ᠬᠡᠦᠬᠡᠳ ᠤᠨ ᠪᠤᠶᠢᠵᠢᠯᠲᠠ ᠳᠤ ᠠᠭᠤᠵᠢᠮ ᠤᠷᠴᠢᠨ ᠴᠢᠬᠤᠯᠠ
ᠨᠡᠶᠢᠲᠡᠯᠡᠭᠰᠡᠨ ᠴᠠᠭ᠄
2021/11/15
      ᠲᠦᠷᠦᠭᠦᠬᠡᠨ ᠰᠦᠯᠵᠢᠶᠡᠨ ᠠᠴᠠ ᠨᠢᠭᠡ ᠵᠤᠬᠢᠶᠠᠯ ᠤᠩᠰᠢᠭᠠᠳ ᠡᠴᠢᠭᠡ ᠡᠬᠡ ᠪᠤᠯᠤᠭᠰᠠᠨ ᠤ ᠬᠤᠪᠢ ᠳᠤ ᠦᠷ᠎ᠡ ᠬᠡᠦᠬᠡᠳ ᠢᠶᠠᠨ ᠬᠡᠷᠬᠢᠨ ᠲᠠᠨᠢᠵᠤ ᠬᠡᠷᠬᠢᠨ ᠤᠶᠢᠢᠯᠠᠭᠠᠵᠤ ᠬᠡᠷᠬᠢᠨ ᠬᠦᠮᠦᠵᠢᠭᠦᠯᠬᠦ ᠲᠤᠬᠠᠢ ᠶᠡᠬᠡᠬᠡᠨ ᠪᠤᠳᠤᠯᠭᠠᠰᠢᠷᠠᠯ ᠪᠤᠯᠤᠯ᠎ᠠ᠃ ᠵᠤᠬᠢᠶᠠᠯ ᠳᠤ ᠶᠠᠷᠢᠭᠰᠠᠨ ᠢᠶᠠᠷ ᠵᠤᠬᠢᠶᠠᠭᠴᠢ ᠶᠢᠨ ᠪᠠᠭ᠎ᠠ ᠰᠤᠷᠭᠠᠭᠤᠯᠢ ᠳᠤ ᠤᠷᠤᠬᠤ ᠭᠡᠵᠦ ᠪᠠᠶᠢᠭ᠎ᠠ ᠪᠢᠴᠢᠬᠠᠨ ᠬᠡᠦᠬᠡᠨ ᠨᠢ ᠲᠤᠭ᠎ᠠ ᠪᠤᠳᠤᠯᠭ᠎ᠠ ᠶᠢᠨ ᠳᠦᠭᠦᠮᠬᠡᠨ ᠨᠡᠮᠡᠵᠦ ᠬᠠᠰᠤᠬᠤ ᠠᠷᠭ᠎ᠠ ᠶᠢ ᠮᠡᠳᠡᠵᠦ᠂ ᠠᠩᠭ᠍ᠯᠢ ᠬᠡᠯᠡ ᠪᠠᠷ ᠡᠳᠦᠷ ᠲᠤᠳᠤᠮ ᠤᠨ ᠶᠠᠷᠢᠯᠴᠠᠭ᠎ᠠ ᠬᠢᠵᠦ ᠴᠢᠳᠠᠬᠤ ᠪᠦᠬᠡᠳ ᠪᠠᠰᠠ ᠵᠢᠷᠤᠭ ᠵᠢᠷᠤᠬᠤ᠂ ᠰᠢᠲᠠᠷ᠎ᠠ ᠲᠠᠯᠪᠢᠬᠤ᠂ ᠪᠦᠵᠢᠭ ᠪᠦᠵᠢᠭᠯᠡᠬᠦ᠂ ᠲᠡᠭᠦᠯᠳᠡᠷ ᠬᠤᠭᠤᠷ ᠤᠨ ᠠᠩᠭᠢ ᠵᠡᠷᠭᠡ ᠬᠡᠳᠦᠨ ᠳᠤᠷ᠎ᠠ ᠰᠤᠨᠢᠷᠬᠠᠯ ᠤᠨ ᠠᠩᠭᠢ ᠳᠤ ᠰᠤᠷᠤᠯᠴᠠᠵᠤ᠂ ᠬᠡᠦᠬᠡᠡ ᠨᠢ ᠲᠤᠷ᠎ᠠ ᠪᠠᠭ᠋ᠠᠳᠠᠢ ᠪᠠᠶᠢᠬᠤ ᠪᠤᠯᠬᠤᠷ ᠵᠤᠬᠢᠶᠠᠭᠴᠢ ᠨᠡᠯᠢᠶᠡᠳ ᠰᠡᠳᠬᠢᠯ ᠬᠠᠨᠤᠮᠵᠢᠲᠠᠢ ᠪᠠᠶᠢᠳᠠᠭ᠃ ᠭᠡᠪᠡᠴᠦ ᠰᠤᠷᠭᠠᠭᠤᠯᠢ ᠡᠬᠢᠯᠡᠭᠰᠡᠨ ᠤ ᠳᠠᠷᠠᠭ᠎ᠠ ᠬᠡᠦᠬᠡᠨ ᠤ ᠬᠢᠨᠢ ᠬᠠᠮᠲᠤ ᠰᠤᠷᠤᠯᠭᠠᠲᠠᠨ ᠤ ᠵᠠᠷᠢᠮ ᠨᠢ ᠲᠡᠭᠦᠯᠳᠡᠷ ᠬᠤᠭᠤᠷ ᠤᠨ ᠰᠢᠯᠭᠠᠯᠲᠠ ᠶᠢᠨ ᠲᠠᠪᠤᠳᠤᠭᠠᠷ ᠳᠡᠰ ᠢ ᠦᠩᠭᠡᠷᠡᠵᠦ᠂ ᠵᠠᠷᠢᠮ ᠨᠢ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠤ ᠠᠩᠭ᠍ᠯᠢ ᠬᠡᠯᠡᠨ ᠤ ᠬᠢᠴᠢᠶᠡᠯ ᠢ ᠰᠤᠷᠴᠤ ᠳᠠᠭᠤᠰᠬᠠᠭᠠᠳ᠂ ᠪᠠᠰᠠ ᠵᠠᠷᠢᠮ ᠨᠢ ᠪᠦᠬᠦ ᠤᠯᠤᠰ ᠤᠨ ᠬᠡᠪᠴᠢᠶᠡᠨ ᠤ ᠪᠦᠵᠢᠭ ᠤᠨ ᠤᠷᠤᠯᠳᠤᠭᠠᠨ ᠳᠤ ᠬᠡᠳᠦᠨᠲᠡ ᠱᠠᠩᠨᠠᠯ ᠲᠤᠰᠤᠭᠰᠠᠨ ᠁ ᠵᠡᠷᠭᠡ ᠶᠢ ᠮᠡᠳᠡᠭᠡᠳ ᠵᠤᠬᠢᠶᠠᠭᠴᠢ ᠶᠢᠨ ᠤᠮᠤᠭᠰᠢᠭᠰᠠᠨ ᠰᠡᠳᠬᠢᠯᠭᠡ ᠬᠤᠷᠤᠮᠬᠠᠨ ᠵᠠᠭᠤᠷ᠎ᠠ ᠵᠠᠮᠬᠠᠷᠠᠵᠤ᠂ ᠦᠪᠡᠷ ᠤᠨ ᠬᠡᠦᠬᠡᠨ ᠢᠶᠠᠨ ᠮᠠᠰᠢ ᠡᠭᠡᠯ ᠵᠢᠷ ᠤᠨ ᠨᠢᠭᠡ ᠨᠢ ᠪᠠᠶᠢᠨ᠎ᠠ ᠭᠡᠵᠦ ᠪᠤᠳᠤᠬᠰᠠᠨ ᠬᠡᠳᠡᠭ᠃ ᠲᠡᠶᠢᠮᠦ ᠡ᠂ ᠦᠷ᠎ᠡ ᠬᠡᠦᠬᠡᠳ ᠢᠶᠠᠨ ᠰᠤᠷᠭᠠᠨ ᠬᠦᠮᠦᠵᠢᠭᠦᠯᠬᠦ ᠳᠤ ᠬᠡᠦᠬᠡᠳ ᠤᠨ ᠲᠤᠬᠠᠢ ᠵᠦᠪ ᠲᠠᠨᠢᠯᠲᠠ ᠤᠶᠢᠢᠯᠠᠭᠠᠯᠲᠠ ᠲᠠᠢ ᠪᠠᠶᠢᠵᠤ᠂ ᠬᠡᠦᠬᠡᠳ ᠢᠶᠠᠨ ᠡᠭᠡᠯ ᠵᠢᠷ ᠤᠨ ᠪᠠᠶᠢᠳᠠᠭ ᠭᠡᠳᠡᠭ ᠢ ᠮᠡᠳᠡᠷᠡᠬᠦ ᠨᠢ ᠬᠠᠷᠢᠨ ᠨᠡᠩ ᠴᠢᠬᠤᠯᠠ ᠶᠤᠮ᠃       ᠡᠴᠢᠭᠡ ᠡᠬᠡ ᠪᠤᠯᠤᠭᠰᠠᠳ ᠦᠷ᠎ᠡ ᠬᠡᠦᠬᠡᠳ ᠢᠶᠠᠨ ᠰᠢᠯᠢᠳᠡᠭ ᠰᠠᠶᠢᠨ ᠬᠦᠮᠦᠵᠢᠭᠦᠯᠵᠦ ᠤᠯᠠᠨ ᠤ ᠳᠤᠮᠳᠠ ᠤᠳᠤᠨ ᠰᠤᠳᠤᠨ ᠪᠤᠯᠬᠤ ᠶᠢ ᠬᠦᠰᠡᠳᠡᠭ᠃ ᠭᠡᠬᠦ ᠳᠤ ᠮᠢᠨᠦ ᠦᠵᠡᠬᠦ ᠪᠠᠷ ᠤᠯᠠᠩᠬᠢ ᠬᠡᠦᠬᠡᠳ ᠪᠦᠷ ᠡᠭᠡᠯ ᠵᠢᠷ ᠤᠨ ᠪᠠᠶᠢᠳᠠᠭ ᠭᠡᠳᠡᠭ ᠢ ᠮᠡᠳᠡᠷᠡᠵᠦ ᠬᠡᠦᠬᠡᠳ ᠤᠨ ᠡᠭᠡᠯ ᠵᠢᠷ ᠤᠨ ᠠᠮᠢᠳᠤᠷᠠᠯ ᠳᠤᠮᠳᠠ ᠠᠴᠠ ᠤᠯᠳᠠᠭ ᠵᠤᠯ ᠵᠢᠷᠭᠠᠯ ᠢ ᠤᠮᠳᠤᠭᠠᠶᠢᠢᠯᠠᠵᠤ ᠪᠤᠯᠤᠰᠢ ᠦᠭᠡᠢ ᠶᠤᠮ᠃ ᠬᠡᠦᠬᠡᠳ ᠢᠶᠠᠨ ᠡᠭᠡᠯ ᠵᠢᠷ ᠤᠨ ᠪᠠᠶᠢᠳᠠᠭ ᠭᠡᠳᠡᠭ ᠢ ᠬᠦᠯᠢᠶᠡᠨ ᠠᠪᠴᠤ ᠮᠡᠳᠡᠷᠡᠬᠦ ᠨᠢ ᠬᠡᠦᠬᠡᠳ ᠢᠶᠠᠨ ᠳᠤᠷ᠎ᠠ ᠲᠠᠪᠠ ᠪᠠᠷ ᠨᠢ ᠲᠠᠯᠪᠢᠵᠤ ᠬᠠᠮᠢᠶᠠᠷᠬᠤ ᠦᠭᠡᠢ ᠭᠡᠰᠡᠨ ᠪᠢᠰᠢ᠂ ᠬᠠᠷᠢᠨ ᠬᠡᠦᠬᠡᠳ ᠤᠨ ᠳᠤᠷ᠎ᠠ ᠰᠤᠨᠢᠷᠬᠠᠯ ᠠᠪᠢᠶᠠᠰ ᠪᠢᠯᠢᠭ ᠲᠤ ᠨᠢ ᠲᠤᠬᠢᠷᠠᠭᠰᠠᠨ ᠠᠷᠭ᠎ᠠ ᠠᠪᠴᠠᠯ ᠠᠪᠴᠤ ᠠᠯᠬᠤᠮ ᠳᠠᠷᠠᠭ᠎ᠠ ᠲᠠᠢ ᠪᠠᠷ ᠬᠦᠮᠦᠵᠢᠭᠦᠯᠬᠦ ᠶᠠᠪᠤᠳᠠᠯ ᠪᠤᠯᠤᠨ᠎ᠠ᠃ ᠤᠳᠤᠬᠠᠨ ᠳᠤ᠂ ᠡᠴᠢᠭᠡ ᠡᠬᠡ ᠪᠤᠯᠤᠭᠰᠠᠳ ᠦᠷ᠎ᠡ ᠬᠡᠦᠬᠡᠳ ᠢᠶᠠᠨ ᠪᠤᠰᠤᠳ ᠠᠴᠠ ᠬᠤᠴᠤᠷᠤᠭᠤᠯᠬᠤ ᠦᠭᠡᠢ ᠬᠡᠮᠡᠨ ᠡᠯ᠎ᠡ ᠲᠦᠷᠦᠯ ᠤᠨ ᠬᠢᠴᠢᠶᠡᠯ ᠤᠨ ᠭᠠᠳᠠᠨᠠᠬᠢ ᠪᠤᠯᠪᠠᠰᠤᠷᠠᠯ ᠤᠨ ᠠᠩᠭᠢ ᠳᠤ ᠰᠤᠷᠤᠯᠴᠠᠭᠤᠯᠳᠠᠭ ᠪᠠᠶᠢᠨ᠎ᠠ᠃ ᠢᠩᠭᠢᠭᠰᠡᠨ ᠤ ᠳ᠋ᠦᠩ ᠳᠤ ᠬᠡᠦᠬᠡᠳ ᠤᠨ ᠬᠢᠴᠢᠶᠡᠯ ᠤᠨ ᠭᠠᠳᠠᠨᠠᠬᠢ ᠨᠠᠭᠠᠳᠤᠨ ᠲᠤᠭᠯᠠᠬᠤ᠂ ᠪᠡᠶ᠎ᠡ ᠰᠡᠳᠬᠢᠯ ᠢᠶᠠᠨ ᠠᠮᠠᠷᠠᠭᠤᠯᠬᠤ ᠴᠠᠭ ᠨᠢ ᠬᠠᠷᠢᠨ ᠪᠠᠭᠠᠰᠴᠤ᠂ ᠭᠡᠳᠡᠷᠭᠦ ᠪᠠᠨ ᠨᠡᠩ ᠶᠠᠭᠠᠷᠠᠤ ᠪᠤᠯᠵᠤ᠂ ᠨᠡᠩ ᠶᠡᠭᠡ ᠳᠠᠷᠤᠭᠠᠰᠤ ᠲᠠᠢ ᠪᠤᠯᠳᠠᠭ ᠪᠢᠯᠡ᠃ ᠦᠨᠡᠨ ᠳᠡᠭᠡᠨ ᠪᠠᠭ᠎ᠠ ᠬᠡᠦᠬᠡᠳ ᠨᠢᠭᠡᠪᠦᠷᠢ ᠡᠴᠢᠭᠡ ᠡᠬᠡ ᠪᠤᠯᠤᠭᠰᠠᠳ ᠤᠨ ᠬᠡᠲᠦᠷᠬᠡᠢ ᠤᠯᠠᠨ ᠬᠦᠰᠡᠯ ᠨᠠᠶᠢᠳᠠᠯᠭ᠎ᠠ᠂ ᠠᠲᠠᠭᠠᠷᠬᠠᠬᠤ ᠰᠡᠳᠬᠢᠯᠭᠡ ᠶᠢ ᠬᠦᠯᠢᠴᠡᠬᠦ ᠨᠢ ᠵᠤᠬᠢᠰ ᠦᠭᠡᠢ᠃ ᠡᠴᠢᠭᠡ ᠡᠬᠡ ᠪᠤᠯᠤᠭᠰᠠᠳ ᠦᠪᠡᠷ ᠤᠨ ᠰᠠᠨᠠᠭ᠎ᠠ ᠵᠤᠷᠢᠯᠲᠠ ᠪᠠᠷ ᠢᠶᠠᠨ ᠬᠡᠦᠬᠡᠳ ᠢᠶᠠᠨ ᠱᠠᠭᠠᠷᠳᠠᠬᠤ ᠨᠢ ᠬᠡᠦᠬᠡᠳ ᠲᠤ ᠲᠦᠪ ᠭᠤᠤᠯᠴᠢ ᠪᠤᠰᠤ ᠪᠠᠶᠢᠵᠤ᠂ ᠬᠡᠦᠬᠡᠳ ᠲᠤ ᠨᠡᠩ ᠶᠡᠭᠡ ᠳᠠᠷᠤᠭᠠᠰᠤ ᠪᠤᠯᠵᠤ ᠰᠤᠷᠭᠠᠨ ᠬᠦᠮᠦᠵᠢᠭᠦᠯᠬᠦ ᠳᠤᠮᠳᠠ ᠭᠡᠳᠡᠷᠭᠦ ᠪᠠᠨ ᠨᠠᠵᠠᠭᠠᠢ ᠨᠦᠯᠦᠭᠡ ᠭᠠᠷᠭᠠᠵᠤ ᠮᠡᠳᠡᠨ᠎ᠡ᠃ ᠨᠡᠩ ᠴᠢᠨᠠᠭᠰᠢᠯᠠᠨ ᠵᠠᠷᠢᠮ ᠭᠡᠷ ᠤᠨ ᠠᠬᠠᠮᠠᠳ ᠦᠪᠡᠷ ᠢᠶᠠᠨ ᠮᠡᠳᠡᠯᠭᠡ ᠮᠡᠭᠦᠰ ᠴᠢᠳᠠᠪᠤᠷᠢ ᠬᠦᠷᠬᠦ ᠦᠭᠡᠢ ᠪᠠᠶᠢᠲᠠᠯ᠎ᠠ ᠪᠠᠨ ᠬᠡᠦᠬᠡᠳ ᠢᠶᠠᠨ ᠬᠠᠷᠢᠨ ᠰᠤᠬᠤᠷ ᠪᠠᠯᠠᠢ ᠪᠠᠷ ᠵᠠᠪᠠᠯ ᠲᠦᠮᠡᠨ ᠤ ᠲᠦᠷᠦᠭᠦᠦ ᠮᠢᠩᠭᠠᠨ ᠤ ᠮᠠᠩᠯᠠᠢ ᠪᠤᠯᠬᠤ ᠶᠢ ᠱᠠᠭᠠᠷᠳᠠᠳᠠᠭ ᠨᠢ ᠬᠠᠷᠢᠨ ᠨᠡᠩ ᠬᠡᠨᠡᠨ ᠠᠶᠤᠮᠰᠢᠭ ᠲᠠᠢ ᠶᠠᠪᠤᠳᠠᠯ ᠶᠤᠮ᠃       ᠡᠭᠡᠯ ᠵᠢᠷ ᠤᠨ ᠪᠠᠶᠢᠳᠠᠭ ᠠᠴᠠ ᠡᠭᠡᠯ ᠵᠢᠷ ᠤᠨ ᠪᠤᠰᠤ ᠪᠤᠯᠬᠤ ᠶᠢ ᠵᠤᠷᠢᠳᠠᠭ᠃ ᠡᠭᠡᠯ ᠵᠢᠷ ᠤᠨ ᠠᠮᠢᠳᠤᠷᠠᠯ ᠢᠶᠠᠨ ᠪᠠᠶᠠᠷ ᠪᠠᠶᠠᠰᠤᠯ ᠲᠠᠢ ᠦᠩᠭᠡᠷᠡᠭᠦᠯᠬᠦ ᠨᠢ ᠬᠦᠮᠦᠰ ᠢ ᠪᠠᠶᠠᠷ ᠪᠠᠶᠠᠰᠤᠯ ᠲᠠᠢ ᠵᠤᠯ ᠵᠢᠷᠭᠠᠯ ᠲᠠᠢ ᠪᠤᠯᠭᠠᠵᠤ ᠴᠢᠳᠠᠬᠤ ᠶᠢᠨ ᠤᠯᠠᠮ ᠠᠴᠠ ᠡᠭᠡᠯ ᠵᠢᠷ ᠤᠨ ᠪᠤᠰᠤ ᠪᠤᠯᠭᠠᠵᠤ ᠴᠦ ᠴᠢᠳᠠᠨ᠎ᠠ᠃ ᠡᠴᠢᠭᠡ ᠡᠬᠡ ᠪᠤᠯᠤᠭᠰᠠᠳ ᠦᠷ᠎ᠡ ᠬᠡᠦᠬᠡᠳ ᠢᠶᠠᠨ ᠪᠠᠶᠠᠷ ᠪᠠᠶᠠᠰᠤᠯ ᠲᠠᠢ ᠵᠤᠯ ᠵᠢᠷᠭᠠᠯ ᠲᠠᠢ ᠬᠦᠮᠦᠵᠢᠭᠦᠯᠬᠦ ᠳᠤᠮᠳᠠ ᠬᠡᠦᠬᠡᠳ ᠢᠶᠠᠨ ᠡᠭᠡᠯ ᠵᠢᠷ ᠤᠨ ᠪᠠᠶᠢᠳᠠᠭ ᠭᠡᠳᠡᠭ ᠢ ᠮᠡᠳᠡᠷᠡᠵᠦ ᠬᠡᠦᠬᠡᠳ ᠤᠨ ᠦᠰᠦᠨ ᠪᠤᠶᠢᠵᠢᠯᠲᠠ ᠳᠤ ᠠᠭᠤᠵᠢᠭᠤ ᠲᠠᠯᠪᠢᠭᠤ ᠪᠠᠶᠠᠷ ᠪᠠᠶᠠᠰᠤᠯ ᠲᠠᠢ ᠠᠭᠤᠷ ᠠᠮᠢᠰᠬᠤᠯ ᠢ ᠪᠤᠢ ᠪᠤᠯᠭᠠᠵᠤ ᠦᠭᠬᠦ ᠨᠢ ᠨᠡᠩ ᠰᠠᠶᠢᠨ ᠰᠤᠷᠭᠠᠨ ᠬᠦᠮᠦᠵᠢᠭᠦᠯᠬᠦ ᠦᠷ᠎ᠡ ᠳ᠋ᠦᠩ ᠢ ᠤᠯᠵᠤ ᠳᠡᠶᠢᠯᠳᠡᠭ᠃ ᠠᠭᠤᠤ ᠶᠡᠭᠡ ᠨᠢ ᠡᠭᠡᠯ ᠵᠢᠷ ᠤᠨ ᠲᠤᠮᠳᠠ ᠠᠴᠠ ᠢᠷᠡᠳᠡᠭ᠂ ᠡᠭᠡᠯ ᠵᠢᠷ ᠤᠨ ᠪᠠᠶᠢᠳᠠᠭ ᠠᠴᠠ ᠠᠭᠤᠤ ᠶᠡᠭᠡ ᠪᠤᠯᠵᠤ ᠬᠦᠮᠦᠵᠢᠭᠳᠡᠳᠡᠭ᠃ ᠬᠡᠦᠬᠡᠳ ᠤᠨ ᠠᠮᠵᠢᠯᠲᠠ ᠤᠯᠬᠤ ᠡᠰᠡᠬᠦ ᠨᠢ ᠡᠴᠢᠭᠡ ᠡᠬᠡ ᠠᠴᠠ ᠤᠯᠭᠤᠭᠰᠠᠨ ᠤᠢ ᠪᠢᠯᠢᠭ ᠠᠴᠠ ᠭᠠᠳᠠᠨ᠎ᠠ ᠬᠤᠪᠢ ᠪᠡᠶ᠎ᠡ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠪᠢᠯᠡ᠃ ᠠᠮᠢᠳᠤᠷᠠᠯ ᠤᠨ ᠵᠠᠮ ᠳᠤ ᠠᠮᠵᠢᠯᠲᠠ ᠳᠤ ᠬᠦᠷᠬᠦ ᠳᠦᠳᠡ ᠵᠠᠮ ᠬᠡᠵᠤ ᠪᠠᠶᠢᠳᠠᠬ ᠦᠭᠡᠢ᠂ ᠠᠯᠤᠰ ᠤᠨ ᠠᠶᠠᠨ ᠠᠩᠬᠠᠨ ᠤ ᠠᠯᠬᠤᠮ ᠠᠴᠠ ᠡᠬᠢᠯᠡᠳᠡᠭ᠂ ᠬᠡᠦᠬᠡᠳ ᠤᠨ ᠢᠶᠠᠨ ᠡᠭᠡᠯ ᠵᠢᠷ ᠤᠨ ᠪᠠᠶᠢᠳᠠᠭ ᠢ ᠮᠡᠳᠡᠷᠡᠵᠦ᠂ ᠡᠶᠡᠯᠳᠡᠭ ᠵᠦᠭᠡᠯᠡᠨ ᠢᠶᠠᠷ ᠰᠠᠨᠠᠭ᠎ᠠ ᠪᠤᠳᠤᠯ ᠢᠶᠠᠨ ᠰᠤᠯᠢᠯᠴᠠᠨ ᠠᠯᠬᠤᠮ ᠠᠯᠬᠤᠮ ᠢᠶᠠᠷ ᠴᠢᠷᠮᠠᠶᠢᠨ ᠲᠡᠮᠡᠴᠡᠪᠡᠯ ᠰᠠᠶᠢ ᠬᠦᠮᠦᠨ ᠤ ᠠᠮᠢᠳᠤᠷᠠᠯ ᠤᠨ ᠪᠠᠶᠠᠯᠢᠭ ᠰᠠᠶᠢᠬᠠᠨ ᠤᠯᠤᠯᠲᠠ ᠲᠠᠢ ᠪᠤᠯᠵᠤ᠂ ᠮᠤᠷᠠᠯ ᠡᠷᠳᠡᠮ ᠬᠤᠤᠰᠯᠠᠭᠰᠠᠨ ᠵᠢᠷ ᠤᠨ ᠪᠤᠰᠤ ᠬᠦᠮᠦᠨ ᠪᠤᠯᠵᠤ ᠳᠡᠶᠢᠯᠳᠡᠭ ᠰᠠᠨ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2