| | ᠬᠡᠦᠬᠡᠳ ᠢ ᠲᠦᠬᠦᠬᠡ ᠤᠷᠤᠬᠤ ᠶᠢᠨ ᠦᠶ᠎ᠡ ᠠᠴᠠ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠨᠠᠰᠤᠳᠠᠨ | ᠪᠤᠭᠤᠷᠤᠯᠴᠤᠳ ᠮᠠᠨᠢ ᠵᠢᠭᠠᠵᠤ ᠰᠤᠷᠭᠠᠳᠠᠭ ᠪᠢᠯᠡ᠃ ᠨᠢᠯᠬ᠎ᠠ ᠪᠠᠯᠴᠢᠷ ᠬᠡᠦᠬᠡᠳ ᠬᠠᠯᠪᠠᠭ᠎ᠠ ᠰᠠᠪᠬ᠎ᠠ ᠶᠢ ᠰᠠᠶ᠋ᠢᠬᠠᠨ | ᠠᠳᠬᠤᠵᠤ ᠰᠤᠷᠬᠤ ᠴᠠᠭ ᠠᠴᠠ ᠠᠶᠠᠭ᠎ᠠ ᠬᠤᠭᠤᠯᠠ ᠢᠳᠡᠬᠦ ᠳᠤ ᠠᠰᠬᠠᠵᠤ ᠬᠡᠬᠡᠬᠦ ᠦᠬᠡᠢ᠂ ᠴᠡᠪᠡᠷᠬᠡᠨ ᠢᠳᠡᠬᠦ ᠶᠢ ᠡᠪᠦᠭᠡ | ᠡᠮᠡᠭᠡ ᠨᠠᠷ ᠮᠠᠨᠢ ᠬᠡᠦᠬᠡᠳ ᠤᠮᠪᠤᠯᠤ ᠳᠠᠭᠠᠨ ᠬᠡᠯᠡᠵᠦ ᠰᠠᠨᠠᠭᠤᠯᠵᠤ᠂ ︽ᠭᠠᠵᠠᠷ ᠠᠰᠬᠠᠭᠰᠠᠨ ᠮᠦᠬᠦᠯᠢᠭ ᠠᠮᠤ ᠳᠡᠭᠷᠢ ᠶᠢᠨ | ᠨᠢᠳᠦᠨ ᠳᠤ ᠳᠡᠮᠡᠬᠡᠨ ᠴᠢᠨᠡᠭᠡ ᠦᠵᠡᠭᠳᠡᠳᠡᠭ︾ ᠰᠢᠦ ᠬᠡᠵᠦ ᠦᠷᠬᠦᠯᠵᠢ ᠶᠠᠷᠢᠳᠠᠭ ᠶᠤᠮ᠃ ᠠᠬᠠᠮᠠᠳ ᠨᠠᠰᠤᠳᠠᠨ ᠢ | ᠬᠠᠷᠠᠬᠤ ᠳᠤ ᠶᠠᠭᠤᠮ᠎ᠠ ᠪᠦᠬᠦᠨ ᠳᠤ ᠠᠷᠪᠢᠴᠢ ᠭᠠᠮᠳᠠᠢ ᠪᠠᠶᠢᠵᠤ᠂ ᠡᠳᠦᠷ ᠳᠤᠳᠤᠮ ᠤᠨ ᠠᠮᠢᠳᠤᠷᠠᠯ ᠳᠠᠭᠠᠨ ᠤᠰᠤ | ᠴᠠᠬᠢᠯᠭᠠᠨ ᠠᠴᠠ ᠡᠬᠢᠯᠡᠨ ᠠᠷᠪᠢᠯᠠᠨ᠂ ᠦᠯᠡᠳᠡᠬᠡᠭᠰᠡᠨ ᠬᠤᠭᠤᠯᠠ ᠪᠤᠳᠠᠭ᠎ᠠ ᠪᠠᠨ ᠴᠤ ᠳᠤᠷ᠎ᠠ ᠪᠠᠷ ᠬᠠᠶᠠᠵᠤ ᠲᠦᠪᠳᠡᠬᠦ ᠦᠬᠡᠢ | ᠪᠠᠶᠢᠳᠠᠭ᠃ ᠤᠳᠤᠬᠢ ᠬᠡᠦᠬᠡᠳ ᠪᠠᠭᠠᠴᠤᠳ ᠡᠶᠢᠮᠦᠷᠬᠦᠦ ᠪᠠᠶᠢᠳᠠᠯ ᠢ ᠬᠠᠷᠠᠪᠠᠯ ᠬᠡᠳᠦᠷᠬᠡᠢ ᠠᠷᠪᠢᠴᠢ᠂ ᠬᠡᠳᠦᠷᠬᠡᠢ ᠬᠠᠷᠠᠮᠴᠢ | ᠬᠡᠵᠦ ᠪᠤᠳᠤᠳᠠᠭ ᠴᠤ ᠮᠠᠭᠠᠳ᠃ ᠬᠡᠪᠡᠴᠦ᠂ ᠡᠨᠡ ᠪᠤᠯ ᠮᠠᠨ ᠤ ᠤᠯᠠᠮᠵᠢᠯᠠᠨ ᠰᠤᠷᠬᠤ ᠶᠤᠰᠤᠳᠠᠢ ᠰᠠᠶᠢᠬᠠᠨ ᠳᠠᠳᠬᠠᠯ ᠪᠤᠯᠬᠤ | ᠶᠤᠮ᠃ | ᠦᠨᠦ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠢ ᠭᠠᠮᠰᠢᠭ ᠠᠴᠠ ᠪᠤᠯᠵᠤ᠂ ᠳᠡᠯᠡᠬᠡᠢ ᠳ᠋ᠠᠬᠢᠨ ᠳᠤ ᠠᠮᠤ | ᠪᠤᠳᠠᠭ᠎ᠠ ᠶᠢᠨ ᠠᠮᠤᠷ ᠲᠦᠪᠰᠢᠨ ᠳᠤ ᠴᠤ ᠰᠦᠷᠳᠡᠬᠦᠯᠦᠯ ᠪᠤᠯᠵᠤ ᠪᠤᠢ᠃ ᠵᠠᠷᠢᠮ ᠭᠠᠵᠠᠷ ᠢᠶᠠᠷ ᠦᠯᠦᠰᠬᠦᠯᠡᠩ ᠭᠠᠴᠢᠭ | ᠦᠷᠬᠦᠯᠵᠢᠯᠡᠵᠦ ᠪᠠᠶᠢᠬᠤ ᠳᠤ ᠵᠠᠷᠢᠮ ᠭᠠᠵᠠᠷ ᠤᠨ ᠬᠢᠨ ᠠᠮᠤ ᠪᠤᠳᠠᠭ᠎ᠠ ᠶᠢ ᠦᠴᠦᠬᠡᠨ ᠴᠤ ᠬᠠᠶᠢᠷᠠᠯᠠᠬᠤ ᠦᠬᠡᠢ ᠪᠦᠷᠢᠯᠬᠡᠨ | ᠰᠦᠢᠳᠬᠡᠵᠦ ᠪᠠᠶᠢᠭ᠎ᠠ ᠶᠠᠪᠤᠳᠠᠯ ᠳᠤ ᠨᠢᠳᠤ ᠬᠠᠯᠢᠷᠠᠮᠠᠷ ᠶᠤᠮ᠃ ᠬᠠᠮᠢᠶ᠎ᠠ ᠪᠦᠬᠦᠢ ᠳᠤᠭ᠎ᠠ ᠪᠦᠷᠢᠳᠬᠡᠯ ᠢ ᠦᠨᠳᠦᠰᠦᠯᠡᠪᠡᠯ᠂ | ᠪᠦᠬᠦ ᠳᠡᠯᠡᠬᠡᠢ ᠳᠤ ᠵᠢᠯ ᠪᠦᠷᠢ ᠪᠠᠷᠤᠭ 1\3 ᠶᠢᠨ ᠠᠮᠤ ᠪᠤᠳᠠᠭ᠎ᠠ ᠰᠦᠢᠳᠴᠦ᠂ ᠶᠡᠷᠦᠩᠬᠡᠢ ᠬᠡᠮᠵᠢᠶ᠎ᠠ ᠨᠢ 13 ᠳ᠋ᠦᠩᠰᠢᠭᠤᠷ | ᠲᠤᠨ ᠳᠤ ᠬᠦᠷᠴᠦ ᠪᠠᠶᠢᠳᠠᠭ᠃ ᠡᠬᠦᠨ ᠤ ᠵᠡᠷᠬᠡ ᠪᠠᠷ᠂ ᠳᠡᠯᠡᠬᠡᠢ ᠳᠡᠬᠡᠷ᠎ᠡ ᠪᠠᠰᠠ 8.2 ᠳ᠋ᠦᠩᠰᠢᠭᠤᠷ ᠬᠦᠮᠦᠨ | ᠦᠯᠦᠰᠬᠦᠯᠡᠩ ᠭᠠᠴᠢᠭ ᠤᠨ ᠳᠤᠮᠳᠠ ᠳᠡᠯᠴᠢᠯᠡᠵᠦ ᠪᠤᠢ᠃ ᠮᠠᠨ ᠤ ᠤᠯᠤᠰ ᠢᠶᠠᠷ ᠶᠠᠷᠢᠬᠤ ᠳᠤ᠂ ᠵᠢᠯ ᠪᠤᠯᠭᠠᠨ 3500 | ᠲᠦᠮᠡᠨ ᠲᠤᠨ ᠠᠮᠤ ᠪᠤᠳᠠᠭ᠎ᠠ ᠶᠢ ᠪᠦᠷᠢᠯᠬᠡᠨ ᠰᠦᠢᠳᠬᠡᠵᠦ᠂ ᠪᠦᠬᠦ ᠳᠡᠯᠡᠬᠡᠢ ᠶᠢᠨ ᠠᠮᠤ ᠪᠤᠳᠠᠭ᠎ᠠ ᠶᠢᠨ ᠶᠡᠷᠦᠩᠬᠡᠢ | ᠤᠨᠠᠯᠳᠠ ᠶᠢᠨ 6% ᠲᠤ ᠬᠦᠷᠴᠦ᠂ ᠬᠦᠮᠦᠨ ᠨᠢᠬᠡᠪᠦᠷᠢ ᠨᠢᠬᠡ ᠡᠷᠡᠨ ᠤ ᠬᠤᠭᠤᠯᠠ ᠳᠤ 93 ᠭᠷᠠᠮ ᠢᠳᠡᠬᠡᠨ ᠪᠦᠷᠢᠯᠬᠡᠨ | ᠰᠦᠢᠳᠬᠡᠵᠦ ᠪᠤᠢ᠃ ᠡᠨᠡ ᠳᠤᠭ᠎ᠠ ᠪᠠᠷᠢᠮᠳᠠ ᠠᠴᠠ ᠪᠢᠳᠡ ᠶᠠᠭᠤ ᠨᠢᠬᠡ ᠶᠢ ᠰᠡᠳᠬᠢᠬᠦᠰᠢᠳᠡᠢ ᠪᠢᠰᠢᠦ᠃ | ᠶᠡᠷᠦᠩᠬᠡᠶ ᠱᠦᠵᠢ ᠰᠢ ᠶᠢᠨ ᠫᠢᠩ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠷᠪᠢᠯᠠᠨ ᠭᠠᠮᠨᠠᠵᠤ ᠪᠦᠷᠢᠯᠭᠡᠨ ᠰᠦᠶᠳᠬᠡᠬᠦ ᠶᠢ ᠡᠰᠡᠷᠭᠦᠴᠡᠬᠦ ᠨᠡᠶᠢᠭᠡᠮ ᠤᠨ ᠬᠡᠪ ᠰᠤᠷᠲᠠᠯ ᠢ ᠡᠷᠬᠢᠮᠯᠡᠵᠦ᠂ | ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠬᠤᠷᠢᠬᠯᠠᠨ ᠵᠣᠭᠰᠣᠭᠠᠬᠤ ᠬᠡᠷᠡᠭᠲᠡᠶ ᠭᠡᠵᠦ ᠣᠯᠠᠨ ᠤᠳᠠᠭ᠎ᠠ | ᠴᠢᠬᠤᠯᠠᠴᠢᠯᠠᠭᠰᠠᠭᠠᠷ ᠢᠷᠡᠭᠰᠡᠨ ᠪᠦᠬᠡᠳ ᠪᠠᠰᠠ ᠬᠡᠰᠡᠭ ᠰᠤᠷᠭᠠᠭᠤᠯᠢ ᠶᠢᠨ ᠢᠳᠡᠭᠡᠨ ᠢ ᠪᠦᠷᠢᠯᠭᠡᠨ ᠰᠦᠶᠳᠬᠡᠵᠦ ᠪᠠᠶᠢᠬᠤ ᠪᠠ | ᠰᠤᠷᠤᠭᠴᠢᠳ ᠤᠨ ᠠᠷᠪᠢᠯᠠᠨ ᠭᠠᠮᠨᠠᠬᠤ ᠤᠬᠠᠮᠰᠠᠷ ᠳᠤᠲᠠᠮᠠᠭ ᠪᠠᠶᠢᠭ᠎ᠠ ᠠᠰᠠᠭᠤᠳᠠᠯ ᠳᠤ ᠴᠢᠭᠯᠡᠭᠦᠯᠵᠦ᠂ ᠬᠥᠲᠥᠯᠥᠨ | ᠵᠢᠯᠣᠭᠤᠳᠬᠤ ᠪᠠ ᠬᠠᠮᠢᠶᠠᠷᠤᠯᠳᠠ ᠪᠠᠨ ᠴᠢᠩᠭᠠᠳᠬᠠᠵᠤ᠂ ᠰᠤᠷᠤᠭᠴᠢᠳ ᠤᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ | ᠰᠠᠶᠢᠨ ᠰᠠᠶᠢᠬᠠᠨ ᠵᠠᠩ ᠰᠤᠷᠲᠠᠯ ᠢ ᠬᠥᠮᠦᠵᠢᠭᠦᠯᠬᠦ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠪᠠ᠃ ᠨᠠᠮᠤᠷ ᠤᠨ ᠰᠢᠨ᠎ᠡ | ᠰᠤᠷᠤᠯᠭ᠎ᠠ ᠶᠢᠨ ᠬᠤᠭᠤᠴᠠᠭ᠎ᠠ ᠡᠬᠢᠯᠡᠵᠦ᠂ ᠠᠷᠪᠢᠯᠠᠨ ᠭᠠᠮᠨᠠᠬᠤ ᠬᠡᠪ ᠰᠤᠷᠳᠠᠯ ᠢ ᠰᠤᠷᠭᠠᠭᠤᠯᠢ ᠶᠢᠨ ᠬᠦᠷᠢᠶᠡᠨ ᠳᠤ | ᠰᠤᠷᠳᠠᠯᠴᠢᠯᠠᠵᠤ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠳᠠ ᠶᠢᠨ ᠨᠢᠬᠡᠨ ᠴᠢᠬᠤᠯᠠ ᠠᠭᠤᠯᠭ᠎ᠠ ᠪᠤᠯᠭᠠᠵᠤ | ᠂ ᠪᠠᠭᠰᠢ ᠰᠤᠷᠤᠭᠴᠢᠳ ᠤᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠪᠤᠯᠭᠠᠪᠠ᠃ ᠮᠠᠨ ᠤ ᠤᠷᠤᠨ ᠤ ᠡᠯ᠎ᠠ ᠳᠤᠮᠳᠠᠳᠤ | ᠪᠠᠭ᠎ᠠ ᠰᠤᠷᠭᠠᠭᠤᠯᠢ ᠰᠤᠷᠤᠭᠴᠢᠳ ᠲᠤ ᠠᠮᠤ ᠪᠤᠳᠠᠭ᠎ᠠ ᠶᠢ ᠠᠷᠪᠢᠯᠠᠨ᠂ ᠪᠦᠷᠢᠯᠬᠡᠨ ᠰᠦᠢᠳᠬᠡᠬᠦ ᠶᠢ ᠳᠡᠪᠴᠢᠬᠦ ᠡᠯᠪᠡᠭ | ᠪᠠᠶᠠᠯᠢᠭ ᠠᠭᠤᠯᠭ᠎ᠠ ᠲᠠᠢ ᠭᠤᠤᠯ ᠰᠡᠳᠦᠪᠳᠤ ᠬᠦᠮᠦᠵᠢᠯ ᠬᠢᠵᠦ᠂ ᠰᠤᠷᠤᠭᠴᠢᠳ ᠲᠤ ᠠᠮᠤ ᠪᠤᠳᠠᠭ᠎ᠠ ᠶᠢ ᠠᠷᠪᠢᠯᠠᠨ | ᠭᠠᠮᠨᠠᠬᠤ ᠶᠢᠨ ᠴᠢᠬᠤᠯᠠ ᠴᠢᠨᠠᠷ ᠢ ᠳᠠᠨᠢᠭᠤᠯᠵᠤ ᠪᠠᠶᠢᠨ᠎ᠠ᠃ ᠡᠯ᠎ᠡ ᠶᠡᠭᠡ ᠳᠡᠬᠡᠳᠤ ᠰᠤᠷᠭᠠᠭᠤᠯᠢ ᠴᠤ ︽ᠫᠢᠯᠠ ᠬᠤᠭᠤᠰᠤᠯᠠᠬᠤ | ᠠᠵᠢᠯᠯᠠᠭ᠎ᠠ︾ ᠦᠷᠨᠢᠬᠦᠯᠵᠦ᠂ ᠪᠠᠭᠰᠢ ᠰᠤᠷᠤᠭᠴᠢᠳ ᠤᠨ ᠳᠤᠮᠳᠠ ᠠᠮᠤ ᠪᠤᠳᠠᠭ᠎ᠠ ᠶᠢ ᠪᠦᠷᠢᠯᠬᠡᠨ ᠰᠦᠢᠳᠬᠡᠬᠦ ᠶᠢ | ᠬᠤᠷᠢᠬᠯᠠᠬᠤ ᠬᠠᠯᠠᠭᠤᠨ ᠦᠷᠨᠢᠯᠳᠡ ᠭᠠᠷᠭᠠᠵᠤ᠂ ᠠᠷᠪᠢᠯᠠᠨ ᠭᠠᠮᠨᠠᠬᠤ ᠬᠦᠮᠦᠵᠢᠯ ᠬᠦᠷᠳᠡᠬᠡᠵᠤ ᠪᠠᠶᠢᠨ᠎ᠡ᠃ ᠠᠷᠪᠢᠯᠠᠨ | ᠭᠠᠮᠨᠠᠬᠤ ᠳᠠᠳᠬᠠᠯ ᠢ ᠪᠤᠢ ᠪᠤᠯᠭᠠᠬᠤ ᠳᠤ ᠬᠡᠷ ᠪᠦᠯᠢ ᠶᠢᠨ ᠰᠤᠷᠭᠠᠯ ᠬᠦᠮᠦᠵᠢᠯ ᠠᠴᠠ ᠭᠠᠳᠠᠨ᠎ᠠ᠂ ᠰᠤᠷᠭᠠᠭᠤᠯᠢ ᠶᠢᠨ | ᠬᠦᠮᠦᠵᠢᠯ ᠴᠤ ᠮᠠᠰᠢ ᠴᠢᠬᠤᠯᠠ ᠶᠤᠮ᠃ ᠵᠠᠯᠠᠭᠤᠴᠤᠳ ᠪᠠᠭᠠᠴᠤᠳ ᠲᠤ ︽ᠪᠦᠷᠢᠯᠭᠡᠨ ᠰᠦᠢᠳᠬᠡᠬᠦ ᠨᠢ ᠢᠴᠢᠭᠦᠷᠢᠳᠡᠢ᠂ | ᠠᠷᠪᠢᠯᠠᠨ ᠭᠠᠮᠨᠠᠬᠤ ᠪᠤᠯ ᠢᠷᠠᠭᠤ ᠠᠯᠳᠠᠷ︾︾ ᠬᠡᠬᠦ ᠣᠶᠢᠯᠠᠭᠠᠭᠳᠠᠬᠤᠨ ᠲᠠᠢ ᠪᠣᠯᠭᠠᠵᠤ᠂ ᠠᠷᠪᠢᠯᠠᠨ ᠭᠠᠮᠨᠠᠬᠤ ᠳᠤᠬᠠᠢ | ᠦᠵᠡᠯ ᠰᠠᠨᠠᠭ᠎ᠠ ᠤᠬᠠᠮᠰᠠᠷ ᠲᠠᠨᠢᠯᠳᠠ ᠶᠢ ᠨᠢ ᠳᠡᠬᠡᠭᠰᠢᠯᠡᠬᠦᠯᠵᠦ᠂ ᠦᠢᠯᠡ ᠠᠵᠢᠯᠯᠠᠭ᠎ᠠ ᠳᠡᠬᠡᠷ᠎ᠡ ᠨᠢ ᠳᠠᠳᠬᠠᠯᠵᠢᠭᠤᠯᠬᠤ ᠨᠢ | ᠬᠤᠪᠢ ᠬᠥᠮᠦᠨ ᠤ ᠳᠠᠳᠬᠠᠯ᠂ ᠦᠰᠦᠨ ᠪᠤᠶᠢᠵᠢᠯᠲᠠ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠦᠷᠢᠯᠳᠦᠬᠦᠯᠬᠦ ᠳᠤ | ᠲᠤᠩ ᠶᠡᠭᠡ ᠠᠴᠢ ᠲᠤᠰᠠᠲᠠᠶ ᠶᠤᠮ᠃ | ᠦᠩᠬᠡᠷᠡᠭᠰᠡᠨ ᠯᠦᠭᠡ ᠬᠠᠷᠢᠴᠠᠭᠤᠯᠬᠤ ᠳᠤ᠂ ᠦᠨᠦᠳᠦᠷ ᠨᠡᠶᠢᠬᠡᠮ ᠠᠬᠤᠢ ᠬᠦᠭᠵᠢᠵᠦ᠂ ᠤᠯᠤᠰ ᠬᠦᠷᠦᠨ | ᠬᠦᠴᠦᠷᠬᠡᠭᠵᠢᠵᠦ᠂ ᠠᠷᠠᠳ ᠤᠨ ᠠᠮᠢᠳᠤᠷᠠᠯ ᠪᠠᠶᠠᠨ ᠴᠢᠨᠡᠬᠡᠯᠢᠭ ᠪᠤᠯᠪᠠ᠃ ᠬᠡᠪᠡᠴᠦ᠂ ᠪᠢᠳᠡ ᠠᠬᠠᠮᠠᠳ ᠨᠠᠰᠤᠳᠠᠨ ᠤ ᠪᠠᠨ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠬᠡᠪ ᠰᠤᠷᠳᠠᠯ ᠢ ᠤᠯᠠᠮᠵᠢᠯᠠᠨ ᠰᠤᠷᠴᠤ᠂ ᠡᠳᠦᠷ | ᠳᠤᠳᠤᠮ ᠤᠨ ᠠᠮᠢᠳᠤᠷᠠᠯ ᠳᠠᠭᠠᠨ ᠦᠪᠡᠷ ᠤᠨ ᠪᠡᠶ᠎ᠠ ᠠᠴᠠ ᠪᠠᠨ ᠭᠠᠷᠳᠠᠵᠤ᠂ ᠠᠷᠪᠢᠯᠠᠨ ᠭᠠᠮᠨᠠᠬᠤ ᠶᠢ ᠴᠠᠭ ᠢᠮᠠᠭᠳᠠ | ᠪᠠᠷᠢᠮᠳᠠᠯᠠᠬᠤ ᠨᠢ ᠨᠢᠬᠡ ᠬᠦᠮᠦᠨ ᠤ ᠳᠠᠳᠬᠠᠯ᠂ ᠬᠡᠪ ᠰᠤᠷᠳᠠᠯ ᠪᠦᠬᠡᠳ ᠨᠡᠩ ᠴᠤ ᠬᠠᠷᠢᠭᠤᠴᠠᠯᠭ᠎ᠠ ᠪᠤᠯᠤᠨ᠎ᠠ᠃ | | |