠠᠨᠬᠥ᠋ᠮᠦᠵᠢᠯ ᠤᠨ ᠲᠤᠬᠠᠶ ︽ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ︾ ᠤᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠷᠪᠠᠨ ᠪᠣᠳᠠᠲᠤ | ᠶᠠᠪᠤᠳᠠᠯ ᠢ ᠨᠡᠶᠢᠲᠡᠯᠡᠵᠦ᠂ ᠴᠢᠨᠠᠷ ᠰᠠᠶᠢᠲᠠᠶᠲ᠋ᠦ᠋ᠭᠡᠮᠡᠯ ᠬᠠᠷᠠᠭᠠᠯᠵᠠᠯ ᠤᠨ ᠴᠢᠨᠠᠷᠳᠠᠢ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠬᠠᠩᠭᠠᠯᠭ᠎ᠠ᠂ ᠰᠤᠷᠭᠠᠭᠤᠯᠢ ᠶᠢᠨ ᠭᠠᠳᠠᠨᠠᠬᠢᠪᠣᠯᠪᠠᠰᠤᠷᠠᠯ ᠤᠨ ᠪᠠᠶᠢᠭᠤᠯᠤᠮᠵᠢ ᠶᠢᠨ ᠵᠠᠰᠠᠯᠲᠠ ᠶᠢ | ᠥᠷᠭᠡᠳᠬᠡᠬᠦ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨᠰᠤᠷᠭᠠᠭᠤᠯᠢ ᠡᠷᠭᠢᠯᠡᠬᠦ ᠠᠵᠢᠯᠯᠠᠭ᠎ᠠ ᠶᠢ | ᠵᠢᠷᠤᠮᠵᠢᠭᠤᠯᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯᠰᠤᠷᠤᠯᠭᠠ ᠶᠢᠨ ᠳᠠᠷᠤᠭᠠᠰᠤ ᠶᠢ | ᠬᠥᠩᠭᠡᠷᠡᠭᠦᠯᠬᠦ ᠵᠡᠷᠭᠡ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠰᠤᠷᠭᠠᠨ ᠬᠥᠮᠦᠵᠢᠯ ᠤᠨᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠣᠯᠠᠨ ᠤ ᠰᠤᠷᠭᠠᠨ ᠬᠥᠮᠦᠵᠢᠯ ᠤᠨ ᠲᠤᠬᠠᠶᠬᠦ᠋ᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠵᠦ ᠪᠠᠶᠢᠨ᠎ᠠ᠃ | ᠨᠢᠭᠡ ᠳᠤ ᠬᠤᠲᠠ ᠪᠠᠯᠭᠠᠰᠤᠨ ᠤ ᠰᠤᠷᠤᠯᠴᠠᠬᠤ ᠤᠷᠤᠨ ᠪᠠᠶᠢᠷᠢ ᠶᠢᠨ ᠬᠠᠩᠭᠠᠯᠭ᠎ᠠ ᠶᠢᠨ ᠦᠷ᠎ᠡ | ᠠᠰᠢᠭ ᠢᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠤᠨ ᠢᠵᠢ | ᠪᠥᠷᠢᠳᠦᠭᠰᠡᠨᠬᠡᠦᠬᠡᠳ ᠤᠨ ᠴᠡᠴᠡᠷᠯᠢᠭ ᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨᠬᠥ᠋ᠮᠦᠵᠢᠯ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ 2.2 ᠳ᠋ᠦᠩᠰᠢᠭᠤᠷ ᠲᠥᠭᠦᠷᠢᠭ | ᠪᠠᠭᠤᠯᠭᠠᠵᠤ᠂ ᠲᠦᠭᠡᠮᠡᠯᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ ᠠᠬᠢᠭᠤᠯᠵᠤ᠂ | ᠴᠡᠴᠡᠷᠯᠢᠭ ᠲᠤ ᠣᠷᠣᠬᠤ ᠳ᠋ᠤ᠋ᠬᠦ᠋ᠴᠢᠷᠲᠡᠶ ᠪᠠ ᠬᠡᠦᠬᠡᠳ ᠤᠨ ᠴᠡᠴᠡᠷᠯᠢᠭ ᠲᠤ ᠣᠷᠣᠬᠤ ᠳᠤ ᠦᠨᠡᠲᠡᠶ ᠪᠠᠶᠢᠬᠤ | ᠠᠰᠠᠭᠤᠳᠠᠯ ᠢ ᠤᠯᠠᠮ ᠨᠢᠭᠡ ᠠᠯᠬᠤᠮᠰᠢᠢᠳᠪᠦᠷᠢᠯᠡᠨᠡ᠃ ᠬᠥᠬᠡᠬᠤᠲᠠ ᠵᠡᠷᠭᠡ ᠠᠶᠢᠮᠠᠭ ᠬᠤᠲᠠ ᠶᠢᠨ ᠬᠥᠮᠦᠨ ᠠᠮᠠ | ᠲᠥᠪᠯᠡᠷᠡᠨ ᠰᠠᠭᠤᠭ᠎ᠠ ᠭᠤᠣᠯᠳᠠᠯᠭ᠎ᠠ ᠲᠠᠢ ᠬᠤᠰᠢᠭᠤᠰᠢᠶᠠᠨ ᠲᠣᠭᠤᠷᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠨᠢᠭᠡ | ᠪᠦᠯᠦᠭ ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷᠪᠠᠶᠢᠭᠤᠯᠬᠤ ᠠᠵᠢᠯ ᠢ ᠰᠢᠮᠳᠠᠭᠤᠯᠵᠤ᠂ ᠬᠤᠲᠠ ᠪᠠᠯᠭᠠᠰᠤ ᠶᠢᠨ | ᠠᠯᠪᠠᠨ ᠠᠴᠠ ᠡᠷᠬᠢᠯᠡᠭᠰᠡᠨ ᠰᠤᠷᠭᠠᠭᠤᠯᠢ ᠵᠢᠨᠰᠤᠷᠤᠯᠴᠠᠬᠤ ᠤᠷᠤᠨᠪᠠᠶᠢᠷᠢ ᠶᠢᠨ ᠬᠠᠩᠭᠠᠯᠭ᠎ᠠ ᠶᠢ ︽ᠥᠷᠭᠡᠳᠬᠡᠬᠦ︾ ᠶᠢ | ᠲᠦᠷᠭᠡᠳᠬᠡᠨ᠎ᠡ᠃ ᠣᠷᠣᠰᠢᠨ ᠰᠠᠭᠤᠬᠤ ᠦᠨᠡᠮᠯᠡᠯ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ ᠦᠷ᠎ᠡ | ᠬᠡᠦᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠵᠢᠬᠡᠷᠡᠭᠵᠢᠭᠦᠯᠵᠦ᠂ ᠲᠥᠯᠥᠪᠯᠡᠭᠡᠲᠦ ᠦᠷᠡᠵᠢᠯ ᠤᠨ | ᠭᠡᠷᠡᠴᠢ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠤ ᠬᠢᠨᠠᠨ ᠬᠠᠮᠠᠭᠠᠯᠠᠬᠤᠬᠦ᠋ᠮᠦᠨ ᠦᠭᠡᠢ ᠪᠠᠶᠢᠬᠤ ᠶᠢ ᠬᠡᠷᠡᠴᠢᠯᠡᠭᠰᠡᠨ | ᠭᠡᠷᠡᠴᠢ ᠵᠡᠷᠭᠡ ᠴᠢᠬᠤᠯᠠ ᠪᠤᠰᠤ ᠭᠡᠷᠡᠴᠢ ᠮᠠᠲ᠋ᠧᠷᠢᠶᠠᠯ ᠢ ᠬᠦᠴᠦᠨ ᠥᠬᠡᠶᠪᠣᠯᠭᠠᠨᠠ᠃ ᠡᠯ᠎ᠡ ᠭᠠᠵᠠᠷ ᠤᠨ ᠢᠯᠡ ᠪᠠᠷ | ᠰᠣᠷᠣᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠠᠷᠭ᠎ᠠ ᠶᠢ ᠠᠬᠢᠭᠤᠯᠵᠤ᠂ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠰᠢᠯᠭᠠᠬᠤ ᠥᠬᠡᠶ ᠪᠠᠷᠬᠡᠷ ᠤᠨ ᠣᠶᠢᠷᠠᠯᠴᠠᠭ᠎ᠠ | ᠰᠤᠷᠭᠠᠭᠤᠯᠢ ᠳᠤᠨᠢ ᠣᠷᠣᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠵᠢᠦᠨᠡᠨ ᠬᠦ | ᠪᠠᠲᠤᠯᠠᠨ᠎ᠠ᠃ | ᠬᠤᠶᠠᠷ ᠲᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠲᠤᠰᠬᠠᠶ ᠵᠠᠰᠠᠯᠲᠠ | ᠬᠢᠨ᠎ᠡ᠃ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠵᠢᠨᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠪᠥᠬᠦ ᠲᠠᠯ᠎ᠠ ᠪᠠᠷ ᠤᠶᠢᠯᠠᠭᠠᠨ ᠪᠠᠶᠢᠴᠠᠭᠠᠵᠤ᠂ ᠠᠶᠢᠮᠠᠭ | ᠬᠤᠲᠠ ᠬᠤᠰᠢᠭᠤᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨ ᠪᠠᠶᠢᠭᠤᠯᠤᠮᠵᠢ ᠶᠢᠨ ᠣᠨ ᠤ ᠪᠠᠶᠢᠴᠠᠭᠠᠯᠲᠠ | ᠪᠠ ᠲᠤᠰᠬᠠᠶ ᠬᠢᠨᠠᠨᠵᠢᠯᠣᠭᠤᠳᠣᠯᠭᠠ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠯ ᠤᠨᠪᠠᠶᠢᠭᠤᠯᠤᠮᠵᠢ ᠶᠢᠨ ︽ᠬᠠᠷ᠎ᠠ ᠴᠠᠭᠠᠨ ᠲᠠᠩᠰᠠ︾ ᠶᠢ ᠴᠠᠭ ᠲᠤᠬᠠᠶ ᠳᠤᠨᠢ ᠰᠢᠨᠡᠳᠬᠡᠵᠦ᠂ | ᠠᠶᠢᠮᠠᠭ ᠬᠤᠲᠠ ᠶᠢ ᠰᠢᠪᠠᠳᠠᠵᠤᠪᠠᠶᠢᠭᠠᠳ ᠳᠠᠰᠬᠠᠯ ᠲᠠᠭᠠᠭᠠᠯᠭᠠᠪᠤᠷᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ | ᠪᠠᠭᠰᠢ ᠶᠢᠨ ᠰᠦᠢᠳᠭᠡᠯ ᠬᠤᠷᠢᠶᠠᠵᠤ ᠬᠢᠴᠢᠶᠡᠯᠨᠥ᠋ᠬᠦᠬᠦ ᠶᠢ ᠬᠢᠨᠠᠨ ᠬᠠᠮᠢᠶᠠᠷᠬᠤ ᠲᠠᠪᠴᠠᠩ ᠪᠠᠶᠢᠭᠤᠯᠵᠤ᠂ ᠢᠯᠡᠴᠢᠯᠡᠨ | ᠮᠡᠳᠡᠭᠦᠯᠦᠭᠰᠡᠨ ᠪᠠ ᠪᠠᠶᠢᠴᠠᠭᠠᠨ ᠰᠢᠢᠳᠪᠦᠷᠢᠯᠡᠭᠰᠡᠨᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ | ᠨᠡᠶᠢᠲᠡᠯᠡᠵᠦ᠂ ᠰᠣᠷᠣᠭᠴᠢ ᠪᠠ ᠬᠡᠷ ᠪᠦᠯᠢ ᠶᠢᠨ ᠳᠠᠷᠤᠭᠠᠰᠤ ᠵᠢᠦᠨᠡᠨ ᠬᠦ ᠬᠥᠩᠭᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃ | | ᠭᠤᠷᠪᠠ ᠳᠤ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠵᠢᠷᠤᠮᠵᠢᠭᠤᠯᠤᠨ ᠬᠥᠭᠵᠢᠭᠦᠯᠬᠦ ᠲᠤᠰᠬᠠᠶ | ᠠᠵᠢᠯᠯᠠᠭ᠎ᠠ ᠵᠢᠵᠣᠬᠢᠶᠠᠨ ᠪᠠᠶᠢᠭᠤᠯᠤᠨ᠎ᠠ᠃ ᠠᠬᠢᠭᠤᠯᠬᠤ ᠪᠠ ᠵᠢᠷᠤᠮᠵᠢᠭᠤᠯᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ | ᠡᠯ᠎ᠡ ᠱᠠᠲᠤᠨ ᠤᠡᠯᠡ ᠲᠥᠷᠥᠯ ᠤᠨ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠰᠤᠷᠭᠠᠭᠤᠯᠢ ᠡᠷᠭᠢᠯᠡᠬᠦ ᠨᠥᠬᠦᠴᠡᠯ᠂ | ᠰᠣᠷᠣᠭᠴᠢ ᠡᠯᠰᠡᠬᠦᠤᠬᠠᠭᠤᠯᠭᠠ᠂ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ᠂ ᠪᠠᠭᠰᠢ ᠶᠢᠨ ᠡᠩᠨᠡᠭᠡ᠂ ᠵᠠᠷᠤᠳᠠᠯ ᠤᠨ | ᠬᠡᠷᠡᠭᠯᠡᠯᠲᠡ᠂ ᠨᠠᠮ ᠤᠨᠪᠠᠶᠢᠭᠤᠯᠤᠯᠲᠠ ᠵᠡᠷᠭᠡ ᠲᠠᠯ᠎ᠠ ᠪᠠᠷ ᠵᠢᠷᠤᠮᠵᠢᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭᠠᠷᠠᠭᠤᠯᠤᠨ᠂ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ | ᠳᠥᠷᠪᠡ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠶᠠᠰᠤ ᠴᠢᠨᠠᠷ ᠢ ᠳᠡᠭᠡᠭᠰᠢᠯᠡᠭᠦᠯᠦᠨ | ᠰᠢᠯᠢᠳᠡᠭᠰᠤᠷᠤᠬᠴᠢ ᠬᠥᠮᠦᠵᠢᠭᠦᠯᠬᠦ︾ ᠲᠥᠯᠥᠪᠯᠡᠭᠡ ᠶᠢ ᠲᠠᠰ ᠳᠡᠪᠰᠢᠭᠦᠯᠦᠨ᠎ᠡ᠃ ᠪᠥᠬᠦ ᠤᠯᠤᠰ ᠤᠨ ᠠᠵᠢᠯ | ᠮᠡᠷᠭᠡᠵᠢᠯ ᠤᠨ ᠰᠤᠷᠭᠠᠨᠬᠥ᠋ᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠮᠠᠨ ᠤ ᠣᠷᠣᠨ ᠤ ᠠᠵᠢᠯᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠪᠣᠳᠠᠲᠠᠶ ᠠᠷᠭ᠎ᠠ ᠬᠡᠮᠵᠢᠶ᠎ᠡ ᠵᠢᠲ᠋ᠣᠭᠲᠠᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ | ᠴᠢᠩᠭᠠᠷᠠᠭᠤᠯᠤᠨ᠎ᠠ᠃ ︽ᠶᠠᠰᠤ ᠴᠢᠨᠠᠷ ᠢᠲ᠋ᠡᠭᠡᠭᠰᠢᠯᠡᠭᠦᠯᠦᠨ ᠰᠢᠯᠢᠳᠡᠭ ᠰᠤᠷᠤᠬᠴᠢ ᠬᠥᠮᠦᠵᠢᠭᠦᠯᠬᠦ︾ ᠠᠵᠢᠯᠯᠠᠭᠠᠨ ᠤ | ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ︽ᠶᠠᠰᠤᠴᠢᠨᠠᠷ ᠢ ᠳᠡᠭᠡᠭᠰᠢᠯᠡᠭᠦᠯᠦᠨ ᠰᠢᠯᠢᠳᠡᠭ ᠰᠤᠷᠤᠬᠴᠢ ᠬᠥᠮᠦᠵᠢᠭᠦᠯᠬᠦ︾ | ᠲᠥᠷᠥᠯ ᠵᠦᠢᠯ ᠤᠨ ᠬᠠᠮᠢᠶᠠᠷᠤᠯᠲᠠ ᠶᠢᠨ ᠲᠠᠪᠴᠠᠩ ᠢᠪᠠᠶᠢᠭᠤᠯᠤᠨᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠ ᠶᠠᠳᠠᠭᠤ ᠡᠴᠠᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠵᠦ᠂ ᠰᠤᠷᠭᠠᠨ ᠬᠥᠮᠦᠵᠢᠯ ᠢ ᠬᠥᠳᠡᠭᠡ ᠪᠠᠭᠤᠯᠭᠠᠬᠤ᠂ᠮᠡᠷᠭᠡᠵᠢᠯ ᠢ ᠲᠠᠷᠢᠶᠠᠨ ᠭᠠᠵᠠᠷ ᠲᠤ | ᠬᠦᠷᠭᠡᠬᠦ ᠬᠡᠯᠪᠡᠷᠢ ᠪᠠᠷ ᠨᠢᠭᠡ ᠪᠦᠯᠦᠭ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯᠥᠷᠨᠢᠭᠦᠯᠦᠨᠡ᠃ | ᠲᠠᠪᠤ ᠳᠤ ᠳᠡᠭᠡᠳᠦ ᠳᠡᠰ ᠤᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ | ᠲᠥᠷᠥ ᠵᠢᠨᠪᠣᠳᠣᠯᠭ᠎ᠠ ᠶᠢ ᠲᠣᠭᠲᠠᠭᠠᠨ ᠨᠡᠶᠢᠲᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠳᠡᠰ ᠤᠨ ᠴᠢᠳᠠᠪᠤᠷᠢᠲᠠᠨ ᠢ | ᠣᠷᠣᠭᠤᠯᠤᠨᠠᠪᠴᠢᠷᠠᠬᠤ ᠠᠵᠢᠯ ᠳᠤ ᠬᠦᠴᠦᠯᠡᠨ ᠦᠢᠯᠡᠴᠢᠯᠡᠵᠦ᠂ ᠳᠡᠭᠡᠳᠦ ᠳᠡᠰ ᠤᠨ ᠴᠢᠳᠠᠪᠤᠷᠢᠲᠠᠨ ᠤ ᠦᠷ᠎ᠡ | ᠬᠡᠦᠬᠡᠳ ᠤᠨᠰᠤᠷᠭᠠᠭᠤᠯᠢ ᠳᠤ ᠣᠷᠣᠬᠤ ᠠᠷᠭ᠎ᠠ ᠶᠢ ᠰᠤᠳᠤᠯᠤᠨ ᠲᠣᠭᠲᠠᠭᠠᠵᠤ᠂ ᠳᠡᠭᠡᠳᠦ ᠳᠡᠰ ᠤᠨ ᠴᠢᠳᠠᠪᠤᠷᠢᠲᠠᠨ ᠤ | ᠦᠷ᠎ᠡ ᠬᠡᠦᠬᠡᠳ ᠤᠨᠰᠤᠷᠭᠠᠭᠤᠯᠢ ᠳᠤ ᠣᠷᠣᠬᠤ ᠶᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤᠭᠦ᠋ᠢᠴᠡᠳᠬᠡᠬᠦ ᠲᠥᠷᠥᠯ ᠵᠦᠢᠯ ᠳᠤ ᠣᠷᠣᠭᠤᠯᠵᠤ᠂ ᠴᠠᠭ ᠲᠤᠬᠠᠢ ᠳᠤᠨᠢ ᠭᠦᠢᠴᠡᠳᠬᠡᠬᠦ | ︽ᠰᠠᠭᠠᠳ ᠦᠭᠡᠢ ᠨᠡᠪᠲᠡᠷᠡᠬᠦ ᠵᠠᠮ︾ ᠢᠨᠡᠭᠡᠭᠡᠵᠦ᠂ ᠴᠢᠳᠠᠪᠤᠷᠢᠲᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ | ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ | ᠵᠢᠷᠭᠤᠭ᠎ᠠ ᠳᠤ᠂ ᠰᠢᠯᠢᠳᠡᠭ ᠬᠢᠴᠢᠶᠡᠯ ᠤᠨ ᠡᠬᠢ ᠪᠠᠶᠠᠯᠢᠭ ᠤᠨ ᠲᠠᠪᠴᠠᠩ ᠢ ᠪᠠᠶᠢᠭᠤᠯᠤᠨ᠎ᠠ᠃ ᠴᠢᠨᠠᠷ ᠰᠠᠶᠢᠲᠠᠶ | ᠰᠤᠷᠭᠠᠨᠬᠥ᠋ᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢᠨ ᠡᠷᠴᠢᠮ ᠢ ᠬᠦᠴᠦᠯᠡᠨ ᠴᠢᠩᠭᠠᠷᠠᠭᠤᠯᠵᠤ᠂ ᠪᠥᠬᠦ ᠣᠷᠣᠨ ᠤ | ᠳᠤᠮᠳᠠᠳᠤ ᠪᠠᠭ᠎ᠠᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ︽ᠰᠦᠯᠵᠢᠶᠡᠨ ᠳᠡᠭᠡᠷᠡᠬᠢ ᠰᠢᠯᠢᠳᠡᠭ | ᠬᠢᠴᠢᠶᠡᠯ︾ ᠲᠠᠪᠴᠠᠩ ᠢᠨᠡᠭᠡᠭᠡᠵᠦ᠂ ᠡᠪᠦᠯ ᠵᠣᠨ ᠤ ᠠᠮᠠᠷᠠᠯᠲᠠ ᠪᠠᠷ ᠭᠤᠤᠯ ᠪᠣᠯᠭᠠᠨ᠂ ᠭᠠᠷᠠᠭ ᠤᠨ ᠵᠢᠷᠭᠤᠭᠠᠨ ᠪᠠ ᠭᠠᠷᠠᠭ ᠤᠨ | ᠡᠳᠦᠷ ᠢᠶᠠᠷ ᠬᠠᠪᠰᠤᠷᠤᠮᠵᠢᠪᠣᠯᠭᠠᠵᠤ᠂ ᠪᠥᠬᠦ ᠣᠷᠣᠨ ᠤ ᠰᠢᠯᠢᠳᠡᠭ ᠪᠠᠭᠰᠢ ᠨᠠᠷ ᠢ ᠵᠣᠬᠢᠶᠠᠨ ᠪᠠᠶᠢᠭᠤᠯᠤᠨ ᠰᠤᠷᠤᠭᠴᠢᠳ ᠤᠨ | ᠬᠡᠷᠡᠭᠴᠡᠭᠡ ᠱᠠᠭᠠᠷᠳᠠᠯᠭ᠎ᠠ ᠵᠢᠨᠲ᠋ᠣᠭᠤᠷᠢᠨ ᠳᠤ᠂ ᠬᠢᠴᠢᠶᠡᠯ ᠲᠥᠷᠥᠯ ᠤᠨ ᠬᠦᠴᠢᠷᠲᠡᠶ ᠠᠰᠠᠭᠤᠳᠠᠯ ᠪᠠ ᠭᠤᠤᠯᠳᠠᠯᠭ᠎ᠠ ᠶᠢ | ᠳ᠋ᠦᠩᠨᠡᠨ ᠡᠮᠬᠢᠯᠡᠵᠦ᠂ ᠲᠤᠰᠬᠠᠶᠰᠡᠳᠦᠪᠲᠦ ᠰᠦᠯᠵᠢᠶᠡᠨ ᠤ ᠬᠢᠴᠢᠶᠡᠯ ᠢ ᠰᠢᠩᠭᠡᠭᠡᠨ ᠨᠡᠪᠲᠡᠷᠡᠭᠦᠯᠵᠦ᠂ ᠰᠤᠷᠭᠠᠨ | ᠬᠥᠮᠦᠵᠢᠯ ᠤᠨ ᠡᠭᠦᠯᠡᠨ ᠲᠠᠪᠴᠠᠩ ᠪᠠ ᠥᠪᠥᠷᠮᠣᠩᠭᠤᠯ ᠤᠨ ᠤᠲᠠᠰᠤᠲᠤ ᠲᠧᠯᠸᠢᠰ ᠤᠨ ᠰᠦᠯᠵᠢᠶᠡᠨ ᠳᠡᠭᠡᠷᠡᠬᠢ | ᠰᠢᠯᠢᠳᠡᠭ ᠬᠢᠴᠢᠶᠡᠯ ᠰᠤᠪᠠᠭ ᠢᠶᠠᠷ ᠳᠠᠮᠵᠢᠭᠤᠯᠤᠨ᠂ᠰᠤᠷᠤᠭᠴᠢᠳ ᠤᠨ ᠥᠪᠡᠷᠮᠢᠴᠡ᠂ ᠣᠯᠠᠨ ᠡᠰᠢᠵᠢᠭᠰᠡᠨ ᠰᠤᠷᠤᠯᠴᠠᠬᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠳᠣᠯᠤᠭ᠎ᠠ ᠳᠤ ᠰᠤᠷᠤᠭᠴᠢᠳ ᠤᠨ ᠪᠡᠶ᠎ᠡ ᠰᠡᠳᠬᠢᠯ ᠤᠨ ᠪᠤᠶᠢᠵᠢᠯᠲᠠ ᠶᠢ ᠬᠠᠯᠠᠮᠵᠢᠯᠠᠨ ᠬᠠᠶᠢᠷᠠᠯᠠᠬᠤ | ᠠᠵᠢᠯᠯᠠᠭ᠎ᠠ ᠵᠢᠠᠬᠢᠭᠤᠯᠤᠨᠠ᠃ ᠪᠥᠬᠦ ᠣᠷᠣᠨ ᠤ ᠰᠡᠳᠬᠢᠴᠡ ᠶᠢᠨ ᠵᠦᠢ ᠡᠷᠡᠭᠦᠯ ᠮᠡᠨᠳᠦ ᠶᠢᠨ ᠰᠢᠯᠢᠳᠡᠭ ᠪᠠᠭᠰᠢ ᠶᠢ | ᠵᠣᠬᠢᠶᠠᠨ ᠪᠠᠶᠢᠭᠤᠯᠤᠨᠦᠰᠦᠨ ᠪᠤᠶᠢᠵᠢᠬᠤ ᠵᠢᠮ᠎ᠡ ᠶᠣᠰᠣ᠂ ᠳᠠᠳᠬᠠᠯᠰᠢᠬᠤ᠂ ᠰᠢᠯᠭᠠᠯᠲᠠ ᠠᠴᠠ ᠡᠮᠦᠨᠡᠬᠢ ᠬᠠᠪᠰᠤᠷᠤᠨ | ᠵᠢᠯᠣᠭᠤᠳᠤᠮᠵᠢ ᠵᠡᠷᠭᠡ ᠬᠢᠴᠢᠶᠡᠯ ᠢᠨᠠᠶᠢᠷᠠᠭᠤᠯᠤᠨ ᠵᠣᠬᠢᠶᠠᠵᠤ᠂ ᠬᠢᠴᠢᠶᠡᠯ ᠢ ᠳᠡᠯᠭᠡᠷᠡᠭᠦᠯᠬᠦ ᠠᠵᠢᠯ ᠢ ᠢᠳᠡᠪᠬᠢᠲᠡᠶ ᠥᠷᠨᠢᠭᠦᠯᠦᠨ᠂ | ᠬᠡᠷ ᠪᠦᠯᠢ ᠶᠢᠨ ᠬᠥᠮᠦᠵᠢᠯ ᠤᠨᠵᠢᠯᠣᠭᠤᠳᠣᠯᠭᠠ ᠶᠢ ᠰᠠᠶᠢᠲᠤᠷ ᠬᠢᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠷ | ᠤᠲᠠᠰᠤ᠂ ᠳᠠᠰᠬᠠᠯ ᠲᠠᠭᠠᠭᠠᠯᠭᠠᠪᠤᠷᠢ᠂ᠤᠨᠳᠠᠬᠤ ᠨᠦᠢᠷ᠂ ᠪᠡᠶ᠎ᠡ ᠮᠠᠬᠠᠪᠣᠳ᠂ ᠤᠩᠰᠢᠬᠤ ᠪᠢᠴᠢᠭ ᠤᠨ ᠬᠠᠮᠢᠶᠠᠷᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠵᠢᠨᠲ᠋ᠠᠮᠢᠷ ᠭᠤᠸ᠎ᠠ ᠰᠠᠶᠢᠬᠠᠨ ᠤ ᠬᠥᠮᠦᠵᠢᠯ ᠬᠥᠳᠡᠯᠮᠦᠷᠢ ᠶᠢᠨ ᠬᠥᠮᠦᠵᠢᠯ ᠤᠨ | ︽ᠲᠤᠯᠤᠭᠠᠨ ᠨᠢᠭᠡ︾ ᠶᠢᠨ ᠱᠠᠭᠠᠷᠳᠠᠯᠭ᠎ᠠ ᠵᠢᠰᠤᠷᠭᠠᠭᠤᠯᠢ ᠳᠤ ᠣᠷᠣᠭᠤᠯᠬᠤ ᠠᠩᠭᠢ ᠳᠤ ᠣᠷᠣᠭᠤᠯᠬᠤ ᠬᠢᠴᠢᠶᠡᠯ ᠳᠤ | ᠣᠷᠣᠭᠤᠯᠬᠤ ᠶᠢ ᠠᠬᠢᠭᠤᠯᠤᠨ᠎ᠠ᠃ | ᠨᠠᠢᠮᠠ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠵᠢᠵᠣᠬᠢᠶᠠᠨ ᠪᠠᠶᠢᠭᠤᠯᠤᠨ᠎ᠠ᠃ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ | ᠠᠬᠢᠭᠤᠯᠬᠤ ᠭᠠᠷᠠᠭ︾᠂︽ᠠᠵᠢᠯ ᠣᠯᠭᠤᠬᠤ ᠦᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ | ᠵᠡᠷᠭᠡ ᠠᠵᠢᠯᠯᠠᠭ᠎ᠠ ᠪᠠ ᠶᠡᠭᠡᠲ᠋ᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ 100 ᠲᠠᠯᠠᠪᠠᠶ ᠴᠤᠭᠯᠠᠭᠠᠨ ᠢ | ᠡᠷᠭᠢᠯᠡᠨ᠎ᠡ᠃ ᠤᠮᠠᠷᠠᠲᠤ ᠬᠢᠯᠢ ᠵᠢᠨᠠᠵᠢᠯ ᠣᠯᠭᠤᠯᠲᠠ ᠶᠢᠨ ᠰᠦᠯᠵᠢᠶ᠎ᠡ ᠶᠢ ᠲᠠᠰ ᠳᠡᠪᠰᠢᠭᠦᠯᠵᠦ᠂ ᠠᠵᠢᠯ ᠣᠯᠭᠤᠬᠤ | ᠭᠠᠷᠳᠠᠮ ᠢ ︽ᠰᠦᠯᠵᠢᠶᠡᠨ ᠳᠡᠭᠡᠷᠡᠬᠦ᠋ᠢᠴᠡᠳᠭᠡᠬᠦ᠂ ᠨᠢᠭᠡ ᠤᠳᠠᠭ᠎ᠠ ᠴᠦ ᠭᠦᠶᠦᠯᠭᠡᠬᠦ ᠥᠬᠡᠶ︾ ᠪᠠᠶᠢᠬᠤ ᠶᠢ | ᠪᠡᠶᠡᠯᠡᠭᠦᠯᠦᠨ᠎ᠡ᠃ ᠰᠦᠯᠵᠢᠶᠡᠨ ᠳᠡᠭᠡᠷᠡᠬᠢ ᠠᠵᠢᠯᠣᠯᠭᠤᠯᠲᠠ ᠶᠢᠨ ᠪᠣᠯᠪᠠᠰᠤᠷᠠᠯ ᠪᠠ ᠠᠵᠢᠯ ᠮᠡᠷᠭᠡᠵᠢᠯ ᠤᠨ ᠰᠢᠯᠭᠠᠨ | ᠦᠨᠡᠯᠡᠯᠲᠡ ᠶᠢ ᠵᠣᠬᠢᠶᠠᠨ ᠪᠠᠶᠢᠭᠤᠯᠵᠤ᠂ ᠨᠡᠷ᠎ᠡ ᠮᠡᠳᠡᠭᠦᠯᠦᠭᠰᠡᠨᠬᠡᠷᠡᠴᠢ ᠶᠢ ᠰᠢᠦᠳᠠᠨ ᠢᠶᠠᠷ ᠪᠤᠴᠠᠭᠠᠨ ᠶᠠᠪᠤᠭᠤᠯᠬᠤ | ᠦᠢᠯᠡᠴᠢᠯᠡᠭᠡ ᠬᠢᠵᠦ᠂ ᠠᠵᠢᠯ ᠤᠯᠬᠤ ᠬᠦᠰᠡᠯ ᠡᠷᠡᠮᠡᠯᠵᠡᠯ ᠲᠠᠢᠭᠤᠣᠯᠳᠠᠯᠭᠠ ᠲᠠᠢ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠨᠡᠶᠢᠳᠡᠮ ᠳᠤᠨᠢ ᠬᠠᠪᠰᠤᠷᠤᠨ ᠲᠡᠳᠬᠦᠨ᠎ᠡ᠃ | ᠶᠢᠰᠦ ᠳᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ | ᠰᠤᠷᠤᠭᠴᠢᠳ ᠤᠨᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠶᠡᠭᠡ | ᠳᠡᠭᠡᠳᠦ ᠰᠤᠷᠭᠠᠭᠤᠯᠢ ᠳ᠋ᠤ᠋ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲ᠋ᠧᠮ ᠢ | ᠰᠦᠯᠵᠢᠶᠡᠨ ᠳᠤ ᠣᠷᠣᠭᠤᠯᠬᠤᠦᠢᠯᠡᠴᠢᠯᠡᠭᠡ ᠶᠢ ᠰᠤᠳᠤᠯᠤᠨ ᠨᠡᠭᠡᠭᠡᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠵᠢᠨᠡᠷᠡᠮᠡᠯᠵᠡᠯ ᠲᠠᠭᠯᠠᠬᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠵᠣᠬᠢᠶᠠᠨ | ᠪᠠᠶᠢᠭᠤᠯᠵᠤ᠂ ᠠᠯᠪᠠᠨ ᠤ ᠰᠦᠯᠵᠢᠶ᠎ᠡ ᠨᠢ ᠶᠡᠭᠡᠲ᠋ᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢᠨ ᠮᠡᠳᠡᠭᠡ ᠵᠠᠩᠭᠢ ᠶᠢ ᠠᠰᠠᠭᠤᠨ ᠯᠠᠪᠯᠠᠬᠤᠦᠢᠯᠡᠴᠢᠯᠡᠭᠡ ᠶᠢ ᠪᠥᠬᠦ ᠲᠠᠯ᠎ᠠ ᠪᠠᠷ ᠬᠠᠩᠭᠠᠵᠤ᠂ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶᠰᠢᠯᠭᠠᠯᠲᠠ ᠳᠤ ᠤᠷᠤᠬᠤ ᠰᠤᠷᠤᠭᠴᠢᠳ ᠲᠤ | ᠦᠢᠯᠡᠴᠢᠯᠡᠬᠦ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠪᠥᠬᠦ ᠲᠠᠯ᠎ᠠ ᠪᠠᠷᠲ᠋ᠡᠭᠡᠭᠰᠢᠯᠡᠭᠦᠯᠦᠨᠡ᠃ | ᠠᠷᠪᠠ ᠳᠤ᠂ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠰᠢᠪᠠᠳᠠᠨ ᠪᠠᠶᠢᠴᠠᠭᠠᠯᠲᠠ ᠶᠢ | ᠥᠷᠨᠢᠭᠦᠯᠦᠨ᠎ᠡ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠪᠠᠳᠠᠨ ᠪᠠᠶᠢᠴᠠᠭᠠᠬᠤ ᠠᠯᠪᠠᠨ ᠬᠡᠷ᠂ | ᠵᠠᠰᠠᠭ ᠤᠨ ᠣᠷᠳᠣᠨ ᠤᠰᠢᠪᠠᠳᠠᠨ ᠪᠠᠶᠢᠴᠠᠭᠠᠬᠤ ᠠᠯᠪᠠᠨ ᠬᠡᠷ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠨᠠᠮ ᠤᠨᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠬᠠᠮᠳᠤᠷᠠᠨ᠂ ᠳᠤᠮᠳᠠᠳᠤ | ᠪᠠᠭ᠎ᠠ ᠰᠤᠷᠭᠠᠭᠤᠯᠢ ᠪᠠᠪᠠᠭᠰᠢ ᠨᠠᠷ ᠲᠤ ᠬᠠᠨᠳᠤᠭᠤᠯᠤᠭᠰᠠᠨ ᠰᠢᠪᠠᠳᠠᠨ ᠪᠠᠶᠢᠴᠠᠭᠠᠬᠤ ᠦᠨᠡᠯᠡᠨ ᠠᠳᠠᠯᠢᠳᠬᠠᠬᠤ ᠬᠢᠨᠠᠨ | ᠰᠢᠯᠭᠠᠬᠤ ᠠᠵᠢᠯ ᠪᠠ ᠨᠡᠶᠢᠭᠡᠮ ᠤᠨᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯᠡᠰ ᠵᠡᠷᠭᠡ ᠳᠤ | ᠲᠥᠪᠯᠡᠷᠡᠩᠭᠦᠢ ᠲᠤᠰᠬᠠᠶ ᠰᠢᠪᠠᠳᠠᠨᠪᠠᠶᠢᠴᠠᠭᠠᠯᠲᠠ ᠬᠢᠵᠦ᠂ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ | ᠨᠠᠷ ᠢ ᠰᠢᠪᠠᠳᠠᠨ ᠪᠠᠶᠢᠴᠠᠭᠠᠬᠤ ᠦᠨᠡᠯᠡᠨᠠᠳᠠᠯᠢᠳᠬᠠᠬᠤ ᠬᠢᠨᠠᠨ ᠰᠢᠯᠭᠠᠬᠤ ᠵᠦᠢᠯᠡᠰ ᠢ ᠣᠲᠣ ᠶᠢᠨ ᠪᠠᠶᠢᠭ᠎ᠠ | ᠰᠠᠭᠤᠷᠢᠨ ᠳᠡᠭᠡᠷ᠎ᠡ 50% ᠠᠴᠠ ᠳᠡᠭᠡᠭᠰᠢ ᠪᠠᠷᠪᠠᠭᠠᠰᠬᠠᠬᠤ ᠶᠢ ᠦᠨᠡᠨᠬᠦ ᠪᠠᠲᠤᠯᠠᠨ᠂ ᠵᠢᠭᠠᠨ ᠰᠤᠷᠭᠠᠯᠲᠠ ᠯᠤᠭ᠎ᠠ ᠬᠠᠮᠢᠶ᠎ᠠ | ᠥᠬᠡᠶ ᠨᠡᠶᠢᠭᠡᠮ ᠤᠨ ᠬᠡᠷᠡᠭ ᠶᠠᠪᠤᠳᠠᠯ ᠤᠨ ᠵᠦᠢᠯᠡᠰ ᠢᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠴᠢᠩᠭ᠎ᠠ | ᠬᠢᠵᠠᠭᠠᠷᠯᠠᠵᠤ᠂ ᠪᠠᠭᠰᠢ ᠨᠠᠷ ᠲᠤ ᠰᠠᠨᠠᠭ᠎ᠠ ᠠᠮᠤᠷ ᠵᠢᠭᠠᠨ ᠰᠤᠷᠭᠠᠬᠤ ᠣᠷᠴᠢᠨ ᠨᠥᠬᠦᠴᠡᠯ ᠢ ᠡᠭᠦᠳᠴᠦ ᠥᠭᠭᠦᠨ᠎ᠡ᠃ | |